| | | | | | ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ᠄ | ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠠᠮᠢᠶᠠᠷᠬᠤ ᠰᠢᠰᠲ᠋ᠧᠮ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠮᠠᠨ ᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠪᠠ ᠲᠦᠪᠰᠢᠨ ᠢ | ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ︽ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠵᠢᠯᠣᠭᠤᠳᠬᠤ ᠰᠠᠨᠠᠯ︾ ᠢ ᠲᠠ ᠨᠠᠷ ᠲᠤ ᠳᠠᠷᠤᠮᠠᠯᠯᠠᠨ ᠲᠠᠷᠬᠠᠭᠠᠪᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2024 ᠣᠨ ᠤ 6 ᠳ᠋ᠤᠭᠠᠷ ᠰᠠᠷ᠎ᠠ ᠶᠢᠨ 19 ᠤ ᠡᠳᠦᠷ | | | | | ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ | ᠲᠤᠬᠠᠢ ᠵᠢᠯᠣᠭᠤᠳᠬᠤ ᠰᠠᠨᠠᠯ | | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠪᠣᠯ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ | ᠰᠣᠨᠣᠰᠬᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠥᠪ | ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠷᠢᠮᠲᠠᠯᠠᠬᠤ ᠶᠢ ᠦᠨᠡᠨ ᠬᠦ ᠪᠠᠲᠤᠯᠠᠵᠤ᠂ ᠤᠯᠤᠰ ᠲᠥᠷᠥ ᠶᠢᠨ | ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠭᠤᠭᠴᠤᠭ᠎ᠠ ᠮᠥᠨ᠃ ᠠᠶᠢᠮᠠᠭ | ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦ ᠤᠯᠤᠰ ᠤᠨ ᠷᠠᠳᠢᠣ᠋ ᠲᠧᠯᠸᠢᠰ ᠬᠢᠭᠡᠳ | ᠦᠵᠡᠵᠦ ᠰᠣᠨᠣᠰᠬᠤ ᠰᠢᠨ᠎ᠡ ᠵᠠᠭᠤᠴᠢᠯᠠᠭᠤᠷ ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ︵2019 ᠣᠨ — 2025 | ᠣᠨ︶︾ ᠵᠡᠷᠭᠡ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠵᠢᠯᠣᠭᠤᠳᠬᠤ ᠰᠠᠨᠠᠯ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ | ᠳᠤᠷᠠᠳᠤᠨ ᠭᠠᠷᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠤᠶᠤᠯ ᠤᠨ ᠦᠵᠡᠯ ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ | ᠭᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠭᠦᠭᠵᠢᠯᠳᠡ ᠶᠢᠨ ᠰᠢᠨ᠎ᠠ ᠬᠠᠨᠳᠤᠰᠢ ᠳᠤ ᠵᠤᠬᠢᠴᠠᠭᠤᠯᠤᠨ᠂ ᠷᠠᠳᠢᠤ᠋ | ᠲᠧᠯᠸᠢᠰ ᠤᠨ ᠭᠦᠭᠵᠢᠯᠳᠡ ᠶᠢᠨ ᠰᠢᠨ᠎ᠠ ᠡᠭᠦᠷᠬᠡ ᠶᠢᠨ ᠲᠤᠭᠤᠷᠢᠨ ᠳᠤ ︽ᠲᠦᠷᠢᠮ ᠤᠨ ᠵᠢᠷᠤᠮᠵᠢᠭᠤᠨ᠂ ᠲᠤᠨᠨᠳᠠᠴᠠ ᠶᠢᠨ ᠠᠵᠢᠯᠯᠠᠭᠠᠨ᠂ ᠮᠡᠷᠬᠡᠵᠢᠯ ᠤᠨ ᠪᠠᠷᠢᠮᠵᠢᠶ᠎ᠠ᠂ | ᠰᠤᠳᠤᠯᠤᠨ ᠮᠠᠭᠠᠳᠯᠠᠵᠦ ᠵᠠᠳᠠᠯᠬᠤ᠂ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ︾ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠵᠦ᠂ | ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠰᠦᠯᠵᠢᠶᠡᠵᠢᠯᠳᠡ᠂ ᠤᠶᠤᠨᠴᠢᠯᠠᠯᠳᠠ᠂ ᠬᠠᠮᠵᠢᠯᠴᠠᠭᠤᠯᠬᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠂ | ᠬᠢᠨᠠᠨ ᠬᠡᠮᠵᠢᠵᠦ ᠬᠢᠨᠠᠨ ᠬᠠᠮᠢᠶᠠᠷᠬᠤ ᠬᠠᠮᠵᠢᠯᠴᠠᠬᠤ ᠠᠵᠢᠯᠯᠠᠭᠠᠨ ᠤ ᠭᠦᠴᠦᠨ ᠢ ᠭᠦᠢᠴᠡᠳ ᠪᠠᠳᠠᠷᠠᠭᠤᠯᠤᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠬᠠᠮᠵᠢᠯᠴᠠᠨ ᠠᠵᠢᠯᠯᠠᠬᠤ | ᠭᠦᠴᠦᠨ ᠴᠢᠳᠠᠪᠤᠷᠢ ᠶᠢ ᠲᠡᠬᠡᠭᠰᠢᠯᠡᠬᠦᠯᠦᠨ᠂ ᠬᠤᠤᠷ ᠭᠦᠨᠦᠬᠡᠯ ᠲᠠᠢ ᠮᠡᠳᠡᠭᠡ ᠵᠠᠩᠬᠢ ᠪᠠ ᠰᠢᠰᠲ᠋ᠧᠮ ᠤᠨ ᠰᠠᠭᠠᠳ ᠭᠠᠷᠬᠤ ᠠᠰᠠᠭᠤᠳᠠᠯ ᠢ ᠴᠠᠭ ᠲᠤᠬᠠᠢ ᠳᠤ ᠨᠢ | ᠢᠯᠡᠷᠡᠬᠦᠯᠦᠨ᠂ ᠤᠷᠢᠳᠴᠢᠯᠠᠨ ᠰᠡᠷᠡᠮᠵᠢᠯᠡᠭᠦᠯᠵᠦ᠂ ᠰᠶᠢᠳᠪᠦᠷᠢᠯᠡᠵᠦ᠂ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ ᠶᠢᠨ ᠴᠢᠨᠠᠷ ᠰᠠᠶᠢᠳᠠᠢ ᠰᠢᠨ᠎ᠠ ᠶᠢ ᠡᠭᠦᠳᠬᠦ | ᠴᠢᠨᠠᠷᠳᠠᠢ ᠭᠦᠭᠵᠢᠯᠳᠡ ᠶᠢ ᠪᠠᠲᠤᠯᠠᠨ᠎ᠠ᠃ | ᠬᠤᠶᠠᠷ᠂ ᠦᠨᠳᠦᠰᠦᠨ ᠵᠠᠷᠴᠢᠮ | ᠨᠢᠭᠡ ᠳᠤ ᠂ ᠲᠡᠷᠢᠭᠦᠨ ᠤ ᠴᠢᠨᠠᠷᠲᠠᠢ ᠵᠠᠷᠴᠢᠮ ᠢ ᠪᠠᠷᠢᠮᠲᠠᠯᠠᠨ᠎ᠠ᠃ ᠲᠥᠯᠥᠭᠡᠯᠡᠭᠴᠢᠳ ᠤᠨ ᠭᠤᠣᠯ ᠤᠷᠤᠰᠬᠠᠯ ᠤᠨ ᠬᠥᠭᠵᠢᠯᠲᠡ ᠶᠢᠨ ᠴᠢᠭᠯᠡᠯ ᠤᠨ ᠮᠡᠷᠭᠡᠵᠢᠯ ᠤᠨ | ᠰᠢᠰᠲ᠋ᠧᠮ ᠤᠨ ᠪᠦᠲᠦᠴᠡ ᠶᠢ ᠬᠡᠷᠡᠭᠯᠡᠵᠦ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠢ ᠬᠢᠨᠠᠨ ᠬᠡᠮᠵᠢᠵᠦ ᠬᠢᠨᠠᠨ ᠬᠠᠮᠢᠶᠠᠷᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠷ ᠲᠤ ᠂ ᠵᠢᠷᠤᠮᠵᠢᠯ ᠤᠨ ᠴᠢᠨᠠᠷᠲᠠᠶ ᠵᠠᠷᠴᠢᠮ ᠢ ᠪᠠᠷᠢᠮᠲᠠᠯᠠᠨ᠎ᠠ᠃ ᠤᠯᠤᠰ ᠤᠨ ᠬᠤᠯᠪᠣᠭᠳᠠᠯ ᠪᠥᠬᠦᠶ ᠮᠡᠷᠭᠡᠵᠢᠯ ᠤᠨ ᠪᠠᠷᠢᠮᠵᠢᠶ᠎ᠠ ᠪᠠ ᠠᠵᠢᠯ ᠲᠥᠷᠥᠯ ᠤᠨ | ᠵᠢᠷᠤᠮᠵᠢᠯ ᠶᠣᠰᠣᠭᠠᠷ᠂ ᠳ᠋ᠠᠶᠢᠲ᠋ᠠ ᠶᠢᠨ ᠵᠠᠯᠭᠠᠭᠠᠰᠤ ᠶᠢᠨ ᠬᠡᠯᠡᠯᠴᠡᠭᠡᠷ ᠢ ᠪᠠᠷᠢᠮᠵᠢᠶᠠᠵᠢᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠭᠤᠤᠯ ᠤᠷᠤᠰᠬᠠᠯ ᠤᠨ | ᠲᠥᠬᠦᠭᠡᠷᠦᠮᠵᠢ ᠪᠠ ᠣᠲᠣ ᠶᠢᠨ ᠪᠠᠶᠢᠭ᠎ᠠ ᠲᠥᠬᠦᠭᠡᠷᠦᠮᠵᠢ ᠶᠢ ᠪᠥᠬᠦ ᠲᠠᠯ᠎ᠠ ᠪᠠᠷ ᠵᠣᠬᠢᠴᠠᠭᠤᠯᠤᠨ᠂ ᠡᠯ᠎ᠡ ᠱᠠᠲᠤᠨ ᠤ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠤᠨ | ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ | ᠭᠤᠷᠪᠠ ᠳᠤ᠂ ᠥᠷᠭᠡᠳᠭᠡᠯ ᠤᠨ ᠴᠢᠨᠠᠷᠲᠠᠢ ᠵᠠᠷᠴᠢᠮ ᠢ ᠪᠠᠷᠢᠮᠲᠠᠯᠠᠨ᠎ᠠ᠃ ᠬᠡᠰᠡᠭᠴᠢᠯᠡᠭᠰᠡᠨ ᠵᠢᠷᠤᠭ ᠲᠥᠯᠥᠪᠯᠡᠭᠡ ᠪᠣᠯᠤᠨ ᠲᠠᠷᠬᠠᠮᠠᠯ ᠪᠦᠲᠦᠴᠡ ᠶᠢ ᠬᠡᠷᠡᠭᠯᠡᠨ᠂ ᠬᠢᠨᠠᠨ | ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠥᠷᠭᠡᠳᠬᠡᠬᠦ ᠰᠠᠶᠢᠨ ᠰᠠᠶᠢᠬᠠᠨ ᠴᠢᠳᠠᠮᠵᠢ ᠲᠠᠢ ᠪᠣᠯᠭᠠᠵᠤ᠂ ᠰᠢᠨ᠎ᠡ ᠪᠠᠷ ᠨᠡᠮᠡᠭᠳᠡᠭᠰᠡᠨ ᠲᠥᠬᠦᠭᠡᠷᠦᠮᠵᠢ ᠪᠣᠯᠤᠨ ᠲᠤᠬᠠᠶᠢᠯᠠᠭᠰᠠᠨ | ᠠᠵᠢᠯ ᠢ ᠥᠷᠭᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠤᠷᠲᠤ ᠬᠤᠭᠤᠴᠠᠭᠠᠨ ᠤ ᠬᠥᠭᠵᠢᠯᠲᠡ ᠶᠢᠨ | ᠱᠠᠭᠠᠷᠳᠠᠯᠭ᠎ᠠ ᠶᠢ ᠬᠠᠩᠭᠠᠨ᠎ᠠ᠃ | ᠲᠦᠷᠪᠡ ᠳᠤ᠂ ᠠᠶᠤᠯᠭᠦᠶ ᠶᠢᠨ ᠴᠢᠨᠠᠷᠲᠠᠢ ᠵᠠᠷᠴᠢᠮ ᠢ ᠪᠠᠷᠢᠮᠲᠠᠯᠠᠨ᠎ᠠ᠃ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠳᠣᠲᠣᠭᠠᠳᠤ ᠳᠤ ᠵᠣᠬᠢᠴᠠᠩᠭᠤᠶ ᠠᠮᠤᠷ | ᠲᠦᠪᠰᠢᠨ ᠤ ᠠᠷᠭ᠎ᠠ ᠪᠣᠳᠣᠯᠭ᠎ᠠ ᠶᠢ ᠪᠠᠶᠢᠷᠢᠯᠠᠭᠤᠯᠬᠤ ᠪᠠᠷ ᠳᠠᠮᠵᠢᠭᠤᠯᠤᠨ᠂ ᠰᠢᠰᠲ᠋ᠧᠮ ᠤᠨ ᠢᠯᠡᠭᠦᠳᠡᠯ᠂ ᠲᠤᠭ᠎ᠠ ᠪᠠᠷᠢᠮᠲᠠ ᠶᠢ ᠲᠤᠰᠠᠭᠠᠷᠯᠠᠬᠤ᠂ ᠲᠤᠰᠠᠭᠠᠷ ᠠᠵᠢᠯᠯᠠᠭᠤᠯᠬᠤ | ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ ᠪᠡᠯᠡᠳᠬᠡᠮᠵᠢ ᠶᠢᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠠᠵᠢᠯᠯᠠᠭᠠᠨ ᠤ ᠠᠮᠤᠷ ᠲᠦᠪᠰᠢᠨ᠂ | ᠰᠦᠯᠵᠢᠶᠡᠨ ᠤ ᠠᠮᠤᠷ ᠲᠦᠪᠰᠢᠨ ᠢ ᠪᠡᠶᠡᠯᠡᠭᠦᠯᠦᠨ᠎ᠡ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ | ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ᠠᠵᠢᠯ ᠲᠥᠷᠥᠯ ᠤᠨ | ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ | ︵ᠨᠢᠭᠡ︶ ᠡᠬᠢ ᠪᠠᠶᠠᠯᠢᠭ ᠢ ᠬᠠᠮᠲᠤ ᠪᠠᠷ ᠭᠦᠷᠳᠡᠬᠦ᠂ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ᠂ ᠤᠶᠤᠨᠴᠢ ᠬᠠᠮᠵᠢᠯᠴᠬᠠᠰᠠᠨ ᠬᠢᠨᠠᠨ ᠬᠡᠮᠵᠢᠵᠦ ᠬᠢᠨᠠᠨ | ᠬᠠᠮᠢᠶᠠᠷᠬᠤ ᠰᠢᠰᠲ᠋ᠧᠮ ᠢ ᠪᠠᠶᠢᠭᠤᠯᠵᠦ᠂ ᠮᠡᠳᠡᠭᠡ ᠵᠠᠩᠬᠢᠵᠢᠯᠳᠠ ᠶᠢᠨ ᠮᠡᠷᠬᠡᠵᠢᠯ ᠤᠨ ᠠᠷᠭ᠎ᠠ ᠪᠠᠷᠢᠯ ᠢ ᠠᠰᠢᠨᠨᠯᠠᠨ᠂ ᠷᠠᠳᠢᠤ᠋ ᠲᠧᠯᠸᠢᠰ ᠪᠠ ᠲᠤᠤᠷ ᠰᠦᠯᠵᠢᠶ᠎ᠡ ᠶᠢᠨ ᠦᠵᠡᠵᠦ | ᠰᠤᠨᠤᠰᠬᠤ ᠠᠳᠠᠯᠢ ᠪᠤᠰᠤ ᠵᠠᠭᠤᠴᠢᠯᠠᠭᠤᠷ ᠤᠨ ᠬᠡᠯᠪᠡᠷᠢ ᠶᠢᠨ ᠲᠠᠮᠵᠢᠭᠤᠯᠬᠤ ᠦᠷ᠎ᠡ ᠪᠦᠳᠦᠮᠵᠢ᠂ ᠲᠠᠮᠵᠢᠭᠤᠯᠬᠤ ᠠᠭᠤᠯᠭ᠎ᠠ ᠶᠢ ᠬᠢᠨᠠᠨ ᠬᠠᠮᠢᠶᠠᠷᠬᠤ ᠶᠢ ᠪᠡᠶᠡᠯᠡᠬᠦᠯᠦᠨ᠎ᠠ᠃ | ︵ᠬᠤᠶᠠᠷ︶ ᠲᠥᠯᠥᠪᠵᠢᠭᠦᠯᠦᠨ ᠪᠠᠶᠢᠷᠢᠯᠠᠭᠤᠯᠬᠤ ᠶᠢ ᠴᠢᠩᠭᠠᠷᠠᠭᠤᠯᠵᠤ᠂ ᠬᠠᠮ ᠵᠠᠭᠤᠴᠢᠯᠠᠭᠤᠷ᠂ ᠪᠥᠬᠦ ᠡᠵᠡᠩᠨᠡᠯᠲᠡ ᠶᠢᠨ ᠬᠡᠯᠪᠡᠷᠢ ᠶᠢᠨ ᠬᠢᠨᠠᠨ ᠬᠡᠮᠵᠢᠵᠦ ᠬᠢᠨᠠᠨ | ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ︽ᠲᠤᠬᠠᠶᠢᠯᠠᠭᠰᠠᠨ ᠠᠵᠢᠯ ᠢ ᠬᠠᠮᠢᠭ᠎ᠠ ᠬᠦᠷᠲᠡᠯ᠎ᠡ ᠤᠷᠲᠤᠳᠬᠠᠪᠠᠯ ᠬᠢᠨᠠᠨ | ᠬᠡᠮᠵᠢᠵᠦ ᠬᠢᠨᠠᠨ ᠬᠠᠮᠢᠶᠠᠷᠬᠤ ᠶᠢ ᠲᠡᠨᠳᠡ ᠬᠦᠷᠲᠡᠯ᠎ᠡ ᠪᠦᠷᠬᠦᠭᠦᠯᠬᠦ︾ ᠶᠢ ᠪᠡᠶᠡᠯᠡᠭᠦᠯᠦᠨ᠎ᠡ᠃ | ︵ᠭᠤᠷᠪᠠ︶ ᠬᠢᠨᠠᠨ ᠬᠡᠮᠵᠢᠵᠦ ᠬᠢᠨᠠᠨ ᠬᠠᠮᠢᠶᠠᠷᠬᠤ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ | ᠰᠣᠨᠣᠰᠬᠤ ᠠᠵᠢᠯ ᠲᠥᠷᠥᠯ ᠤᠨ ᠵᠠᠰᠠᠯᠲᠠ ᠳᠤᠮᠳᠠᠬᠢ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠲᠤᠯᠠᠭ᠎ᠠ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠳᠥᠷᠪᠡ᠂ ᠬᠡᠷᠡᠭᠯᠡᠬᠦ ᠬᠡᠪᠴᠢᠶ᠎ᠡ | ᠲᠣᠰ ︽ᠰᠠᠨᠠᠯ︾ ᠨᠢ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠳᠡᠨ᠎ᠡ᠃ | ᠲᠠᠪᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠴᠢᠳᠠᠮᠵᠢ | ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠨᠢ ᠲᠤᠰ ᠱᠠᠲᠤᠨ ᠤ ᠪᠠ | ᠬᠠᠷᠢᠶ᠎ᠠ ᠬᠤᠰᠢᠭᠤ᠂ ᠰᠢᠶᠠᠨ᠂ ᠲᠣᠭᠤᠷᠢᠭ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ | ︵ᠨᠢᠭᠡ︶ ᠤᠲᠠᠰᠤ ᠦᠭᠡᠢ ᠷᠠᠳᠢᠣ᠋ ᠲᠧᠯᠸᠢᠰ ᠤᠨ ᠬᠢᠨᠠᠨ ᠬᠡᠮᠵᠢᠯᠲᠡ | ᠷᠠᠳᠢᠣ᠋ ᠨᠡᠪᠲᠡᠷᠡᠭᠦᠯᠭᠡ ᠲᠧᠯᠸᠢᠰ ᠤᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠤᠨ ᠳᠠᠮᠵᠢᠭᠤᠯᠤᠨ ᠪᠦᠷᠬᠦᠭᠦᠯᠬᠦ | ᠲᠣᠤᠷ ᠤᠨ ᠳᠣᠬᠢᠶ᠎ᠠ ᠶᠢ ᠴᠠᠭ ᠲᠤᠬᠠᠶ ᠳᠤ ᠨᠢ ᠴᠤᠭᠯᠠᠭᠤᠯᠵᠤ᠂ ᠷᠠᠳᠢᠣ᠋ ᠲᠧᠯᠸᠢᠰ ᠤᠨ ᠳᠠᠮᠵᠢᠭᠤᠯᠤᠨ ᠪᠦᠷᠬᠦᠭᠦᠯᠬᠦ ᠰᠦᠯᠵᠢᠶᠡᠨ ᠤ ᠳᠠᠪᠲᠠᠮᠵᠢ ᠶᠢ ᠬᠡᠷᠡᠭᠯᠡᠵᠦ ᠪᠠᠶᠢᠭ᠎ᠠ | ᠪᠠᠶᠢᠳᠠᠯ᠂ ᠫᠷᠤᠭ᠍ᠷᠠᠮ ᠤᠨ ᠨᠡᠪᠲᠡᠷᠡᠭᠦᠯᠭᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠨᠠᠷᠢᠯᠢᠭ ᠣᠨᠣᠪᠴᠢᠲᠠᠢ ᠪᠠᠷ ᠬᠢᠨᠠᠨ ᠬᠡᠮᠵᠢᠵᠦ᠂ ᠠᠮᠤᠷ ᠲᠦᠪᠰᠢᠨ ᠢᠶᠠᠷ ᠨᠡᠪᠲᠡᠷᠡᠭᠦᠯᠬᠦ | ᠪᠠ ᠷᠠᠳᠢᠣ᠋ ᠲᠧᠯᠸᠢᠰ ᠤᠨ ᠳᠠᠪᠲᠠᠮᠵᠢ ᠶᠢ ᠬᠠᠤᠯᠢ ᠪᠤᠰᠤ ᠪᠠᠷ ᠡᠵᠡᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ | ᠣᠨᠣᠪᠴᠢᠲᠠᠶ ᠮᠠᠭᠠᠳᠯᠠᠨ ᠲᠣᠭᠲᠠᠭᠠᠵᠤ᠂ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠮᠤᠷ ᠲᠦᠪᠰᠢᠨ | ᠨᠡᠪᠲᠡᠷᠡᠭᠦᠯᠭᠡ ᠶᠢ ᠬᠢᠨᠠᠨ ᠬᠠᠮᠢᠶᠠᠷᠬᠤ᠂ ᠳᠠᠮᠵᠢᠭᠤᠯᠬᠤ ᠡᠮᠬᠢ ᠳᠢᠭᠯᠢᠮ ᠢ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠬᠦᠴᠦᠲᠡᠶ ᠲᠤᠯᠭᠠᠭᠤᠷᠢᠯᠠᠯ ᠬᠠᠩᠭᠠᠵᠤ᠂ ᠷᠠᠳᠢᠣ᠋ | ᠲᠧᠯᠸᠢᠰ ᠤᠨ ᠫᠷᠤᠭ᠍ᠷᠠᠮ ᠤᠨ ᠠᠮᠤᠷ ᠲᠦᠪᠰᠢᠨ ᠴᠢᠨᠠᠷ ᠰᠠᠶᠢᠲᠠᠶ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠷᠠᠳᠢᠣ᠋ ᠲᠧᠯᠸᠢᠰ ᠤᠨ ᠷᠠᠳᠢᠣ᠋ ᠶᠢᠨ ᠡᠮᠬᠢ ᠳᠢᠭᠯᠢᠮ ᠢ ᠦᠨᠡᠨ ᠬᠦ | ᠬᠠᠮᠠᠭᠠᠯᠠᠨ᠎ᠠ᠃ | ︵ᠬᠤᠶᠠᠷ︶ ᠤᠲᠠᠰᠤᠲᠤ ᠷᠠᠳᠢᠣ᠋ ᠲᠧᠯᠸᠢᠰ ᠤᠨ ᠬᠢᠨᠠᠨ ᠬᠡᠮᠵᠢᠯᠲᠡ | ᠤᠲᠠᠰᠤᠲᠤ ᠷᠠᠳᠢᠣ᠋ ᠲᠧᠯᠸᠢᠰ ᠤᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠤᠲᠠᠰᠤᠲᠤ ᠷᠠᠳᠢᠣ᠋ ᠲᠧᠯᠸᠢᠰ ᠤᠨ ᠳᠣᠬᠢᠶ᠎ᠠ ᠶᠢ ᠴᠤᠭᠯᠠᠭᠤᠯᠬᠤ᠂ | ᠡᠭᠡᠭᠦᠯᠦᠨ ᠳᠠᠮᠵᠢᠭᠤᠯᠬᠤ᠂ ᠬᠠᠳᠠᠭᠠᠯᠠᠬᠤ᠂ ᠵᠠᠳᠠᠯᠬᠤ᠂ ᠰᠢᠢᠳᠪᠦᠷᠢᠯᠡᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠳᠣᠲᠣᠷᠠᠬᠢ ᠤᠲᠠᠰᠤᠲᠤ ᠷᠠᠳᠢᠣ᠋ ᠲᠧᠯᠸᠢᠰ ᠤᠨ | ᠰᠦᠯᠵᠢᠶᠡᠨ ᠤ ᠮᠡᠷᠭᠡᠵᠢᠯ ᠤᠨ ᠶᠠᠰᠤ ᠴᠢᠨᠠᠷ᠂ ᠲᠤᠬᠠᠶᠢᠯᠠᠭᠰᠠᠨ ᠠᠵᠢᠯ ᠤᠨ ᠡᠮᠬᠢ ᠵᠢᠷᠤᠮ᠂ ᠠᠵᠢᠯᠯᠠᠭᠠᠨ ᠤ ᠪᠠᠶᠢᠳᠠᠯ᠂ ᠠᠮᠤᠷ ᠲᠦᠪᠰᠢᠨ ᠤ ᠪᠠᠶᠢᠳᠠᠯ᠂ ᠠᠵᠢᠯᠯᠠᠭᠤᠯᠵᠤ | ᠡᠵᠡᠩᠨᠡᠬᠦ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠬᠦ ᠶᠢ ᠪᠡᠶᠡᠯᠡᠭᠦᠯᠵᠦ᠂ ᠵᠠᠳᠠᠯᠤᠨ ᠰᠤᠳᠤᠯᠵᠤ ᠮᠠᠭᠠᠳᠯᠠᠬᠤ ᠪᠠ ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠭᠤᠷᠪᠠ︶ ᠷᠠᠳᠢᠣ᠋ ᠲᠧᠯᠸᠢᠰ ᠤᠨ ᠫᠷᠦᠭᠷᠡᠮ ᠤᠨ ᠠᠭᠤᠯᠭ᠎ᠠ ᠶᠢᠨ ᠬᠢᠨᠠᠨ ᠬᠡᠮᠵᠢᠯᠲᠡ | ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠷᠠᠳᠢᠤ᠋ ᠲᠧᠯᠸᠢᠰ ᠤᠨ ᠫᠷᠤᠭ᠍ᠷᠠᠮ ︵ᠵᠠᠷ ᠮᠡᠳᠡᠭᠡ ᠶᠢ | ᠪᠠᠭᠲᠠᠭᠠᠨ᠎ᠠ︶᠂ ᠭᠤᠤᠯ ᠰᠡᠳᠦᠪᠳᠤ ᠭᠤᠤᠯ ᠱᠤᠭᠤᠮ ᠤᠨ ᠤᠬᠠᠭᠤᠯᠭ᠎ᠠ᠂ ᠰᠤᠨᠢᠨ ᠮᠡᠳᠡᠭᠡᠯᠡᠯ ᠤᠨ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ᠂ ᠷᠠᠳᠢᠤ᠋ ᠲᠧᠯᠸᠢᠰ ᠤᠨ | ᠠᠭᠤᠯᠭ᠎ᠠ ᠶᠢᠨ ᠠᠮᠤᠷ ᠲᠦᠪᠰᠢᠨ ᠢ ᠪᠠᠳᠤᠯᠠᠬᠤ ᠪᠠ ᠤᠬᠠᠭᠤᠯᠭ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠳᠠᠭᠤ ᠳᠦᠷᠰᠦ ᠰᠢᠩᠭᠡᠭᠡᠯᠲᠡ | ᠂ ᠭᠡᠷᠡᠯ ᠵᠢᠷᠤᠭ᠂ ᠢᠯᠭᠠᠬᠤ ᠲᠡᠮᠳᠡᠭ᠂ ᠬᠥᠮᠦᠨ ᠤ ᠨᠢᠭᠤᠷ ᠵᠡᠷᠭᠡ ᠮᠡᠳᠡᠭᠡ ᠵᠠᠩᠭᠢ ᠶᠢ ᠣᠶᠤᠨᠴᠢ ᠪᠠᠷ ᠢᠯᠭᠠᠨ ᠲᠠᠨᠢᠬᠤ ᠮᠡᠷᠭᠡᠵᠢᠯ ᠢ ᠬᠡᠷᠡᠭᠯᠡᠨ᠂ ᠲᠣᠭᠲᠠᠭᠠᠯ ᠠᠴᠠ | ᠵᠥᠷᠢᠴᠡᠭᠰᠡᠨ ᠵᠠᠷ ᠮᠡᠳᠡᠭᠡ᠂ ᠲᠣᠭᠲᠠᠭᠠᠯ ᠠᠴᠠ ᠵᠥᠷᠢᠴᠡᠭᠰᠡᠨ ᠫᠷᠤᠭ᠍ᠷᠠᠮ ᠢ ᠬᠢᠨᠠᠨ ᠬᠡᠮᠵᠢᠬᠦ ᠶᠢ ᠪᠡᠶᠡᠯᠡᠭᠦᠯᠵᠦ᠂ ᠲᠧᠯᠸᠢᠰ ᠤᠨ ᠫᠷᠤᠭ᠍ᠷᠠᠮ ᠳᠤ ᠬᠤᠴᠣᠷᠤᠭᠰᠠᠨ ᠨᠣᠶᠠᠳ᠂ | ᠮᠠᠭᠤ ᠤᠷᠠᠯᠢᠭᠴᠢᠨ ᠤ ᠵᠢᠷᠤᠭ ᠢ ᠵᠢᠭᠰᠠᠭᠠᠨ ᠪᠠᠶᠢᠴᠠᠭᠠᠨ᠎ᠠ᠃ ᠷᠠᠳᠢᠣ᠋ ᠲᠧᠯᠸᠢᠰ ᠬᠤᠷᠢᠶ᠎ᠠ ᠶᠢᠨ ᠲᠡᠮᠳᠡᠭ᠂ ᠳᠠᠭᠤᠳᠠᠯᠭ᠎ᠠ ᠶᠢᠨ ᠨᠣᠮᠧᠷ ᠢ ᠬᠢᠨᠠᠨ ᠬᠡᠮᠵᠢᠬᠦ ᠶᠢ ᠴᠢᠩᠭᠠᠳᠬᠠᠵᠤ᠂ | ᠲᠣᠭᠲᠠᠭᠠᠯ ᠠᠴᠠ ᠵᠦᠷᠢᠴᠡᠭᠰᠡᠨ ᠥᠷᠲᠡᠭᠡ ᠶᠢᠨ ᠲᠡᠮᠳᠡᠭ᠂ ᠳᠠᠭᠤᠳᠠᠯᠭ᠎ᠠ ᠶᠢᠨ ᠨᠣᠮᠧᠷ ᠢ ᠬᠤᠪᠢᠷᠠᠭᠤᠯᠬᠤ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠯᠡᠷᠡᠭᠦᠯᠦᠨ᠎ᠡ᠃ | ︵ᠲᠦᠷᠪᠡ︶ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠢᠨᠠᠨ ᠬᠡᠮᠵᠢᠯᠲᠡ | ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠵᠣᠬᠢᠶᠠᠮᠠᠯ ᠣᠶᠤᠨ ᠂ ᠲᠣᠮᠣ ᠳ᠋ᠠᠶᠢᠲ᠋ᠠ ᠶᠢ ᠵᠠᠳᠠᠯᠤᠨ | ᠰᠢᠢᠳᠪᠦᠷᠢᠯᠡᠬᠦ ᠵᠡᠷᠭᠡ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠠᠷᠢᠶ᠎ᠠ ᠣᠷᠣᠨ ᠤ ᠳᠣᠲᠣᠷᠠᠬᠢ ᠦᠵᠡᠵᠦ ᠰᠣᠨᠣᠰᠬᠤ ᠫᠷᠤᠭ᠍ᠷᠠᠮ ᠤᠨ ᠰᠦᠯᠵᠢᠶ᠎ᠡ᠂ | ᠦᠵᠡᠵᠦ ᠰᠣᠨᠣᠰᠬᠤ ᠰᠢᠯᠵᠢᠮᠡᠯ ᠬᠡᠷᠡᠭᠯᠡᠭᠴᠢ ᠶᠢᠨ ᠦᠵᠦᠭᠦᠷ ᠪᠠ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠶᠢᠨ ᠡᠷᠭᠢᠯᠡᠭᠰᠡᠨ ᠡᠯ᠎ᠡ ᠲᠥᠷᠥᠯ ᠤᠨ ᠰᠢᠨ᠎ᠡ | ᠵᠠᠭᠤᠴᠢᠯᠠᠭᠤᠷ ᠤᠨ ᠲᠠᠪᠴᠠᠩ᠂ ᠲᠠᠩᠰᠠᠨ ᠨᠣᠮᠧᠷ ᠢ ᠬᠢᠨᠠᠨ ᠬᠡᠮᠵᠢᠬᠦ ᠶᠢ ᠪᠡᠶᠡᠯᠡᠭᠦᠯᠵᠦ᠂ ᠫᠷᠤᠭ᠍ᠷᠠᠮ ᠤᠨ ᠳᠠᠮᠵᠢᠭᠤᠯᠭ᠎ᠠ ᠶᠢᠨ ᠲᠤᠭ᠎ᠠ ᠬᠡᠮᠵᠢᠶ᠎ᠡ᠂ ᠬᠥᠳᠡᠯᠦᠩᠭᠦᠶ ᠪᠠᠶᠢᠳᠠᠯ᠂ | ᠬᠦᠷᠢᠶ᠎ᠡ ᠬᠡᠪᠴᠢᠶ᠎ᠡ᠂ ᠨᠥᠯᠥᠭᠡ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠨ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠢᠨᠠᠨ ᠬᠠᠮᠢᠶᠠᠷᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠲᠠᠪᠤ︶ ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠯᠲᠡ | ᠷᠠᠳᠢᠣ᠋ ᠲᠧᠯᠸᠢᠰ ᠤᠨ ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠬᠠᠷᠢᠶ᠎ᠠ ᠣᠷᠣᠨ ᠤ ᠷᠠᠳᠢᠣ᠋ ᠲᠧᠯᠸᠢᠰ ᠤᠨ | ᠫᠷᠤᠭ᠍ᠷᠠᠮ ᠢ ᠦᠢᠯᠡᠳᠬᠦ᠂ ᠨᠡᠪᠲᠡᠷᠡᠭᠦᠯᠬᠦ᠂ ᠳᠠᠮᠵᠢᠭᠤᠯᠬᠤ᠂ ᠬᠢᠨᠠᠨ ᠬᠡᠮᠵᠢᠬᠦ ᠵᠡᠷᠭᠡ ᠭᠤᠭᠴᠤᠭ᠎ᠠ ᠵᠢᠴᠢ ᠬᠤᠯᠪᠣᠭᠳᠠᠯ ᠪᠥᠬᠦᠶ ᠪᠤᠰᠤᠳ ᠴᠢᠬᠤᠯᠠ ᠮᠡᠳᠡᠭᠡ ᠵᠠᠩᠭᠢ ᠶᠢᠨ | ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠷᠠᠳᠢᠣ᠋ ᠲᠧᠯᠸᠢᠰ ᠤᠨ ᠰᠦᠯᠵᠢᠶ᠎ᠡ ᠪᠠ ᠲᠤᠭ᠎ᠠ ᠪᠠᠷᠢᠮᠲᠠ ᠶᠢᠨ ᠪᠠᠶᠢᠳᠠᠯ ᠢ | ᠮᠡᠳᠡᠷᠡᠬᠦ᠂ ᠵᠠᠷᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠠᠵᠢᠯ ᠢ ᠰᠠᠶᠢᠲᠤᠷ ᠬᠢᠵᠦ᠂ | ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ︵ᠵᠢᠷᠭᠤᠭ᠎ᠠ︶ ᠠᠮᠤᠷ ᠲᠦᠪᠰᠢᠨ ᠨᠡᠪᠲᠡᠷᠡᠭᠦᠯᠭᠡ ᠶᠢᠨ ᠲᠣᠬᠢᠷᠠᠭᠤᠯᠭ᠎ᠠ | ᠷᠠᠳᠢᠣ᠋ ᠲᠧᠯᠸᠢᠰ ᠤᠨ ᠠᠮᠤᠷ ᠲᠦᠪᠰᠢᠨ ᠨᠡᠪᠳᠡᠷᠡᠭᠦᠯᠭᠡ ᠶᠢᠨ ᠲᠣᠬᠢᠷᠠᠭᠤᠯᠭ᠎ᠠ ᠶᠢᠨ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠷᠠᠳᠢᠣ᠋ ᠲᠧᠯᠸᠢᠰ ᠤᠨ ᠠᠮᠤᠷ | ᠲᠦᠪᠰᠢᠨ ᠨᠡᠪᠲᠡᠷᠡᠭᠦᠯᠭᠡ ᠶᠢ ᠵᠢᠯᠣᠭᠤᠳᠤᠨ ᠲᠣᠬᠢᠷᠠᠭᠤᠯᠬᠤ ᠰᠢᠰᠲ᠋ᠧᠮ᠂ ᠠᠮᠤᠷ ᠲᠦᠪᠰᠢᠨ ᠨᠡᠪᠲᠡᠷᠡᠭᠦᠯᠭᠡ ᠶᠢ ᠨᠡᠪᠲᠡᠷᠡᠭᠦᠯᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ | ᠨᠡᠶᠢᠲᠡᠯᠡᠬᠦ ᠰᠢᠰᠲ᠋ᠧᠮ᠂ ᠶᠡᠷᠦᠩᠬᠡᠶᠢᠯᠡᠭᠰᠡᠨ ᠵᠢᠵᠢᠭᠦᠷᠯᠡᠨ ᠰᠠᠬᠢᠬᠤ ᠳᠦᠷᠢᠮ᠂ ᠬᠢᠨᠠᠯᠲᠠ ᠲᠠᠯᠪᠢᠵᠤ ᠵᠠᠭᠠᠯᠳᠤᠬᠤ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠲᠦᠷᠭᠡᠨ ᠪᠥᠭᠡᠳ ᠰᠠᠭᠠᠳ ᠦᠭᠡᠢ ᠲᠣᠬᠢᠷᠠᠭᠤᠯᠬᠤ ᠮᠡᠳᠡᠭᠡ ᠵᠠᠩᠭᠢ ᠶᠢᠨ ᠳᠠᠮᠵᠢᠭᠤᠯᠬᠤ ᠰᠦᠯᠵᠢᠶ᠎ᠡ᠂ ᠴᠢᠮᠡᠭᠡ ᠬᠤᠯᠪᠣᠭᠠᠨ ᠤ ᠰᠢᠰᠲ᠋ᠧᠮ ᠢ ᠪᠠᠶᠢᠭᠤᠯᠵᠤ᠂ ᠡᠯ᠎ᠡ ᠱᠠᠲᠤᠨ ᠤ | ᠵᠢᠯᠣᠭᠤᠳᠤᠨ ᠲᠣᠬᠢᠷᠠᠭᠤᠯᠬᠤ ᠰᠢᠰᠲ᠋ᠧᠮ ᠯᠦᠭᠡ ᠬᠢᠨᠠᠨ ᠬᠡᠮᠵᠢᠵᠦ ᠬᠢᠨᠠᠨ ᠬᠠᠮᠢᠶᠠᠷᠬᠤ ᠮᠡᠳᠡᠭᠡ ᠵᠠᠩᠭᠢ ᠶᠢ ᠬᠠᠮᠲᠤ ᠪᠠᠷ ᠬᠦᠷᠲᠡᠵᠦ ᠂ ᠪᠠᠴᠢᠮ ᠪᠠᠶᠢᠳᠠᠯ ᠢ ᠠᠷᠭᠠᠴᠠᠭᠠᠬᠤ | ᠲᠣᠬᠢᠷᠠᠭᠤᠯᠤᠯᠲᠠ ᠶᠢ ᠴᠠᠭ ᠲᠤᠬᠠᠶ ᠳᠤ ᠨᠢ ᠣᠨᠣᠪᠴᠢᠲᠠᠶ ᠪᠠ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠰᠦᠯᠵᠢᠶᠡᠨ ᠤ ᠦᠵᠡᠵᠦ | ᠰᠣᠨᠣᠰᠬᠤ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠤᠨ ᠲᠣᠬᠢᠷᠠᠭᠤᠯᠬᠤ ᠵᠣᠬᠢᠴᠠᠮᠵᠢ ᠶᠢ ᠪᠠᠶᠢᠭᠤᠯᠵᠤ᠂ ᠰᠦᠯᠵᠢᠶᠡᠨ ᠤ ᠦᠵᠡᠵᠦ ᠰᠣᠨᠣᠰᠬᠤ ᠪᠠᠴᠢᠮ ᠪᠠᠶᠢᠳᠠᠯ ᠢ | ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠤᠬᠢᠴᠠᠮᠵᠢ ᠶᠢᠨ ᠪᠠᠳᠤᠯᠠᠭ᠎ᠠ | ᠤᠯᠤᠰ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠷᠠᠳᠢᠣ᠋ | ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠬᠠᠮᠢᠶᠠᠷᠤᠯᠲᠠ ᠶᠢᠨ ᠵᠠᠭᠪᠤᠷ ᠪᠣᠯᠤᠨ ᠠᠵᠢᠯ ᠤᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠷᠠᠳᠢᠣ᠋ ᠲᠧᠯᠸᠢᠰ | ᠪᠣᠯᠤᠨ ᠰᠦᠯᠵᠢᠶᠡᠨ ᠤ ᠦᠵᠡᠵᠦ ᠰᠣᠨᠣᠰᠬᠤ ᠪᠦᠲᠦᠮᠵᠢᠲᠡᠶ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠠᠲᠤᠯᠠᠨ᠎ᠠ᠃ | ︵ᠬᠤᠶᠠᠷ︶ ᠮᠡᠷᠭᠡᠵᠢᠯ ᠤᠨ ᠪᠠᠲᠤᠯᠠᠭ᠎ᠠ | ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠦᠲᠦᠭᠡᠨ ᠪᠠᠶᠢᠭᠤᠯᠬᠤ ᠪᠠᠷᠢᠮᠵᠢᠶ᠎ᠠ᠂ ᠮᠡᠷᠭᠡᠵᠢᠯ ᠤᠨ ᠪᠠᠷᠢᠮᠵᠢᠶ᠎ᠠ ᠪᠠ ᠠᠵᠢᠯ ᠲᠥᠷᠥᠯ ᠤᠨ ᠵᠢᠷᠤᠮᠵᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ | ᠪᠦᠲᠦᠭᠡᠨ ᠪᠠᠶᠢᠭᠤᠯᠤᠯᠲᠠ᠂ ᠮᠡᠷᠭᠡᠵᠢᠯ ᠤᠨ ᠬᠠᠮᠠᠭᠠᠯᠠᠯᠲᠠ ᠶᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ | ᠬᠢᠨᠠᠨ ᠬᠠᠮᠢᠶᠠᠷᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ 5G᠂ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠂ ᠴᠥᠷᠬᠡᠯᠡᠭᠡ | ᠳ᠋ᠠᠶᠢᠲ᠋ᠠ ᠵᠡᠷᠭᠡ ᠰᠢᠨ᠎ᠡ ᠮᠡᠷᠭᠡᠵᠢᠯ ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠳᠤ ᠬᠡᠷᠡᠭᠯᠡᠬᠦ ᠶᠢ ᠠᠬᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ | ᠶᠡᠷᠦᠩᠬᠡᠶᠢᠯᠡᠭᠰᠡᠨ ᠪᠣᠳᠠᠲᠤ ᠬᠦᠴᠦᠨ ᠪᠠ ᠮᠡᠷᠭᠡᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠭᠤᠷᠪᠠ︶ ᠴᠢᠳᠠᠪᠤᠷᠢᠳᠠᠨ ᠤ ᠪᠠᠳᠤᠯᠠᠭ᠎ᠠ | ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠦᠨ᠂ ᠡᠩᠨᠡᠭᠡ ᠶᠢᠨ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠪᠣᠯᠪᠠᠰᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠣᠰ ᠱᠠᠲᠤᠨ ᠤ ᠬᠢᠨᠠᠨ | ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠣᠨᠴᠠᠯᠢᠭ ᠲᠠᠢ ᠤᠶᠠᠯᠳᠤᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ | ᠪᠣᠯᠪᠠᠰᠤᠷᠠᠭᠤᠯᠬᠤ ᠪᠠ ᠴᠠᠭ ᠲᠣᠭᠲᠠᠭᠠᠬᠤ ᠰᠣᠷᠢᠯᠲᠠ ᠶᠢ ᠥᠷᠨᠢᠭᠦᠯᠵᠦ᠂ ᠠᠵᠢᠯᠲᠠᠨ ᠪᠠ ᠰᠢᠰᠲ᠋ᠧᠮ ᠤᠨ ᠲᠦᠷᠭᠡᠨ ᠲᠤᠰᠬᠠᠬᠤ᠂ ᠴᠠᠭ ᠲᠤᠬᠠᠶ ᠳᠤ ᠨᠢ ᠳᠠᠭᠠᠬᠤ ᠶᠢ ᠦᠨᠡᠨ | ᠬᠦ ᠪᠠᠲᠤᠯᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠥᠷᠨᠢᠬᠦ ᠶᠢ ᠪᠠᠲᠤᠯᠠᠨ᠎ᠠ᠃ | ︵ᠲᠦᠷᠪᠡ︶ ᠪᠡᠯᠡ ᠮᠦᠡᠭᠭᠦᠨ ᠤ ᠪᠠᠳᠤᠯᠠᠭ᠎ᠠ | ᠲᠤᠰ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠯᠡᠨ ᠣᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ ᠃ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ | ᠬᠠᠮᠢᠶᠠᠷᠬᠤ ᠡᠳ᠋ ᠤᠨ ᠵᠠᠰᠠᠭ ᠤᠨ ᠪᠠᠲᠤᠯᠠᠭ᠎ᠠ ᠶᠢᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ ᠶᠢ ᠪᠠᠲᠤᠯᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ︽ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ | ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ | | |