| | | | | | 8 ᠳ᠋ᠤᠭᠠᠷ ᠰᠠᠷ᠎ᠠ ᠶᠢᠨ 19 ᠤ ᠡᠳᠦᠷ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 8 ᠳ᠋ᠤᠭᠠᠷ | ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠢ ᠢᠨᠵᠧᠨᠧᠷ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠣᠪᠴᠢᠶ᠎ᠠ ᠶᠢᠨ | ᠬᠠᠷᠢᠶ᠎ᠠ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠨᠠᠮ ᠤᠨ ᠭᠡᠰᠢᠭᠦᠨ | ᠺᠠᠳ᠋ᠷᠴᠤᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠬᠤ ᠬᠡᠷᠡᠭᠲᠡᠢ᠃ ᠨᠢᠭᠡ ᠳᠤ᠂ ᠤᠯᠠᠨ ᠵᠦᠢᠯ ᠤᠨ ᠬᠡᠯᠪᠡᠷᠢ ᠶᠢᠨ | ᠰᠤᠷᠤᠯᠴᠠᠯᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠤ ᠬᠠᠪᠰᠤᠷᠤᠨ ᠵᠢᠯᠣᠭᠤᠳᠬᠤ᠂ ︽ᠷᠠᠳᠢᠣ᠋ ᠲᠧᠯᠸᠢᠰ ᠤᠨ ᠬᠢᠴᠢᠶᠡᠯ ᠤᠨ ᠲᠠᠩᠬᠢᠮ︾᠂ ᠵᠠᠯᠠᠭᠤᠴᠤᠳ ᠤᠨ | ᠤᠨᠤᠯ ᠤᠨ ᠰᠤᠷᠤᠯᠴᠠᠯᠭ᠎ᠠ ᠶᠢᠨ ᠳᠤᠭᠤᠶᠢᠯᠠᠩ ᠵᠡᠷᠭᠡ ᠬᠡᠯᠪᠡᠷᠢ ᠶᠢ ᠭᠦᠢᠴᠡᠳ ᠠᠰᠢᠭᠯᠠᠵᠤ᠂ ᠰᠤᠷᠤᠯᠴᠠᠬᠤ ᠶᠣᠰᠣᠲᠠᠢ ᠶᠢ ᠨᠢ ᠪᠦᠬᠦᠨ ᠢ ᠰᠤᠷᠤᠯᠴᠠᠬᠤ᠂ ᠪᠦᠬᠦ ᠠᠵᠢᠯᠳᠠᠨ ᠢ | ᠬᠠᠮᠤᠷᠬᠤ ᠶᠢ ᠪᠡᠶᠡᠯᠡᠭᠦᠯᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠷᠠᠳᠢᠣ᠋ ᠲᠧᠯᠸᠢᠰ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ | ᠰᠤᠷᠤᠯᠴᠠᠯᠭ᠎ᠠ ᠶᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ | ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠤᠬᠠᠭᠤᠯᠤᠨ ᠲᠠᠶᠢᠯᠪᠤᠷᠢᠯᠠᠵᠤ᠂ ᠷᠠᠳᠢᠣ᠋ ᠲᠧᠯᠸᠢᠰ ᠤᠨ ᠤᠨᠴᠠᠯᠢᠬᠳᠤ ᠳᠠᠪᠠᠭᠤᠯᠢᠭ ᠢ ᠪᠠᠳᠠᠷᠠᠭᠤᠯᠵᠤ᠂ | ᠤᠬᠠᠭᠤᠯᠭ᠎ᠠ ᠶᠢᠨ ᠭᠤᠣᠯᠳᠠᠯᠭ᠎ᠠ ᠶᠢ ᠲᠤᠪᠤᠶᠢᠯᠭᠠᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡᠳᠦᠯᠲᠡᠢ ᠲᠥᠯᠥᠪᠵᠢᠭᠦᠯᠵᠦ᠂ ᠠᠭᠤᠰᠤᠯᠴᠠᠨ | ᠳᠠᠮᠵᠢᠭᠤᠯᠬᠤ ᠶᠢ ᠭᠦᠨᠵᠡᠭᠡᠶᠢᠷᠡᠭᠦᠯᠵᠦ᠂ ᠪᠣᠰᠤᠭ᠎ᠠ ᠴᠣᠭᠴᠠᠲᠤ᠂ ᠪᠦᠬᠦ ᠲᠠᠯ᠎ᠠ ᠶᠢᠨ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ ᠲᠠᠶᠢᠯᠪᠤᠷᠢᠯᠠᠬᠤ ᠬᠡᠷᠡᠭᠲᠡᠢ᠃ ᠭᠤᠷᠪᠠ ᠳᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠵᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠬᠦᠴᠦ ᠪᠠᠨ ᠲᠥᠪᠯᠡᠷᠡᠭᠦᠯᠦᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ | ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ︵ᠪᠠᠶᠢᠭᠤᠯᠭ᠎ᠠ ᠶᠢᠨ ᠨᠠᠮ ᠤᠨ ᠬᠤᠷᠢᠶ᠎ᠠ ︶ | |