ᠬᠠᠮ ᠵᠠᠭᠤᠴᠢᠯᠠᠭᠤᠷ᠂ ᠬᠡᠳᠦ ᠥᠨᠳᠥᠷ ᠲᠤᠳᠤᠷᠠᠴᠠᠲᠤ᠂ ᠬᠦᠴᠦᠷᠬᠡᠭ ᠣᠶᠣᠨᠴᠢ — ᠭᠤᠴᠢᠨ ᠨᠢᠭᠡᠳᠦᠭᠡᠷ ᠬᠤᠭᠤᠴᠠᠭᠠᠨ ᠤ ᠪᠡᠭᠡᠵᠢᠩ ᠤᠨ ᠣᠯᠠᠨ ᠤᠯᠤᠰ ᠤᠨ ᠷᠠᠳᠢᠣ᠋ ᠺᠢᠨᠣ᠋ ᠲᠧᠯᠸᠢᠰ ᠤᠨ ᠦᠵᠡᠰᠭᠦᠯᠡᠩ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/27
  8 ᠳ᠋ᠤᠭᠠᠷ ᠰᠠᠷ᠎ᠠ ᠶᠢᠨ 20 ᠤ ᠡᠳᠦᠷ ᠠᠴᠠ 24 ᠤ ᠡᠳᠦᠷ ᠪᠣᠯᠲᠠᠯ᠎ᠠ᠂ ᠭᠤᠴᠢᠨ ᠨᠢᠭᠡᠳᠦᠭᠡᠷ ᠬᠤᠭᠤᠴᠠᠭᠠᠨ ᠤ ᠪᠡᠭᠡᠵᠢᠩ ᠤᠨ ᠣᠯᠠᠨ ᠤᠯᠤᠰ ᠤᠨ ᠷᠠᠳᠢᠣ᠋ ᠺᠢᠨᠣ᠋ ᠲᠧᠯᠸᠢᠰ ᠤᠨ ᠦᠵᠡᠰᠬᠦᠯᠡᠩ ︵BIRTV 2024︶ ᠪᠡᠭᠡᠵᠢᠩ ᠳᠤ ᠠᠮᠵᠢᠯᠲᠠ ᠲᠠᠢ ᠶᠠᠪᠤᠭᠳᠠᠪᠠ᠃ ᠲᠤᠰ ᠤᠳᠠᠭᠠᠨ ᠤ ᠦᠵᠡᠰᠬᠦᠯᠡᠩ ᠪᠣᠯ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠢᠴᠢ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠳᠡᠭᠡᠳᠦ ᠲᠡᠰ ᠤᠨ ᠶᠠᠷᠢᠯᠴᠠᠭᠠᠨ ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ᠂ ᠶᠠᠩ ᠭᠦᠸᠧ ᠷᠦᠢ ᠦᠵᠡᠰᠬᠦᠯᠡᠩ ᠢᠶᠠᠷ ᠲᠣᠭᠤᠷᠢᠨ ᠦᠵᠡᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᠭᠦᠸᠧ ᠷᠦᠢ ᠭᠤᠤᠯ ᠰᠡᠳᠦᠪᠲᠦ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃  BIRTV 2024 ︽ᠬᠠᠮ ᠵᠠᠭᠤᠴᠢᠯᠠᠭᠤᠷ᠂ ᠬᠡᠲᠦ ᠥᠨᠳᠥᠷ ᠲᠤᠳᠤᠷᠠᠴᠠᠲᠤ᠂ ᠬᠦᠴᠦᠷᠬᠡᠭ ᠣᠶᠣᠨᠴᠢ︾ ᠪᠠᠷ ᠭᠤᠤᠯ ᠰᠡᠳᠦᠪ ᠪᠣᠯᠭᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ︽ᠬᠤᠶᠠᠷ ᠭᠤᠷᠪᠠ ᠳᠥᠷᠪᠡ︾ ᠶᠢᠨ ᠠᠵᠢᠯ ᠤᠨ ᠪᠠᠶᠢᠷᠢ ᠲᠣᠭᠲᠠᠭᠠᠯᠲᠠ᠂ ᠭᠤᠷᠪᠠᠨ ᠶᠡᠭᠡ ᠠᠵᠢᠯ ᠤᠨ ᠴᠢᠭᠯᠡᠯ ᠪᠠ ᠨᠠᠢᠮᠠᠨ ᠵᠦᠢᠯ ᠤᠨ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠬᠠᠨᠳᠤᠰᠢ ᠶᠢ ᠡᠵᠡᠮᠳᠡᠵᠦ᠂ ᠰᠢᠨ᠎ᠡ ᠮᠡᠷᠭᠡᠵᠢᠯ ᠢᠶᠠᠷ ᠬᠦᠴᠦᠨ ᠨᠡᠮᠡᠷᠢᠯᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠳᠡᠵᠦ᠂ 3 ᠭᠤᠤᠯᠳᠠᠯᠭ᠎ᠠ ᠲᠠᠢ ᠦᠵᠡᠭᠦᠯᠭᠡ ᠶᠢᠨ ᠲᠣᠭᠤᠷᠢᠭ ᠪᠠ 8 ᠤᠨᠴᠠᠯᠢᠭᠳᠤ ᠴᠢᠳᠠᠮᠵᠢ ᠶᠢᠨ ᠦᠵᠡᠭᠦᠯᠭᠡ ᠶᠢᠨ ᠲᠣᠭᠤᠷᠢᠭ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠮᠡᠷᠭᠡᠵᠢᠯ ᠤᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠪᠥᠬᠦ ᠲᠠᠯ᠎ᠠ ᠪᠠᠷ ᠬᠥᠲᠥᠯᠦᠨ ᠳᠠᠭᠠᠭᠤᠯᠵᠤ᠂ ᠪᠥᠬᠦ ᠠᠵᠢᠯ ᠲᠥᠷᠥᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠪᠡ᠃ ᠲᠤᠰ ᠤᠳᠠᠭᠠᠨ ᠤ ᠦᠵᠡᠰᠬᠦᠯᠡᠩ ᠳᠤ ᠤᠯᠤᠰ ᠤᠨ ᠳᠣᠲᠣᠭᠠᠳᠤ ᠭᠠᠳᠠᠭᠠᠳᠤ ᠶᠢᠨ 506 ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢᠨ ᠦᠢᠯᠡᠳᠪᠦᠷᠢ ᠬᠤᠳᠠᠯᠳᠤᠭᠠᠴᠢᠨ ᠴᠤᠭᠯᠠᠷᠠᠵᠤ᠂ 106 ᠲᠤᠰᠬᠠᠶ ᠮᠡᠷᠭᠡᠵᠢᠯ ᠤᠨ ᠠᠵᠤ ᠠᠬᠤᠶᠢᠯᠠᠯ ᠣᠷᠣᠯᠴᠠᠵᠤ᠂ 20% ᠢᠯᠡᠭᠦᠦ ᠶᠢ ᠡᠵᠡᠯᠡᠪᠡ︔ ᠣᠯᠠᠨ ᠤᠯᠤᠰ ᠤᠨ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ 203 ᠪᠠᠶᠢᠵᠤ᠂ 40% ᠶᠢ ᠡᠵᠡᠯᠡᠪᠡ︔ ᠰᠢᠨ᠎ᠡ ᠪᠠᠷ ᠣᠷᠣᠯᠴᠠᠭᠰᠠᠨ ᠬᠤᠳᠠᠯᠳᠤᠭᠠᠴᠢᠨ 47 ᠪᠠᠶᠢᠵᠤ᠂ 10% ᠢᠯᠡᠭᠦᠦ ᠶᠢ ᠡᠵᠡᠯᠡᠪᠡ︔ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠬᠡᠷᠡᠭᠯᠡᠭᠡᠨ ᠢ ᠠᠩᠬ᠎ᠠ ᠲᠠᠷᠬᠠᠭᠠᠭᠰᠠᠨ᠂ ᠠᠩᠬ᠎ᠠ ᠦᠵᠡᠭᠦᠯᠦᠭᠰᠡᠨ᠂ ᠠᠩᠬ᠎ᠠ ᠳᠡᠯᠭᠡᠨ ᠦᠵᠡᠭᠦᠯᠦᠭᠰᠡᠨ ᠨᠢ 80% ᠳᠤ ᠬᠦᠷᠴᠦ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠲᠤᠰᠬᠠᠶ ᠮᠡᠷᠭᠡᠵᠢᠯ ᠤᠨ ᠦᠵᠡᠭᠴᠢᠳ ᠢ 57000 ᠭᠠᠷᠤᠶ ᠬᠥᠮᠦᠨ ᠤᠳᠠᠭ᠎ᠠ ᠲᠠᠲᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃  ᠦᠵᠡᠰᠬᠦᠯᠡᠩ ᠤᠨ ᠬᠤᠭᠤᠴᠠᠭᠠᠨ ᠳᠤ᠂ ᠦᠵᠡᠰᠬᠦᠯᠡᠩ ᠳᠤ ᠣᠷᠣᠯᠴᠠᠭᠰᠠᠨ ᠮᠠᠰᠢ ᠣᠯᠠᠨ ᠠᠵᠤ ᠠᠬᠤᠶᠢᠯᠠᠯ ᠤᠨ ᠤᠬᠠᠭᠤᠯᠤᠨ ᠲᠠᠨᠢᠯᠴᠠᠭᠤᠯᠬᠤ ᠠᠷᠠᠯᠵᠢᠶ᠎ᠠ ᠢᠯᠡᠳᠲᠡ ᠦᠷ᠎ᠡ ᠪᠦᠲᠦᠮᠵᠢ ᠤᠯᠪᠠ᠃ ᠵᠠᠷᠢᠮ ᠳᠡᠯᠡᠬᠡᠶ ᠶᠢᠨ ᠨᠡᠷᠡᠲᠦ ᠠᠵᠤ ᠠᠬᠤᠶᠢᠯᠠᠯ ᠢᠯᠡᠷᠬᠡᠶᠢᠯᠡᠭᠰᠡᠨ ᠨᠢ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠵᠠᠬ᠎ᠠ ᠳᠡᠯᠭᠡᠭᠦᠷ ᠪᠣᠯ ᠪᠥᠬᠦ ᠪᠥᠮᠪᠥᠷᠴᠡᠭ ᠤᠨ ᠬᠠᠮᠤᠭ ᠤᠨ ᠴᠢᠬᠤᠯᠠ ᠵᠠᠬ᠎ᠠ ᠳᠡᠯᠭᠡᠭᠦᠷ ᠮᠥᠨ᠂ ᠪᠠᠰᠠ ᠴᠤ ᠢᠷᠡᠭᠡᠳᠦᠶ ᠶᠢᠨ ᠬᠥᠭᠵᠢᠯᠲᠡ ᠶᠢᠨ ᠬᠠᠮᠤᠭ ᠤᠨ ᠶᠡᠭᠡ ᠳᠠᠯᠳᠠ ᠬᠦᠴᠦᠨ ᠲᠠᠢ ᠵᠠᠬ᠎ᠠ ᠳᠡᠯᠭᠡᠭᠦᠷ ᠮᠥᠨ᠂ ᠣᠶᠢᠷ᠎ᠠ ᠶᠢᠨ ᠵᠢᠯ ᠳᠤ ᠷᠠᠳᠢᠣ᠋ ᠲᠧᠯᠸᠢᠰ ᠤᠨ ᠥᠭᠡᠷᠡᠴᠢᠯᠡᠯᠲᠡ ᠬᠥᠭᠵᠢᠯᠲᠡ ᠬᠤᠪᠢᠷᠠᠯᠲᠠ ᠨᠢ ᠬᠥᠮᠦᠰ ᠢ ᠵᠣᠷᠢᠭᠵᠢᠭᠤᠯᠵᠤ᠂ ᠳᠤᠮᠳᠠᠳᠤ ᠤᠯᠤᠰ ᠤᠨ ᠥᠨᠳᠥᠷ ᠲᠦᠪᠰᠢᠨ ᠪᠥᠬᠦᠶ ᠨᠡᠭᠡᠭᠡᠯᠲᠡ ᠶᠢ ᠡᠷᠡᠰ ᠠᠬᠢᠭᠤᠯᠬᠤ᠂ ᠳᠡᠯᠡᠬᠡᠶ ᠳ᠋ᠠᠬᠢᠨ ᠲᠠᠢ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠢᠲᠡᠭᠡᠯ ᠵᠣᠷᠢᠭ ᠢ ᠮᠡᠳᠡᠷᠡᠭᠦᠯᠵᠦ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠲᠥᠷᠥᠯ ᠯᠦᠭᠡ ᠬᠠᠮᠲᠤ ᠪᠠᠷ ᠦᠰᠦᠨ ᠪᠤᠶᠢᠵᠢᠬᠤ ᠶᠢ ᠬᠦᠰᠡᠵᠦ ᠪᠠᠶᠢᠨ᠎ᠠ ᠭᠡᠵᠡᠶ᠃  BIRTV 2024 ᠶᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠠᠴᠠ ᠵᠢᠯᠣᠭᠤᠳᠴᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠣᠯᠠᠨ ᠤᠯᠤᠰ ᠤᠨ ᠠᠵᠤ ᠠᠬᠤᠶ ᠮᠡᠷᠭᠡᠵᠢᠯ ᠤᠨ ᠬᠠᠮᠲᠤᠷᠠᠯᠴᠠᠭᠠᠨ ᠤ ᠬᠢᠵᠠᠭᠠᠷᠲᠤ ᠺᠣᠮᠫᠠᠨᠢ ᠠᠴᠠ ᠭᠤᠤᠯᠯᠠᠨ ᠡᠷᠭᠢᠯᠡᠪᠡ᠃ ᠦᠵᠡᠰᠬᠦᠯᠡᠩ ᠨᠢ ᠮᠠᠨ ᠤ ᠤᠯᠤᠰ ᠤᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢᠨ ᠴᠢᠬᠤᠯᠠ ᠤᠬᠠᠭᠤᠯᠤᠨ ᠲᠤᠭᠤᠰᠢᠯᠠᠭᠤᠯᠬᠤ ᠲᠠᠪᠴᠠᠩ᠂ ᠬᠥᠭᠵᠢᠯᠲᠡ ᠶᠢᠨ ᠦᠷ᠎ᠡ ᠪᠦᠲᠦᠭᠡᠯ ᠪᠠ ᠰᠢᠨ᠎ᠡ ᠶᠢ ᠡᠭᠦᠳᠬᠦ ᠡᠵᠡᠩᠨᠡᠯᠲᠡ ᠶᠢᠨ ᠬᠡᠯᠪᠡᠷᠢ ᠶᠢᠨ ᠴᠢᠬᠤᠯᠠ ᠳᠡᠯᠭᠡᠨ ᠦᠵᠡᠭᠦᠯᠵᠦ ᠳᠡᠯᠭᠡᠷᠡᠭᠦᠯᠬᠦ ᠲᠠᠪᠴᠠᠩ᠂ ᠣᠯᠠᠨ ᠤᠯᠤᠰ ᠤᠨ ᠷᠠᠳᠢᠣ᠋ ᠺᠢᠨᠣ᠋ ᠲᠧᠯᠸᠢᠰ ᠤᠨ ᠠᠵᠢᠯ ᠲᠥᠷᠥᠯ ᠤᠨ ᠴᠢᠬᠤᠯᠠ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠨᠠᠩ ᠣᠯᠠᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠵᠤ᠂ ᠳᠠᠶᠢᠴᠢᠯᠠᠬᠤ ᠦᠢᠯᠡᠳᠦᠯ ᠢ ᠦᠷᠭᠦᠯᠵᠢᠯᠡᠨ ᠶᠡᠬᠡᠰᠬᠡᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map