| | | | | | 8 ᠳ᠋ᠤᠭᠠᠷ ᠰᠠᠷ᠎ᠠ ᠶᠢᠨ 27 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠭᠤᠸᠠᠩᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠭᠤᠸᠠᠩᠵᠧᠦ ᠳᠤ ︽ᠳᠤᠮᠳᠠᠳᠤ | ᠤᠯᠤᠰ ︵ᠭᠤᠸᠠᠩᠳᠦ᠋ᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢᠨ ᠬᠠᠮᠲᠤᠷᠠᠯᠴᠠᠭᠠᠨ ᠤ ᠰᠠᠨᠠᠮᠵᠢ | ᠪᠢᠴᠢᠭ ᠲᠤ ᠭᠠᠷ ᠤᠨ ᠦᠰᠦᠭ ᠵᠢᠷᠤᠬᠤ ᠶᠣᠰᠣᠯᠠᠯ ᠢ ᠶᠠᠪᠤᠭᠳᠠᠭᠤᠯᠪᠠ᠃ | ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠰᠠᠶᠢᠳ ᠸᠠᠩ ᠵᠢᠶᠠᠩ ᠫᠢᠩ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠨᠠᠶᠢᠷᠠᠭᠤᠯᠬᠤ ᠠᠵᠢᠯ ᠤᠨ | ᠬᠤᠷᠠᠯ ᠤᠨ ᠭᠡᠰᠢᠭᠦᠨ ᠵᠢᠶᠠᠩ ᠸᠧᠨ ᠪᠥᠸᠧ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠸᠠᠩ ᠸᠧᠢ ᠵᠦᠩ | ᠤᠷᠢᠳ ᠬᠤᠵᠢᠳ ᠪᠠᠶᠠᠷ ᠤᠨ ᠦᠭᠡ ᠬᠡᠯᠡᠪᠡ᠃ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠴᠧᠨ ᠵᠢᠶᠠᠨ ᠸᠧᠨ ᠭᠡᠷ᠎ᠡ ᠲᠣᠭᠲᠠᠬᠤ ᠶᠣᠰᠣᠯᠠᠯ ᠢ ᠡᠷᠭᠢᠯᠡᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠮᠤᠵᠢ ᠶᠢᠨ ᠳᠡᠳ᠋ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠰᠢ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠭᠤᠸᠠᠩᠵᠧᠦ ᠬᠤᠲᠠ ᠶᠢᠨ ᠨᠠᠮ ᠤᠨ ᠬᠤᠷᠢᠶᠠᠨ ᠤ ᠱᠦᠵᠢ ᠭᠦᠸᠧ ᠶᠦᠩ ᠬᠠᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠼᠤᠤ ᠱᠦ ᠮᠢᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠴᠢᠨᠠᠷ ᠰᠠᠶᠢᠲᠠᠶ ᠬᠥᠭᠵᠢᠯᠲᠡ ᠪᠣᠯ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠰᠣᠶᠣᠯ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ | ᠬᠡᠯᠪᠡᠷᠢ ᠶᠢ ᠲᠦᠷᠭᠡᠪᠴᠢᠯᠡᠨ ᠬᠥᠭᠵᠢᠭᠦᠯᠵᠦ᠂ ᠳᠡᠯᠡᠬᠡᠶ ᠶᠢᠨ ᠥᠷᠢᠰᠦᠯᠳᠦᠬᠦ ᠬᠦᠴᠦᠨ ᠲᠠᠢ ᠲᠣᠭᠠᠵᠢᠭᠤᠯᠤᠭᠰᠠᠨ ᠠᠵᠤ ᠦᠢᠯᠡᠰ ᠤᠨ ᠰᠦᠷᠦᠭᠵᠢᠯ ᠢ | ᠪᠠᠶᠢᠭᠤᠯᠬᠤ ᠪᠠᠷ ᠳᠤᠷᠠᠳᠬᠤ ᠬᠡᠷᠡᠭᠲᠡᠶ᠃ ᠬᠡᠲᠦ ᠥᠨᠳᠥᠷ ᠲᠤᠳᠤᠷᠠᠴᠠᠲᠤ ᠶᠢᠨ ᠪᠠᠶᠢᠳᠠᠯ ᠪᠣᠯ ᠪᠥᠬᠦ ᠪᠥᠮᠪᠥᠷᠴᠡᠭ ᠤᠨ ᠦᠵᠡᠵᠦ ᠰᠣᠨᠣᠰᠬᠤ ᠮᠡᠷᠭᠡᠵᠢᠯ ᠤᠨ | ᠳᠠᠪᠬᠤᠴᠠᠨ ᠤᠯᠠᠷᠢᠨ ᠬᠤᠪᠢᠰᠬᠤ ᠵᠠᠶᠢᠯᠠᠰᠢ ᠥᠬᠡᠶ ᠬᠠᠨᠳᠤᠰᠢ ᠮᠥᠨ᠂ ᠡᠨᠡ ᠨᠢ ᠲᠣᠮᠣ ᠵᠢᠵᠢᠭ ᠳᠡᠯᠭᠡᠴᠡ ᠪᠠᠷ ᠦᠵᠡᠵᠦ ᠰᠣᠨᠣᠰᠬᠤ ᠬᠤᠪᠢᠰᠬᠠᠯ ᠢ ᠬᠥᠲᠥᠯᠦᠨ | ᠳᠠᠭᠠᠭᠤᠯᠬᠤ᠂ ᠦᠵᠡᠵᠦ ᠰᠣᠨᠣᠰᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ᠂ ᠮᠡᠳᠡᠭᠡ ᠵᠠᠩᠭᠢ ᠶᠢᠨ ᠰᠠᠭᠤᠷᠢ | ᠲᠥᠬᠦᠭᠡᠷᠦᠮᠵᠢ ᠶᠢ ᠳᠠᠬᠢᠨ ᠳᠠᠪᠲᠠᠨ ᠲᠠᠰ ᠳᠡᠪᠰᠢᠭᠦᠯᠬᠦ᠂ ᠡᠯᠧᠺᠲᠷᠣᠨ ᠮᠡᠳᠡᠭᠡ ᠵᠠᠩᠭᠢ ᠦᠢᠯᠡᠳᠬᠦ ᠦᠢᠯᠡᠰ ᠢ ᠳᠠᠶᠢᠴᠢᠯᠠᠬᠤ᠂ ᠲᠣᠭᠠᠵᠢᠭᠤᠯᠤᠭᠰᠠᠨ ᠠᠵᠤ | ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠴᠢᠬᠤᠯᠠ ᠬᠥᠳᠡᠯᠭᠡᠬᠦ ᠬᠦᠴᠦᠨ ᠮᠥᠨ᠃ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠸᠢᠳᠢᠤ᠋ ᠶᠢᠨ ᠮᠡᠷᠭᠡᠵᠢᠯ ᠨᠢ ᠪᠠᠷᠢᠮᠵᠢᠶ᠎ᠠ | ᠲᠤᠳᠤᠷᠠᠴᠠᠲᠤ ᠶᠢ ᠰᠤᠷᠤᠯᠴᠠᠵᠤ᠂ ᠣᠨᠴᠠ ᠲᠤᠳᠤᠷᠠᠴᠠᠲᠤ ᠶᠢ ᠬᠥᠭᠡᠭᠡᠵᠦ ᠭᠦᠢᠴᠡᠨ᠂ ᠬᠡᠳᠦ ᠥᠨᠳᠥᠷ ᠲᠤᠳᠤᠷᠠᠴᠠᠲᠤ ᠶᠢᠨ ᠬᠡᠰᠡᠭ ᠪᠡᠶ᠎ᠡ ᠪᠠᠨ ᠳᠠᠭᠠᠭᠠᠭᠰᠠᠨ | ᠭᠤᠣᠯᠯᠠᠬᠤ ᠮᠡᠷᠭᠡᠵᠢᠯ ᠨᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠦᠭᠰᠡᠨ ᠪᠣᠯᠪᠠᠴᠤ ᠠᠵᠤ ᠦᠢᠯᠡᠰ ᠤᠨ ᠬᠡᠯᠬᠢᠶ᠎ᠡ ᠵᠣᠬᠢᠴᠠᠯᠳᠤᠬᠤ ᠦᠭᠡᠢ᠂ ᠳᠡᠭᠡᠳᠦ | ᠳᠣᠣᠷᠠᠳᠤ ᠤᠷᠤᠰᠬᠠᠯ ᠨᠡᠪᠲᠡᠷᠡᠯᠴᠡᠵᠦ ᠳᠡᠶᠢᠯᠬᠦ ᠦᠭᠡᠢ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠨ᠎ᠠ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠡᠯ᠎ᠡ | ᠲᠠᠯ᠎ᠠ ᠶᠢᠨ ᠬᠢᠨ ᠲᠠᠢ ᠬᠤᠯᠪᠣᠭᠠᠯᠠᠨ᠂ ︽ᠴᠡᠭ ᠢᠶᠠᠷ ᠨᠡᠶᠢᠳᠡᠮ ᠢ ᠳᠠᠶᠢᠴᠢᠯᠠᠬᠤ᠂ ᠭᠤᠤᠯᠳᠠᠯᠭ᠎ᠠ ᠲᠠᠢ ᠪᠠᠷ ᠰᠢᠪᠲᠤᠯᠬᠤ᠂ ᠪᠥᠬᠦ ᠬᠡᠯᠬᠢᠶ᠎ᠡ ᠪᠠᠷ ᠲᠠᠰ ᠳᠡᠪᠰᠢᠭᠦᠯᠬᠦ︾ | ᠠᠵᠢᠯ ᠤᠨ ᠰᠡᠳᠭᠢᠮᠵᠢ ᠶᠣᠰᠣᠭᠠᠷ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠬᠥᠭᠵᠢᠭᠰᠡᠨ | ᠵᠠᠭᠤᠴᠢᠯᠠᠭᠤᠷ᠂ ᠲᠧᠯᠸᠢᠰ ᠤᠨ ᠲᠣᠮᠣ ᠳᠡᠯᠭᠡᠴᠡ ᠪᠠ ᠭᠠᠷ ᠤᠲᠠᠰᠤᠨ ᠤ ᠵᠢᠵᠢᠭ ᠳᠡᠯᠭᠡᠴᠡ ᠶᠢ ᠨᠢᠭᠡᠳᠦᠯᠲᠡᠶ ᠲᠥᠯᠥᠪᠯᠡᠵᠦ᠂ ᠠᠭᠤᠯᠭ᠎ᠠ ᠶᠢᠨ ᠦᠢᠯᠡᠳᠪᠦᠷᠢᠯᠡᠯ᠂ | ᠠᠭᠤᠯᠭ᠎ᠠ ᠶᠢᠨ ᠨᠡᠪᠲᠡᠷᠡᠭᠦᠯᠭᠡ᠂ ᠰᠦᠯᠵᠢᠶᠡᠨ ᠤ ᠳᠠᠮᠵᠢᠭᠤᠯᠭ᠎ᠠ᠂ ᠦᠵᠦᠭᠦᠷ ᠤᠨ ᠭᠥᠯᠢᠶᠡᠨ ᠠᠪᠬᠤ ᠵᠡᠷᠭᠡ ᠪᠥᠬᠦ ᠬᠡᠯᠬᠢᠶᠡᠨ ᠤ ᠰᠢᠰᠲ᠋ᠧᠮ ᠤᠨ ᠪᠠᠶᠢᠷᠢᠯᠠᠭᠤᠯᠤᠯᠲᠠ᠂ | ᠡᠯ᠎ᠡ ᠭᠤᠭᠴᠤᠭ᠎ᠠ ᠶᠢᠨ ᠭᠤᠤᠯᠳᠠᠯᠭ᠎ᠠ ᠲᠠᠢ ᠰᠢᠪᠲᠤᠯᠤᠯᠲᠠ ᠪᠠ ᠲᠣᠭᠲᠠᠯᠴᠠᠭᠠᠵᠢᠭᠤᠯᠤᠭᠰᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠵᠤ᠂ | ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠪᠦᠬᠦᠯᠢ | ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠬᠡᠲᠦ ᠥᠨᠳᠥᠷ ᠲᠤᠳᠤᠷᠠᠴᠠᠲᠤ ᠶᠢ ᠠᠷᠠᠳ ᠣᠯᠠᠨ ᠤ ᠰᠡᠳᠬᠢᠯ ᠬᠠᠨᠤᠮᠵᠢᠲᠠᠶ ︽ᠰᠣᠳᠣᠨ ᠢᠨᠵᠧᠨᠧᠷᠢᠩ︾᠂ | ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠨ ᠪᠥᠲᠥᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠵᠢᠶᠠᠩ ᠫᠢᠩ᠂ ᠬᠡᠳᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠢ ᠬᠥᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶᠠᠨ ᠤ ᠲᠣᠭᠠᠵᠢᠭᠤᠯᠤᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ | ᠪᠦᠳᠦᠭᠡᠨ ᠪᠠᠶᠢᠭᠤᠯᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠡᠳᠦ ᠥᠨᠳᠥᠷ | ᠲᠤᠳᠤᠷᠠᠴᠠᠲᠤ ᠸᠢᠳᠢᠣ᠋ ᠨᠢ ᠦᠵᠡᠵᠦ ᠰᠣᠨᠣᠰᠬᠤ ᠡᠯᠧᠺᠲᠷᠣᠨ ᠬᠦᠷᠢᠶᠡᠨ ᠳᠠᠬᠢ ᠴᠢᠬᠤᠯᠠ ᠶᠡᠭᠡ ᠮᠡᠷᠭᠡᠵᠢᠯ ᠤᠨ ᠰᠢᠨᠡᠴᠢᠯᠡᠯᠲᠡ ᠶᠢᠨ ᠴᠢᠭᠯᠡᠯ ᠪᠣᠯᠤᠭᠰᠠᠨ ᠤ | ᠬᠤᠪᠢ ᠳᠤ᠂ ᠠᠵᠤ ᠠᠬᠤᠢ ᠨᠡᠶᠢᠭᠡᠮ ᠤᠨ ᠲᠣᠭᠠᠵᠢᠭᠤᠯᠤᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠴᠢᠬᠤᠯᠠ ᠪᠠᠭᠠᠵᠢ ᠪᠠ ᠠᠷᠠᠳ ᠤᠯᠠᠨ ᠤ ᠰᠣᠶᠣᠯ ᠤᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠠᠴᠢᠶᠠᠯᠠᠪᠤᠷᠢ ᠪᠤᠯᠵᠤ᠂ ᠬᠤᠯᠪᠣᠭᠳᠠᠯ ᠪᠦᠬᠦᠢ ᠮᠡᠷᠭᠡᠵᠢᠯ ᠪᠠ ᠦᠢᠯᠡᠳᠬᠦᠨ ᠨᠢ ᠨᠢᠭᠡᠨᠲᠡ ᠬᠥᠮᠦᠰ ᠤᠨ | ᠦᠢᠯᠡᠳᠪᠦᠷᠢᠯᠡᠯ ᠠᠮᠢᠳᠤᠷᠠᠯ ᠳᠤ ᠥᠷᠭᠡᠨ ᠢᠶᠠᠷ ᠠᠭᠤᠰᠤᠯᠴᠠᠵᠤ᠂ ᠠᠷᠠᠳ ᠤᠯᠠᠨ ᠤ ᠦᠵᠡᠵᠦ ᠰᠣᠨᠣᠰᠬᠤ ᠪᠡᠶᠡᠴᠢ ᠣᠶᠢᠯᠠᠭᠠᠯᠲᠠ ᠶᠢ ᠲᠦᠢᠯ ᠤᠨ ᠶᠡᠭᠡ ᠪᠠᠷ | ᠳᠡᠭᠡᠭᠰᠢᠯᠡᠭᠦᠯᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ᠂ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠴᠢᠬᠤᠯᠠ ᠲᠠᠪᠴᠠᠩ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠦᠵᠡᠰᠬᠦᠯᠡᠩᠲᠦ ᠰᠠᠶᠢᠬᠠᠨ ︽ᠳᠤᠮᠳᠠᠳᠤ | ᠤᠯᠤᠰ ᠤᠨ ᠨᠡᠷ᠎ᠡ ᠶᠢᠨ ᠬᠠᠭᠤᠳᠠᠰᠤ︾ ᠪᠣᠯᠤᠭᠰᠠᠨ ᠪᠠᠶᠢᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠨᠢ ᠶᠡᠷᠦᠩᠬᠡᠢ ᠱᠦᠵᠢ ᠰᠢ ᠶᠢᠨ | ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ︵ᠭᠤᠸᠠᠩᠳᠦ᠋ᠩ︶ ᠤᠨ ᠬᠡᠲᠦ | ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ 2023 ᠣᠨ ᠤ | ᠳᠤᠯᠤᠭᠠᠨ ᠰᠠᠯᠠᠭ᠎ᠠ ᠮᠥᠴᠢᠷ ᠤᠨ ᠬᠠᠮᠲᠤᠷᠠᠵᠤ ᠳᠠᠷᠤᠮᠠᠯᠯᠠᠨ ᠲᠠᠷᠬᠠᠭᠠᠭᠰᠠᠨ ︽ᠦᠵᠡᠵᠦ ᠰᠣᠨᠣᠰᠬᠤ ᠡᠯᠧᠺᠲᠷᠣᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠣᠷᠣᠨ | ᠨᠤᠲᠤᠭ ᠲᠠᠢ ᠬᠠᠮᠲᠤ ᠪᠠᠷ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠦᠴᠦᠯᠡᠨ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠰᠢᠨ᠎ᠡ | ᠬᠡᠯᠪᠡᠷᠢ ᠶᠢᠨ ᠦᠢᠯᠡᠳᠬᠦᠨ ᠢ ᠬᠦᠴᠦᠯᠡᠨ ᠬᠥᠭᠵᠢᠭᠦᠯᠵᠦ᠂ ᠰᠢᠯᠢᠳᠡᠭ ᠠᠵᠤ ᠠᠬᠤᠶᠢᠯᠠᠯ ᠢ ᠪᠤᠶᠢᠵᠢᠭᠤᠯᠵᠤ᠂ ᠬᠡᠷᠡᠭᠯᠡᠭᠡᠨ ᠤ ᠪᠠᠶᠢᠳᠠᠯ ᠢ ᠬᠦᠴᠦᠯᠡᠨ ᠥᠷᠭᠡᠳᠬᠡᠵᠦ᠂ | ᠮᠢᠩᠭᠠᠨ ᠭᠠᠵᠠᠷ ᠤᠯᠠᠨ ᠦᠢᠯᠡᠰ ᠪᠦᠲᠦᠭᠡᠬᠦ ᠳᠤ ᠬᠦᠴᠦᠨ ᠨᠡᠮᠡᠷᠢᠯᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠳᠤ ᠪᠠᠲᠤ ᠴᠢᠩᠭ᠎ᠠ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠢᠶᠠᠩ ᠸᠧᠨ ᠪᠥᠸᠧ᠂ ᠬᠡᠲᠦ ᠥᠨᠳᠥᠷ ᠲᠤᠳᠤᠷᠠᠴᠠᠲᠤ ᠸᠢᠳᠢᠣ᠋ ᠪᠣᠯ ᠲᠣᠭᠠᠵᠢᠭᠤᠯᠤᠭᠰᠠᠨ᠂ ᠥᠨᠳᠥᠷ ᠲᠣᠳᠤᠷᠠᠴᠠᠲᠤᠭᠤᠯᠤᠭᠰᠠᠨ ᠤ ᠳᠠᠷᠠᠭᠠᠬᠢ ᠰᠢᠨ᠎ᠡ ᠨᠢᠭᠡ | ᠡᠭᠡᠯᠵᠢ ᠶᠢᠨ ᠴᠢᠬᠤᠯᠠ ᠶᠡᠭᠡ ᠮᠡᠷᠭᠡᠵᠢᠯ ᠤᠨ ᠰᠢᠨᠡᠴᠢᠯᠡᠯᠲᠡ ᠮᠥᠨ᠃ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ᠂ ᠶᠡᠷᠦᠩᠬᠡᠢ | ᠬᠤᠷᠢᠶ᠎ᠠ ᠨᠢ ᠳᠠᠮᠵᠢᠭᠤᠯᠬᠤ ᠪᠠᠶᠢᠭᠤᠯᠤᠮᠵᠢ ᠪᠣᠯᠤᠨ ᠳᠠᠭᠠᠭᠠᠴᠢᠯᠠᠯᠲᠠ ᠣᠯᠵᠤ ᠰᠢᠯᠵᠢᠭᠦᠯᠦᠨ ᠨᠡᠪᠲᠡᠷᠡᠭᠦᠯᠬᠦ ᠲᠥᠷᠥᠯ ᠵᠦᠢᠯ ᠬᠠᠮᠤᠭ ᠤᠨ ᠣᠯᠠᠨ ᠤᠯᠤᠰ ᠤᠨ | ᠵᠠᠭᠤᠴᠢᠯᠠᠭᠤᠷ ᠪᠣᠯᠤᠭᠰᠠᠨ ᠤ ᠬᠤᠪᠢ ᠳᠤ᠂ ᠬᠢᠯᠢ ᠶᠢᠨ ᠭᠠᠳᠠᠨ᠎ᠠ ᠠᠩᠬ᠎ᠠ ᠤᠳᠠᠭ᠎ᠠ ᠪᠦᠬᠦ 4K ᠬᠡᠳᠦ ᠥᠨᠳᠥᠷ ᠲᠤᠳᠤᠷᠠᠴᠠᠲᠤ ᠪᠠᠷ ᠰᠢᠯᠵᠢᠭᠦᠯᠦᠨ ᠨᠡᠪᠲᠡᠷᠡᠭᠦᠯᠵᠦ᠂ | ᠠᠩᠬ᠎ᠠ ᠤᠳᠠᠭ᠎ᠠ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠪᠣᠯᠤᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ | 8K ᠣᠯᠠᠨ ᠤᠯᠤᠰ ᠤᠨ ᠨᠡᠶᠢᠲᠡ ᠶᠢᠨ ᠳᠣᠬᠢᠶ᠎ᠠ ᠵᠣᠬᠢᠶᠠᠬᠤ ᠶᠢ ᠥᠷᠨᠢᠭᠦᠯᠵᠦ᠂ ᠰᠢᠯᠵᠢᠭᠦᠯᠦᠨ ᠨᠡᠪᠲᠡᠷᠡᠭᠦᠯᠵᠦ ᠮᠡᠳᠡᠭᠡᠯᠡᠬᠦ ᠬᠡᠪᠴᠢᠶ᠎ᠡ ᠨᠢ ᠲᠡᠦᠬᠡ ᠶᠢᠨ ᠬᠠᠮᠤᠭ | ᠥᠨᠳᠥᠷ ᠲᠡᠮᠳᠡᠭᠯᠡᠯ ᠢ ᠡᠭᠦᠳᠴᠡᠢ᠃ ᠶᠡᠷᠦᠩᠬᠡᠶ ᠬᠤᠷᠢᠶ᠎ᠠ ᠨᠢ ᠬᠡᠲᠦ ᠥᠨᠳᠥᠷ ᠲᠤᠳᠤᠷᠠᠴᠠᠲᠤ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢ ᠢᠳᠡᠪᠬᠢᠲᠡᠶ ᠠᠬᠢᠭᠤᠯᠵᠤ | ᠂ ︽4K/8K ᠬᠡᠲᠦ ᠥᠨᠳᠥᠷ ᠲᠤᠳᠤᠷᠠᠴᠠᠲᠤ ᠸᠢᠳᠢᠣ᠋ + ᠭᠤᠷᠪᠠᠨ ᠬᠡᠮᠵᠢᠯᠲᠦ ᠥᠩᠭᠡ ᠳᠠᠭᠤᠨ︾ ᠢᠶᠠᠷ ᠳᠠᠮᠵᠢᠭᠤᠯᠤᠨ ᠲᠧᠯᠸᠢᠰ ᠢ ᠪᠥᠬᠦ ᠵᠠᠭᠤᠴᠢᠯᠠᠭᠤᠷ | ᠲᠡᠶᠢᠰᠢ ᠬᠡᠲᠦ ᠥᠨᠳᠥᠷ ᠲᠤᠳᠤᠷᠠᠴᠠᠲᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ 4K/8K ᠬᠡᠲᠦ ᠥᠨᠳᠥᠷ ᠲᠤᠳᠤᠷᠠᠴᠠᠲᠤ | ᠲᠧᠯᠸᠢᠰ ᠤᠨ ᠰᠤᠪᠠᠭ᠂ ᠲᠥᠪ ᠤᠨ ᠸᠢᠳᠢᠣ᠋᠂ ᠺᠢᠨᠣ᠋ ᠶᠢᠨ ᠣᠷᠳᠣᠨ ᠤ ᠱᠤᠭᠤᠮ᠂ ︽ᠵᠠᠭᠤᠨ ᠬᠤᠲᠠ ᠮᠢᠩᠭᠠᠨ ᠳᠡᠯᠭᠡᠴᠡ︾ ᠶᠢᠨ 8K ᠬᠡᠲᠦ ᠥᠨᠳᠥᠷ | ᠲᠤᠳᠤᠷᠠᠴᠠᠲᠤ ᠳᠠᠮᠵᠢᠭᠤᠯᠭ᠎ᠠ ᠶᠢᠨ ᠲᠠᠪᠴᠠᠩ ᠲᠠᠢ ᠬᠠᠮᠲᠤᠷᠠᠨ ᠬᠠᠮ ᠵᠠᠭᠤᠴᠢᠯᠠᠭᠤᠷ ᠤᠨ ᠬᠡᠲᠦ ᠥᠨᠳᠥᠷ ᠲᠤᠳᠤᠷᠠᠴᠠᠲᠤ ᠳᠠᠮᠵᠢᠭᠤᠯᠭ᠎ᠠ ᠶᠢᠨ ᠡᠩᠨᠡᠭᠡ ᠶᠢ | ᠪᠠᠶᠢᠭᠤᠯᠵᠤ᠂ ᠬᠡᠲᠦ ᠥᠨᠳᠥᠷ ᠲᠤᠳᠤᠷᠠᠴᠠᠲᠤ ᠲᠧᠯᠸᠢᠰ ᠤᠨ ᠲᠣᠮᠣ ᠵᠢᠵᠢᠭ ᠳᠡᠯᠭᠡᠴᠡ ᠪᠠᠷ ᠠᠭᠤᠰᠤᠯᠴᠠᠭᠤᠯᠤᠨ ᠳᠠᠮᠵᠢᠭᠤᠯᠬᠤ ᠦᠢᠯᠡᠳᠦᠯᠭᠡ ᠶᠢ ᠯᠠᠪᠳᠠᠭᠤᠨ | ᠪᠠᠲᠤᠲᠠᠶ ᠥᠷᠨᠢᠭᠦᠯᠵᠦ᠂ ᠥᠷᠭᠡᠨ ᠣᠯᠠᠨ ᠭᠥᠯᠢᠶᠡᠨ ᠠᠪᠤᠭᠴᠢᠳ ᠲᠤ ᠰᠣᠭᠲᠤᠭᠤᠷᠠᠮᠠᠯ ᠮᠠᠶ᠋ᠢᠭ ᠤᠨ ᠦᠵᠡᠭᠦᠯᠭᠡ ᠶᠢᠨ ᠤᠷᠤᠯᠳᠤᠭᠠᠨ ᠤ ᠲᠦᠢᠯ ᠤᠨ ᠪᠡᠶᠡᠴᠢ | ᠣᠶᠢᠯᠠᠭᠠᠯᠲᠠ ᠶᠢ ᠪᠣᠶ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠰᠢᠨ᠎ᠡ ᠴᠢᠨᠠᠷ ᠤᠨ ᠳᠠᠮᠵᠢᠭᠤᠯᠭ᠎ᠠ ᠶᠢᠨ ᠬᠦᠴᠦᠨ ᠪᠠ ᠵᠠᠭᠤᠴᠢᠯᠠᠭᠤᠷ ᠤᠨ | ᠬᠥᠲᠥᠯᠦᠨ ᠳᠠᠭᠠᠭᠤᠯᠬᠤ ᠬᠦᠴᠦᠨ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠨ᠎ᠠ᠃ ︽ᠳᠤᠮᠳᠠᠳᠤ ᠤᠯᠤᠰ ︵ᠭᠤᠸᠠᠩᠳᠦ᠋ᠩ︶ ᠤᠨ ᠬᠡᠲᠦ ᠥᠨᠳᠥᠷ | ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠳᠤ ᠰᠠᠭᠤᠷᠢᠯᠠᠵᠤ᠂ ᠶᠡᠷᠦᠩᠬᠡᠶ ᠬᠤᠷᠢᠶ᠎ᠠ ᠡᠯ᠎ᠡ ᠶᠠᠮᠤᠨ ᠵᠥᠪᠯᠡᠯ᠂ ᠭᠤᠸᠠᠩᠳᠦ᠋ᠩ | ᠮᠤᠵᠢ ᠶᠢᠨ ᠨᠠᠮ ᠤᠨ ᠬᠤᠷᠢᠶ᠎ᠠ ᠮᠤᠵᠢ ᠶᠢᠨ ᠵᠠᠰᠠᠭ ᠤᠨ ᠣᠷᠳᠣᠨ ᠵᠢᠴᠢ ᠡᠯ᠎ᠡ ᠬᠤᠯᠪᠣᠭᠳᠠᠯ ᠪᠥᠬᠦᠶ ᠠᠵᠤ ᠦᠢᠯᠡᠰ ᠲᠠᠢ ᠨᠢᠭᠲᠠ ᠬᠠᠮᠵᠢᠯᠴᠠᠬᠤ ᠪᠠᠨ ᠴᠢᠩᠭᠠᠳᠬᠠᠵᠤ | ᠂ ᠬᠡᠲᠦ ᠥᠨᠳᠥᠷ ᠲᠤᠳᠤᠷᠠᠴᠠᠲᠤ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠲᠦ ᠥᠨᠳᠥᠷ | ᠲᠤᠳᠤᠷᠠᠴᠠᠲᠤ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ᠂ ᠰᠢᠨ᠎ᠡ ᠶᠢ ᠡᠭᠦᠳᠦᠨ ᠠᠭᠤᠰᠤᠯᠴᠠᠭᠤᠯᠬᠤ᠂ ᠠᠮᠢ ᠠᠬᠤᠶ ᠶᠢᠨ ᠪᠠᠶᠢᠭᠤᠯᠤᠯᠲᠠ ᠶᠢ ᠢᠳᠡᠪᠬᠢᠲᠡᠶ | ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠪᠠᠶᠢᠬᠤ᠂ ᠬᠠᠮᠲᠤ ᠪᠠᠷ ᠬᠥᠭᠵᠢᠬᠦ ᠶᠢ ᠪᠡᠶᠡᠯᠡᠭᠦᠯᠵᠦ | ᠂ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠶᠢᠨ ᠬᠠᠷᠠᠭᠠᠰᠤ ᠪᠥᠬᠦᠶ ᠬᠦᠷᠢᠶᠡᠨ ᠳᠠᠬᠢ ᠭᠤᠤᠯᠯᠠᠬᠤ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠳᠡᠯᠡᠬᠡᠶ ᠶᠢᠨ ᠬᠡᠲᠦ ᠥᠨᠳᠥᠷ ᠲᠤᠳᠤᠷᠠᠴᠠᠲᠤ ᠬᠦᠷᠢᠶ᠎ᠡ ᠴᠠᠷᠠᠭ᠎ᠠ ᠳᠤ ︽ᠳᠤᠮᠳᠠᠳᠤ ᠤᠯᠤᠰ ᠤᠨ ᠬᠡᠪ ᠳᠠᠭᠤᠷᠢᠶᠠᠯ︾ ᠢ ᠪᠣᠶ ᠪᠣᠯᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ ᠃ | ᠸᠠᠩ ᠸᠧᠶ ᠵᠥᠩ᠂ ᠭᠤᠸᠠᠩᠳᠦ᠋ᠩ ᠨᠢ ᠪᠣᠳᠠᠲᠤ ᠴᠣᠭᠴᠠ ᠶᠢᠨ ᠠᠵᠤ ᠠᠬᠤᠶ ᠪᠠᠷ ᠦᠨᠳᠦᠰᠦ ᠪᠣᠯᠭᠠᠬᠤ᠂ ᠦᠢᠯᠡᠳᠬᠦ ᠦᠢᠯᠡᠰ ᠤᠨ ᠡᠷᠬᠡ ᠮᠡᠳᠡᠯ ᠢᠶᠠᠷ | ᠭᠤᠣᠯᠯᠠᠭᠤᠯᠬᠤ ᠶᠢ ᠪᠠᠷᠢᠮᠲᠠᠯᠠᠵᠤ᠂ ᠬᠡᠲᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠥᠬᠦ | ᠤᠯᠤᠰ ᠤᠨ ᠴᠣᠷ ᠤᠨ ᠭᠠᠭᠴᠠ ᠢᠯᠡᠷᠡᠭᠦᠯᠬᠦ ᠬᠦᠷᠢᠶᠡᠨ ᠳᠠᠬᠢ ᠤᠯᠤᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠠ ᠤᠯᠤᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠤ 4K ᠰᠤᠪᠠᠭ ᠢ ᠨᠡᠭᠡᠭᠡᠵᠦ᠂ ᠪᠥᠬᠦ ᠤᠯᠤᠰ ᠤᠨ | ᠠᠩᠬᠠᠳᠠᠭᠴᠢ ᠬᠡᠲᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠤᠨ ᠬᠥᠭᠵᠢᠯᠲᠡ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠪᠥᠬᠦ | ᠮᠤᠵᠢ ᠶᠢᠨ ᠬᠡᠲᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠤᠨ ᠡᠵᠡᠩᠨᠡᠯᠲᠡ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠠᠵᠤ | ᠦᠢᠯᠡᠰ ᠤᠨ ᠬᠡᠪᠴᠢᠶ᠎ᠡ ᠨᠢ ᠪᠥᠬᠦ ᠤᠯᠤᠰ ᠤᠨ 1/5᠂ 4K ᠲᠧᠯᠸᠢᠰ ᠤᠨ ᠦᠢᠯᠡᠳᠬᠦᠨ ᠤ ᠭᠠᠷᠤᠯᠲᠠ᠂ ᠲᠧᠯᠸᠢᠰ ᠤᠨ ᠳᠠᠪᠲᠠᠮᠵᠢ ᠬᠦᠯᠢᠶᠡᠭᠦᠷ ᠤᠨ ᠭᠠᠷᠤᠯᠲᠠ᠂ | ᠲᠧᠯᠸᠢᠰ ᠤᠨ ᠬᠠᠪᠲᠠᠰᠤ ᠵᠢᠴᠢ 4K ᠲᠧᠯᠸᠢᠰ ᠤᠨ ᠬᠡᠷᠡᠭᠯᠡᠭᠴᠢ᠂ 4K ᠫᠷᠤᠭ᠍ᠷᠠᠮ ᠤᠨ ᠴᠠᠭ ᠤᠨ ᠤᠷᠲᠤ ᠵᠡᠷᠭᠡ ᠨᠢ ᠴᠥᠮ ᠪᠥᠬᠦ ᠤᠯᠤᠰ ᠤᠨ ᠡᠮᠦᠨ᠎ᠡ | ᠡᠩᠨᠡᠭᠡᠨ ᠳᠤ ᠣᠷᠣᠪᠠ᠃ ᠭᠤᠸᠠᠩᠳᠦ᠋ᠩ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠲᠤᠬᠠᠢ ᠴᠢᠬᠤᠯᠠ ᠶᠠᠷᠢᠶ᠎ᠠ᠂ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠤᠵᠢ ᠶᠢᠨ ᠨᠠᠮ ᠤᠨ ᠬᠤᠷᠢᠶᠠᠨ ᠤ ︽1310︾ ᠶᠢᠨ ᠪᠣᠳᠠᠲᠠᠢ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠡᠳᠦ ᠥᠨᠳᠥᠷ ᠲᠤᠳᠤᠷᠠᠴᠠᠲᠤ ᠰᠤᠪᠠᠭ ᠤᠨ ᠪᠦᠲᠦᠭᠡᠨ ᠪᠠᠶᠢᠭᠤᠯᠤᠯᠲᠠ᠂ ᠠᠭᠤᠯᠭ᠎ᠠ ᠦᠢᠯᠡᠳᠬᠦ᠂ ᠰᠦᠯᠵᠢᠶ᠎ᠡ ᠪᠠᠷ | ᠳᠠᠮᠵᠢᠭᠤᠯᠬᠤ᠂ ᠲᠡᠭᠦᠰᠬᠡᠯ ᠦᠵᠦᠭᠦᠷ ᠤᠨ ᠬᠦᠯᠢᠶᠡᠨ ᠠᠪᠬᠤ᠂ ᠺᠢᠨᠣ᠋ ᠲᠧᠯᠸᠢᠰ ᠤᠨ ᠲᠣᠨᠤᠭ ᠲᠥᠬᠦᠭᠡᠷᠦᠮᠵᠢ᠂ ᠺᠢᠨᠣ᠋ ᠲᠧᠯᠸᠢᠰ ᠤᠨ ᠰᠡᠭᠦᠯᠴᠢ ᠶᠢᠨ ᠬᠤᠭᠤᠴᠠᠭ᠎ᠠ᠂ | ᠬᠡᠷᠡᠭᠯᠡᠭᠡᠨ ᠤ ᠦᠵᠡᠭᠳᠡᠯ᠂ ᠭᠤᠣᠯ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠰᠠᠶᠢᠨ ᠰᠠᠶᠢᠬᠠᠨ | ᠬᠥᠭᠵᠢᠯᠲᠡ ᠶᠢᠨ ᠠᠮᠢ ᠠᠬᠤᠢ ᠶᠢ ᠢᠳᠡᠪᠬᠢᠲᠡᠢ ᠪᠠᠷ ᠪᠣᠶ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠥᠪ ᠤᠨ ᠷᠠᠳᠢᠣ᠋ ᠲᠧᠯᠸᠢᠰ ᠤᠨ | ᠶᠡᠷᠦᠩᠬᠡᠶ ᠬᠤᠷᠢᠶ᠎ᠠ᠂ ᠭᠤᠸᠠᠩᠳᠦ᠋ᠩ ᠮᠤᠵᠢ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠬᠡᠰᠡᠭ ᠮᠤᠵᠢ ᠶᠢᠨ ᠱᠠᠲᠤᠨ ᠤ ᠷᠠᠳᠢᠣ᠋ | ᠲᠧᠯᠸᠢᠰ ᠤᠨ ᠪᠠᠶᠢᠭᠤᠯᠤᠮᠵᠢ ᠵᠢᠴᠢ ᠰᠦᠯᠵᠢᠶᠡᠨ ᠤ ᠡᠵᠡᠩᠨᠡᠯᠲᠡ ᠶᠢᠨ ᠬᠤᠳᠠᠯᠳᠤᠭᠠᠴᠢᠨ ᠤ ᠬᠠᠮᠢᠶ᠎ᠠ ᠪᠥᠬᠦᠶ ᠬᠠᠷᠢᠭᠤᠴᠠᠯᠭᠠᠲᠠᠳ᠂ ᠬᠡᠰᠡᠭ ᠰᠦᠯᠵᠢᠶᠡᠨ ᠤ ᠦᠵᠡᠵᠦ | ᠰᠣᠨᠣᠰᠬᠤ ᠲᠠᠪᠴᠠᠩ ᠪᠠ ᠬᠡᠲᠦ ᠥᠨᠳᠥᠷ ᠲᠤᠳᠤᠷᠠᠴᠠᠲᠤ ᠠᠵᠤ ᠦᠢᠯᠡᠰ ᠤᠨ ᠬᠡᠯᠬᠢᠶᠡᠨ ᠤ ᠠᠵᠤ ᠠᠬᠤᠶᠢᠯᠠᠯ ᠤᠨ ᠲᠥᠯᠥᠭᠡᠯᠡᠭᠴᠢ ᠭᠠᠷ ᠤᠨ ᠦᠰᠦᠭ ᠵᠢᠷᠤᠬᠤ | ᠶᠣᠰᠣᠯᠠᠯ ᠳᠤ ᠣᠷᠣᠯᠴᠠᠪᠠ᠃ | |