| | | | | | 8 ᠳ᠋ᠤᠭᠠᠷ ᠰᠠᠷ᠎ᠠ ᠶᠢᠨ 30 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠺᠠᠷᠲ᠋ᠣᠨ ᠵᠢᠷᠤᠭ ᠤᠨ ᠴᠢᠨᠠᠷ ᠰᠠᠶᠢᠲᠠᠶ ᠬᠥᠭᠵᠢᠯᠲᠡ ᠶᠢᠨ | ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠬᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠨᠡᠩ ᠤᠯᠠᠨ ᠨᠥᠯᠥᠭᠡᠯᠡᠬᠦ | ᠬᠦᠴᠦᠨ ᠲᠠᠢ ᠤᠯᠤᠰ ᠤᠨ ᠳᠣᠲᠣᠭᠠᠳᠤ ᠶᠢᠨ ᠺᠠᠷᠲ᠋ᠣᠨ ᠵᠢᠷᠤᠭ ᠤᠨ ᠰᠣᠳᠣᠨ ᠪᠦᠲᠦᠭᠡᠯ ᠢ ᠡᠭᠦᠳᠴᠦ᠂ ᠰᠢᠨ᠎ᠡ ᠭᠠᠷᠤᠭ᠎ᠠ ᠳᠡᠭᠡᠷ᠎ᠡ ᠺᠠᠷᠲ᠋ᠣᠨ ᠵᠢᠷᠤᠭ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ ᠬᠤᠷᠠᠯ ᠡᠷᠭᠢᠯᠡᠪᠡ᠃ | ᠬᠤᠷᠠᠯ ᠠᠴᠠ᠂ ᠺᠠᠷᠲ᠋ᠣᠨ ᠵᠢᠷᠤᠭ ᠪᠣᠯ ᠰᠣᠶᠣᠯ ᠤᠨ ᠴᠡᠴᠡᠭᠯᠡᠯᠲᠡ ᠶᠢᠨ ᠴᠢᠬᠤᠯᠠ ᠠᠭᠤᠯᠭ᠎ᠠ᠂ ᠰᠣᠶᠣᠯ ᠤᠨ ᠠᠵᠤ ᠦᠢᠯᠡᠰ ᠤᠨ ᠴᠢᠬᠤᠯᠠ ᠪᠦᠷᠢᠯᠳᠦᠬᠦᠨ | ᠬᠡᠰᠡᠭ᠂ ᠰᠣᠶᠣᠯ ᠤᠨ ᠭᠠᠳᠠᠭᠠᠲᠤ ᠳᠤ ᠭᠠᠷᠬᠤ ᠴᠢᠬᠤᠯᠠ ᠠᠴᠢᠶᠠᠯᠠᠪᠤᠷᠢ ᠮᠥᠨ᠂ ᠪᠠᠭᠠᠴᠤᠳ ᠬᠡᠤᠬᠡᠳ ᠤᠨ ᠭᠤᠸ᠎ᠠ ᠰᠠᠶᠢᠬᠠᠨ ᠪᠠ ᠥᠷᠲᠡᠭ ᠤᠨ ᠦᠵᠡᠯᠲᠡ ᠶᠢ | ᠰᠢᠭᠤᠳ ᠨᠥᠯᠥᠭᠡᠯᠡᠬᠦ ᠪᠠ ᠪᠣᠶ ᠪᠣᠯᠭᠠᠵᠤ᠂ ᠬᠡᠤᠬᠡᠳ ᠪᠠ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠤᠯᠪᠣᠭᠳᠠᠨ᠎ᠠ᠃ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ | ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠦᠨᠳᠦᠷᠴᠡ ᠠᠴᠠ ᠺᠠᠷᠲ᠋ᠣᠨ ᠵᠢᠷᠤᠭ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠨ ᠡᠵᠡᠮᠰᠢᠵᠦ᠂ ᠺᠠᠷᠲ᠋ᠣᠨ | ᠵᠢᠷᠤᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠭᠦᠷᠭᠡᠲᠦ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠣᠶᠢᠷ᠎ᠠ ᠶᠢᠨ ᠵᠢᠯ ᠤᠳ ᠲᠤ᠂ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠣᠷᠴᠢᠨ ᠨᠥᠬᠦᠴᠡᠯ ᠳᠣᠤᠷ᠎ᠠ᠂ ᠮᠠᠨ ᠤ | ᠤᠯᠤᠰ ᠤᠨ ᠺᠠᠷᠲ᠋ᠣᠨ ᠵᠢᠷᠤᠭ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠵᠣᠬᠢᠶᠠᠨ ᠪᠦᠲᠦᠭᠡᠯᠭᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠲᠠᠰᠤᠷᠠᠯᠲᠠ ᠥᠬᠡᠶ | ᠳᠡᠭᠡᠭᠰᠢᠯᠡᠵᠦ᠂ ᠨᠡᠪᠲᠡᠷᠡᠭᠦᠯᠭᠡ ᠶᠢᠨ ᠠᠷᠭ᠎ᠠ ᠵᠠᠮ ᠢ ᠪᠠᠶᠠᠯᠢᠭᠵᠢᠭᠤᠯᠤᠨ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠮᠠᠰᠢ ᠬᠥᠭᠵᠢᠶᠡᠨᠲᠡᠶ ᠪᠣᠯᠵᠣ᠂ | ᠣᠯᠠᠨ ᠤᠯᠤᠰ ᠤᠨ ᠳᠠᠮᠵᠢᠭᠤᠯᠭ᠎ᠠ ᠦᠷ᠎ᠡ ᠪᠦᠲᠦᠮᠵᠢ ᠣᠯᠵᠤ᠂ ᠠᠷᠠᠳ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠷᠠᠳ ᠲᠦᠮᠡᠨ ᠤ | ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠤ ᠺᠠᠷᠲ᠋ᠣᠨ ᠵᠢᠷᠤᠭ ᠲᠤ ᠣᠷᠣᠰᠢᠵᠤ ᠪᠠᠶᠢᠭ᠎ᠠ ᠵᠠᠷᠢᠮ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠰᠡᠷᠭᠡᠭ ᠢᠶᠠᠷ ᠲᠠᠨᠢᠬᠤ | ᠬᠡᠷᠡᠭᠲᠡᠢ᠂ ᠵᠢᠱᠢᠶᠡᠯᠡᠪᠡᠯ᠂ ᠰᠣᠳᠣᠨ ᠪᠦᠲᠦᠭᠡᠯ ᠬᠠᠷᠢᠴᠠᠩᠭᠤᠢ ᠲᠤᠳᠠᠭᠳᠠᠵᠤ ᠪᠠᠶᠢᠬᠤ᠂ ᠠᠵᠤ ᠦᠢᠯᠡᠰ ᠤᠨ ᠲᠣᠭᠲᠠᠯᠴᠠᠭ᠎ᠠ ᠬᠠᠷᠠᠬᠠᠨ ᠲᠡᠭᠦᠯᠳᠡᠷᠵᠢᠭᠡᠳᠦᠶ᠂ | ᠰᠢᠯᠢᠳᠡᠭ ᠴᠢᠳᠠᠪᠤᠷᠢᠲᠠᠨ ᠬᠠᠷᠢᠴᠠᠩᠭᠤᠢ ᠲᠤᠳᠠᠭᠳᠠᠵᠤ ᠪᠠᠶᠢᠬᠤ᠂ ᠤᠯᠠᠨ ᠤᠯᠤᠰ ᠤᠨ ᠳᠠᠮᠵᠢᠭᠤᠯᠭ᠎ᠠ ᠶᠢᠨ ᠬᠦᠴᠦᠨ ᠤ ᠨᠥᠯᠥᠭᠡᠯᠡᠬᠦ ᠬᠦᠴᠦᠨ ᠬᠦᠷᠦᠯᠴᠡᠬᠦ ᠦᠭᠡᠢ | ᠪᠠᠶᠢᠬᠤ ᠵᠡᠷᠭᠡ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠺᠠᠷᠲ᠋ᠣᠨ ᠵᠢᠷᠤᠭ ᠤᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤ ᠪᠠᠷ ᠴᠢᠷᠮᠠᠶᠢᠨ ᠡᠭᠦᠳᠬᠦ ᠬᠡᠷᠡᠭᠲᠡᠶ᠃ ᠨᠢᠭᠡ ᠳᠤ᠂ ᠰᠣᠳᠣᠨ ᠪᠦᠲᠦᠭᠡᠯ ᠭᠠᠷᠭᠠᠨ᠎ᠠ᠃ | ᠲᠥᠯᠦᠪᠵᠢᠭᠦᠯᠭᠡ ᠶᠢᠨ ᠤᠬᠠᠭᠠᠯᠠᠭ᠎ᠠ ᠪᠠ ᠦᠵᠦ ᠲᠥᠯᠥᠪᠯᠡᠭᠡ ᠶᠢ ᠴᠢᠩᠭᠠᠳᠬᠠᠵᠤ᠂ ᠠᠳᠠᠯᠢ ᠪᠤᠰᠤ ᠰᠡᠳᠦᠪ ᠪᠠ ᠠᠳᠠᠯᠢ ᠪᠤᠰᠤ ᠨᠠᠰᠤᠨ ᠤ ᠬᠡᠦᠬᠡᠳ᠂ | ᠵᠠᠯᠠᠭᠤᠴᠤᠳ ᠪᠠᠭᠠᠴᠤᠳ ᠲᠤ ᠴᠢᠭᠯᠡᠭᠦᠯᠦᠨ᠂ ᠭᠤᠸ᠎ᠠ ᠲᠠᠭᠠᠰᠢᠶᠠᠯ ᠤᠨ ᠦᠨᠳᠦᠷᠴᠡ᠂ ᠦᠵᠡᠯ ᠰᠠᠨᠠᠭᠠᠨ ᠤ ᠭᠦᠨᠴᠡ ᠲᠠᠢ ᠰᠢᠯᠢᠳᠡᠭ ᠪᠦᠲᠦᠭᠡᠯ ᠢ ᠤᠬᠠᠭᠠᠯᠠᠨ | ᠭᠠᠷᠭᠠᠵᠤ᠂ ᠡᠷᠡᠭᠦᠯ ᠢᠶᠠᠷ ᠦᠰᠦᠨ ᠪᠤᠶᠢᠵᠢᠬᠤ ᠳᠤ ᠨᠢ ᠰᠢᠮ᠎ᠡ ᠲᠡᠵᠢᠭᠡᠯ ᠪᠦᠬᠦᠢ ᠤᠶᠤᠨ ᠤ ᠰᠣᠶᠣᠯ ᠤᠨ ᠪᠦᠲᠦᠭᠡᠭᠳᠡᠬᠦᠨ ᠢ ᠬᠠᠩᠭᠠᠨ᠎ᠠ︔ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠠᠮᠢᠳᠤᠷᠠᠯ ᠲᠠᠢ ᠣᠶᠢᠷᠠᠳᠴᠤ᠂ ᠦᠵᠡᠭᠴᠢᠳ ᠲᠠᠢ ᠣᠶᠢᠷᠠᠳᠴᠤ᠂ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠲᠠᠢ | ᠦᠯᠢᠭᠡᠷ ᠢ ᠦᠨᠡᠨ ᠬᠦ ᠪᠦᠲᠦᠭᠡᠨ᠎ᠡ︔ ᠤᠷᠠᠯᠢᠭ ᠪᠠ ᠮᠡᠷᠭᠡᠵᠢᠯ ᠤᠨ ᠠᠭᠤᠰᠤᠯᠴᠠᠯ ᠢ ᠪᠠᠷᠢᠮᠲᠠᠯᠠᠵᠤ᠂ ᠬᠡᠲᠦ ᠥᠨᠳᠥᠷ ᠲᠤᠳᠤᠷᠠᠴᠠᠲᠤ᠂ ᠡᠭᠦᠰᠦᠮᠡᠯ ᠮᠠᠶ᠋ᠢᠭ ᠤᠨ | ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠰᠣᠳᠣᠨ ᠪᠦᠲᠦᠭᠡᠯ ᠢ ᠪᠦᠲᠦᠭᠡᠨ᠎ᠡ᠃ ᠬᠤᠶᠠᠷ ᠲᠤ᠂ ᠳᠠᠮᠵᠢᠭᠤᠯᠭ᠎ᠠ ᠶᠢ | ᠥᠷᠭᠡᠳᠭᠡᠨ᠎ᠡ᠃ ᠣᠳᠣᠬᠠᠨ ᠳᠤ ᠨᠢᠭᠡᠨᠲᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠯᠠᠨ ᠠᠷᠭ᠎ᠠ ᠵᠠᠮ ᠢᠶᠠᠷ ᠨᠡᠪᠲᠡᠷᠡᠭᠦᠯᠬᠦ ᠲᠣᠭᠲᠠᠯᠴᠠᠭ᠎ᠠ ᠶᠢ | ᠪᠦᠷᠢᠯᠳᠦᠭᠦᠯᠵᠦ᠂ ᠪᠦᠬᠦ ᠤᠯᠤᠰ ᠤᠨ ᠷᠠᠳᠢᠣ᠋ ᠲᠧᠯᠸᠢᠰ ᠲᠤ ᠺᠠᠷᠲ᠋ᠣᠨ ᠵᠢᠷᠤᠭ ᠤᠨ 5 ᠲᠤᠰᠬᠠᠢ ᠰᠤᠪᠠᠭ ᠢ ᠨᠡᠭᠡᠭᠡᠵᠦ᠂ ᠭᠤᠣᠯ ᠪᠣᠯᠬᠤ ᠰᠦᠯᠵᠢᠶᠡᠨ ᠤ ᠦᠵᠡᠵᠦ | ᠰᠣᠨᠣᠰᠬᠤ ᠲᠠᠪᠴᠠᠩ ᠳᠤ ᠺᠠᠷᠲ᠋ᠣᠨ ᠵᠢᠷᠤᠭ ᠪᠤᠶᠤ ᠪᠠᠭᠠᠴᠤᠳ ᠬᠡᠦᠬᠡᠳ ᠤᠨ ᠲᠤᠰᠬᠠᠢ ᠪᠣᠯᠣᠩ ᠢ ᠭᠠᠷᠭᠠᠵᠤ᠂ ᠡᠨᠡ ᠵᠢᠯ ᠤᠨ 2 ᠳ᠋ᠤᠭᠠᠷ ᠰᠠᠷ᠎ᠠ ᠶᠢᠨ 1 ᠤ ᠡᠳᠦᠷ | ︽ᠰᠣᠩᠭᠤᠳᠠᠭ ᠪᠦᠲᠦᠭᠡᠯ ᠢ ᠡᠷᠭᠢᠴᠡᠭᠦᠯᠬᠦ︾ ᠰᠤᠪᠠᠭ ᠢ ᠨᠡᠪᠲᠡᠷᠡᠭᠦᠯᠵᠦ᠂ ︽ᠰᠢᠨᠠᠭᠠᠨ ᠬᠤᠷᠣᠬᠠᠢ ᠡᠵᠢ ᠪᠠᠨ ᠡᠷᠢᠭᠰᠡᠨ︾᠂ ︽ᠱᠦ ᠺᠧ ᠪᠠ ᠪᠸᠢ ᠲᠠ | ᠬᠤᠯᠤᠭᠠᠨ᠎ᠠ︾᠂ ︽ᠶᠢᠰᠦᠨ ᠥᠩᠭᠡᠲᠦ ᠪᠤᠭᠤ︾᠂ ︽ᠪᠠᠷᠠᠭᠤᠨᠰᠢ ᠵᠣᠷᠴᠢᠭᠰᠠᠨ ᠲᠡᠮᠳᠡᠭᠯᠡᠯ︾ ᠵᠡᠷᠭᠡ ᠨᠢᠭᠡ ᠪᠦᠯᠦᠭ ᠰᠣᠩᠭᠤᠳᠠᠭ ᠺᠠᠷᠲ᠋ᠤᠨ ᠹᠢᠯᠢᠮ ᠢ | ᠨᠡᠪᠲᠡᠷᠡᠭᠦᠯᠵᠦ᠂ ᠦᠵᠡᠭᠴᠢᠳ ᠤᠨ ᠬᠦᠷᠢᠶᠡᠯᠡᠯ ᠢ ᠶᠡᠬᠡᠳᠡ ᠬᠦᠷᠲᠡᠪᠡ᠃ ᠬᠠᠮ ᠵᠠᠭᠤᠴᠢᠯᠠᠭᠤᠷ ᠢᠶᠠᠷ ᠳᠠᠮᠵᠢᠭᠤᠯᠬᠤ ᠶᠢ ᠦᠷᠭᠦᠯᠵᠢᠯᠡᠨ ᠶᠡᠭᠡ ᠪᠠᠷ ᠠᠬᠢᠭᠤᠯᠵᠤ᠂ | ᠰᠢᠯᠢᠳᠡᠭ ᠪᠦᠲᠦᠭᠡᠯ ᠢ ᠰᠠᠶᠢᠨ ᠲᠠᠪᠴᠠᠩ ᠰᠠᠶᠢᠨ ᠴᠠᠭ ᠦᠶ᠎ᠡ ᠳᠤ ᠣᠷᠤᠭᠤᠯᠤᠨ᠎ᠠ︔ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠣᠩᠭᠤᠳᠠᠭ ᠺᠠᠷᠲ᠋ᠣᠨ ᠵᠢᠷᠤᠭ ᠤᠨ | ᠠᠷᠤ ᠳᠠᠬᠢ ᠦᠯᠢᠭᠡᠷ ᠢ ᠰᠠᠶᠢᠲᠤᠷ ᠤᠬᠠᠭᠤᠯᠵᠤ᠂ ᠰᠣᠩᠭᠤᠳᠠᠭ ᠪᠦᠲᠦᠭᠡᠯ ᠢ ᠦᠷᠭᠦᠯᠵᠢᠯᠡᠨ ᠳᠠᠮᠵᠢᠭᠤᠯᠤᠨ᠎ᠠ︔ ᠤᠯᠠᠨ ᠤᠯᠤᠰ ᠤᠨ ᠳᠠᠮᠵᠢᠭᠤᠯᠭ᠎ᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠳᠤᠮᠳᠠᠳᠤ ᠤᠯᠤᠰ ᠤᠨ ᠺᠠᠷᠲ᠋ᠣᠨ ᠵᠢᠷᠤᠭ ᠤᠨ ᠳᠡᠯᠡᠬᠡᠢ ᠳ᠋ᠠᠬᠢᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠭᠤᠷᠪᠠ ᠳᠤ᠂ | ᠠᠵᠤ ᠦᠢᠯᠡᠰ ᠢ ᠪᠤᠵᠠᠭᠠᠶᠢᠷᠠᠭᠤᠯᠤᠨ᠎ᠠ᠃ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ ᠶᠢ ᠴᠢᠩᠭᠠᠳᠬᠠᠵᠤ᠂ ᠰᠠᠶᠢᠨ ᠰᠠᠶᠢᠬᠠᠨ ᠵᠣᠬᠢᠶᠠᠨ ᠪᠦᠲᠦᠭᠡᠬᠦ | ᠣᠷᠴᠢᠨ ᠲᠣᠭᠤᠷᠢᠨ ᠢ ᠦᠷᠭᠦᠯᠵᠢᠯᠡᠨ ᠪᠤᠶᠢᠵᠢᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠣᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠯᠲᠡ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠺᠠᠷᠲ᠋ᠣᠨ ᠵᠢᠷᠤᠭ ᠤᠨ ᠠᠵᠤ ᠦᠢᠯᠡᠰ ᠤᠨ | ᠰᠢᠯᠢᠳᠡᠭᠵᠢᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 14 ᠺᠠᠷᠲ᠋ᠣᠨ ᠵᠢᠷᠤᠭ ᠦᠢᠯᠡᠳᠬᠦ ᠪᠠᠶᠢᠭᠤᠯᠤᠮᠵᠢ᠂ ᠲᠧᠯᠸᠢᠰ ᠺᠠᠷᠲ᠋ᠣᠨ ᠵᠢᠷᠤᠭ ᠤᠨ ᠰᠤᠪᠠᠭ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ᠂ ᠵᠢᠭᠠᠨ | ᠰᠤᠷᠭᠠᠬᠤ ᠰᠤᠳᠤᠯᠭᠠᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠪᠣᠯᠤᠨ ᠤᠯᠤᠰ ᠲᠤ ᠪᠠᠨ ᠦᠢᠯᠡᠳᠪᠦᠷᠢᠯᠡᠭᠰᠡᠨ ᠺᠠᠷᠲ᠋ᠣᠨ | ᠵᠢᠷᠤᠭ ᠤᠨ ᠰᠢᠯᠢᠳᠡᠭ ᠭᠤᠤᠯ ᠡᠭᠦᠳᠦᠭᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠣᠰ ᠲᠣᠰ ᠤᠨ ᠪᠣᠳᠠᠲᠠᠶ ᠲᠠᠢ ᠪᠠᠨ | ᠤᠶᠠᠯᠳᠤᠭᠤᠯᠤᠨ ᠺᠠᠷᠲ᠋ᠣᠨ ᠵᠢᠷᠤᠭ ᠤᠨ ᠠᠵᠢᠯ ᠲᠥᠷᠥᠯ ᠤᠨ ᠢᠷᠡᠭᠡᠳᠦᠶ ᠶᠢᠨ ᠬᠥᠭᠵᠢᠯᠲᠡ ᠶᠢ ᠪᠣᠳᠣᠯᠬᠢᠯᠠᠵᠤ᠂ ᠰᠠᠨᠠᠯ ᠰᠠᠨᠠᠭᠤᠯᠭ᠎ᠠ ᠳᠤᠷᠠᠳᠪᠠ᠃ | ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ ᠵᠤᠷᠭᠠᠨ ᠲᠣᠪᠴᠢᠶ᠎ᠠ ᠪᠣᠯᠤᠨ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠳ | ᠬᠤᠷᠠᠯ ᠳᠤ ᠰᠤᠯᠠ ᠣᠷᠣᠯᠴᠠᠪᠠ᠃ | |