ᠮᠠᠨ ᠤ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠲᠠᠶᠢᠯᠤᠮᠵᠢ ᠶᠢ ᠡᠷᠬᠢᠯᠡᠪᠡ
ᠨᠡᠶᠢᠲᠡᠯᠡᠭᠰᠡᠨ ᠴᠠᠭ᠄
2024/8/30
  8 ᠳ᠋ᠤᠭᠠᠷ ᠰᠠᠷ᠎ᠠ ᠶᠢᠨ 30 ᠤ ᠡᠳᠦᠷ᠂ ᠮᠠᠨ ᠤ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠵᠦ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠵᠢᠩ ᠬᠤᠸᠠ ᠶᠢ ᠤᠷᠢᠵᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠯᠭᠡᠪᠡ᠃ ᠵᠤᠤ ᠵᠢᠩ ᠬᠤᠸᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠲᠠᠯ᠎ᠠ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃  ᠬᠤᠷᠠᠯ ᠠᠴᠠ᠂ ᠲᠤᠰ ᠤᠳᠠᠭᠠᠨ ᠤ ᠲᠤᠰᠬᠠᠢ ᠰᠡᠳᠦᠪᠲᠦ ᠲᠠᠶᠢᠯᠤᠮᠵᠢ ᠪᠠᠷ ᠠᠵᠠ ᠲᠣᠬᠢᠶᠠᠯ ᠪᠣᠯᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦᠳᠡ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠡᠭᠦᠷᠭᠡ ᠶᠢ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠷᠠᠳᠢᠣ᠋ ᠲᠧᠯᠸᠢᠰ ᠤᠨ ︽ᠬᠤᠶᠠᠷ ᠭᠤᠷᠪᠠ ᠳᠥᠷᠪᠡ︾ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ ᠶᠢ ᠰᠢᠰᠲ᠋ᠧᠮ ᠲᠠᠢ ᠲᠥᠯᠥᠪᠵᠢᠭᠦᠯᠵᠦ᠂ ᠷᠠᠳᠢᠣ᠋ ᠲᠧᠯᠸᠢᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠵᠦ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠪᠠᠶᠢᠭᠤᠯᠭ᠎ᠠ ᠶᠢᠨ ᠡᠯ᠎ᠡ ᠭᠠᠵᠠᠷ ᠬᠡᠷ ᠪᠠ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠨᠡᠶᠢᠲᠡ 723 ᠬᠥᠮᠦᠨ ᠸᠢᠳᠢᠣ᠋ ᠬᠡᠯᠪᠡᠷᠢ ᠪᠠᠷ ᠬᠤᠷᠠᠯ ᠳᠤ ᠣᠷᠣᠯᠴᠠᠪᠠ᠃︵ᠪᠠᠶᠢᠭᠤᠯᠭ᠎ᠠ ᠶᠢᠨ ᠨᠠᠮ ᠤᠨ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map