2024 ᠣᠨ ᠤ ︽ᠳᠤᠮᠳᠠᠳᠤ ᠶᠢᠨ ᠬᠦᠰᠡᠯ ᠰᠢᠨ᠎ᠡ ᠠᠶᠠᠨ ᠵᠠᠮ︾ ᠭᠡᠬᠦ ᠭᠤᠤᠯ ᠰᠡᠳᠦᠪᠲᠦ ᠤᠤᠭᠠᠯ ᠡᠭᠦᠳᠦᠯᠲᠡ ᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠯᠢᠳᠡᠭ ᠢ ᠲᠠᠨᠢᠴᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/8/30
ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠳᠤ᠄  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢᠶᠠᠷ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠰᠢᠨ᠎ᠡ ᠠᠶᠠᠨ ᠵᠠᠮ ᠢᠶᠠᠷ ᠴᠢᠷᠮᠠᠶᠢᠨ ᠵᠠᠮᠨᠠᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠢ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ᠂ ᠮᠠᠨ ᠤ ᠲᠣᠪᠴᠢᠶ᠎ᠠ 2024 ᠣᠨ ᠤ ︽ᠳᠤᠮᠳᠠᠳᠤ ᠶᠢᠨ ᠬᠦᠰᠡᠯ  ᠰᠢᠨ᠎ᠡ ᠠᠶᠠᠨ ᠵᠠᠮ︾ ᠤᠤᠭᠠᠯ ᠡᠭᠦᠳᠦᠯᠲᠡ ᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠴᠤᠭᠯᠠᠭᠤᠯᠤᠨ ᠳᠡᠯᠭᠡᠨ ᠨᠡᠪᠲᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠪᠠᠷ ᠳᠡᠮᠵᠢᠨ᠂ ︽ᠲᠣᠮᠣ ᠰᠢᠪᠠᠭᠤ ᠶᠢ ᠠᠪᠤᠷᠠᠭᠰᠠᠨ︾᠂ ︽ᠳᠡᠷᠭᠡᠳᠡᠬᠢ ᠣᠷᠳᠣ ᠴᠠᠭᠠᠨ ᠬᠡᠷᠡᠮ︾᠂ ︽︿ᠲᠡᠳᠡᠨ﹀ ᠤ ᠬᠦᠰᠡᠯ ᠡᠷᠡᠮᠡᠯᠵᠡᠯ ᠢ ᠪᠢᠲᠡᠭᠡᠢ ᠬᠥᠰᠡᠷᠳᠡᠭᠦᠯᠦᠯ ᠪᠣᠯᠭᠠᠭᠠᠷᠠᠢ — ᠨᠠᠰᠤᠲᠠᠨ ᠢ ᠬᠠᠯᠠᠮᠵᠢᠯᠠᠨ ᠬᠠᠶᠢᠷᠠᠯᠠᠵᠤ᠂ ᠬᠥᠮᠦᠨ ᠤ ᠶᠢᠷᠲᠢᠨᠴᠦ ᠶᠢᠨ ᠬᠠᠮᠤᠭ ᠤᠨ ᠭᠤᠶᠣ ᠥᠲᠡᠯᠦᠭᠡ ᠨᠠᠰᠤ ᠶᠢ ᠰᠠᠬᠢᠨ ᠬᠠᠮᠠᠭᠠᠯᠠᠶ᠎ᠠ︾ ᠵᠡᠷᠭᠡ 30 ᠰᠢᠯᠢᠳᠡᠭ ᠪᠦᠲᠦᠭᠡᠯ ᠢ ᠰᠣᠩᠭᠤᠨ ᠭᠠᠷᠭᠠᠪᠠ᠃  ᠪᠥᠬᠦ ᠣᠷᠣᠨ ᠤ ᠡᠯ᠎ᠡ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠦᠢᠯᠡᠳᠬᠦ ᠪᠠᠶᠢᠭᠤᠯᠤᠮᠵᠢ ᠤᠯᠠᠮ ᠴᠢᠷᠮᠠᠶᠢᠵᠤ᠂ ᠰᠦᠯᠵᠢᠶᠡᠨ ᠤ ᠬᠦᠴᠦᠨ ᠵᠦᠢᠯ ᠢ ᠢᠯᠡᠷᠡᠭᠦᠯᠦᠭᠰᠡᠨ᠂ ᠰᠦᠯᠵᠢᠶᠡᠨ ᠤ ᠳᠠᠮᠵᠢᠭᠤᠯᠭ᠎ᠠ ᠶᠢᠨ ᠥᠪᠡᠷᠮᠢᠴᠡ ᠴᠢᠨᠠᠷ ᠲᠤ ᠨᠡᠶᠢᠴᠡᠭᠰᠡᠨ᠂ ᠰᠦᠯᠵᠢᠶᠡᠨ ᠤ ᠵᠠᠭᠤᠴᠢᠯᠠᠭᠤᠷ ᠤᠨ ᠳᠠᠮᠵᠢᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠤᠤᠭᠠᠯ ᠡᠭᠦᠳᠦᠯᠲᠡ ᠶᠢᠨ ᠪᠦᠲᠦᠭᠡᠯ ᠢ ᠲᠠᠰᠤᠷᠠᠯᠲᠠ ᠥᠬᠡᠶ ᠭᠠᠷᠭᠠᠵᠤ᠂ ᠮᠠᠨ ᠤ ᠣᠷᠣᠨ ᠤ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠵᠣᠬᠢᠶᠠᠨ ᠪᠦᠲᠦᠭᠡᠯᠭᠡ ᠶᠢᠨ ᠴᠢᠨᠠᠭᠰᠢᠳᠠ ᠴᠡᠴᠡᠭᠯᠡᠨ ᠬᠥᠭᠵᠢᠬᠦ ᠳᠤ ᠨᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃  ᠳᠠᠭᠠᠯᠳᠤᠭᠤᠯᠤᠯ᠄ 2024 ᠣᠨ ᠤ ︽ᠳᠤᠮᠳᠠᠳᠤ ᠶᠢᠨ ᠬᠦᠰᠡᠯ  ᠰᠢᠨ᠎ᠡ ᠠᠶᠠᠨ ᠵᠠᠮ︾ ᠭᠡᠬᠦ ᠭᠤᠤᠯ ᠰᠡᠳᠦᠪᠲᠦ ᠤᠤᠭᠠᠯ ᠡᠭᠦᠳᠦᠯᠳᠡ ᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠯᠢᠳᠡᠭ ᠲᠠᠨᠢᠯᠴᠠᠭᠤᠯᠭ᠎ᠠ ᠶᠢᠨ ᠨᠡᠷᠡᠰ

 

  

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

2024 ᠣᠨ ᠤ 8 ᠳ᠋ᠤᠭᠠᠷ ᠰᠠᠷ᠎ᠠ ᠶᠢᠨ 30 ᠤ ᠡᠳᠦᠷ

  ︵ᠬᠠᠷᠢᠯᠴᠠᠬᠤ ᠬᠥᠮᠦᠨ᠄ ᠶᠣᠣ ᠸᠧᠶ᠂ ᠬᠠᠷᠢᠯᠴᠠᠬᠤ ᠤᠲᠠᠰᠤ᠄ 18147145322︶

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map