ᠮᠠᠨ ᠤ ᠲᠣᠪᠴᠢᠶ᠎ᠠ ︽ᠾᠧᠢ ᠵᠢᠢ ᠯᠢᠶᠣᠤ ᠮᠧᠩ︾ ᠷᠠᠳᠢᠣ᠋ ᠲᠧᠯᠸᠢᠰ ᠤᠨ ᠳᠠᠮᠵᠢᠭᠤᠯᠭ᠎ᠠ ᠰᠠᠴᠤᠷᠠᠭᠤᠯᠭ᠎ᠠ ᠶᠢᠨ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/8/5
  7 ᠳ᠋ᠤᠭᠠᠷ ᠰᠠᠷ᠎ᠠ ᠶᠢᠨ 29 ᠤ ᠡᠳᠦᠷ ᠠᠴᠠ 8 ᠳ᠋ᠤᠭᠠᠷ ᠰᠠᠷ᠎ᠠ ᠶᠢᠨ 2 ᠤᠨ ᠡᠳᠦᠷ ᠪᠣᠯᠲᠠᠯ᠎ᠠ᠂ ᠮᠠᠨ ᠤ ᠲᠣᠪᠴᠢᠶ᠎ᠠ ︽ᠾᠧᠢ ᠵᠢᠢ ᠯᠢᠶᠥᠥ ᠮᠧᠩ︾ ᠷᠠᠳᠢᠣ᠋ ᠲᠧᠯᠸᠢᠰ ᠤᠨ ᠳᠠᠮᠵᠢᠭᠤᠯᠭ᠎ᠠ ᠰᠠᠴᠤᠷᠠᠭᠤᠯᠭ᠎ᠠ ᠶᠢᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠬᠠᠷᠠᠮᠥ᠋ᠷᠡᠨ᠂ ᠭᠢᠷᠢᠨ᠂ ᠯᠢᠶᠣᠤᠨᠢᠩ᠂ ᠥᠪᠥᠷ ᠮᠣᠩᠭᠤᠯ ᠵᠡᠷᠭᠡ ᠪᠤᠰᠤᠳ ᠬᠤᠯᠪᠣᠭᠳᠠᠯ ᠪᠥᠬᠦᠶ ᠮᠤᠵᠢ ᠬᠤᠲᠠ ︵ᠥᠪᠡᠷᠲᠡᠭᠡᠨ ᠵᠠᠰᠠᠬᠤ ᠣᠷᠣᠨ︶ ᠶᠢᠨ ᠬᠠᠮᠢᠶ᠎ᠠ ᠪᠥᠬᠦᠶ ᠨᠥᠬᠦᠳ ᠨᠡᠶᠢᠲᠡ 64 ᠬᠥᠮᠦᠨ ᠪᠣᠯᠪᠠᠰᠤᠷᠠᠯ ᠳᠤ ᠣᠷᠣᠯᠴᠠᠵᠠᠶ᠃
W020240806325679764344_ORIGIN.png
  ᠲᠣᠰ ᠤᠳᠠᠭᠠᠨ ᠤ ᠪᠣᠯᠪᠠᠰᠤᠷᠠᠯ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠬᠤᠯᠪᠣᠭᠳᠠᠯ ᠪᠥᠬᠦᠶ ᠠᠵᠢᠯ ᠤᠨ ᠠᠷᠭ᠎ᠠ ᠬᠡᠮᠵᠢᠶ᠎ᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ ᠡᠷᠭᠢᠯᠡᠭᠰᠡᠨ ᠨᠢᠭᠡ ᠤᠳᠠᠭᠠᠨ ᠤ ᠣᠷᠣᠨ ᠪᠦᠰᠡ ᠶᠢᠨ ᠴᠢᠨᠠᠷᠲᠠᠶ ᠬᠠᠮᠲᠤᠷᠠᠭᠰᠠᠨ ᠪᠣᠯᠪᠠᠰᠤᠷᠠᠯ ᠪᠣᠯᠤᠨ᠎ᠠ᠃ ᠪᠣᠯᠪᠠᠰᠤᠷᠠᠯ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠢᠯᠣᠭᠤᠳᠣᠯᠭ᠎ᠠ ᠳᠣᠤᠷ᠎ᠠ ᠥᠷᠨᠢᠭᠦᠯᠵᠦ᠂ ᠳᠤᠮᠳᠠᠳᠤ ᠤᠯᠤᠰ ᠤᠨ ᠷᠠᠳᠢᠣ᠋ ᠺᠢᠨᠣ᠋ ᠲᠧᠯᠸᠢᠰ ᠤᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠦᠴᠦᠲᠡᠶ ᠳᠡᠮᠵᠢᠯᠭᠡ ᠶᠢ ᠤᠯᠪᠠ᠃ ᠪᠣᠯᠪᠠᠰᠤᠷᠠᠯ ᠨᠢ ᠷᠠᠳᠢᠣ᠋ ᠲᠧᠯᠸᠢᠰ ᠲᠠᠬᠢ ᠳᠣᠯᠭᠢᠶᠠᠨ ᠰᠠᠴᠤᠷᠠᠭᠤᠯᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ᠂ ᠰᠠᠴᠤᠷᠠᠭᠤᠯᠬᠤ ᠥᠷᠲᠡᠭᠡ ᠶᠢᠨ ᠰᠢᠨ᠎ᠡ ᠮᠡᠷᠭᠡᠵᠢᠯ ᠤᠨ ᠬᠡᠷᠡᠭᠯᠡᠯᠲᠡ ᠪᠠ ᠣᠶᠤᠨᠴᠢ ᠠᠵᠢᠯᠯᠠᠭᠠᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢᠴᠢᠶᠡᠯ ᠤᠨ ᠲᠠᠩᠬᠢᠮ ᠤᠨ ᠬᠢᠴᠢᠶᠡᠯ ᠣᠷᠣᠵᠤ᠂ ᠳᠠᠮᠵᠢᠭᠤᠯᠭ᠎ᠠ ᠰᠠᠴᠤᠷᠠᠭᠤᠯᠭ᠎ᠠ ᠶᠢᠨ ᠦᠢᠯᠡᠰ ᠤᠨ ᠬᠥᠭᠵᠢᠯᠲᠡ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠡᠷᠡᠭᠯᠡᠯᠲᠡ᠂ ᠬᠤᠷᠢᠶ᠎ᠠ ᠥᠷᠲᠡᠭᠡ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠰᠢᠯᠢ ᠶᠢᠨ ᠬᠤᠲᠠ ᠶᠢᠨ ᠷᠠᠳᠢᠣ᠋ ᠰᠠᠴᠤᠷᠠᠭᠤᠯᠬᠤ ᠲᠥᠪ ᠤᠨ ᠬᠠᠷᠢᠶ᠎ᠠ ᠥᠷᠲᠡᠭᠡ ᠪᠠ ᠪᠠᠷᠠᠭᠤᠨ ᠦᠵᠦᠮᠦᠴᠢᠨ ᠬᠤᠰᠢᠭᠤᠨ ᠤ ᠰᠡᠷᠪᠡᠩ ᠬᠠᠷᠪᠤᠯᠲᠠ ᠶᠢᠨ ᠥᠷᠲᠡᠭᠡ ᠳᠤ ᠬᠦᠷᠴᠦ ᠲᠣᠭᠤᠷᠢᠨ ᠦᠵᠡᠪᠡ᠃
W020240806325679855727.png
  ᠲᠣᠰ ᠤᠳᠠᠭᠠᠨ ᠤ ᠣᠷᠣᠨ ᠪᠦᠰᠡ ᠶᠢᠨ ᠴᠢᠨᠠᠷᠲᠠᠶ ᠬᠠᠮᠲᠤᠷᠠᠭᠰᠠᠨ ᠪᠣᠯᠪᠠᠰᠤᠷᠠᠯ ᠨᠢ ᠮᠠᠨ ᠤ ᠣᠷᠣᠨ ᠬᠢᠭᠡᠳ ᠬᠥᠷᠰᠢ ᠵᠡᠷᠭᠡᠯᠡᠳᠡᠭᠡ ᠮᠤᠵᠢ ᠬᠤᠲᠠ ᠪᠣᠯᠤᠨ ᠤᠯᠤᠰ ᠤᠨ ᠳᠣᠲᠣᠭᠠᠳᠤ ᠶᠢᠨ ᠪᠤᠰᠤᠳ ᠮᠤᠵᠢ ᠬᠤᠲᠠ ᠶᠢᠨ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠪᠦᠲᠦᠮᠵᠢᠲᠡᠶ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠬᠠᠷᠢᠯᠴᠠᠨ ᠲᠣᠯᠢ ᠪᠣᠯᠭᠠᠬᠤ ᠠᠵᠢᠯ ᠤᠨ ᠲᠤᠷᠰᠢᠯᠭ᠎ᠠ᠂ ᠪᠣᠯᠪᠠᠰᠤᠷᠠᠯ ᠤᠨ ᠡᠬᠢ ᠪᠠᠶᠠᠯᠢᠭ ᠢ ᠬᠠᠮᠲᠤ ᠪᠠᠷ ᠭᠥᠷᠳᠡᠬᠦ ᠶᠢ ᠠᠬᠢᠭᠤᠯᠬᠤ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠶ ᠨᠥᠯᠥᠭᠡ ᠦᠵᠡᠭᠦᠯᠪᠡ᠃︵ᠳᠠᠮᠵᠢᠭᠤᠯᠤᠨ ᠰᠠᠴᠤᠷᠠᠭᠤᠯᠬᠤ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map