ᠰᠢ ᠶᠢᠨ ᠫᠢᠩ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠥᠬᠦ ᠤᠯᠤᠰ ᠤᠨ ᠥᠷᠭᠡᠨ ᠣᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠦᠩᠨᠡᠯ ᠳᠡᠪᠰᠢᠭᠦᠯᠪᠡ
ᠨᠡᠶᠢᠲᠡᠯᠡᠭᠰᠡᠨ ᠴᠠᠭ᠄
2024/9/10
     ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠳ᠋ᠦ᠋ᠭᠡᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ   ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ 9 ᠤ ᠡᠳᠦᠷ ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ ᠃ 9 ᠳ᠋ᠦ᠋ᠭᠡᠷ ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠳᠦᠴᠢᠳᠡᠬᠢ ᠪᠠᠭᠰᠢ ᠶᠢᠨ ᠪᠠᠶᠠᠷ ᠤᠨ ᠡᠳᠦᠷ ᠪᠣᠯᠣᠨ᠎ᠠ᠂ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠦᠩᠨᠡᠯ ᠳᠡᠪᠰᠢᠭᠦᠯᠵᠡᠢ ᠃ ᠲᠡᠷᠡ᠂ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ  ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠮᠥᠨ ᠃ ᠪᠠᠭᠰᠢ ᠶᠢᠨ ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠲᠤᠬᠠᠶᠢᠯᠠᠭᠰᠠᠨ ᠠᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠠᠭᠰᠢᠯᠠᠭᠰᠠᠨ ᠣᠨ ᠤ ᠨᠡᠮᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠃ ᠪᠠᠭᠰᠢ ᠶᠢᠨ ᠲᠤᠬᠠᠶᠢᠯᠠᠭᠰᠠᠨ ᠠᠵᠢᠯ ᠤᠨ ᠨᠡᠷ᠎ᠡ ᠬᠦᠨᠳᠦ ᠪᠠ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠤᠰᠤ ᠡᠭᠦᠷᠭᠡ ᠶᠢᠨ ᠳᠠᠷᠤᠭᠠᠰᠤ ᠶᠢ ᠬᠥᠩᠭᠡᠷᠡᠭᠦᠯᠵᠦ᠂ ᠪᠠᠭᠰᠢ ᠶᠢᠨ ᠢᠷᠠᠭᠤ ᠠᠯᠳᠠᠷᠲᠠᠢ ᠪᠠᠷ ᠠᠵᠢᠯ ᠠᠴᠠ ᠪᠠᠨ ᠪᠠᠭᠤᠵᠤ ᠠᠮᠠᠷᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠰᠢᠯᠢᠳᠡᠭ ᠪᠠᠭᠰᠢ ᠶᠢ ᠰᠣᠩᠭᠤᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠬᠥᠬᠢᠭᠦᠯᠬᠦ ᠪᠠ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠶᠢ ᠬᠦᠷᠲᠡᠭᠡᠯᠭᠡᠵᠦ ᠂ ᠨᠡᠶᠢᠭᠡᠮ ᠤᠨ  ᠬᠢᠨ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠲᠤᠬᠠᠶᠢᠯᠠᠭᠰᠠᠨ ᠠᠵᠢᠯ ᠤᠨ ᠨᠢᠭᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ
Baidu
map