ᠡᠷᠬᠡ ᠰᠦᠷᠲᠦ ᠰᠤᠷᠪᠤᠯᠵᠢᠯᠠᠭ᠎ᠠ᠄ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷᠯᠢᠭ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠶ᠎ᠡ — ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠤ ᠰᠣᠷᠪᠣᠯᠵᠢᠯᠠᠯ
ᠨᠡᠶᠢᠲᠡᠯᠡᠭᠰᠡᠨ ᠴᠠᠭ᠄
2024/9/10
  ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 7 ᠤ ᠴᠠᠬᠢᠯᠭᠠᠨ ᠮᠡᠳᠡᠭᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠡᠭᠦᠷᠭᠡ ᠶᠢ ᠳᠤᠷᠠᠳᠴᠤ᠂ ᠥᠭᠡᠷᠡᠴᠢᠯᠡᠯᠲᠡ ᠶᠢᠨ ᠵᠠᠮ ᠪᠣᠯᠤᠨ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠰᠣᠶᠣᠯ ᠤᠨ ᠥᠭᠡᠷᠡᠴᠢᠯᠡᠯᠲᠡ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠴᠡᠢ᠃  ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ᠥᠭᠡᠷᠡᠴᠢᠯᠡᠯᠲᠡ ᠶᠢ ᠬᠡᠷᠬᠢᠨ ᠪᠦᠬᠦ ᠲᠠᠯ᠎ᠠ ᠪᠠᠷ ᠰᠢᠰᠲ᠋ᠧᠮ ᠲᠠᠢ ᠠᠬᠢᠭᠤᠯᠬᠤ ᠪᠤᠢ︖ ᠷᠠᠳᠢᠣ᠋ ᠲᠧᠯᠸᠢᠰ ᠤᠨ ᠠᠵᠢᠯ ᠲᠥᠷᠥᠯ ᠨᠢ ᠴᠢᠨᠠᠷ ᠰᠠᠶᠢᠲᠠᠶ ᠰᠣᠶᠣᠯ ᠤᠨ ᠡᠬᠢ ᠪᠠᠶᠠᠯᠢᠭ ᠢ ᠰᠢᠭᠤᠳ ᠦᠨᠳᠦᠰᠦᠨ ᠱᠠᠲᠤᠨ ᠳᠤ ᠬᠦᠷᠭᠡᠬᠦ ᠲᠣᠭᠲᠠᠴᠠ ᠶᠢ ᠬᠡᠷᠬᠢᠨ ᠪᠠᠶᠢᠭᠤᠯᠬᠤ ᠪᠣᠶ︖ ᠬᠡᠷᠬᠢᠨ ᠰᠤᠶᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠭᠤᠰᠤᠯᠴᠠᠭᠤᠯᠬᠤ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠲᠦᠷᠭᠡᠳᠭᠡᠨ ᠬᠥᠭᠵᠢᠭᠦᠯᠬᠦ ᠪᠤᠢ︖ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠢ ᠰᠤᠷᠪᠤᠯᠵᠢᠯᠠᠪᠠ᠃  ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠰᠢᠰᠲ᠋ᠧᠮ ᠲᠠᠢ ᠠᠬᠢᠭᠤᠯᠤᠨ᠎ᠠ  ᠠᠰᠠᠭᠤᠯᠲᠠ᠄ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠪᠣᠳᠣᠯᠬᠢᠯᠠᠯ ᠨᠢ ᠶᠠᠭᠤ ᠪᠣᠶ︖  ᠬᠠᠷᠢᠭᠤᠯᠲᠠ᠄ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠣᠯ ᠰᠣᠶᠣᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠪᠢᠳᠡ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠠᠯ︾ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠰᠢᠰᠲ᠋ᠧᠮ ᠲᠠᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃  ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠤ ᠥᠭᠡᠷᠡᠴᠢᠯᠡᠯᠲᠡ ᠨᠢ ︽ᠨᠠᠮ ᠤᠨ ᠲᠠᠭᠤᠨ ᠢ ᠳᠠᠮᠵᠢᠭᠤᠯᠵᠤ᠂ ᠠᠷᠠᠳ ᠣᠯᠠᠨ ᠳᠤ ᠦᠢᠯᠡᠴᠢᠯᠡᠬᠦ︾ ᠷᠠᠳᠢᠣ᠋ ᠲᠧᠯᠸᠢᠰ ᠤᠨ ᠣᠭ ᠰᠠᠨᠠᠭ᠎ᠠ ᠶᠢ ᠪᠠᠲᠤ ᠰᠠᠬᠢᠵᠤ᠂ ︽ᠦᠵᠡᠯ ᠤᠬᠠᠮᠰᠠᠷ ᠤᠨ ᠬᠡᠯᠪᠡᠷᠢ᠂ ᠣᠯᠠᠨ ᠨᠡᠶᠢᠲᠡ ᠶᠢᠨ ᠦᠢᠯᠡᠴᠢᠯᠡᠭᠡ᠂ ᠮᠡᠷᠭᠡᠵᠢᠯ ᠤᠨ ᠠᠵᠤ ᠦᠢᠯᠡᠰ︾ ᠤᠨ ᠷᠠᠳᠢᠣ᠋ ᠲᠧᠯᠸᠢᠰ ᠤᠨ ᠰᠢᠨᠵᠢ ᠴᠢᠨᠠᠷ ᠢ ᠡᠵᠡᠮᠳᠡᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠤᠶᠠᠷ ᠶᠡᠭᠡ ᠲᠤᠬᠠᠶᠢᠯᠠᠭᠰᠠᠨ ᠠᠵᠢᠯ ᠢ ᠭᠦᠨᠵᠡᠭᠡᠶ ᠠᠭᠤᠰᠤᠯᠴᠠᠭᠤᠯᠬᠤ᠂ ᠬᠠᠮᠵᠢᠯᠴᠠᠨ ᠬᠥᠭᠵᠢᠭᠦᠯᠬᠦ ᠶᠢ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ︽ᠤᠯᠠᠮᠵᠢᠯᠠᠯᠲᠤ ᠷᠠᠳᠢᠣ᠋ ᠲᠧᠯᠸᠢᠰ ᠢ ᠪᠠᠬᠢᠵᠢᠭᠦᠯᠦᠨ ᠳᠡᠭᠡᠭᠰᠢᠯᠡᠭᠦᠯᠬᠦ᠂ ᠰᠦᠯᠵᠢᠶᠡᠨ ᠤ ᠦᠵᠡᠵᠦ ᠰᠣᠨᠣᠰᠬᠤ ᠶᠢ ᠴᠡᠴᠡᠭᠯᠡᠭᠦᠯᠦᠨ ᠬᠥᠭᠵᠢᠭᠦᠯᠬᠦ᠂ ᠨᠡᠶᠢᠯᠡᠯ ᠬᠦᠴᠦᠨ ᠢ ᠡᠮᠬᠢᠯᠡᠨ ᠨᠡᠶᠢᠯᠡᠭᠦᠯᠵᠦ ᠬᠥᠭᠵᠢᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ︾ ᠴᠢᠭᠯᠡᠯ ᠢ ᠲᠣᠭᠲᠠᠭᠠᠵᠤ᠂ ᠶᠡᠭᠡ ᠪᠠᠷ ᠠᠭᠤᠰᠤᠯᠴᠠᠭᠤᠯᠬᠤ᠂ ᠶᠡᠭᠡ ᠪᠠᠷ ᠨᠢᠭᠲᠠᠷᠠᠭᠤᠯᠬᠤ᠂ ᠶᠡᠭᠡ ᠪᠠᠷ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠡᠷᠴᠢᠮᠵᠢᠭᠦᠯᠦᠭᠰᠡᠨ ᠬᠥᠭᠵᠢᠯᠲᠡ ᠶᠢ ᠪᠡᠶᠡᠯᠡᠭᠦᠯᠪᠡ᠃ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠰᠣᠨᠢᠨ ᠮᠡᠳᠡᠭᠡᠨ ᠤ ᠤᠬᠠᠭᠤᠯᠭ᠎ᠠ᠂ ᠤᠨᠤᠯ ᠤᠨ ᠤᠬᠠᠭᠤᠯᠭ᠎ᠠ ᠳᠤ ᠰᠢᠨ᠎ᠡ ᠶᠢ ᠡᠭᠦᠳᠴᠦ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠠᠬᠢᠭᠤᠯᠪᠠ︔ ᠠᠭᠤᠯᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶ ᠠᠭᠤᠳᠠᠯᠵᠤ᠂ ᠴᠢᠨᠠᠷ ᠰᠠᠶᠢᠲᠠᠶ ᠦᠵᠡᠵᠦ ᠰᠣᠨᠣᠰᠬᠤ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠪᠠ︔ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠰᠢᠰᠲ᠋ᠧᠮᠲᠦ ᠴᠢᠨᠠᠷᠲᠠᠶ ᠬᠤᠪᠢᠰᠤᠯᠲᠠ ᠶᠢ ᠲᠦᠯᠬᠢᠨ ᠠᠬᠢᠭᠤᠯᠵᠤ᠂ ᠰᠢᠨ᠎ᠡ ᠬᠡᠯᠪᠡᠷᠢ ᠶᠢᠨ ᠷᠠᠳᠢᠣ᠋ ᠲᠧᠯᠸᠢᠰ ᠤᠨ ᠭᠤᠣᠯ ᠵᠠᠭᠤᠴᠢᠯᠠᠭᠤᠷ ᠢ ᠪᠤᠢ ᠪᠣᠯᠭᠠᠵᠤ᠂ ᠰᠦᠯᠵᠢᠶᠡᠨ ᠤ ᠦᠵᠡᠵᠦ ᠰᠣᠨᠣᠰᠬᠤ ᠴᠡᠴᠡᠭᠯᠡᠯ ᠬᠥᠭᠵᠢᠯᠲᠡ ᠶᠢ ᠠᠬᠢᠭᠤᠯᠪᠠ︔ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠪᠡ︔ ᠠᠮᠤᠷ ᠲᠦᠪᠰᠢᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠪᠦᠬᠦ ᠲᠠᠯ᠎ᠠ ᠶᠢᠨ ᠰᠢᠰᠲ᠋ᠧᠮ ᠲᠠᠢ ᠰᠢᠨ᠎ᠡ ᠬᠡᠯᠪᠡᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠯᠴᠠᠭ᠎ᠠ ᠪᠠ ᠶᠡᠷᠦᠩᠬᠡᠶᠢᠯᠡᠨ ᠵᠠᠰᠠᠬᠤ ᠲᠣᠭᠲᠠᠯᠴᠠᠭ᠎ᠠ ᠶᠢ ᠪᠠᠶᠢᠭᠤᠯᠪᠠ ︔ ᠣᠯᠠᠨ ᠤᠯᠤᠰ ᠤᠨ ᠳᠠᠮᠵᠢᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠤᠯᠤᠰ ᠤᠨ ᠦᠵᠡᠵᠦ ᠰᠣᠨᠣᠰᠬᠤ ᠨᠠᠷᠠᠲᠤ ᠲᠥᠷᠥᠯ ᠲᠡᠮᠳᠡᠭᠲᠦ ᠶᠢ ᠴᠤᠤᠷᠢᠶᠠᠲᠤᠭᠤᠯᠵᠤ᠂ ᠣᠯᠠᠨ ᠤᠯᠤᠰ ᠤᠨ ᠳᠠᠮᠵᠢᠭᠤᠯᠭ᠎ᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠳᠤᠮᠳᠠᠳᠤ ᠶᠢᠨ ᠪᠣᠯᠪᠠᠰᠤᠨ ᠤ ᠤᠯᠠᠮᠵᠢᠯᠠᠨ ᠳᠠᠮᠵᠢᠭᠤᠯᠬᠤ ᠬᠦᠴᠦᠨ ᠤ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠪᠠ᠃  ᠬᠦᠴᠦᠷᠬᠡᠭ ᠶᠡᠭᠡ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠲᠠᠢ ᠰᠢᠨ᠎ᠡ ᠬᠡᠯᠪᠡᠷᠢ ᠶᠢᠨ ᠭᠤᠣᠯ ᠤᠷᠤᠰᠬᠠᠯ ᠤᠨ ᠵᠠᠭᠤᠴᠢᠯᠠᠭᠤᠷ ᠢ ᠪᠠᠶᠢᠭᠤᠯᠤᠨ᠎ᠠ  ᠠᠰᠠᠭᠤᠯᠲᠠ᠄ ᠷᠠᠳᠢᠣ᠋ ᠲᠧᠯᠸᠢᠰ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠡᠷᠬᠢᠨ ᠠᠬᠢᠭᠤᠯᠬᠤ ᠪᠣᠶ︖  ᠬᠠᠷᠢᠭᠤᠯᠲᠠ᠄ ᠷᠠᠳᠢᠣ᠋ ᠲᠧᠯᠸᠢᠰ ᠬᠤᠷᠢᠶ᠎ᠠ ᠪᠣᠯ ᠴᠢᠬᠤᠯᠠ ᠭᠤᠤᠯ ᠤᠷᠤᠰᠬᠠᠯ ᠤᠨ ᠵᠠᠭᠤᠴᠢᠯᠠᠭᠤᠷ ᠮᠥᠨ᠂ ᠪᠠᠰᠠ ᠴᠤ ᠠᠵᠢᠯ ᠲᠥᠷᠥᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠨᠢᠭᠡᠨ ᠭᠤᠤᠯᠳᠠᠯᠭ᠎ᠠ ᠮᠥᠨ᠃ ᠪᠢᠳᠡ ᠷᠠᠳᠢᠣ᠋ ᠲᠧᠯᠸᠢᠰ ᠬᠤᠷᠢᠶ᠎ᠠ ᠶᠢᠨ ᠲᠣᠭᠠᠵᠢᠭᠤᠯᠤᠯᠲᠠ᠂ ᠰᠦᠯᠵᠢᠶᠡᠵᠢᠭᠦᠯᠦᠯᠲᠡ᠂ ᠣᠶᠣᠨᠴᠢᠯᠠᠯᠲᠠ ᠶᠢᠨ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠶᠢ ᠠᠬᠢᠭᠤᠯᠵᠤ᠂ ᠰᠢᠰᠲ᠋ᠧᠮ ᠤᠨ ᠴᠢᠨᠠᠷᠲᠠᠶ ᠬᠤᠪᠢᠰᠤᠯᠲᠠ ᠶᠢ ᠲᠦᠷᠭᠡᠳᠬᠡᠵᠦ᠂ ᠬᠦᠴᠦᠷᠬᠡᠭ ᠶᠡᠭᠡ ᠨᠥᠯᠥᠭᠡᠯᠡᠬᠦ ᠬᠦᠴᠦᠨ ᠪᠠ ᠥᠷᠢᠰᠥᠯᠳᠦᠬᠦ ᠬᠦᠴᠦᠨ ᠲᠠᠢ ᠰᠢᠨ᠎ᠡ ᠬᠡᠯᠪᠡᠷᠢ ᠶᠢᠨ ᠭᠤᠣᠯ ᠤᠷᠤᠰᠬᠠᠯ ᠤᠨ ᠵᠠᠭᠤᠴᠢᠯᠠᠭᠤᠷ ᠢ ᠪᠠᠶᠢᠭᠤᠯᠵᠤ᠂ ᠬᠦᠴᠦᠷᠬᠡᠭ ᠶᠡᠭᠡ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ᠂ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠬᠦ ᠲᠠᠪᠴᠠᠩ᠂ ᠴᠢᠬᠤᠯᠠ ᠤᠯᠠᠨ ᠲᠦᠮᠡᠨᠴᠢ ᠰᠣᠶᠣᠯ ᠤᠨ ᠠᠮᠢᠳᠤᠷᠠᠯ ᠤᠨ ᠠᠴᠢᠶᠠᠯᠠᠪᠤᠷᠢ᠂ ᠪᠦᠲᠦᠮᠵᠢᠲᠡᠢ ᠨᠡᠶᠢᠭᠡᠮ ᠤᠨ ᠵᠠᠰᠠᠯᠲᠠ ᠶᠢᠨ ᠭᠠᠷᠳᠠᠴᠠ ᠪᠣᠯᠭᠠᠨ ᠪᠠᠶᠢᠭᠤᠯᠤᠨ᠎ᠠ᠃ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠠᠬᠢᠭᠤᠯᠬᠤ ᠪᠣᠯᠣᠨ᠎ᠠ᠄  ᠠᠳᠠᠯᠢ ᠪᠤᠰᠤ ᠳᠠᠪᠬᠤᠷᠭ᠎ᠠ ᠲᠠᠢ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠵᠦᠷᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠲᠥᠪ ᠤᠨ ᠳᠡᠰ ᠤᠨ ᠷᠠᠳᠢᠣ᠋ ᠲᠧᠯᠸᠢᠰ ᠬᠡᠪᠯᠡᠯ ᠮᠡᠳᠡᠭᠡᠯᠡᠯ ᠤᠨ ᠬᠢᠨ ᠤ ᠳᠡᠯᠡᠬᠡᠢ ᠶᠢᠨ ᠲᠡᠷᠢᠭᠦᠨ ᠵᠡᠷᠭᠡ ᠶᠢᠨ ᠵᠠᠭᠤᠴᠢᠯᠠᠭᠤᠷ ᠤᠨ ︽ᠬᠤᠰᠢᠭᠤᠴᠢ︾ ᠶᠢ ᠪᠠᠶᠢᠭᠤᠯᠬᠤ ᠶᠢ ᠳᠡᠮᠵᠢᠨ᠎ᠡ᠃ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠢ ᠰᠢᠯᠢᠳᠡᠭᠵᠢᠭᠦᠯᠵᠦ᠂ ᠤᠯᠤᠰ ᠤᠨ ᠳᠣᠲᠣᠭᠠᠳᠤ ᠴᠢᠨᠠᠭᠰᠢᠯᠠᠪᠠᠯ ᠳᠡᠯᠡᠬᠡᠶ ᠳᠤ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠲᠠᠢ ᠭᠤᠤᠯᠯᠠᠭᠴᠢ ᠵᠠᠭᠤᠴᠢᠯᠠᠭᠤᠷ ᠤᠨ ᠪᠦᠯᠦᠭᠯᠡᠯ ᠢ ᠪᠠᠶᠢᠭᠤᠯᠤᠨ᠎ᠠ᠃ ᠬᠤᠲᠠ ᠰᠢᠶᠠᠨ ᠤ ᠱᠠᠲᠤᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠣᠷᠣᠨ ᠪᠦᠰᠡᠵᠢᠬᠦ᠂ ᠣᠨᠴᠠᠯᠢᠬᠵᠢᠬᠤ ᠬᠥᠭᠵᠢᠯᠲᠡ ᠶᠢ ᠠᠬᠢᠭᠤᠯᠵᠤ᠂ ᠲᠣᠰ ᠭᠠᠵᠠᠷᠴᠢᠯᠠᠭᠰᠠᠨ ᠫᠷᠤᠭ᠍ᠷᠠᠮ ᠢ ᠦᠢᠯᠡᠳᠴᠦ ᠨᠡᠪᠲᠡᠷᠡᠭᠦᠯᠬᠦ ᠶᠢ ᠴᠢᠩᠭᠠᠳᠬᠠᠨ᠎ᠠ᠃  ᠰᠣᠨᠢᠨ ᠮᠡᠳᠡᠭᠡᠨ ᠤ ᠲᠠᠪᠴᠠᠩ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ ᠱᠠᠲᠤᠨ ᠤ ᠷᠠᠳᠢᠣ᠋ ᠲᠧᠯᠸᠢᠰ ᠬᠤᠷᠢᠶ᠎ᠠ ᠶᠢᠨ ᠰᠣᠨᠢᠨ ᠮᠡᠳᠡᠭᠡ ᠰᠤᠷᠪᠤᠯᠵᠢᠯᠠᠨ ᠨᠠᠶᠢᠷᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠠᠬᠢᠭᠤᠯᠵᠤ᠂ ᠰᠣᠨᠢᠨ ᠮᠡᠳᠡᠭᠡᠨ ᠤ ᠦᠢᠯᠡᠳᠪᠦᠷᠢᠯᠡᠯ ᠤᠨ ᠬᠦᠴᠦᠨ ᠢᠯᠠᠩᠭᠤᠶ᠎ᠠ ᠰᠢᠭᠤᠳ ᠨᠡᠪᠲᠡᠷᠡᠭᠦᠯᠭᠡ ᠮᠡᠳᠡᠭᠡᠯᠡᠯ᠂ ᠭᠦᠨᠵᠡᠭᠡᠶ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠰᠣᠨᠢᠨ ᠮᠡᠳᠡᠭᠡᠨ ᠤ ᠫᠷᠤᠭ᠍ᠷᠠᠮ ᠤᠨ ᠨᠡᠷᠡᠲᠦ ᠲᠡᠮᠳᠡᠭᠲᠦ ᠶᠢ ᠡᠭᠦᠳᠬᠦ ᠶᠢ ᠲᠡᠳᠬᠦᠨ᠎ᠡ᠃ ᠰᠣᠨᠢᠨ ᠮᠡᠳᠡᠭᠡᠨ ᠤ ᠰᠤᠷᠪᠤᠯᠵᠢᠯᠠᠭ᠎ᠠ ᠶᠢᠨ ᠬᠦᠴᠦᠨ ᠢ ᠦᠨᠳᠦᠰᠦᠨ ᠱᠠᠲᠤ ᠲᠡᠶᠢᠰᠢ ᠪᠠᠭᠤᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠬᠠᠭᠤᠯᠤᠨ ᠮᠡᠳᠡᠭᠡᠯᠡᠬᠦ ᠠᠷᠭ᠎ᠠ ᠬᠡᠯᠪᠡᠷᠢ ᠪᠠ ᠦᠭᠡ ᠬᠡᠯᠡᠨ ᠤ ᠲᠣᠭᠲᠠᠯᠴᠠᠭ᠎ᠠ ᠶᠢ ᠰᠠᠶᠢᠵᠢᠷᠠᠭᠤᠯᠤᠨ᠎ᠠ᠃  ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠢᠨᠲ᠋ᠧᠷ ᠰᠦᠯᠵᠢᠶᠡᠨ ᠤ ᠰᠡᠳᠬᠢᠬᠦᠶ ᠪᠠᠷ ᠡᠬᠢ ᠪᠠᠶᠠᠯᠢᠭ ᠤᠨ ᠲᠣᠬᠢᠷᠠᠭᠤᠯᠤᠯᠲᠠ ᠶᠢ ᠭᠤᠤᠯᠯᠠᠨ ᠤᠳᠤᠷᠢᠳᠴᠤ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠪᠠᠶᠢᠭᠤᠯᠤᠨ᠎ᠠ᠃ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠳᠡᠮᠵᠢᠵᠦ ᠲᠤᠰ ᠮᠤᠵᠢ ᠶᠢᠨ ᠷᠠᠳᠢᠣ᠋ ᠲᠧᠯᠸᠢᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠴᠦᠷᠬᠡᠭᠵᠢᠭᠦᠯᠦᠨ ᠰᠢᠯᠢᠳᠡᠭᠵᠢᠭᠦᠯᠬᠦ᠂ ᠵᠦᠷᠢᠶᠡᠴᠢᠯᠡᠭᠰᠡᠨ ᠣᠨᠴᠠᠯᠢᠬᠵᠢᠭᠤᠯᠤᠨ ᠬᠥᠭᠵᠢᠭᠦᠯᠬᠦ ᠶᠢ ᠳᠡᠮᠵᠢᠨ᠎ᠡ᠃ ᠪᠦᠬᠦ ᠤᠯᠤᠰ ᠤᠨ ᠴᠢᠨᠠᠷᠲᠠᠶ ᠪᠠ ᠣᠷᠣᠨ ᠪᠦᠰᠡ ᠶᠢᠨ ᠴᠢᠨᠠᠷᠲᠠᠶ ᠷᠠᠳᠢᠣ᠋ ᠲᠧᠯᠸᠢᠰ ᠤᠨ ᠬᠠᠮᠲᠤᠷᠠᠭᠰᠠᠨ ᠰᠢᠨ᠎ᠡ ᠵᠠᠭᠤᠴᠢᠯᠠᠭᠤᠷ ᠤᠨ ᠲᠠᠪᠴᠠᠩ ᠢ ᠰᠦᠪᠡᠭᠴᠢᠯᠡᠨ ᠪᠠᠶᠢᠭᠤᠯᠤᠨ᠎ᠠ᠃ ᠪᠦᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭᠠᠨ ᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃  ᠰᠤᠪᠠᠭ ᠳᠠᠪᠲᠠᠮᠵᠢ ᠶᠢ ᠴᠣᠮᠬᠠᠳᠬᠠᠨ᠎ᠠ᠃ ᠨᠢᠭᠡ ᠪᠦᠯᠦᠭ ᠬᠦᠯᠢᠶᠡᠨ ᠠᠪᠤᠭᠴᠢᠳ ᠴᠥᠭᠡᠨ᠂ ᠨᠥᠯᠥᠭᠡ ᠮᠠᠭᠤᠲᠠᠶ ᠰᠤᠪᠠᠭ ᠳᠠᠪᠲᠠᠮᠵᠢ ᠶᠢ ᠴᠣᠮᠬᠠᠳᠬᠠᠨ᠂ ᠣᠶᠤᠨ ᠴᠢᠳᠠᠯ ᠢᠶᠠᠨ ᠲᠥᠪᠯᠡᠷᠡᠭᠦᠯᠦᠨ ᠭᠤᠤᠯ ᠰᠤᠪᠠᠭ ᠭᠤᠤᠯ ᠳᠠᠪᠲᠠᠮᠵᠢ ᠪᠠ ᠣᠨᠴᠠᠯᠢᠭᠲᠤ ᠰᠤᠪᠠᠭ ᠳᠠᠪᠲᠠᠮᠵᠢ ᠶᠢ ᠰᠠᠶᠢᠲᠤᠷ ᠬᠢᠵᠦ᠂ ᠰᠤᠪᠠᠭ ᠳᠠᠪᠲᠠᠮᠵᠢ ᠶᠢ ᠲᠤᠰᠬᠠᠶᠢᠵᠢᠭᠤᠯᠬᠤ᠂ ᠣᠨᠴᠠᠯᠢᠬᠵᠢᠭᠤᠯᠬᠤ᠂ ᠨᠡᠷᠡᠲᠦ ᠲᠡᠮᠳᠡᠭᠵᠢᠭᠦᠯᠬᠦ ᠬᠥᠭᠵᠢᠯᠲᠡ ᠶᠢ ᠠᠬᠢᠭᠤᠯᠤᠨ᠎ᠠ᠃  ᠷᠠᠳᠢᠣ᠋ ᠲᠧᠯᠸᠢᠰ ᠬᠤᠷᠢᠶᠠᠨ ᠤ ᠳᠣᠲᠣᠭᠠᠳᠤ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ ᠬᠠᠮ ᠵᠠᠭᠤᠴᠢᠯᠠᠭᠤᠷ ᠤᠨ ᠦᠢᠯᠡᠳᠪᠦᠷᠢᠯᠡᠵᠦ ᠳᠠᠮᠵᠢᠭᠤᠯᠬᠤ ᠳᠤ ᠵᠣᠬᠢᠴᠠᠭᠰᠠᠨ ᠨᠢᠭᠡ ᠴᠣᠭᠴᠠᠵᠢᠭᠰᠠᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠷᠠᠳᠢᠣ᠋ ᠲᠧᠯᠸᠢᠰ ᠬᠤᠷᠢᠶᠠᠨ ᠤ ᠳᠣᠲᠣᠭᠠᠳᠤ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠦᠨ᠎ᠡ᠃  ᠷᠠᠳᠢᠣ᠋ ᠲᠧᠯᠸᠢᠰ ᠤᠨ ᠦᠵᠡᠵᠦ ᠰᠣᠨᠤᠰᠬᠤ ᠦᠢᠯᠡᠳᠬᠦᠨ ᠪᠠ ᠦᠢᠯᠡᠴᠢᠯᠡᠭᠡ ᠶᠢ ᠦᠨᠳᠦᠰᠦᠨ ᠱᠠᠲᠤᠨ ᠳᠤ ᠰᠢᠭᠤᠳ ᠬᠦᠷᠭᠡᠬᠦ᠂ ᠣᠯᠠᠨ ᠲᠦᠮᠡᠨ ᠳᠤ ᠦᠢᠯᠡᠴᠢᠯᠡᠬᠦ ᠶᠢ ᠴᠢᠷᠮᠠᠶᠢᠨ ᠠᠬᠢᠭᠤᠯᠤᠨ᠎ᠠ  ᠠᠰᠠᠭᠤᠯᠲᠠ᠄ ︽ᠲᠣᠭᠲᠠᠭᠠᠯ︾ ᠳᠤ ᠳᠤᠷᠠᠳᠤᠭᠰᠠᠨ ︽ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠬᠤ︾ ᠳᠤ ᠴᠢᠭᠯᠡᠭᠦᠯᠦᠨ᠂ ᠷᠠᠳᠢᠣ᠋ ᠲᠧᠯᠸᠢᠰ ᠤᠨ ᠠᠵᠢᠯ ᠲᠦᠷᠦᠯ ᠳᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠪᠤᠢ︖  ᠬᠠᠷᠢᠭᠤᠯᠲᠠ᠄ ᠴᠢᠨᠠᠷ ᠰᠠᠶᠢᠲᠠᠶ ᠰᠣᠶᠣᠯ ᠤᠨ ᠦᠢᠯᠡᠳᠬᠦᠨ ᠪᠠ ᠰᠣᠶᠣᠯ ᠤᠨ ᠦᠢᠯᠡᠴᠢᠯᠡᠭᠡ ᠪᠣᠯ ᠠᠷᠠᠳ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠵᠠᠩᠭᠢᠯᠠᠭ᠎ᠠ ᠮᠥᠨ᠃ ᠨᠢᠭᠡ ᠲᠠᠯ᠎ᠠ ᠪᠠᠷ ᠠᠷᠠᠳ ᠲᠦᠮᠡᠨ ᠢᠶᠠᠷ ᠭᠤᠤᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠵᠣᠬᠢᠶᠠᠨ ᠪᠦᠲᠦᠭᠡᠬᠦ ᠠᠮᠢᠨ ᠰᠤᠳᠠᠰᠤ ᠪᠣᠯᠭᠠᠵᠤ᠂ ᠨᠠᠩ ᠣᠯᠠᠨ ᠰᠢᠯᠢᠳᠡᠭ ᠪᠦᠲᠦᠭᠡᠯ ᠢ ᠴᠢᠷᠮᠠᠶᠢᠨ ᠭᠠᠷᠭᠠᠨ᠎ᠠ︔ ᠨᠥᠭᠦᠭᠡ ᠲᠠᠯ᠎ᠠ ᠪᠠᠷ ᠬᠠᠩᠭᠠᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠠᠷᠠᠳ ᠣᠯᠠᠨ ᠳᠤ ᠨᠠᠩ ᠰᠢᠭᠤᠳ᠂ ᠨᠠᠩ ᠳᠥᠭᠦᠮ ᠳᠥᠲᠡ ᠰᠢᠯᠢᠳᠡᠭ ᠰᠣᠶᠣᠯ ᠤᠨ ᠦᠢᠯᠡᠳᠬᠦᠨ ᠤ ᠦᠢᠯᠡᠴᠢᠯᠡᠭᠡ ᠶᠢ ᠡᠳ᠋ᠯᠡᠭᠦᠯᠦᠨ᠎ᠡ᠃ ᠪᠢᠳᠡ ᠷᠠᠳᠢᠣ᠋ ᠲᠧᠯᠸᠢᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠨᠵᠢ ᠴᠢᠨᠠᠷ ᠢ ᠪᠠᠲᠤ ᠡᠵᠡᠮᠳᠡᠵᠦ᠂ ᠦᠷ᠎ᠡ ᠪᠦᠲᠦᠭᠡᠯ ᠭᠠᠷᠭᠠᠬᠤ ᠪᠠ ᠴᠢᠳᠠᠪᠤᠷᠢᠲᠠᠨ ᠪᠣᠶᠢᠵᠢᠭᠤᠯᠬᠤ ᠶᠢ ᠤᠶᠠᠯᠳᠤᠭᠤᠯᠬᠤ᠂ ᠪᠦᠲᠦᠭᠡᠯ ᠢ ᠠᠳᠬᠤᠬᠤ ᠪᠠ ᠣᠷᠴᠢᠨ ᠲᠣᠭᠤᠷᠢᠨ ᠢ ᠠᠳᠬᠤᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠦᠢᠯᠡᠴᠢᠯᠡᠭᠡ᠂ ᠬᠦᠳᠦᠯᠦᠨ ᠵᠢᠯᠣᠭᠤᠳᠬᠤ᠂ ᠵᠣᠬᠢᠶᠠᠨ ᠪᠠᠶᠢᠭᠤᠯᠬᠤ ᠠᠵᠢᠯ ᠤᠨ ᠲᠣᠭᠲᠠᠴᠠ ᠶᠢ ᠰᠠᠶᠢᠵᠢᠷᠠᠭᠤᠯᠵᠤ᠂ ᠰᠣᠳᠣᠨ ᠪᠦᠲᠦᠭᠡᠯ ᠢᠯᠡᠭᠦᠬᠡᠨ ᠭᠠᠷᠭᠠᠨ᠎ᠠ︔ ᠡᠭᠦᠨ ᠤ ᠬᠠᠮᠲᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠦᠢᠯᠡᠳᠬᠦᠨ ᠪᠠ ᠦᠢᠯᠡᠴᠢᠯᠡᠭᠡ ᠶᠢ ᠰᠢᠭᠤᠳ ᠦᠨᠳᠦᠰᠦᠨ ᠱᠠᠲᠤᠨ ᠳᠤ ᠬᠦᠷᠭᠡᠵᠦ᠂ ᠤᠯᠠᠨ ᠲᠦᠮᠡᠨ ᠳᠤ ᠦᠢᠯᠡᠴᠢᠯᠡᠬᠦ ᠶᠢ ᠴᠢᠷᠮᠠᠶᠢᠨ ᠠᠬᠢᠭᠤᠯᠤᠨ᠎ᠠ᠃  ︽ᠠᠭᠤᠯᠭ᠎ᠠ + ᠰᠦᠯᠵᠢᠶ᠎ᠡ︾ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠷᠠᠳᠢᠣ᠋ ᠲᠧᠯᠸᠢᠰ ᠤᠨ ᠰᠦᠯᠵᠢᠶ᠎ᠡ ᠳᠤ ᠲᠦᠰᠢᠭᠯᠡᠨ ︽ᠦᠵᠡᠵᠦ ᠰᠣᠨᠣᠰᠬᠤ ᠠᠭᠤᠯᠭ᠎ᠠ ᠶᠢᠨ ᠨᠢᠭᠡ ᠰᠦᠯᠵᠢᠶ᠎ᠡ︾ ᠶᠢ ᠪᠠᠶᠢᠭᠤᠯᠵᠤ᠂ ᠠᠵᠢᠯ ᠲᠥᠷᠥᠯ ᠤᠨ ᠡᠯ᠎ᠡ ᠲᠥᠷᠥᠯ ᠤᠨ ᠴᠢᠨᠠᠷ ᠰᠠᠶᠢᠲᠠᠶ ᠠᠭᠤᠯᠭ᠎ᠠ ᠶᠢᠨ ᠡᠬᠢ ᠪᠠᠶᠠᠯᠢᠭ ᠢ ᠨᠠᠩ ᠡᠷᠴᠢᠮᠯᠢᠭ ᠂ ᠥᠨᠳᠥᠷ ᠪᠦᠲᠦᠮᠵᠢᠲᠡᠶ᠂ ᠠᠮᠤᠷ ᠲᠦᠪᠰᠢᠨ ᠢᠶᠠᠷ ᠡᠮᠬᠢᠯᠡᠨ ᠨᠡᠶᠢᠯᠡᠭᠦᠯᠵᠦ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ᠂ ᠥᠷᠭᠡᠨ ᠢᠶᠠᠷ ᠳᠠᠮᠵᠢᠭᠤᠯᠬᠤ ᠶᠢ ᠪᠡᠶᠡᠯᠡᠭᠦᠯᠪᠡ ᠃ ᠪᠢᠳᠡ ᠲᠣᠮᠣ ᠵᠢᠵᠢᠭ ᠳᠡᠯᠭᠡᠴᠡ᠂ ᠰᠦᠯᠵᠢᠶᠡᠨ ᠳᠡᠭᠡᠷᠡᠬᠢ ᠰᠦᠯᠵᠢᠶᠡᠨ ᠭᠠᠳᠠᠨᠠᠬᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠰᠦᠯᠵᠢᠶ᠎ᠡ ᠳᠠᠪᠴᠠᠩ ᠳᠤ ᠵᠡᠷᠭᠡ ᠪᠠᠷ ᠨᠡᠪᠲᠡᠷᠡᠭᠦᠯᠬᠦ ᠶᠢ ᠠᠬᠢᠭᠤᠯᠵᠤ᠂ ︽ᠮᠢᠨᠦ ᠠᠯᠳᠠᠢ︾ ᠵᠡᠷᠭᠡ ᠪᠦᠲᠦᠭᠡᠯ ᠢ ᠲᠧᠯᠸᠢᠰ ᠬᠤᠷᠢᠶ᠎ᠠ ᠪᠠ ᠰᠦᠯᠵᠢᠶᠡᠨ ᠤ ᠦᠵᠡᠵᠦ ᠰᠣᠨᠣᠰᠬᠤ ᠲᠠᠪᠴᠠᠩ ᠳᠤ ᠵᠡᠷᠭᠡ ᠪᠠᠷ ᠨᠡᠪᠲᠡᠷᠡᠭᠦᠯᠵᠦ᠂ ᠦᠵᠡᠭᠴᠢᠳ ᠤᠨ ᠰᠡᠳᠭᠢᠯ ᠢ ᠨᠡᠩ ᠥᠷᠭᠡᠨ ᠢᠶᠠᠷ ᠨᠡᠪᠲᠡᠷᠡᠯᠴᠡᠭᠦᠯᠪᠡ᠃ ᠰᠠᠷ᠎ᠠ ᠪᠦᠷᠢ ᠰᠦᠯᠵᠢᠶᠡᠨ ᠳᠡᠭᠡᠷ᠎ᠡ ᠦᠵᠡᠵᠦ ᠰᠣᠨᠣᠰᠬᠤ ᠰᠢᠯᠢᠳᠡᠭ ᠫᠷᠤᠭ᠍ᠷᠠᠮ ᠢ ᠰᠢᠯᠢᠨ ᠰᠣᠩᠭᠤᠵᠤ᠂ ᠮᠤᠵᠢ᠂ ᠬᠤᠲᠠ᠂ ᠰᠢᠶᠠᠨ ᠵᠡᠷᠭᠡ ᠡᠯ᠎ᠡ ᠱᠠᠲᠤᠨ ᠤ ᠷᠠᠳᠢᠣ᠋ ᠲᠧᠯᠸᠢᠰ ᠬᠤᠷᠢᠶ᠎ᠠ ᠳᠤ ᠬᠠᠩᠭᠠᠵᠤ ᠨᠡᠪᠲᠡᠷᠡᠭᠦᠯᠪᠡ᠃ ︽ᠰᠣᠩᠭᠤᠳᠠᠭ ᠪᠦᠲᠦᠭᠡᠯ ᠢ ᠳᠠᠬᠢᠨ ᠰᠠᠨᠠᠭᠠᠯᠵᠠᠬᠤ︾ ᠲᠤᠰᠬᠠᠶ ᠪᠣᠯᠣᠩ ᠢ ᠨᠡᠭᠡᠭᠡᠨ ᠡᠷᠬᠢᠯᠡᠵᠦ᠂ ︽ᠪᠥᠬᠦ ᠤᠯᠤᠰ ᠢᠶᠠᠷ ᠢᠶᠠᠨ ᠨᠢᠭᠡ ᠰᠦᠯᠵᠢᠶ᠎ᠡ ︾ ᠶᠢᠨ ᠤᠲᠠᠰᠤᠲᠤ ᠲᠧᠯᠸᠢᠰ ᠤᠨ ᠰᠦᠯᠵᠢᠶ᠎ᠡ ᠪᠠᠷ ᠳᠠᠮᠵᠢᠭᠤᠯᠤᠨ ︽ᠳᠥᠷᠪᠡᠨ ᠶᠡᠭᠡ ᠨᠠᠷᠠᠲᠤ ᠪᠦᠲᠦᠭᠡᠯ︾ ᠵᠡᠷᠭᠡ 350 ᠭᠠᠷᠤᠶ ᠰᠣᠩᠭᠤᠳᠠᠭ ᠪᠦᠲᠦᠭᠡᠯ ᠢ ᠦᠵᠡᠭᠴᠢᠳ ᠲᠤ ᠰᠢᠭᠤᠳ ᠬᠦᠷᠭᠡᠵᠦ᠂ ᠦᠵᠡᠭᠴᠢᠳ ᠳᠤᠷ᠎ᠠ ᠪᠠᠷ ᠢᠶᠠᠨ ᠦᠨ᠎ᠡ ᠲᠥᠯᠥᠪᠦᠷᠢ ᠥᠬᠡᠶ ᠪᠠᠷ ᠨᠡᠪᠲᠡᠷᠡᠭᠦᠯᠵᠦ ᠦᠵᠡᠵᠦ ᠪᠣᠯᠤᠨ᠎ᠠ᠃ ᠳᠠᠭᠠᠤ ᠳᠤ ᠨᠢ IPTV᠂ ᠢᠨᠲ᠋ᠧᠷ ᠰᠦᠯᠵᠢᠶᠡᠨ ᠤ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠳᠤ ᠰᠦᠢᠳᠬᠡᠯ ᠬᠤᠷᠢᠶᠠᠬᠤ ᠥᠬᠡᠶ ᠲᠤᠰᠬᠠᠶ ᠪᠤᠯᠤᠩ ᠭᠠᠷᠭᠠᠵᠤ᠂ ᠡᠯᠪᠡᠭ ᠪᠠᠶᠠᠯᠢᠭ ᠴᠢᠨᠠᠷ ᠰᠠᠶᠢᠲᠠᠶ ᠠᠭᠤᠯᠭ᠎ᠠ ᠶᠢ ᠬᠠᠩᠭᠠᠪᠠ᠃ ᠪᠢᠳᠡ ᠷᠠᠳᠢᠣ᠋ ᠲᠧᠯᠸᠢᠰ ᠬᠤᠷᠢᠶ᠎ᠠ ᠪᠣᠯᠤᠨ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠬᠠᠮᠵᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠤᠯᠠᠨ ᠠᠭᠤᠯᠭ᠎ᠠ ᠶᠢ ᠰᠠᠶᠢᠨ ᠲᠠᠪᠴᠠᠩ ᠰᠠᠶᠢᠨ ᠴᠠᠭ ᠦᠶ᠎ᠡ ᠳᠤ ᠣᠷᠤᠭᠤᠯᠬᠤ ᠪᠤᠯᠤᠨ᠎ᠠ ᠃  ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢ ᠭᠦᠨᠵᠡᠭᠡᠢ ᠥᠷᠨᠢᠭᠦᠯᠪᠡ᠃ ᠣᠳᠣᠬᠠᠨ ᠳᠤ ᠵᠠᠰᠠᠯᠲᠠ ᠶᠢᠨ ᠠᠵᠢᠯ ᠨᠢᠭᠡᠨᠲᠡ ᠢᠯᠡᠳᠲᠡ ᠦᠷ᠎ᠡ ᠪᠦᠲᠦᠮᠵᠢ ᠣᠯᠵᠤ᠂ ᠲᠧᠯᠸᠢᠰ ᠢᠶᠠᠨ ᠨᠡᠭᠡᠭᠡᠮᠡᠭᠴᠡ ᠰᠢᠭᠤᠳ ᠨᠡᠪᠲᠡᠷᠡᠭᠦᠯᠭᠡ ᠦᠵᠡᠬᠦ᠂ ᠰᠦᠢᠳᠬᠡᠯ ᠬᠤᠷᠢᠶᠠᠬᠤ ᠪᠤᠭᠤᠳᠠᠯ ᠢ ᠶᠡᠭᠡ ᠪᠠᠷ ᠪᠠᠭᠠᠰᠬᠠᠬᠤ᠂ ᠤᠲᠠᠰᠤᠲᠤ ᠲᠧᠯᠸᠢᠰ ᠪᠠ IPTV ᠶᠢᠨ ᠮᠠᠰᠢᠨ ᠤ ᠨᠡᠬᠡᠬᠡᠯᠲᠡ ᠶᠢᠨ ᠵᠠᠷ ᠮᠡᠳᠡᠭᠡ ᠶᠢ ᠬᠦᠴᠦᠨ ᠦᠭᠡᠢ ᠪᠣᠯᠭᠠᠬᠤ᠂ ᠲᠧᠯᠸᠢᠰ ᠤᠨ ᠳᠠᠪᠲᠠᠨ ᠦᠵᠡᠬᠦ ᠶᠢ ᠰᠢᠯᠢᠳᠡᠭᠵᠢᠭᠦᠯᠬᠦ ᠵᠡᠷᠭᠡ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠵᠦ᠂ ᠤᠯᠠᠨ ᠲᠦᠮᠡᠨ ᠤ ︽ᠲᠧᠯᠸᠢᠰ ᠦᠵᠡᠬᠦ ᠳᠤ ᠬᠦᠴᠢᠷ᠂ ᠲᠧᠯᠸᠢᠰ ᠦᠵᠡᠬᠦ ᠳᠤ ᠲᠦᠪᠡᠭ ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠪᠢᠳᠡ ᠪᠠᠰᠠ ᠦᠷᠭᠦᠯᠵᠢᠯᠡᠨ ᠬᠦᠴᠦᠯᠡᠵᠦ᠂ ᠪᠦᠬᠦ ᠤᠯᠤᠰ ᠤᠨ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢ ᠠᠬᠢᠭᠤᠯᠪᠠ︔ ᠭᠤᠷᠪᠠᠨ ᠬᠡᠪ ᠤᠨ ᠨᠡᠶᠢᠳᠡᠮ ᠬᠡᠷᠡᠭᠯᠡᠬᠦ ᠠᠯᠤᠰ ᠡᠵᠡᠮᠰᠢᠭᠦᠷ᠂ ᠬᠠᠪᠴᠢᠭᠤᠯᠬᠤ ᠬᠡᠯᠪᠡᠷᠢ ᠶᠢᠨ ᠲᠧᠯᠸᠢᠰ ᠤᠨ ᠳᠠᠪᠲᠠᠮᠵᠢ ᠬᠤᠷᠢᠶᠠᠭᠤᠷ ᠤᠨ ᠲᠤᠷᠰᠢᠯᠲᠠ ᠶᠢᠨ ᠴᠡᠭ ᠪᠠ ᠵᠠᠬ᠎ᠠ ᠳᠡᠯᠭᠡᠭᠦᠷᠴᠢᠯᠡᠨ ᠳᠡᠯᠭᠡᠷᠡᠭᠦᠯᠬᠦ ᠶᠢ ᠠᠬᠢᠭᠤᠯᠵᠤ᠂ ᠲᠧᠯᠸᠢᠰ ᠤᠨ ᠳᠠᠪᠲᠠᠮᠵᠢ ᠬᠤᠷᠢᠶᠠᠭᠤᠷ ᠤᠨ ᠳᠤᠲᠤᠷᠠᠬᠢ ᠲᠧᠯᠸᠢᠰ ᠰᠤᠳᠤᠯᠤᠨ ᠦᠢᠯᠡᠳᠬᠦ ᠶᠢ ᠠᠬᠢᠭᠤᠯᠵᠤ᠂ ᠨᠢᠭᠡ ᠠᠯᠤᠰ ᠡᠵᠡᠮᠰᠢᠭᠦᠷ ᠢᠶᠠᠷ ᠲᠧᠯᠸᠢᠰ ᠦᠵᠡᠬᠦ᠂ ᠲᠧᠯᠸᠢᠰ ᠤᠨ ᠳᠠᠪᠲᠠᠮᠵᠢ ᠬᠤᠷᠢᠶᠠᠭᠤᠷ ᠢ ᠨᠢᠭᠡ ᠴᠤᠭᠴᠠᠵᠢᠭᠤᠯᠬᠤ ᠶᠢ ᠴᠢᠷᠮᠠᠶᠢᠨ ᠪᠡᠶᠡᠯᠡᠭᠦᠯᠪᠡ︔ ᠠᠯᠢ ᠤᠯᠠᠨ ᠬᠠᠤᠯᠢ ᠲᠣᠭᠲᠠᠭᠠᠯ ᠳᠦᠷᠢᠮ ᠪᠠ ᠪᠠᠷᠢᠮᠵᠢᠶ᠎ᠠ ᠶᠢᠨ ᠵᠢᠷᠤᠮᠵᠢᠯ ᠢ ᠲᠣᠭᠲᠠᠭᠠᠨ ᠵᠠᠰᠠᠵᠤ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠪᠡ᠃  ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ  ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ  ᠠᠰᠠᠭᠤᠯᠲᠠ᠄ ︽ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠭᠤᠰᠤᠯᠴᠠᠭᠤᠯᠬᠤ ᠪᠦᠲᠦᠮᠵᠢᠲᠡᠶ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠬᠦ︾ ᠲᠠᠯ᠎ᠠ ᠪᠠᠷ᠂ ᠷᠠᠳᠢᠣ᠋ ᠲᠧᠯᠸᠢᠰ ᠤᠨ ᠠᠵᠢᠯ ᠲᠥᠷᠥᠯ ᠳᠤ ᠶᠠᠮᠠᠷ ᠶᠠᠮᠠᠷ ᠪᠣᠳᠣᠯᠬᠢᠯᠠᠯ ᠲᠠᠢ ᠪᠣᠶ︖  ᠬᠠᠷᠢᠭᠤᠯᠲᠠ᠄ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠨᠢ ᠮᠡᠷᠭᠡᠵᠢᠯ ᠠᠴᠠ ᠡᠭᠦᠰᠴᠦ᠂ ᠮᠡᠷᠭᠡᠵᠢᠯ ᠠᠴᠠ ᠬᠥᠭᠵᠢᠵᠦ᠂ ᠢᠷᠡᠭᠡᠳᠦᠶ ᠳᠤ ᠬᠠᠨᠳᠤᠭᠤᠯᠬᠤ ᠳᠤ ᠪᠠᠰᠠ ᠡᠷᠬᠡᠪᠰᠢ ᠮᠡᠷᠭᠡᠵᠢᠯ ᠢᠶᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠨ᠎ᠠ᠃ ᠪᠢᠳᠡ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠷᠠᠳᠢᠣ᠋ ᠲᠧᠯᠸᠢᠰ ᠤᠨ ᠦᠵᠡᠵᠦ ᠰᠣᠨᠣᠰᠬᠤ ᠪᠦᠬᠦ ᠬᠦᠷᠢᠶ᠎ᠡ ᠪᠦᠬᠦ ᠬᠡᠯᠬᠢᠶᠡᠨ ᠤ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ᠤᠯᠠᠮᠵᠢᠯᠠᠯᠲᠤ ᠷᠠᠳᠢᠣ᠋ ᠲᠧᠯᠸᠢᠰ ᠢ ᠪᠦᠬᠦ ᠲᠠᠯ᠎ᠠ ᠪᠠᠷ ᠥᠭᠡᠷᠡᠴᠢᠯᠡᠨ ᠳᠡᠭᠡᠭᠰᠢᠯᠡᠭᠦᠯᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠪᠡᠶᠡᠴᠢ ᠣᠶᠢᠯᠠᠭᠠᠯᠲᠠ᠂ ᠰᠢᠨ᠎ᠡ ᠬᠡᠪ ᠵᠠᠭᠪᠤᠷ ᠢ ᠲᠦᠷᠭᠡᠳᠬᠡᠨ ᠬᠥᠭᠵᠢᠭᠦᠯᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠦᠨ᠎ᠡ᠃  ᠬᠡᠳᠦ ᠦᠨᠳᠦᠷ ᠲᠤᠳᠤᠷᠠᠴᠠᠲᠤ ᠶᠢᠨ ᠦᠵᠦᠭᠦᠷ ᠠᠴᠠ ᠦᠵᠦᠭᠦᠷ ᠤᠨ ᠪᠦᠬᠦ ᠬᠡᠯᠬᠢᠶ᠎ᠠ ᠳᠤ ᠬᠦᠷᠲᠡᠯ᠎ᠡ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠭᠡᠨ ᠠᠬᠢᠭᠤᠯᠤᠨ᠎ᠠ᠃ ︽ᠴᠡᠭ ᠢᠶᠠᠷ ᠨᠡᠶᠢᠳᠡᠮ ᠢ ᠳᠠᠶᠢᠴᠢᠯᠠᠬᠤ᠂ ᠭᠤᠤᠯᠳᠠᠯᠭ᠎ᠠ ᠲᠠᠢ ᠪᠠᠷ ᠰᠢᠪᠲᠤᠯᠬᠤ᠂ ᠪᠥᠬᠦ ᠬᠡᠯᠬᠢᠶ᠎ᠡ ᠪᠠᠷ ᠲᠠᠰ ᠳᠡᠪᠰᠢᠭᠦᠯᠬᠦ︾ ᠰᠡᠳᠭᠢᠮᠵᠢ ᠶᠣᠰᠣᠭᠠᠷ᠂ ᠪᠡᠭᠡᠵᠢᠩ᠂ ᠱᠠᠩᠬᠠᠶ᠂ ᠭᠤᠸᠠᠩᠳᠦ᠋ᠩ ᠢᠶᠠᠷ ᠬᠥᠲᠥᠴᠢ ᠪᠣᠯᠭᠠᠬᠤ ᠶᠢᠨ ᠬᠠᠮᠲᠤ᠂ ᠡᠳᠦᠶ ᠲᠡᠳᠦᠶ ᠭᠠᠵᠠᠷ ᠣᠷᠣᠨ ᠢ ᠰᠣᠩᠭᠤᠨ ᠮᠤᠵᠢ ᠶᠢᠨ ᠱᠠᠲᠤᠨ ᠤ ᠣᠳᠣᠨ ᠲᠧᠯᠸᠢᠰ ᠤᠨ ᠬᠡᠲᠦ ᠥᠨᠳᠥᠷ ᠲᠤᠳᠤᠷᠠᠴᠠᠲᠤ ᠪᠠᠷ ᠨᠡᠪᠲᠡᠷᠡᠭᠦᠯᠬᠦ ᠶᠢ ᠭᠤᠤᠯᠳᠠᠯᠭ᠎ᠠ ᠲᠠᠢ ᠠᠬᠢᠭᠤᠯᠵᠤ᠂ ︽3 + X︾ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠠᠭᠤᠯᠭ᠎ᠠ᠂ ᠰᠤᠪᠠᠭ᠂ ᠲᠠᠪᠴᠠᠩ᠂ ᠰᠦᠯᠵᠢᠶ᠎ᠡ᠂ ᠦᠵᠦᠭᠦᠷ ᠵᠡᠷᠭᠡ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠶᠢᠨ ᠠᠵᠤ ᠦᠢᠯᠡᠰ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃  ︽ᠣᠨᠴᠠᠯᠢᠭ ᠨᠢ ᠢᠯᠡ ᠲᠣᠳᠣ᠂ ᠮᠡᠷᠭᠡᠵᠢᠯ ᠨᠢ ᠲᠡᠷᠢᠭᠦᠨ ᠤ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ︾ ᠰᠢᠨ᠎ᠡ ᠬᠡᠯᠪᠡᠷᠢ ᠶᠢᠨ ᠷᠠᠳᠢᠣ᠋ ᠲᠧᠯᠸᠢᠰ ᠤᠨ ᠰᠦᠯᠵᠢᠶ᠎ᠡ ᠶᠢ ᠲᠦᠷᠭᠡᠳᠬᠡᠨ ᠪᠠᠶᠢᠭᠤᠯᠤᠨ᠎ᠠ ᠃ ᠤᠲᠠᠰᠤᠲᠤ᠂ ᠤᠲᠠᠰᠤ ᠦᠭᠡᠶ᠂ ᠳᠠᠭᠠᠭᠤᠯᠢ ᠣᠳᠣ᠂ IPTV᠂ ᠢᠨᠲ᠋ᠧᠷ ᠰᠦᠯᠵᠢᠶᠡᠨ ᠤ ᠲᠧᠯᠸᠢᠰ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠠᠮᠵᠢᠯᠴᠠᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠭᠰᠡᠨ ᠪᠦᠬᠦᠯᠢ ᠴᠣᠭᠴᠠ ᠶᠢᠨ ᠳᠠᠪᠠᠭᠤᠯᠢᠭ ᠢ ᠪᠠᠳᠠᠷᠠᠭᠤᠯᠤᠨ᠂ ᠷᠠᠳᠢᠣ᠋ ᠲᠧᠯᠸᠢᠰ ᠤᠨ ᠲᠤᠬᠠᠶᠢᠯᠠᠭᠰᠠᠨ ᠠᠵᠢᠯ ᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠬᠠᠩᠭᠠᠨ᠎ᠠ ᠃ ᠵᠣᠬᠢᠶᠠᠮᠠᠯ ᠣᠶᠤᠨ ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠢ ᠬᠡᠷᠡᠭᠯᠡᠨ᠂ ᠰᠦᠯᠵᠢᠶᠡᠨ ᠤ ᠳᠠᠭᠠᠭᠠᠬᠤ ᠴᠢᠳᠠᠪᠤᠷᠢ ᠪᠠ ᠮᠡᠷᠭᠡᠵᠢᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠤᠲᠠᠰᠤᠲᠤ ᠲᠧᠯᠸᠢᠰ ᠤᠨ ᠰᠦᠯᠵᠢᠶᠡᠨ ᠤ ︽ᠨᠢᠭᠡ ᠮᠣᠵᠢ ᠨᠢᠭᠡ ᠰᠦᠯᠵᠢᠶ᠎ᠡ︾ ︽ᠪᠦᠬᠦ ᠤᠯᠤᠰ ᠨᠢᠭᠡ ᠰᠦᠯᠵᠢᠶ᠎ᠡ︾ ᠶᠢ ᠡᠮᠬᠢᠯᠡᠨ ᠨᠡᠶᠢᠯᠡᠭᠦᠯᠬᠦ ᠶᠢ ᠲᠦᠷᠭᠡᠳᠭᠡᠨ᠎ᠡ ᠃ ᠷᠠᠳᠢᠣ᠋ ᠲᠧᠯᠸᠢᠰ ᠤᠨ ᠠᠵᠢᠯ ᠲᠥᠷᠥᠯ ᠪᠠ ᠤᠬᠠᠭᠤᠯᠭ᠎ᠠ ᠰᠣᠶᠣᠯ ᠤᠨ ᠬᠦᠷᠢᠶᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ ᠤᠨ ᠲᠤᠰᠬᠠᠶ ᠰᠦᠯᠵᠢᠶ᠎ᠡ ᠵᠡᠷᠭᠡ ᠣᠨᠴᠠᠯᠢᠬᠵᠢᠭᠤᠯᠤᠭᠰᠠᠨ ᠵᠦᠷᠢᠶᠡᠴᠢᠯᠡᠭᠰᠡᠨ ᠦᠢᠯᠡᠴᠢᠯᠡᠭᠡ ᠪᠠ ᠶᠡᠷᠦᠩᠬᠡᠶᠢᠯᠡᠭᠰᠡᠨ ᠴᠢᠨᠠᠷᠲᠠᠶ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠨ᠎ᠡ ᠶᠢ ᠡᠭᠦᠳᠦᠨ ᠬᠥᠭᠵᠢᠭᠦᠯᠦᠨ᠎ᠡ ᠃  ᠵᠣᠬᠢᠶᠠᠮᠠᠯ ᠣᠶᠣᠨ ᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠤ ᠭᠦᠨ ᠳᠠᠪᠬᠤᠷᠭ᠎ᠠ ᠳᠤ ᠠᠭᠤᠰᠤᠯᠴᠠᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠠᠵᠢᠯ ᠲᠥᠷᠥᠯ ᠤᠨ ᠵᠣᠬᠢᠶᠠᠮᠠᠯ ᠣᠶᠣᠨ ᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠠᠵᠢᠯ ᠲᠥᠷᠥᠯ ᠤᠨ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠣᠨ ᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ᠂ ᠴᠢᠨᠠᠷ ᠰᠠᠶᠢᠲᠠᠶ ᠠᠵᠢᠯ ᠲᠥᠷᠥᠯ ᠤᠨ ᠲᠤᠰᠬᠠᠶ ᠬᠠᠷᠢᠶᠠᠯᠠᠭᠳᠠᠬᠤ ᠲᠣᠮᠣ ᠬᠡᠪ ᠵᠠᠭᠪᠤᠷ ᠢ ᠪᠠᠶᠢᠭᠤᠯᠵᠤ᠂ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ ᠢ ᠪᠥᠲᠥᠭᠡᠨ ᠪᠠᠶᠢᠭᠤᠯᠵᠤ᠂ ᠰᠢᠨ᠎ᠡ ᠪᠠᠶᠢᠳᠠᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ ᠲᠠᠰᠤᠷᠠᠯᠲᠠ ᠥᠬᠡᠶ ᠨᠡᠭᠡᠭᠡᠨ ᠬᠥᠭᠵᠢᠭᠦᠯᠦᠨ᠎ᠡ ᠃ ᠡᠭᠦᠨ ᠤ ᠬᠠᠮᠲᠤ᠂ ᠬᠠᠮᠢᠶᠠᠷᠤᠯᠲᠠ ᠪᠠ ᠵᠢᠷᠤᠮᠵᠢᠯ ᠢ ᠴᠢᠩᠭᠠᠳᠬᠠᠵᠤ᠂ ᠵᠣᠬᠢᠶᠠᠮᠠᠯ ᠣᠶᠤᠨ ᠠᠴᠠ ᠪᠣᠯᠤᠭᠰᠠᠨ ᠰᠢᠨ᠎ᠡ ᠲᠦᠭᠰᠢᠭᠦᠷᠢ ᠰᠢᠨ᠎ᠡ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠭᠠᠴᠠᠭᠠᠨ᠎ᠠ᠃ 
ᠢᠷᠡᠯᠲᠡ᠄ ᠰᠢᠨᠬᠤᠸᠠ ᠰᠦᠯᠵᠢᠶ᠎ᠡ
Baidu
map