| | | ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ | ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ | ᠯᠢ ᠴᠢᠶᠠᠩ ᠬᠤᠷᠠᠯ ᠢ ᠡᠷᠭᠢᠯᠡᠵᠦ ᠵᠤᠤ ᠯᠧ ᠵᠢᠢ ᠸᠠᠩ ᠬᠤ᠋ ᠨᠢᠩ ᠼᠠᠢ ᠴᠢ ᠯᠢ ᠰᠢ ᠣᠷᠣᠯᠴᠠᠵᠤ ᠳ᠋ᠢᠩ ᠰᠢᠤᠸᠠᠢ ᠰᠢᠶᠠᠩ ᠶᠠᠷᠢᠶ᠎ᠠ ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 10 ᠤ ᠴᠠᠭᠢᠯᠭᠠᠨ ᠮᠡᠳᠡᠭᠡ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ 9 ᠠᠴᠠ 10 ᠤ | ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠠᠶᠢᠭᠤᠯᠤᠨ ᠪᠦᠲᠦᠭᠡᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠨ ᠮᠥᠷᠥᠭᠡᠳᠦᠭᠰᠡᠭᠡᠷ ᠢᠷᠡᠭᠰᠡᠨ ᠰᠠᠶᠢᠨ ᠰᠠᠶᠢᠬᠠᠨ | ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ | ᠮᠥᠨ᠂ ᠡᠷᠬᠡᠪᠰᠢ ᠲᠣᠭᠲᠠᠭᠰᠠᠨ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | 9 ᠰᠠᠷ᠎ᠠ ᠶᠢᠨ 9 ᠠᠴᠠ 10 ᠤ ᠡᠳᠦᠷ ᠪᠤᠯᠲᠠᠯ᠎ᠠ᠂ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ ᠪᠣᠯᠣᠨ ᠰᠤᠷᠭᠠᠨ | ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | | | | | 9 ᠰᠠᠷ᠎ᠠ ᠶᠢᠨ 9 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ ᠪᠡᠭᠡᠵᠢᠩ ᠳᠤ | ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠪᠦᠭᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ | ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠤᠯᠴᠠᠬᠤ ᠲᠥᠯᠥᠭᠡᠯᠡᠭᠴᠢᠳ ᠢ ᠭᠥᠯᠢᠶᠡᠨ ᠠᠪᠴᠤ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | 9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠳᠥᠴᠢᠳᠡᠬᠢ ᠪᠠᠭᠰᠢ ᠶᠢᠨ ᠪᠠᠶᠠᠷ ᠤᠨ ᠡᠳᠦᠷ ᠪᠣᠯᠣᠨ᠎ᠠ᠃ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ | ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ | ᠮᠡᠨᠳᠦᠴᠢᠯᠡᠯ ᠬᠦᠷᠭᠡᠪᠡ᠃ | ᠯᠢ ᠴᠢᠶᠠᠩ ᠬᠤᠷᠠᠯ ᠢ ᠡᠷᠭᠢᠯᠡᠵᠡᠢ᠃ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠬᠤᠷᠠᠯ ᠳᠤ ᠣᠷᠣᠯᠴᠠᠪᠠ᠃ ᠳ᠋ᠢᠩ ᠰᠢᠤᠸᠠᠢ ᠰᠢᠶᠠᠩ ᠳ᠋ᠦᠩᠨᠡᠯᠲᠡ ᠶᠢᠨ | ᠶᠠᠷᠢᠶ᠎ᠠ ᠲᠠᠯᠪᠢᠵᠠᠢ᠃ | ᠰᠢ ᠶᠢᠨ ᠫᠢᠩ ᠶᠠᠷᠢᠶᠠᠨ ᠳᠠᠭᠠᠨ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠲᠡᠮᠡᠴᠡᠬᠦ ᠬᠠᠷᠠᠯᠲᠠ ᠶᠢ | ᠲᠣᠭᠲᠠᠭᠠᠵᠤ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠣᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ | ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢᠳᠡᠨ ᠤ ᠪᠠᠶᠢᠭᠤᠯᠤᠨ ᠪᠦᠲᠦᠭᠡᠬᠦ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ᠂ | ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠠᠬᠢ ᠨᠥᠯᠥᠭᠡᠯᠡᠬᠦ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ᠂ ᠪᠢᠳᠠ | ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ | ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠭᠤᠣᠯᠳᠠᠭᠤᠯᠵᠤ᠂ | ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠬᠡᠷᠡᠭᠯᠡᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢ | ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢ ᠰᠤᠷᠤᠯᠴᠠᠬᠤ ᠪᠠ ᠪᠦᠭᠦ ᠲᠠᠯ᠎ᠠ ᠪᠠᠷ ᠬᠥᠭᠵᠢᠭᠦᠯᠬᠦ᠂ ᠴᠢᠳᠠᠪᠤᠷᠢᠲᠠᠨ | ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ | ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢᠳᠠᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ | ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ | ᠬᠡᠷᠡᠭᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠨ | ᠰᠠᠶᠢᠵᠢᠷᠠᠭᠤᠯᠵᠤ᠂ ᠵᠠᠯᠠᠭᠤ ᠥᠰᠪᠦᠷᠢ ᠶᠢᠨ ᠰᠤᠷᠤᠬᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠮᠠᠷᠺᠰ ᠤᠨ ᠦᠵᠡᠯ ᠤᠨ ᠢᠲᠡᠭᠡᠯ ᠪᠢᠰᠢᠷᠡᠯ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠢᠲᠡᠭᠡᠯ ᠪᠢᠰᠢᠷᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠢᠲᠡᠭᠡᠯ ᠵᠣᠷᠢᠭ ᠢ | ᠨᠢ ᠪᠠᠲᠤᠳᠬᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠶ ᠪᠤᠯᠭᠠᠵᠤ᠂ ᠣᠮᠤᠭ ᠲᠡᠭᠦᠯᠳᠡᠷ ᠢᠶᠠᠷ | ᠬᠠᠷᠢᠭᠤᠴᠠᠯᠭ᠎ᠠ ᠡᠭᠦᠷᠭᠡᠯᠡᠬᠦ ᠲᠡᠮᠡᠴᠡᠭᠴᠢ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢᠨ ᠠᠮᠵᠢᠯᠲᠠ ᠲᠠᠢ ᠬᠡᠷᠡᠭ ᠤᠨ ᠵᠢᠱᠢᠶ᠎ᠡ ᠶᠢ | ᠬᠡᠷᠡᠭᠯᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠡᠬᠢ ᠪᠠᠶᠠᠯᠢᠭ ᠤᠨ ᠬᠥᠮᠥᠨ ᠢ ᠬᠥᠮᠥᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠦᠢᠯᠡᠳᠦᠯᠭᠡ ᠪᠠᠷ ᠬᠥᠮᠥᠨ ᠢ | ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠤᠯᠤᠰ ᠤᠨ | ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ | ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠮᠵᠢ ᠪᠤᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠠᠴᠠ ᠭᠠᠷᠳᠠᠵᠤ᠂ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠵᠤ ᠲᠣᠬᠢᠷᠠᠭᠤᠯᠬᠤ | ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠂ ᠰᠠᠭᠤᠷᠢ ᠰᠢᠨᠵᠢᠯᠡᠭᠡᠨ᠂ ᠰᠢᠨ᠎ᠡ ᠪᠠᠷ ᠪᠤᠶ ᠪᠣᠯᠤᠭᠰᠠᠨ ᠰᠢᠨᠵᠢᠯᠡᠭᠡᠨ᠂ ᠰᠣᠯᠪᠢᠴᠠᠯ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠪᠠ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠯᠢ | ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠮᠡᠷᠭᠡᠵᠢᠯ ᠪᠠ ᠡᠩ ᠤᠨ ᠬᠢ ᠠᠭᠤᠰᠤᠯᠴᠠᠭᠰᠠᠨ᠂ ᠦᠢᠯᠡᠳᠪᠦᠷᠢᠯᠡᠯ | ᠪᠠ ᠵᠢᠭᠠᠨ ᠰᠤᠷᠭᠠᠯᠲᠠ ᠠᠭᠤᠰᠤᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠲᠣᠮᠣ ᠤᠯᠤᠰ ᠤᠨ ᠤᠷᠠᠨ ᠳᠠᠷᠬᠠᠨ᠂ ᠤᠷᠠᠨ | ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ | ᠬᠠᠷᠠᠭᠠᠯᠵᠠᠯ ᠤᠨ ᠴᠢᠨᠠᠷ᠂ ᠪᠣᠯᠬᠤᠶᠢᠴᠠ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠣᠷᠣᠨ ᠪᠦᠰᠡ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠬᠦ ᠶᠢ ᠠᠬᠢᠭᠤᠯᠵᠤ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠭᠢ᠂ ᠪᠦᠯᠦᠭ ᠴᠣᠭᠴᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ | ᠪᠠᠭᠠᠰᠬᠠᠬᠤ ᠬᠡᠷᠡᠭᠲᠡᠢ᠃ ︽ ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠰᠤᠷᠭᠠᠨ | ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠠᠰᠢᠭ ᠬᠦᠷᠲᠡᠭᠡᠬᠦ | ᠬᠡᠪᠴᠢᠶ᠎ᠡ ᠶᠢ ᠥᠷᠭᠡᠳᠬᠡᠵᠦ᠂ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢ ᠬᠥᠮᠥᠵᠢᠭᠦᠯᠦᠨ ᠪᠤᠯᠪᠠᠰᠤᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ | ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠣᠶᠢᠵᠢᠭᠤᠯᠬᠤ ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ ᠪᠠᠶᠢᠷᠢ | ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠥᠯᠥᠰᠦ ᠣᠯᠭᠤᠮᠵᠢ ᠶᠢᠨ ᠪᠠᠲᠤᠯᠠᠭ᠎ᠠ ᠶᠢ | ᠴᠢᠩᠭᠠᠳᠬᠠᠨ᠂ ᠪᠠᠭᠰᠢ ᠶᠢᠨ ᠠᠵᠢᠯ ᠮᠡᠷᠭᠡᠵᠢᠯ ᠤᠨ ᠨᠡᠷ᠎ᠡ ᠬᠦᠨᠳᠦ ᠪᠠ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠭᠰᠢ ᠳᠤ ᠡᠷᠬᠢᠮ ᠳᠡᠭᠡᠳᠦ ᠨᠡᠶᠢᠭᠡᠮ ᠤᠨ ᠨᠡᠷ᠎ᠡ | ᠬᠦᠨᠳᠦ ᠬᠦᠷᠲᠡᠭᠡᠵᠦ᠂ ᠨᠡᠶᠢᠭᠡᠮ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ᠂ ︽ ᠣᠷᠣᠭᠤᠯᠤᠨ ᠠᠪᠴᠢᠷᠠᠬᠤ ︾ ᠪᠠ ︽ ᠭᠠᠷᠴᠤ ᠶᠠᠪᠤᠬᠤ ︾ ᠶᠢ | ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ | ᠡᠷᠬᠡ ᠶᠢ ᠳᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠣᠨ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠭᠦ | ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠣᠯᠣᠨ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠣᠯᠣᠭᠰᠠᠨ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠶᠢ ᠪᠦᠭᠦ ᠲᠠᠯ᠎ᠠ ᠪᠠᠷ ᠳ᠋ᠦᠩᠨᠡᠵᠦ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠣᠨ ᠦᠨᠳᠦᠰᠦᠨ ᠠᠷᠭ᠎ᠠ ᠵᠠᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠰᠢᠢᠳᠪᠦᠷᠢᠯᠡᠬᠦ ᠬᠡᠷᠡᠭᠲᠡᠢ ᠴᠢᠬᠤᠯᠠ ᠶᠡᠭᠡ ᠬᠠᠷᠢᠴᠠᠭ᠎ᠠ ᠶᠢ ᠭᠦᠨᠵᠡᠭᠡᠢ ᠲᠣᠳᠣᠷᠬᠠᠶᠢᠯᠠᠨ | ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ | ᠪᠣᠯᠣᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠪᠠ᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ | ᠪᠡᠷᠡᠯᠡᠵᠦ᠂ ᠦᠵᠡᠯ ᠰᠠᠨᠠᠭ᠎ᠠ ᠨᠢ ᠭᠦᠨ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ | ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠤᠷᠭᠠᠨ ᠬᠥᠮᠦᠵᠢᠯ ᠤᠨ ᠠᠵᠢᠯ ᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ | ᠲᠤᠯᠭᠤᠷ ᠪᠢᠴᠢᠭ ᠪᠣᠯᠣᠨ᠎ᠠ᠂ ᠡᠨᠡ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ | ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠣᠳᠠᠲᠠᠢ ᠶᠢ ᠡᠷᠬᠢᠮᠯᠡᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ ᠳᠥᠷᠪᠡᠨ | ᠤᠬᠠᠮᠰᠠᠷ ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠤᠯᠤᠰ | ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ | ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠢ ᠰᠠᠶᠢᠲᠤᠷ | ᠪᠤᠯᠪᠠᠰᠤᠷᠠᠭᠤᠯᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ | ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠣᠷᠣᠶᠢᠯᠠᠭᠰᠠᠨ | ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ | ᠳᠠᠭᠠᠭᠤᠯᠬᠤ ᠴᠢᠬᠤᠯᠠ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠰᠤᠷᠭᠠᠨ ᠬᠥᠮᠦᠵᠢᠯ ᠤᠨ ᠲᠤᠬᠠᠢ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠬᠦᠷᠲᠡᠭᠡᠮᠵᠢ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠴᠢᠬᠤᠯᠠ ᠰᠠᠭᠤᠷᠢ ᠶᠢ ᠰᠠᠶᠢᠲᠤᠷ ᠪᠠᠬᠢᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠨᠡᠭᠡᠭᠡᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠪᠠᠶᠢᠭᠤᠯᠤᠯ | ᠲᠣᠭᠲᠠᠴᠠ ᠶᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠠᠮᠤᠨ᠂ ᠯᠢᠶᠣᠤᠨᠢᠩ ᠮᠤᠵᠢ᠂ ᠱᠠᠩᠬᠠᠢ ᠬᠤᠲᠠ᠂ ᠬᠤᠪᠧᠢ ᠮᠤᠵᠢ᠂ ᠭᠦᠢᠵᠧᠦ ᠮᠤᠵᠢ᠂ ᠳᠤᠮᠳᠠᠳᠤ ᠤᠯᠤᠰ ᠤᠨ ᠡᠯᠧᠺᠲᠷᠣᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠪᠦᠭᠦ ᠤᠯᠤᠰ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠬᠰᠠᠨ | ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠥᠯᠥᠭᠡᠯᠡᠭᠴᠢᠳ ᠲᠠᠢ ᠬᠠᠯᠠᠭᠤᠨ ᠢᠶᠠᠷ ᠭᠠᠷ ᠠᠳᠬᠤᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠳᠤᠷᠠᠰᠬᠠᠯ ᠦᠯᠡᠳᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠪᠠ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠡᠯ᠎ᠡ ᠮᠤᠵᠢ ᠣᠷᠣᠨ ᠬᠤᠲᠠ ᠪᠣᠯᠣᠨ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | | |