ᠪᠡᠭᠡᠵᠢᠩ ᠤᠨ ᠷᠠᠳᠢᠣ᠋ ᠲᠧᠯᠸᠢᠰ᠄ ᠨᠡᠶᠢᠰᠯᠡᠯ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠪᠡᠭᠡᠵᠢᠩ ᠤᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2024/9/11
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠤᠭ᠎ᠠ ᠲᠥᠰᠦᠪ ᠢ ᠵᠢᠷᠤᠭᠯᠠᠵᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠷᠠᠳᠢᠣ᠋ ᠲᠧᠯᠸᠢᠰ ᠪᠠ ᠰᠦᠯᠵᠢᠶᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠲᠤᠬᠠᠶ ᠠᠯᠢ ᠣᠯᠠᠨ ᠴᠢᠬᠤᠯᠠ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠪᠡ᠃ ᠤᠯᠤᠰ ᠤᠨ ᠷᠠᠳᠢᠣ᠋ ᠲᠧᠯᠸᠢᠰ ᠤᠨ ᠣᠶᠤᠨᠴᠢ ᠬᠥᠮᠥᠷᠭᠡ ᠶᠢᠨ ᠣᠯᠠᠨ ᠨᠡᠶᠢᠲᠡ ᠶᠢᠨ ᠲᠠᠪᠴᠠᠩ ᠡᠯ᠎ᠡ ᠮᠤᠵᠢ ︵ᠣᠷᠣᠨ᠂ ᠬᠤᠲᠠ︶ ᠶᠢᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠬᠢᠯᠠᠰ ᠴᠡᠭᠲᠦ ᠮᠡᠳᠡᠭᠦᠯᠦᠯᠲᠡ ᠶᠢ ᠵᠠᠯᠭᠠᠭ᠎ᠠ ᠪᠠᠷ ᠨᠡᠶᠢᠲᠡᠯᠡᠪᠡ᠂ ᠥᠨᠥᠳᠦᠷ ︽ᠪᠡᠭᠡᠵᠢᠩ ᠤᠨ ᠷᠠᠳᠢᠣ᠋ ᠲᠧᠯᠸᠢᠰ᠄ ᠨᠡᠶᠢᠰᠯᠡᠯ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠪᠡᠭᠡᠵᠢᠩ ᠤᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠨ᠎ᠡ︾ ᠶᠢ ᠨᠡᠶᠢᠲᠡᠯᠡᠪᠡ᠃  ᠪᠡᠭᠡᠵᠢᠩ ᠬᠤᠳᠠ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠢᠨ ᠯᠢ ᠱᠦᠵᠢ ᠶᠢᠨ ᠳᠤᠷᠠᠳᠤᠭᠰᠠᠨ ᠷᠠᠳᠢᠣ᠋ ᠲᠧᠯᠸᠢᠰ ᠤᠨ ᠠᠵᠢᠯ ᠤᠨ ᠲᠤᠬᠠᠢ ︽ ᠶᠠᠭ ᠢᠳᠡ ᠬᠥᠭ ᠲᠠᠢ ᠪᠠᠶᠢᠵᠤ᠂ ᠶᠡᠭᠡ ᠶᠡᠭᠡ ᠦᠢᠯᠡᠰ ᠢ ᠪᠦᠲᠦᠭᠡᠬᠦ ᠪᠣᠯᠣᠯᠴᠠᠭ᠎ᠠ ᠲᠠᠢ ᠪᠠᠶᠢᠬᠤ︾ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠪᠡᠭᠡᠵᠢᠩ ᠤᠨ ︽ᠲᠦᠷᠪᠡᠨ ᠲᠥᠪ︾ ᠤᠨ ᠴᠢᠳᠠᠮᠵᠢ ᠶᠢᠨ ᠪᠠᠶᠢᠭᠤᠯᠤᠯᠲᠠ ᠳᠤ ᠰᠠᠭᠤᠷᠢᠯᠠᠵᠤ᠂ ᠷᠠᠳᠢᠣ᠋ ᠲᠧᠯᠸᠢᠰ ᠤᠨ ︽ᠬᠤᠶᠠᠷ ᠶᠡᠭᠡ ᠲᠤᠬᠠᠶᠢᠯᠠᠭᠰᠠᠨ ᠠᠵᠢᠯ᠂ ᠭᠤᠷᠪᠠᠨ ᠶᠡᠭᠡ ᠰᠢᠨᠵᠢ ᠴᠢᠨᠠᠷ᠂ ᠲᠦᠷᠪᠡᠨ ᠳᠠᠪᠬᠤᠷᠭ᠎ᠠ︾ ᠶᠢᠨ ᠠᠵᠢᠯ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠭᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠤᠷ ᠲᠦᠪᠰᠢᠨ ᠤ ︽ᠭᠤᠷᠪᠠᠨ ᠮᠤᠷᠢᠨ ᠲᠡᠷᠭᠡ︾ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠡᠶᠢᠰᠯᠡᠯ ᠤᠨ ᠬᠥᠭᠵᠢᠯᠲᠡ ᠪᠣᠯᠤᠨ ᠪᠦᠬᠦ ᠤᠯᠤᠰ ᠤᠨ ᠰᠣᠶᠣᠯ ᠤᠨ ᠲᠥᠪ ᠤᠨ ᠪᠠᠶᠢᠭᠤᠯᠤᠯᠲᠠ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠬᠠᠩᠭᠠᠪᠠ᠃  ᠰᠡᠳᠬᠢᠯ ᠵᠢᠷᠦᠬᠡᠨ ᠳᠤ ᠬᠠᠳᠠᠩᠰᠢᠵᠤ᠂ ᠰᠢᠨ᠎ᠡ ᠴᠠᠭ ᠦᠶ᠎ᠡ ᠶᠢᠨ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠬᠠᠮᠤᠭ ᠤᠨ ᠴᠢᠩᠭ᠎ᠠ ᠳᠠᠭᠤᠨ ᠢ ᠡᠭᠡᠰᠢᠭᠯᠡᠭᠦᠯᠪᠡ  ᠭᠤᠣᠯ ᠶᠠᠷᠢᠶ᠎ᠠ ᠬᠡᠯᠡᠯᠴᠡᠭᠡ ᠶᠢ ᠶᠡᠭᠡ ᠪᠠᠷ ᠬᠥᠭᠵᠢᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠤᠳᠤᠷᠢᠳᠤᠭᠴᠢ ᠶᠢᠨ ᠲᠦᠷᠢ ᠲᠥᠷᠬᠦ ᠶᠢᠨ ᠤᠬᠠᠭᠤᠯᠭ᠎ᠠ ᠭᠡᠬᠦ ᠡᠨᠡ ᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠲᠣᠭᠤᠷᠢᠭ ᠬᠤᠶᠠᠷ ᠱᠠᠲᠤᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠪᠣᠯᠤᠨ ᠰᠦᠯᠵᠢᠶᠡᠨ ᠤ ᠦᠵᠡᠵᠦ ᠰᠣᠨᠣᠰᠬᠤ ᠲᠠᠪᠴᠠᠩ ᠵᠡᠷᠭᠡ ᠪᠠᠷ ᠤᠷᠤᠭᠰᠢᠯᠠᠵᠤ᠂ ᠶᠡᠷᠦᠩᠬᠡᠢ ᠱᠦᠵᠢ ᠶᠢᠨ ᠬᠤᠯᠪᠣᠭᠳᠠᠯ ᠪᠦᠬᠦᠢ ᠮᠡᠳᠡᠭᠡᠯᠡᠯ ᠤᠨ ᠤᠩᠰᠢᠯᠭ᠎ᠠ ᠶᠢᠨ ᠬᠡᠮᠵᠢᠶ᠎ᠡ 200 ᠳ᠋ᠦᠩᠰᠢᠭᠤᠷ ᠢ ᠳᠠᠪᠠᠵᠤ᠂ ᠰᠢ ᠶᠢᠨ ᠫᠢᠩ ᠤᠨ ᠰᠣᠶᠣᠯ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ︔ 5 ᠳᠠᠩᠰᠠᠨ ᠳ᠋ᠤᠭᠠᠷ  ᠨᠢ ᠪᠦᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢᠨ ᠲᠦᠷᠦᠭᠦᠦ ᠪᠦᠯᠦᠭ ᠪᠦᠷᠢᠯᠳᠦᠬᠦᠨ ᠨᠢᠭᠡᠴᠢ ᠳᠤ ᠰᠣᠩᠭᠤᠭᠳᠠᠵᠤ᠂ 67 ᠬᠤᠳᠠ ᠶᠢᠨ ᠬᠠᠷᠢᠶ᠎ᠠ ᠭᠤᠣᠯ ᠳᠠᠩᠰᠠᠨ ᠳ᠋ᠤᠭᠠᠷ ᠤᠨ ᠵᠢᠭᠰᠠᠭᠠᠯ ᠤᠨ ᠭᠠᠵᠠᠷ ᠲᠤ ᠭᠤᠣᠯ ᠰᠡᠳᠦᠪᠲᠦ ᠤᠬᠠᠭᠤᠯᠭ᠎ᠠ ᠶᠢᠨ ᠣᠬᠤᠷ ᠸᠢᠳᠢᠣ᠋ ᠶᠢ ᠬᠦᠷᠭᠡᠵᠦ᠂ ᠦᠵᠡᠭᠰᠡᠨ ᠬᠡᠮᠵᠢᠶ᠎ᠡ ᠨᠢ ᠨᠡᠶᠢᠳᠡ 1.29 ᠳ᠋ᠦᠩᠰᠢᠭᠤᠷ ᠤᠳᠠᠭ᠎ᠠ ᠳᠤ ᠬᠦᠷᠴᠡᠢ᠃  ᠵᠠᠭᠤᠴᠢᠯᠠᠭᠤᠷ ᠤᠨ ᠠᠭᠤᠰᠤᠯᠴᠠᠯ ᠡᠮᠦᠨ᠎ᠡ ᠡᠩᠨᠡᠭᠡᠨ ᠳᠤ ᠣᠷᠣᠪᠠ᠃ ︽ᠨᠢᠭᠡ ᠬᠤᠷᠠᠯ ᠨᠢᠭᠡ ᠤᠷᠤᠯᠳᠤᠭᠠᠨ︾ ᠢ ᠲᠤᠪᠤᠶᠢᠮ᠎ᠠ ᠰᠠᠶᠢᠲᠤᠷ ᠠᠳᠬᠤᠵᠤ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠡᠭᠡ ᠬᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠭᠤᠷᠪᠠᠳᠤᠭᠠᠷ ᠬᠤᠭᠤᠴᠠᠭᠠᠨ ᠤ ᠰᠢᠨ᠎ᠡ ᠦᠵᠡᠵᠦ ᠰᠣᠨᠣᠰᠬᠤ ᠵᠠᠭᠤᠴᠢᠯᠠᠭᠤᠷ ᠤᠨ ᠠᠭᠤᠰᠤᠯᠴᠠᠨ ᠰᠢᠨ᠎ᠡ ᠶᠢ ᠡᠭᠦᠳᠬᠦ ᠪᠦᠲᠦᠭᠡᠯᠴᠢ ᠤᠷᠤᠯᠳᠤᠭᠠᠨ ᠤ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠠᠭᠤᠰᠤᠯᠴᠠᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠪᠠ᠃ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠴᠢᠩᠭᠠᠷᠠᠭᠤᠯᠵᠤ᠂ ᠪᠡᠭᠡᠵᠢᠩ ᠤᠨ ᠷᠠᠳᠢᠣ᠋ ᠲᠧᠯᠸᠢᠰ ᠬᠤᠷᠢᠶ᠎ᠠ ᠶᠢᠨ ᠬᠠᠮ ᠵᠠᠭᠤᠴᠢᠯᠠᠭᠤᠷ ᠤᠨ ᠲᠥᠪ ᠪᠠ ᠬᠠᠢ ᠳ᠋ᠢᠶᠠᠨ ᠲᠣᠭᠤᠷᠢᠭ ᠤᠨ ︽ᠲᠣᠭᠠᠵᠢᠭᠤᠯᠤᠭᠰᠠᠨ ᠢᠬᠡᠷ᠎ᠡ ᠨᠡᠶᠢᠭᠡᠮ ᠲᠣᠭᠤᠷᠢᠭ︾ ᠤᠨ ᠲᠥᠷᠥᠯ ᠵᠦᠢᠯ ᠨᠢ ᠲᠣᠰ ᠲᠣᠰ ᠪᠥᠬᠦ ᠤᠯᠤᠰ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠬᠤᠰᠢᠭᠤᠴᠢ ᠨᠢᠭᠡᠴᠢ ᠪᠠ ᠦᠰᠦᠨ ᠪᠤᠶᠢᠵᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠪᠡ᠃ ᠦᠵᠡᠵᠦ ᠰᠣᠨᠣᠰᠬᠤ ᠬᠠᠮ ᠵᠠᠭᠤᠴᠢᠯᠠᠭᠤᠷ ᠤᠨ ᠠᠵᠢᠯᠯᠠᠬᠤ ᠲᠠᠰᠤᠭ ᠢ ᠠᠩᠬ᠎ᠠ ᠡᠭᠦᠳᠦᠨ ᠴᠤᠭᠯᠠᠭᠤᠯᠤᠨ ᠰᠢᠯᠭᠠᠷᠠᠭᠤᠯᠵᠤ᠂ ᠵᠠᠭᠤᠴᠢᠯᠠᠭᠤᠷ ᠤᠨ ᠠᠭᠤᠰᠤᠯᠴᠠᠯ ᠤᠨ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠵᠤ᠂ ︽ᠬᠠᠮ ᠵᠠᠭᠤᠴᠢᠯᠠᠭᠤᠷ +︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠥᠷᠭᠡᠳᠭᠡᠪᠡ᠃  ᠦᠨᠡᠨ ᠬᠦ ᠰᠡᠳᠭᠢᠯ ᠲᠠᠯᠪᠢᠵᠤ᠂ ︽ᠪᠡᠭᠡᠵᠢᠩ ᠤᠨ ᠲᠣᠮᠣ ᠦᠵᠡᠵᠦ ᠰᠣᠨᠤᠰᠬᠤ︾ ᠶᠢᠨ ᠴᠡᠴᠡᠭᠯᠡᠯ ᠬᠦᠭᠵᠢᠯ ᠤᠨ ᠰᠢᠨ᠎ᠡ ᠬᠠᠭᠤᠳᠠᠰᠤ ᠶᠢ ᠪᠢᠴᠢᠭᠯᠡᠪᠡ  ᠪᠡᠭᠡᠵᠢᠩ ᠤᠨ ᠵᠦᠴᠦᠭᠡ ᠶᠢᠨ ︽ᠨᠠᠢᠮᠠᠨ ᠨᠢᠭᠡᠳᠦᠭᠡᠷ︾ ᠨᠢ ᠪᠦᠬᠦ ᠤᠯᠤᠰ ᠲᠤ ᠬᠤᠰᠢᠭᠤᠴᠢᠯᠠᠪᠠ᠃ ᠲᠧᠯᠸᠢᠰ ᠵᠦᠴᠦᠭᠡ ᠨᠢ ᠲᠣᠮᠣ ᠵᠢᠵᠢᠭ ᠳᠡᠯᠭᠡᠴᠡ ᠪᠠᠷ ᠭᠢᠯᠠᠯᠵᠠᠵᠤ᠂ 135 ᠲᠧᠯᠸᠢᠰ ᠵᠦᠴᠦᠭᠡ ᠶᠢᠨ ᠪᠦᠲᠦᠭᠡᠯ ᠢ ᠳᠠᠩᠰᠠᠯᠠᠭᠤᠯᠵᠤ᠂ ᠪᠦᠬᠦ ᠤᠯᠤᠰ ᠤᠨ ᠨᠢᠭᠡᠳᠦᠭᠡᠷ ᠲᠤ ᠣᠷᠤᠪᠠ︔ 28 ᠪᠦᠯᠦᠭ ᠲᠧᠯᠸᠢᠰ ᠵᠦᠴᠦᠭᠡ ᠶᠢ ᠲᠠᠷᠬᠠᠭᠠᠵᠤ᠂ ᠪᠦᠬᠦ ᠤᠯᠤᠰ ᠤᠨ ᠨᠢᠭᠡᠳᠦᠭᠡᠷ ᠲᠤ ᠣᠷᠤᠪᠠ︔ ᠲᠥᠪ ᠤᠨ ᠲᠧᠯᠸᠢᠰ ᠰᠤᠪᠠᠭ ᠵᠢᠴᠢ ᠭᠤᠣᠯ ᠪᠣᠯᠬᠤ ᠦᠵᠡᠵᠦ ᠰᠣᠨᠣᠰᠬᠤ ᠲᠠᠪᠴᠠᠩ ᠳᠤ ᠠᠩᠬ᠎ᠠ ᠨᠡᠪᠲᠡᠷᠡᠭᠦᠯᠦᠭᠰᠡᠨ ᠪᠡᠭᠡᠵᠢᠩ ᠤᠨ ᠵᠦᠴᠦᠭᠡ ᠶᠢᠨ ᠪᠦᠲᠦᠭᠡᠯ 25 ᠪᠦᠯᠦᠭ ᠪᠠᠶᠢᠵᠤ᠂ ᠪᠦᠬᠦ ᠤᠯᠤᠰ ᠲᠤ ᠲᠡᠷᠢᠭᠦᠯᠡᠪᠡ︔ ︽ᠮᠠᠨ ᠤ ᠠᠮᠢᠳᠤᠷᠠᠯ︾᠂ ︽ᠵᠢᠷᠦᠬᠡᠰᠢᠶᠡᠬᠦ ᠵᠦᠢᠯ ᠠᠯᠠᠭ᠎ᠠ︾᠂ ︽ᠬᠠᠶᠢᠷ᠎ᠠ ᠰᠡᠳᠭᠢᠯᠭᠡᠲᠦ ᠮᠣᠷᠣᠶᠢᠯᠭ᠎ᠠ︾ ᠵᠡᠷᠭᠡ 9 ᠪᠦᠲᠦᠭᠡᠯ ᠢ ᠶᠡᠷᠦᠩᠬᠡᠶ ᠲᠧᠯᠸᠢᠰ ᠲᠥᠪ ᠲᠧᠯᠸᠢᠰ ᠤᠨ ᠬᠠᠯᠠᠮᠰᠢᠯ ᠳᠡᠯᠭᠡᠴᠡᠨ ᠳᠤ ᠨᠡᠪᠲᠡᠷᠡᠭᠦᠯᠵᠦ᠂ ᠪᠦᠬᠦᠨ ᠢᠶᠠᠷ ᠢᠶᠠᠨ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠦᠸᠧ ᠹᠦ᠋ ᠷᠦᠢ ᠲᠣᠮᠣ ᠳᠡᠯᠭᠡᠴᠡ ᠪᠠᠷ TOP20 ᠶᠢ ᠬᠦᠯᠢᠶᠡᠨ ᠠᠪᠴᠤ ᠦᠵᠡᠵᠦ᠂ ᠪᠦᠬᠦ ᠤᠯᠤᠰ ᠤᠨ ᠨᠢᠭᠡᠳᠦᠭᠡᠷ ᠲᠤ ᠣᠷᠣᠵᠣ᠂ ᠡᠮᠦᠨ᠎ᠡ 6 ᠪᠦᠯᠦᠭ ᠨᠢ ᠳᠤᠮᠳᠠᠳᠤ ᠤᠯᠤᠰ ᠤᠨ ᠦᠵᠡᠵᠦ ᠰᠣᠨᠣᠰᠬᠤ ᠶᠢᠨ ᠲᠣᠮᠣ ᠳ᠋ᠠᠶᠢᠲ᠋ᠠ ᠶᠢᠨ TOP20 ᠳᠤ ᠣᠷᠣᠵᠣ᠂ ᠪᠦᠬᠦ ᠤᠯᠤᠰ ᠲᠤ ᠲᠡᠷᠢᠭᠦᠯᠡᠪᠡ︔ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠲᠧᠯᠸᠢᠰ ᠵᠦᠴᠦᠭᠡ ︽ᠭᠠᠷᠤᠳᠢ ᠭᠠᠯᠪᠢᠩᠭ᠎ᠠ ᠳᠠᠪᠠᠯᠭᠠᠨ ᠢ ᠵᠦᠰᠦᠭᠰᠡᠨ︾᠂ ᠳᠤᠮᠳᠠᠳᠤ ᠤᠯᠤᠰ ᠤᠨ ᠭᠠᠳᠠᠭᠠᠳᠤ ᠶᠢ ᠲᠤᠰᠠᠯᠠᠬᠤ ᠡᠮᠴᠢᠯᠡᠭᠡᠨ ᠤ ᠠᠩᠭᠢ ᠶᠢ ᠲᠣᠮᠢᠯᠠᠭᠰᠠᠨ 60 ᠵᠢᠯ ᠤᠨ ᠤᠢ ᠶᠢ ᠳᠤᠷᠠᠰᠬᠠᠬᠤ ᠪᠠ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠤᠢ ᠶᠢᠨ ᠲᠧᠯᠸᠢᠰ ᠵᠦᠴᠦᠭᠡ ︽ᠮᠠᠢ ᠯᠧ ᠲᠣᠰᠬᠤᠨ ᠳᠤ ᠬᠦᠷᠦᠯᠴᠡᠨ ᠢᠷᠡᠭᠰᠡᠨ ᠢ ᠴᠢᠨᠢ ᠪᠠᠶᠠᠷᠯᠠᠨ ᠤᠭᠲᠤᠶ᠎ᠠ︾᠂ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠢ ᠶᠢ ᠳᠤᠷᠠᠰᠬᠠᠬᠤ ᠲᠧᠯᠸᠢᠰ ᠵᠦᠴᠦᠭᠡ ︽ᠶᠡᠭᠡ ᠮᠥᠷᠡᠨ ᠶᠡᠭᠡ ᠭᠤᠤᠯ ᠤᠨ ᠣᠨ ᠵᠢᠯ ᠤᠨ ᠳᠠᠭᠤᠯᠠᠯ︾ ᠢ ᠵᠠᠯᠭᠠᠭ᠎ᠠ ᠪᠠᠷ ᠨᠡᠪᠲᠡᠷᠡᠭᠦᠯᠵᠦ᠂ ᠴᠢᠬᠤᠯᠠ ᠶᠡᠭᠡ ᠭᠤᠤᠯ ᠰᠡᠳᠦᠪᠲᠦ ᠵᠠᠩᠭᠢᠯᠠᠭ᠎ᠠ ᠶᠢᠨ ᠴᠡᠭ ᠤᠨ ᠵᠣᠬᠢᠶᠠᠨ ᠪᠦᠲᠦᠭᠡᠯᠭᠡ ᠶᠢᠨ ᠬᠠᠮᠤᠷᠤᠯᠲᠠ ᠨᠢ ᠪᠥᠬᠦ ᠤᠯᠤᠰ ᠲᠤ ᠲᠡᠷᠢᠭᠦᠯᠡᠪᠡ︔ ︽ᠱᠠᠩ ᠭᠠᠨ ᠯᠢᠩ︾᠂ ︽ᠹᠧᠩ ᠾᠧ ᠶᠢᠨ ᠴᠢ ᠵᠠᠩ ᠵᠢᠦᠢ ᠵᠧᠩ︾᠂ ︽ᠮᠠᠢ ᠯᠧ ᠲᠣᠰᠬᠤᠨ ᠳᠤ ᠬᠦᠷᠦᠯᠴᠡᠨ ᠢᠷᠡᠭᠰᠡᠨ ᠢ ᠴᠢᠨᠢ ᠪᠠᠶᠠᠷᠯᠠᠨ ᠤᠭᠲᠤᠶ᠎ᠠ︾ ᠵᠡᠷᠭᠡ 3 ᠪᠦᠯᠦᠭ ᠲᠧᠯᠸᠢᠰ ᠵᠦᠴᠦᠭᠡ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ 2023 ᠣᠨ ᠤ ᠲᠧᠯᠸᠢᠰ ᠵᠦᠴᠦᠭᠡ ᠪᠠᠷ ᠬᠥᠲᠥᠯᠥᠨ ᠵᠢᠯᠣᠭᠤᠳᠴᠤ ᠲᠡᠳᠬᠦᠨ ᠳᠡᠮᠵᠢᠬᠦ ᠲᠤᠰᠬᠠᠶ ᠪᠡᠯᠡ ᠮᠥᠩᠭᠦ ᠶᠢ ᠣᠯᠵᠤ᠂ ᠲᠤᠭ᠎ᠠ ᠬᠡᠮᠵᠢᠶ᠎ᠡ ᠨᠢ ᠪᠥᠬᠦ ᠤᠯᠤᠰ ᠲᠤ ᠲᠡᠷᠢᠭᠦᠯᠡᠪᠡ᠂ ︽ᠭᠡᠷᠡᠯ ᠭᠡᠭᠡ ᠶᠢ ᠬᠥᠭᠡᠭᠡᠴᠡᠯᠳᠦᠭᠰᠡᠨ ᠡᠳᠦᠷ ᠤᠳ︾᠂ ︽ᠨᠠᠭᠠᠴᠤ ᠡᠮᠡᠭᠡ ᠶᠢᠨ ᠰᠢᠨ᠎ᠡ ᠶᠢᠷᠲᠢᠨᠴᠦ︾᠂ ︽ᠡᠴᠢᠭᠡ ᠶᠢᠨ ᠦᠶ᠎ᠡ ᠶᠢᠨ ᠢᠷᠠᠭᠤ ᠠᠯᠳᠠᠷ︾᠂ ︽ᠮᠠᠢ ᠯᠧ ᠲᠣᠰᠬᠤᠨ ᠳᠤ ᠬᠦᠷᠦᠯᠴᠡᠨ ᠢᠷᠡᠭᠰᠡᠨ ᠢ ᠴᠢᠨᠢ ᠪᠠᠶᠠᠷᠯᠠᠨ ᠤᠭᠲᠤᠶ᠎ᠠ︾᠂ ︽ᠭᠠᠷᠤᠳᠢ ᠭᠠᠯᠪᠢᠩᠭ᠎ᠠ ᠳᠠᠪᠠᠯᠭᠠᠨ ᠢ ᠵᠦᠰᠦᠭᠰᠡᠨ︾ ᠵᠡᠷᠭᠡ 5 ᠪᠡᠭᠡᠵᠢᠩ ᠤᠨ ᠵᠦᠴᠦᠭᠡ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ︽2023 ᠣᠨ ᠤ ᠳᠤᠮᠳᠠᠳᠤ ᠤᠯᠤᠰ ᠤᠨ ᠵᠦᠴᠦᠭᠡ ᠶᠢᠨ ᠰᠣᠳᠣᠨ ᠰᠣᠩᠭᠤᠯᠲᠠ︾ ᠳᠤ ᠰᠣᠩᠭᠤᠭᠳᠠᠵᠤ᠂ ᠲᠤᠭ᠎ᠠ ᠬᠡᠮᠵᠢᠶ᠎ᠡ ᠨᠢ ᠪᠥᠬᠦ ᠤᠯᠤᠰ ᠤᠨ ᠨᠢᠭᠡᠳᠦᠭᠡᠷ ᠲᠤ ᠵᠢᠭᠰᠠᠭᠠᠭᠳᠠᠵᠠᠶ᠃  ᠦᠵᠡᠵᠦ ᠰᠣᠨᠣᠰᠬᠤ ᠤᠳᠬ᠎ᠠ ᠤᠷᠠᠯᠢᠭ ᠤᠨ ᠣᠯᠠᠨ ᠲᠠᠯ᠎ᠠ ᠪᠠᠷ ᠳᠡᠯᠭᠡᠷᠡᠵᠦ ᠣᠷᠭᠢᠯ ᠳᠤ ᠭᠠᠷᠪᠠ᠃ ︽ᠮᠦᠽᠧᠢ ᠶᠢᠨ ᠬᠤᠲᠠ ︵ᠬᠤᠶᠠᠳᠤᠭᠠᠷ ᠤᠯᠠᠷᠢᠯ︶︾ ᠵᠡᠷᠭᠡ ᠪᠦᠲᠦᠭᠡᠯ ᠨᠢ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ 8 ᠪᠦᠲᠦᠭᠡᠯ ᠨᠢ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠶᠡᠭᠡ ᠱᠠᠩᠨᠠᠯ ᠤᠨ ᠣᠨ ᠤ ᠷᠠᠳᠢᠣ᠋ ᠲᠧᠯᠸᠢᠰ ᠤᠨ ᠫᠷᠤᠭ᠍ᠷᠠᠮ ᠤᠨ ᠱᠠᠩᠨᠠᠯ ᠢ ᠬᠦᠷᠲᠡᠵᠦ᠂ 7 ᠪᠦᠲᠦᠭᠡᠯ ᠨᠢ 33 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠣᠨᠢᠨ ᠮᠡᠳᠡᠭᠡᠨ ᠤ ᠱᠠᠩᠨᠠᠯ ᠢ ᠬᠦᠷᠲᠡᠵᠦ᠂ 3 ᠪᠦᠲᠦᠭᠡᠯ ᠵᠢᠴᠢ 2 ᠬᠤᠪᠢ ᠬᠥᠮᠥᠨ 2022 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠰᠣᠨᠢᠨ ᠮᠡᠳᠡᠭᠡᠨ ᠤ ︽ᠵᠠᠭᠤᠨ ᠰᠢᠯᠢᠳᠡᠭ︾ ᠢᠶᠠᠷ ᠰᠣᠩᠭᠤᠭᠳᠠᠪᠠ᠃ ᠪᠠᠷᠢᠮᠲᠠᠲᠤ ᠺᠢᠨᠣ᠋ ᠰᠢᠨ᠎ᠡ ᠰᠢᠪᠲᠤᠯᠤᠯᠲᠠ ᠲᠠᠢ ᠪᠣᠯᠵᠤ᠂ ︽ᠬᠤᠲᠠ ᠶᠢ ᠨᠡᠭᠡᠭᠡᠬᠦ ᠠᠴᠠ ᠡᠭᠦᠳᠡᠨ ᠳᠡᠯᠭᠡᠭᠦᠷ ᠬᠦᠷᠲᠡᠯ᠎ᠡ︾᠂ ︽ᠨᠢᠭᠡ ᠵᠠᠮ ᠤᠨ ᠵᠠᠭᠤᠨ ᠵᠢᠯ︾ ᠵᠡᠷᠭᠡ ᠪᠦᠲᠦᠭᠡᠯ ᠰᠢᠨ᠎ᠡ ᠬᠠᠷᠠᠭᠠᠰᠤ ᠰᠢᠨ᠎ᠡ ᠢᠯᠡᠳᠭᠡᠯ ᠢ ᠨᠡᠭᠡᠭᠡᠪᠡ᠃ ᠺᠠᠷᠲ᠋ᠣᠨ ᠺᠢᠨᠣᠨ ᠤ ᠰᠣᠳᠣᠨ ᠪᠦᠲᠦᠭᠡᠯ ᠴᠣᠯᠭᠤᠷᠠᠨ ᠭᠠᠷᠪᠠ ᠂ ︽ᠢᠯᠠᠭᠳᠠᠰᠢ ᠦᠭᠡᠢ ᠪᠤᠭᠤ ᠶᠢᠨ ᠪᠠᠶᠢᠯᠳᠤᠭᠠᠨ ᠤ ᠠᠩᠭᠢ ︵ᠭᠤᠷᠪᠠᠳᠤᠭᠠᠷ ᠤᠯᠠᠷᠢᠯ︶︾ ᠵᠡᠷᠭᠡ ᠨᠢ ᠬᠡᠦᠬᠡᠳ ᠤᠨ ᠥᠭᠡᠳᠡᠯᠡᠨ ᠳᠠᠪᠰᠢᠯᠲᠠ ᠶᠢ ᠦᠷᠭᠦᠯᠵᠢᠯᠡᠨ ᠬᠥᠲᠥᠯᠦᠨ ᠵᠢᠯᠣᠭᠤᠳᠴᠤ ᠪᠠᠶᠢᠨ᠎ᠠ᠃ ᠰᠦᠯᠵᠢᠶᠡᠨ ᠤ ᠦᠵᠡᠵᠦ ᠰᠣᠨᠣᠰᠬᠤ ᠶᠢᠨ ᠰᠣᠳᠣᠨ ᠪᠦᠲᠦᠭᠡᠯ ᠤᠨ ᠠᠯᠬᠤᠴᠠ ᠨᠠᠩ ᠪᠠᠲᠤᠵᠢᠵᠤ᠂ ︽ᠨᠡᠷ᠎ᠡ ᠥᠬᠡᠶ ᠴᠢᠰᠤ ᠤᠷᠤᠰᠤᠯᠲᠠ • ᠳᠠᠭᠠᠷᠢᠯᠲᠠ ᠬᠢᠬᠦ︾᠂ ︽ᠲᠠᠯᠠᠪᠤᠷ ᠲᠤ ᠭᠠᠷᠤᠯ᠎ᠠ︕ ᠪᠡᠭᠡᠵᠢᠩ ᠤᠨ ᠳᠤᠮᠳᠠ ᠲᠡᠩᠭᠡᠯᠢᠭ ᠤᠨ ᠱᠤᠭᠤᠮ︾ ᠵᠡᠷᠭᠡ ᠰᠦᠯᠵᠢᠶᠡᠨ ᠤ ᠤᠳᠬ᠎ᠠ ᠤᠷᠠᠯᠢᠭ ᠤᠨ ᠪᠦᠲᠦᠭᠡᠯ ᠮᠠᠰᠢ ᠰᠠᠶᠢᠨ ᠠᠮᠵᠢᠯᠲᠠ ᠣᠯᠵᠠᠢ᠃ ︽ᠠᠩᠬᠠᠳᠠᠭᠴᠢ ᠭᠡᠷᠡᠯ ᠭᠢᠯᠪᠠᠭ᠎ᠠ︾ ᠨᠢ ᠠᠩᠬᠠᠳᠠᠭᠴᠢ ᠪᠦᠯᠦᠭ 20 ᠰᠢᠯᠢᠳᠡᠭ ᠲᠥᠷᠥᠯ ᠵᠦᠢᠯ ᠢ ᠳᠡᠳᠭᠦᠨ ᠳᠡᠮᠵᠢᠵᠦ ᠰᠦᠯᠵᠢᠶᠡᠨ ᠤ ᠪᠢᠴᠢᠯ ᠣᠬᠤᠷ ᠵᠦᠴᠦᠭᠡ ᠶᠢ ᠳᠦᠷᠢᠮᠵᠢᠭᠰᠡᠨ ᠰᠣᠳᠣᠨ ᠵᠠᠮ ᠳᠤ ᠣᠷᠣᠭᠤᠯᠪᠠ᠃  ᠠᠮᠵᠢᠯᠲᠠ ᠪᠦᠲᠦᠮᠵᠢ ᠭᠠᠷᠭᠠᠵᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠠᠳᠠᠷᠠᠭᠤᠯᠪᠠ  ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠠᠵᠤ ᠦᠢᠯᠡᠰ ᠪᠦᠬᠦ ᠤᠯᠤᠰ ᠲᠤ ᠲᠡᠷᠢᠭᠦᠯᠡᠪᠡ᠃ ᠶᠠᠮᠤᠨ ᠬᠤᠲᠠ ᠶᠢᠨ ︽︿ᠳᠤᠮᠳᠠᠳᠤ ᠤᠯᠤᠰ ︵ᠪᠡᠭᠡᠵᠢᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠶᠢᠨ ᠠᠵᠢᠯᠯᠠᠭᠠᠨ ᠤ ᠲᠥᠯᠥᠪᠯᠡᠭᠡ﹀ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠥᠰᠥᠭ ᠵᠢᠷᠤᠬᠤ ᠶᠢ ᠠᠬᠢᠭᠤᠯᠵᠤ᠂ ︽ᠪᠡᠭᠡᠵᠢᠩ ᠬᠤᠲᠠ ᠶᠢᠨ ᠬᠡᠲᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠬᠤᠰᠢᠭᠤᠴᠢ ᠠᠵᠢᠯᠯᠠᠭᠠᠨ ᠤ ᠲᠥᠯᠥᠪᠯᠡᠭᠡ ︵2024 - 2026 ᠣᠨ︶︾ ᠵᠢᠴᠢ ᠠᠯᠢ ᠣᠯᠠᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠶᠢᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠬᠦᠴᠦᠯᠡᠨ ᠲᠡᠭᠦᠯᠳᠡᠷᠵᠢᠭᠦᠯᠵᠦ᠂ ᠬᠡᠲᠦ ᠥᠨᠳᠥᠷ ᠲᠤᠳᠤᠷᠠᠴᠠᠲᠤ᠂ ᠡᠭᠦᠰᠦᠮᠡᠯ ᠮᠠᠶ᠋ᠢᠭ ᠤᠨ ᠵᠣᠬᠢᠶᠠᠮᠠᠯ ᠣᠶᠤᠨ ᠵᠡᠷᠭᠡ ᠵᠠᠩᠭᠢᠯᠠᠭ᠎ᠠ ᠶᠢᠨ ᠮᠡᠷᠭᠡᠵᠢᠯ ᠪᠠ ᠪᠠᠷᠢᠮᠵᠢᠶ᠎ᠠ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠴᠢᠩᠭᠠᠳᠬᠠᠵᠤ᠂ ᠳᠡᠯᠡᠬᠡᠶ ᠶᠢᠨ ᠲᠡᠷᠢᠭᠦᠨ ᠤ ᠳᠤᠮᠳᠠᠳᠤ ᠤᠯᠤᠰ ᠤᠨ ᠲᠣᠭᠠᠵᠢᠭᠤᠯᠣᠭᠰᠠᠨ ᠦᠵᠡᠵᠦ ᠰᠣᠨᠣᠰᠬᠤ ᠦᠢᠯᠡᠳᠬᠦ ᠲᠥᠪ ᠢ ᠴᠢᠷᠮᠠᠶᠢᠨ ᠪᠠᠶᠢᠭᠤᠯᠪᠠ᠃  ᠣᠶᠤᠨᠴᠢ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠮᠡᠭᠳᠡᠯ ᠢᠯᠡᠷᠬᠡᠢ ᠪᠣᠯᠪᠠ᠃ 2023 ᠣᠨ ᠳᠤ ᠤᠶᠤᠨᠲᠤ ᠷᠠᠳᠢᠣ᠋ ᠲᠧᠯᠸᠢᠰ ᠤᠨ ᠭᠤᠷᠪᠠᠳᠤᠭᠠᠷ ᠪᠦᠯᠦᠭ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ 10 ᠰᠢᠯᠭᠠᠷᠠᠭᠤᠯᠵᠤ᠂ 30 ᠣᠶᠤᠨᠴᠢ ᠷᠠᠳᠢᠣ᠋ ᠲᠧᠯᠸᠢᠰ ᠤᠨ ᠰᠢᠯᠢᠳᠡᠭ ᠲᠥᠷᠥᠯ ᠵᠦᠢᠯ ᠢ ᠬᠥᠬᠢᠭᠦᠯᠦᠨ ᠳᠡᠮᠵᠢᠪᠡ᠃ 8K ᠰᠣᠳᠣᠨ ᠪᠦᠲᠦᠭᠡᠯ ᠦᠢᠯᠡᠳᠪᠦᠷᠢᠯᠡᠯ ᠢ ᠦᠷᠭᠦᠯᠵᠢᠯᠡᠨ ᠬᠥᠲᠥᠯᠦᠨ ᠳᠠᠭᠠᠭᠤᠯᠵᠤ᠂ ᠳᠠᠭᠤᠯᠠᠯᠲᠤ ᠵᠦᠴᠦᠭᠡ ︽ᠲᠤᠰᠺᠠ︾ ᠵᠡᠷᠭᠡ ᠪᠠᠷᠤᠭ 200 ᠴᠠᠭ ᠤᠨ ᠣᠷᠴᠢᠮ ᠤᠨ 215 ᠪᠦᠯᠦᠭ 8K ᠬᠡᠳᠦ ᠥᠨᠳᠥᠷ ᠲᠤᠳᠤᠷᠠᠴᠠᠲᠤ ᠸᠢᠳᠢᠣ᠋ ᠪᠦᠲᠦᠭᠡᠯ ᠢ 8K ᠬᠡᠷᠡᠭᠯᠡᠭᠡᠨ ᠤ ᠠᠬᠤᠢ ᠪᠠᠶᠢᠳᠠᠯ ᠤᠨ ᠲᠣᠭᠯᠠᠯᠲᠠ᠂ ᠰᠣᠶᠣᠯ ᠵᠢᠭᠤᠯᠴᠢᠯᠠᠯ᠂ ᠰᠣᠶᠣᠯ ᠤᠨ ᠦᠵᠡᠰᠭᠦᠯᠡᠩ ᠵᠡᠷᠭᠡ ᠣᠯᠠᠨ ᠬᠦᠷᠢᠶᠡᠨ ᠳᠤ ᠨᠠᠶᠢᠳᠠᠪᠤᠷᠢᠵᠢᠭᠤᠯᠪᠠ᠃ ︽3 + N︾ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠳᠠᠪᠠᠭᠤᠯᠢᠭ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠵᠢᠱᠢᠶ᠎ᠡ ᠦᠵᠡᠭᠦᠯᠦᠨ ᠬᠡᠷᠡᠭᠯᠡᠬᠦ ᠴᠢᠳᠠᠪᠤᠷᠢ ᠪᠥᠬᠦ ᠤᠯᠤᠰ ᠲᠤ ᠲᠡᠷᠢᠭᠦᠯᠡᠪᠡ᠃ ᠪᠡᠭᠡᠵᠢᠩ ᠲᠢᠶᠠᠨᠵᠢᠨ ᠾᠧᠪᠧᠶ ᠶᠢᠨ 13 ᠬᠦᠷᠢᠶᠡᠯᠡᠩ ᠲᠣᠭᠤᠷᠢᠭ ᠲᠤ ᠦᠵᠡᠵᠦ ᠰᠣᠨᠣᠰᠬᠤ ᠠᠵᠤ ᠦᠢᠯᠡᠰ ᠤᠨ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠤᠨ ᠬᠤᠯᠪᠣᠭ᠎ᠠ ᠪᠠᠶᠢᠭᠤᠯᠵᠤ᠂ ᠣᠷᠣᠨ ᠪᠦᠰᠡ ᠶᠢ ᠨᠢᠭᠡ ᠴᠣᠭᠴᠠᠵᠢᠭᠤᠯᠤᠭᠰᠠᠨ ᠲᠣᠮᠣ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠶᠢᠨ ᠰᠦᠷᠦᠭᠵᠢᠯ ᠢ ᠲᠦᠷᠭᠡᠳᠬᠡᠨ ᠪᠠᠶᠢᠭᠤᠯᠪᠠ᠃  ᠰᠠᠶᠢᠨ ᠬᠢᠵᠦ ᠰᠠᠶᠢᠲᠤᠷ ᠪᠦᠲᠦᠭᠡᠵᠦ᠂ ᠨᠡᠶᠢᠰᠯᠡᠯ ᠤᠨ ᠷᠠᠳᠢᠣ᠋ ᠲᠧᠯᠸᠢᠰ ᠤᠨ ᠰᠢᠰᠲ᠋ᠧᠮ ᠤᠨ ᠦᠨᠳᠦᠷ ᠪᠦᠲᠦᠮᠵᠢᠲᠡᠢ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠪᠠ  ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠡᠭᠡ ᠬᠤᠪᠢᠷᠠᠪᠠ᠃ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠭᠠᠵᠠᠷ ᠣᠷᠣᠨ ᠤ ᠲᠧᠯᠸᠢᠰ ᠤᠨ ᠪᠠᠲᠤᠯᠠᠭ᠎ᠠ ᠵᠢᠴᠢ ᠴᠢᠬᠤᠯᠠ ᠴᠠᠭ ᠦᠶ᠎ᠡ ᠶᠢᠨ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠳᠤ ᠥᠴᠦᠬᠡᠨ ᠴᠦ ᠠᠯᠳᠠᠰᠢ ᠭᠠᠷᠭᠠᠭᠰᠠᠨ ᠦᠭᠡᠢ᠃ ᠪᠡᠭᠡᠵᠢᠩ ᠬᠤᠲᠠ ᠶᠢᠨ ᠠᠮᠤᠷ ᠲᠦᠪᠰᠢᠨ ᠨᠡᠪᠲᠡᠷᠡᠭᠦᠯᠭᠡ ᠶᠢᠨ ᠵᠢᠯᠣᠭᠤᠳᠬᠤ ᠲᠥᠪ ᠤᠨ ᠰᠢᠨ᠎ᠡ ᠰᠠᠭᠤᠷᠢ ᠶᠢ ᠪᠠᠶᠢᠭᠤᠯᠤᠭᠠᠳ ᠠᠰᠢᠭᠯᠠᠯᠲᠠ ᠳᠤ ᠣᠷᠣᠭᠤᠯᠵᠤ᠂ ︽ᠲᠠᠪᠤᠨ ᠪᠦᠷᠢᠨ ᠪᠠᠶᠢᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠠᠩᠬ᠎ᠠ ᠠᠯᠬᠤᠮ ᠪᠦᠷᠢᠳᠦᠭᠦᠯᠵᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠣᠶᠤᠨᠴᠢᠯᠠᠭᠰᠠᠨ ᠲᠦᠪᠰᠢᠨ ᠪᠦᠬᠦ ᠤᠯᠤᠰ ᠤᠨ ᠲᠡᠷᠢᠭᠦᠨ ᠪᠠᠶᠢᠷᠢᠨ ᠳᠤ ᠣᠷᠣᠪᠠ᠃  ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠃ 2023 ᠣᠨ ᠤ 12 ᠳ᠋ᠤᠭᠠᠷ ᠰᠠᠷ᠎ᠠ ᠳᠤ ︽ᠪᠡᠭᠡᠵᠢᠩ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠬᠤᠲᠠ ᠲᠣᠭᠤᠷᠢᠭ ᠬᠤᠶᠠᠷ ᠱᠠᠲᠤᠨ ᠤ ᠬᠠᠮᠵᠢᠯᠴᠠᠭ᠎ᠠ ᠶᠢ ᠴᠢᠩᠭᠠᠳᠬᠠᠨ᠂ ᠬᠤᠲᠠ ᠶᠢᠨ ᠱᠠᠲᠤᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠹᠠᠩ ᠱᠠᠨ ᠵᠡᠷᠭᠡ ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠬᠤ ᠭᠠᠵᠠᠷ ᠣᠷᠣᠨ ᠤ ᠠᠩᠬᠠᠳᠠᠭᠴᠢ ᠪᠦᠯᠦᠭ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠨᠢᠭᠡ ᠵᠢᠯ ᠤᠨ ᠳᠣᠲᠣᠷ᠎ᠠ ᠦᠨᠳᠦᠰᠦᠨ ᠳᠤ ᠪᠠᠨ ᠨᠡᠪᠲᠡᠷᠡᠬᠦ᠂ 3 ᠵᠢᠯ ᠤᠨ ᠳᠣᠲᠣᠷ᠎ᠠ ᠪᠥᠬᠦ ᠲᠠᠯ᠎ᠠ ᠪᠠᠷ ᠬᠠᠮᠤᠷᠬᠤ᠂ ᠠᠯᠤᠰ ᠬᠡᠲᠦ ᠶᠢᠨ ᠬᠤᠭᠤᠴᠠᠭᠠᠨ ᠤ ᠦᠷᠭᠦᠯᠵᠢᠯᠡᠬᠦᠶᠢᠴᠡ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃  ᠲᠧᠯᠸᠢᠰ ᠤᠨ ᠬᠦᠷᠢᠶᠡᠨ ᠤ ᠲᠤᠰᠬᠠᠢ ᠵᠠᠰᠠᠯᠲᠠ ᠳᠣᠪᠤᠶᠢᠮ᠎ᠠ ᠦᠷ᠎ᠡ ᠪᠦᠲᠦᠮᠵᠢ ᠣᠯᠪᠠ᠃ ᠪᠡᠭᠡᠵᠢᠩ ᠬᠤᠲᠠ ᠶᠢᠨ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠵᠢᠴᠢ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠩᠬᠠᠳᠠᠭᠴᠢ ᠪᠦᠯᠦᠭ ᠤᠨ ᠡᠭᠦᠷᠭᠡ ᠶᠢ ᠡᠩ ᠲᠡᠷᠢᠭᠦᠨ ᠳᠤ ᠪᠡᠶᠡᠯᠡᠭᠦᠯᠵᠦ᠂ ᠭᠧ ᠬᠤᠸᠠ ᠤᠲᠠᠰᠤᠲᠤ 550 ᠲᠦᠮᠡᠨ ᠰᠠᠤᠷᠢ ᠲᠧᠯᠸᠢᠰ ᠤᠨ ᠳᠠᠪᠲᠠᠮᠵᠢ ᠬᠤᠷᠢᠶᠠᠭᠤᠷ᠂ ᠪᠡᠭᠡᠵᠢᠩ ᠤᠨ ᠰᠢᠨ᠎ᠡ ᠵᠠᠭᠤᠴᠢᠯᠠᠭᠤᠷ ᠤᠨ ᠪᠦᠯᠦᠭᠯᠡᠯ ᠤᠨ IPTV160 ᠲᠦᠮᠡᠨ ᠢᠳᠡᠪᠬᠢᠲᠦ ᠬᠡᠷᠡᠭᠯᠡᠭᠴᠢ ᠪᠠ ᠰᠢᠶᠤᠤ ᠮᠢ ᠲᠧᠯᠸᠢᠰ ᠨᠢ ᠴᠥᠮ ︽ᠲᠧᠯᠸᠢᠰ ᠢᠶᠠᠨ ᠨᠡᠬᠡᠭᠡᠮᠡᠭᠴᠡ ᠦᠵᠡᠬᠦ ᠰᠢᠭᠤᠳ ᠨᠡᠪᠲᠡᠷᠡᠭᠦᠯᠭᠡ ᠶᠢᠨ ᠰᠤᠪᠠᠭ︾᠂ ︽ᠰᠦᠢᠳᠬᠡᠯ ᠬᠤᠷᠢᠶᠠᠬᠤ ᠪᠣᠭᠤᠳᠠᠯ ᠢ 50% ᠠᠴᠠ ᠳᠡᠭᠡᠭᠰᠢ ᠪᠠᠭᠠᠰᠬᠠᠬᠤ︾ ᠵᠡᠷᠭᠡ ᠬᠠᠷᠠᠯᠲᠠ ᠶᠢ ᠪᠡᠶᠡᠯᠡᠭᠦᠯᠵᠦ᠂ ᠪᠡᠭᠡᠵᠢᠩ ᠬᠤᠲᠠ ᠶᠢᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠠᠵᠢᠯ ᠢ ᠡᠬᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠪᠠᠲᠤᠯᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map