ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠥ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ  ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶᠢᠲᠡᠯᠡᠭᠰᠡᠨ ᠴᠠᠭ᠄
2024/9/13
      ᠰᠢᠨᠬᠤᠸᠠ ᠬᠤᠷᠢᠶ᠎ᠠ ᠶᠢᠨ ᠯᠠᠨᠵᠧᠦ ᠶᠢᠨ 9 ᠰᠠᠷ᠎ᠠ ᠶᠢᠨ 12 ᠤᠨ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠭᠠᠨᠰᠤ ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠬᠠᠮᠠᠭᠠᠯᠠᠯᠲᠠ ᠶᠢ ᠴᠢᠬᠤᠯᠠᠴᠢᠯᠠᠬᠤ ᠂ ᠵᠠᠰᠠᠯᠲᠠ ᠶᠢ ᠭᠤᠣᠯᠳᠠᠯᠭ᠎ᠠ ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠥ ᠂ ᠠᠮᠢ ᠠᠬᠤᠢ ᠶᠢ ᠤᠷᠢᠳᠠᠪᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ ᠂ ᠤᠰᠤᠨ ᠤ ᠬᠡᠮᠵᠢᠶ᠎ᠡ ᠪᠠᠷ ᠬᠢᠬᠦ ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠬᠤ ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ ᠂ ᠨᠢᠭᠡᠳᠦᠯᠲᠡᠢ ᠲᠥᠯᠥᠪᠵᠢᠭᠦᠯᠵᠦ ᠂ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ ᠂ ᠪᠦᠭᠦ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠳᠡᠭᠲᠡᠷ ᠲᠤ ᠭᠠᠷᠬᠤ ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ ᠲᠠᠢ ᠪᠤᠯᠬᠤ ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠬᠤ ᠂ ᠠᠷᠠᠳ ᠣᠯᠠᠨ ᠤ ᠠᠮᠢᠳᠤᠷᠠᠯ ᠰᠢᠨ᠎ᠡ ᠰᠠᠶᠢᠵᠢᠷᠠᠯᠲᠠ ᠲᠠᠢ ᠪᠤᠯᠬᠤ ᠶᠢ ᠠᠬᠢᠭᠤᠯᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ ᠃
微信图片_20240918142609.jpg
       9 ᠰᠠᠷ᠎ᠠ ᠶᠢᠨ 12 ᠤᠨ ᠦᠳᠡ ᠶᠢᠨ ᠬᠤᠶᠢᠨ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠠᠨᠰᠤ ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ   ᠰᠢᠶᠧ ᠬᠤᠸᠠᠨ ᡂᠢ ᠰᠡᠭᠦᠳᠡᠷᠯᠡᠪᠡ       ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ ᠃      ᠶᠠᠷᠢᠯᠴᠠᠬᠤ ᠬᠤᠷᠠᠯ ᠳᠡᠭᠡᠷ᠎ᠡ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ ᠂ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ ᠤᠷᠢᠳ ᠬᠤᠵᠢᠳ ᠦᠭᠡ ᠬᠡᠯᠡᠵᠦ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ  ᠢᠶᠠᠨ ᠬᠠᠷᠢᠭᠤ ᠮᠡᠳᠡᠭᠦᠯᠵᠦ ᠂ ᠰᠠᠨᠠᠯ ᠰᠠᠨᠠᠭᠤᠯᠭ᠎ᠠ ᠳᠤᠷᠠᠳᠪᠠ ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠣᠷᠣᠨ ᠤ ᠭᠤᠣᠯ ᠬᠠᠷᠢᠭᠤᠴᠠᠯᠭᠠᠲᠠᠨ ᠪᠢᠴᠢᠭ ᠤᠨ ᠭᠡᠯᠪᠡᠷᠢ ᠶᠢᠨ ᠦᠭᠡ ᠬᠡᠯᠡᠬᠦ ᠮᠠᠲ᠋ᠧᠷᠢᠶᠠᠯ ᠳᠡᠪᠰᠢᠭᠦᠯᠵᠡᠢ ᠃      ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠨᠠᠮ ᠤᠨ ᠲᠥᠪ ᠬᠤᠷᠢᠶ᠎ᠠ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠠᠴᠠ ᠨᠠᠭᠠᠰᠢ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠤ ᠂ ᠡᠨᠧᠷᠭᠢ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠲᠠᠰᠤᠷᠠᠯᠲᠠ ᠦᠭᠡᠢ ᠪᠠᠬᠢᠵᠢᠵᠦ ᠂ ᠴᠢᠨᠠᠷ ᠰᠠᠶᠢᠲᠠᠢ ᠬᠥᠭᠵᠢᠯᠲᠡ ᠶᠢᠨ ᠭᠢᠯᠠᠰ ᠴᠡᠭ ᠴᠥᠭᠡᠨ ᠪᠤᠰᠤ ᠢᠯᠡᠷᠡᠵᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ ᠃ ᠡᠭᠦᠨ ᠤ ᠬᠠᠮᠲᠤ ᠪᠠᠰᠠ ᠴᠥᠭᠡᠨ ᠪᠤᠰᠤ ᠪᠡᠷᠬᠡ ᠰᠡᠳᠦᠪ ᠢ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠃ ᠬᠠᠲᠤᠨ ᠭᠤᠣᠯ ᠤᠨ ᠵᠠᠰᠠᠯᠲᠠ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ ᠨᠠᠩ ᠳᠣᠪᠤᠶᠢᠯᠭᠠᠵᠤ ᠂ ᠳᠡᠭᠡᠷ᠎ᠡ ᠳᠣᠣᠷ᠎ᠠ ᠤᠷᠤᠰᠬᠠᠯ ᠨᠡᠪᠲᠡᠷᠡᠯᠴᠡᠵᠦ ᠨᠢᠭᠡ ᠴᠣᠭᠴᠠᠵᠢᠭᠰᠠᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠃ ᠨᠡᠭᠦᠷᠡᠰᠦ ᠮᠠᠯᠲᠠᠭᠰᠠᠨ ᠠᠴᠠ ᠪᠣᠯᠵᠤ ᠶᠡᠭᠦᠷᠡᠭᠰᠡᠨ ᠣᠷᠣᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ ᠂ ᠡᠬᠢ ᠪᠠᠶᠠᠯᠢᠭ ᠤᠨ ᠭᠡᠯᠪᠡᠷᠢ ᠪᠦᠬᠦᠢ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠬᠡᠷᠡᠭᠲᠡᠢ ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ ᠂ ᠴᠢᠬᠤᠯᠠ ᠰᠠᠯᠪᠤᠷᠢ ᠤᠷᠤᠰᠬᠠᠯ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠢ ᠵᠠᠰᠠᠬᠤ ᠠᠵᠢᠯ ᠢ ᠴᠢᠩᠭᠠᠳᠬᠠᠵᠤ ᠂ ᠭᠤᠣᠯ ᠳᠠᠭᠠᠵᠦ ᠨᠠᠭᠤᠷ ᠲᠣᠭᠤᠷᠢᠭᠰᠠᠨ ᠭᠠᠵᠠᠷ ᠣᠷᠣᠨ ᠤ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ ᠃ ᠠᠭᠠᠷ ᠮᠠᠨᠳᠠᠯ ᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ ᠂ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠪᠠᠭ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠶᠡᠭᠡ ᠪᠠᠷ ᠠᠬᠢᠭᠤᠯᠬᠤ ᠬᠡᠷᠡᠭᠲᠡᠢ ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ ︾ ᠠᠵᠤ ᠠᠬᠤᠶᠢᠯᠠᠯ ᠢ ᠬᠠᠤᠯᠢ ᠶᠣᠰᠣᠭᠠᠷ ᠴᠡᠭᠴᠡᠯᠡᠨ ᠵᠠᠰᠠᠵᠤ ᠂ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠪᠦᠲᠦᠮᠵᠢᠲᠡᠢ ᠬᠠᠮᠢᠶᠠᠷᠤᠨ ᠡᠵᠡᠮᠳᠡᠬᠦ ᠬᠡᠷᠡᠭᠲᠡᠢ ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠂ ᠮᠥᠩᠭᠦᠨ ᠭᠦᠢᠯᠭᠡᠭᠡᠨ ᠂ ᠪᠡᠯᠡ ᠣᠷᠣᠭᠤᠯᠤᠯᠲᠠ ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠬᠡᠷᠡᠭᠵᠢᠭᠦᠯᠬᠦ ᠬᠡᠷᠡᠭᠲᠡᠢ ᠃ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠃ ᠪᠦᠭᠦ ᠰᠠᠪᠠ ᠭᠠᠵᠠᠷ ᠂ ᠵᠠᠬ᠎ᠠ ᠳᠡᠯᠭᠡᠭᠦᠷᠵᠢᠭᠰᠡᠨ ᠂ ᠤᠯᠠᠨ ᠡᠰᠢᠵᠢᠭᠰᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃     ᠰᠢ ᠶᠢᠨ ᠫᠢᠩ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠷ᠎ᠡ ᠬᠢᠵᠠᠭᠠᠷ ᠢ ᠴᠢᠩᠭ᠎ᠠ ᠰᠠᠬᠢᠵᠤ ᠂ ᠤᠰᠤᠨ ᠪ᠊ ᠬᠡᠮᠵᠢᠶ᠎ᠡ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠪᠠᠨ ᠲᠣᠭᠲᠠᠭᠠᠬᠤ ᠂ ᠤᠰᠤᠨ ᠪ᠊ ᠬᠡᠮᠵᠢᠶ᠎ᠡ ᠪᠠᠷ ᠭᠠᠵᠠᠷ ᠳᠠᠷᠢᠶ᠎ᠠ ᠪᠠᠨ ᠲᠣᠭᠲᠠᠭᠠᠬᠤ ᠂ ᠤᠰᠤᠨ ᠪ᠊ ᠬᠡᠮᠵᠢᠶ᠎ᠡ ᠪᠠᠷ ᠬᠤᠳᠠ ᠶᠢᠨ ᠬᠥᠮᠥᠨ ᠠᠮᠠ ᠶᠢᠨ ᠳᠠᠭᠠᠭᠠᠴᠠ ᠶᠢ ᠲᠣᠭᠲᠠᠭᠠᠬᠤ ᠂ ᠤᠰᠤᠨ ᠪ᠊ ᠬᠡᠮᠵᠢᠶ᠎ᠡ ᠪᠠᠷ ᠦᠢᠯᠡᠳᠪᠦᠷᠢᠯᠡᠯ  ᠢᠶᠠᠨ ᠲᠣᠭᠲᠠᠭᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠂ ᠪᠦᠭᠦ ᠰᠠᠪᠠ ᠭᠠᠵᠠᠷ ᠢ ᠬᠠᠮᠤᠷᠤᠭᠰᠠᠨ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠰᠢᠰᠲ᠋ᠧᠮ ᠢ ᠪᠦᠷᠢᠨᠰᠢᠭᠦᠯᠵᠦ ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ ᠃ ᠭᠠᠵᠠᠷ ᠳᠣᠣᠷᠠᠬᠢ ᠤᠰᠤᠨ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠳᠤᠮᠳᠠ ᠳᠣᠣᠷ᠎ᠠ ᠤᠷᠤᠰᠬᠠᠯ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ ᠃ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ ᠃ ︽ᠨᠠᠶᠠᠨ ᠲᠤᠯᠤᠭᠠᠨ ᠣᠨ ︾ ᠤ ᠤᠰᠤ ᠰᠠᠯᠭᠠᠬᠤ ᠲᠥᠰᠥᠯ ᠢ ᠯᠠᠪᠳᠠᠭᠤᠨ ᠢᠶᠠᠷ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠢ ᠃ ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠵᠤ ᠂ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠃ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ ᠂ ᠬᠠᠳᠤᠨ ᠭᠤᠣᠯ ᠤᠨ ᠠᠮᠤᠷ ᠲᠣᠭᠲᠠᠭᠤᠨ ᠢ ᠪᠦᠭᠦ ᠬᠦᠴᠦ ᠪᠠᠷ ᠢᠶᠠᠨ ᠪᠠᠲᠤᠯᠠᠬᠤ ᠬᠡᠷᠡᠭᠲᠡᠢ ᠃ ᠤᠰᠤ ᠡᠯᠡᠰᠦ ᠶᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠭᠤᠣᠯᠯᠠᠭᠴᠢ ᠤᠰᠤᠨ ᠴᠥᠭᠦᠷᠥᠮ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠭᠤᠣᠯ ᠪᠤᠯᠭᠠᠬᠰᠠᠨ ᠲᠣᠬᠢᠷᠠᠭᠤᠯᠭ᠎ᠠ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ ᠭᠤᠣᠯ ᠤᠷᠤᠰᠬᠠᠯ ᠰᠠᠯᠪᠤᠷᠢ ᠤᠷᠤᠰᠬᠠᠯ ᠢ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠶᠢ ᠪᠠᠷᠢᠮᠲᠠᠯᠠᠵᠤ ᠂ ᠭᠤᠣᠯ ᠤᠷᠤᠰᠬᠠᠯ ᠤᠨ ᠭᠤᠣᠯᠳᠠᠯᠭ᠎ᠠ ᠲᠠᠢ ᠭᠤᠣᠯ ᠤᠨ ᠬᠡᠰᠡᠭ ᠂ ᠠᠶᠤᠯᠲᠠᠢ ᠪᠠᠷᠢᠯᠭ᠎ᠠ ᠶᠢᠨ ᠬᠡᠰᠡᠭ ᠤᠨ ᠵᠠᠰᠠᠯᠲᠠ ᠶᠢ ᠠᠬᠢᠭᠤᠯᠵᠤ ᠂ ᠴᠢᠬᠤᠯᠠ ᠰᠡᠷᠭᠡᠶᠢᠯᠡᠯᠲᠡ ᠶᠢᠨ ᠤᠰᠤᠨ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠴᠢᠬᠤᠯᠠ ᠶᠡᠭᠡ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠃ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ ᠃ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠪᠠ ᠪᠠᠶᠢᠩᠭᠤᠵᠢᠭᠰᠠᠨ ᠂ ᠵᠢᠩᠬᠢᠨᠢ ᠪᠠᠶᠢᠯᠳᠤᠭᠠᠨᠴᠢᠯᠠᠬᠰᠡᠨ ᠬᠠᠮᠵᠢᠯᠴᠠᠨ ᠳᠠᠶᠢᠴᠢᠯᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠬᠢᠭᠤᠯᠵᠤ ᠂ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠤᠬᠳᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ ᠂ ᠲᠠᠷᠢᠶᠠᠯᠠᠩ ᠤᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠣᠨᠴᠠᠯᠢᠭᠲᠤ ᠳᠠᠪᠠᠭᠤᠯᠢᠭ ᠲᠠᠷᠢᠶᠠᠯᠠᠩ ᠢ ᠬᠥᠭᠵᠢᠭᠦᠯᠬᠦ ᠬᠡᠷᠡᠭᠲᠡᠢ ᠃ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠵᠤ ᠂ ᠲᠠᠷᠢᠶᠠᠨ ᠭᠠᠵᠠᠷ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠭᠠᠵᠠᠷ ᠳᠡᠭᠡᠷᠡᠬᠢ ᠤᠷᠤᠰᠬᠠᠯ ᠂ ᠭᠠᠵᠠᠷ ᠳᠣᠣᠷᠠᠬᠢ ᠤᠰᠤᠨ ᠳᠤ ᠦᠵᠡᠭᠦᠯᠭᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠪᠠ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠲᠡᠷᠡᠬᠦ ᠵᠠᠮ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ ᠂ ᠭᠤᠣᠯᠳᠠᠯᠭ᠎ᠠ ᠲᠠᠢ ᠠᠵᠢᠯ ᠲᠥᠷᠥᠯ ᠤᠨ ᠴᠡᠪᠡᠷ ᠡᠨᠧᠷᠭᠢ ᠪᠠᠷ ᠣᠷᠣᠯᠠᠭᠤᠯᠬᠤ ᠶᠢ ᠲᠦᠷᠭᠡᠳᠬᠡᠬᠦ ᠬᠡᠷᠡᠭᠲᠡᠢ ᠃ ᠠᠵᠤ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠪᠤᠵᠠᠭᠠᠶᠢᠷᠠᠭᠤᠯᠵᠤ ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠃ ᠣᠷᠣᠨ ᠪᠦᠰᠡ ᠶᠢᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠶᠢᠨ ᠮᠡᠷᠭᠡᠵᠢᠯ ᠢ ᠰᠢᠯᠵᠢᠭᠦᠯᠬᠦ ᠪᠠ ᠠᠵᠤ ᠦᠢᠯᠡᠰᠵᠢᠭᠦᠯᠦᠨ ᠦᠢᠯᠡᠴᠢᠯᠡᠬᠦ ᠲᠣᠭᠲᠠᠴᠠ ᠶᠢ ᠪᠠᠶᠢᠷᠢᠰᠢᠭᠤᠯᠤᠨ ᠪᠠᠶᠢᠭᠤᠯᠬᠤ ᠶᠢ ᠵᠣᠷᠢᠭᠵᠢᠭᠤᠯᠵᠤ ᠂ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ᠂ ᠪᠦᠭᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ ᠂ ᠡᠯ᠎ᠡ ᠵᠦᠢᠯ ᠤᠨ ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠬᠤ ᠦᠵᠡᠯ ᠢ ᠡᠷᠡᠰ ᠠᠷᠢᠯᠭᠠᠬᠤ ᠬᠡᠷᠡᠭᠲᠡᠢ ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠪᠣᠯᠣᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠰᠢᠰᠲ᠋ᠧᠮ ᠢ ᠪᠠᠶᠢᠭᠤᠯᠵᠤ ᠂ ᠣᠨᠴᠠ ᠶᠡᠭᠡ ᠬᠤᠲᠠ ᠨᠤᠭᠤᠳ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠬᠠᠲᠤᠨ ᠭᠤᠣᠯ ᠳᠠᠭᠠᠤ ᠶᠢᠨ ᠬᠤᠲᠠ ᠶᠢᠨ ᠪᠥᠭᠡᠮᠨᠡᠷᠡᠯ  ᠨᠢ ᠬᠥᠮᠥᠨ ᠠᠮᠠ ᠶᠢᠨ ᠲᠥᠪᠯᠡᠷᠡᠯ ᠪᠣᠯᠣᠨ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠃ ᠵᠠᠮ ᠬᠠᠷᠢᠯᠴᠠᠭ᠎ᠠ ᠂ ᠡᠨᠧᠷᠭᠢ ᠂ ᠤᠰᠤᠨ ᠠᠰᠢᠭᠯᠠᠯᠲᠠ ᠵᠡᠷᠭᠡ ᠮᠤᠵᠢ ᠣᠷᠣᠨ ᠰᠤᠨᠳᠠᠯᠠᠭᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠃ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ ᠴᠢᠩᠭᠠᠳᠬᠠᠵᠤ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ ᠃ ︽ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃     ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ ᠃ ᠶᠡᠭᠡ ᠳᠤᠮᠳᠠ ᠪᠠᠭ᠎ᠠ ᠬᠤᠲᠠ ᠪᠣᠯᠣᠨ ᠪᠠᠭ᠎ᠠ ᠬᠤᠲᠠ ᠪᠠᠯᠭᠠᠰᠤ ᠶᠢᠨ ᠵᠣᠬᠢᠴᠠᠩᠭᠤᠢ ᠪᠠᠷ ᠬᠥᠭᠵᠢᠬᠦ ᠂ ᠡᠷᠴᠢᠮᠯᠢᠭ ᠠᠪᠰᠠᠷᠬᠠᠨ ᠪᠠᠶᠢᠷᠢᠰᠢᠭᠤᠯᠬᠤ ᠶᠢ ᠬᠥᠲᠥᠯᠥᠨ ᠵᠢᠯᠤᠭᠤᠳᠴᠤ ᠂ ᠰᠢᠶᠠᠨ ᠤ ᠬᠤᠲᠠ ᠶᠢᠨ ᠠᠵᠤ ᠦᠢᠯᠡᠰ ᠪᠣᠯᠣᠨ ᠬᠥᠮᠥᠨ ᠠᠮᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠤ ᠂ ᠠᠮᠢ ᠠᠬᠤᠢ ᠶᠢᠨ ᠬᠡᠪᠡᠷᠡᠭ ᠣᠷᠣᠨ ᠤ ᠳᠠᠭᠠᠭᠠᠬᠤ ᠳᠠᠷᠤᠯᠲᠠ ᠶᠢ ᠬᠥᠩᠭᠡᠷᠡᠭᠦᠯᠬᠦ ᠬᠡᠷᠡᠭᠲᠡᠢ ᠃ ᠰᠢᠶᠠᠨ ᠤ ᠬᠤᠲᠠ ᠶᠢᠨ ᠬᠤᠲᠠ ᠶᠢ ᠬᠤᠯᠪᠣᠬᠤ ᠂ ᠬᠥᠳᠡᠭᠡ ᠲᠣᠰᠬᠤᠨ ᠢ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠵᠤ ᠂ ᠰᠢᠶᠠᠨ ᠤ ᠬᠡᠪᠴᠢᠶᠡᠨ ᠳᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠤᠷᠢᠳ ᠢᠶᠠᠷ ᠪᠡᠶᠡᠯᠡᠭᠦᠯᠬᠦ ᠬᠡᠷᠡᠭᠲᠡᠢ ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠂ ᠰᠠᠭᠤᠷᠢ ᠴᠢᠨᠠᠷᠲᠠᠢ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠠᠵᠢᠯ ᠣᠯᠭᠤᠯᠲᠠ ᠶᠢ ᠲᠣᠪᠣᠶᠢᠮ᠎ᠠ ᠪᠠᠶᠢᠷᠢᠨ ᠳᠤ ᠲᠠᠯᠪᠢᠵᠤ ᠂ ᠬᠤᠳᠠ ᠪᠠᠯᠭᠠᠰᠤᠨ ᠤ ᠠᠵᠤ ᠦᠢᠯᠡᠰ ᠢ ᠬᠥᠭᠵᠢᠭᠦᠯᠬᠦ ᠪᠠ ᠬᠥᠳᠡᠭᠡ ᠲᠣᠰᠬᠤᠨ ᠤ ᠠᠵᠤ ᠦᠢᠯᠡᠰ ᠢ ᠪᠣᠶᠢᠵᠢᠭᠤᠯᠬᠤ ᠳᠤ ᠴᠥᠮ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠶᠢ ᠴᠢᠬᠤᠯᠠᠴᠢᠯᠠᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠦᠨᠳᠦᠰᠦᠲᠡᠨ ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠪᠣᠯ ᠳᠤᠮᠳᠠᠳᠤ ᠶᠢᠨ ᠦᠨᠳᠦᠰᠦᠲᠡᠨ ᠪᠣᠯᠣᠨ ᠳᠤᠮᠳᠠᠳᠤ ᠶᠢᠨ ᠪᠣᠯᠪᠠᠰᠤᠨ ᠤ ᠴᠢᠬᠤᠯᠠ ᠭᠤᠯᠣᠮᠲᠠ ᠣᠷᠣᠨ ᠮᠥᠨ ᠂ ᠬᠠᠳᠤᠨ ᠭᠤᠣᠯ ᠤᠨ ᠰᠣᠶᠣᠯ ᠢ ᠬᠠᠮᠠᠭᠠᠯᠠᠨ ᠪᠠᠳᠠᠷᠠᠭᠤᠯᠵᠤ ᠂ ᠲᠡᠦᠬᠡ ᠰᠣᠶᠣᠯ ᠤᠨ ᠭᠤᠯᠣᠮᠲᠠ ᠪᠣᠯᠣᠨ ᠦᠨᠳᠦᠰᠦᠲᠡᠨ ᠤ ᠤᠭ ᠦᠨᠳᠦᠰᠦ ᠶᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ ᠃ ᠰᠣᠶᠣᠯ ᠤᠨ ᠥᠪ ᠪᠣᠯᠣᠨ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ ᠂ ᠰᠢᠰᠲ᠋ᠧᠮᠲᠦ ᠴᠢᠨᠠᠷ  ᠲᠠᠢ ᠬᠠᠮᠠᠭᠠᠯᠠᠯᠲᠠ ᠶᠢ ᠴᠢᠩᠭᠠᠳᠬᠠᠵᠤ ᠂ ᠬᠠᠭᠤᠴᠢ ᠰᠤᠳᠤᠯᠤᠯ ᠵᠡᠷᠭᠡ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ ᠃ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠂ ᠬᠤᠪᠢᠰᠬᠠᠯ ᠤᠨ ᠰᠣᠶᠣᠯ ᠢ ᠪᠠᠳᠠᠷᠠᠭᠤᠯᠵᠤ ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ ᠬᠡᠷᠡᠭᠲᠡᠢ ᠃ ᠬᠠᠳᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ ᠂ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠂ ᠰᠢᠨᠲᠠᠷᠠᠰᠢ ᠦᠭᠡᠢ ᠲᠡᠮᠡᠴᠡᠬᠦ ᠦᠨᠳᠦᠰᠦᠲᠡᠨ ᠤ ᠵᠠᠩ ᠴᠢᠨᠠᠷ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ ᠃ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠦᠬᠦᠢ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ ᠂ ᠨᠡᠶᠢᠭᠡᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ︽ᠬᠠᠲᠤᠨ ᠭᠤᠣᠯ ᠤᠨ ᠨᠠᠶᠢᠷᠠᠯ ᠳᠠᠭᠤᠤ ︾ ᠶᠢ ᠰᠠᠶᠢᠲᠤᠷ ᠳᠠᠭᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠬᠠᠮᠤᠭ ᠤᠨ ᠰᠡᠭᠦᠯ ᠳᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠣᠨ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃     ᠳ᠋ᠢᠩ ᠰᠢᠤᠸᠠᠢ ᠰᠢᠶᠠᠩ ᠶᠠᠷᠢᠶᠠᠨ ᠳᠠᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠃ ᠶᠡᠭᠡ ᠬᠠᠮᠠᠭᠠᠯᠠᠯᠲᠠ ᠶᠢ ᠵᠠᠩᠭᠢᠯᠠᠭ᠎ᠠ ᠶᠢᠨ ᠡᠭᠦᠷᠭᠡ ᠪᠤᠯᠭᠠᠬᠤ ᠶᠢ ᠪᠠᠷᠢᠮᠲᠠᠯᠠᠵᠤ ᠂ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ ᠂ ᠪᠠᠲᠤ ᠪᠠᠬᠢ ᠂ ᠲᠤᠯᠭᠠᠭᠤᠷᠢᠯᠠᠯ ᠬᠦᠴᠦᠨ ᠲᠠᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠃ ︽ᠬᠥᠮᠥᠨ ᠪᠠ ᠤᠰᠤᠨ ᠤ ᠬᠠᠷᠢᠴᠠᠭ᠎ᠠ ︾ ᠡᠨᠡ ᠬᠦ ᠶᠡᠭᠡ ᠶᠠᠪᠤᠳᠠᠯ ᠢ ᠨᠠᠷᠢᠯᠢᠭ ᠰᠠᠶᠢᠲᠤᠷ ᠬᠢᠵᠦ ᠂ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ ︾ ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠪᠦᠭᠦ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ ᠃ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ ᠂ ᠲᠣᠰ ᠲᠣᠰ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ ᠂ ᠠᠵᠤ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠬᠥᠭᠵᠢᠭᠦᠯᠬᠦ ᠬᠡᠷᠡᠭᠲᠡᠢ ᠃ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠲᠤᠷ ᠣᠷᠣᠯᠴᠠᠵᠤ ᠂ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠥᠷᠭᠡᠴᠡ ᠪᠠ ᠭᠦᠨᠴᠡ ᠶᠢ ᠥᠷᠭᠡᠳᠬᠡᠵᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠢᠯᠡᠳᠬᠡᠪᠡ ᠃     ᠾᠧ ᠯᠢ ᠹᠧᠩ ᠂ ᠦ᠋ ᠵᠧᠩ ᠯᠦᠩ ᠂ ᠮᠦ ᠬᠤᠩ ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠮᠤᠵᠢ ᠣᠷᠣᠨ ᠤ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ ᠃       
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map