ᠲᠢᠶᠠᠨᠵᠢᠨ ᠤ ᠷᠠᠳᠢᠣ᠋ ᠲᠧᠯᠸᠢᠰ᠄ ᠲᠢᠶᠠᠨᠵᠢᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠴᠢᠳᠠᠮᠠᠭᠠᠢ ᠶᠠᠪᠤᠭᠳᠠᠬᠤ ᠶᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/9/13
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠤᠭ᠎ᠠ ᠲᠥᠰᠦᠪ ᠢ ᠵᠢᠷᠤᠭᠯᠠᠵᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠷᠠᠳᠢᠣ᠋ ᠲᠧᠯᠸᠢᠰ ᠪᠠ ᠰᠦᠯᠵᠢᠶᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠲᠤᠬᠠᠶ ᠠᠯᠢ ᠣᠯᠠᠨ ᠴᠢᠬᠤᠯᠠ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠪᠡ᠃ ᠤᠯᠤᠰ ᠤᠨ ᠷᠠᠳᠢᠣ᠋ ᠲᠧᠯᠸᠢᠰ ᠤᠨ ᠣᠶᠤᠨᠴᠢ ᠬᠥᠮᠥᠷᠭᠡ ᠶᠢᠨ ᠣᠯᠠᠨ ᠨᠡᠶᠢᠲᠡ ᠶᠢᠨ ᠲᠠᠪᠴᠠᠩ ᠡᠯ᠎ᠡ ᠮᠤᠵᠢ ︵ᠣᠷᠣᠨ᠂ ᠬᠤᠲᠠ︶ ᠶᠢᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠬᠢᠯᠠᠰ ᠴᠡᠭᠲᠦ ᠮᠡᠳᠡᠭᠦᠯᠦᠯᠲᠡ ᠶᠢ ᠵᠠᠯᠭᠠᠭ᠎ᠠ ᠪᠠᠷ ᠨᠡᠶᠢᠲᠡᠯᠡᠪᠡ᠂ ᠥᠨᠥᠳᠦᠷ ︽ᠲᠢᠶᠠᠨᠵᠢᠨ ᠤ ᠷᠠᠳᠢᠣ᠋ ᠲᠧᠯᠸᠢᠰ᠄ ᠲᠢᠶᠠᠨᠵᠢᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠴᠢᠳᠠᠮᠠᠭᠠᠢ ᠶᠠᠪᠤᠭᠳᠠᠬᠤ ᠶᠢ ᠬᠦᠴᠦᠯᠡᠨ ᠠᠬᠢᠭᠤᠯᠤᠨ᠎ᠠ︾ ᠶᠢ ᠨᠡᠶᠢᠲᠡᠯᠡᠪᠡ᠃  ᠲᠢᠶᠠᠨᠵᠢᠨ ᠬᠤᠳᠠ ᠶᠢᠨ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ᠂ ᠰᠣᠳᠣᠨ ᠠᠭᠤᠯᠭ᠎ᠠ ᠶᠢ ᠵᠣᠬᠢᠶᠠᠨ ᠪᠦᠲᠦᠭᠡᠬᠦ᠂ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ᠂ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ᠂ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠬᠦᠴᠦᠯᠡᠨ ᠠᠬᠢᠭᠤᠯᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠦᠢᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠪᠡ᠃  ︵ᠨᠢᠭᠡ︶ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ ᠮᠡᠳᠡᠭᠡᠯᠡᠯ ᠨᠢ ᠭᠦᠨ ᠵᠤᠵᠠᠭᠠᠨ ᠥᠩᠭᠡ ᠪᠤᠳᠤᠭ ᠲᠠᠢ ᠪᠠᠶᠢᠪᠠ  ᠲᠢᠶᠠᠨᠵᠢᠨ ᠤ ᠷᠠᠳᠢᠣ᠋ ᠲᠧᠯᠸᠢᠰ ᠬᠤᠷᠢᠶᠠᠨ ᠤ ᠪᠢᠴᠢᠯ ᠪᠠᠷᠢᠮᠲᠠᠲᠤ ᠺᠢᠨᠣ᠋ ︽ᠠᠷᠠᠳ ᠲᠦᠮᠡᠨ ᠲᠠᠢ ᠬᠠᠮᠲᠤ ᠪᠠᠶᠢᠬᠤ︾᠂ ᠰᠣᠨᠢᠨ ᠮᠡᠳᠡᠭᠡᠨ ᠤ ᠲᠤᠰᠬᠠᠢ ᠪᠤᠯᠤᠩ ᠤᠨ ︽ᠦᠵᠡᠯ ᠰᠠᠨᠠᠭᠠᠨ ᠤ ᠭᠡᠷᠡᠯ︾ ᠵᠡᠷᠭᠡ ᠫᠷᠤᠭ᠍ᠷᠠᠮ ᠢ ᠵᠣᠬᠢᠶᠠᠨ ᠪᠦᠲᠦᠭᠡᠵᠦ ᠨᠡᠪᠲᠡᠷᠡᠭᠦᠯᠬᠦ ᠶᠢ ᠢᠳᠡᠪᠬᠢᠲᠡᠢ ᠵᠢᠯᠣᠭᠤᠳᠴᠤ᠂ ᠠᠮᠢᠳᠤᠯᠢᠭ ᠦᠢᠯᠡᠳᠦᠯᠭᠡ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠭᠡᠷᠡᠯ ᠭᠢᠯᠪᠠᠭ᠎ᠠ ᠶᠢ ᠲᠤᠰᠬᠠᠵᠠᠢ᠃ ᠪᠥᠬᠦ ᠤᠯᠤᠰ ᠤᠨ ᠬᠤᠶᠠᠷ ᠬᠤᠷᠠᠯ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠵᠡᠷᠭᠡ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠮᠡᠳᠡᠭᠡᠯᠡᠯ ᠢ ᠴᠢᠨᠠᠷ ᠰᠠᠶᠢᠲᠠᠶ ᠪᠡᠶᠡᠯᠡᠭᠦᠯᠵᠦ᠂ ᠲᠤᠰᠬᠠᠶ ᠰᠡᠳᠦᠪᠲᠦ ᠮᠡᠳᠡᠭᠡᠯᠡᠯ᠂ ᠰᠢᠷᠢᠰ ᠮᠡᠳᠡᠭᠡᠯᠡᠯ᠂ ᠲᠤᠰᠬᠠᠶ ᠰᠡᠳᠦᠪᠲᠦ ᠲᠤᠰᠬᠠᠶ ᠪᠤᠯᠤᠩ ᠪᠠ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃  ︵ᠬᠤᠶᠠᠷ︶ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠨᠢ ᠡᠯᠪᠡᠭ ᠬᠤᠷᠢᠶᠠᠯᠲᠠ ᠣᠯᠪᠠ  ᠲᠧᠯᠸᠢᠰ ᠤᠨ ᠰᠢ ᠳᠠᠭᠤᠤᠷᠢᠯᠢᠭ ᠤᠨ ᠫᠷᠤᠭ᠍ᠷᠠᠮ ︽ᠰᠢᠯᠢᠳᠡᠭ ᠵᠦᠴᠦᠭᠡ ᠶᠢᠨ ᠡᠬᠢᠯᠡᠯᠲᠡ︾ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ︽ᠳᠤᠮᠳᠠᠳᠤ ᠶᠢᠨ ᠰᠣᠶᠣᠯ ᠤᠨ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠢᠨᠵᠧᠨᠧᠷᠢᠩ︾ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠰᠣᠩᠭᠤᠭᠳᠠᠪᠠ᠃ ᠲᠧᠯᠸᠢᠰ ᠤᠨ ᠪᠠᠷᠢᠮᠲᠠᠲᠤ ᠺᠢᠨᠣ᠋ ︽ᠬᠠᠶᠢᠾᠧ ᠭᠤᠣᠯ︾᠂ ︽ᠲᠢᠶᠠᠨᠵᠢᠨ ᠤ ᠥᠩᠭᠡᠷᠡᠭᠰᠡᠨ ᠤ ᠶᠠᠪᠤᠳᠠᠯ︾ ᠨᠢ 2023 ᠣᠨ ᠤ ᠨᠢᠭᠡᠳᠦᠭᠡᠷ ᠤᠯᠠᠷᠢᠯ᠂ ᠬᠤᠶᠠᠳᠤᠭᠠᠷ ᠤᠯᠠᠷᠢᠯ ᠤᠨ ᠰᠢᠯᠢᠳᠡᠭ ᠤᠯᠤᠰ ᠲᠤ ᠪᠠᠨ ᠦᠢᠯᠡᠳᠪᠦᠷᠢᠯᠡᠭᠰᠡᠨ ᠪᠠᠷᠢᠮᠲᠠᠲᠤ ᠺᠢᠨᠣ᠋ ᠶᠢ ᠲᠣᠰ ᠲᠣᠰ ᠭᠥᠷᠳᠡᠪᠡ᠃ ᠷᠠᠳᠢᠣ᠋ ᠨᠡᠪᠲᠡᠷᠡᠭᠦᠯᠭᠡ ᠶᠢᠨ ᠰᠢᠷᠢᠰ ᠮᠡᠳᠡᠭᠡᠯᠡᠯ ᠤᠨ ᠫᠷᠤᠭ᠍ᠷᠠᠮ ︽ᠢᠯᠴᠢ ᠬᠠᠩᠭᠠᠯᠭ᠎ᠠ ᠶᠢᠨ ᠭᠤᠷᠪᠠᠨ ᠠᠰᠠᠭᠤᠯᠲᠠ︾ ᠨᠢ ᠷᠠᠳᠢᠣ᠋ ᠲᠧᠯᠸᠢᠰ ᠤᠨ ᠪᠠᠶᠢᠴᠠᠭᠠᠨ ᠰᠤᠳᠤᠯᠤᠯᠲᠠ ᠶᠢᠨ ᠮᠠᠶ᠋ᠢᠭ ᠤᠨ ᠮᠡᠳᠡᠭᠡᠯᠡᠯ ᠤᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ︽ᠪᠢᠳᠡ ᠪᠦᠷ ᠠᠳᠠᠯᠢ︾ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠳᠡᠳᠭᠦᠮᠵᠢ ᠶᠢᠨ ᠲᠥᠷᠥᠯ ᠵᠦᠢᠯ ᠢᠶᠠᠷ ᠦᠨᠡᠯᠡᠭᠳᠡᠪᠡ᠃ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠣᠬᠤᠷ ᠹᠢᠯᠢᠮ ︽ᠲᠢᠶᠠᠨᠵᠢᠨ ᠳᠤ ᠢᠷᠡᠵᠦ ᠳᠡᠯᠡᠬᠡᠶ ᠶᠢ ᠬᠠᠷᠠᠬᠤ︾ ᠨᠢ ᠰᠣᠶᠣᠯ ᠵᠢᠭᠤᠯᠴᠢᠯᠠᠯ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠲᠧᠯᠸᠢᠰ ᠤᠨ ᠲᠥᠷᠥᠯ ᠤᠨ ᠰᠢᠯᠢᠳᠡᠭ ᠪᠦᠲᠦᠭᠡᠯ ᠢ ᠬᠦᠷᠲᠡᠪᠡ᠃ ᠲᠢᠶᠠᠨᠵᠢᠨ ᠤ ᠲᠧᠯᠸᠢᠰ ᠵᠦᠴᠦᠭᠡ ᠶᠢᠨ ᠰᠣᠳᠣᠨ ᠪᠦᠳᠦᠭᠡᠯᠭᠡ ᠪᠣᠯᠬᠤ ︽ᠡᠮᠦᠨᠡᠲᠦ ᠳᠠᠯᠠᠢ ᠶᠢᠨ ᠥᠬᠢᠳ ᠤᠨ ᠬᠠᠶᠢᠷ᠎ᠠ︾ ᠨᠢ ᠤᠷᠢᠳ ᠬᠤᠵᠢᠳ ᠶᠡᠷᠦᠩᠬᠡᠢ ᠲᠥᠪ ᠲᠧᠯᠸᠢᠰ ᠤᠨ ᠨᠠᠢᠮᠠᠳᠤᠭᠠᠷ ᠰᠤᠪᠠᠭ᠂ ᠨᠢᠭᠡᠳᠦᠭᠡᠷ ᠰᠤᠪᠠᠭ ᠲᠤ ᠨᠡᠪᠲᠡᠷᠡᠭᠦᠯᠦᠭᠳᠡᠪᠡ᠃  ︵ᠭᠤᠷᠪᠠ︶ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠪᠡ  ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠪᠥᠬᠦ ᠬᠤᠲᠠ ᠶᠢᠨ 10 ᠨᠡᠪᠲᠡᠷᠡᠭᠦᠯᠬᠦ ᠪᠠᠶᠢᠭᠤᠯᠤᠮᠵᠢ᠂ 8 ᠦᠨᠡᠮᠯᠡᠯ ᠲᠠᠢ ᠰᠦᠯᠵᠢᠶᠡᠨ ᠥᠷᠲᠡᠭᠡ᠂ 16 ᠦᠨᠡᠮᠯᠡᠯ ᠲᠠᠢ ᠬᠡᠷᠡᠭᠯᠡᠭᠴᠢ ᠶᠢᠨ ᠦᠵᠦᠭᠦᠷ ᠵᠢᠴᠢ ᠪᠥᠬᠦ ᠬᠤᠲᠠ ᠳᠤ ᠳᠠᠩᠰᠠᠯᠠᠭᠤᠯᠤᠭᠰᠠᠨ ᠰᠦᠯᠵᠢᠶᠡᠨ ᠥᠷᠲᠡᠭᠡ ᠳᠤ ᠬᠢᠨᠠᠨ ᠬᠡᠮᠵᠢᠯᠲᠡ ᠬᠢᠵᠦ᠂ ᠷᠠᠳᠢᠣ᠋ ᠲᠧᠯᠸᠢᠰ ᠤᠨ ᠫᠷᠤᠭ᠍ᠷᠠᠮ ᠢ 453.56 ᠲᠦᠮᠡᠨ ᠴᠠᠭ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ 4. 58 ᠲᠦᠮᠡᠨ ᠵᠤᠷᠪᠤᠰ ᠤᠳᠠᠭ᠎ᠠ ᠬᠢᠨᠠᠨ ᠬᠡᠮᠵᠢᠵᠦ᠂ ᠲᠣᠭᠲᠠᠭᠠᠯ ᠢ ᠵᠥᠷᠢᠴᠡᠨ ᠵᠠᠰᠠᠭ ᠲᠤ ᠬᠤᠯᠪᠣᠭᠳᠠᠭᠰᠠᠨ᠂ ᠱᠠᠯᠢᠭ ᠵᠠᠪᠬᠠᠶ᠂ ᠬᠦᠴᠦᠷᠬᠡᠭᠯᠡᠯ ᠳᠤ ᠬᠤᠯᠪᠣᠭᠳᠠᠭᠰᠠᠨ ᠵᠡᠷᠭᠡ ᠬᠦᠨᠦᠭᠡᠯᠲᠦ ᠦᠵᠡᠵᠦ ᠰᠣᠨᠣᠰᠬᠤ ᠠᠭᠤᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠭᠰᠡᠨ ᠰᠦᠯᠵᠢᠶᠡᠨ ᠥᠷᠲᠡᠭᠡ 84 ᠪᠠᠶᠢᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃ ᠺᠢᠨᠣ᠋ ᠲᠧᠯᠸᠢᠰ ᠵᠦᠴᠦᠭᠡ ᠶᠢᠨ ᠠᠭᠤᠯᠭ᠎ᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠷᠠᠭᠤᠯᠵᠤ᠂ 2023 ᠣᠨ ᠳᠤ 9 ᠪᠦᠯᠦᠭ 291 ᠲᠡᠭᠦᠪᠦᠷᠢ ᠲᠧᠯᠸᠢᠰ ᠵᠦᠴᠦᠭᠡ ᠶᠢ ᠳᠠᠩᠰᠠᠯᠠᠵᠤ ᠨᠡᠶᠢᠲᠡᠯᠡᠨ᠂ 2 ᠪᠦᠯᠦᠭ 52 ᠲᠡᠭᠦᠪᠦᠷᠢ ᠶᠢ ᠨᠢ ᠬᠢᠨᠠᠨ ᠪᠠᠶᠢᠴᠠᠭᠠᠪᠠ︔ 2 ᠪᠦᠯᠦᠭ 30 ᠲᠡᠭᠦᠪᠦᠷᠢ ᠲᠧᠯᠸᠢᠰ ᠺᠠᠷᠲ᠋ᠣᠨ ᠺᠢᠨᠣ᠋ ᠶᠢ ᠳᠠᠩᠰᠠᠯᠠᠵᠤ ᠨᠡᠶᠢᠲᠡᠯᠡᠨ᠂ 1 ᠪᠦᠯᠦᠭ 24 ᠲᠡᠭᠦᠪᠦᠷᠢ ᠶᠢ ᠨᠢ ᠬᠢᠨᠠᠨ ᠪᠠᠶᠢᠴᠠᠭᠠᠪᠠ︔ 381 ᠪᠦᠯᠦᠭ ᠭᠤᠣᠯᠳᠠᠯᠭ᠎ᠠ ᠲᠠᠢ ᠰᠦᠯᠵᠢᠶᠡᠨ ᠤ ᠺᠢᠨᠣ᠋ ᠲᠧᠯᠸᠢᠰ ᠵᠦᠴᠦᠭᠡ ᠶᠢᠨ ᠲᠥᠷᠥᠯ ᠵᠦᠢᠯ ᠢ ᠬᠢᠨᠠᠨ ᠪᠠᠶᠢᠴᠠᠭᠠᠵᠤ᠂ 55 ᠪᠦᠯᠦᠭ ᠢ ᠨᠢ ᠬᠢᠨᠠᠨ ᠪᠠᠶᠢᠴᠠᠭᠠᠵᠤ᠂ 139 ᠪᠦᠯᠦᠭ ᠢ ᠨᠢ ᠲᠦᠯᠦᠪᠵᠢᠭᠦᠯᠵᠦ ᠳᠠᠩᠰᠠᠯᠠᠭᠤᠯᠬᠤ ᠪᠠᠷ ᠳᠠᠮᠵᠢᠨ᠂ 31 ᠪᠦᠯᠦᠭ ᠢ ᠨᠢ ᠳᠠᠩᠰᠠᠯᠠᠭᠤᠯᠪᠠ᠃  ︵ᠲᠦᠷᠪᠡ︶ ᠷᠠᠳᠢᠣ᠋ ᠲᠧᠯᠸᠢᠰ ᠤᠨ ᠨᠡᠪᠲᠡᠷᠡᠭᠦᠯᠭᠡ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ  ᠠᠮᠤᠷ ᠲᠦᠪᠰᠢᠨ ᠤ ᠨᠡᠪᠲᠡᠷᠡᠭᠦᠯᠭᠡ ᠶᠢᠨ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠷᠠᠳᠢᠣ᠋ ᠲᠧᠯᠸᠢᠰ ᠤᠨ ᠠᠮᠤᠷ ᠲᠦᠪᠰᠢᠨ ᠢᠶᠠᠷ ᠨᠡᠪᠲᠡᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠷᠠᠭᠤᠯᠵᠤ᠂ ᠠᠮᠤᠷ ᠲᠦᠪᠰᠢᠨ ᠢᠶᠠᠷ ᠨᠡᠪᠲᠡᠷᠡᠭᠦᠯᠬᠦ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯᠲᠠᠨ᠂ ᠬᠠᠷᠢᠭᠤᠴᠠᠯᠭ᠎ᠠ᠂ ᠪᠡᠯᠡᠳᠬᠡᠯ ᠲᠥᠰᠦᠯ᠂ ᠪᠠᠶᠢᠴᠠᠭᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ 700 ᠮᠧᠭ᠎ᠠ ᠶᠢᠨ ᠨᠡᠭᠦᠯᠭᠡᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠴᠢᠬᠤᠯᠠ ᠪᠠᠲᠤᠯᠠᠭ᠎ᠠ ᠶᠢᠨ ᠬᠤᠭᠤᠴᠠᠭᠠᠨ ᠳᠤ ᠡᠯ᠎ᠡ ᠠᠮᠤᠷ ᠲᠦᠪᠰᠢᠨ ᠢᠶᠠᠷ ᠨᠡᠪᠲᠡᠷᠡᠭᠦᠯᠬᠦ ᠬᠠᠷᠢᠭᠤᠴᠠᠯᠭᠠᠲᠤ ᠨᠢᠭᠡᠴᠢ ᠳᠤ ᠠᠯᠢᠪᠠ ᠪᠠᠷᠢᠯᠭ᠎ᠠ ᠶᠢᠨ ᠠᠵᠢᠯ ᠢ ᠲᠦᠷ ᠵᠣᠭᠰᠣᠭᠠᠵᠤ᠂ ᠡᠯ᠎ᠡ ᠵᠦᠢᠯ ᠤᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠪᠠ᠃  ︵ᠲᠠᠪᠤ︶ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠨᠢ ᠣᠯᠠᠨ ᠲᠦᠮᠡᠨ ᠳᠤ ᠠᠰᠢᠭ ᠬᠦᠷᠲᠡᠭᠡᠪᠡ  ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠢᠶᠠᠨᠵᠢᠨ ᠬᠤᠲᠠ ᠶᠢᠨ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃ ᠳᠠᠪᠲᠠᠨ ᠰᠦᠢᠳᠬᠡᠯ ᠬᠤᠷᠢᠶᠠᠬᠤ ᠶᠢ ᠵᠠᠰᠠᠬᠤ 60 ᠵᠦᠢᠯ ᠤᠨ ᠠᠵᠢᠯ ᠤᠨ ᠪᠠᠷᠢᠮᠵᠢᠶ᠎ᠠ ᠲᠠᠢ ᠬᠠᠷᠢᠴᠠᠭᠤᠯᠵᠤ᠂ ᠲᠢᠶᠠᠨᠵᠢᠨ ᠤ ᠤᠲᠠᠰᠤᠲᠤ ᠰᠦᠯᠵᠢᠶ᠎ᠡ᠂ ᠲᠢᠶᠠᠨᠵᠢᠨ ᠤ IPTV ᠶᠢᠨ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭᠠᠨ ᠤ 3 ᠦᠵᠦᠭᠦᠷ᠂ ᠸᠧᠢ ᠯᠠᠢ ᠲᠧᠯᠸᠢᠰ ᠤᠨ 12 ᠲᠧᠯᠸᠢᠰ ᠤᠨ ᠦᠵᠦᠭᠦᠷ ᠪᠠ ᠲᠥᠪ ᠸᠢᠳᠢᠣ᠋ TV᠂ NewTV ᠶᠢᠨ 2 ᠲᠦᠢᠯ ᠤᠨ ᠲᠤᠶᠠᠭᠠᠨ ᠤ APK ᠵᠡᠷᠭᠡ ᠲᠤᠬᠠᠶᠢᠯᠠᠭᠰᠠᠨ ᠠᠵᠢᠯ ᠤᠨ ᠭᠤᠤᠯ ᠴᠣᠭᠴᠠ ᠶᠢ ᠵᠣᠬᠢᠶᠠᠨ ᠪᠠᠶᠢᠭᠤᠯᠵᠤ᠂ ᠰᠦᠢᠳᠬᠡᠯ ᠬᠤᠷᠢᠶᠠᠬᠤ ᠪᠣᠭᠤᠳᠠᠯ ᠢ ᠴᠥᠬᠡᠳᠬᠡᠬᠦ᠂ ᠵᠠᠬᠢᠶᠠᠯᠠᠭ᠎ᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠠᠶᠠᠯᠠᠯ ᠵᠢᠯᠣᠭᠤᠳᠬᠤ ᠪᠤᠯᠤᠩ ᠤᠨ ᠢᠯᠭᠠᠬᠤ ᠲᠡᠮᠳᠡᠭ ᠤᠨ ᠵᠢᠷᠤᠮᠵᠢᠯ᠂ ᠲᠤᠬᠠᠶᠢᠯᠠᠭᠰᠠᠨ ᠠᠵᠢᠯ ᠤᠨ ᠵᠠᠬᠢᠶᠠᠯᠠᠭ᠎ᠠ ᠶᠢᠨ ᠪᠤᠴᠠᠭᠠᠯᠲᠠ ᠶᠢ ᠬᠥᠲᠥᠯᠥᠨ ᠵᠢᠯᠣᠭᠤᠳᠬᠤ᠂ ᠰᠦᠢᠳᠬᠡᠯ ᠬᠤᠷᠢᠶᠠᠬᠤ ᠥᠬᠡᠶ ᠪᠠᠷ ᠲᠡᠮᠳᠡᠭ ᠬᠠᠳᠠᠬᠤ᠂ ᠬᠡᠷᠡᠭᠯᠡᠭᠡᠨ ᠤ ᠲᠥᠪ ᠤᠨ ᠬᠠᠮᠢᠶᠠᠷᠤᠯᠲᠠ ᠵᠡᠷᠭᠡ ᠭᠤᠤᠯᠳᠠᠯᠭ᠎ᠠ ᠶᠢᠨ ᠲᠣᠭᠤᠷᠢᠨ ᠳᠤ ᠵᠤᠷᠪᠤᠰ ᠳᠠᠷᠠᠭᠠᠯᠠᠨ ᠪᠠᠷᠢᠮᠵᠢᠶᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠧᠯᠸᠢᠰ ᠤᠨ ᠠᠭᠤᠯᠭ᠎ᠠ ᠶᠢᠨ ᠰᠦᠢᠳᠭᠡᠯ ᠬᠤᠷᠢᠶᠠᠬᠤ ᠨᠢ ᠨᠠᠩ ᠲᠣᠳᠣᠷᠬᠠᠶ ᠪᠥᠭᠡᠳ ᠵᠦᠶ ᠵᠣᠬᠢᠰᠲᠠᠶ᠂ ᠰᠦᠢᠳᠬᠡᠯ ᠬᠤᠷᠢᠶᠠᠬᠤ ᠦᠭᠡᠢ ᠠᠭᠤᠯᠭ᠎ᠠ ᠨᠢ ᠶᠡᠭᠡ ᠬᠡᠮᠵᠢᠶ᠎ᠡ ᠪᠠᠷ ᠨᠡᠮᠡᠭᠳᠡᠵᠦ᠂ ᠬᠡᠷᠡᠭᠯᠡᠭᠡᠨ ᠤ ᠢᠯᠡ ᠲᠣᠳᠣ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠤᠲᠠᠰᠤᠲᠤ ᠲᠧᠯᠸᠢᠰ ᠤᠨ ᠦᠵᠦᠭᠦᠷ ᠤᠨ ᠬᠡᠷᠡᠭᠯᠡᠭᠴᠢ 27 ᠲᠦᠮᠡ᠂ IPTV ᠶᠢᠨ ᠦᠵᠦᠭᠦᠷ ᠤᠨ ᠬᠡᠷᠡᠭᠯᠡᠭᠴᠢ 324 ᠲᠦᠮᠡ᠂ ᠵᠢᠴᠢ ︽ᠸᠧᠢ ᠯᠠᠢ ᠲᠧᠯᠸᠢᠰ︾ ᠤᠨ ᠢᠨᠲ᠋ᠧᠷ ᠰᠦᠯᠵᠢᠶᠡᠨ ᠤ ᠲᠧᠯᠸᠢᠰ ᠤᠨ ᠫᠠᠶᠢᠰᠠ ᠶᠢᠨ ᠲᠠᠯ᠎ᠠ ᠯᠤᠭ᠎ᠠ ᠶᠢᠨ ᠬᠠᠮᠲᠤᠷᠠᠯᠴᠠᠭᠰᠠᠨ 12 ᠲᠧᠯᠸᠢᠰ ᠮᠠᠰᠢᠨ ᠤ ᠦᠢᠯᠡᠳᠪᠦᠷᠢ ᠶᠢᠨ ᠦᠵᠦᠭᠦᠷ ᠤᠨ ᠬᠡᠷᠡᠭᠯᠡᠭᠴᠢ 7000 ᠲᠦᠮᠡ ᠶᠢ ᠳᠠᠪᠠᠵᠤ᠂ 2 APK ᠬᠡᠷᠡᠭᠯᠡᠯᠲᠡ ᠶᠢ ᠢᠳᠡᠪᠬᠢᠵᠢᠭᠦᠯᠬᠦ ᠦᠵᠦᠭᠦᠷ ᠤᠨ ᠬᠡᠷᠡᠭᠯᠡᠭᠴᠢ 9500 ᠲᠦᠮᠡ ᠶᠢ ᠳᠠᠪᠠᠵᠤ᠂ ᠡᠵᠡᠩᠨᠡᠯᠲᠡ ᠶᠢᠨ ᠬᠤᠳᠠᠯᠳᠤᠭᠠᠴᠢᠨ 17 ᠮᠤᠵᠢ ᠶᠢᠨ ᠦᠵᠦᠭᠦᠷ ᠤᠨ ᠬᠡᠷᠡᠭᠯᠡᠭᠴᠢ 6000 ᠲᠦᠮᠡ ᠶᠢ ᠳᠠᠪᠠᠪᠠ᠃ ᠲᠢᠶᠠᠨᠵᠢᠨ ᠤ ᠡᠯ᠎ᠡ ᠬᠠᠮᠢᠶ᠎ᠠ ᠪᠦᠬᠦᠢ ᠬᠡᠷᠡᠭᠵᠢᠭᠦᠯᠬᠦ ᠭᠤᠤᠯ ᠴᠣᠭᠴᠠ ᠶᠢᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠵᠢᠯᠣᠭᠤᠳᠴᠤ᠂ ᠠᠬᠢᠴᠠ ᠶᠣᠰᠣᠭᠠᠷ ᠰᠢᠯᠢᠳᠡᠭᠵᠢᠭᠦᠯᠦᠨ ᠲᠠᠰ ᠳᠡᠪᠰᠢᠭᠦᠯᠬᠦ ᠠᠬᠢᠴᠠ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠡᠵᠡᠩᠨᠡᠯᠲᠡ ᠶᠢᠨ ᠬᠤᠳᠠᠯᠳᠤᠭᠠᠴᠢᠨ ᠢ ᠰᠢᠮᠳᠠᠭᠤᠯᠵᠤ ᠪᠠᠶᠢᠭᠠᠳ ᠨᠢᠭᠡᠳᠦᠭᠡᠷ ᠲᠥᠷᠥᠯ ᠤᠨ ᠬᠡᠷᠡᠭᠯᠡᠭᠴᠢ ᠶᠢᠨ ᠣᠬᠤᠷ ᠴᠢᠮᠡᠭᠡ ᠶᠢᠨ ᠡᠵᠡᠯᠡᠬᠦ ᠬᠠᠷᠢᠴᠠᠯ ᠢ 100 % ᠳᠤ ᠬᠦᠷᠭᠡᠵᠦ᠂ ᠬᠤᠶᠠᠳᠤᠭᠠᠷ ᠲᠥᠷᠥᠯ ᠤᠨ ᠬᠡᠷᠡᠭᠯᠡᠭᠴᠢ ᠶᠢᠨ ᠳ᠋ᠢᠶᠠᠩᠬᠤᠸᠠ ᠵᠢᠴᠢ ᠬᠡᠷ ᠲᠤ ᠨᠢ ᠬᠦᠷᠴᠦ ᠤᠶᠢᠯᠡᠴᠢᠯᠡᠬᠦ ᠡᠵᠡᠯᠡᠬᠦ ᠬᠠᠷᠢᠴᠠᠯ ᠢ 100% ᠳᠤ ᠬᠦᠷᠭᠡᠵᠦ᠂ ᠡᠵᠡᠩᠨᠡᠯᠲᠡ ᠶᠢᠨ ᠬᠤᠳᠠᠯᠳᠤᠭᠠᠴᠢᠨ ᠢ ᠵᠢᠯᠣᠭᠤᠳᠤᠨ ᠵᠠᠰᠠᠯᠲᠠ ᠶᠢᠨ ᠦᠷ᠎ᠡ ᠪᠦᠲᠦᠮᠵᠢ ᠶᠢᠨ ᠬᠡᠷᠡᠭᠯᠡᠭᠴᠢ ᠶᠢᠨ ᠥᠯᠢᠭᠡᠷ ᠠᠪᠴᠤ ᠪᠠᠶᠢᠴᠠᠭᠠᠯᠲᠠ ᠬᠢᠬᠦ ᠶᠢ ᠥᠷᠨᠢᠭᠦᠯᠵᠦ᠂ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠨᠢᠭᠡᠳᠦᠭᠡᠷ ᠱᠠᠲᠤᠨ ᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠠᠷᠠᠭᠠᠴᠢ ᠶᠢᠨ ᠱᠠᠲᠤᠨ ᠤ ᠠᠵᠢᠯ ᠢ ᠢᠳᠡᠪᠬᠢᠲᠡᠶ ᠠᠬᠢᠭᠤᠯᠪᠠ᠃  ︵ᠵᠢᠷᠭᠤᠭ᠎ᠠ︶ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠤᠭᠠᠨ ᠤ ᠪᠠᠶᠢᠭᠤᠯᠤᠯᠲᠠ ᠠᠮᠢᠳᠤᠯᠢᠭ ᠬᠦᠭᠵᠢᠶᠡᠨᠲᠡᠢ ᠪᠠᠶᠢᠨ᠎ᠠ  ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢ ᠪᠠᠶᠢᠭᠤᠯᠬᠤ ᠲᠤᠬᠠᠶ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠲᠢᠶᠠᠨᠵᠢᠨ ᠤ ᠣᠳᠣᠨ ᠲᠧᠯᠸᠢᠰ᠂ ᠲᠢᠶᠠᠨᠵᠢᠨ ᠤ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠳᠤ ᠣᠷᠣᠯᠴᠠᠬᠤ ᠶᠢ ᠵᠢᠯᠣᠭᠤᠳᠴᠤ᠂ ᠣᠷᠣᠨ ᠤ ᠲᠠᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢ ᠪᠠᠶᠢᠭᠤᠯᠵᠤ᠂ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠮᠡᠳᠡᠭᠡᠯᠡᠯ ᠤᠨ ᠰᠦᠷ ᠬᠦᠴᠦᠨ ᠢ ᠪᠤᠵᠠᠭᠠᠶᠢᠷᠠᠭᠤᠯᠪᠠ᠃ ᠲᠢᠶᠠᠨᠵᠢᠨ ᠬᠤᠲᠠ ᠶᠢᠨ ᠬᠤᠯᠪᠣᠭᠠᠨ ᠤ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠤᠬᠠᠭᠤᠯᠭ᠎ᠠ ᠶᠢᠨ ᠪᠣᠷᠣ ᠮᠠᠲ᠋ᠧᠷᠢᠶᠠᠯ ᠨᠡᠶᠢᠲᠡ 500 ᠭᠠᠷᠤᠶ ᠵᠤᠷᠪᠤᠰ ᠢ ᠤᠯᠠᠮᠵᠢᠯᠠᠨ ᠲᠠᠷᠬᠠᠭᠠᠵᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤ 9 ᠪᠦᠯᠦᠭ ᠤᠳᠠᠭ᠎ᠠ ᠶᠢᠨ 73 ᠵᠤᠷᠪᠤᠰ ᠰᠢᠯᠢᠳᠡᠭ ᠪᠦᠲᠦᠭᠡᠯ ᠢ ᠢᠳᠡᠪᠬᠢᠲᠡᠶ ᠬᠦᠷᠭᠡᠪᠡ᠂ ᠡᠭᠦᠨ ᠳᠤ ︽ᠤᠯᠤᠰ ᠢᠶᠠᠨ ᠬᠠᠶᠢᠷᠠᠯᠠᠬᠤ ᠰᠡᠳᠭᠢᠯᠭᠡᠨ ᠤ ᠲᠡᠮᠡᠴᠡᠭᠴᠢ︾᠂ ︽ᠡᠷᠲᠡᠨ ᠤ ᠨᠣᠮ ᠪᠢᠴᠢᠭ ᠢ ᠵᠠᠰᠠᠨ ᠰᠡᠷᠭᠦᠭᠡᠭᠴᠢ︾᠂ ︽︿0 ᠠᠯᠳᠠᠭ᠎ᠠ ᠪᠤᠷᠤᠭᠤ﹀ ᠶᠢᠨ ᠵᠠᠪᠰᠠᠷ ᠢᠶᠠᠷ︾ ᠵᠡᠷᠭᠡ ᠣᠯᠠᠨ ᠪᠦᠲᠦᠭᠡᠯ ᠢ ᠭᠥᠯᠢᠶᠡᠨ ᠠᠪᠴᠤ ᠤᠯᠠᠮᠵᠢᠯᠠᠨ ᠲᠠᠷᠬᠠᠭᠠᠵᠠᠶ᠂ ︽ᠨᠠᠶᠢᠵᠠ ᠬᠤᠲᠠ ᠶᠢᠨ ᠲᠡᠭᠷᠢ ᠶᠢᠨ ᠳᠣᠣᠷᠠᠬᠢ ᠠᠵᠢᠯᠯᠠᠭ᠎ᠠ︾ ᠶᠢᠨ ︽ᠨᠢᠭᠡ ᠪᠦᠰᠡ ᠨᠢᠭᠡ ᠵᠠᠮ︾ ᠰᠢᠷᠢᠰ ᠪᠦᠲᠦᠭᠡᠯ ᠨᠢ 6826.5 ᠲᠦᠮᠡᠨ ᠤᠳᠠᠭ᠎ᠠ ᠶᠢᠨ ᠶᠡᠷᠦᠩᠬᠡᠢ ᠤᠩᠰᠢᠯᠭ᠎ᠠ ᠶᠢᠨ ᠬᠡᠮᠵᠢᠶ᠎ᠡ ᠪᠠᠷ ᠬᠤᠯᠪᠣᠭᠠᠨ ᠤ ᠭᠡᠰᠢᠭᠦᠳ ᠤᠨ ︽ᠬᠠᠯᠠᠮᠰᠢᠯ︾ ᠤᠨ ᠡᠮᠦᠨ᠎ᠡ 10 ᠳᠤ ᠰᠣᠩᠭᠤᠭᠳᠠᠵᠤ᠂ 5 ᠳᠤ ᠵᠢᠭᠰᠠᠭᠠᠭᠳᠠᠪᠠ᠃  ︵ᠳᠤᠯᠤᠭ᠎ᠠ︶ ᠠᠵᠢᠯ ᠲᠥᠷᠥᠯ ᠢ ᠶᠡᠷᠦᠩᠬᠡᠶᠢᠯᠡᠨ ᠵᠠᠰᠠᠬᠤ ᠠᠵᠢᠯ ᠳᠣᠪᠤᠶᠢᠮ᠎ᠠ ᠠᠮᠵᠢᠯᠲᠠ ᠣᠯᠪᠠ  ᠲᠢᠶᠠᠨᠵᠢᠨ ᠬᠤᠲᠠ ᠶᠢᠨ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠮᠡᠳᠡᠭᠡᠨ ᠤ ᠨᠡᠪᠷᠡᠷᠡᠭᠦᠯᠭᠡ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 3038 ᠴᠠᠭ ᠤᠨ 4.9 ᠲᠦᠮᠡᠨ ᠵᠣᠷᠪᠣᠰ ︵ᠤᠳᠠᠭ᠎ᠠ︶ ᠵᠠᠷ ᠮᠡᠳᠡᠭᠡ ᠶᠢ ᠬᠢᠨᠠᠨ ᠬᠡᠮᠵᠢᠵᠦ᠂ 309 ᠵᠤᠷᠪᠤᠰ ᠤᠳᠠᠭᠠᠨ ᠤ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢ ᠰᠢᠢᠳᠪᠦᠷᠢᠯᠡᠪᠡ᠃ ︽ᠬᠠᠷ᠎ᠠ ᠷᠠᠳᠢᠣ᠋ ᠨᠡᠪᠲᠡᠷᠡᠭᠦᠯᠭᠡ︾᠂ ︽ᠪᠠᠷᠠᠭᠠᠨ ᠷᠠᠳᠢᠣ᠋ ᠨᠡᠪᠲᠡᠷᠡᠭᠦᠯᠭᠡ︾ ᠳᠤ ᠴᠣᠬᠢᠯᠲᠠ ᠥᠭᠴᠦ ᠵᠠᠰᠠᠬᠤ ᠠᠵᠢᠯ ᠢ ᠬᠢᠨᠠᠮᠠᠭᠠᠶ ᠥᠷᠨᠢᠭᠦᠯᠵᠦ᠂ ᠷᠠᠳᠢᠣ᠋ ᠲᠧᠯᠸᠢᠰ ᠤᠨ ᠳᠠᠪᠲᠠᠮᠵᠢ ᠶᠢ ᠬᠠᠮᠤᠷᠬᠤ ᠬᠡᠪᠴᠢᠶ᠎ᠡ ᠪᠠ ᠮᠡᠷᠭᠡᠵᠢᠯ ᠤᠨ ᠪᠣᠯᠵᠣᠯᠲᠤ ᠲᠤᠭ᠎ᠠ ᠶᠢ ᠬᠤᠷᠢᠶᠠᠨ ᠬᠡᠮᠵᠢᠬᠦ ᠠᠵᠢᠯ ᠢ ᠥᠷᠨᠢᠭᠦᠯᠦᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠳᠠᠪᠲᠠᠮᠵᠢ ᠶᠢᠨ ᠰᠦᠪᠡᠭᠴᠢ ᠶᠢ ᠴᠠᠭ ᠲᠤᠬᠠᠶ ᠳᠤ ᠨᠢ ᠰᠢᠯᠵᠢᠭᠦᠯᠦᠨ ᠰᠢᠢᠳᠪᠦᠷᠢᠯᠡᠵᠦ᠂ ᠤᠲᠠᠰᠤ ᠥᠬᠡᠶ ᠷᠠᠳᠢᠣ᠋ ᠲᠧᠯᠸᠢᠰ ᠳᠠᠮᠵᠢᠭᠤᠯᠬᠤ ᠡᠮᠬᠢ ᠳᠢᠭᠯᠢᠮ ᠢ ᠦᠨᠡᠨ ᠬᠦ ᠬᠠᠮᠠᠭᠠᠯᠠᠪᠠ᠃ ᠬᠢᠯᠢ ᠶᠢᠨ ᠭᠠᠳᠠᠨᠠᠬᠢ ᠲᠧᠯᠸᠢᠰ ᠤᠨ ᠳᠠᠮᠵᠢᠭᠤᠯᠭ᠎ᠠ ᠶᠢᠨ ᠡᠮᠬᠢ ᠳᠢᠭᠯᠢᠮ ᠤᠨ ᠲᠤᠰᠬᠠᠶ ᠴᠡᠭᠴᠡᠯᠡᠨ ᠵᠠᠰᠠᠯᠲᠠ ᠶᠢ ᠢᠳᠡᠪᠬᠢᠲᠡᠶ ᠠᠬᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠪᠠᠲᠤᠳᠬᠠᠨ᠂ ᠪᠥᠬᠦ ᠬᠤᠲᠠ ᠶᠢᠨ ᠬᠢᠯᠢ ᠶᠢᠨ ᠭᠠᠳᠠᠨᠠᠬᠢ ᠲᠧᠯᠸᠢᠰ ᠳᠠᠮᠵᠢᠭᠤᠯᠬᠤ ᠡᠮᠬᠢ ᠳᠢᠭᠯᠢᠮ ᠢ ᠦᠨᠡᠨ ᠬᠦ ᠵᠢᠷᠤᠮᠵᠢᠭᠤᠯᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map