| | ᠰᠢᠨᠬᠤᠸᠠ ᠬᠤᠷᠢᠶ᠎ᠠ ᠶᠢᠨ ᠭᠠᠨᠰᠤ ᠶᠢᠨ ᠯᠠᠨᠵᠧᠦ / ᠱᠠᠨᠰᠢ ᠶᠢᠨ ᠪᠦᠦ ᠵᠢᠢ ᠶᠢᠨ 9 ᠰᠠᠷ᠎ᠠ ᠶᠢᠨ 13 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠣᠶᠢᠷ᠎ᠠ ᠳᠤ ᠭᠠᠨᠰᠤ ᠳᠤ ᠰᠢᠨᠵᠢᠯᠡᠨ ᠪᠠᠶᠢᠴᠠᠭᠠᠬᠤ ᠳᠠᠭᠠᠨ ᠭᠠᠨᠰᠤ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠠᠵᠢᠯ ᠢ ᠴᠢᠩᠭᠠᠳᠬᠠᠬᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ ᠂ | ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ ᠂ ᠵᠣᠯ ᠵᠢᠷᠭᠠᠯᠲᠤ ᠰᠠᠶᠢᠨ | ᠰᠠᠶᠢᠬᠠᠨ ᠰᠢᠨ᠎ᠡ ᠭᠠᠨᠰᠤ ᠶᠢ ᠲᠦᠷᠭᠡᠳᠬᠡᠨ ᠪᠠᠶᠢᠭᠤᠯᠵᠤ ᠂ ᠠᠷᠠᠳ ᠢ ᠪᠠᠶᠠᠵᠢᠭᠤᠯᠤᠨ ᠭᠠᠨᠰᠤ ᠪᠠᠨ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ | ᠡᠭᠦᠳᠴᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠨᠰᠤ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠪᠠ ᠃ | | | | | | ᠵᠢᠷᠤᠭ ᠪᠣᠯ 11 ᠤ ᠦᠳᠡ ᠶᠢᠨ ᠡᠮᠦᠨ᠎ᠡ ᠰᠢ ᠶᠢᠨ ᠫᠢᠩ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠳᠤ ᠬᠦᠷᠴᠦ ᠰᠢᠨᠵᠢᠯᠡᠨ | ᠪᠠᠶᠢᠴᠠᠭᠠᠬᠤ ᠳᠠᠭᠠᠨ ᠵᠢᠮᠢᠰ ᠤᠨ ᠤᠢ ᠳᠤ ᠣᠷᠣᠵᠤ ᠂ ᠬᠠᠮᠢᠶ᠎ᠠ ᠪᠦᠬᠦᠢ ᠲᠠᠷᠢᠮᠠᠯ ᠂ ᠮᠡᠷᠭᠡᠵᠢᠯ ᠪᠣᠯᠣᠨ ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 11 ᠤ | ᠦᠳᠡ ᠶᠢᠨ ᠬᠤᠶᠢᠨ᠎ᠠ ᠰᠢ ᠶᠢᠨ ᠫᠢᠩ ᠯᠠᠨᠵᠧᠦ ᠬᠤᠳᠠ ᠶᠢᠨ ᠠᠨᠨᠢᠩ ᠲᠣᠭᠤᠷᠢᠭ ᠤᠨ ᠽᠣᠣ ᠯᠢᠨ ᠰᠢ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ ᠪᠣᠯᠣᠨ ᠮᠤᠵᠢ ᠶᠢᠨ | ᠳᠠᠷᠤᠭ᠎ᠠ ᠷᠧᠨ ᠵᠧᠨ ᠾᠧ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠲᠢᠶᠠᠨ ᠱᠦᠢ ᠂ ᠯᠠᠨᠵᠧᠦ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ ᠃ | 10 ᠤ ᠦᠳᠡ ᠶᠢᠨ ᠬᠤᠶᠢᠨ᠎ᠠ ᠂ ᠰᠢ ᠶᠢᠨ ᠫᠢᠩ ᠲᠢᠶᠠᠨ ᠱᠦᠢ ᠬᠤᠳᠠ ᠳᠤ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠢ ᠪᠤᠯᠬᠤ ᠹᠦ᠋ ᠰᠢ ᠰᠦᠮ᠎ᠡ ᠳᠤ ᠰᠢᠨᠵᠢᠯᠡᠨ ᠪᠠᠶᠢᠴᠠᠭᠠᠵᠤ ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠵᠤ ᠪᠠᠶᠢᠬᠤ ᠵᠡᠷᠭᠡ ᠪᠠᠶᠢᠳᠠᠯ ᠢ | ᠣᠶᠢᠯᠠᠭᠠᠪᠠ ᠃ ᠲᠡᠷᠡ ᠂ ᠹᠦ᠋ ᠰᠢ ᠰᠦᠮ᠎ᠡ ᠨᠢ ᠮᠠᠰᠢ ᠥᠨᠳᠥᠷ ᠲᠡᠦᠬᠡ ᠰᠣᠶᠣᠯ ᠤᠨ ᠦᠨ᠎ᠡ ᠥᠷᠲᠡᠭ ᠲᠠᠢ ᠶᠤᠮ ᠂ ᠡᠨᠡ ᠬᠦ ᠬᠤᠪᠣᠷ ᠨᠠᠨᠳᠢᠨ ᠰᠣᠶᠣᠯ ᠤᠨ ᠥᠪ ᠢ | ᠰᠠᠶᠢᠲᠤᠷ ᠬᠠᠮᠠᠭᠠᠯᠠᠨ ᠤᠯᠠᠮᠵᠢᠯᠠᠵᠤ ᠂ ᠡᠪᠦᠭᠡ ᠳᠡᠭᠡᠳᠦᠰ ᠤᠨ ᠣᠶᠤᠨ ᠤᠬᠠᠭᠠᠨ ᠪᠣᠯᠣᠨ ᠡᠭᠦᠳᠦᠨ ᠪᠦᠲᠦᠭᠡᠯᠲᠡ ᠪᠠᠷ ᠦᠷ᠎ᠡ ᠬᠤᠶᠢᠴᠢᠰ ᠢᠶᠠᠨ ᠡᠭᠦᠷᠢᠳᠡ ᠵᠣᠷᠢᠭᠵᠢᠭᠤᠯᠵᠤ ᠂ | ᠦᠨᠳᠦᠰᠦᠲᠡᠨ ᠤ ᠣᠮᠣᠭᠰᠢᠯᠲᠤ ᠰᠡᠳᠬᠢᠯᠭᠡ ᠪᠣᠯᠣᠨ ᠢᠲᠡᠭᠡᠯ ᠵᠣᠷᠢᠭ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | 11 ᠤ ᠦᠳᠡ ᠶᠢᠨ ᠡᠮᠦᠨ᠎ᠡ ᠂ ᠰᠢ ᠶᠢᠨ ᠫᠢᠩ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠳᠤ ᠬᠦᠷᠴᠦ ᠰᠢᠨᠵᠢᠯᠡᠨ ᠪᠠᠶᠢᠴᠠᠭᠠᠪᠠ ᠃ | ᠲᠡᠷᠡ ᠦᠵᠡᠭᠦᠯᠭᠡ ᠶᠢᠨ ᠰᠠᠮᠪᠠᠷ᠎ᠠ ᠶᠢ ᠦᠵᠡᠬᠦ ᠶᠢᠨ ᠳᠠᠭᠠᠤ ᠳᠤᠤ ᠾᠧ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠤᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ ᠂ 2013 ᠣᠨ ᠤ ᠡᠬᠢ ᠪᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠢᠷᠡᠵᠦ ᠰᠢᠨᠵᠢᠯᠡᠨ ᠪᠠᠶᠢᠴᠠᠭᠠᠵᠤ ᠂ ᠪᠠᠷᠢᠯᠭ᠎ᠠ ᠶᠢᠨ ᠬᠦᠴᠢᠷ | ᠠᠰᠠᠭᠤᠳᠠᠯ ᠢ ᠵᠢᠭᠠᠨ ᠵᠢᠯᠤᠭᠤᠳᠴᠤ ᠰᠢᠢᠳᠪᠦᠷᠢᠯᠡᠭᠰᠡᠨ ᠪᠠᠶᠢᠳᠠᠯ ᠢᠶᠠᠨ ᠡᠷᠭᠢᠴᠡᠭᠦᠯᠪᠡ ᠃ 600 ᠲᠦᠮᠡ ᠰᠢᠬᠠᠮ ᠤᠯᠠᠨ ᠲᠦᠮᠡᠨ ᠡᠭᠦᠨ ᠠᠴᠠ ᠬᠤᠶᠢᠰᠢ ᠭᠠᠰᠢᠭᠤᠨ | ᠱᠣᠷᠪᠣᠭ ᠤᠰᠤ ᠤᠤᠭᠤᠬᠤ ᠦᠭᠡᠢ ᠪᠣᠯᠤᠭᠰᠠᠨ ᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ ᠃ ᠲᠡᠷᠡ ᠬᠠᠮᠠᠭᠠᠯᠠᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ ᠂ | ᠡᠨᠡ ᠬᠦ ᠢᠨᠵᠧᠨᠧᠷᠢᠩ ᠢᠶᠠᠷ ᠵᠠᠮ ᠳᠠᠭᠠᠤ ᠶᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠦ | ᠱᠠᠭᠠᠷᠳᠠᠪᠠ ᠃ | ᠰᠠᠯᠠᠭ᠎ᠠ ᠨᠠᠮᠠᠭ᠎ᠠ ᠪᠠᠨ ᠳᠠᠭᠠᠭᠠᠵᠤ ᠶᠠᠳᠠᠲᠠᠯ᠎ᠠ ᠰᠠᠭᠤᠭᠰᠠᠨ ᠬᠤᠸᠠ ᠨᠢᠦ ᠠᠯᠮᠤᠷᠠᠳ ᠂ ᠡᠯᠪᠡᠭ ᠬᠤᠷᠢᠶᠠᠯᠲᠠ ᠶᠢᠨ ᠦᠵᠡᠮᠵᠢ ᠶᠢ ᠭᠠᠶᠢᠬᠠᠭᠤᠯᠤᠨ᠎ᠠ ᠃ ᠰᠢ ᠶᠢᠨ ᠫᠢᠩ | ᠵᠢᠮᠢᠰ ᠤᠨ ᠤᠢ ᠳᠤ ᠣᠷᠣᠵᠤ ᠂ ᠬᠠᠮᠢᠶ᠎ᠠ ᠪᠦᠬᠦᠢ ᠲᠠᠷᠢᠮᠠᠯ ᠂ ᠮᠡᠷᠭᠡᠵᠢᠯ ᠪᠣᠯᠣᠨ ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠪᠠ ᠃ ᠲᠡᠷᠡ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠤᠢ ᠃ 70 ᠭᠠᠷᠤᠢ ᠵᠢᠯ ᠪᠣᠶᠢᠵᠢᠭᠤᠯᠤᠨ ᠬᠥᠭᠵᠢᠭᠦᠯᠬᠦ ᠪᠠᠷ | ᠳᠡᠮᠵᠢᠨ ᠬᠤᠸᠠ ᠨᠢᠦ ᠠᠯᠮᠤᠷᠠᠳ ᠤᠨ ᠲᠦᠷᠦᠯ ᠲᠡᠮᠳᠡᠭ ᠶᠠᠪᠤᠬᠤ ᠲᠤᠳᠤᠮ ᠨᠡᠷ᠎ᠡ ᠠᠯᠳᠠᠷᠰᠢᠪᠠ ᠃ ᠡᠭᠦᠯᠳᠡᠷ ᠢ ᠬᠠᠮᠠᠭᠠᠯᠠᠬᠤ ᠪᠠ ᠪᠣᠶᠢᠵᠢᠭᠤᠯᠬᠤ ᠶᠢ ᠴᠢᠩᠭᠠᠳᠬᠠᠵᠤ ᠂ | ᠲᠠᠷᠢᠮᠠᠯ ᠤᠨ ᠠᠷᠭ᠎ᠠ ᠭᠡᠯᠪᠡᠷᠢ ᠶᠢ ᠰᠢᠯᠢᠳᠡᠭᠵᠢᠭᠦᠯᠦᠨ ᠂ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠴᠦ ᠂ ᠡᠨᠡ ᠬᠦ ᠣᠨᠴᠠᠯᠢᠭᠲᠤ ᠠᠵᠤ ᠦᠢᠯᠡᠰ ᠢ ᠨᠠᠩ | ᠪᠤᠵᠠᠭᠠᠶᠢᠷᠠᠭᠤᠯᠵᠤ ᠂ ᠨᠠᠩ ᠣᠯᠠᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ ᠃ ᠲᠡᠷᠡ ᠨᠤᠲᠤᠭ ᠤᠨ ᠠᠬ᠎ᠠ ᠳᠡᠭᠦᠦ | ᠨᠠᠷ ᠤᠨ ᠠᠮᠢᠳᠤᠷᠠᠯ ᠠᠯᠮᠤᠷᠠᠳ ᠰᠢᠭ᠋ ᠭᠠᠯ ᠤᠯᠠᠭᠠᠨ ᠥᠭᠡᠳᠡᠷᠬᠡᠭ ᠪᠠᠶᠢᠬᠤ ᠶᠢ ᠵᠥᠩᠨᠡᠪᠡ ᠃ | ᠲᠠᠷᠠᠭ᠎ᠠ ᠨᠢ ᠰᠢ ᠶᠢᠨ ᠫᠢᠩ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠳᠤ ᠬᠦᠷᠴᠦ ᠂ ᠬᠥᠭᠦᠷᠭᠡᠨ ᠵᠠᠮ ᠢᠶᠠᠷ ᠠᠯᠬᠤᠯᠠᠵᠤ 1600 ᠭᠠᠷᠤᠢ ᠵᠢᠯ ᠤᠨ ᠡᠮᠦᠨᠡᠬᠢ | ᠠᠭᠤᠢ ᠪᠣᠯᠣᠨ ᠱᠤᠭᠤᠮᠠᠯ ᠂ ᠬᠠᠨ᠎ᠠ ᠶᠢᠨ ᠵᠢᠷᠤᠭ ᠢ ᠨᠠᠷᠢᠨ ᠪᠠᠶᠢᠴᠠᠭᠠᠨ ᠦᠵᠡᠵᠦ ᠂ ᠬᠠᠮᠠᠭᠠᠯᠠᠨ ᠰᠡᠷᠭᠦᠭᠡᠬᠦ ᠠᠵᠢᠯᠲᠠᠳ ᠲᠠᠢ ᠳᠣᠲᠣᠨᠣ ᠪᠠᠷ ᠶᠠᠷᠢᠯᠴᠠᠪᠠ ᠃ ᠰᠢ ᠶᠢᠨ ᠫᠢᠩ᠂ | ᠮᠠᠨ ᠤ ᠤᠯᠤᠰ ᠤᠨ ᠲᠦᠷᠪᠡᠨ ᠶᠡᠭᠡ ᠴᠢᠯᠠᠭᠤᠨ ᠠᠭᠤᠢ ᠪᠣᠯ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠮᠥᠨ ᠂ ᠴᠥᠮ ᠴᠢᠬᠤᠯᠠ ᠲᠡᠦᠬᠡ ᠶᠢᠨ ᠦᠨ᠎ᠡ ᠦᠷᠳᠡᠭ ᠂ | ᠰᠣᠶᠣᠯ ᠤᠨ ᠦᠨ᠎ᠡ ᠦᠷᠳᠡᠭ ᠲᠠᠢ ᠶᠤᠮ ᠭᠡᠵᠡᠢ ᠃ ᠲᠡᠷᠡ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯᠲᠠᠳ ᠤᠨ ︽ᠮᠦᠸᠧ ᠭᠤᠤ ᠶᠢᠨ ᠵᠣᠷᠢᠭ ᠰᠠᠨᠠᠭ᠎ᠠ ︾ ᠶᠢ | ᠦᠷᠭᠦᠯᠵᠢᠯᠡᠨ ᠪᠠᠷᠢᠮᠲᠠᠯᠠᠵᠤ ᠂ ᠨᠢᠭᠡ ᠰᠡᠳᠬᠢᠯ ᠢᠶᠠᠷ ᠤᠯᠤᠰ ᠤᠨ ᠲᠥᠯᠥᠭᠡ ᠦᠨᠡᠲᠦ ᠡᠷᠳᠡᠨᠢᠰ ᠢ ᠬᠠᠮᠠᠭᠠᠯᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠰᠢᠨ᠎ᠡ ᠶᠢ ᠡᠭᠦᠳᠬᠦ ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ ᠃ | 11 ᠤ ᠦᠳᠡ ᠶᠢᠨ ᠬᠤᠶᠢᠨ᠎ᠠ ᠂ ᠰᠢ ᠶᠢᠨ ᠫᠢᠩ ᠯᠠᠨᠵᠧᠦ ᠬᠤᠳᠠ ᠳᠤ ᠰᠢᠨᠵᠢᠯᠡᠨ ᠪᠠᠶᠢᠴᠠᠭᠠᠪᠠ ᠃ ᠠᠨᠨᠢᠩ ᠲᠣᠭᠤᠷᠢᠭ ᠤᠨ ᠽᠣᠣ ᠯᠢᠨ ᠰᠢ ᠨᠡᠶᠢᠭᠡᠮ | ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠡᠷᠡ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠂ ᠰᠣᠶᠣᠯ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠠᠰᠤᠭ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠭᠡᠷ ᠢ ᠪᠠᠶᠢᠴᠠᠭᠠᠨ ᠦᠵᠡᠵᠦ ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ | ᠪᠠᠶᠢᠬᠤ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠨᠠᠶᠢᠳᠠᠪᠤᠷᠢᠵᠢᠭᠤᠯᠵᠤ ᠪᠠᠶᠢᠬᠤ ᠵᠡᠷᠭᠡ ᠪᠠᠶᠢᠳᠠᠯ ᠢ ᠨᠠᠷᠢᠨ ᠠᠰᠠᠭᠤᠵᠤ ᠂ ᠲᠤᠬᠠᠢ ᠶᠢᠨ ᠲᠠᠯᠠᠪᠠᠢ ᠳᠤ | ᠠᠵᠢᠯ ᠠᠴᠠ ᠪᠠᠨ ᠠᠮᠠᠷᠠᠭᠰᠠᠨ ᠬᠥᠮᠥᠰ ᠤᠨ ᠨᠠᠶᠢᠷᠠᠯ ᠳᠠᠭᠤᠤ ᠶᠢᠨ ᠪᠣᠯᠪᠠᠰᠤᠷᠠᠯ ᠢ ᠰᠣᠨᠢᠷᠬᠠᠪᠠ ᠃ ᠲᠡᠷᠡ ᠪᠠᠰᠠ ᠦᠢᠯᠡᠴᠢᠯᠡᠭᠡᠨ ᠤ ᠲᠥᠪ ᠤᠨ ᠬᠠᠵᠠᠭᠤ ᠳᠠᠬᠢ ᠯᠢᠦ ᠵᠢᠶᠠ | ᠪᠦᠦ ᠲᠣᠮᠢᠯᠠᠭᠰᠠᠨ ᠰᠠᠯᠪᠤᠷᠢ ᠳᠤ ᠬᠦᠷᠴᠦ ᠂ ᠴᠠᠭᠳᠠᠭᠠᠨ ᠤ ᠶᠠᠪᠤᠳᠠᠯ ᠤᠨ ᠬᠦᠴᠦᠨ ᠢ ᠳᠣᠷᠣᠭᠰᠢ ᠪᠠᠭᠤᠯᠭᠠᠭᠰᠠᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠣᠶᠢᠯᠠᠭᠠᠪᠠ ᠃ | ᠰᠢ ᠶᠢᠨ ᠫᠢᠩ᠂ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠢᠯᠠᠩᠭᠤᠶ᠎ᠠ ᠥᠲᠡᠭᠦᠰ ᠨᠢᠯᠬᠠᠰ ᠤᠨ ᠠᠵᠢᠯ ᠵᠡᠷᠭᠡ ᠭᠤᠣᠯᠳᠠᠯᠭ᠎ᠠ ᠲᠠᠢ ᠨᠢᠭᠲᠠ ᠤᠶᠠᠯᠳᠤᠭᠤᠯᠵᠤ ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ ︾ ᠶᠢ | ᠪᠠᠷᠢᠮᠲᠠᠯᠠᠨ ᠬᠥᠭᠵᠢᠭᠦᠯᠵᠦ ᠂ ᠦᠨᠳᠦᠰᠦᠨ ᠱᠠᠲᠤᠨ ᠤ ᠵᠠᠰᠠᠯᠲᠠ ᠪᠣᠯᠣᠨ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ ᠢ ᠨᠡᠩ ᠯᠠᠪᠳᠠᠭᠤᠨ ᠪᠠᠲᠤᠲᠠᠢ ᠬᠢᠬᠦ ᠬᠡᠷᠡᠭᠲᠡᠢ ᠃ | ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ | ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠵᠠᠷᠤᠴᠠᠭᠤᠯᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠯᠢ ᠽᠥᠩ ᠪᠢᠶᠣᠣ ᠶᠢᠨ ᠭᠡᠷ ᠲᠤ ᠰᠢ ᠶᠢᠨ ᠫᠢᠩ ᠳᠡᠳᠡᠨ ᠤ ᠨᠢᠭᠡ ᠭᠡᠷ ᠤᠨ ᠬᠢᠨ ᠲᠠᠢ ᠲᠣᠭᠤᠷᠢᠨ | ᠰᠠᠭᠤᠵᠤ ᠵᠣᠭᠤᠭ ᠳᠡᠯᠭᠡᠪᠡ ᠃ ᠨᠢᠭᠡ ᠭᠡᠷ ᠤᠨ ᠭᠤᠷᠪᠠᠨ ᠦᠶ᠎ᠡ ᠪᠠᠷ ᠢᠶᠠᠨ ᠵᠣᠯ ᠵᠢᠷᠭᠠᠯ ᠲᠠᠢ ᠠᠮᠢᠳᠤᠷᠠᠵᠤ ᠂ ᠪᠠᠶᠠᠷ ᠭᠦᠷ ᠲᠠᠢ ᠪᠠᠶᠢᠬᠤ ᠶᠢ ᠦᠵᠡᠭᠡᠳ ᠲᠡᠷᠡ ᠮᠠᠰᠢ | ᠪᠠᠶᠠᠷᠯᠠᠪᠠ ᠃ ᠰᠢ ᠶᠢᠨ ᠫᠢᠩ᠂ ᠠᠷᠠᠳ ᠤᠨ ᠠᠮᠢᠳᠤᠷᠠᠯ ᠪᠣᠯ ᠬᠠᠮᠤᠭ ᠤᠨ ᠶᠡᠭᠡ ᠶᠠᠪᠤᠳᠠᠯ ᠂ ᠠᠷᠠᠳ ᠤᠨ ᠠᠮᠢᠳᠤᠷᠠᠯ ᠪᠣᠯ ᠬᠠᠮᠤᠭ ᠤᠨ ᠴᠢᠬᠤᠯᠠ ᠂ ᠨᠠᠮ ᠤᠨ ᠲᠥᠪ | ᠬᠤᠷᠢᠶ᠎ᠠ ᠨᠠᠰᠤᠲᠠᠶᠢᠴᠤᠳ ᠤᠨ ᠵᠣᠯ ᠵᠢᠷᠭᠠᠯ ᠠᠮᠤᠷ ᠠᠮᠤᠭᠤᠯᠠᠩ ᠢ ᠲᠤᠶᠢᠯ ᠢᠶᠠᠷ ᠬᠠᠯᠠᠮᠵᠢᠯᠠᠵᠤ ᠪᠠᠶᠢᠨ᠎ᠠ ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠨᠠᠰᠤᠵᠢᠯ ᠤᠨ ᠠᠰᠠᠷᠠᠮᠵᠢ ᠂ ᠡᠮᠴᠢᠯᠡᠭᠡ ᠪᠣᠯᠣᠨ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠪᠠᠷ ᠮᠠᠰᠢ ᠶᠡᠭᠡ ᠬᠦᠴᠦ ᠣᠷᠣᠭᠤᠯᠪᠠ ᠂ ᠦᠷᠭᠦᠯᠵᠢᠯᠡᠨ ᠬᠢᠵᠦ ᠂ | ᠬᠢᠬᠦ ᠲᠤᠳᠤᠮ ᠰᠠᠶᠢᠨ ᠬᠢᠬᠦ ᠬᠡᠷᠡᠭᠲᠡᠢ ᠭᠡᠵᠦ ᠢᠯᠡᠳᠬᠡᠪᠡ ᠃ | ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠡᠭᠡᠷ᠎ᠡ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠤ ᠬᠦᠷᠢᠶᠡᠯᠡᠨ ᠵᠣᠭᠰᠣᠵᠠᠭᠠᠪᠠ ᠃ | ᠰᠢ ᠶᠢᠨ ᠫᠢᠩ ᠤᠯᠠᠨ ᠳᠤ ᠂ ᠪᠢᠳᠡ ᠤᠳᠠᠯ ᠦᠭᠡᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠬᠤ ᠪᠣᠯᠣᠨ᠎ᠠ ᠃ 75 ᠵᠢᠯ ᠤᠨ ᠲᠤᠷᠰᠢ | ᠮᠠᠨ ᠤ ᠤᠯᠤᠰ ᠤᠨ ᠬᠥᠭᠵᠢᠯᠲᠡ ᠠᠭᠤᠤ ᠶᠡᠭᠡ ᠲᠡᠦᠬᠡᠲᠦ ᠴᠢᠨᠠᠷᠲᠠᠢ ᠠᠮᠵᠢᠯᠲᠠ ᠣᠯᠪᠠ ᠃ ᠤᠳᠤ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠶᠠᠭ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ ᠪᠠᠶᠢᠨ᠎ᠠ ᠂ ᠪᠢᠳᠡ ᠨᠡᠩ ᠪᠦᠯᠬᠦᠮᠳᠡᠵᠦ ᠂ ᠨᠡᠩ ᠴᠢᠷᠮᠠᠶᠢᠵᠤ ᠂ ᠤᠯᠠᠨ ᠢᠶᠠᠷ ᠢᠶᠠᠨ ᠬᠠᠮᠲᠤ ᠪᠠᠷ | ᠴᠢᠷᠮᠠᠶᠢᠨ ᠠᠵᠢᠯᠯᠠᠵᠤ ᠂ ᠨᠡᠩ ᠶᠡᠭᠡ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠦᠶ᠎ᠡ ᠭᠡᠵᠦ ᠬᠡᠯᠡᠪᠡ ᠃ ᠲᠡᠷᠡ ᠤᠷᠢᠳᠴᠢᠯᠠᠨ ᠣᠯᠠᠨ ᠳᠤ ᠨᠠᠢᠮᠠᠨ ᠰᠠᠷ᠎ᠠ ᠶᠢᠨ ᠲᠡᠷᠭᠡᠯ | ᠪᠠᠶᠠᠷ ᠤᠨ ᠵᠥᠩᠨᠡᠯ ᠳᠡᠪᠰᠢᠭᠦᠯᠵᠦ ᠂ ᠠᠶᠢᠯ ᠭᠡᠷ ᠪᠣᠯᠭᠠᠨ ᠠᠮᠤᠷ ᠠᠮᠤᠭᠤᠯᠠᠩ ᠂ ᠡᠷᠡᠭᠦᠯ ᠴᠢᠭᠢᠷᠠᠭ ᠂ ᠪᠠᠶᠠᠷ ᠭᠦᠷ ᠲᠠᠢ ᠪᠠᠶᠢᠬᠤ ᠶᠢ ᠵᠥᠩᠨᠡᠪᠡ ᠃ | ᠲᠠᠷᠠᠭ᠎ᠠ ᠨᠢ ᠰᠢ ᠶᠢᠨ ᠫᠢᠩ ᠬᠠᠳᠤᠨ ᠭᠤᠣᠯ ᠤᠨ ᠯᠠᠨᠵᠧᠦ ᠶᠢᠨ ᠵᠦᠩᠱᠠᠨ ᠬᠥᠭᠦᠷᠭᠡ ᠶᠢᠨ ᠬᠡᠰᠡᠭ ᠲᠤ ᠬᠦᠷᠴᠦ ᠰᠢᠨᠵᠢᠯᠡᠨ ᠪᠠᠶᠢᠴᠠᠭᠠᠪᠠ ᠃ ᠲᠡᠷᠡ ᠭᠤᠣᠯ ᠳᠠᠭᠠᠤ | ᠶᠠᠪᠠᠭᠠᠨ ᠵᠠᠮ ᠢᠶᠠᠷ ᠪᠠᠶᠢᠴᠠᠭᠠᠨ ᠦᠵᠡᠵᠦ ᠂ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ ᠃ ᠰᠢ ᠶᠢᠨ ᠫᠢᠩ | ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠂ ᠤᠯᠠᠨ ᠲᠦᠮᠡᠨ ᠳᠤ ᠬᠠᠳᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ ᠂ ᠯᠠᠨᠵᠧᠦ ᠪᠣᠯ ᠬᠠᠳᠤᠨ | ᠭᠤᠣᠯ ᠬᠤᠳᠠ ᠶᠢᠨ ᠳᠤᠮᠳᠠᠭᠤᠷ ᠨᠢ ᠤᠷᠤᠰᠤᠨ ᠥᠩᠭᠡᠷᠡᠵᠦ ᠪᠠᠶᠢᠭ᠎ᠠ ᠴᠤᠷ ᠤᠨ ᠭᠠᠭᠴᠠ ᠮᠤᠵᠢ ᠶᠢᠨ ᠲᠥᠪ ᠬᠤᠳᠠ ᠪᠣᠯᠣᠨ᠎ᠠ ᠃ ᠤᠯᠠᠨ ᠢᠶᠠᠷ ᠢᠶᠠᠨ ᠠᠴᠢᠯᠠᠨ ᠲᠠᠯᠠᠷᠬᠠᠬᠤ | ᠰᠡᠳᠬᠢᠯᠭᠡ ᠪᠠᠷ ᠬᠥᠮᠥᠨ ᠪᠦᠭᠦᠨ ᠣᠷᠣᠯᠴᠠᠵᠤ ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ ᠂ ᠬᠠᠳᠤᠨ ᠭᠤᠣᠯ ᠢ ᠬᠠᠮᠲᠤ ᠪᠠᠷ ᠰᠠᠶᠢᠲᠤᠷ ᠬᠠᠮᠠᠭᠠᠯᠠᠵᠤ ᠂ | ᠬᠠᠳᠤᠨ ᠭᠤᠣᠯ ᠢᠶᠠᠷ ᠦᠷ᠎ᠡ ᠬᠤᠶᠢᠴᠢᠰ ᠲᠠᠭᠠᠨ ᠦᠷᠭᠦᠯᠵᠢᠯᠡᠨ ᠠᠰᠢᠭ ᠬᠦᠷᠲᠡᠭᠡᠬᠦ ᠬᠡᠷᠡᠭᠲᠡᠢ ᠭᠡᠪᠡ ᠃ | 13 ᠤ ᠦᠳᠡ ᠶᠢᠨ ᠡᠮᠦᠨ᠎ᠡ ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ ᠂ ᠭᠠᠨᠰᠤ ᠶᠢᠨ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ ᠃ | ᠰᠢ ᠶᠢᠨ ᠫᠢᠩ᠂ ᠭᠠᠨᠰᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠵᠤ ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ | ᠳᠡᠪᠰᠢᠭᠦᠯᠬᠦ ᠶᠢ ᠲᠦᠷᠭᠡᠳᠬᠡᠵᠦ ᠂ ᠣᠨᠴᠠᠯᠢᠭᠲᠤ ᠳᠠᠪᠠᠭᠤᠯᠢᠭ ᠠᠵᠤ ᠦᠢᠯᠡᠰ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ ᠂ ᠪᠦᠭᠦ ᠤᠯᠤᠰ ᠤᠨ ᠴᠢᠬᠤᠯᠠ ᠰᠢᠨ᠎ᠡ ᠡᠨᠧᠷᠭᠢ ᠵᠢᠴᠢ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠢ ᠪᠠᠶᠢᠭᠤᠯᠬᠤ ᠬᠡᠷᠡᠭᠲᠡᠢ ᠃ | ᠣᠳᠣ ᠦᠶ᠎ᠡ ᠶᠢᠨ ᠬᠦᠢᠲᠡᠨ ᠬᠠᠭᠤᠷᠠᠢ ᠶᠢᠨ ᠣᠨᠴᠠᠯᠢᠭᠲᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ ᠂ ᠥᠷᠢᠰᠦᠯᠳᠦᠬᠦ ᠬᠦᠴᠦᠨ ᠪᠦᠬᠦᠢ ᠨᠢᠭᠡ ᠪᠦᠯᠦᠭ ᠲᠠᠷᠢᠶᠠᠯᠠᠩ ᠤᠨ | ᠲᠦᠷᠦᠯ ᠲᠡᠮᠳᠡᠭ ᠢ ᠪᠣᠶᠢᠵᠢᠭᠤᠯᠬᠤ ᠬᠡᠷᠡᠭᠲᠡᠢ ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠤᠯᠤᠰ ᠤᠨ ᠪᠠᠷᠠᠭᠤᠨ ᠣᠷᠣᠨ ᠤ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠨᠡᠩ ᠶᠡᠭᠡ ᠰᠥᠰᠥ ᠵᠣᠷᠢᠭ ᠪᠣᠯᠣᠨ ᠡᠷᠡᠰ ᠵᠣᠷᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠨᠡᠭᠡᠭᠡᠯᠲᠡ ᠶᠢ ᠥᠷᠭᠡᠳᠬᠡᠬᠦ ᠬᠡᠷᠡᠭᠲᠡᠢ ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ ᠂ ᠤᠯᠤᠰ ᠤᠨ ᠥᠮᠴᠢᠯᠡᠯ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ | ᠵᠣᠷᠢᠭᠵᠢᠭᠤᠯᠤᠨ ᠳᠡᠮᠵᠢᠬᠦ ᠬᠡᠷᠡᠭᠲᠡᠢ ᠃ ᠬᠥᠮᠥᠨ ᠢᠶᠠᠷ ᠦᠨᠳᠦᠰᠦ ᠪᠤᠯᠭᠠᠬᠤ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠰᠠᠶᠢᠲᠤᠷ | ᠬᠡᠷᠡᠭᠵᠢᠭᠦᠯᠵᠦ ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ ᠂ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ ᠂ | ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠵᠣᠯᠭᠠᠭᠤᠯᠵᠤ ᠂ ᠮᠤᠵᠢ ᠣᠷᠣᠨ ᠠᠯᠤᠰᠯᠠᠭᠰᠠᠨ ᠬᠠᠮᠲᠤᠷᠠᠯᠴᠠᠭ᠎ᠠ ᠶᠢ ᠥᠷᠭᠡᠳᠬᠡᠵᠦ ᠂ ︽ᠨᠢᠭᠡ ᠪᠦᠰᠡ ᠨᠢᠭᠡ ᠵᠠᠮ ︾ ᠢ | ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ ᠲᠡᠯᠡᠶ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ | ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠭᠠᠨᠰᠤ ᠶᠢᠨ ᠲᠡᠦᠬᠡ ᠰᠣᠶᠣᠯ ᠤᠨ ᠥᠪ ᠬᠥᠷᠥᠩᠭᠡ ᠭᠦᠨ ᠵᠤᠵᠠᠭᠠᠨ ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠡᠯᠪᠡᠭ ᠪᠠᠶᠠᠯᠢᠭ ᠶᠤᠮ ᠃ | ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ ᠂ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ ᠂ ᠳ᠋ᠦᠨᠬᠤᠸᠠᠩ ᠤᠨ ᠰᠤᠳᠤᠯᠭᠠᠨ ᠤ | ᠬᠦᠷᠢᠶᠡᠯᠡᠩ ᠤᠨ ᠳᠡᠯᠡᠬᠡᠢ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠶᠢᠲᠡᠯᠢᠭ ᠵᠢᠱᠢᠶ᠎ᠡ ᠪᠣᠯᠣᠨ ᠳ᠋ᠦᠨᠬᠤᠸᠠᠩ ᠤᠨ ᠰᠤᠳᠤᠯᠭᠠᠨ ᠤ ᠥᠨᠳᠦᠷᠯᠢᠭ ᠢ ᠪᠦᠲᠦᠭᠡᠨ | ᠪᠠᠶᠢᠭᠤᠯᠬᠤ ᠶᠢ ᠲᠡᠮᠵᠢᠵᠤ ᠂ ᠤᠷᠳᠤ ᠴᠠᠭᠠᠨ ᠬᠡᠷᠡᠮ ᠂ ᠤᠷᠳᠤ ᠵᠠᠮ ᠤᠨ ᠠᠶᠠᠨ ᠲᠠᠶᠢᠨ ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ | ᠪᠦᠲᠦᠭᠡᠨ ᠪᠠᠶᠢᠭᠤᠯᠵᠤ ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠨᠡᠮᠡᠷᠢᠯᠡᠬᠦ ᠬᠡᠷᠡᠭᠲᠡᠢ ᠃ ᠰᠣᠶᠣᠯ ᠪᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠤᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ᠂ ᠨᠡᠶᠢᠭᠡᠮ ᠤᠨ ᠪᠠᠶᠢᠭᠤᠯᠤᠯᠲᠠ ᠪᠣᠯᠣᠨ ᠵᠠᠰᠠᠯᠲᠠ ᠶᠢ ᠴᠢᠩᠭᠠᠳᠬᠠᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠪᠠᠶᠠᠵᠢᠬᠤ | ᠰᠠᠭᠤᠷᠢ ᠶᠢ ᠪᠠᠬᠢᠵᠢᠭᠦᠯᠬᠦ ᠬᠡᠷᠡᠭᠲᠡᠢ ᠃ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠨᠡᠶᠢᠳᠡᠮ ᠤᠨ ᠬᠡᠷᠡᠭᠴᠡᠭᠡ ᠂ ᠪᠦᠲᠦᠭᠡᠵᠦ ᠳᠡᠶᠢᠯᠭᠦ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠰᠠᠶᠢᠲᠤᠷ ᠬᠢᠵᠦ ᠂ ᠤᠯᠠᠨ ᠲᠦᠮᠡᠨ ᠢ ᠮᠡᠳᠡᠷᠡᠵᠦ ᠳᠡᠶᠢᠯᠭᠦ ᠬᠦᠷᠲᠡᠵᠦ ᠳᠡᠶᠢᠯᠭᠦ ᠶᠢ ᠪᠡᠶᠡᠯᠡᠭᠦᠯᠬᠦ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠲᠦ ᠴᠢᠨᠠᠷᠲᠠᠢ ᠪᠠᠷ ᠲᠠᠭᠢᠨ | ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠲᠠᠢ ᠪᠤᠯᠬᠤ ᠠᠴᠠ ᠰᠡᠷᠭᠡᠶᠢᠯᠡᠬᠦ ᠬᠡᠷᠡᠭᠲᠡᠢ ᠃ ᠬᠥᠳᠡᠭᠡ ᠲᠣᠰᠬᠤᠨ ᠤ ᠪᠣᠯᠬᠢ ᠪᠦᠳᠦᠭᠦᠯᠢᠭ ᠵᠠᠩ ᠰᠤᠷᠲᠠᠯ ᠢ ᠥᠭᠡᠷᠡᠴᠢᠯᠡᠬᠦ ᠶᠢ | ᠠᠬᠢᠭᠤᠯᠵᠤ ᠂ ᠬᠥᠳᠡᠭᠡ ᠨᠤᠲᠤᠭ ᠤᠨ ᠪᠣᠯᠪᠠᠰᠤᠨ ᠰᠤᠷᠲᠠᠯ ᠢ ᠪᠣᠶᠢᠵᠢᠭᠤᠯᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠲᠠᠰᠤᠷᠠᠯᠲᠠ ᠦᠭᠡᠢ ᠪᠠᠲᠤ ᠴᠣᠭᠴᠠᠯᠠᠵᠤ ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ ᠃ ᠴᠢᠯᠠᠭᠤ ᠬᠤᠷᠠᠭᠰᠠᠨ | ᠠᠭᠤᠯᠠᠷᠬᠠᠭ ᠭᠠᠵᠠᠷ ᠤᠨ ᠭᠠᠵᠠᠷ ᠬᠥᠳᠡᠯᠦᠯᠲᠡ ᠶᠢᠨ ᠭᠠᠮᠰᠢᠭᠳᠠᠭᠰᠠᠨ ᠣᠷᠣᠨ ᠵᠡᠷᠭᠡ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠪᠠ ᠭᠠᠮᠰᠢᠭ ᠤᠨ | ᠳᠠᠷᠠᠭᠠᠬᠢ ᠰᠡᠷᠭᠦᠭᠡᠨ ᠲᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠬᠠᠨ ᠡᠪᠦᠯᠵᠢᠬᠦ ᠶᠢ ᠦᠨᠡᠨ ᠬᠦ ᠪᠠᠲᠤᠯᠠᠬᠤ | ᠬᠡᠷᠡᠭᠲᠡᠢ ᠃ ᠠᠶᠤᠯᠭᠦᠢ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ | ᠡᠯ᠎ᠡ ᠱᠠᠲᠤᠨ ᠤ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ ᠂ ᠨᠠᠮ ᠤᠨ ᠭᠡᠰᠢᠭᠦᠨ ᠂ ᠺᠠᠳ᠋ᠷᠴᠤᠳ ᠢ ᠬᠥᠲᠥᠯᠥᠨ | ᠵᠢᠯᠤᠭᠤᠳᠴᠤ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠂ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠢᠳᠡᠪᠬᠢᠲᠡᠢ ᠪᠠᠷ | ᠬᠠᠷᠢᠭᠤᠴᠠᠯᠭ᠎ᠠ ᠡᠭᠦᠷᠭᠡᠯᠡᠨ ᠂ ᠵᠣᠷᠢᠭᠲᠠᠢ ᠪᠠᠷ ᠠᠵᠢᠯᠯᠠᠵᠤ ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ | ᠬᠡᠷᠡᠭᠲᠡᠢ ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | 10 ᠤ ᠦᠳᠡ ᠶᠢᠨ ᠬᠤᠶᠢᠨ᠎ᠠ ᠂ ᠰᠢ ᠶᠢᠨ ᠫᠢᠩ ᠭᠠᠨᠰᠤ ᠳᠤ ᠬᠦᠷᠬᠦ ᠵᠠᠮ ᠵᠠᠭᠤᠷ᠎ᠠ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ ᠪᠣᠯᠣᠨ | ᠮᠤᠵᠢ ᠶᠢᠨ ᠳᠠᠷᠤᠭ᠎ᠠ ᠵᠤᠤ ᠭᠠᠩ ᠤᠨ ᠪᠠᠷ᠎ᠠ ᠪᠤᠯᠤᠯᠭ᠎ᠠ ᠲᠠᠢ ᠪᠠᠷ ᠪᠤᠤ ᠵᠢᠢ ᠬᠤᠳᠠ ᠳᠤ ᠰᠢᠨᠵᠢᠯᠡᠨ ᠪᠠᠶᠢᠴᠠᠭᠠᠪᠠ ᠃ ᠰᠢ ᠶᠢᠨ ᠫᠢᠩ ᠪᠤᠤ ᠵᠢᠢ ᠶᠢᠨ ᠬᠦᠷᠡᠯ ᠵᠡᠪᠰᠡᠭ ᠤᠨ | ᠮᠦᠽᠧᠢ ᠶᠢ ᠲᠣᠭᠤᠷᠢᠨ ᠦᠵᠡᠪᠡ ᠃ ᠲᠡᠷᠡ ᠂ ᠮᠠᠨ ᠤ ᠤᠯᠤᠰ ᠤᠨ ᠬᠦᠷᠡᠯ ᠵᠡᠪᠰᠡᠭ ᠤᠨ ᠪᠣᠯᠪᠠᠰᠤᠨ ᠥᠨᠢ ᠤᠳᠠᠭᠠᠨ ᠂ ᠭᠡᠷᠡᠯ ᠰᠠᠴᠤᠷᠠᠩᠭᠤᠢ ᠲᠡᠦᠬᠡ ᠲᠠᠢ ᠪᠠᠶᠢᠵᠤ ᠂ | ᠳᠡᠯᠡᠬᠡᠢ ᠶᠢᠨ ᠪᠣᠯᠪᠠᠰᠤᠨ ᠤ ᠲᠡᠦᠬᠡᠨ ᠳᠡᠭᠡᠷ᠎ᠡ ᠥᠪᠡᠷᠮᠢᠴᠡ ᠤᠨᠴᠠᠭᠠᠢ ᠲᠤᠭ ᠲᠡᠮᠳᠡᠭ ᠪᠤᠯᠬᠤ ᠶᠤᠮ ᠃ ᠬᠦᠷᠡᠯ ᠵᠡᠪᠰᠡᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠵᠤ ᠰᠤᠳᠤᠯᠬᠤ ᠪᠠ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ ᠂ ᠪᠦᠭᠦ ᠨᠡᠶᠢᠭᠡᠮ ᠣᠨᠴᠠᠭᠠᠶᠢᠯᠠᠨ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ ᠤᠯᠤᠰ | ᠪᠣᠯᠣᠨ ᠳᠤᠮᠳᠠᠳᠤ ᠶᠢᠨ ᠪᠣᠯᠪᠠᠰᠤᠨ ᠳᠤ ᠬᠠᠶᠢᠷ᠎ᠠ ᠰᠡᠳᠬᠢᠯᠭᠡ ᠶᠢ ᠨᠡᠩ ᠰᠠᠶᠢᠲᠤᠷ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠰᠢ ᠶᠢᠨ ᠫᠢᠩ ᠪᠠᠰᠠ ᠸᠧᠢ ᠾᠧ | ᠭᠤᠣᠯ ᠤᠨ ᠠᠮᠢ ᠠᠬᠤᠢ ᠶᠢᠨ ᠴᠡᠴᠡᠷᠯᠢᠭ ᠢ ᠪᠠᠶᠢᠴᠠᠭᠠᠨ ᠦᠵᠡᠪᠡ ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ ᠃ | 9 ᠰᠠᠷ᠎ᠠ ᠶᠢᠨ 12 ᠤᠨ ᠦᠳᠡ ᠶᠢᠨ ᠡᠮᠦᠨ᠎ᠡ ᠂ ᠰᠢ ᠶᠢᠨ ᠫᠢᠩ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ | ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ ᠂ ᠪᠢᠴᠢᠭ ᠤᠨ ᠠᠵᠢᠯᠲᠠᠨ ᠤ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ ᠂ ᠨᠠᠮ ᠤᠨ ᠲᠥᠪ ᠬᠤᠷᠢᠶ᠎ᠠ | ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ ᠾᠧ ᠸᠧᠢ ᠳ᠋ᠦᠩ ᠪᠠᠷ᠎ᠠ ᠪᠣᠯᠵᠤ | ᠭᠥᠯᠢᠶᠡᠨ ᠠᠪᠴᠤ ᠠᠭᠤᠯᠵᠠᠪᠠ ᠃ | | | |