ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠥᠬᠦ ᠤᠯᠤᠰ ᠤᠨ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/9/14
  9 ᠳ᠋ᠦ᠋ᠭᠡᠷ ᠰᠠᠷ᠎ᠠ ᠶᠢᠨ 13 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠤᠪᠴᠢᠶ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ ᠲᠠᠢ ᠬᠠᠮᠲᠤᠷᠠᠨ᠂ ᠪᠦᠬᠦ ᠤᠯᠤᠰ ᠤᠨ ᠵᠣᠴᠢᠳ ᠤᠨ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠱᠠᠭᠠᠷᠳᠠᠯᠭ᠎ᠠ ᠳᠤᠷᠠᠳᠪᠠ᠃  ᠬᠤᠷᠠᠯ ᠠᠴᠠ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ︽ᠬᠤᠶᠠᠷ ᠰᠢᠨ᠎ᠡ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠳᠡᠰ ᠳᠡᠪᠰᠢᠭᠦᠯᠵᠦ ᠰᠣᠯᠢᠬᠤ ᠶᠢ ᠢᠳᠡᠪᠬᠢᠲᠡᠢ ᠠᠬᠢᠭᠤᠯᠪᠠ᠃ 8 ᠳ᠋ᠤᠭᠠᠷ ᠰᠠᠷ᠎ᠠ ᠶᠢᠨ 24 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ 4 ᠰᠠᠯᠠᠭ᠎ᠠ ᠮᠥᠴᠢᠷ ᠬᠠᠮᠲᠤᠷᠠᠨ ︽ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠭᠦᠨ ᠳᠤ ︽ᠨᠥᠬᠦᠴᠡᠯ ᠲᠠᠢ ᠭᠠᠵᠠᠷ ᠣᠷᠣᠨ ᠨᠢ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠵᠣᠴᠢᠳ ᠤᠨ ᠪᠠᠭᠤᠳᠠᠯ ᠤᠨ ᠲᠧᠯᠸᠢᠰ ᠤᠨ ᠦᠵᠦᠭᠦᠷ ᠤᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠵᠤ︾᠂ ᠵᠣᠴᠢᠳ ᠤᠨ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠬᠦᠴᠦᠲᠡᠶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠵᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠠᠢ ᠭᠡᠵᠦ ᠵᠢᠭᠠᠵᠤ ᠭᠠᠷᠭᠠᠪᠠ᠃  ᠬᠤᠷᠠᠯ ᠠᠴᠠ᠂ ᠡᠯ᠎ᠡ ᠭᠠᠵᠠᠷ ᠤᠨ ᠷᠠᠳᠢᠣ᠋ ᠲᠧᠯᠸᠢᠰ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠲᠥᠪ ᠤᠨ ᠵᠣᠷᠢᠭ ᠰᠠᠨᠠᠭ᠎ᠠ ᠪᠠ ︽ᠬᠤᠶᠠᠷ ᠰᠢᠨ᠎ᠡ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠨᠢ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠠᠬᠢᠭᠤᠯᠬᠤ ᠳᠤ ᠠᠰᠢᠭᠲᠠᠶ ᠭᠡᠳᠡᠭ ᠢ ᠭᠦᠢᠴᠡᠳ ᠲᠠᠨᠢᠵᠤ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠪᠠᠶᠢᠵᠤ᠂ ᠣᠳᠣᠬᠠᠨ ᠤ ᠪᠠᠶᠢᠳᠠᠯ ᠳᠤ ᠠᠰᠢᠭᠲᠠᠶ ᠮᠥᠷᠲᠡᠭᠡᠨ ᠠᠯᠤᠰ ᠬᠡᠳᠦ ᠳᠤ ᠠᠰᠢᠭᠲᠠᠶ ᠪᠠᠶᠢᠵᠤ᠂ ᠠᠵᠤ ᠠᠬᠤᠶ ᠶᠢ ᠠᠬᠢᠭᠤᠯᠤᠨ᠂ ᠠᠵᠤ ᠦᠢᠯᠡᠰ ᠢ ᠬᠦᠴᠦᠷᠬᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠣᠯᠠᠨ ᠲᠠᠯ᠎ᠠ ᠶᠢᠨ ᠬᠠᠮᠲᠤ ᠪᠠᠷ ᠠᠰᠢᠭ ᠭᠥᠷᠳᠡᠬᠦ ᠠᠷᠭ᠎ᠠ ᠬᠡᠮᠵᠢᠶ᠎ᠡ ᠮᠥᠨ ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠣᠳᠠᠲᠠᠶ ᠭᠠᠵᠠᠷ ᠲᠤ ᠨᠢ ᠠᠵᠢᠯ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃  ᠬᠤᠷᠠᠯ ᠠᠴᠠ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃  ᠨᠢᠭᠡ ᠳᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠲᠤᠬᠠᠶ ᠶᠢᠨ ᠭᠠᠵᠠᠷ ᠤᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠪᠠᠭᠤᠳᠠᠯ ᠤᠨ ᠲᠧᠯᠸᠢᠰ ᠤᠨ ᠦᠵᠦᠭᠦᠷ ᠢ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠵᠤ᠂ ᠲᠤᠬᠠᠶ ᠶᠢᠨ ᠭᠠᠵᠠᠷ ᠤᠨ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠦᠯ ᠳᠤ ᠣᠷᠣᠭᠤᠯᠵᠤ᠂ ᠲᠤᠬᠠᠶ ᠶᠢᠨ ᠭᠠᠵᠠᠷ ᠤᠨ ᠪᠠᠭᠤᠳᠠᠯ ᠵᠢᠴᠢ ᠵᠣᠴᠢᠳ ᠤᠨ ᠦᠷᠦᠭᠡ ᠶᠢᠨ ᠶᠡᠷᠦᠩᠬᠡᠶ ᠲᠤᠭ᠎ᠠ᠂ ᠵᠣᠴᠢᠳ ᠤᠨ ᠪᠠᠭᠤᠳᠠᠯ ᠤᠨ ᠲᠧᠯᠸᠢᠰ ᠤᠨ ᠦᠵᠦᠭᠦᠷ ᠤᠨ ᠪᠠᠲᠤᠯᠠᠬᠤ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ᠂ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠪᠠᠯᠠ ᠮᠥᠩᠭᠦ ᠶᠢᠨ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠢ᠃  ᠬᠤᠶᠠᠷ ᠲᠤ᠂ ᠨᠥᠬᠦᠪᠥᠷᠢ ᠥᠭᠬᠦ ᠡᠲᠡᠭᠡᠳ ᠪᠠ ᠨᠥᠬᠦᠪᠥᠷᠢ ᠥᠭᠬᠦ ᠪᠠᠷᠢᠮᠵᠢᠶ᠎ᠠ ᠶᠢ ᠲᠤᠳᠤᠷᠬᠠᠶᠢᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠣᠯᠭᠤᠬᠤ ᠡᠲᠡᠭᠡᠳ ᠪᠠ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ᠃ ᠵᠣᠴᠢᠳ ᠤᠨ ᠪᠠᠭᠤᠳᠠᠯ᠂ ᠠᠷᠠᠳ ᠤᠨ ᠣᠷᠣᠨ ᠰᠠᠭᠤᠴᠠ ᠵᠡᠷᠭᠡ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠲᠧᠯᠸᠢᠰ ᠤᠨ ᠦᠵᠦᠭᠦᠷ ᠢ ᠬᠤᠳᠠᠯᠳᠤᠨ ᠠᠪᠴᠤ᠂ ᠨᠥᠬᠦᠪᠥᠷᠢ ᠣᠯᠭᠤᠭᠰᠠᠨ ᠲᠧᠯᠸᠢᠰ ᠤᠨ ᠦᠵᠦᠭᠦᠷ ᠤᠨ ᠲᠤᠭ᠎ᠠ ᠶᠢ ᠬᠠᠮᠤᠭ ᠣᠯᠠᠨ ᠳᠤ ᠪᠠᠨ ᠵᠣᠴᠢᠨ ᠤ ᠥᠷᠦᠭᠡᠨ ᠤ ᠶᠡᠷᠦᠩᠬᠡᠶ ᠲᠤᠭ᠎ᠠ ᠠᠴᠠ ᠬᠡᠲᠦᠷᠡᠭᠦᠯᠵᠦ ᠪᠣᠯᠬᠤ ᠥᠬᠡᠶ᠃ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠰᠤᠲᠠᠨ ᠢ ᠠᠰᠠᠷᠠᠬᠤ ᠬᠦᠷᠢᠶᠡᠯᠡᠩ᠂ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠪᠤᠰᠤᠳ ᠭᠤᠤᠯ ᠴᠣᠭᠴᠠ ᠵᠢᠴᠢ ᠰᠢᠨ᠎ᠡ ᠪᠠᠷ ᠠᠵᠢᠯ ᠡᠬᠢᠯᠡᠭᠦᠯᠦᠭᠰᠡᠨ ᠪᠤᠶᠤ ᠰᠢᠨ᠎ᠡ ᠪᠠᠷ ᠤᠭᠰᠠᠷᠠᠭᠰᠠᠨ ᠲᠧᠯᠸᠢᠰ ᠤᠨ ᠦᠵᠦᠭᠦᠷ ᠤᠨ ᠪᠠᠭᠤᠳᠠᠯ᠂ ᠠᠷᠠᠳ ᠤᠨ ᠣᠷᠣᠨ ᠰᠠᠭᠤᠴᠠ ᠵᠡᠷᠭᠡ ᠶᠢ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠬᠤ ᠬᠡᠷᠡᠭᠲᠡᠢ᠃  ᠭᠤᠷᠪᠠ ᠳᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠠᠭᠤᠳᠠᠯ᠂ ᠲᠧᠯᠸᠢᠰ ᠤᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠠᠵᠤ ᠠᠬᠤᠶᠢᠯᠠᠯ ᠳᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ᠃ ᠡᠯ᠎ᠡ ᠭᠠᠵᠠᠷ ᠤᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠣᠭᠠᠵᠢᠭᠤᠯᠤᠭᠰᠠᠨ ᠲᠠᠪᠴᠠᠩ ᠢᠶᠠᠷ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠤᠰᠬᠠᠶ ᠲᠣᠭᠤᠷᠢᠭ ᠭᠠᠷᠭᠠᠬᠤ ᠶᠢ ᠵᠣᠷᠢᠭᠵᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠨᠥᠬᠦᠪᠥᠷᠢ ᠶᠢ ᠬᠢᠨᠠᠨ ᠬᠠᠷᠭᠤᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠥᠬᠦᠪᠥᠷᠢ ᠶᠢ ᠬᠢᠨᠠᠨ ᠬᠠᠷᠭᠤᠭᠤᠯᠵᠤ ᠨᠦᠬᠦᠪᠦᠷᠢ ᠶᠢᠨ ᠣᠯᠭᠤᠬᠤ ᠴᠠᠭ ᠢ ᠪᠠᠭᠠᠰᠬᠠᠵᠤ᠂ ᠣᠷᠣᠯᠴᠠᠬᠤ ᠭᠤᠤᠯ ᠴᠣᠭᠴᠠ ᠶᠢᠨ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠠᠷᠭ᠎ᠠ ᠵᠠᠮ ᠢ ᠨᠢᠭᠡ ᠯᠡ ᠠᠳᠠᠯᠢ ᠪᠠᠷ ᠳᠡᠮᠵᠢᠵᠦ᠂ ᠠᠳᠠᠯᠢ ᠪᠤᠰᠤ ᠥᠮᠴᠢᠯᠡᠯ᠂ ᠠᠳᠠᠯᠢ ᠪᠤᠰᠤ ᠳᠠᠩᠰᠠᠯᠠᠭᠤᠯᠤᠭᠰᠠᠨ ᠭᠠᠵᠠᠷ ᠤᠨ ᠪᠠᠭᠤᠳᠠᠯ ᠪᠠ ᠲᠧᠯᠸᠢᠰ ᠤᠨ ᠦᠵᠦᠭᠦᠷ ᠤᠨ ᠦᠢᠯᠡᠳᠪᠦᠷᠢ ᠬᠤᠳᠠᠯᠳᠤᠭᠠᠴᠢᠨ ᠢ ᠳᠡᠮᠵᠢᠨ ᠪᠠᠶᠢᠵᠤ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠤᠯᠴᠠᠭᠤᠯᠬᠤ ᠬᠡᠷᠡᠭᠲᠡᠢ᠃  ᠳᠥᠷᠪᠡ ᠳᠤ᠂ ᠬᠡᠲᠦ ᠥᠨᠳᠥᠷ ᠲᠤᠳᠤᠷᠠᠴᠠᠲᠤ ᠲᠧᠯᠸᠢᠰ ᠤᠨ ᠦᠵᠦᠭᠦᠷ ᠢᠶᠠᠷ ᠰᠣᠯᠢᠬᠤ ᠶᠢ ᠵᠣᠷᠢᠭᠵᠢᠭᠤᠯᠬᠤ ᠬᠡᠷᠡᠭᠲᠡᠢ᠃ ᠵᠣᠴᠢᠳ ᠤᠨ ᠪᠠᠭᠤᠳᠠᠯ᠂ ᠠᠷᠠᠳ ᠤᠨ ᠣᠷᠣᠨ ᠰᠠᠭᠤᠴᠠ ᠵᠡᠷᠭᠡ ᠬᠡᠳᠦ ᠥᠨᠳᠥᠷ ᠲᠤᠳᠤᠷᠠᠴᠠᠲᠤ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠬᠤ ᠶᠢ ᠵᠣᠷᠢᠭᠵᠢᠭᠤᠯᠵᠤ᠂ ᠬᠡᠲᠦ ᠥᠨᠳᠥᠷ ᠲᠤᠳᠤᠷᠠᠴᠠᠲᠤ ᠲᠧᠯᠸᠢᠰ ᠤᠨ ᠦᠵᠦᠭᠦᠷ ᠢ ᠢᠳᠡᠪᠬᠢᠲᠡᠶ ᠪᠠᠷ ᠬᠤᠳᠠᠯᠳᠤᠨ ᠠᠪᠤᠨ᠎ᠠ᠃ ᠲᠤᠬᠠᠶ ᠶᠢᠨ ᠭᠠᠵᠠᠷ ᠤᠨ ᠡᠵᠡᠩᠨᠡᠯᠲᠡ ᠶᠢᠨ ᠬᠤᠳᠠᠯᠳᠤᠭᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠪᠠᠭᠤᠳᠠᠯ ᠳᠤ ᠬᠠᠨᠳᠤᠭᠤᠯᠤᠨ ᠬᠡᠲᠦ ᠥᠨᠳᠥᠷ ᠲᠤᠳᠤᠷᠠᠴᠠᠲᠤ ᠶᠢᠨ ᠠᠭᠤᠯᠭ᠎ᠠ ᠶᠢᠨ ᠬᠠᠩᠭᠠᠯᠭ᠎ᠠ ᠶᠢ ᠴᠢᠩᠭᠠᠳᠬᠠᠵᠤ᠂ ᠪᠠᠭᠤᠳᠠᠯ ᠤᠨ ᠲᠧᠯᠸᠢᠰ ᠤᠨ ᠲᠣᠮᠣ ᠳᠡᠯᠭᠡᠴᠡ ᠶᠢᠨ ᠫᠷᠤᠭ᠍ᠷᠠᠮ ᠢ ᠪᠠᠶᠠᠯᠢᠭᠵᠢᠭᠤᠯᠤᠨ᠂ ᠵᠣᠴᠢᠳ ᠤᠨ ᠭᠥᠯᠢᠶᠡᠨ ᠠᠪᠴᠤ ᠦᠵᠡᠬᠦ ᠪᠡᠶᠡᠴᠢ ᠣᠶᠢᠯᠠᠭᠠᠯᠲᠠ ᠪᠠ ᠪᠠᠭᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠢ᠃  ᠲᠠᠪᠤ ᠳᠤ᠂ ᠬᠠᠮᠢᠶᠠᠷᠤᠯᠲᠠ ᠦᠨᠡᠯᠡᠨ ᠵᠢᠱᠢᠯᠲᠡ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠴᠠ ᠦᠵᠦᠭᠦᠷ ᠤᠨ ᠪᠥᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦ ᠶᠢᠨ ᠠᠮᠤᠷ ᠲᠦᠪᠰᠢᠨ᠂ ᠴᠠᠭ ᠲᠤᠬᠠᠶ ᠳᠤ ᠨᠢ ᠣᠯᠭᠤᠬᠤ ᠶᠢ ᠦᠨᠡᠨ ᠬᠦ ᠪᠠᠲᠤᠯᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠠᠷᠭ᠎ᠠ ᠬᠡᠯᠪᠡᠷᠢ ᠪᠠᠷ ᠨᠥᠬᠦᠪᠥᠷᠢ ᠶᠢᠨ ᠪᠠᠯᠠ ᠮᠥᠩᠭᠦ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ᠡᠯ᠎ᠡ ᠭᠠᠵᠠᠷ ᠤᠨ ᠲᠤᠷᠰᠢᠯᠭ᠎ᠠ ᠠᠷᠭ᠎ᠠ ᠬᠢᠳᠡᠯ ᠪᠠ ᠠᠵᠢᠯ ᠢᠶᠠᠨ ᠠᠬᠢᠭᠤᠯᠤᠭᠰᠠᠨ᠂ ᠪᠡᠯᠡ ᠮᠥᠩᠭᠦ ᠶᠢ ᠬᠡᠷᠡᠭᠯᠡᠭᠰᠡᠨ᠂ ᠠᠮᠵᠢᠯᠲᠠ ᠪᠦᠲᠦᠮᠵᠢ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠢ ᠴᠠᠭ ᠲᠤᠬᠠᠶ ᠳᠤ ᠨᠢ ᠳ᠋ᠦᠩᠨᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠬᠠᠭᠤᠴᠢᠨ ᠢᠶᠠᠷ ᠰᠢᠨ᠎ᠡ ᠶᠢ ᠰᠣᠯᠢᠬᠤ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠢ᠃  ᠵᠢᠷᠭᠤᠭ᠎ᠠ ᠳᠤ᠂ ᠤᠬᠠᠭᠤᠯᠭ᠎ᠠ ᠬᠥᠲᠥᠯᠥᠨ ᠵᠢᠯᠤᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠳ ᠠᠵᠢᠯ ᠲᠥᠷᠥᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠠᠶᠢᠩᠭᠤᠵᠢᠭᠰᠠᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠤᠨ᠂ ᠲᠤᠬᠠᠶ ᠶᠢᠨ ᠭᠠᠵᠠᠷ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠪᠠ ᠰᠦᠯᠵᠢᠶᠡᠨ ᠤ ᠦᠵᠡᠵᠦ ᠰᠣᠨᠣᠰᠬᠤ ᠲᠠᠪᠴᠠᠩ ᠢ ᠰᠠᠶᠢᠲᠤᠷ ᠵᠣᠬᠢᠶᠠᠨ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠬᠦ ᠬᠡᠷᠡᠭᠲᠡᠶ᠃ ᠡᠨᠡ ᠬᠦ ᠰᠠᠭᠤᠷᠢᠨ ᠳᠡᠭᠡᠷ᠎ᠡ᠂ ᠪᠠᠭᠤᠳᠠᠯ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠵᠢᠯ ᠤᠨ ᠬᠡᠪ ᠵᠠᠭᠪᠤᠷ ᠢ ᠶᠡᠭᠡ ᠪᠠᠷ ᠤᠬᠠᠭᠤᠯᠤᠨ ᠲᠠᠨᠢᠯᠴᠠᠭᠤᠯᠬᠤ ᠬᠡᠷᠡᠭᠲᠡᠶ᠃  ᠳᠤᠮᠳᠠᠳᠤ ᠤᠯᠤᠰ ᠤᠨ ᠷᠠᠳᠢᠣ᠋ ᠲᠧᠯᠸᠢᠰ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠶᠢᠨ ᠵᠢᠶᠠᠩ᠂ ᠵᠧᠦ ᠵᠢᠢ᠂ ᠰᠢᠶᠤᠤ ᠮᠢ᠂ TCL᠂ ᠵᠢᠩ ᠳ᠋ᠦᠩ᠂ ᠰᠦ᠋ ᠨᠢᠩ ᠢ ᠭᠸᠦ ᠶᠢᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠷᠠᠳᠢᠣ᠋ ᠲᠧᠯᠸᠢᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠡᠯ᠎ᠡ ᠭᠠᠵᠠᠷ ᠤᠨ ᠤᠲᠠᠰᠤᠲᠤ ᠲᠧᠯᠸᠢᠰ ᠤᠨ ᠰᠦᠯᠵᠢᠶᠡᠨ ᠤ ᠺᠣᠮᠫᠠᠨᠢ᠂ IPTV ᠶᠢᠨ ᠳᠠᠮᠵᠢᠭᠤᠯᠬᠤ ᠲᠠᠪᠴᠠᠩ ᠵᠢᠴᠢ ᠱᠸᠦ ᠯᠢᠤᠢ᠂ ᠬᠤᠸᠠ ᠵᠤ᠋᠂ ᠱᠠᠩ ᠮᠧᠢ᠂ ᠶᠠ ᠳ᠋ᠦᠸᠧ᠂ ᠸᠠᠨ ᠳ᠋ᠠ᠂ ᠶᠠ ᠭᠤᠤ᠂ ᠭᠧ ᠯᠢᠨ᠂ ᠸᠧᠨᠳᠠᠮ᠂ ᠾᠢᠯᠲ᠋ᠤᠨ᠂ ᠭᠧ ᠯᠠᠨ ᠶᠦᠨ ᠲᠢᠶᠠᠨ ᠵᠡᠷᠭᠡ ᠪᠠᠭᠤᠳᠠᠯ ᠤᠨ ᠬᠠᠮᠢᠶᠠᠷᠤᠯᠲᠠ ᠶᠢᠨ ᠪᠦᠯᠦᠭᠯᠡᠯ᠂ ᠴᠤᠸᠠᠩ ᠸᠧᠢ᠂ ᠬᠠᠢ ᠰᠢᠨ᠂ ᠺᠠᠩ ᠵᠢᠶᠠ᠂ ᠬᠠᠢ ᠡᠯ᠂ ᠰᠢᠶᠠ ᠫᠦ᠋᠂ ᠰᠦᠸᠧᠨᠢ ᠵᠡᠷᠭᠡ ᠲᠧᠯᠸᠢᠰ ᠤᠨ ᠠᠵᠤ ᠠᠬᠤᠶᠢᠯᠠᠯ ᠵᠢᠴᠢ ᠭᠦᠢᠯᠭᠡᠭᠡᠨ ᠤ ᠠᠵᠤ ᠠᠬᠤᠶᠢᠯᠠᠯ ᠤᠨ ᠲᠥᠯᠥᠭᠡᠯᠡᠭᠴᠢ 600 ᠰᠢᠬᠠᠮ ᠬᠥᠮᠦᠨ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠢ ᠠᠴᠠ ᠬᠤᠷᠠᠯ ᠳᠤ ᠣᠷᠣᠯᠴᠠᠵᠠᠶ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠲᠠᠪᠴᠠᠩ
Baidu
map