ᠲᠠᠪᠤᠨ ᠶᠡᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠱᠠᠨ ᠰᠢ ᠶᠢᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2024/9/18
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠤᠭ᠎ᠠ ᠲᠥᠰᠦᠪ ᠢ ᠵᠢᠷᠤᠭᠯᠠᠵᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠷᠠᠳᠢᠣ᠋ ᠲᠧᠯᠸᠢᠰ ᠪᠠ ᠰᠦᠯᠵᠢᠶᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠲᠤᠬᠠᠶ ᠠᠯᠢ ᠣᠯᠠᠨ ᠴᠢᠬᠤᠯᠠ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠪᠡ᠃ ᠤᠯᠤᠰ ᠤᠨ ᠷᠠᠳᠢᠣ᠋ ᠲᠧᠯᠸᠢᠰ ᠤᠨ ᠣᠶᠤᠨᠴᠢ ᠬᠥᠮᠥᠷᠭᠡ ᠶᠢᠨ ᠣᠯᠠᠨ ᠨᠡᠶᠢᠲᠡ ᠶᠢᠨ ᠲᠠᠪᠴᠠᠩ ᠡᠯ᠎ᠡ ᠮᠤᠵᠢ ︵ᠣᠷᠣᠨ᠂ ᠬᠤᠲᠠ︶ ᠶᠢᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠬᠢᠯᠠᠰ ᠴᠡᠭᠲᠦ ᠮᠡᠳᠡᠭᠦᠯᠦᠯᠲᠡ ᠶᠢ ᠵᠠᠯᠭᠠᠭ᠎ᠠ ᠪᠠᠷ ᠨᠡᠶᠢᠲᠡᠯᠡᠪᠡ᠂ ᠥᠨᠥᠳᠦᠷ ︽ᠲᠠᠪᠤᠨ ᠶᠡᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠱᠠᠨ ᠰᠢ ᠶᠢᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠳᠥᠷᠪᠡᠳᠦᠭᠡᠷ ᠵᠣᠬᠢᠶᠠᠯ ᠢ ᠨᠡᠶᠢᠲᠡᠯᠡᠪᠡ᠃  ᠱᠠᠨ ᠰᠢ ᠮᠤᠵᠢ ᠶᠢᠨ ᠷᠠᠳᠢᠣ᠋ ᠲᠧᠯᠸᠢᠰ ᠤᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠭᠤᠤᠯ ᠰᠡᠳᠦᠪᠲᠦ ᠤᠬᠠᠭᠤᠯᠭ᠎ᠠ᠂ ᠠᠭᠤᠯᠭ᠎ᠠ ᠶᠢᠨ ᠦᠢᠯᠡᠳᠪᠦᠷᠢᠯᠡᠯ᠂ ᠣᠯᠠᠨ ᠨᠡᠶᠢᠲᠡ ᠶᠢᠨ ᠦᠢᠯᠡᠴᠢᠯᠡᠭᠡ᠂ ᠣᠶᠣᠨᠲᠤ ᠷᠠᠳᠢᠣ᠋ ᠲᠧᠯᠸᠢᠰ᠂ ᠠᠵᠢᠯ ᠲᠥᠷᠥᠯ ᠤᠨ ᠵᠠᠰᠠᠯᠲᠠ ᠵᠡᠷᠭᠡ ᠲᠠᠪᠤᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠪᠠᠲᠤ ᠲᠥᠪᠯᠡᠷᠡᠭᠦᠯᠵᠦ᠂ ᠱᠠᠨ ᠰᠢ ᠮᠤᠵᠢ ᠶᠢᠨ ᠷᠠᠳᠢᠣ᠋ ᠲᠧᠯᠸᠢᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠪᠡ᠃  ︵ᠨᠢᠭᠡ︶ ᠭᠤᠣᠯ ᠰᠡᠳᠦᠪ ᠭᠤᠣᠯ ᠱᠤᠭᠤᠮ ᠤᠨ ᠤᠬᠠᠭᠤᠯᠭ᠎ᠠ ᠢᠳᠡ ᠬᠦᠴᠦᠲᠡᠢ ᠪᠠᠶᠢᠨ᠎ᠠ  ᠪᠦᠬᠦ ᠮᠤᠵᠢ ᠶᠢᠨ ᠡᠯ᠎ᠡ ᠱᠠᠲᠤᠨ ᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠵᠠᠭᠤᠴᠢᠯᠠᠭᠤᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠡᠨᠡ ᠬᠦ ᠭᠤᠣᠯ ᠰᠡᠳᠦᠪ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠡᠨᠡ ᠬᠦ ᠭᠤᠣᠯ ᠱᠤᠭᠤᠮ ᠤᠨ ᠲᠣᠭᠤᠷᠢᠨ ᠳᠤ᠂ ᠮᠤᠵᠢ ᠶᠢᠨ ᠨᠠᠮ ᠤᠨ ᠬᠤᠷᠢᠶ᠎ᠠ ᠮᠤᠵᠢ ᠶᠢᠨ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠠᠭᠤᠤ ᠦᠢᠯᠡᠰ︾ ᠭᠡᠬᠦ ᠭᠤᠣᠯ ᠰᠡᠳᠦᠪᠲᠦ ᠤᠬᠠᠭᠤᠯᠭ᠎ᠠ ᠪᠠ ︽ᠢᠲᠡᠭᠡᠯ ᠵᠣᠷᠢᠭ ᠢᠶᠠᠨ ᠬᠥᠪᠴᠢᠯᠡᠬᠦ︾ ᠰᠢᠷᠢᠰ ᠮᠡᠳᠡᠭᠡᠯᠡᠯ ᠢ ᠥᠷᠨᠢᠭᠦᠯᠵᠦ᠂ ︽ᠶᠡᠷᠦᠩᠬᠡᠢ ᠱᠦᠵᠢ ᠶᠢᠨ ᠤᠯᠠ ᠮᠥᠷ ᠢᠶᠠᠷ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ︾᠂ ︽ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ︿ᠬᠤᠶᠠᠷ ᠢ ᠦᠨᠳᠦᠰᠦᠨ ᠳᠤ ᠪᠠᠨ ᠪᠡᠶᠡᠯᠡᠭᠦᠯᠬᠦ﹀ ᠬᠠᠷᠠᠯᠲᠠ ᠳᠤ ᠲᠡᠮᠡᠦᠯᠬᠦ︾ ᠵᠡᠷᠭᠡ ᠲᠤᠰᠬᠠᠢ ᠰᠡᠳᠦᠪ ᠲᠤᠰᠬᠠᠢ ᠪᠤᠯᠤᠩ ᠢ ᠤᠬᠠᠭᠠᠯᠠᠨ ᠲᠣᠭᠲᠠᠭᠠᠵᠤ᠂ ︽ᠤᠨᠤᠯ ᠤᠨ ᠡᠳᠦᠷ ᠳᠤᠳᠤᠮ ᠤᠨ ᠰᠤᠷᠤᠯᠴᠠᠯᠭ᠎ᠠ︾ ᠵᠡᠷᠭᠡ ᠤᠨᠤᠯ ᠤᠨ ᠲᠣᠭᠯᠠᠯᠲᠠ ᠶᠢ ᠵᠢᠯᠣᠭᠤᠳᠤᠨ ᠰᠠᠶᠢᠲᠤᠷ ᠡᠷᠬᠢᠯᠡᠵᠦ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠬᠠᠭᠤᠳᠠᠰᠤ ᠶᠢ ᠨᠡᠭᠡᠭᠡᠬᠦ︾ ᠭᠤᠣᠯ ᠰᠡᠳᠦᠪᠲᠦ ᠰᠤᠷᠪᠤᠯᠵᠢᠯᠠᠭ᠎ᠠ ᠮᠡᠳᠡᠭᠡᠯᠡᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠱᠠᠨ ᠰᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ᠱᠠᠨ ᠰᠢ ᠶᠢᠨ ᠰᠣᠨᠢᠨ ᠮᠡᠳᠡᠭᠡ᠂ ᠱᠠᠨ ᠰᠢ ᠶᠢᠨ ᠣᠳᠣᠨ ᠲᠧᠯᠸᠢᠰ᠂ ᠬᠠᠳᠤᠨ ᠭᠤᠣᠯ Plus ᠪᠦᠬᠦ ᠤᠯᠤᠰ ᠤᠨ ᠠᠩᠬᠠᠳᠠᠭᠴᠢ ᠪᠦᠯᠦᠭ ᠵᠠᠭᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠳᠠᠩᠰᠠᠨ ᠳ᠋ᠤᠭᠠᠷ ᠤᠨ ᠬᠤᠯᠪᠣᠭ᠎ᠠ ᠳᠤ ᠣᠷᠣᠯᠴᠠᠵᠤ᠂ ᠷᠠᠳᠢᠣ᠋ ᠲᠧᠯᠸᠢᠰ ᠤᠨ ᠬᠠᠷᠢᠶ᠎ᠠ 160 ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠪᠦᠬᠦ ᠤᠯᠤᠰ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯ ᠳᠤ ᠪᠠᠶᠢᠩᠭᠤᠵᠢᠭᠤᠯᠤᠨ ᠣᠷᠣᠯᠴᠠᠭᠤᠯᠵᠤ᠂ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠳᠠᠮᠵᠢᠭᠤᠯᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃  ︵ᠬᠤᠶᠠᠷ︶ ᠷᠠᠳᠢᠣ᠋  ᠲᠧᠯᠸᠢᠰ ᠤᠨ ᠤᠷᠠᠯᠢᠭ ᠤᠨ ᠰᠣᠳᠣᠨ ᠪᠦᠲᠦᠭᠡᠯ ᠪᠠᠶᠢᠨ ᠳᠠᠬᠢᠨ ᠭᠠᠷᠴᠤ ᠪᠠᠶᠢᠨ᠎ᠠ  ᠰᠡᠳᠦᠪ ᠰᠣᠩᠭᠤᠬᠤ ᠲᠥᠯᠥᠪᠵᠢᠭᠦᠯᠭᠡ ᠶᠢ ᠴᠤᠭᠯᠠᠭᠤᠯᠬᠤ᠂ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠶᠢ ᠲᠡᠳᠬᠦᠨ ᠳᠡᠮᠵᠢᠬᠦ᠂ ᠮᠥᠷᠳᠡᠨ ᠵᠢᠯᠣᠭᠤᠳᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ 2023 ᠣᠨ ᠳᠤ 3 ᠪᠦᠯᠦᠭ ᠲᠧᠯᠸᠢᠰ ᠵᠦᠴᠦᠭᠡ᠂ 18 ᠪᠦᠯᠦᠭ ᠰᠦᠯᠵᠢᠶᠡᠨ ᠤ ᠺᠢᠨᠣ᠋ ᠲᠧᠯᠸᠢᠰ ᠵᠦᠴᠦᠭᠡ ᠶᠢ ᠪᠡᠶᠡᠯᠡᠭᠦᠯᠪᠡ᠃ ᠲᠧᠯᠸᠢᠰ ᠵᠦᠴᠦᠭᠡ ︽ ᠲᠠᠢ ᠰᠢᠩ ᠤᠨ ᠬᠦᠬᠦᠭᠦᠯ ᠡᠬᠡ︾ ᠨᠢ ᠲᠥᠪ ᠤᠨ ᠤᠬᠠᠭᠤᠯᠬᠤ ᠬᠡᠯᠲᠡᠰ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠡᠯᠡ ᠮᠥᠩᠭᠦ ᠪᠠᠷ ᠰᠣᠩᠭᠤᠭᠳᠠᠨ ᠠᠬᠢᠭᠤᠯᠬᠤ ᠲᠥᠷᠥᠯ ᠵᠦᠢᠯ᠂ ︽ᠰᠢ ᠶᠢᠨ ᠳᠤᠲᠤᠷᠠᠬᠢ ᠠᠭᠤᠯᠠ ᠤᠰᠤ︾ ᠨᠢ ᠳᠤᠮᠳᠠᠳᠤ ᠶᠢᠨ ᠰᠣᠶᠣᠯ ᠷᠠᠳᠢᠣ᠋ ᠲᠧᠯᠸᠢᠰ ᠳᠠᠮᠵᠢᠭᠤᠯᠭ᠎ᠠ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠦᠢᠯ ᠳᠤ ᠰᠣᠩᠭᠤᠭᠳᠠᠵᠤ᠂ ︽ᠮᠠᠨ ᠤ ᠲᠣᠰᠬᠤᠨ ᠤ ᠵᠠᠯᠠᠭᠤᠴᠤᠳ︾ ᠨᠢ ᠰᠢᠯᠢᠳᠡᠭ ᠷᠠᠳᠢᠣ᠋ ᠲᠧᠯᠸᠢᠰ ᠤᠨ ᠰᠣᠨᠢᠨ ᠮᠡᠳᠡᠭᠡᠨ ᠤ ᠪᠦᠲᠦᠭᠡᠯ ᠢᠶᠠᠷ ᠰᠣᠩᠭᠤᠭᠳᠠᠵᠤ᠂ ︽ᠮᠣᠷᠳᠠᠶ᠎ᠠ︕ ᠯᠦ ᠪᠠᠨ ᠤ ᠪᠠᠭ᠎ᠠ ᠳᠤᠭᠤᠶᠢᠯᠠᠩ︾ ᠨᠢ ᠺᠠᠷᠲ᠋ᠣᠨ ᠵᠢᠷᠤᠭ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠰᠣᠩᠭᠤᠭᠳᠠᠵᠤ᠂ ᠣᠬᠤᠷ ᠸᠢᠳᠢᠣ᠋ ︽ᠡᠷᠲᠡᠨ ᠳᠤ ᠬᠡᠷᠪᠡ ᠬᠥᠳᠡᠯᠮᠦᠷᠢᠴᠢᠳ ᠤᠨ ᠪᠠᠶᠠᠷ ᠪᠠᠶᠢᠭᠰᠠᠨ ᠪᠣᠯ︾ ᠨᠢ ᠰᠢᠯᠢᠳᠡᠭ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠤᠨ ᠱᠠᠩᠨᠠᠯ ᠢ ᠬᠦᠷᠲᠡᠵᠦ᠂ ᠪᠠᠷᠢᠮᠲᠠᠲᠤ ᠺᠢᠨᠣ᠋ ︽ᠬᠥᠮᠦᠨ ᠲᠥᠷᠥᠯᠬᠢᠲᠡᠨ ᠤ ᠴᠡᠭᠡᠵᠢᠯᠡᠬᠦᠢ — ᠳᠤᠮᠳᠠᠳᠤ ᠤᠯᠤᠰ ᠤᠨ ᠳᠡᠯᠡᠬᠡᠢ ᠶᠢᠨ ᠥᠪ︾ ︵ᠶᠦᠨ ᠭᠠᠩ᠂ ᠫᠢᠩ ᠶᠣᠣ᠂ ᠤᠲᠠᠢ ᠶᠢᠨ ᠬᠠᠭᠤᠳᠠᠰᠤ︶ ᠨᠢ ᠰᠢᠯᠢᠳᠡᠭ ᠤᠯᠤᠰ ᠲᠤ ᠪᠠᠨ ᠦᠢᠯᠡᠳᠪᠦᠷᠢᠯᠡᠭᠰᠡᠨ ᠪᠠᠷᠢᠮᠲᠠᠲᠤ ᠺᠢᠨᠣ᠋ ᠳᠤ ᠰᠣᠩᠭᠤᠭᠳᠠᠭᠰᠠᠨ ᠪᠥᠭᠡᠳ ᠶᠡᠷᠦᠩᠬᠡᠢ ᠬᠤᠷᠢᠶ᠎ᠠ ᠳᠤ ᠨᠡᠪᠲᠡᠷᠡᠭᠦᠯᠦᠭᠳᠡᠵᠦ᠂ ᠺᠠᠷᠲ᠋ᠣᠨ ᠺᠢᠨᠣ᠋ ︽ᠵᠢᠢ ᠯᠢ ᠬᠢᠭᠡᠳ ᠭᠦ᠋ ᠯᠦ︾ ᠵᠡᠷᠭᠡ 6 ᠪᠦᠲᠦᠭᠡᠯ ᠨᠢ ᠱᠠᠨ ᠱᠢ ᠮᠣᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ︽ᠲᠠᠪᠤᠨ ᠨᠢᠭᠡ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ ᠢ ᠣᠯᠵᠤ᠂ ᠭᠠᠳᠠᠭᠠᠳᠤ ᠤᠬᠠᠭᠤᠯᠭ᠎ᠠ ᠶᠢᠨ ᠣᠬᠤᠷ ᠸᠢᠳᠢᠣ᠋ ᠫᠷᠤᠭ᠍ᠷᠠᠮ ︽ᠲᠦᠷᠦᠭᠦᠦ ᠰᠠᠭᠤᠳᠠᠯ ᠤᠨ ᠪᠡᠶᠡᠴᠢᠯᠡᠨ ᠣᠶᠢᠯᠠᠭᠠᠭᠴᠢ︾ ᠶᠢᠨ ᠬᠤᠶᠠᠳᠤᠭᠠᠷ ᠤᠯᠠᠷᠢᠯ ᠤᠨ ︽ᠱᠠᠨ ᠱᠢ ᠶᠢᠨ ᠬᠤᠳᠠᠯᠳᠤᠭᠠᠴᠢᠨ︾ ᠶᠢᠨ ᠰᠢᠷᠢᠰ ᠤᠨ ᠪᠦᠬᠦ ᠰᠦᠯᠵᠢᠶᠡᠨ ᠤ ᠶᠡᠷᠦᠩᠬᠡᠢ ᠬᠠᠶᠢᠯᠲᠠ ᠶᠢᠨ ᠬᠡᠮᠵᠢᠶ᠎ᠡ ᠨᠢ 13 ᠳ᠋ᠦᠩᠰᠢᠭᠤᠷ ᠤᠳᠠᠭ᠎ᠠ ᠪᠠᠶᠢᠵᠤ᠂ ᠨᠡᠯᠢᠶᠡᠳ ᠰᠠᠶᠢᠨ ᠨᠡᠶᠢᠭᠡᠮ ᠤᠨ ᠦᠷ᠎ᠡ ᠠᠰᠢᠭ ᠢ ᠣᠯᠪᠠ᠃  ︵ᠭᠤᠷᠪᠠ︶ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠪᠠᠶᠢᠨ᠎ᠠ  ᠳᠠᠪᠲᠠᠨ ᠰᠦᠢᠳᠭᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠨᠢᠭᠡᠳᠦᠭᠡᠷ ᠱᠠᠲᠤᠨ ᠤ ᠠᠵᠢᠯ ᠢ ᠠᠮᠵᠢᠯᠲᠠ ᠲᠠᠢ ᠪᠡᠶᠡᠯᠡᠭᠦᠯᠪᠡ᠃ ᠪᠦᠬᠦ ᠮᠤᠵᠢ ᠶᠢᠨ 136.7 ᠲᠦᠮᠡᠨ ᠡᠷᠦᠬᠡ ᠶᠢᠨ ᠤᠲᠠᠰᠤᠲᠤ ᠲᠧᠯᠸᠢᠰ ᠤᠨ ᠬᠡᠷᠡᠭᠯᠡᠭᠴᠢ ᠪᠠ 584.3 ᠲᠦᠮᠡᠨ ᠡᠷᠦᠬᠡ IPTV ᠲᠧᠯᠸᠢᠰ ᠤᠨ ᠬᠡᠷᠡᠭᠯᠡᠭᠴᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠪᠡ︔ ᠤᠲᠠᠰᠤᠲᠤ ᠲᠧᠯᠸᠢᠰ ᠪᠠ IPTV ᠶᠢᠨ ᠲᠧᠯᠸᠢᠰ ᠨᠡᠬᠡᠬᠡᠯᠲᠡ ᠶᠢᠨ ᠵᠠᠷ ᠮᠡᠳᠡᠭᠡ ᠶᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠨᠡᠭᠡᠭᠡᠬᠦ ᠴᠠᠭ ᠢ 35 ᠰᠧᠺᠦ᠋ᠨ᠋ᠳ᠋ ᠢᠶᠠᠷ ᠪᠣᠭᠤᠨᠢᠰᠬᠠᠪᠠ︔ ᠤᠲᠠᠰᠤᠲᠤ ᠲᠧᠯᠸᠢᠰ᠂ IPTV᠂ OTT ᠶᠢᠨ ᠰᠦᠢᠳᠬᠡᠯ ᠬᠤᠷᠢᠶᠠᠬᠤ ᠪᠤᠭᠤᠳᠠᠯ ᠢ 61.2% ᠢᠶᠠᠷ ᠪᠠᠭᠠᠰᠬᠠᠭᠰᠠᠨ ᠤ ᠬᠠᠮᠲᠤ ᠰᠦᠢᠳᠬᠡᠯ ᠬᠤᠷᠢᠶᠠᠬᠤ ᠶᠠᠪᠤᠳᠠᠯ ᠢ ᠨᠡᠶᠢᠯᠡᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ ᠦᠨ᠎ᠡ ᠶᠢ ᠥᠰᠬᠡᠬᠦ ᠦᠭᠡᠢ ᠪᠠᠶᠢᠬᠤ ᠶᠢ ᠪᠡᠶᠡᠯᠡᠭᠦᠯᠪᠡ᠃ ᠪᠦᠬᠦ ᠮᠤᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭᠠᠨ ᠤ ᠪᠠᠶᠢᠭᠤᠯᠤᠯᠲᠠ ᠯᠠᠪᠳᠠᠭᠤᠨ ᠢᠶᠠᠷ ᠠᠭᠢᠵᠤ᠂ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠠᠪᠴᠠᠩ ᠢ ᠠᠮᠵᠢᠯᠲᠠ ᠲᠠᠢ ᠪᠠᠶᠢᠭᠤᠯᠵᠤ᠂ 49 ᠰᠢᠶᠠᠨ ᠳᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠷᠠᠳᠢᠣ᠋ ᠲᠧᠯᠸᠢᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠶᠠᠨ ᠤ ᠱᠠᠲᠤᠨ ᠤ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠥᠩᠭᠡᠷᠡᠭᠰᠡᠨ ᠳᠤ ᠰᠢ ᠶᠠᠩ᠂ ᠴᠢᠦᠶ ᠸᠧ᠂ ᠶᠦᠩ ᠵᠢᠶ ᠵᠡᠷᠭᠡ 3 ᠰᠢᠶᠠᠨ ︵ᠬᠤᠲᠠ︶ ᠢ ᠪᠦᠬᠦ ᠤᠯᠤᠰ ᠤᠨ ᠲᠤᠷᠰᠢᠯᠲᠠ ᠶᠢᠨ ᠴᠡᠭ ᠢᠶᠠᠷ ᠲᠣᠭᠲᠠᠭᠠᠭᠰᠠᠨ ᠤ ᠬᠠᠮᠲᠤ 9 ᠵᠣᠷᠪᠣᠰ ᠲᠥᠷᠥ ᠶᠢᠨ ᠪᠣᠳᠣᠯᠭ᠎ᠠ ᠲᠣᠭᠲᠠᠭᠠᠵᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠪᠡ ᠃ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠡᠷᠡᠭᠦᠯ ᠢᠶᠠᠷ ᠬᠥᠭᠵᠢᠭᠦᠯᠬᠦ ᠶᠢ ᠬᠥᠲᠥᠯᠥᠨ ᠵᠢᠯᠣᠭᠤᠳᠴᠤ᠂ ᠪᠥᠬᠦ ᠵᠢᠯ ᠳᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ 2510 ᠵᠤᠷᠪᠤᠰ 2736 ᠮᠢᠨᠦ᠋ᠲ᠂ ᠨᠡᠶᠢᠲᠡ 254 ᠲᠦᠮᠡᠨ ᠵᠤᠷᠪᠤᠰ ᠤᠳᠠᠭ᠎ᠠ ᠨᠡᠪᠲᠡᠷᠡᠭᠦᠯᠵᠦ᠂ 3 ᠪᠦᠲᠦᠭᠡᠯ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠳᠡᠮᠵᠢᠯᠭᠡ ᠶᠢ ᠤᠯᠪᠠ᠃ ᠭᠠᠵᠠᠷ ᠤᠨ ᠭᠠᠳᠠᠷᠭᠤ ᠶᠢᠨ ᠲᠣᠭᠠᠵᠢᠭᠤᠯᠤᠭᠰᠠᠨ ᠲᠧᠯᠸᠢᠰ ᠤᠨ 700 ᠮᠧᠭ᠎ᠠ ᠾᠧᠷᠼ ᠳᠠᠪᠲᠠᠮᠵᠢ ᠶᠢ ᠰᠢᠯᠵᠢᠭᠦᠯᠬᠦ ᠠᠵᠢᠯ ᠢ ᠪᠦᠬᠦ ᠬᠦᠴᠦᠨ ᠢᠶᠠᠷ ᠠᠬᠢᠭᠤᠯᠵᠤ᠂ 145 ᠰᠠᠴᠤᠷᠠᠭᠤᠯᠬᠤ ᠥᠷᠲᠡᠭᠡᠨ ᠤ ᠲᠥᠬᠦᠭᠡᠷᠦᠮᠵᠢ ᠶᠢ ᠪᠦᠬᠦᠨ ᠢ ᠤᠭᠰᠠᠷᠠᠬᠤ ᠶᠢᠨ ᠬᠠᠮᠲᠤ ᠰᠢᠯᠭᠠᠨ ᠪᠠᠶᠢᠴᠠᠭᠠᠯᠲᠠ ᠶᠢ ᠥᠩᠭᠡᠷᠡᠭᠦᠯᠪᠡ᠃  ︵ᠲᠦᠷᠪᠡ︶ ᠣᠶᠣᠨᠲᠤ ᠷᠠᠳᠢᠣ᠋ ᠲᠧᠯᠸᠢᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ ᠪᠠᠶᠢᠨ᠎ᠠ  ᠤᠲᠠᠰᠤᠲᠤ ᠲᠧᠯᠸᠢᠰ ᠤᠨ ᠰᠦᠯᠵᠢᠶ᠎ᠡ ᠶᠢ ᠨᠡᠶᠢᠯᠡᠭᠦᠯᠬᠦ ᠠᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠤ᠂ ︽ᠪᠦᠬᠦ ᠮᠤᠵᠢ ᠶᠢᠨ ᠤᠲᠠᠰᠤᠲᠤ ᠲᠧᠯᠸᠢᠰ ᠤᠨ ᠰᠦᠯᠵᠢᠶ᠎ᠡ ᠶᠢ ᠡᠮᠬᠢᠯᠡᠨ ᠨᠡᠶᠢᠯᠡᠭᠦᠯᠵᠦ ᠬᠥᠭᠵᠢᠭᠦᠯᠬᠦ ᠬᠡᠷᠡᠭᠵᠢᠭᠦᠯᠬᠦ ᠲᠥᠰᠦᠯ︾ ᠢ ᠮᠤᠵᠢ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠢᠶᠠᠷ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ︽ᠱᠠᠨ ᠰᠢ ᠮᠤᠵᠢ ᠶᠢᠨ ᠤᠯᠤᠰ ᠤᠨ ᠰᠣᠶᠣᠯ ᠤᠨ ᠲᠣᠭᠠᠵᠢᠭᠤᠯᠤᠭᠰᠠᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠠᠵᠢᠯ ᠤᠨ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠣᠭᠠᠵᠢᠭᠤᠯᠤᠯᠲᠠ ᠪᠠᠷ ᠱᠠᠨ ᠰᠢ ᠮᠤᠵᠢ ᠶᠢᠨ ᠣᠶᠤᠨᠴᠢ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠲᠤᠬᠠᠶ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ᠷᠠᠳᠢᠣ᠋ ᠲᠧᠯᠸᠢᠰ ᠤᠨ 5G ᠶᠢᠨ ᠲᠤᠬᠠᠶᠢᠯᠠᠭᠰᠠᠨ ᠠᠵᠢᠯ ᠲᠦᠷᠭᠡᠨ ᠬᠥᠭᠵᠢᠵᠦ᠂ 2023 ᠣᠨ ᠤ ᠡᠴᠦᠰ ᠪᠣᠯᠲᠠᠯ᠎ᠠ᠂ ᠪᠥᠬᠦ ᠮᠤᠵᠢ ᠶᠢᠨ ᠷᠠᠳᠢᠣ᠋ ᠲᠧᠯᠸᠢᠰ ᠤᠨ 192 ᠳ᠋ᠤᠭᠠᠷ ᠲᠣᠭᠠᠲᠤ ᠬᠡᠰᠡᠭ ᠤᠨ ᠰᠢᠯᠵᠢᠮᠡᠯ ᠬᠡᠷᠡᠭᠯᠡᠭᠴᠢ ᠶᠢᠨ ᠲᠤᠭ᠎ᠠ 20 ᠲᠦᠮᠡ ᠶᠢ ᠳᠠᠪᠠᠪᠠ᠃ ᠬᠤᠨᠠᠨ ᠤ ᠷᠠᠳᠢᠣ᠋ ᠲᠧᠯᠸᠢᠰ ᠲᠠᠢ ᠬᠠᠮᠲᠤᠷᠠᠨ ᠲᠠᠶᠢᠶᠤᠸᠠᠨ ᠳᠤ ︽ᠣᠶᠣᠨᠲᠤ ᠪᠠᠷ ᠬᠥᠳᠡᠯᠭᠡᠭᠦᠷ ᠪᠣᠯᠭᠠᠨ᠂ ᠱᠠᠨ ᠰᠢ ᠬᠤᠨᠠᠨ ᠢ ᠠᠭᠤᠰᠤᠯᠴᠠᠭᠤᠯᠬᠤ︾ — ᠮᠠ ᠯᠠᠨ ᠱᠠᠨ ᠤ ᠣᠶᠣᠨᠲᠤ ᠬᠠᠮ ᠵᠠᠭᠤᠴᠢᠯᠠᠭᠤᠷ ᠲᠠᠢ ᠬᠠᠮᠲᠤᠷᠠᠨ ᠱᠠᠨ ᠰᠢ ᠶᠢᠨ ᠲᠤᠰᠬᠠᠶ ᠲᠠᠯᠠᠪᠤᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠥᠭᠡᠳ ᠬᠡᠰᠡᠭ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠲᠤ ᠰᠦᠢᠳᠬᠡᠯ ᠬᠤᠷᠢᠶᠠᠬᠤ ᠥᠬᠡᠶ ᠪᠠᠷ ︽5G ᠤᠶᠤᠨᠲᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ︾ ᠶᠢᠨ ᠰᠢᠰᠲ᠋ᠧᠮ ᠢ ᠤᠭᠰᠠᠷᠠᠪᠠ᠃ ᠤᠷᠢᠳ ᠬᠤᠵᠢᠳ ᠱᠠᠨ ᠰᠢ ᠮᠤᠵᠢ ᠶᠢᠨ ᠵᠣᠬᠢᠶᠠᠯᠴᠢᠳ ᠤᠨ ᠨᠡᠶᠢᠭᠡᠮᠯᠢᠭ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠲᠧᠯᠸᠢᠰ ᠤᠨ ᠲᠥᠯᠥᠪᠵᠢᠭᠦᠯᠭᠡ ᠶᠢᠨ ᠬᠦᠷᠢᠶᠡᠯᠡᠩ᠂ ᠬᠤᠨᠠᠨ ᠮᠤᠵᠢ ᠶᠢᠨ ᠷᠠᠳᠢᠣ᠋ ᠲᠧᠯᠸᠢᠰ ᠤᠨ ᠲᠣᠪᠴᠢᠶ᠎ᠠ ᠵᠡᠷᠭᠡ 7 ᠨᠢᠭᠡᠴᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠵᠦ᠂ ᠬᠠᠮᠲᠤ ᠪᠠᠷ ᠱᠠᠨ ᠰᠢ ᠮᠤᠵᠢ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃  ︵ᠲᠠᠪᠤ︶ ᠠᠵᠢᠯ ᠲᠦᠷᠦᠯ ᠤᠨ ᠬᠠᠮᠢᠶᠠᠷᠤᠯᠲᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ  ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2023 ᠣᠨ ᠳᠤ ᠨᠡᠶᠢᠳᠡ ᠡᠳᠦᠷ ᠲᠤ 73 ᠤᠳᠠᠭᠠᠨ ᠤ ᠴᠢᠬᠤᠯᠠ ᠪᠠᠲᠤᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠵᠢᠯ ᠳᠤ ᠶᠡᠭᠡ ᠠᠮᠤᠷ ᠲᠦᠪᠰᠢᠨ ᠤ ᠬᠡᠷᠡᠭ ᠭᠠᠷᠤᠭᠰᠠᠨ ᠦᠭᠡᠢ᠃ 2023 ᠣᠨ ᠳᠤ ᠲᠣᠭᠲᠠᠭᠠᠯ ᠠᠴᠠ ᠵᠥᠷᠢᠴᠡᠭᠰᠡᠨ 24 ᠫᠷᠣᠭ᠍ᠷᠠᠮ ᠢ ᠪᠠᠶᠢᠴᠠᠭᠠᠨ ᠰᠢᠢᠳᠪᠦᠷᠢᠯᠡᠵᠦ᠂ 2 ᠲᠣᠭᠲᠠᠭᠠᠯ ᠠᠴᠠ ᠵᠥᠷᠢᠴᠡᠭᠰᠡᠨ ᠦᠵᠡᠵᠦ ᠰᠣᠨᠣᠰᠬᠤ ᠰᠦᠯᠵᠢᠶ᠎ᠡ ᠶᠢ ᠬᠦᠴᠦᠨ ᠥᠬᠡᠶ ᠪᠣᠯᠭᠠᠵᠤ᠂ 1 ᠵᠠᠭᠤᠴᠢᠯᠠᠭᠤᠷ ᠤᠨ ᠲᠠᠩᠰᠠᠨ ᠨᠣᠮᠧᠷ ᠢ ᠪᠠᠶᠢᠴᠠᠭᠠᠨ ᠰᠢᠢᠳᠪᠦᠷᠢᠯᠡᠵᠦ᠂ 3 ᠰᠦᠯᠵᠢᠶᠡᠨ ᠳᠡᠭᠡᠷᠡᠬᠢ IPTV ᠶᠢᠨ ᠲᠤᠰᠬᠠᠶ ᠲᠣᠭᠤᠷᠢᠭ ᠢ ᠴᠡᠭᠴᠡᠯᠡᠨ ᠰᠠᠶᠢᠵᠢᠷᠠᠭᠤᠯᠪᠠ︔ 5 ᠷᠠᠳᠢᠣ᠋ ᠲᠧᠯᠸᠢᠰ ᠤᠨ ᠫᠷᠤᠭ᠍ᠷᠠᠮ ᠢ ᠪᠠᠶᠢᠴᠠᠭᠠᠨ ᠰᠢᠢᠳᠪᠦᠷᠢᠯᠡᠪᠡ︔ 20 ᠭᠠᠷᠤᠢ ᠬᠠᠤᠯᠢ ᠲᠣᠭᠲᠠᠭᠠᠯ ᠠᠴᠠ ᠵᠥᠷᠢᠴᠡᠭᠰᠡᠨ 108 ᠭᠠᠷᠤᠢ ᠵᠣᠷᠪᠣᠰ ᠵᠠᠷ ᠮᠡᠳᠡᠭᠡ ᠶᠢ ᠪᠠᠶᠢᠴᠠᠭᠠᠨ ᠰᠢᠢᠳᠪᠦᠷᠢᠯᠡᠵᠦ᠂ 11000 ᠭᠠᠷᠤᠢ ᠵᠤᠷᠪᠤᠰ ᠤᠳᠠᠭ᠎ᠠ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢ ᠪᠠᠶᠢᠴᠠᠭᠠᠨ ᠰᠢᠢᠳᠪᠦᠷᠢᠯᠡᠪᠡ︔ ᠬᠠᠤᠯᠢ ᠪᠤᠰᠤ ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ 892 ᠢᠵᠢ ᠬᠤᠷᠢᠶᠠᠨ ᠠᠪᠴᠤ᠂ 7 ᠬᠠᠤᠯᠢ ᠪᠤᠰᠤ ᠪᠠᠷ ᠪᠣᠷᠣᠯᠠᠭᠤᠯᠵᠤ ᠤᠭᠰᠠᠷᠠᠭᠰᠠᠨ ᠴᠡᠭ ᠢ ᠬᠦᠴᠦᠨ ᠦᠭᠡᠢ ᠪᠣᠯᠭᠠᠵᠤ᠂ ᠷᠠᠳᠢᠣ᠋ ᠲᠧᠯᠸᠢᠰ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠦᠷᠭᠦᠯᠵᠢᠯᠡᠨ ᠪᠠᠬᠢᠵᠢᠭᠦᠯᠪᠡ᠃ ᠱᠠᠨ ᠱᠢ ᠮᠣᠵᠢ ᠶᠢᠨ ᠷᠠᠳᠢᠣ᠋ ᠲᠧᠯᠸᠢᠰ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠬᠤᠶᠠᠳᠤᠭᠠᠷ ᠬᠤᠭᠤᠴᠠᠭᠠᠨ ᠤ ᠲᠠᠪᠴᠠᠩ ᠤᠨ ᠲᠥᠷᠥᠯ ᠵᠦᠢᠯ ᠤᠨ ᠪᠡᠯᠡ ᠮᠥᠩᠭᠦ ᠶᠢ 2058.7 ᠲᠦᠮᠡᠨ ᠲᠥᠭᠦᠷᠢᠭ ᠨᠠᠶᠢᠳᠠᠪᠤᠷᠢᠵᠢᠭᠤᠯᠬᠤ ᠪᠠᠷ ᠪᠠᠶᠢᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ 94 ᠪᠠᠶᠢᠭᠤᠯᠤᠮᠵᠢ ᠶᠢ ᠰᠢᠨ᠎ᠡ ᠪᠠᠷ ᠨᠡᠮᠡᠵᠦ᠂ ᠠᠳᠠᠯᠢ ᠬᠤᠭᠤᠴᠠᠭᠠᠨ ᠤ ᠬᠢ ᠠᠴᠠ ᠪᠠᠨ 8% ᠪᠠᠷ ᠨᠡᠮᠡᠭᠳᠡᠪᠡ︔ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠦᠢᠯᠡᠴᠢᠯᠡᠭᠡᠨ ᠤ ᠦᠨᠡᠮᠯᠡᠯ ᠲᠠᠢ ᠪᠠᠶᠢᠭᠤᠯᠤᠮᠵᠢ 116 ᠪᠣᠯᠵᠣ᠂ ᠵᠠᠬ᠎ᠠ ᠳᠡᠯᠭᠡᠭᠦᠷ ᠤᠨ ᠭᠤᠤᠯ ᠴᠣᠭᠴᠠ ᠳᠠᠬᠢᠨ ᠢᠶᠠᠷ ᠨᠡᠮᠡᠭᠳᠡᠪᠡ᠃ ᠭᠤᠷᠪᠠᠨ ᠵᠢᠯ ᠳᠠᠷᠠᠭᠠᠯᠠᠨ ᠮᠤᠵᠢ ᠶᠢᠨ ᠬᠠᠤᠯᠢ ᠴᠠᠭᠠᠵᠠ ᠶᠢᠨ ᠲᠢᠩᠬᠢᠮ ᠲᠠᠢ ᠬᠠᠮᠲᠤᠷᠠᠨ ᠪᠥᠬᠦ ᠮᠤᠵᠢ ᠶᠢᠨ ᠬᠠᠤᠯᠢ ᠪᠠᠷ ᠵᠠᠰᠠᠬᠤ ᠺᠠᠷᠲ᠋ᠣᠨ ᠪᠢᠴᠢᠯ ᠸᠢᠳᠢᠣ᠋ ᠶᠢ ᠡᠯᠰᠡᠨ ᠴᠤᠭᠯᠠᠭᠤᠯᠵᠤ ᠨᠡᠪᠲᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠮᠤᠵᠢ ᠶᠢᠨ ᠬᠡᠪᠴᠢᠶᠡᠨ ᠤ ᠪᠢᠴᠢᠯ ᠸᠢᠳᠢᠣ᠋ ᠪᠠᠷ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠨᠠᠷᠠᠲᠤ ᠲᠡᠮᠲᠡᠭᠲᠦ ᠶᠢ ᠠᠩᠬ᠎ᠠ ᠠᠯᠬᠤᠮ ᠪᠦᠷᠢᠯᠳᠦᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map