| | | | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠴᠢᠶᠠᠩ 9 ᠳ᠋ᠦ᠋ᠭᠡᠷ ᠰᠠᠷ᠎ᠠ ᠶᠢᠨ 18 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠦᠢᠯᠡᠰ | ᠪᠣᠰᠬᠠᠬᠤ ᠪᠡᠯᠡ ᠣᠷᠤᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ᠡᠨᠡ ᠵᠢᠯ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠪᠠᠶᠢᠳᠠᠯ ᠬᠢᠭᠡᠳ ᠲᠠᠷᠢᠶᠠᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠷᠡᠭᠳᠡᠭᠰᠡᠨ ᠪᠠᠭᠠᠲᠤᠷᠴᠤᠳ ᠢ ᠮᠠᠭᠲᠠᠨ | ᠰᠠᠶᠢᠰᠢᠶᠠᠬᠤ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠪᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠷ ᠬᠡᠷᠡᠭᠯᠡᠭᠡᠨ ᠤ ᠪᠠᠷᠠᠭ᠎ᠠ | ᠵᠦᠢᠯᠡᠰ ᠢ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠲᠦᠷᠢᠮ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯᠳᠤᠭᠠᠨ ᠢᠶᠠᠷ᠂ ᠦᠢᠯᠡᠰ ᠪᠤᠰᠬᠠᠬᠤ ᠪᠡᠯᠡ ᠣᠷᠣᠭᠤᠯᠤᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠲᠡᠰ | ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ ︽ᠴᠤᠭᠯᠠᠭᠤᠯᠬᠤ ᠣᠷᠣᠭᠤᠯᠬᠤ ᠬᠠᠮᠢᠶᠠᠷᠬᠤ ᠪᠤᠴᠠᠭᠠᠬᠤ︾ ᠡᠯ᠎ᠡ ᠭᠤᠭᠴᠣᠭᠠᠨ ᠳᠠᠬᠢ ᠲᠦᠭᠵᠢᠷᠡᠯ ᠢ | ᠲᠦᠷᠭᠡᠬᠡᠨ ᠨᠡᠪᠲᠡᠷᠡᠭᠦᠯᠵᠦ᠂ ᠨᠥᠬᠦᠴᠡᠯ ᠳᠤ ᠨᠡᠶᠢᠴᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠳ ᠤᠨ ᠬᠢᠯᠢ ᠶᠢᠨ ᠳᠣᠲᠣᠨ᠎ᠠ | ᠭᠠᠳᠠᠨᠠᠬᠢ ᠵᠠᠬ᠎ᠠ ᠳᠡᠯᠭᠡᠭᠦᠷ ᠲᠤ ᠭᠠᠷᠬᠤ ᠶᠢ ᠨᠢ ᠳᠡᠮᠵᠢᠵᠦ᠂ ᠰᠲ᠋ᠣᠺ ᠤᠨ ᠡᠷᠬᠡ ᠰᠢᠯᠵᠢᠭᠦᠯᠬᠦ᠂ ᠨᠡᠶᠢᠯᠡᠭᠦᠯᠦᠨ ᠬᠤᠳᠠᠯᠳᠤᠵᠤ ᠠᠪᠬᠤ ᠵᠠᠬ᠎ᠠ ᠳᠡᠯᠭᠡᠭᠦᠷ ᠢ ᠶᠡᠭᠡ ᠪᠠᠷ | ᠬᠥᠭᠵᠢᠭᠦᠯᠵᠦ᠂ ᠪᠣᠳᠠᠲᠤ ᠶᠠᠭᠤᠮ᠎ᠠ ᠪᠠᠷ ᠬᠤᠪᠢᠶᠠᠷᠢᠯᠠᠬᠤ ᠰᠲ᠋ᠣᠺ ᠤᠨ ᠲᠤᠷᠰᠢᠯᠲᠠ ᠶᠢᠨ ᠴᠡᠭ ᠤᠳ ᠢ ᠳᠡᠯᠭᠡᠷᠡᠭᠦᠯᠵᠦ᠂ ᠨᠡᠶᠢᠭᠡᠮ ᠤᠨ ᠬᠦᠷᠦᠩᠭᠡ ᠶᠢ ᠵᠣᠷᠢᠭᠵᠢᠭᠤᠯᠵᠤ | ᠪᠠᠶᠢᠭᠠᠳ ᠡᠬᠡ ᠰᠠᠭᠤᠷᠢ ᠮᠥᠩᠭᠦ ᠪᠠᠨ ᠵᠠᠬ᠎ᠠ ᠳᠡᠯᠭᠡᠭᠦᠷᠴᠢᠯᠡᠵᠦ ᠨᠡᠶᠢᠯᠡᠭᠦᠯᠦᠨ ᠬᠤᠳᠠᠯᠳᠤᠵᠤ ᠠᠪᠬᠤ ᠪᠤᠶᠤ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠬᠤᠶᠠᠳᠤᠭᠠᠷ | ᠳᠡᠰ ᠤᠨ ᠵᠠᠬ᠎ᠠ ᠳᠡᠯᠭᠡᠭᠦᠷ ᠤᠨ ᠰᠠᠭᠤᠷᠢ ᠮᠥᠩᠭᠦ ᠶᠢ ᠪᠠᠶᠢᠭᠤᠯᠵᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠢᠯ ᠲᠦᠷᠦᠯ ᠤᠨ ᠰᠠᠶᠢᠨ ᠣᠷᠴᠢᠯ ᠢ ᠠᠬᠢᠭᠤᠯᠬᠤ | ᠬᠡᠷᠡᠭᠲᠡᠢ᠃ ᠤᠯᠤᠰ ᠤᠨ ᠥᠮᠴᠢᠯᠡᠯᠲᠦ ᠡᠳ᠋ ᠬᠦᠷᠦᠩᠭᠡ ᠪᠠᠷ ᠭᠠᠷᠭᠠᠬᠤ ᠪᠡᠯᠡ ᠮᠥᠩᠭᠦ ᠶᠢ ᠨᠡᠩ ᠬᠠᠷᠢᠭᠤᠴᠠᠯᠭ᠎ᠠ ᠲᠠᠢ ᠤᠷᠳᠤ ᠬᠤᠭᠤᠴᠠᠭᠠᠨ ᠤ ᠬᠦᠷᠦᠩᠭᠡ᠂ ᠬᠦᠯᠢᠴᠡᠩᠭᠦᠢ | ᠬᠥᠷᠥᠩᠭᠡ ᠪᠣᠯᠭᠠᠬᠤ ᠶᠢ ᠨᠢ ᠠᠬᠢᠭᠤᠯᠵᠤ᠂ ᠤᠯᠤᠰ ᠤᠨ ᠥᠮᠴᠢᠯᠡᠯᠲᠦ ᠪᠡᠯᠡ ᠮᠥᠩᠭᠦ ᠪᠠᠷ ᠪᠡᠯᠡ ᠭᠠᠷᠭᠠᠬᠤ ᠂ ᠰᠢᠯᠭᠠᠨ ᠬᠢᠨᠠᠬᠤ᠂ ᠠᠯᠳᠠᠰᠢ ᠶᠢ ᠨᠢ ᠠᠭᠤᠴᠢᠯᠠᠨ | ᠪᠠᠭᠲᠠᠭᠠᠬᠤ ᠂ ᠪᠤᠴᠠᠭᠠᠨ ᠭᠠᠷᠭᠠᠬᠤ ᠯᠤᠭ᠎ᠠ ᠬᠤᠯᠪᠣᠭᠳᠠᠭᠰᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠦᠢᠯᠡᠰ ᠪᠣᠰᠬᠠᠬᠤ ᠪᠡᠯᠡ | ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠭᠤᠣᠯᠳᠠᠯᠭ᠎ᠠ | ᠪᠣᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠦᠨ᠂ ᠦᠢᠯᠡᠰ ᠪᠣᠰᠬᠠᠬᠤ ᠪᠡᠯᠡ | ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯᠳᠤᠭᠠᠨ ᠢᠶᠠᠷ᠂ ᠥᠨᠥ ᠵᠢᠯ ᠡᠬᠢᠯᠡᠭᠰᠡᠨ ᠠᠴᠠ ᠨᠠᠭᠠᠰᠢ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠮᠤ ᠪᠤᠳᠠᠭᠠᠨ ᠤ | ᠦᠢᠯᠡᠳᠪᠦᠷᠢᠯᠡᠯ ᠬᠢᠭᠡᠳ ᠲᠠᠷᠢᠶᠠᠯᠠᠩ ᠤᠨ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠦᠶᠡᠷ ᠤᠰᠤᠲᠤᠯ ᠤᠨ ᠭᠠᠮᠰᠢᠭ ᠵᠡᠷᠭᠡ ᠠᠰᠢᠭ ᠦᠭᠡᠢ | ᠨᠥᠯᠥᠭᠡ ᠶᠢ ᠪᠦᠲᠦᠮᠵᠢᠲᠡᠢ ᠠᠷᠭᠠᠴᠠᠭᠠᠵᠤ᠂ ᠵᠣᠨ ᠤ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠠᠮᠤᠷ ᠤᠨ ᠠᠮᠤ ᠪᠤᠳᠠᠭ᠎ᠠ ᠡᠯᠪᠡᠭ | ᠬᠤᠷᠢᠶᠠᠯᠲᠠ ᠣᠯᠣᠮᠠᠷ ᠪᠠᠶᠢᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠩᠭᠠᠯᠭ᠎ᠠ ᠭᠦᠢᠴᠡᠳ ᠪᠣᠯᠣᠨ᠎ᠠ᠃ ᠨᠠᠮᠤᠷ ᠤᠨ ᠭᠠᠵᠠᠷ ᠲᠡᠭᠰᠢᠯᠡᠬᠦ᠂ ᠳᠠᠯᠠᠩᠨᠠᠬᠤ᠂ | ᠪᠣᠷᠳᠣᠭᠤᠷ ᠣᠷᠣᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ ᠰᠠᠶᠢᠲᠤᠷ ᠠᠳᠬᠤᠨ᠂ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠰᠡᠷᠭᠡᠶᠢᠯᠡᠨ | ᠠᠷᠭᠠᠴᠠᠭᠠᠬᠤ ᠶᠢ ᠴᠢᠩᠭᠠᠳᠬᠠᠵᠤ᠂ ᠮᠠᠰᠢᠨ ᠢᠶᠠᠷ ᠬᠤᠷᠢᠶᠠᠬᠤ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ ᠠᠵᠢᠯ ᠢᠶᠠᠨ ᠰᠠᠶᠢᠲᠤᠷ ᠬᠢᠵᠦ᠂ ᠨᠠᠮᠤᠷ ᠤᠨ ᠠᠮᠤ ᠪᠤᠳᠠᠭᠠᠨ ᠤ | ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠲᠥᠷᠥ ᠶᠢᠨ ᠪᠣᠳᠣᠯᠭ᠎ᠠ ᠶᠢᠨ ᠪᠡᠯᠡᠳᠬᠡᠯ ᠲᠥᠰᠦᠯ ᠢ | ᠡᠷᠲᠡᠬᠡᠨ ᠰᠤᠳᠤᠯᠤᠨ ᠲᠣᠭᠲᠠᠭᠠᠵᠤ᠂ ᠰᠢᠨ᠎ᠡ ᠣᠨ ᠤ ᠪᠤᠭᠤᠳᠠᠶ ᠬᠤᠳᠠᠯᠳᠤᠨ ᠠᠪᠬᠤ ᠬᠠᠮᠤᠭ ᠤᠨ ᠳᠣᠣᠷ᠎ᠠ ᠦᠨ᠎ᠡ ᠶᠢ ᠲᠦᠷᠭᠡᠬᠡᠨ ᠨᠡᠶᠢᠲᠡᠯᠡᠵᠦ᠂ ᠰᠢᠷ᠎ᠠ ᠪᠤᠷᠴᠠᠭ | ᠡᠳ᠋ᠰᠢᠭᠦᠯᠬᠦ ᠶᠢᠨ ᠱᠠᠩᠨᠠᠨ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠰᠠᠶᠢᠲᠤᠷ | ᠪᠠᠲᠤᠯᠠᠬᠤ ᠬᠡᠷᠡᠭᠲᠡᠶ᠃ ᠦᠬᠡᠷ ᠬᠤᠨᠢ ᠲᠡᠵᠢᠭᠡᠨ ᠦᠷᠡᠵᠢᠭᠦᠯᠬᠦ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠢ ᠨᠢ ᠲᠠᠶᠢᠯᠬᠤ ᠨᠢᠭᠡ ᠪᠦᠯᠦᠭ | ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠨᠦᠭᠦᠳ ᠤᠨ ᠬᠦᠴᠢᠷ ᠢ ᠲᠤᠭᠤᠯᠬᠤ ᠳᠤ ᠨᠢ ᠬᠠᠪᠰᠤᠷᠤᠯᠭ᠎ᠠ ᠦᠵᠡᠭᠦᠯᠬᠦ | ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ | ᠪᠠᠲᠤᠯᠠᠭᠠᠳ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠪᠠᠨ ᠴᠢᠩᠭᠠᠳᠬᠠᠬᠤ ᠨᠢ ᠨᠠᠮ ᠪᠣᠯᠤᠨ ᠤᠯᠤᠰ ᠠᠴᠠ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠪᠠ | ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠬᠠᠶᠢᠷᠠᠯᠠᠨ ᠬᠠᠯᠠᠮᠵᠢᠯᠠᠵᠤ ᠪᠠᠶᠢᠬᠤ ᠪᠠᠨ ᠢᠯᠡᠷᠡᠭᠦᠯᠵᠦ ᠪᠠᠶᠢᠨ᠎ᠠ᠃ ᠦᠷᠡᠭᠳᠡᠭᠰᠡᠨ ᠪᠠᠭᠠᠲᠤᠷᠴᠤᠳ ᠤᠨ ᠭᠡᠷ | ᠪᠦᠯᠢ ᠶᠢᠨ ᠬᠢᠨ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠠᠮᠢᠳᠤᠷᠠᠯ ᠤᠨ ᠲᠠᠯ᠎ᠠ ᠪᠠᠷ᠂ ᠠᠵᠢᠯ ᠤᠨ ᠲᠠᠯ᠎ᠠ ᠪᠠᠷ ᠨᠡᠩ ᠢᠯᠡᠭᠦᠦ ᠠᠩᠬᠠᠷᠤᠨ ᠬᠠᠯᠠᠮᠵᠢᠯᠠᠵᠤ᠂ | ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠡᠯᠡᠳᠬᠡᠮᠵᠢ ᠶᠢᠨ ᠬᠠᠮᠠᠭᠠᠯᠠᠯᠲᠠ ᠪᠠ | ᠬᠠᠮᠢᠶᠠᠷᠤᠯᠲᠠ ᠶᠢ ᠴᠢᠩᠭᠠᠳᠬᠠᠵᠤ᠂ ᠬᠤᠪᠢᠰᠬᠠᠯ ᠤᠨ ᠬᠤᠪᠣᠷ ᠨᠠᠨᠳᠢᠨ ᠡᠬᠢ ᠪᠠᠶᠠᠯᠢᠭ ᠤᠳ ᠢ ᠰᠠᠶᠢᠲᠤᠷ ᠠᠰᠢᠭᠯᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ | ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠪᠠᠭᠠᠲᠤᠷᠴᠤᠳ ᠢ ᠬᠦᠨᠳᠦᠳᠬᠡᠬᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠭᠦᠨ ᠵᠤᠵᠠᠭᠠᠨ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ︽ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠤᠶᠠᠷ ᠬᠡᠷᠡᠭᠯᠡᠭᠡᠨ ᠤ ᠪᠠᠷᠠᠭ᠎ᠠ ᠵᠦᠢᠯᠡᠰ ᠢ ᠭᠠᠲᠠᠭᠠᠲᠤ ᠳᠤ ᠭᠠᠷᠭᠠᠬᠤ ᠶᠢ ᠵᠠᠬᠢᠷᠤᠨ | ᠬᠠᠮᠢᠶᠠᠷᠬᠤ ᠲᠦᠷᠢᠮ ︵ᠲᠦᠰᠦᠯ︶︾ ᠢ ᠬᠢᠨᠠᠨ ᠵᠦᠪᠯᠡᠵᠦ ᠪᠠᠲᠤᠯᠠᠪᠠ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | |