ᠲᠠᠶᠢᠸᠠᠨ ᠤ ᠰᠡᠭᠦᠳᠡᠷᠯᠡᠨ ᠦᠢᠯᠡᠳᠬᠦ ᠳᠤᠭᠤᠶᠢᠯᠠᠩ ᠤᠨ ᠬᠢᠨ ᠮᠠᠨ ᠤ ᠣᠷᠣᠨ ᠳᠤ ᠪᠠᠷᠢᠮᠲᠠᠲᠤ ᠺᠢᠨᠣ᠋ ᠰᠡᠭᠦᠳᠡᠷᠯᠡᠬᠦ ᠡᠭᠦᠷᠭᠡ ᠪᠠᠨ ᠤᠷᠤᠭᠰᠢᠲᠠᠶ ᠪᠡᠶᠡᠯᠡᠭᠦᠯᠵᠤ᠂ ᠳᠤᠮᠳᠠᠳᠤ ᠶᠢᠨ ᠷᠠᠳᠢᠣ᠋ ᠺᠢᠨᠣ᠋ ᠲᠧᠯᠸᠢᠰ ᠤᠨ ᠰᠣᠯᠢᠯᠴᠠᠭᠠᠨ ᠤ ᠨᠡᠶᠢᠭᠡᠮᠯᠢᠭ ᠠᠴᠠ ᠮᠠᠨ ᠤ ᠣᠷᠣᠨ ᠤ ᠬᠠᠮᠢᠶ᠎ᠠ ᠪᠥᠬᠦᠶ ᠨᠢᠭᠡᠴᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ
ᠨᠡᠶᠢᠲᠡᠯᠡᠭᠰᠡᠨ ᠴᠠᠭ᠄
2024/9/19
  2024 ᠣᠨ ᠤ 7 ᠳ᠋ᠤᠭᠠᠷ ᠰᠠᠷ᠎ᠠ ᠶᠢᠨ 17 ᠤ ᠡᠳᠦᠷ ᠠᠴᠠ 30 ᠤ ᠡᠳᠦᠷ ᠪᠣᠯᠲᠠᠯ᠎ᠠ᠂ ᠳᠤᠮᠳᠠᠳᠤ ᠶᠢᠨ ᠷᠠᠳᠢᠣ᠋ ᠲᠧᠯᠸᠢᠰ ᠤᠨ ᠰᠣᠯᠢᠯᠴᠠᠭᠠᠨ ᠤ ᠨᠡᠶᠢᠭᠡᠮᠯᠢᠭ ᠨᠢ ︽ᠲᠠᠶᠢᠸᠠᠨ ᠤ ᠳᠤᠮᠳᠠᠳᠤ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠬᠤᠳᠠᠯᠳᠤᠭᠠᠨ ᠤ ᠠᠵᠢᠯ ᠨᠢᠭᠡᠲᠡᠨ ᠤ ᠨᠡᠶᠢᠭᠡᠮᠯᠢᠭ︾ ᠤᠨ ᠬᠡᠷᠡᠯ ᠵᠢᠷᠤᠭ ᠦᠢᠯᠡᠳᠬᠦ ᠳᠤᠭᠤᠶᠢᠯᠠᠩ ᠢ ᠬᠠᠮᠵᠢᠨ ᠤᠷᠢᠳ ᠬᠤᠵᠢᠳ ᠮᠠᠨ ᠤ ᠣᠷᠣᠨ ᠤ ᠤᠯᠠᠭᠠᠨᠬᠠᠳᠠ ᠬᠤᠲᠠ᠂ ᠬᠥᠬᠡᠬᠤᠲᠠ ᠬᠤᠶᠠᠷ ᠭᠠᠵᠠᠷ ᠲᠤ ︽ᠪᠣᠳᠠᠰ ᠤᠨ ᠪᠤᠰᠤ ᠰᠣᠶᠣᠯ ᠤᠨ ᠵᠢᠭᠤᠯᠴᠢᠯᠠᠯ • ᠥᠪᠥᠷ ᠮᠣᠩᠭᠤᠯ ᠤᠨ ᠥᠯᠢᠭᠡᠷ︾ ᠬᠡᠮᠡᠬᠦ ᠪᠠᠷᠢᠮᠲᠠᠲᠤ ᠺᠢᠨᠣ᠋ ᠶᠢ ᠰᠡᠭᠦᠳᠡᠷᠯᠡᠪᠡ᠃ ᠥᠪᠥᠷ ᠮᠣᠩᠭᠤᠯ ᠤᠨ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠵᠢᠭᠤᠯᠴᠢᠯᠠᠯ᠂ ᠤᠯᠠᠮᠵᠢᠯᠠᠯᠲᠤ ᠢᠳᠡᠭᠡᠨ᠂ ᠭᠠᠷ ᠤᠷᠠᠯᠠᠯ ᠤᠨ ᠮᠡᠷᠭᠡᠰᠢᠯ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠠᠭᠤᠯᠭ᠎ᠠ ᠶᠢ ᠰᠡᠭᠦᠳᠡᠷᠯᠡᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ ᠭᠦᠨ ᠵᠤᠵᠠᠭᠠᠨ ᠲᠡᠦᠬᠡ ᠰᠣᠶᠣᠯ᠂ ᠥᠪᠡᠷᠮᠢᠴᠡ ᠣᠨᠴᠠᠯᠢᠭ ᠲᠠᠢ ᠰᠣᠶᠣᠯ ᠢᠷᠭᠡᠨᠰᠢᠯ ᠤᠨ ᠵᠠᠩ ᠠᠭᠠᠯᠢ ᠪᠣᠯᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠤᠬᠠᠭᠤᠯᠤᠨ ᠳᠡᠯᠭᠡᠨ ᠦᠵᠡᠭᠦᠯᠦᠭᠰᠡᠨ ᠪᠥᠭᠡᠳ ᠲᠠᠶᠢᠸᠠᠨ ᠤ ᠦᠵᠡᠭᠴᠢᠳ ᠤᠨ ᠨᠤᠲᠤᠭ ᠤᠰᠤ ᠪᠠᠨ ᠰᠠᠨᠠᠭᠠᠯᠵᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠤᠷᠢᠶᠡᠯᠠᠪᠠ᠃ ᠲᠤᠰ ᠪᠠᠷᠢᠮᠲᠠᠲᠤ ᠹᠢᠯᠢᠮ ᠢ ᠲᠠᠶᠢᠸᠠᠨ ᠣᠷᠣᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠲᠤ 3 ᠪᠦᠯᠦᠭ ᠤᠳᠠᠭ᠎ᠠ ᠂ ᠪᠦᠯᠦᠭ ᠪᠦᠷᠢ ᠶᠢ 60 ᠮᠢᠨᠦ᠋ᠲ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃  ᠰᠡᠭᠦᠳᠡᠷᠯᠡᠵᠦ ᠪᠠᠶᠢᠭᠰᠠᠨ ᠬᠤᠭᠤᠴᠠᠭᠠᠨ ᠳᠤ᠂ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠶᠢᠸᠠᠨ ᠤ ᠠᠵᠢᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠬᠦᠴᠦᠲᠡᠶ ᠪᠠᠲᠤᠯᠠᠭ᠎ᠠ ᠬᠠᠩᠭᠠᠪᠠ᠃ 9 ᠳ᠋ᠦ᠋ᠭᠡᠷ ᠰᠠᠷ᠎ᠠ ᠶᠢᠨ 10 ᠤ ᠡᠳᠦᠷ᠂ ᠳᠤᠮᠳᠠᠳᠤ ᠶᠢᠨ ᠷᠠᠳᠢᠣ᠋ ᠺᠢᠨᠣ᠋ ᠲᠧᠯᠸᠢᠰ ᠤᠨ ᠰᠣᠯᠢᠯᠴᠠᠭᠠᠨ ᠤ ᠨᠡᠶᠢᠭᠡᠮᠯᠢᠭ  ᠠᠴᠠ ᠰᠡᠭᠦᠳᠡᠷᠯᠡᠨ ᠦᠢᠯᠡᠳᠬᠦ ᠳᠤᠭᠤᠶᠢᠯᠠᠩ ᠢ ᠲᠦᠯᠦᠭᠡᠯᠡᠨ ︽ᠲᠠᠯᠠᠷᠬᠠᠯ ᠤᠨ ᠵᠠᠬᠢᠳᠠᠯ︾ ᠢᠷᠡᠭᠦᠯᠵᠦ᠂ ᠮᠠᠨ ᠤ ᠣᠷᠣᠨ ᠤ ᠬᠠᠮᠢᠶ᠎ᠠ ᠪᠥᠬᠦᠶ ᠨᠢᠭᠡᠴᠢ ᠳᠤ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠥᠪᠥᠷ ᠮᠣᠩᠭᠤᠯ ᠤᠨ ᠲᠤᠰᠤᠨ ᠪᠤᠳᠤᠭ ᠤᠨ ᠵᠢᠷᠤᠭ ᠮᠡᠲᠦ ᠭᠤᠶᠤ ᠦᠵᠡᠮᠵᠢ᠂ ᠬᠠᠯᠠᠭᠤᠮᠰᠤᠭ ᠵᠣᠴᠢᠨᠰᠠᠭ ᠠᠷᠠᠳ ᠲᠦᠮᠡᠨ᠂ ᠬᠢᠵᠠᠭᠠᠯᠠᠰᠢ ᠥᠬᠡᠶ ᠠᠮᠲᠠᠲᠤ ᠢᠳᠡᠭᠡᠨ ᠨᠢ ᠲᠡᠳᠡᠨ ᠳᠤ ᠭᠦᠨ ᠰᠠᠭᠤᠭᠳᠠᠯ ᠦᠯᠡᠳᠡᠭᠡᠭᠰᠡᠨ ᠢᠶᠠᠨ ᠢᠯᠡᠷᠬᠡᠶᠢᠯᠡᠵᠦ᠂ ᠥᠪᠥᠷ ᠮᠣᠩᠭᠤᠯ ᠤᠨ ᠡᠯᠪᠡᠭ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠨᠢ ᠲᠡᠳᠡᠨ ᠳᠤ ᠲᠦᠭᠦᠷᠡᠩ ᠠᠮᠵᠢᠯᠲᠠ ᠣᠯᠭᠤᠪᠠ᠃ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map