| | | | | | ᠼᠠᠢ ᠴᠢ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠯᠢ ᠰᠢ | ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 30 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠢᠳᠡᠪᠬᠢᠲᠡᠢ ᠦᠷ᠎ᠡ ᠪᠦᠲᠦᠮᠵᠢ ᠣᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠳᠤ᠂ ᠡᠳᠦᠷ ᠲᠤᠲᠤᠮ ᠳᠤ ᠠᠭᠤᠰᠤᠯᠴᠠᠭᠤᠯᠵᠤ ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠨ ᠢᠶᠠᠷ ᠡᠬᠢᠯᠡᠭᠦᠯᠵᠦ | ᠰᠠᠶᠢᠨ ᠢᠶᠠᠷ ᠲᠡᠭᠦᠰᠬᠡᠵᠦ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠭᠦᠯ ᠬᠤᠷᠢᠶᠠᠬᠤ ᠠᠵᠢᠯ ᠢ ᠰᠠᠶᠢᠲᠤᠷ ᠠᠳᠬᠤᠬᠤ | ᠬᠡᠷᠡᠭᠲᠡᠢ᠃ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠵᠤ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠶᠢ | ᠪᠠᠶᠢᠩᠭᠤᠵᠢᠭᠤᠯᠤᠨ ᠠᠬᠢᠭᠤᠯᠵᠤ᠂ ᠪᠠᠶᠢᠩᠭᠤ ᠶᠢᠨ ᠴᠢᠨᠠᠷ ᠪᠠ ᠲᠥᠪᠯᠡᠷᠡᠩᠭᠦᠢ ᠴᠢᠨᠠᠷ ᠢ ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ | ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ᠂ ᠪᠠᠲᠤᠯᠠᠨ ᠵᠣᠷᠢᠭᠵᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠬᠡᠷᠡᠭᠲᠡᠢ᠃ | ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠬᠦᠴᠦᠯᠡᠨ ᠠᠷᠢᠯᠭᠠᠵᠤ᠂ ᠨᠡᠮᠡᠭᠳᠡᠯ ᠢ ᠨᠡᠩ ᠪᠦᠲᠦᠮᠵᠢᠲᠡᠢ ᠬᠤᠷᠢᠭᠯᠠᠵᠤ᠂ ᠦᠯᠡᠳᠡᠭᠳᠡᠯ ᠢ | ᠠᠷᠢᠯᠭᠠᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠭᠰᠠᠨ ᠤᠷᠢᠲᠠᠯ ᠳᠣᠣᠷ᠎ᠠ᠂ ᠰᠢᠷᠭᠠᠭᠤ ᠠᠵᠢᠯᠯᠠᠵᠤ᠂ ᠵᠣᠷᠢᠭᠲᠠᠢ | ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠢᠳᠡᠪᠬᠢᠲᠡᠢ ᠠᠵᠢᠯᠯᠠᠬᠤ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 30 ᠤ ᠡᠳᠦᠷ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠴᠢᠬᠤᠯᠠ | ᠵᠢᠭᠠᠪᠤᠷᠢ ᠶᠢ ᠤᠯᠠᠮᠵᠢᠯᠠᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠳᠠᠢ ᠪᠤᠯᠭᠠᠬᠤ ᠶᠢ | ᠠᠬᠢᠭᠤᠯᠬᠤ ᠲᠤᠬᠠᠢ ᠰᠠᠨᠠᠯ︾ ᠢ ᠬᠢᠨᠠᠨ ᠶᠠᠷᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠳ᠋ᠦᠩᠨᠡᠪᠡ᠃ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠼᠠᠢ ᠴᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠰᠢ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠣᠯᠣᠭᠰᠠᠨ ᠦᠷ᠎ᠡ | ᠪᠦᠲᠦᠮᠵᠢ ᠶᠢ ᠭᠦᠢᠴᠡᠳ ᠨᠤᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ | ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠲᠤ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ ᠶᠤᠮ᠂ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠡᠨᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠣᠳᠣᠬᠠᠨ ᠳᠤ ᠦᠨᠳᠦᠰᠦᠨ ᠳᠡᠭᠡᠨ ᠳᠠᠭᠤᠰᠪᠠ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠲᠤᠷᠰᠢᠯᠭ᠎ᠠ ᠰᠠᠶᠢᠨ ᠬᠢᠳᠡᠯ ᠢ ᠳ᠋ᠦᠩᠨᠡᠨ ᠬᠡᠷᠡᠭᠯᠡᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠦᠢᠯᠡᠰ ᠢ ᠠᠬᠢᠭᠤᠯᠬᠤ ᠳᠤ ᠦᠵᠡᠭᠦᠯᠭᠦ ᠪᠠᠲᠤᠯᠠᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ︽ᠨᠢᠭᠡᠳᠦᠭᠡᠷ ᠭᠠᠷ︾᠂ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ | ᠺᠠᠳ᠋ᠷ ᠲᠤ ᠰᠠᠬᠢᠯᠭ᠎ᠠ ᠪᠠᠲᠤ ᠶᠢᠨ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠨᠠᠮ ᠤᠨ ᠭᠡᠰᠢᠭᠦᠨ᠂ ᠺᠠᠳ᠋ᠷ ᠤᠨ ᠡᠳᠦᠷ | ᠲᠤᠳᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠳᠤ ᠠᠭᠤᠰᠤᠯᠴᠠᠭᠤᠯᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠬᠢ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠠᠮᠵᠢᠯᠲᠠ ᠲᠠᠢ ᠲᠤᠷᠰᠢᠯᠭ᠎ᠠ ᠶᠢ ᠠᠰᠢᠭᠯᠠᠵᠤ᠂ ᠴᠢᠨᠠᠷ ᠰᠠᠶᠢᠲᠠᠢ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠷ ᠨᠠᠮ ᠤᠨ | ᠪᠠᠶᠢᠭᠤᠯᠤᠯᠲᠠ ᠶᠢᠨ ᠲᠦᠪᠰᠢᠨ ᠢ ᠠᠬᠢᠭᠤᠯᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠬᠤ ᠶᠢ ᠠᠬᠢᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠬᠡᠷᠡᠭᠲᠡᠢ᠃ ︽ᠲᠦᠷᠪᠡᠨ ᠵᠦᠢᠯ ᠤᠨ ᠭᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ | ᠣᠨᠣᠪᠴᠢᠲᠠᠢ ᠵᠢᠷᠤᠮᠵᠢᠯ ᠲᠠᠢ ᠪᠠᠷ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠷ ᠳᠠᠮᠵᠢᠨ ᠺᠠᠳ᠋ᠷᠴᠤᠳ ᠤᠨ ᠨᠡᠩ ᠰᠠᠶᠢᠨ ᠢᠶᠠᠷ ᠠᠵᠢᠯ ᠬᠢᠵᠦ ᠦᠢᠯᠡᠰ ᠪᠣᠰᠬᠠᠬᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠯᠢ ᠭᠠᠨ ᠵᠢᠶᠧ᠂ ᠯᠢ ᠱᠤ᠋ ᠯᠧᠢ᠂ ᠮᠦ ᠬᠤᠩ᠂ ᠵᠢᠶᠠᠩ ᠰᠢᠨ ᡁᠢ ᠬᠤᠷᠠᠯ ᠳᠤ ᠣᠷᠣᠯᠴᠠᠪᠠ᠃ | ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠬᠤᠷᠠᠯ ᠳᠤ ᠣᠷᠣᠯᠴᠠᠪᠠ᠃ | | |