2024 ᠣᠨ ᠤ ᠨᠡᠪᠲᠡᠷᠡᠭᠦᠯᠭᠡ ᠶᠢᠨ ᠰᠢᠷᠢᠰ᠂ ᠰᠣᠨᠢᠨ ᠮᠡᠳᠡᠭᠡᠨ ᠤ ᠰᠢᠷᠢᠰ᠂ ᠡᠯᠧᠺᠲᠷᠣᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠪᠠᠲᠤᠯᠠᠭᠳᠠᠭᠰᠠᠨ ᠬᠥᠮᠦᠰ ᠤᠨ ᠨᠡᠷᠡᠰ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠳᠡᠯᠡᠯ
ᠨᠡᠶᠢᠲᠡᠯᠡᠭᠰᠡᠨ ᠴᠠᠭ᠄
2024/9/20
  ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠲᠠᠷᠬᠠᠭᠠᠭᠰᠠᠨ ﹇ 2023﹈ 4 ᠳ᠋ᠤᠭᠡᠷ ᠲᠣᠭᠠᠲᠤ︶᠂ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 ᠣᠨ ᠤ ᠪᠥᠬᠦ ᠣᠷᠣᠨ ᠤ ᠨᠡᠪᠲᠡᠷᠡᠭᠦᠯᠭᠡ ᠶᠢᠨ ᠰᠢᠷᠢᠰ ᠳᠡᠭᠡᠳᠦ ᠳᠤᠮᠳᠠ ᠵᠡᠷᠭᠡ᠂ ᠰᠣᠨᠢᠨ ᠮᠡᠳᠡᠭᠡᠨ ᠤ ᠰᠢᠷᠢᠰ ᠳᠤᠮᠳᠠ ᠵᠡᠷᠭᠡ᠂ ᠣᠷᠣᠨ ᠤ ᠰᠢᠭᠤᠳ ᠬᠠᠷᠢᠶ᠎ᠠ ᠡᠯᠧᠺᠲᠷᠣᠨ ᠢᠨᠵᠧᠨᠧᠷᠢᠩ ᠤᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠭᠰᠠᠨ ᠳ᠋ᠦᠩ ᠢ ᠨᠡᠶᠢᠲᠡᠯᠡᠪᠡ᠃  ᠨᠡᠶᠢᠲᠡᠯᠡᠬᠦ ᠬᠤᠭᠤᠴᠠᠭᠠᠨ ᠳᠤ᠂ ᠬᠢᠨᠠᠨ ᠲᠣᠭᠲᠠᠭᠠᠵᠤ ᠪᠠᠲᠤᠯᠠᠭᠳᠠᠭᠰᠠᠨ ᠬᠥᠮᠦᠰ ᠲᠤ ᠮᠠᠳᠠᠭ ᠲᠠᠢ ᠪᠣᠯ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠦᠨᠡᠨ ᠪᠣᠳᠠᠲᠠᠶ ᠦᠨᠳᠦᠰᠦ ᠪᠠᠷᠢᠮᠲᠠ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ ᠪᠢᠴᠢᠭ ᠤᠨ ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠳᠠᠭᠠᠯᠳᠤᠭᠤᠯᠵᠤ᠂ ᠲᠠᠷᠠᠭᠠᠴᠢ ᠶᠢᠨ ᠠᠯᠬᠤᠮ ᠳᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠳᠥᠭᠦᠮ ᠦᠵᠡᠭᠦᠯᠦᠨ᠎ᠡ᠃  ᠨᠡᠶᠢᠲᠡᠯᠡᠬᠦ ᠴᠠᠭ᠄ 2024 ᠣᠨ ᠤ 9 ᠳ᠋ᠦ᠋ᠭᠡᠷ ᠰᠠᠷ᠎ᠠ ᠶᠢᠨ 23 ᠤ ᠡᠳᠦᠷ ᠠᠴᠠ 27 ᠤ ᠡᠳᠦᠷ ᠪᠣᠯᠲᠠᠯ᠎ᠠ  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠨᠣᠮᠧᠷᠲᠤ A ᠰᠠᠭᠤᠳᠠᠯ ᠤᠨ 1717 ᠥᠷᠥᠭᠡ  ᠬᠠᠷᠢᠯᠴᠠᠬᠤ ᠤᠲᠠᠰᠤ᠄ 0471- 4590021  2024 ᠣᠨ ᠤ ᠨᠡᠪᠲᠡᠷᠡᠭᠦᠯᠭᠡ ᠶᠢᠨ ᠰᠢᠷᠢᠰ ᠳᠡᠭᠡᠳᠦ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠬᠥᠮᠥᠰ ᠤᠨ ᠨᠡᠷᠡᠰ ᠤᠨ ᠪᠦᠷᠢᠳᠬᠡᠯ.xls  2024 ᠣᠨ ᠤ ᠡᠯᠧᠺᠲᠷᠣᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠬᠥᠮᠥᠰ ᠤᠨ ᠨᠡᠷᠡᠰ ᠤᠨ ᠪᠦᠷᠢᠳᠬᠡᠯ.xlsx  2024 ᠣᠨ ᠤ ᠰᠣᠨᠢᠨ ᠮᠡᠳᠡᠭᠡᠨ ᠤ ᠰᠢᠷᠢᠰ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠬᠥᠮᠥᠰ ᠤᠨ ᠨᠡᠷᠡᠰ ᠤᠨ ᠪᠦᠷᠢᠳᠬᠡᠯ.xlsx  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ 

 

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map