ᠨᠠᠢᠮᠠᠨ ᠠᠩᠬᠠᠷᠤᠯ ᠢᠶᠠᠷ ᠯᠢᠶᠣᠤᠨᠢᠩ ᠤᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/9/25
  ᠯᠢᠶᠣᠤᠨᠢᠩ ᠮᠤᠵᠢ ᠶᠢᠨ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ᠂ ᠯᠢᠶᠣᠤᠨᠢᠩ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠪᠦᠬᠦ ᠮᠤᠵᠢ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃  ᠨᠢᠭᠡ᠂ ᠭᠤᠣᠯ ᠰᠡᠳᠦᠪ ᠭᠤᠣᠯ ᠱᠤᠭᠤᠮ ᠤᠨ ᠤᠬᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡ ᠨᠡᠩ ᠬᠦᠴᠦᠷᠬᠡᠭᠵᠢᠪᠡ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠤᠨ ᠮᠡᠳᠡᠭᠡᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠯᠢᠶᠣᠤᠨᠢᠩ ᠤᠨ ᠰᠣᠨᠢᠨ ᠮᠡᠳᠡᠭᠡ︾ ᠳᠤ ︽ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠬᠤ ᠰᠢᠷᠢᠰ ᠶᠠᠷᠢᠯᠴᠠᠭ᠎ᠠ︾ ᠵᠡᠷᠭᠡ ᠲᠤᠰᠬᠠᠢ ᠪᠤᠯᠤᠩ ᠭᠠᠷᠭᠠᠵᠤ᠂ ︽ᠶᠡᠷᠦᠩᠬᠡᠢ ᠱᠦᠵᠢ ᠶᠢᠨ ᠠᠷᠠᠳ ᠲᠦᠮᠡᠨ ᠤ ᠬᠠᠶᠢᠷ᠎ᠠ ᠰᠡᠳᠬᠢᠯᠭᠡ︾ ᠵᠡᠷᠭᠡ ᠤᠯᠠᠨ ᠮᠡᠳᠡᠭᠡᠯᠡᠯ ᠢ ᠶᠡᠷᠦᠩᠬᠡᠢ ᠬᠤᠷᠢᠶ᠎ᠠ ᠶᠢᠨ ︽ᠰᠣᠨᠢᠨ ᠮᠡᠳᠡᠭᠡᠨ ᠤ ᠨᠡᠪᠲᠡᠷᠡᠭᠦᠯᠭᠡ︾ ᠶᠢᠨ ᠲᠡᠷᠢᠭᠦᠨ ᠨᠢᠭᠤᠷ ᠲᠤ ᠨᠡᠪᠲᠡᠷᠡᠭᠦᠯᠪᠡ᠃ ᠪᠦᠬᠦ ᠮᠤᠵᠢ ᠶᠢᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠠᠮᠲᠤᠷᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠭᠤᠣᠯ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠤᠨ ᠪᠦᠷᠢᠯᠳᠦᠭᠦᠯᠵᠦ᠂ ᠪᠸᠢ ᠳ᠋ᠸᠦ ᠬᠠᠮ ᠵᠠᠭᠤᠴᠢᠯᠠᠭᠤᠷ ᠂ ᠳ᠋ᠠᠯᠢᠶᠠᠨ ᠡᠭᠦᠯᠡ ᠵᠡᠷᠭᠡ ᠬᠡᠷᠡᠭᠯᠡᠭᠴᠢ ᠶᠢᠨ ᠦᠵᠦᠭᠦᠷ ᠤᠨ ᠰᠦᠯᠵᠢᠶᠡᠨ ᠳᠡᠭᠡᠷᠡᠬᠢ ᠲᠤᠰᠬᠠᠶ ᠪᠣᠯᠣᠩ ᠢ ᠵᠣᠬᠢᠶᠠᠨ ᠪᠠᠶᠢᠭᠤᠯᠵᠤ᠂ ᠶᠡᠷᠦᠩᠬᠡᠶ ᠱᠦᠵᠢ ᠶᠢᠨ ᠴᠢᠬᠤᠯᠠ ᠴᠠᠭ ᠤᠨ ᠤᠯᠤᠰ ᠲᠥᠷᠥ ᠶᠢᠨ ᠮᠡᠳᠡᠭᠡᠯᠡᠯ ᠢ 230 ᠭᠠᠷᠤᠶ ᠵᠤᠷᠪᠤᠰ ᠳᠠᠮᠵᠢᠭᠤᠯᠤᠨ ᠬᠦᠷᠭᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠵᠤ᠂ ︽ᠬᠤᠷᠢᠳᠤᠭᠠᠷ ᠶᠡᠭᠡ ᠬᠤᠷᠠᠯ ᠤᠨ ᠯᠢᠶᠣᠤᠨᠢᠩ ᠮᠤᠵᠢ ᠳᠠᠬᠢ ᠠᠵᠢᠯᠯᠠᠭ᠎ᠠ ᠬᠢᠬᠦ ᠶᠢ ᠲᠤᠭᠤᠰᠢᠯᠠᠭᠤᠯᠬᠤ︾ ᠵᠡᠷᠭᠡ ᠲᠤᠰᠬᠠᠢ ᠪᠤᠯᠤᠩ ᠪᠠ ᠰᠢᠷᠢᠰ ᠮᠡᠳᠡᠭᠡᠯᠡᠯ ᠭᠠᠷᠭᠠᠵᠤ᠂ ᠪᠦᠬᠦ ᠮᠤᠵᠢ ᠶᠢᠨ ᠡᠯ᠎ᠡ ᠱᠠᠲᠤᠨ ᠤ  ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠠᠶᠢᠭᠤᠯᠤᠮᠵᠢ ᠪᠥᠬᠦ ᠵᠢᠯ ᠳᠤ ᠬᠤᠯᠪᠣᠭᠳᠠᠬᠤ ᠷᠠᠳᠢᠣ᠋ ᠲᠧᠯᠸᠢᠰ ᠤᠨ ᠮᠡᠳᠡᠭᠡᠯᠡᠯ ᠢ ᠨᠡᠶᠢᠲᠡ 1.8 ᠲᠦᠮᠡ ᠭᠠᠷᠤᠢ ᠵᠤᠷᠪᠤᠰ᠂ ᠰᠢᠨ᠎ᠡ ᠵᠠᠭᠤᠴᠢᠯᠠᠭᠤᠷ ᠤᠨ ᠮᠡᠳᠡᠭᠡᠯᠡᠯ ᠢ ᠨᠡᠶᠢᠲᠡ 2.1 ᠲᠦᠮᠡ ᠭᠠᠷᠤᠢ ᠵᠤᠷᠪᠤᠰ ᠨᠡᠪᠲᠡᠷᠡᠭᠦᠯᠪᠡ᠃  ᠬᠤᠶᠠᠷ᠂ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ᠂ ︽ᠯᠢᠶᠣᠤᠨᠢᠩ ᠤᠨ ᠬᠠᠭᠤᠴᠢᠨ ᠨᠡᠷᠡᠲᠦ ᠲᠡᠮᠳᠡᠭᠲᠦ︾ ᠶᠢᠨ ᠰᠣᠳᠣᠨ ᠪᠦᠲᠦᠭᠡᠯ ᠢ ᠳᠠᠬᠢᠨ ᠰᠢᠨ᠎ᠡ ᠳᠡᠭᠲᠡᠷ ᠲᠤ ᠭᠠᠷᠭᠠᠪᠠ  ᠪᠥᠬᠦ ᠮᠤᠵᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠡᠭᠦᠳᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠰᠡᠳᠦᠪ ᠰᠣᠩᠭᠤᠬᠤ ᠲᠥᠯᠥᠪᠵᠢᠭᠦᠯᠭᠡ᠂ ᠭᠤᠤᠯᠳᠠᠯᠭ᠎ᠠ ᠲᠠᠢ ᠵᠣᠬᠢᠶᠠᠨ ᠪᠦᠲᠦᠭᠡᠬᠦ ᠪᠠ ᠵᠣᠬᠢᠶᠠᠨ ᠪᠦᠲᠦᠭᠡᠬᠦ ᠭᠤᠤᠯ ᠴᠣᠭᠴᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ᠭᠤᠤᠯ ᠰᠡᠳᠦᠪᠲᠦ ᠤᠷᠤᠯᠳᠤᠭᠠᠨ᠂ ᠰᠢᠯᠢᠳᠡᠭ ᠪᠦᠲᠦᠭᠡᠯ ᠢ ᠴᠤᠭᠯᠠᠭᠤᠯᠬᠤ ᠪᠠ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠵᠡᠷᠭᠡ 9 ᠵᠦᠢᠯ ᠤᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠪᠥᠬᠦ ᠵᠢᠯ ᠳᠤ ᠨᠡᠶᠢᠲᠡ 740 ᠡᠯ᠎ᠡ ᠲᠥᠷᠥᠯ ᠤᠨ ᠰᠢᠯᠢᠳᠡᠭ ᠪᠦᠲᠦᠭᠡᠯ ᠢ ᠰᠢᠯᠭᠠᠷᠠᠭᠤᠯᠵᠤ᠂ 38 ᠪᠦᠲᠦᠭᠡᠯ ᠨᠢ ᠡᠯ᠎ᠡ ᠲᠥᠷᠥᠯ ᠤᠨ ᠤᠯᠤᠰ ᠤᠨ ᠲᠠᠰ ᠤᠨ ᠱᠠᠩᠨᠠᠯ ᠪᠠ ᠰᠢᠨ᠎ᠡ ᠶᠢ ᠡᠭᠦᠳᠦᠨ ᠰᠢᠯᠢᠳᠡᠭ ᠢ ᠡᠭᠦᠳᠦᠭᠰᠡᠨ ᠦᠷ᠎ᠡ ᠪᠦᠲᠦᠭᠡᠯ ᠢ ᠭᠥᠷᠳᠡᠵᠦ᠂ ︽ᠯᠢᠶᠣᠤᠨᠢᠩ ᠤᠨ ᠬᠠᠭᠤᠴᠢᠨ ᠨᠡᠷᠡᠲᠦ ᠲᠡᠮᠳᠡᠭᠲᠦ︾ ᠶᠢᠨ ᠦᠵᠡᠵᠦ ᠰᠣᠨᠣᠰᠬᠤ ᠰᠣᠳᠣᠨ ᠪᠦᠲᠦᠭᠡᠯ ᠢ ᠲᠠᠰᠤᠷᠠᠯᠲᠠ ᠥᠬᠡᠶ ᠢᠯᠡᠷᠡᠭᠦᠯᠬᠦ ᠶᠢ ᠠᠬᠢᠭᠤᠯᠪᠠ᠃ ᠯᠢᠶᠣᠤᠨᠢᠩ ᠤᠨ ᠴᠠᠭᠠᠨ ᠰᠠᠷ᠎ᠠ ᠶᠢᠨ ᠦᠳᠡᠰᠢᠯᠡᠭᠡ ᠪᠦᠬᠦ ᠤᠯᠤᠰ ᠲᠤ ᠬᠤᠶᠢᠨ᠎ᠠ ᠬᠤᠶᠢᠨ᠎ᠠ ᠠᠴᠠ ᠪᠠᠨ ᠬᠦᠯᠢᠶᠡᠨ ᠠᠪᠴᠤ ᠦᠵᠡᠬᠦ ᠤᠷᠤᠯᠳᠤᠭᠠᠨ ᠳᠤ ᠮᠠᠩᠯᠠᠶᠢᠯᠠᠪᠠ᠃ ︽ᠵᠠᠩᠵᠤᠨ ᠤ ᠦᠬᠦᠯ︾ ᠪᠠᠷᠢᠮᠲᠠᠲᠤ ᠺᠢᠨᠣ᠋ ︽ᠤᠴᠢᠷ ᠲᠠᠢ ᠪᠣᠯ ᠪᠢᠶᠣᠤ ᠠᠬ᠎ᠠ ᠪᠠᠨ ᠡᠷᠢ︾ ᠷᠠᠳᠢᠣ᠋ ᠨᠡᠪᠲᠡᠷᠡᠭᠦᠯᠭᠡ ᠶᠢᠨ ᠵᠦᠴᠦᠭᠡ ᠶᠢ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠲᠣᠮᠣ ᠱᠠᠩᠨᠠᠯ ᠢ ᠬᠦᠷᠲᠡᠵᠦ᠂ ︽︿ᠯᠧᠢ ᠹᠧᠩ ᠬᠤᠷᠢᠶᠠᠮᠤ ﹀ — ᠡᠭᠦᠷᠢᠳᠡ ᠲᠠᠰᠤᠷᠠᠰᠢ ᠦᠭᠡᠢ ᠵᠠᠬᠢᠳᠠᠯ ︾ ᠨᠢ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠷᠠᠳᠢᠣ᠋ ᠲᠧᠯᠸᠢᠰ ᠤᠨ ᠰᠣᠨᠢᠨ ᠮᠡᠳᠡᠭᠡᠨ ᠤ ︽ᠵᠠᠭᠤᠨ ᠰᠢᠯᠢᠳᠡᠭ︾ ᠳᠤ ᠰᠣᠩᠭᠤᠭᠳᠠᠪᠠ᠂ ︽ᠨᠠᠮᠤᠷ ᠤᠨ ᠤᠰᠤ ᠤᠷᠲᠤ ᠲᠡᠭᠷᠢ︾ ᠪᠠᠷᠢᠮᠲᠠᠲᠤ ᠺᠢᠨᠣ᠋ 29 ᠳ᠋ᠦ᠋ᠭᠡᠷ ᠬᠤᠭᠤᠴᠠᠭᠠᠨ ᠤ ᠳᠤᠮᠳᠠᠳᠤ ᠤᠯᠤᠰ ᠤᠨ ᠪᠠᠷᠢᠮᠲᠠᠲᠤ ᠺᠢᠨᠣ᠋ ᠶᠢᠨ ᠣᠬᠤᠷ ᠺᠢᠨᠣ᠋ ᠶᠢᠨ ᠠᠷᠪᠠᠨ ᠰᠢᠯᠢᠳᠡᠭ ᠪᠦᠲᠦᠭᠡᠯ ᠳᠤ ᠰᠢᠯᠭᠠᠷᠠᠭᠤᠯᠤᠭᠳᠠᠪᠠ᠃  ᠭᠤᠷᠪᠠ᠂ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠤᠯᠠᠨ ᠤᠯᠤᠰ ᠤᠨ ᠳᠠᠮᠵᠢᠭᠤᠯᠭ᠎ᠠ ᠰᠢᠨ᠎ᠡ ᠰᠢᠪᠲᠤᠯᠤᠯᠲᠠ ᠲᠠᠢ ᠪᠣᠯᠪᠠ  ︽ᠳᠤᠮᠳᠠᠳᠤ ᠤᠯᠤᠰ ᠤᠨ ᠰᠡᠷᠡᠯᠲᠡ • ᠯᠢᠶᠣᠤᠨᠢᠩ ᠤᠨ ᠲᠡᠮᠲᠡᠭᠯᠡᠯ — ︵ᠮᠣᠩᠭᠤᠯ ᠤᠯᠤᠰ︶ ᠵᠠᠭᠤᠨ ᠡᠳᠦᠷ ᠤᠨ ᠳᠡᠯᠭᠡᠨ ᠨᠡᠪᠲᠡᠷᠡᠭᠦᠯᠭᠡ︾ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ 10 ᠢᠵᠢ ︵ᠪᠦᠯᠦᠭ︶ ᠯᠢᠶᠣᠤᠨᠢᠩ ᠤᠨ ᠥᠪᠡᠷ ᠢᠶᠠᠨ ᠦᠢᠯᠡᠳᠦᠭᠰᠡᠨ ᠪᠠᠷᠢᠮᠲᠠᠲᠤ ᠺᠢᠨᠣ᠋ ᠶᠢ ᠣᠷᠴᠢᠭᠤᠯᠤᠨ ᠦᠢᠯᠡᠳᠴᠦ ᠮᠣᠩᠭᠤᠯ ᠤᠯᠤᠰ ᠤᠨ ᠣᠯᠠᠨ ᠨᠡᠶᠢᠲᠡ ᠶᠢᠨ ᠷᠠᠳᠢᠣ᠋ ᠲᠧᠯᠸᠢᠰ ᠬᠤᠷᠢᠶ᠎ᠠ ᠵᠡᠷᠭᠡ ᠭᠤᠤᠯ ᠵᠠᠭᠤᠴᠢᠯᠠᠭᠤᠷ ᠲᠤ ᠨᠡᠪᠲᠡᠷᠡᠭᠦᠯᠪᠡ᠃ ︽ᠲᠠᠯ᠎ᠠ ᠨᠤᠲᠤᠭ ᠤᠨ ᠦᠯᠢᠭᠡᠷ︾᠂ ︽ᠳ᠋ᠠᠯᠢᠶᠠᠨ ᠤ ᠤᠴᠠᠷᠠᠯ︾᠂ ︽ᠬᠠᠷ᠎ᠠ ᠳᠡᠭᠡᠯᠡᠢ︾ ᠵᠡᠷᠭᠡ 3 ᠪᠦᠯᠦᠭ ᠲᠧᠯᠧᠢᠰ ᠤᠨ ᠪᠠᠷᠢᠮᠲᠠᠲᠤ ᠺᠢᠨᠣ᠋ ᠨᠢ ︽ᠬᠥᠭᠡᠷᠦᠬᠦᠨ ᠳᠤᠮᠳᠠᠳᠤ ᠤᠯᠤᠰ︾ ᠤᠨ ᠣᠯᠠᠨ ᠤᠯᠤᠰ ᠤᠨ ᠳᠠᠮᠵᠢᠭᠤᠯᠭ᠎ᠠ ᠶᠢᠨ ᠲᠦᠷᠦᠯ ᠵᠦᠢᠯ ᠢᠶᠠᠷ ᠰᠣᠩᠭᠤᠭᠳᠠᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠳᠤᠷᠠᠳᠤᠭᠰᠠᠨ ᠠᠷᠪᠠᠨ ᠵᠢᠯ ᠤᠨ ᠣᠶ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠲᠠᠲᠤ ᠺᠢᠨᠣ᠋ ︽ᠲᠣᠷᠭᠠᠨ ᠵᠠᠮ ᠤᠨ ᠠᠶᠠᠯᠠᠭᠴᠢ︾ ᠶᠢ ᠭᠠᠷᠭᠠᠵᠤ ᠂ ᠭᠠᠳᠠᠭᠠᠳᠤ ᠶᠢᠨ ᠸᠢᠳᠢᠣ᠋ ᠶᠢᠨ ᠲᠠᠪᠴᠠᠩ ᠳᠤ ᠨᠡᠪᠲᠡᠷᠡᠭᠦᠯᠪᠡ᠃  ᠳᠥᠷᠪᠡ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠨᠢ ᠰᠢᠨ᠎ᠡ ᠠᠬᠢᠴᠠ ᠲᠠᠢ ᠪᠣᠯᠪᠠ  ᠪᠥᠬᠦ ᠮᠤᠵᠢ ᠶᠢᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ ᠲᠤᠰᠬᠠᠶ ᠣᠷᠣᠨ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠯᠣᠭᠤᠳᠬᠤ ᠰᠠᠨᠠᠯ ᠢ ᠨᠡᠶᠢᠲᠡᠯᠡᠪᠡ᠃ ᠪᠸᠢ ᠳ᠋ᠸᠦ ᠬᠠᠮ ᠵᠠᠭᠤᠴᠢᠯᠠᠭᠤᠷ᠂ ᠯᠢᠶᠣᠤᠨᠢᠩ ᠤᠨ ᠣᠳᠣᠨ ᠲᠧᠯᠸᠢᠰ᠂ ᠳ᠋ᠠᠯᠢᠶᠠᠨ ᠶᠦᠨ ᠵᠡᠷᠭᠡ 3 ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢᠨ ᠠᠩᠬᠠᠳᠠᠭᠴᠢ ᠪᠦᠯᠦᠭ ᠪᠦᠷᠢᠯᠳᠦᠬᠦᠨ ᠨᠢᠭᠡᠴᠢ ᠪᠣᠯᠭᠠᠬᠤ ᠶᠢ ᠠᠬᠢᠭᠤᠯᠵᠤ᠂ ᠴᠠᠭ ᠦᠶ᠎ᠡ ᠶᠢᠨ ᠤᠯᠤᠰ ᠲᠥᠷᠥ ᠶᠢᠨ ᠲᠥᠷᠥᠯ ᠤᠨ 40 ᠲᠠᠩᠰᠠᠨ ᠨᠣᠮᠧᠷ ᠢ ᠴᠤᠭᠯᠠᠭᠤᠯᠤᠨ ᠪᠥᠬᠦ ᠮᠤᠵᠢ ᠶᠢᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠠᠮᠲᠤᠷᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠥᠬᠦ ᠮᠤᠵᠢ ᠶᠢᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠥᠭᠵᠢᠯᠲᠡ ᠶᠢᠨ ᠨᠡᠷᠡᠰ ᠤᠨ ᠵᠢᠭᠰᠠᠭᠠᠯᠲᠠ ᠶᠢ ᠭᠠᠷᠭᠠᠪᠠ᠃ ᠯᠢᠶᠣᠤᠨᠢᠩ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠲᠣᠭᠤᠷᠢᠨ ᠳᠤ᠂ ᠤᠷᠢᠳ ᠬᠤᠵᠢᠳ ᠯᠢᠶᠣᠤᠨᠢᠩ ᠤᠨ ᠪᠣᠬᠢᠷᠲᠤᠯ ᠥᠬᠡᠶ ᠠᠵᠤ ᠠᠬᠤᠶ ᠶᠢᠨ ᠣᠷᠣᠨ᠂ ᠯᠢᠶᠣᠤᠨᠢᠩ ᠤᠨ ᠪᠠᠷᠠᠭᠤᠨᠳᠡᠬᠢ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠬᠤᠰᠢᠭᠤᠴᠢ ᠣᠷᠣᠨ ᠤ ᠷᠠᠳᠢᠣ᠋ ᠲᠧᠯᠸᠢᠰ ᠦᠵᠡᠵᠦ ᠰᠣᠨᠣᠰᠬᠤ ᠬᠤᠯᠪᠣᠭ᠎ᠠ ᠶᠢ ᠪᠠᠶᠢᠭᠤᠯᠵᠤ᠂ ᠡᠮᠬᠢᠯᠡᠨ ᠨᠡᠶᠢᠯᠡᠭᠦᠯᠵᠦ ᠴᠤᠭᠯᠠᠷᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠠᠬᠢᠭᠤᠯᠵᠤ᠂ ︽ᠱᠧᠨᠶᠠᠩ ᠤᠨ ᠬᠤᠲᠠ ᠶᠢᠨ ᠲᠣᠭᠤᠷᠢᠭ ᠤᠨ ᠷᠠᠳᠢᠣ᠋ ᠲᠧᠯᠸᠢᠰ ᠦᠵᠡᠵᠦ ᠰᠣᠨᠣᠰᠬᠤ ᠬᠤᠯᠪᠣᠭ᠎ᠠ ᠶᠢᠨ ᠬᠡᠷᠡᠭ ᠤᠨ ᠵᠢᠱᠢᠶ᠎ᠡ︾ ᠨᠢ 2023 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠲᠥᠷᠥᠯ ᠵᠦᠢᠯ ᠢᠶᠠᠷ ᠦᠨᠡᠯᠡᠭᠳᠡᠪᠡ᠃  ᠲᠠᠪᠤ᠂ ᠣᠶᠤᠨᠴᠢ ᠷᠠᠳᠢᠣ᠋ ᠲᠧᠯᠸᠢᠰ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠰᠢᠨ᠎ᠡ ᠳᠠᠪᠰᠢᠯᠲᠠ ᠲᠠᠢ ᠪᠣᠯᠪᠠ  ᠤᠶᠤᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠤᠶᠤᠨᠲᠤ ᠷᠠᠳᠢᠣ᠋ ᠲᠧᠯᠸᠢᠰ ᠤᠨ ᠵᠠᠭᠤᠴᠢᠯᠠᠭᠤᠷ᠂ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ᠂ ᠤᠶᠤᠨᠲᠤ ᠷᠠᠳᠢᠣ᠋ ᠲᠧᠯᠸᠢᠰ ᠤᠨ ᠠᠮᠢ ᠠᠬᠤᠶ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠪᠥᠬᠦ ᠮᠤᠵᠢ ᠶᠢᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠮᠡᠷᠭᠡᠵᠢᠯ ᠤᠨ ᠶᠠᠰᠤ ᠴᠢᠨᠠᠷ ᠤᠨ ᠱᠠᠩᠨᠠᠯ ᠰᠢᠯᠭᠠᠷᠠᠭᠤᠯᠤᠯᠲᠠ ᠶᠢᠨ ᠠᠵᠢᠯ ᠢ ᠥᠷᠨᠢᠭᠦᠯᠵᠦ᠂ ︽XR ᠰᠣᠭᠲᠤᠭᠤᠷᠠᠮᠠᠯ ᠮᠠᠶ᠋ᠢᠭ ᠤᠨ ᠲᠣᠭᠯᠠᠯᠲᠠ ᠶᠢᠨ ᠲᠠᠰᠤᠭ︾᠂ ︽ᠷᠠᠳᠢᠣ᠋ ᠬᠠᠮ ᠵᠠᠭᠤᠴᠢᠯᠠᠭᠤᠷ ᠤᠨ ᠣᠶᠣᠨᠲᠤ ᠦᠢᠯᠡᠳᠪᠦᠷᠢᠯᠡᠯ ᠤᠨ ᠨᠡᠶᠢᠲᠡᠯᠡᠬᠦ ᠰᠢᠰᠲ᠋ᠧᠮ︾ ᠵᠡᠷᠭᠡ 2 ᠲᠥᠷᠥᠯ ᠵᠦᠢᠯ ᠨᠢ ᠳᠤᠮᠳᠠᠳᠤ ᠤᠯᠤᠰ ᠤᠨ ᠺᠢᠨᠣ᠋ ᠲᠧᠯᠸᠢᠰ ᠤᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠭᠥᠷᠳᠡᠵᠦ᠂ ︽ᠣᠯᠠᠨ ᠵᠠᠭᠪᠤᠷ ᠲᠠᠢ ᠬᠡᠶᠢᠰᠪᠦᠷᠢ ᠲᠣᠭᠠᠴᠢᠯᠠᠭᠰᠠᠨ ᠬᠥᠮᠦᠨ ᠤ ᠰᠣᠯᠢᠯᠴᠠᠭ᠎ᠠ ᠶᠢᠨ ᠬᠡᠷᠡᠭᠯᠡᠯᠲᠡ︾ ᠨᠢ ᠭᠤᠷᠪᠠᠳᠤᠭᠠᠷ ᠬᠤᠭᠤᠴᠠᠭᠠᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠣᠬᠢᠶᠠᠮᠠᠯ ᠣᠶᠣᠨ ᠤ ᠬᠡᠷᠡᠭᠯᠡᠭᠡᠨ ᠤ ᠰᠢᠨ᠎ᠡ ᠶᠢ ᠡᠭᠦᠳᠬᠦ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠵᠦ᠂ ︽ᠲᠣᠯᠪᠣᠲᠤ ᠳᠠᠯᠠᠢ ᠶᠢᠨ ᠢᠷᠪᠢᠰ — ᠯᠢᠶᠣᠤᠨᠢᠩ ᠤᠨ ᠵᠡᠭᠦᠨ ᠡᠷᠭᠢ ᠶᠢᠨ ᠡᠷᠳᠡᠨᠢ︾ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ 2023 ᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠢᠴᠢᠯ ᠸᠢᠳᠢᠣ᠋ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃ ᠪᠦᠬᠦ ᠤᠯᠤᠰ ᠤᠨ ᠷᠠᠳᠢᠣ᠋ ᠲᠧᠯᠸᠢᠰ ᠤᠨ ᠮᠡᠷᠭᠡᠵᠢᠯ ᠤᠨ ᠴᠢᠳᠠᠪᠤᠷᠢᠲᠠᠨ ᠤ ᠤᠷᠤᠯᠳᠤᠭᠠᠨ ᠳᠤ ᠵᠣᠬᠢᠶᠠᠨ ᠪᠠᠶᠢᠭᠤᠯᠤᠨ ᠣᠷᠣᠯᠴᠠᠵᠤ᠂ ᠣᠯᠤᠭᠰᠠᠨ ᠱᠠᠩᠨᠠᠯ ᠨᠢ ᠣᠶᠢᠷ᠎ᠠ ᠶᠢᠨ 5 ᠵᠢᠯ ᠤᠨ ᠲᠤᠷᠰᠢᠬᠢ ᠬᠠᠮᠤᠭ ᠤᠨ ᠰᠠᠶᠢᠨ ᠵᠦᠢᠯ ᠪᠣᠯᠤᠨ᠎ᠠ᠃  ᠵᠢᠷᠭᠤᠭ᠎ᠠ᠂ ᠠᠷᠠᠳ ᠲᠤ ᠠᠰᠢᠭ ᠬᠦᠷᠲᠡᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠰᠢᠨ᠎ᠡ ᠳᠡᠭᠡᠭᠰᠢᠯᠡᠯᠲᠡ ᠲᠠᠢ ᠪᠣᠯᠪᠠ  ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠳᠠᠪᠲᠠᠮᠵᠢ ᠶᠢ ᠬᠠᠮᠤᠷᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠤᠲᠠᠰᠤ ᠦᠭᠡᠶ ᠰᠠᠴᠤᠷᠠᠭᠤᠯᠬᠤ 41 ᠥᠷᠲᠡᠭᠡ ᠪᠠᠷ ᠪᠦᠷᠢᠯᠳᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ ᠠᠳᠠᠯᠢ ᠳᠠᠪᠲᠠᠮᠵᠢ ᠪᠠᠷ ᠪᠥᠷᠬᠦᠭᠦᠯᠬᠦ ᠲᠣᠤᠷ ᠰᠦᠯᠵᠢᠶ᠎ᠡ ᠶᠢ ᠪᠡᠶᠡᠯᠡᠭᠦᠯᠵᠦ᠂ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠪᠦᠷᠬᠦᠴᠡ ᠶᠢᠨ ᠨᠣᠷᠮ᠎ᠠ ᠶᠢ 25% ᠠᠴᠠ 80% ᠪᠣᠯᠲᠠᠯ᠎ᠠ ᠳᠡᠭᠡᠭᠰᠢᠯᠡᠭᠦᠯᠬᠦ ᠶᠢ ᠠᠬᠢᠭᠤᠯᠪᠠ᠃ ᠲᠧᠯᠸᠢᠰ ᠤᠨ ᠰᠤᠪᠠᠭ ᠤᠨ ᠪᠠᠷᠢᠮᠵᠢᠶ᠎ᠠ ᠶᠢ ᠲᠤᠳᠤᠵᠢᠭᠤᠯᠤᠨ ᠥᠭᠡᠷᠡᠴᠢᠯᠡᠬᠦ ᠶᠢ ᠶᠡᠭᠡ ᠪᠠᠷ ᠠᠬᠢᠭᠤᠯᠵᠤ᠂ ᠲᠤᠰᠬᠠᠶ ᠣᠷᠣᠨ ᠬᠤᠲᠠ ᠶᠢᠨ ᠱᠠᠲᠤᠨ ᠤ ᠲᠥᠪ ᠰᠤᠪᠠᠭ ᠤᠨ ᠪᠦᠬᠦᠨ ᠢ ᠥᠨᠳᠥᠷ ᠲᠤᠳᠤᠷᠠᠴᠠᠲᠤ ᠪᠣᠯᠭᠠᠬᠤ ᠶᠢ ᠪᠡᠶᠡᠯᠡᠭᠦᠯᠪᠡ᠃ ᠷᠠᠳᠢᠤ᠋ ᠲᠧᠯᠸᠢᠰ ᠤᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠪᠠᠷᠢᠮᠵᠢᠶᠠᠵᠢᠭᠤᠯᠬᠤ ᠲᠤᠷᠰᠢᠯᠳᠠ ᠶᠢᠨ ᠴᠡᠭ ᠢ ᠦᠷᠨᠢᠬᠦᠯᠵᠦ᠂ ᠷᠠᠳᠢᠤ᠋ ᠲᠧᠯᠸᠢᠰ ᠤᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠬᠡᠷᠡᠭᠵᠢᠬᠦᠯᠬᠦ ᠪᠠᠷᠢᠮᠵᠢᠶ᠎ᠠ ᠶᠢ ᠲᠤᠨᠨᠳᠠᠭᠠᠨ ᠨᠡᠶᠢᠲᠡᠯᠡᠪᠡ᠃  ᠳᠣᠯᠤᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠵᠠᠰᠠᠯᠲᠠ ᠪᠠ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠳᠠᠬᠢᠨ ᠴᠢᠩᠭᠠᠷᠠᠪᠠ  ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠦᠬᠦ ᠮᠤᠵᠢ ᠶᠢᠨ 515 ᠲᠦᠮᠡᠨ ᠡᠷᠦᠬᠡ ᠶᠢᠨ ᠤᠲᠠᠰᠤᠲᠤ ᠲᠧᠯᠸᠢᠰ ᠪᠠ IPTV ᠦᠵᠦᠭᠦᠷ ᠤᠨ ᠮᠠᠰᠢᠨ ᠢᠶᠠᠨ ᠨᠡᠭᠡᠭᠡᠵᠦ ᠰᠢᠭᠤᠳ ᠨᠡᠪᠲᠡᠷᠡᠭᠦᠯᠬᠦ ᠶᠢ ᠪᠡᠶᠡᠯᠡᠭᠦᠯᠵᠦ᠂ ᠨᠡᠭᠡᠭᠡᠬᠦ ᠬᠤᠭᠤᠴᠠᠭ᠎ᠠ ᠶᠢ 30 ᠰᠧᠺᠦ᠋ᠨ᠋ᠳ᠋ ᠤᠨ ᠳᠣᠲᠣᠷ᠎ᠠ ᠪᠠᠶᠢᠯᠭᠠᠵᠤ᠂ ᠰᠦᠢᠳᠬᠡᠯ ᠬᠤᠷᠢᠶᠠᠬᠤ ᠪᠣᠭᠤᠳᠠᠯ ᠢ 60% ᠠᠴᠠ ᠳᠡᠭᠡᠭᠰᠢ ᠪᠠᠭᠠᠰᠬᠠᠵᠤ᠂ ᠨᠢᠭᠡᠳᠦᠭᠡᠷ ᠱᠠᠲᠤᠨ ᠤ ᠵᠠᠰᠠᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ ᠵᠠᠷ ᠮᠡᠳᠡᠭᠡ ᠶᠢᠨ ᠲᠤᠰᠬᠠᠶ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠭᠤᠷᠪᠠᠨ ᠬᠢᠨᠠᠬᠤ ᠲᠦᠷᠢᠮ ᠪᠠ ᠫᠷᠤᠭ᠍ᠷᠠᠮ ᠤᠨ ᠬᠥᠮᠥᠷᠭᠡ ᠶᠢᠨ ︽ᠬᠤᠶᠠᠷ ᠢ ᠵᠢᠭᠰᠠᠭᠠᠨ ᠪᠠᠶᠢᠴᠠᠭᠠᠬᠤ︾ ᠶᠢ ᠯᠠᠪᠳᠠᠭᠤᠨ ᠪᠠᠲᠤᠲᠠᠶ ᠠᠬᠢᠭᠤᠯᠵᠤ᠂ ᠬᠢᠯᠢ ᠶᠢᠨ ᠭᠠᠳᠠᠨᠠᠬᠢ ᠳᠠᠭᠠᠭᠤᠯᠢ ᠣᠳᠣᠨ ᠤ ᠨᠡᠪᠲᠡᠷᠡᠭᠦᠯᠭᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ︽ᠬᠠᠷ᠎ᠠ ᠷᠠᠳᠢᠣ᠋ ᠨᠡᠪᠲᠡᠷᠡᠭᠦᠯᠭᠡ︾ ᠳᠤ ᠴᠣᠬᠢᠯᠲᠠ ᠥᠭᠬᠦ ᠵᠡᠷᠭᠡ ᠲᠤᠰᠬᠠᠶ ᠠᠵᠢᠯᠯᠠᠭ᠎ᠠ ᠶᠢ ᠴᠢᠩᠭᠠᠳᠬᠠᠵᠤ ᠂ ᠫᠷᠤᠭ᠍ᠷᠠᠮ ᠤᠨ ᠵᠦᠴᠦᠭᠡ ᠶᠢᠨ ᠭᠠᠷᠴᠠᠭ ᠢ ᠬᠢᠨᠠᠨ ᠬᠠᠷᠭᠤᠭᠤᠯᠵᠤ ᠬᠢᠨᠠᠨ ᠪᠠᠶᠢᠴᠠᠭᠠᠬᠤ ᠶᠢ ᠴᠢᠩᠭᠠᠷᠠᠭᠤᠯᠤᠨ᠂ ᠪᠥᠬᠦ ᠮᠤᠵᠢ ᠶᠢᠨ ᠷᠠᠳᠢᠣ᠋ ᠲᠧᠯᠸᠢᠰ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠪᠠᠶᠢᠳᠠᠯ ᠤᠨ ᠦᠷᠭᠦᠯᠵᠢᠯᠡᠨ ᠳᠠᠪᠰᠢᠨ ᠰᠠᠶᠢᠵᠢᠷᠠᠬᠤ ᠶᠢ ᠠᠬᠢᠭᠤᠯᠪᠠ᠃ ᠠᠮᠤᠷ ᠲᠦᠪᠰᠢᠨ ᠨᠡᠪᠲᠡᠷᠡᠭᠦᠯᠭᠡ ᠶᠢᠨ ᠲᠣᠬᠢᠷᠠᠭᠤᠯᠤᠯᠲᠠ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠤᠭᠤᠴᠠᠭ᠎ᠠ ᠶᠢ ᠪᠠᠲᠤᠯᠠᠬᠤ ᠠᠮᠤᠷ ᠲᠦᠪᠰᠢᠨ ᠤ ᠨᠡᠪᠲᠡᠷᠡᠭᠦᠯᠭᠡ ᠶᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠵᠢᠯ ᠤᠨ ᠠᠮᠤᠷ ᠲᠦᠪᠰᠢᠨ ᠨᠡᠪᠲᠡᠷᠡᠭᠦᠯᠭᠡ ᠪᠠ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠪᠠ᠃  ᠨᠠᠢᠮᠠ᠂ ᠭᠤᠤᠯ ᠰᠡᠳᠦᠪᠲᠦ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠣᠯᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ  ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠢᠯ ᠲᠥᠷᠥᠯ ᠤᠨ ᠬᠥᠭᠵᠢᠯᠲᠡ ᠶᠢ ᠰᠢᠰᠲ᠋ᠧᠮ ᠲᠠᠢ ᠲᠥᠯᠥᠪᠵᠢᠭᠦᠯᠵᠦ᠂ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠤᠯᠠᠮ ᠨᠢᠭᠡ ᠠᠯᠬᠤᠮ ᠡᠷᠡᠰ ᠪᠠᠲᠤ ᠪᠣᠯᠵᠤ᠂ ᠣᠪᠣᠷ ᠰᠤᠷᠲᠠᠯ ᠤᠯᠠᠮ ᠨᠢᠭᠡ ᠠᠯᠬᠤᠮ ᠬᠤᠪᠢᠷᠠᠵᠤ᠂ ᠡᠷᠴᠢ ᠵᠣᠷᠢᠭ ᠤᠯᠠᠮ ᠨᠢᠭᠡ ᠠᠯᠬᠤᠮ ᠴᠢᠩᠭᠠᠷᠠᠪᠠ᠃ ︽ᠨᠠᠮ ᠤᠨ ᠪᠠᠶᠢᠭᠤᠯᠤᠯᠲᠠ ᠶᠢ ᠬᠦᠴᠦᠷᠬᠡᠭᠵᠢᠭᠦᠯᠬᠦ᠂ ᠵᠢᠱᠢᠶᠡᠴᠢ ᠶᠢ ᠡᠭᠦᠳᠬᠦ᠂ ᠬᠥᠭᠵᠢᠯᠲᠡ ᠶᠢ ᠡᠷᠢᠯᠬᠢᠯᠡᠬᠦ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠡᠭᠦᠷ ᠤᠨ ᠬᠤᠯᠪᠣᠭᠠᠯᠠᠨ ᠰᠤᠷᠤᠯᠴᠠᠵᠤ ᠬᠤᠯᠪᠣᠭᠠᠯᠠᠨ ᠡᠭᠦᠳᠬᠦ ᠶᠢ ᠠᠬᠢᠭᠤᠯᠤᠨ᠂ ︽ᠨᠠᠮ ᠤᠨ ᠪᠠᠶᠢᠭᠤᠯᠤᠯᠲᠠ +︾ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠦᠨᠳᠦᠰᠦᠨ ᠱᠠᠲᠤᠨ ᠤ ᠣᠯᠠᠨ ᠨᠢᠭᠡᠴᠢ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠤ ᠨᠡᠷᠡᠰ᠂ ᠯᠢᠶᠣᠤᠨᠢᠩ ᠤᠨ ᠠᠵᠢᠯᠴᠢᠨ ᠤ ᠬᠤᠰᠢᠭᠤᠴᠢ ᠨᠡᠷᠡᠮᠵᠢᠲᠦ ᠵᠡᠷᠭᠡ ᠢᠷᠠᠭᠤ ᠠᠯᠳᠠᠷ ᠢᠶᠠᠷ ᠦᠨᠡᠯᠡᠭᠳᠡᠵᠦ᠂ ᠯᠢᠶᠣᠤᠨᠢᠩ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠣᠩᠬᠤᠪᠴᠢ ᠨᠢ ᠪᠥᠬᠦ ᠮᠤᠵᠢ ᠶᠢᠨ ᠠᠩᠬᠠᠳᠠᠭᠴᠢ ᠪᠦᠯᠦᠭ ᠮᠤᠵᠢ ᠶᠢᠨ ᠱᠠᠲᠤᠨ ᠤ ︽ᠠᠷᠢᠭᠤᠨ ᠴᠢᠬᠡᠴᠢ ᠯᠢᠶᠣᠤᠨᠢᠩ ᠤᠨ ᠵᠠᠰᠠᠭ ᠤᠨ ᠶᠠᠪᠤᠳᠠᠯ ᠤᠨ ᠴᠣᠩᠬᠤᠪᠴᠢ︾ ᠪᠠᠷ ᠦᠨᠡᠯᠡᠭᠳᠡᠪᠡ᠃ ᠪᠦᠬᠦ ᠮᠤᠵᠢ ᠶᠢᠨ ᠠᠵᠢᠯ ᠲᠥᠷᠥᠯ ᠤᠨ ᠳᠠᠭᠠᠭᠤᠯᠤᠭᠴᠢ ᠴᠢᠳᠠᠪᠤᠷᠢᠲᠠᠨ ᠤ ᠢᠨᠵᠧᠨᠧᠷᠢᠩ ᠪᠣᠯᠤᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠳᠠᠭᠠᠭᠤᠯᠤᠭᠴᠢ ᠴᠢᠳᠠᠪᠤᠷᠢᠲᠠᠨ ᠪᠣᠯᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠰᠤᠩᠭᠤᠨ ᠭᠠᠷᠭᠠᠵᠤ᠂ ᠠᠵᠢᠯ ᠲᠥᠷᠥᠯ ᠤᠨ ᠬᠥᠭᠵᠢᠯᠲᠡ ᠳᠤ ᠴᠢᠳᠠᠪᠤᠷᠢᠲᠠᠨ ᠤ ᠳᠡᠮᠵᠢᠯᠭᠡ ᠬᠠᠩᠭᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map