ᠮᠠᠨ ᠤ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/25
  9 ᠳ᠋ᠦ᠋ᠭᠡᠷ ᠰᠠᠷ᠎ᠠ ᠶᠢᠨ 23 ᠤ ᠡᠳᠦᠷ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠣᠤ ᠲᠢᠶᠧ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠠᠨᠢᠬᠤ᠂ ︽ᠲᠣᠭᠲᠠᠭᠠᠯ︾ ᠤᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠲᠠᠨᠢᠬᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ 5 ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ᠃
图片1.png
  ᠸᠠᠩ ᠰᠢᠶᠤᠤ ᠲᠢᠶᠧ ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠷᠠᠳᠢᠣ᠋ ᠲᠧᠯᠸᠢᠰ ᠤᠨ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠳᠦᠷᠰᠦ ᠪᠠᠶᠢᠳᠠᠯ ᠢᠶᠠᠷ ᠷᠠᠳᠢᠣ᠋ ᠲᠧᠯᠸᠢᠰ ᠪᠠ ᠰᠦᠯᠵᠢᠶᠡᠨ ᠤ ᠡᠯ᠎ᠡ ᠵᠦᠢᠯ ᠤᠨ ᠠᠵᠢᠯ ᠤᠨ ᠰᠢᠨ᠎ᠡ ᠬᠥᠭᠵᠢᠯᠲᠡ ᠲᠠᠢ ᠪᠣᠯᠬᠤ᠂ ᠰᠢᠨ᠎ᠡ ᠳᠠᠪᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ ᠃ ᠲᠣᠪᠴᠢᠶ᠎ᠠ ᠶᠢᠨ ᠠᠯᠪᠠᠨ ᠬᠡᠷ᠂ ᠠᠵᠢᠯᠲᠠᠨ ᠤ ᠶᠠᠪᠤᠳᠠᠯ ᠤᠨ ᠭᠠᠵᠠᠷ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠳᠠᠮᠵᠢᠭᠤᠯᠤᠨ ᠰᠠᠴᠤᠷᠠᠭᠤᠯᠬᠤ ᠲᠥᠪ ᠤᠨ 706 ᠬᠤᠷᠢᠶ᠎ᠠ ᠶᠢᠨ ᠨᠠᠮ ᠤᠨ ᠭᠡᠰᠢᠭᠦᠳ ᠺᠠᠳ᠋ᠷᠴᠤᠳ ᠣᠷᠣᠯᠴᠠᠵᠠᠶ᠃︵ᠪᠠᠶᠢᠭᠤᠯᠭ᠎ᠠ ᠶᠢᠨ ᠨᠠᠮ ᠤᠨ ᠬᠤᠷᠢᠶ᠎ᠠ ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map