| | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 25 ᠤ ᠴᠠᠭᠢᠯᠭᠠᠨ ᠮᠡᠳᠡᠭᠡ ᠣᠶᠢᠷ᠎ᠠ ᠳᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠫᠦ᠋ ᠡᠯ ᠤᠨ | ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠥᠰᠢᠶ᠎ᠡ ᠳᠤ ᠲᠠᠩᠭᠠᠷᠢᠭᠯᠠᠭᠰᠠᠳ ᠤᠨ ᠲᠥᠯᠥᠭᠡᠯᠡᠭᠴᠢᠳ ᠤᠨ ᠬᠤᠶᠢᠴᠢ ᠦᠶ᠎ᠡ ᠶᠢᠨ ᠬᠢᠨ ᠳᠤ ᠬᠠᠷᠢᠭᠤ ᠵᠠᠬᠢᠳᠠᠯ | ᠢᠯᠡᠭᠡᠵᠦ᠂ ᠳᠣᠲᠣᠨᠣ ᠪᠠᠷ ᠵᠣᠷᠢᠭᠵᠢᠭᠤᠯᠬᠤ ᠶᠢᠨ ᠬᠠᠮᠲᠤ ᠳᠡᠳᠡᠨᠤᠰ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠴᠠᠢ᠃ | ᠰᠢ ᠶᠢᠨ ᠫᠢᠩ᠂ 1951 ᠣᠨ ᠳᠤ ᠲᠠᠨ ᠤ ᠠᠬᠠᠮᠠᠳ ᠦᠶ᠎ᠡ ᠶᠢᠨ ᠬᠢᠨ ᠢ ᠪᠠᠭᠲᠠᠭᠠᠭᠰᠠᠨ ᠦᠨᠳᠦᠰᠦᠲᠡᠨ ᠨᠦᠭᠦᠳ ᠤᠨ ᠲᠥᠯᠥᠭᠡᠯᠡᠭᠴᠢᠳ ᠬᠥᠰᠢᠶ᠎ᠡ ᠪᠣᠰᠬᠠᠨ | ᠲᠠᠩᠭᠠᠷᠢᠭᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠨᠠᠮ ᠢᠶᠠᠨ ᠲᠠᠭᠠᠵᠤ ᠶᠠᠪᠤᠬᠤ ᠲᠠᠩᠭᠠᠷᠢᠭ ᠢᠶᠠᠨ ᠲᠥᠪ ᠴᠢᠩᠭ᠎ᠠ ᠪᠠᠷ ᠢᠯᠡᠳᠬᠡᠪᠡ᠃ 70 ᠭᠠᠷᠤᠢ ᠵᠢᠯ ᠤᠨ ᠲᠤᠷᠰᠢ᠂ | ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠰᠡᠳᠬᠢᠯ ᠢᠶᠠᠷ ᠨᠠᠮ ᠢᠶᠠᠨ ᠬᠦᠷᠢᠶᠡᠯᠡᠵᠦ᠂ ᠪᠦᠯᠬᠦᠮᠳᠡᠨ ᠲᠡᠮᠡᠴᠡᠵᠦ᠂ ᠬᠢᠯᠢ ᠬᠢᠵᠠᠭᠠᠷ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠮᠢᠳᠤᠯᠢᠭ ᠬᠠᠭᠤᠳᠠᠰᠤ ᠶᠢ | ᠪᠢᠴᠢᠭᠯᠡᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠲᠠᠪᠢᠨ ᠵᠢᠷᠭᠤᠭᠠᠨ ᠦᠨᠳᠦᠰᠦᠲᠡᠨ ᠪᠣᠯ ᠳᠠᠷᠤᠢ ᠬᠠᠷᠢᠯᠴᠠᠨ ᠬᠠᠶᠢᠷᠠᠯᠠᠵᠤ | ᠬᠠᠯᠠᠮᠵᠢᠯᠠᠬᠤ ᠨᠢᠭᠡ ᠭᠡᠷ ᠤᠨ ᠬᠥᠮᠥᠨ ᠮᠥᠨ᠃ ᠲᠠ ᠨᠠᠷ ᠤᠨ ᠠᠬᠠᠮᠠᠳ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠲᠠᠩᠭᠠᠷᠢᠭ ᠤᠨ ᠬᠥᠰᠢᠶ᠎ᠡ ᠶᠢᠨ | ᠥᠯᠢᠭᠡᠷ ᠢ ᠨᠠᠩ ᠰᠠᠶᠢᠲᠤᠷ ᠦᠷᠭᠦᠯᠵᠢᠯᠡᠨ ᠪᠢᠴᠢᠭᠯᠡᠵᠦ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠳᠠᠭᠤᠷᠢᠰᠬᠠᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠬᠦᠰᠡᠵᠦ | ᠪᠠᠶᠢᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠡᠭᠡᠵᠢᠯᠡᠵᠦ᠂ | ᠴᠢᠰᠤᠨ ᠳᠠᠭᠠᠨ ᠠᠭᠤᠰᠬᠠᠵᠤ᠂ ᠡᠬᠡ ᠤᠯᠤᠰ ᠤᠨ ᠨᠤᠲᠤᠭ ᠳᠡᠪᠢᠰᠬᠡᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ | ᠪᠦᠲᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠤᠯᠠᠮ ᠪᠠᠳᠠᠷᠠᠨ ᠳᠡᠯᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | 1950 ᠣᠨ ᠳᠤ ᠶᠦᠨᠨᠠᠨ ᠤ ᠫᠦ᠋ ᠡᠯ ᠲᠤᠰᠬᠠᠢ ᠣᠷᠣᠨ ᠤ ᠦᠨᠳᠦᠰᠦᠲᠡᠨ ᠨᠦᠭᠦᠳ ᠤᠨ ᠲᠥᠯᠥᠭᠡᠯᠡᠭᠴᠢᠳ ᠤᠷᠢᠯᠭ᠎ᠠ ᠪᠠᠷ ᠪᠡᠭᠡᠵᠢᠩ ᠳᠤ ᠬᠦᠷᠴᠦ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠣᠯᠴᠠᠵᠤ᠂ ᠮᠠᠤ ᠽᠧ ᠳ᠋ᠦᠩ ᠵᠡᠷᠭᠡ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠳᠣᠲᠣᠨᠣ ᠪᠠᠷ ᠭᠥᠯᠢᠶᠡᠨ ᠠᠪᠴᠤ ᠠᠭᠤᠯᠵᠠᠪᠠ᠃ 1951 ᠣᠨ ᠤ ᠰᠢᠨ᠎ᠡ ᠣᠨ ᠤ ᠰᠢᠨ᠎ᠡ ᠶᠢᠨ ᠨᠢᠭᠡᠨ ᠳᠤ᠂ ᠫᠦ᠋ ᠡᠯ ᠲᠤᠰᠬᠠᠢ ᠣᠷᠣᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠲᠠᠩᠭᠠᠷᠢᠭᠯᠠᠬᠤ ᠶᠡᠭᠡ ᠬᠤᠷᠠᠯ ᠬᠢᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢᠶᠠᠷ ᠲᠠᠩᠭᠠᠷᠢᠭ ᠤᠨ ᠬᠥᠰᠢᠶ᠎ᠡ | ᠪᠣᠰᠬᠠᠵᠤ᠂ ︽ᠨᠢᠭᠡ ᠰᠡᠳᠬᠢᠯ ᠨᠢᠭᠡ ᠵᠣᠷᠢᠭ ᠢᠶᠠᠷ᠂ ᠡᠴᠦᠰ ᠲᠤᠨᠢ ᠲᠤᠯᠲᠠᠯ᠎ᠠ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ | ᠡᠷᠬᠡ ᠲᠡᠭᠰᠢ ᠡᠷᠬᠡ ᠴᠢᠯᠦᠭᠡᠲᠡᠢ ᠵᠣᠯ ᠵᠢᠷᠭᠠᠯᠲᠤ ᠶᠡᠭᠡ ᠭᠡᠷ ᠪᠦᠯᠢ ᠶᠢ ᠪᠠᠶᠢᠭᠤᠯᠬᠤ ᠶᠢᠨ ᠲᠥᠯᠥᠭᠡ ᠲᠡᠮᠡᠴᠡᠨ᠎ᠡ︕︾ ᠭᠡᠵᠦ ᠲᠠᠩᠭᠠᠷᠢᠭᠯᠠᠵᠤ ᠦᠨᠳᠦᠰᠦᠲᠡᠨ ᠨᠦᠭᠦᠳ ᠤᠨ | 48 ᠲᠥᠯᠥᠭᠡᠯᠡᠭᠴᠢ ᠬᠥᠰᠢᠶᠡᠨ ᠳᠡᠭᠡᠷ᠎ᠡ ᠭᠠᠷ ᠤᠨ ᠦᠰᠦᠭ ᠵᠢᠷᠤᠪᠠ᠃ ᠣᠶᠢᠷ᠎ᠠ ᠶᠢᠨ ᠡᠳᠦᠷ᠂ ᠫᠦ᠋ ᠡᠯ ᠤᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ | ᠬᠥᠰᠢᠶ᠎ᠡ ᠳᠤ ᠲᠠᠩᠭᠠᠷᠢᠭᠯᠠᠭᠰᠠᠳ ᠤᠨ ᠲᠥᠯᠥᠭᠡᠯᠡᠭᠴᠢᠳ ᠤᠨ ᠬᠤᠶᠢᠴᠢ ᠦᠶ᠎ᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠤᠬᠠᠢ ᠶᠢᠨ | ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ ᠵᠣᠯ ᠵᠢᠷᠭᠠᠯ ᠲᠠᠢ ᠠᠮᠢᠳᠤᠷᠠᠵᠤ ᠪᠠᠶᠢᠭ᠎ᠠ ᠪᠠᠶᠢᠳᠠᠯ ᠢᠶᠠᠨ ᠬᠠᠷᠢᠭᠤ | ᠮᠡᠳᠡᠭᠦᠯᠵᠦ᠂ ᠲᠠᠩᠭᠠᠷᠢᠭ ᠢᠶᠠᠨ ᠪᠠᠲᠤ ᠴᠡᠭᠡᠵᠢᠯᠡᠵᠦ ᠨᠠᠮ ᠢᠶᠠᠨ ᠲᠠᠭᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠬᠥᠭᠵᠢᠯ ᠴᠡᠴᠡᠭᠯᠡᠯ ᠳᠤ ᠬᠦᠴᠦᠨ | ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠭᠡᠪᠡ᠃ | | | |