︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠠᠷᠠᠲᠤ ᠲᠡᠮᠳᠡᠭᠲᠦ ᠨᠢ ᠶᠠᠭᠠᠬᠢᠭᠠᠳ ︽ᠪᠥᠬᠦ ᠤᠯᠤᠰ ᠤᠨ ᠰᠣᠶᠣᠯ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ 2023 ᠣᠨ ᠤ ᠠᠷᠪᠠᠨ ᠲᠣᠮᠣ ᠶᠠᠪᠤᠳᠠᠯ︾ ᠳᠤ ᠰᠣᠩᠭᠤᠭᠳᠠᠵᠤ ᠴᠢᠳᠠᠭᠰᠠᠨ ᠪᠣᠶ︖
ᠨᠡᠶᠢᠲᠡᠯᠡᠭᠰᠡᠨ ᠴᠠᠭ᠄
2024/9/26
  ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠡᠷᠡᠲᠦ ᠲᠡᠮᠲᠡᠭᠲᠦ ︽ᠪᠦᠬᠦ ᠤᠯᠤᠰ ᠤᠨ ᠰᠣᠶᠣᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ 2013 ᠣᠨ ᠤ ᠠᠷᠪᠠᠨ ᠲᠣᠮᠣ ᠶᠠᠪᠤᠳᠠᠯ︾ ᠳᠤ ᠰᠣᠩᠭᠤᠭᠳᠠᠪᠠ᠃ 2023 ᠣᠨ ᠳᠤ ᠪᠡᠭᠡᠵᠢᠩ ᠬᠤᠲᠠ ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠥᠬᠦ ᠲᠥᠷᠥᠯ ᠤᠨ ᠤᠳᠬ᠎ᠠ ᠤᠷᠠᠯᠢᠭ ᠤᠨ ᠪᠦᠲᠦᠭᠡᠯ ᠤᠨ ᠰᠡᠳᠦᠪ ᠰᠣᠩᠭᠤᠨ ᠤᠬᠠᠭᠠᠯᠠᠬᠤ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠤᠬᠠᠭᠤᠯᠤᠨ ᠲᠠᠨᠢᠯᠴᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠣᠳᠣᠨ ᠪᠦᠲᠦᠭᠡᠯ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠦᠵᠡᠯ ᠰᠠᠨᠠᠭ᠎ᠠ ᠨᠢ ᠭᠦᠨᠵᠡᠭᠡᠶ᠂ ᠤᠷᠠᠯᠢᠭ ᠨᠢ ᠨᠠᠷᠢᠯᠢᠭ᠂ ᠵᠣᠬᠢᠶᠠᠨ ᠪᠦᠲᠦᠭᠡᠯᠭᠡ ᠨᠢ ᠨᠠᠷᠢᠯᠢᠭ ᠰᠠᠶᠢᠬᠠᠨ ᠰᠣᠳᠣᠨ ᠪᠦᠲᠦᠭᠡᠯ ᠢ ᠦᠷᠭᠦᠯᠵᠢᠯᠡᠨ ᠭᠠᠷᠭᠠᠵᠤ᠂ ᠵᠣᠬᠢᠶᠠᠨ ᠪᠦᠲᠦᠭᠡᠬᠦ ᠶᠢ ᠬᠥᠲᠥᠯᠦᠨ ᠳᠠᠭᠠᠭᠤᠯᠬᠤ᠂ ᠴᠢᠳᠠᠪᠤᠷᠢᠲᠠᠨ ᠢ ᠨᠢᠭᠲᠠᠷᠠᠭᠤᠯᠬᠤ᠂ ᠰᠣᠳᠣᠨ ᠪᠦᠲᠦᠭᠡᠯ ᠭᠠᠷᠭᠠᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠵᠤ᠂ ᠦᠷ᠎ᠡ ᠪᠦᠲᠦᠮᠵᠢ ᠨᠢ ᠲᠣᠪᠤᠶᠢᠮ᠎ᠠ ᠪᠣᠯᠪᠠ᠃  ︽ᠨᠠᠷᠢᠯᠢᠭ︾ ᠢ ᠲᠡᠷᠢᠭᠦᠨ ᠳᠤ ᠲᠠᠯᠪᠢᠵᠤ᠂ ᠬᠠᠮᠤᠭ ᠤᠨ ᠰᠠᠶᠢᠨ ᠪᠠᠷᠢᠮᠵᠢᠶ᠎ᠠ ᠶᠢ ᠪᠠᠷᠢᠮᠲᠠᠯᠠᠵᠤ᠂ ᠳᠠᠮᠵᠢᠭᠤᠯᠭ᠎ᠠ ᠶᠢᠨ ᠤᠯᠠᠨ ᠡᠰᠢᠲᠦ ᠰᠣᠶᠣᠯ ᠤᠨ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠪᠡ  ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠢ ᠪᠡᠭᠡᠵᠢᠩ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢ ᠪᠦᠬᠦ ᠤᠯᠤᠰ ᠤᠨ ᠤᠯᠤᠰ ᠲᠦᠷᠦ ᠶᠢᠨ ᠲᠥᠪ᠂ ᠰᠣᠶᠣᠯ ᠤᠨ ᠲᠥᠪ᠂ ᠤᠯᠠᠨ ᠤᠯᠤᠰ ᠤᠨ ᠬᠠᠷᠢᠯᠴᠠᠭᠠᠨ ᠤ ᠲᠥᠪ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠣᠷᠣᠰᠢᠨ ᠲᠣᠭᠲᠠᠨᠢᠭᠤᠯᠵᠤ᠂ ᠨᠡᠩ ᠤᠯᠠᠨ ᠬᠦᠰᠡᠯ ᠡᠷᠡᠮᠡᠯᠵᠡᠯ ᠪᠣᠯᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠶᠢ ᠬᠦᠳᠦᠯᠦᠨ ᠳᠠᠭᠠᠭᠤᠯᠪᠠ᠃ ᠪᠡᠭᠡᠵᠢᠩ ᠬᠤᠲᠠ ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠡᠷᠡᠲᠦ ᠲᠡᠮᠲᠡᠭᠲᠦ ᠶᠢ ᠡᠭᠦᠳᠦᠨ ᠪᠠᠶᠢᠭᠤᠯᠵᠤ᠂ ᠢᠮᠠᠭᠲᠠ ︽ᠨᠠᠷᠢᠯᠢᠭ︾ ᠪᠠᠶᠢᠬᠤ ᠶᠢ ᠲᠡᠷᠢᠭᠦᠨ ᠳᠤ ᠲᠠᠯᠪᠢᠵᠤ᠂ ᠬᠦᠴᠦ ᠲᠠᠯᠪᠢᠨ᠂ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠲᠠᠢ ᠪᠠᠶᠢᠵᠤ᠂ ᠦᠵᠡᠯ ᠰᠠᠨᠠᠭ᠎ᠠ ᠭᠦᠨ ᠭᠦᠨᠵᠡᠭᠡᠶ᠂ ᠤᠷᠠᠯᠢᠭ ᠨᠠᠷᠢᠯᠢᠭ᠂ ᠰᠠᠶᠢᠨ ᠰᠠᠶᠢᠬᠠᠨ ᠳᠦᠷᠢ ᠲᠥᠷᠬᠦ ᠶᠢᠨ ᠰᠣᠳᠣᠨ ᠪᠦᠲᠦᠭᠡᠯ ᠢᠶᠠᠷ ᠴᠢᠭᠯᠡᠯ ᠪᠣᠯᠭᠠᠵᠤ᠂ ᠮᠠᠰᠢ ᠣᠯᠠᠨ ᠮᠠᠭᠲᠠᠭᠠᠯ ᠲᠠᠢ᠂ ᠥᠨᠳᠥᠷ ᠬᠦᠯᠢᠶᠡᠨ ᠠᠪᠴᠤ ᠦᠵᠡᠭᠰᠡᠨ᠂ ᠥᠨᠳᠥᠷ ᠬᠤᠪᠢ ᠲᠣᠭᠲᠠᠭᠠᠭᠰᠠᠨ ᠬᠡᠪ ᠳᠠᠭᠤᠷᠢᠶᠠᠯ ᠤᠨ ᠪᠦᠲᠦᠭᠡᠯ ᠢ ᠡᠭᠦᠳᠴᠦ᠂ ᠨᠢᠭᠡ ᠨᠢᠭᠡ ᠪᠠᠷ ᠢᠶᠠᠨ ᠰᠣᠳᠣᠨ ᠪᠦᠲᠦᠭᠡᠯ᠂ ᠨᠢᠭᠡ ᠪᠦᠯᠦᠭ ᠢᠶᠠᠷ ᠱᠠᠩᠨᠠᠯ ᠲᠠᠢ ᠰᠣᠳᠣᠨ ᠪᠦᠲᠦᠭᠡᠯ ᠢᠶᠠᠷ ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠠᠷᠠᠲᠤ ᠲᠡᠮᠳᠡᠭᠲᠦ ᠶᠢᠨ ᠠᠯᠳᠠᠷᠰᠢᠯ᠂ ᠠᠩᠬᠠᠷᠤᠯ ᠤᠨ ᠬᠡᠮᠵᠢᠶ᠎ᠡ ᠪᠠ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃  2023 ᠣᠨ ᠳᠤ ᠪᠡᠭᠡᠵᠢᠩ ᠬᠤᠳᠠ ᠶᠢᠨ ᠷᠠᠳᠢᠣ᠋ ᠲᠧᠯᠸᠢᠰ ᠤᠨ ᠲᠣᠪᠴᠢᠶ᠎ᠠ ᠠᠴᠠ 110 ᠪᠦᠯᠦᠭ ᠣᠨ ᠤ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠲᠦᠷᠦᠯ ᠵᠦᠢᠯ ᠢ ᠨᠡᠶᠢᠲᠡᠯᠡᠵᠦ᠂ ᠪᠡᠭᠡᠵᠢᠩ ᠤᠨ ᠷᠠᠳᠢᠣ᠋ ᠲᠧᠯᠸᠢᠰ ᠤᠨ ᠰᠦᠯᠵᠢᠶᠡᠨ ᠤ ᠦᠵᠡᠵᠦ ᠰᠣᠨᠣᠰᠬᠤ ᠬᠥᠭᠵᠢᠯᠲᠡ ᠶᠢᠨ ᠰᠠᠭᠤᠷᠢ ᠮᠥᠩᠭᠦ ᠶᠢᠨ ᠪᠦᠬᠦ ᠵᠢᠯ ᠤᠨ 172 ᠭᠤᠣᠯᠳᠠᠯᠭ᠎ᠠ ᠲᠠᠢ ᠲᠦᠷᠦᠯ ᠵᠦᠢᠯ ᠢ ᠲᠡᠳᠬᠦᠵᠦ᠂ ᠵᠣᠬᠢᠶᠠᠨ ᠪᠦᠲᠦᠭᠡᠬᠦ ᠴᠢᠭᠯᠡᠯ ᠢ ᠬᠦᠳᠦᠯᠦᠨ ᠳᠠᠭᠠᠭᠤᠯᠪᠠ᠃ ᠲᠧᠯᠸᠢᠰ ᠵᠦᠴᠦᠭᠡ ᠶᠢᠨ ᠲᠠᠯ᠎ᠠ ᠪᠠᠷ᠂ 2023 ᠣᠨ ᠳᠤ ᠪᠡᠭᠡᠵᠢᠩ ᠤᠨ ᠬᠢᠨ ᠨᠡᠶᠢᠲᠡ 121 ᠪᠦᠯᠦᠭ ᠲᠧᠯᠸᠢᠰ ᠵᠦᠴᠦᠭᠡ ᠶᠢᠨ ᠪᠦᠲᠦᠭᠡᠯ ᠢ ᠳᠠᠩᠰᠠᠯᠠᠭᠤᠯᠵᠤ᠂ ᠪᠦᠬᠦ ᠤᠯᠤᠰ ᠤᠨ 489 ᠪᠦᠯᠦᠭ ᠳᠠᠩᠰᠠᠯᠠᠭᠤᠯᠤᠭᠰᠠᠨ ᠲᠧᠯᠸᠢᠰ ᠵᠦᠴᠦᠭᠡ ᠶᠢᠨ ᠪᠦᠲᠦᠭᠡᠯ ᠤᠨ ᠶᠡᠷᠦᠩᠬᠡᠢ ᠬᠡᠮᠵᠢᠶᠡᠨ ᠤ 24.74% ᠶᠢ ᠡᠵᠡᠯᠡᠪᠡ︔ 1 ᠳ᠋ᠦ᠋ᠭᠡᠷ ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ ᠲᠥᠪ ᠤᠨ ᠲᠧᠯᠸᠢᠰ ᠵᠦᠴᠦᠭᠡ ᠶᠢᠨ ᠰᠤᠪᠠᠭ ᠤᠨ ᠠᠩᠬ᠎ᠠ ᠨᠡᠪᠲᠡᠷᠡᠭᠦᠯᠦᠭᠰᠡᠨ 102 ᠪᠦᠯᠦᠭ ᠲᠧᠯᠸᠢᠰ ᠵᠦᠴᠦᠭᠡ ᠠᠴᠠ ᠪᠡᠭᠡᠵᠢᠩ ᠤᠨ ᠦᠢᠯᠡᠳᠪᠦᠷᠢᠯᠡᠭᠰᠡᠨ ᠵᠦᠴᠦᠭᠡ ᠶᠢᠨ ᠪᠦᠲᠦᠭᠡᠯ 23 ᠪᠦᠯᠦᠭ ᠪᠠᠶᠢᠵᠤ᠂ 22.55% ᠶᠢ ᠡᠵᠡᠯᠡᠪᠡ᠃  2024 ᠣᠨ ᠤ ᠡᠮᠦᠨ᠎ᠡ 4 ᠰᠠᠷ᠎ᠠ ᠳᠤ᠂ ᠪᠡᠭᠡᠵᠢᠩ ᠬᠤᠳᠠ ᠶᠢᠨ ᠷᠠᠳᠢᠣ᠋ ᠲᠧᠯᠸᠢᠰ ᠤᠨ ᠲᠤᠪᠴᠢᠶ᠎ᠠ ᠨᠡᠶᠢᠳᠡ 10 ᠪᠦᠯᠦᠭ ᠲᠧᠯᠸᠢᠰ ᠵᠦᠴᠦᠭᠡ ᠶᠢ ᠲᠥᠪ ᠲᠧᠯᠸᠢᠰ᠂ ᠣᠳᠣᠨ ᠲᠧᠯᠸᠢᠰ ᠵᠢᠴᠢ ᠭᠤᠣᠯᠳᠠᠯᠭ᠎ᠠ ᠲᠠᠢ ᠰᠦᠯᠵᠢᠶᠡᠨ ᠤ ᠦᠵᠡᠵᠦ ᠰᠣᠨᠣᠰᠬᠤ ᠲᠠᠪᠴᠠᠩ ᠳᠤ ᠠᠩᠬ᠎ᠠ ᠨᠡᠪᠲᠡᠷᠡᠭᠦᠯᠪᠡ᠂ ᠡᠭᠦᠨ ᠳᠤ᠂ 3 ᠪᠦᠯᠦᠭ ᠢ ᠲᠥᠪ ᠲᠧᠯᠸᠢᠰ ᠲᠤ ᠠᠩᠬ᠎ᠠ ᠨᠡᠪᠲᠡᠷᠡᠭᠦᠯᠪᠡ᠂ ᠥᠭᠡᠷᠡᠴᠢᠯᠡᠯᠲᠡ ᠨᠡᠬᠡᠬᠡᠯᠳᠡ ᠶᠢᠨ ᠰᠡᠳᠦᠪᠲᠦ ᠲᠧᠯᠸᠢᠰ ᠵᠦᠴᠦᠭᠡ ︽ᠶᠡᠭᠡ ᠮᠦᠷᠡᠨ ᠶᠡᠭᠡ ᠭᠤᠣᠯ ᠤᠨ ᠲᠡᠦᠬᠡ ᠶᠢᠨ ᠳᠠᠭᠤᠯᠠᠯ︾ ︵ᠲᠥᠪ ᠲᠧᠯᠸᠢᠰ ᠤᠨ ᠨᠢᠭᠡᠳᠦᠭᠡᠷ ᠰᠤᠪᠠᠭ︶᠂ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠰᠡᠳᠦᠪᠲᠦ ᠲᠧᠯᠸᠢᠰ ᠵᠦᠴᠦᠭᠡ ︽ᠡᠮᠦᠨᠡᠰᠢ ᠢᠷᠡᠵᠦ ᠤᠮᠠᠷᠠᠰᠢ ᠤᠷᠤᠭᠰᠢᠯᠠᠶ᠎ᠠ︾ ︵ᠲᠥᠪ ᠲᠧᠯᠸᠢᠰ ᠤᠨ ᠨᠠᠢᠮᠠᠳᠤᠭᠠᠷ ᠰᠤᠪᠠᠭ︶ ᠪᠣᠯᠤᠨ ᠠᠭᠠᠵᠢᠮ ᠢᠶᠠᠷ ᠬᠥᠯᠳᠡᠭᠡᠬᠦ ᠡᠪᠡᠳᠴᠢᠨ ᠤ ᠰᠡᠳᠦᠪᠲᠦ ᠲᠧᠯᠸᠢᠰ ᠵᠦᠴᠦᠭᠡ ︽ᠲᠠᠨ ᠤ ᠲᠤᠳᠤᠨᠤᠰᠤᠭ ᠲᠤ ᠲᠠᠯᠠᠷᠬᠠᠯ᠎ᠠ︾ ︵ᠲᠥᠪ ᠲᠧᠯᠸᠢᠰ ᠤᠨ ᠨᠠᠢᠮᠠᠳᠤᠭᠠᠷ ᠰᠤᠪᠠᠭ︶ ᠵᠡᠷᠭᠡ ᠶᠢ ᠪᠠᠭᠲᠠᠭᠠᠪᠠ᠃  5 ᠳ᠋ᠤᠭᠠᠷ ᠰᠠᠷ᠎ᠠ ᠳᠤ᠂ ᠪᠡᠭᠡᠵᠢᠩ ᠤᠨ ᠦᠢᠯᠡᠳᠪᠦᠷᠢᠯᠡᠭᠰᠡᠨ ᠰᠦᠯᠵᠢᠶᠡᠨ ᠵᠦᠴᠦᠭᠡ ︽ᠠᠯᠲᠠᠢ ᠮᠢᠨᠢ︾ ᠶᠢ ᠲᠥᠪ ᠲᠧᠯᠸᠢᠰ ᠤᠨ ᠨᠢᠭᠡᠳᠦᠭᠡᠷ ᠰᠤᠪᠠᠭ ᠤᠨ ᠰᠢᠵᠢᠷ ᠠᠯᠲᠠᠨ ᠦᠶ᠎ᠡ ᠪᠠ ᠠᠢ ᠴᠢ ᠢ ᠶᠢᠨ ᠬᠤᠮᠠᠬᠢ ᠵᠦᠴᠦᠭᠡ ᠶᠢᠨ ᠲᠠᠯᠠᠪᠠᠢ ᠳᠤ ᠵᠡᠷᠭᠡ ᠪᠠᠷ ᠨᠡᠪᠲᠡᠷᠡᠭᠦᠯᠵᠦ᠂ ᠡᠨᠡ ᠨᠢ ᠮᠥᠨ ᠴᠦ ᠲᠥᠪ ᠲᠧᠯᠸᠢᠰ ᠤᠨ ᠨᠢᠭᠡᠳᠦᠭᠡᠷ ᠰᠤᠪᠠᠭ ᠠᠩᠬ᠎ᠠ ᠤᠳᠠᠭ᠎ᠠ ᠰᠦᠯᠵᠢᠶᠡᠨ ᠵᠦᠴᠦᠭᠡ ᠶᠢ ᠨᠡᠪᠲᠡᠷᠡᠭᠦᠯᠵᠦ ᠪᠠᠶᠢᠭ᠎ᠠ ᠶᠠᠪᠤᠳᠠᠯ ᠮᠥᠨ᠃ 6 ᠳ᠋ᠤᠭᠠᠷ ᠰᠠᠷ᠎ᠠ ᠳᠤ᠂ ᠲᠧᠯᠸᠢᠰ ᠵᠦᠴᠦᠭᠡ ︽ᠰᠠᠷᠭᠠᠢ ᠶᠢᠨ ᠦᠯᠢᠭᠡᠷ︾ ᠢ ᠲᠥᠪ ᠲᠧᠯᠸᠢᠰ ᠤᠨ ᠨᠠᠢᠮᠠᠳᠤᠭᠠᠷ ᠰᠤᠪᠠᠭ ᠤᠨ ᠰᠢᠵᠢᠷ ᠠᠯᠲᠠᠨ ᠦᠶ᠎ᠡ ᠳᠤ ᠠᠩᠬ᠎ᠠ ᠨᠡᠪᠲᠡᠷᠡᠭᠦᠯᠵᠦ᠂ ᠲᠤᠰ ᠣᠷᠣᠢ ᠶᠢᠨ ᠬᠦᠯᠢᠶᠡᠨ ᠠᠪᠴᠤ ᠦᠵᠡᠭᠰᠡᠨ ᠨᠣᠷᠮ᠎ᠠ ᠠᠳᠠᠯᠢ ᠬᠤᠭᠤᠴᠠᠭᠠᠨ ᠤ ᠳᠣᠲᠣᠷ᠎ᠠ ᠪᠠᠨ ᠨᠢᠭᠡᠳᠦᠭᠡᠷ ᠲᠤ ᠣᠷᠣᠵᠤ᠂ ᠬᠦᠯᠢᠶᠡᠨ ᠠᠪᠴᠤ ᠦᠵᠡᠭᠰᠡᠨ ᠨᠣᠷᠮ᠎ᠠ 0.5% ᠪᠠᠢᠭᠰᠠᠨ ᠠᠴᠠ 1.92% ᠪᠣᠯᠵᠤ᠂ ᠦᠨᠡᠯᠡᠯᠲᠡ ᠨᠢ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠰᠢᠵᠤ᠂ ᠡᠯ᠎ᠡ ᠲᠥᠷᠥᠯ ᠤᠨ ᠨᠡᠢᠭᠡᠮ ᠤᠨ ᠬᠠᠷᠢᠯᠴᠠᠭᠠᠨ ᠤ ᠲᠠᠪᠴᠠᠩ ᠤᠨ ᠳᠡᠯᠭᠡᠴᠡᠨ ᠳᠤ ᠬᠠᠯᠠᠮᠰᠢᠯ ᠪᠣᠯᠪᠠ᠃ ︽ᠪᠡᠭᠡᠵᠢᠩ ᠳᠤ ᠴᠣᠬᠤᠮ ᠬᠡᠨ ᠪᠠᠶᠢᠬᠤ ᠪᠣᠢ︾ ᠬᠡᠮᠡᠬᠦ ᠶᠠᠷᠢᠶ᠎ᠠ ᠨᠢ ᠪᠦᠬᠦ ᠰᠦᠯᠵᠢᠶᠡᠨ ᠳᠤ ᠬᠠᠯᠠᠭᠤᠷᠠᠵᠤ᠂ ︽ᠨᠢᠭᠡ ᠵᠦᠴᠦᠭᠡ ᠪᠠᠷ ᠨᠢᠭᠡ ᠬᠤᠲᠠ ᠶᠢ ᠨᠡᠷ᠎ᠡ ᠭᠠᠷᠭᠠᠬᠤ︾ ︽ᠲᠧᠯᠸᠢᠰ ᠵᠦᠴᠦᠭᠡ ᠶᠢ ᠳᠠᠭᠠᠵᠤ ᠵᠢᠭᠤᠯᠴᠢᠯᠠᠬᠤ︾ ᠨᠢ ᠤᠷᠤᠰᠬᠠᠯ ᠪᠣᠯᠵᠤ᠂ ᠺᠢᠨᠣ᠋ ᠲᠧᠯᠸᠢᠰ ᠪᠣᠯᠤᠨ ᠰᠣᠶᠣᠯ ᠵᠢᠭᠤᠯᠴᠢᠯᠠᠯ ᠤᠨ ᠬᠤᠣᠰ ᠴᠢᠭᠯᠡᠯ ᠢᠶᠠᠷ ᠤᠷᠤᠭᠰᠢᠯᠠᠭᠰᠠᠨ ︽ᠪᠡᠭᠡᠵᠢᠩ ᠤᠨ ᠨᠡᠷ᠎ᠡ ᠶᠢᠨ ᠬᠠᠭᠤᠳᠠᠰᠤ︾ ᠶᠢ ᠪᠣᠢ ᠪᠣᠯᠭᠠᠵᠠᠢ᠃  ᠰᠣᠶᠣᠯ ᠤᠨ ᠲᠦᠷᠦᠯ ᠤᠨ ᠲᠣᠭᠯᠠᠯᠲᠠ ︽ᠭᠢᠯᠪᠠᠭ᠎ᠠ ᠪᠠᠨ ᠰᠠᠴᠤᠷᠠᠭᠤᠯᠤᠭᠠᠷᠠᠢ︕ ᠶᠡᠭᠡ ᠲᠠᠳᠠᠮᠠᠯ ᠭᠤᠤᠯ︾ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ︽2023 — 2024 ᠣᠨ ᠤ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ︾ ᠢᠶᠠᠷ ᠰᠣᠩᠭᠤᠭᠳᠠᠵᠤ ᠂ ᠪᠡᠭᠡᠵᠢᠩ ᠬᠤᠲᠠ ᠶᠢᠨ ︽2024 ᠣᠨ ᠤ ᠪᠥᠬᠦ ᠤᠯᠤᠰ ᠤᠨ ᠰᠣᠶᠣᠯ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢᠨ ᠭᠤᠤᠯᠳᠠᠯᠭ᠎ᠠ ᠲᠠᠢ ᠲᠥᠷᠥᠯ ᠵᠦᠢᠯ ᠳᠤ ᠵᠢᠭᠰᠠᠭᠠᠭᠳᠠᠪᠠ᠃ ︽ᠲᠠᠯᠠᠪᠤᠷ ᠲᠤ ᠭᠠᠷᠤᠯ᠎ᠠ︕ ᠪᠡᠭᠡᠵᠢᠩ ᠤᠨ ᠲᠥᠪ ᠲᠡᠩᠭᠡᠯᠢᠭ ᠤᠨ ᠱᠤᠭᠤᠮ︾᠂ ︽ᠡᠯᠴᠢᠨ ᠰᠠᠶᠢᠳ ᠤᠨ ᠡᠷᠳᠡᠨᠢᠴᠢᠨ ᠤ ᠳᠠᠶᠢᠯᠠᠯᠭ᠎ᠠ︾᠂ ᠷᠠᠳᠢᠣ᠋ ᠨᠡᠪᠲᠡᠷᠡᠭᠦᠯᠭᠡ ᠤᠨ ᠫᠷᠣᠭ᠍ᠷᠠᠮ ︽ᠶᠠᠪᠤᠵᠤ ᠤᠩᠰᠢᠬᠤ ᠲᠥᠪ ᠲᠡᠩᠬᠡᠯᠢᠭ ᠤᠨ ᠱᠤᠭᠤᠮ︾᠂ ︽ᠲᠡᠦᠬᠡ ᠶᠢᠨ ᠳᠤᠷᠠᠰᠬᠠᠯᠲᠤ ᠵᠦᠢᠯᠡᠰ ᠲᠠᠬᠢ ᠪᠡᠭᠡᠵᠢᠩ︾ ᠵᠡᠷᠭᠡ ᠪᠦᠲᠦᠭᠡᠯ ᠨᠢ ᠴᠥᠮ ᠰᠢᠯᠢᠳᠡᠭ ᠤᠯᠠᠮᠵᠢᠯᠠᠯᠲᠤ ᠰᠣᠶᠣᠯ ᠤᠨ ᠴᠢᠨᠠᠷ ᠰᠠᠶᠢᠲᠠᠢ ᠭᠠᠷᠭᠠᠯᠲᠠ ᠶᠢ ᠪᠡᠶᠡᠯᠡᠭᠦᠯᠦᠭᠰᠡᠨ ᠪᠠᠶᠢᠨ᠎ᠠ᠃  ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠠᠷᠠᠲᠤ ᠲᠡᠮᠳᠡᠭᠲᠦ ᠶᠢᠨ ᠳᠠᠭᠠᠭᠤᠯᠭ᠎ᠠ ᠳᠣᠤᠷ᠎ᠠ᠂ ᠺᠢᠨᠣ᠋ ᠲᠧᠯᠸᠢᠰ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠨᠢ ᠪᠦᠲᠦᠭᠡᠯ ᠤᠨ ᠰᠣᠶᠣᠯ ᠤᠨ ᠬᠠᠷᠠᠭᠠᠰᠤ᠂ ᠤᠷᠠᠯᠢᠭ ᠤᠨ ᠬᠠᠷᠠᠭᠠᠰᠤ᠂ ᠨᠤᠲᠤᠭ ᠤᠨ ᠬᠠᠷᠠᠭᠠᠰᠤ ᠪᠠ ᠣᠯᠠᠨ ᠤᠯᠤᠰ ᠤᠨ ᠬᠠᠷᠠᠭᠠᠰᠤ ᠶᠢᠨ ᠭᠦᠨᠵᠡᠭᠡᠶ ᠠᠭᠤᠰᠤᠯᠴᠠᠯ ᠢ ᠪᠡᠶᠡᠯᠡᠭᠦᠯᠬᠦ ᠶᠢ ᠴᠢᠬᠤᠯᠠᠴᠢᠯᠠᠨ ᠠᠬᠢᠭᠤᠯᠵᠤ᠂ ᠭᠦᠨ ᠠᠭᠤᠯᠤᠭᠳᠠᠬᠤᠨ ᠲᠠᠢ᠂ ᠰᠢᠨ᠎ᠡ ᠶᠢ ᠡᠭᠦᠳᠬᠦ ᠲᠠᠲᠠᠬᠤ ᠬᠦᠴᠦᠨ ᠲᠠᠢ᠂ ᠢᠯᠡ ᠲᠣᠳᠣ ᠣᠨᠴᠠᠯᠢᠭ ᠪᠠ ᠣᠯᠠᠨ ᠤᠯᠤᠰ ᠤᠨ ᠬᠠᠷᠠᠭᠠᠰᠤ ᠶᠢᠨ ᠰᠣᠳᠣᠨ ᠪᠦᠲᠦᠭᠡᠯ ᠢ ᠴᠢᠷᠮᠠᠶᠢᠨ ᠪᠣᠶ ᠪᠣᠯᠭᠠᠪᠠ᠃ ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠢ ᠵᠣᠬᠢᠶᠠᠨ ᠪᠦᠲᠦᠭᠡᠯᠭᠡ ᠶᠢᠨ ᠰᠡᠳᠦᠪ ᠪᠠ ᠬᠠᠷᠠᠭᠠᠰᠤ ᠪᠠᠨ ᠮᠠᠨ ᠤ ᠤᠯᠤᠰ ᠤᠨ ᠥᠨᠢ ᠤᠳᠠᠭᠠᠨ ᠲᠡᠦᠬᠡ ᠶᠢᠨ ᠭᠤᠣᠯ ᠮᠥᠷᠡᠨ ᠳᠤ ᠳᠡᠯᠭᠡᠨ ᠦᠵᠡᠭᠦᠯᠵᠦ ᠰᠡᠳᠬᠢᠨ ᠪᠣᠳᠣᠯᠬᠢᠯᠠᠵᠤ᠂ ᠤᠷᠠᠯᠢᠭ ᠤᠨ ᠠᠭᠤᠯᠤᠭᠳᠠᠬᠤᠨ ᠪᠠ ᠭᠤᠸ᠎ᠠ ᠲᠠᠭᠠᠰᠢᠶᠠᠯ ᠤᠨ ᠦᠷᠳᠡᠭ ᠢ ᠡᠳᠦᠷ ᠢᠷᠡᠬᠦᠶ᠎ᠡ ᠰᠢᠨᠡᠳᠴᠦ ᠪᠠᠶᠢᠭ᠎ᠠ ᠴᠠᠭ ᠦᠶ᠎ᠡ ᠶᠢᠨ ᠤᠷᠤᠰᠬᠠᠯ ᠳᠤᠮᠳᠠ ᠬᠠᠮᠤᠭ ᠤᠨ ᠰᠠᠶᠢᠨ ᠲᠤᠰᠬᠠᠯ ᠢ ᠣᠯᠵᠤ᠂ ᠪᠦᠲᠦᠭᠡᠯ ᠢᠶᠠᠨ ᠠᠭᠤᠰᠤᠯᠴᠠᠩᠭᠤᠢ ᠳᠡᠯᠡᠬᠡᠢ ᠶᠢᠨ ᠪᠣᠯᠪᠠᠰᠤᠨ ᠤ ᠳᠤᠮᠳᠠ ᠲᠡᠭᠦᠨ ᠤ ᠪᠠᠶᠢᠷᠢᠰᠢᠯ ᠤᠨ ᠬᠠᠷᠠᠭ᠎ᠠ ᠶᠢ ᠥᠷᠭᠡᠳᠭᠡᠪᠡ᠃  ︽ᠰᠢᠨ᠎ᠡ︾ ᠲᠡᠶᠢᠰᠢ ᠤᠷᠤᠭᠰᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠡᠩᠨᠡᠭᠡᠨ ᠳᠤ ᠰᠠᠭᠤᠷᠢᠯᠠᠵᠤ᠂ ᠪᠦᠬᠦ ᠤᠯᠤᠰ ᠢ ᠬᠠᠮᠤᠷᠤᠭᠰᠠᠨ ᠺᠢᠨᠣ᠋ ᠲᠧᠯᠸᠢᠰ ᠤᠨ ᠰᠣᠶᠣᠯ ᠤᠨ ᠠᠮᠢ ᠠᠬᠤᠢ ᠶᠢ ᠪᠠᠶᠢᠭᠤᠯᠪᠠ  ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠪᠡᠭᠡᠵᠢᠩ ᠤᠨ ︽ᠳᠥᠷᠪᠡᠨ ᠲᠥᠪ︾ ᠤᠨ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠶᠢ ᠡᠭᠦᠳᠬᠦ ᠭᠤᠤᠯᠯᠠᠬᠤ ᠦᠢᠯᠡᠳᠦᠯ ᠢ ᠪᠠᠳᠠᠷᠠᠭᠤᠯᠬᠤ ᠴᠠᠭ ᠦᠶ᠎ᠡ ᠶᠢᠨ ᠱᠠᠭᠠᠷᠳᠠᠯᠭ᠎ᠠ ᠶᠢ ᠤᠭᠲᠤᠵᠤ᠂ ᠡᠷᠡᠯᠬᠡᠭᠯᠡᠨ ᠨᠡᠭᠡᠭᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠶᠢ ᠡᠭᠦᠳᠬᠦ ᠬᠥᠭᠵᠢᠯᠲᠡ ᠪᠠᠷ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶ ᠪᠣᠯᠭᠠᠪᠠ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ︽ᠪᠡᠭᠡᠵᠢᠩ ᠤᠨ ᠲᠣᠮᠣ ᠦᠵᠡᠵᠦ ᠰᠣᠨᠣᠰᠬᠤ︾ ᠠᠯᠲᠠᠨ ᠦᠰᠦᠭᠲᠦ ᠫᠠᠶᠢᠰᠠ ᠶᠢ ᠪᠥᠬᠦ ᠬᠦᠴᠦᠨ ᠢᠶᠠᠷ ᠢᠶᠠᠨ ᠡᠭᠦᠳᠴᠦ᠂ ︽ᠰᠠᠭᠤᠷᠢ ᠮᠥᠩᠭᠦ ᠪᠠᠷ ᠲᠡᠳᠬᠦᠨ ᠳᠡᠮᠵᠢᠬᠦ ᠠᠴᠠ ᠳᠡᠮᠵᠢᠬᠦ ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠬᠤ︔ ᠪᠡᠭᠡᠵᠢᠩ ᠳᠤ ᠰᠡᠭᠦᠳᠡᠷᠯᠡᠬᠦ ᠶᠢ ᠳᠡᠮᠵᠢᠬᠦ ᠠᠴᠠ ᠦᠢᠯᠡᠴᠢᠯᠡᠭᠡᠨ ᠤ ᠥᠷᠭᠡᠴᠡ ᠪᠠᠨ ᠪᠥᠬᠦ ᠲᠠᠯ᠎ᠠ ᠪᠠᠷ ᠥᠷᠭᠡᠳᠭᠡᠬᠦ︔ ᠴᠢᠳᠠᠪᠤᠷᠢᠲᠠᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠠᠴᠠ ᠬᠠᠯᠠᠮᠵᠢᠯᠠᠯ ᠤᠨ ᠳᠤᠯᠠᠭᠠᠴᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ︾ ᠭᠤᠷᠪᠠᠨ ᠶᠡᠭᠡ ᠲᠠᠯ᠎ᠠ ᠠᠴᠠ ᠭᠠᠷᠳᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠪᠦᠲᠦᠴᠡ ᠪᠠ ᠦᠢᠯᠡᠳᠪᠦᠷᠢᠯᠡᠯ ᠤᠨ ᠬᠠᠷᠢᠴᠠᠭ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠠᠬᠢᠭᠤᠯᠪᠠ᠃  ᠴᠠᠭ ᠦᠶ᠎ᠡ ᠶᠢᠨ ᠬᠥᠭᠵᠢᠯᠲᠡ ᠶᠢᠨ ᠰᠠᠯᠬᠢᠨ ᠤ ᠠᠮᠠᠨ ᠳᠤ ᠰᠠᠨᠠᠭᠠᠴᠢᠯᠠᠭ᠎ᠠ ᠠᠴᠠ ᠪᠠᠨ ᠵᠣᠭᠰᠣᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠯᠲᠠ ᠶᠢ ᠬᠦᠴᠦ ᠪᠠᠨ ᠲᠥᠪᠯᠡᠷᠡᠭᠦᠯᠦᠨ ᠤᠭᠲᠤᠬᠤ ᠪᠣᠯ ᠵᠠᠭᠤᠴᠢᠯᠠᠭᠤᠷ ᠤᠨ ᠠᠵᠤ ᠦᠢᠯᠡᠰ ᠤᠨ ᠲᠠᠰᠤᠷᠠᠯᠲᠠ ᠦᠭᠡᠢ ᠤᠷᠤᠭᠰᠢᠯᠠᠬᠤ ᠶᠢᠨ ᠴᠢᠬᠤᠯᠠ ᠪᠠᠲᠤᠯᠠᠭ᠎ᠠ ᠮᠥᠨ᠃ ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠠᠷᠠᠲᠤ ᠲᠡᠮᠳᠡᠭᠲᠦ ᠪᠣᠯ ᠳᠠᠷᠤᠶ ᠰᠠᠨᠠᠭᠠᠴᠢᠯᠠᠭ᠎ᠠ ᠠᠴᠠ ᠪᠠᠨ ᠴᠠᠭ ᠦᠶ᠎ᠡ ᠳᠤ ᠬᠠᠨᠳᠤᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠭᠤᠸ᠎ᠠ ᠰᠠᠶᠢᠬᠠᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠠᠶᠠᠨ ᠵᠠᠮ ᠳᠤ ᠡᠭᠦᠳᠦᠨ ᠪᠠᠶᠢᠭᠤᠯᠵᠤ ᠬᠥᠭᠵᠢᠭᠦᠯᠦᠭᠰᠡᠨ ᠶᠤᠮ᠃ ᠪᠡᠭᠡᠵᠢᠩ ᠬᠤᠲᠠ ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠠᠵᠤ ᠦᠢᠯᠡᠰ ᠢ ᠢᠳᠡᠪᠬᠢᠲᠡᠶ ᠪᠠᠶᠢᠷᠢᠯᠠᠭᠤᠯᠵᠤ᠂ ︽ᠪᠡᠭᠡᠵᠢᠩ ᠬᠤᠲᠠ ᠶᠢᠨ ᠬᠡᠲᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠬᠤᠰᠢᠭᠤᠴᠢ ᠠᠵᠢᠯᠯᠠᠭᠠᠨ ᠤ ᠲᠥᠯᠥᠪᠯᠡᠭᠡ ︵2024 - 2026 ᠣᠨ︶︾᠂ ︽ᠪᠡᠭᠡᠵᠢᠩ ᠬᠤᠲᠠ ᠶᠢᠨ ᠬᠡᠳᠦ ᠦᠨᠳᠦᠷ ᠲᠤᠳᠤᠷᠠᠴᠠᠲᠤ ᠦᠵᠡᠵᠦ ᠰᠣᠨᠣᠰᠬᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠪᠡᠭᠡᠵᠢᠩ ᠬᠤᠲᠠ ᠶᠢᠨ ᠠᠷᠭ᠎ᠠ ᠬᠡᠮᠵᠢᠶ᠎ᠡ ᠨᠦᠭᠦᠳ︾᠂ ︽ᠪᠡᠭᠡᠵᠢᠩ ᠬᠤᠲᠠ ᠶᠢᠨ ᠬᠡᠳᠦ ᠦᠨᠳᠦᠷ ᠲᠤᠳᠤᠷᠠᠴᠠᠲᠤ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠦᠭᠯᠡᠭᠦᠷ ︵2024 ᠣᠨ︶︾ ᠵᠡᠷᠭᠡ ᠲᠥᠷᠥ ᠶᠢᠨ ᠪᠣᠳᠣᠯᠭ᠎ᠠ ᠶᠢ ᠵᠡᠷᠭᠡ ᠪᠠᠷ ᠨᠡᠶᠢᠲᠡᠯᠡᠵᠦ᠂ ᠳᠡᠭᠡᠳᠦ ᠰᠢᠨ᠎ᠡ ᠮᠡᠷᠭᠡᠵᠢᠯ ᠤᠨ ᠦᠵᠡᠵᠦ ᠰᠣᠨᠣᠰᠬᠤ ᠠᠵᠤ ᠦᠢᠯᠡᠰ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠪᠠ᠃ ︽ᠰᠠᠨ ᠰᠢᠩ ᠳ᠋ᠦᠢ᠄ ᠢᠷᠡᠭᠡᠳᠦᠢ ᠶᠢᠨ ᠰᠡᠩᠬᠡᠷᠡᠭᠦᠯᠦᠯ ᠤᠨ ᠲᠡᠮᠳᠡᠭᠯᠡᠯ︾ ᠪᠣᠯ ᠬᠠᠮᠤᠭ ᠤᠨ ᠰᠢᠨ᠎ᠡ AIGC ᠮᠡᠷᠭᠡᠵᠢᠯ ᠢ ᠠᠰᠢᠭᠯᠠᠨ ᠵᠣᠬᠢᠶᠠᠨ ᠪᠦᠲᠦᠭᠡᠵᠦ ᠦᠢᠯᠡᠳᠪᠦᠷᠢᠯᠡᠭᠰᠡᠨ ᠰᠦᠯᠵᠢᠶᠡᠨ ᠤ ᠰᠢᠨᠵᠢᠯᠡᠬᠦ ᠤᠬᠠᠭᠠᠨ ᠤ ᠵᠦᠩᠨᠡᠯ ᠤᠨ ᠪᠢᠴᠢᠯ ᠣᠬᠤᠷ ᠵᠦᠴᠦᠭᠡ ᠪᠣᠯᠤᠨ᠎ᠠ᠂ ᠲᠤᠰ ᠵᠦᠴᠦᠭᠡ ᠨᠢ ᠵᠣᠬᠢᠶᠠᠮᠠᠯ ᠣᠶᠣᠨ + ᠺᠢᠨᠣ᠋ ᠲᠧᠯᠸᠢᠰ ᠤᠨ ᠨᠢᠭᠡ ᠤᠳᠠᠭᠠᠨ ᠤ ᠰᠢᠪᠲᠤᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠪᠡᠶᠡᠯᠡᠭᠦᠯᠵᠦ᠂ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠳᠤ ᠴᠣ ᠰᠢᠨ᠎ᠡ ᠦᠢᠯᠡᠳᠪᠦᠷᠢᠯᠡᠯ ᠤᠨ ᠠᠷᠭ᠎ᠠ ᠵᠠᠮ ᠢ ᠨᠡᠭᠡᠭᠡᠵᠦ ᠥᠭᠴᠡᠢ᠃  ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ︽ᠪᠡᠭᠡᠵᠢᠩ ᠤᠨ ᠲᠣᠮᠣ ᠦᠵᠡᠵᠦ ᠰᠣᠨᠣᠰᠬᠤ︾ ᠰᠣᠳᠣᠨ ᠵᠣᠬᠢᠶᠠᠨ ᠪᠦᠲᠦᠭᠡᠬᠦ ᠠᠵᠢᠯ ᠤᠨ ᠲᠣᠭᠲᠠᠴᠠ ᠳᠤ ᠲᠦᠰᠢᠭᠯᠡᠨ ᠴᠢᠨᠠᠷ ᠰᠠᠶᠢᠲᠠᠶ ᠬᠥᠭᠵᠢᠯᠲᠡ ᠶᠢᠨ ᠬᠠᠮᠲᠤ ᠶᠢᠨ ᠲᠠᠨᠢᠯᠲᠠ ᠪᠠ ᠬᠦᠴᠦᠨ ᠢ ᠨᠢᠭᠲᠠᠷᠠᠭᠤᠯᠵᠤ᠂ ᠺᠢᠨᠣ᠋ ᠲᠧᠯᠸᠢᠰ ᠤᠨ ᠵᠣᠬᠢᠶᠠᠨ ᠪᠦᠲᠦᠭᠡᠬᠦ ᠪᠠ ᠵᠣᠬᠢᠶᠠᠮᠠᠯ ᠣᠶᠤᠨ᠂ ᠵᠢᠱᠢᠮᠡᠭ ᠠᠬᠤᠶ ᠵᠡᠷᠭᠡ ᠬᠤᠰᠢᠭᠤᠷᠠᠯ ᠮᠡᠷᠭᠡᠵᠢᠯ ᠤᠨ ᠭᠦᠨᠵᠡᠭᠡᠶ ᠠᠭᠤᠰᠤᠯᠴᠠᠯ ᠢ ᠢᠳᠡᠪᠬᠢᠲᠡᠶ ᠰᠦᠪᠡᠭᠴᠢᠯᠡᠵᠦ᠂ ᠵᠠᠰᠠᠭ ᠤᠨ ᠣᠷᠳᠣᠨ ᠤ ᠪᠠᠯᠠ ᠮᠥᠩᠭᠦ ᠪᠠᠷ ᠲᠡᠳᠬᠦᠬᠦ᠂ ᠲᠠᠪᠴᠠᠩ ᠪᠠᠶᠢᠭᠤᠯᠬᠤ᠂ ᠴᠢᠳᠠᠪᠤᠷᠢᠲᠠᠨ ᠢ ᠬᠦᠮᠦᠵᠢᠭᠦᠯᠬᠦ ᠪᠠ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠠᠭᠤᠰᠤᠯᠴᠠᠭᠤᠯᠤᠨ ᠬᠠᠮᠲᠤ ᠪᠠᠷ ᠠᠬᠢᠭᠤᠯᠵᠤ᠂ ᠨᠡᠶᠢᠰᠯᠡᠯ ᠤᠨ ᠣᠨᠴᠠᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠹᠷᠣᠨᠲ ᠪᠠ ᠦᠵᠡᠯ ᠰᠠᠨᠠᠭ᠎ᠠ ᠶᠢ ᠲᠥᠪᠯᠡᠷᠡᠭᠦᠯᠦᠭᠰᠡᠨ ᠺᠢᠨᠣ᠋ ᠲᠧᠯᠸᠢᠰ ᠤᠨ ᠰᠣᠶᠣᠯ ᠤᠨ ᠠᠮᠢ ᠠᠬᠤᠶ ᠶᠢᠨ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠪᠠ᠃  ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢ ᠴᠢᠬᠤᠯᠠᠴᠢᠯᠠᠵᠤ᠂ ᠴᠠᠭ ᠦᠶ᠎ᠡ ᠳᠤ ᠬᠠᠨᠳᠤᠭᠤᠯᠤᠨ ᠴᠢᠨᠠᠷ ᠰᠠᠶᠢᠲᠠᠶ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ  ᠪᠡᠭᠡᠵᠢᠩ ᠬᠤᠳᠠ ᠶᠢᠨ ᠬᠢᠨ ︽ᠪᠡᠭᠡᠵᠢᠩ ᠤᠨ ᠲᠣᠮᠣ ᠦᠵᠡᠵᠦ ᠰᠣᠨᠣᠰᠬᠤ︾ ᠲᠦᠷᠦᠯ ᠲᠡᠮᠲᠡᠭᠲᠦ ᠶᠢ ᠡᠭᠦᠳᠴᠦ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠪᠠᠷᠠᠯᠠᠯᠳᠤ ᠴᠢᠨᠠᠷ᠂ ᠰᠢᠨᠵᠢᠯᠡᠬᠦ ᠤᠬᠠᠭᠠᠨᠴᠢᠯᠠᠭᠰᠠᠨ ᠪᠠ ᠴᠢᠨᠠᠷ ᠰᠠᠶᠢᠲᠠᠢ ᠪᠠᠶᠢᠷᠢᠰᠢᠭᠤᠯᠤᠯᠲᠠ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠴᠠᠭ ᠦᠶ᠎ᠡ ᠶᠢᠨ ᠬᠤᠪᠢᠷᠠᠯᠲᠠ ᠳᠤ ᠬᠠᠨᠳᠤᠵᠤ᠂ ᠵᠠᠭᠤᠴᠢᠯᠠᠭᠤᠷ ᠤᠨ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠵᠣᠬᠢᠶᠠᠨ ᠪᠦᠲᠦᠭᠡᠬᠦ ᠤᠳᠤᠷᠢᠳᠤᠮᠵᠢ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠰᠢᠨ᠎ᠡ ᠶᠢ ᠡᠭᠦᠳᠬᠦ ᠪᠠᠷ ᠭᠤᠣᠯᠯᠠᠭᠤᠯᠬᠤ ᠦᠢᠯᠡᠳᠦᠯ ᠪᠣᠯᠭᠠᠬᠤ ᠯᠠᠪᠳᠠᠭᠤᠨ ᠪᠠᠲᠤᠲᠠᠢ ᠦᠢᠯᠡᠳᠦᠯᠭᠡ ᠳᠤ᠂ ︽ᠪᠡᠭᠡᠵᠢᠩ ᠤᠨ ᠲᠣᠮᠣ ᠦᠵᠡᠵᠦ ᠰᠣᠨᠣᠰᠬᠤ︾ ᠭᠡᠬᠦ ᠡᠨᠡ ᠬᠦ ᠠᠯᠳᠠᠨ ᠦᠰᠦᠭᠲᠦ ᠫᠠᠶᠢᠰᠠ ᠶᠢ ᠤᠯᠠᠮ ᠠᠴᠠ ᠤᠯᠠᠮ ᠬᠠᠩᠭᠢᠨᠠᠭᠤᠯᠵᠤ᠂ ᠺᠢᠨᠣ᠋ ᠲᠧᠯᠸᠢᠰ ᠤᠨ ᠠᠵᠢᠯ ᠲᠦᠷᠦᠯ ᠳᠤ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠯᠢᠳᠡᠭ ᠰᠣᠶᠣᠯ ᠢ ᠳᠠᠮᠵᠢᠭᠤᠯᠬᠤ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠬᠤᠷᠴᠠ ᠲᠣᠳᠣᠷᠬᠠᠢ ᠨᠡᠷ᠎ᠡ ᠶᠢᠨ ᠬᠠᠭᠤᠳᠠᠰᠤ ᠶᠢ ᠪᠣᠢ ᠪᠣᠯᠭᠠᠪᠠ᠃  ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠠᠷᠠᠲᠤ ᠲᠡᠮᠲᠡᠭᠲᠦ ᠨᠢ ᠮᠥᠨ ᠴᠢᠨᠠᠷ ᠳᠡᠭᠡᠷ᠎ᠡ ᠪᠠᠨ ᠨᠢᠭᠡ ᠵᠦᠢᠯ ᠤᠨ ᠡᠮᠬᠢᠯᠡᠨ ᠨᠡᠶᠢᠯᠡᠭᠦᠯᠬᠦ ᠲᠣᠭᠲᠠᠴᠠ᠂ ᠬᠠᠮᠵᠢᠯᠴᠠᠬᠤ ᠲᠣᠭᠲᠠᠴᠠ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠣᠯᠤᠨ᠎ᠠ᠃ ᠡᠮᠬᠢᠯᠡᠨ ᠨᠡᠶᠢᠯᠡᠭᠦᠯᠬᠦ᠂ ᠬᠠᠮᠵᠢᠯᠴᠠᠬᠤ ᠪᠠ ᠬᠤᠯᠪᠣᠭᠠᠯᠠᠨ ᠬᠥᠳᠡᠯᠦᠯᠴᠡᠬᠦ ᠨᠢ ᠭᠤᠷᠪᠠ ᠶᠢᠨ ᠬᠤᠭᠤᠷᠣᠨᠳᠣ ᠬᠠᠷᠢᠯᠴᠠᠨ ᠠᠭᠤᠰᠤᠯᠴᠠᠬᠤ᠂ ᠡᠷᠭᠢᠯᠳᠦᠭᠦᠯᠬᠦ ᠦᠢᠯᠡᠳᠦᠯ ᠳᠤ ᠲᠣᠭᠲᠠᠴᠠ ᠶᠢᠨ ᠴᠢᠨᠠᠷᠲᠠᠶ ᠬᠦᠴᠦᠨ ᠢ ᠪᠠᠳᠠᠷᠠᠭᠤᠯᠵᠤ ᠪᠠᠶᠢᠳᠠᠭ᠂ ᠡᠨᠡ ᠬᠦ ᠬᠦᠴᠦᠨ ᠨᠢ ᠨᠠᠩ ᠲᠣᠭᠲᠠᠪᠤᠷᠢᠲᠤ ᠴᠢᠨᠠᠷ᠂ ᠤᠳᠠᠭᠠᠨ ᠳᠠᠭᠠᠭᠠᠮᠠᠭᠠᠶ ᠴᠢᠨᠠᠷ ᠪᠠ ᠥᠨᠳᠥᠷ ᠪᠦᠲᠦᠮᠵᠢᠲᠦ ᠴᠢᠳᠠᠪᠤᠷᠢ ᠲᠠᠢ ᠪᠠᠶᠢᠳᠠᠭ᠃ ︽ᠪᠡᠭᠡᠵᠢᠩ ᠤᠨ ᠲᠣᠮᠣ ᠦᠵᠡᠵᠦ ᠰᠣᠨᠣᠰᠬᠤ︾ ᠰᠣᠳᠣᠨ ᠵᠣᠬᠢᠶᠠᠨ ᠪᠦᠲᠦᠭᠡᠬᠦ ᠠᠵᠢᠯ ᠤᠨ ᠲᠣᠭᠲᠠᠴᠠ ᠪᠣᠯ ᠺᠢᠨᠣ᠋ ᠲᠧᠯᠸᠢᠰ ᠤᠨ ᠠᠵᠢᠯ ᠲᠥᠷᠥᠯ ᠤᠨ ᠵᠣᠬᠢᠶᠠᠨ ᠪᠦᠲᠦᠭᠡᠬᠦ ᠠᠮᠢ ᠠᠬᠤᠶ ᠶᠢᠨ ᠬᠤᠪᠢᠰᠤᠯᠲᠠ ᠶᠢ ᠠᠬᠢᠭᠤᠯᠬᠤ᠂ ᠣᠯᠠᠨ ᠡᠰᠢᠲᠦ ᠬᠠᠮᠵᠢᠯᠴᠠᠬᠤ ᠲᠣᠭᠲᠠᠯᠴᠠᠭᠠᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠦᠲᠦᠮᠵᠢᠲᠡᠶ ᠠᠷᠭ᠎ᠠ ᠵᠠᠮ ᠮᠥᠨ᠃  ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠢ ᠭᠤᠣᠯ ᠴᠣᠭᠴᠠ ᠶᠢ ᠪᠤᠶᠢᠵᠢᠭᠤᠯᠬᠤ᠂ ᠵᠣᠬᠢᠶᠠᠨ ᠪᠦᠲᠦᠭᠡᠬᠦ ᠲᠥᠯᠥᠪᠵᠢᠭᠦᠯᠭᠡ᠂ ᠲᠦᠷᠦᠯ ᠬᠤᠪᠢᠶᠠᠨ ᠬᠠᠮᠢᠶᠠᠷᠬᠤ᠂ ᠲᠡᠳᠬᠦᠨ ᠵᠣᠷᠢᠭᠵᠢᠭᠤᠯᠬᠤ ᠵᠡᠷᠭᠡ ᠠᠯᠢ ᠤᠯᠠᠨ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠰᠠᠶᠢᠨ ᠰᠠᠶᠢᠬᠠᠨ ᠵᠣᠬᠢᠶᠠᠨ ᠪᠦᠲᠦᠭᠡᠬᠦ ᠠᠮᠢ ᠠᠬᠤᠢ ᠶᠢ ᠪᠤᠢ ᠪᠣᠯᠭᠠᠪᠠ᠃ ︽ᠪᠡᠭᠡᠵᠢᠩ ᠤᠨ ᠲᠣᠮᠣ ᠦᠵᠡᠵᠦ ᠰᠣᠨᠣᠰᠬᠤ︾ ᠪᠡᠭᠡᠵᠢᠩ ᠤᠨ ᠣᠯᠠᠨ ᠡᠰᠢᠵᠢᠭᠰᠡᠨ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠣᠯᠠᠨ ᠲᠠᠯ᠎ᠠ ᠶᠢᠨ ᠬᠦᠴᠦᠨ ᠯᠦᠭᠡ ᠬᠦᠴᠦ ᠪᠠᠨ ᠲᠥᠪᠯᠡᠷᠡᠭᠦᠯᠦᠨ ᠬᠠᠮᠲᠤ ᠤᠷᠤᠭᠰᠢᠯᠠᠵᠤ᠂ ᠡᠮᠦᠨᠡᠬᠢ ᠬᠤᠭᠤᠴᠠᠭᠠᠨ ᠤ ᠰᠡᠳᠦᠪ ᠰᠣᠩᠭᠤᠨ ᠲᠥᠰᠦᠪᠯᠡᠬᠦ᠂ ᠪᠠᠶᠢᠴᠠᠭᠠᠨ ᠰᠤᠳᠤᠯᠵᠤ ᠴᠤᠭᠯᠠᠭᠤᠯᠬᠤ ᠳᠤᠮᠳᠠ ᠰᠡᠭᠦᠳᠡᠷᠯᠡᠵᠦ ᠵᠢᠷᠤᠭ ᠠᠪᠬᠤ ᠬᠦᠷᠲᠡᠯ᠎ᠡ᠂ ᠳᠠᠬᠢᠨ ᠰᠡᠭᠦᠯᠴᠢ ᠶᠢᠨ ᠬᠤᠭᠤᠴᠠᠭᠠᠨ ᠳᠤ ᠦᠢᠯᠡᠳᠬᠦ ᠵᠢᠴᠢ ᠤᠬᠠᠭᠤᠯᠤᠨ ᠲᠠᠨᠢᠯᠴᠠᠭᠤᠯᠬᠤ ᠡᠯ᠎ᠡ ᠭᠤᠭᠴᠤᠭ᠎ᠠ ᠶᠢᠨ ᠪᠦᠬᠦ ᠬᠡᠯᠬᠢᠶ᠎ᠡ ᠶᠢᠨ ᠵᠣᠬᠢᠶᠠᠨ ᠪᠦᠲᠦᠭᠡᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠬᠠᠮᠲᠤ ᠪᠠᠷ ᠨᠡᠪᠲᠡᠷᠡᠭᠦᠯᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠡᠬᠢ ᠪᠠᠶᠠᠯᠢᠭ᠂ ᠦᠢᠯᠡᠴᠢᠯᠡᠭᠡ ᠵᠡᠷᠭᠡ ᠪᠦᠬᠦ ᠲᠠᠯ᠎ᠠ ᠠᠴᠠ ᠡᠭᠦᠰᠴᠦ᠂ ᠪᠡᠭᠡᠵᠢᠩ ᠳᠤ ᠰᠡᠭᠦᠳᠡᠷᠯᠡᠭᠰᠡᠨ ᠪᠡᠭᠡᠵᠢᠩ ᠤᠨ ᠰᠡᠳᠦᠪᠲᠦ ᠺᠢᠨᠣ᠋ ᠲᠧᠯᠸᠢᠰ ᠵᠦᠴᠦᠭᠡ ᠶᠢ ᠳᠡᠮᠵᠢᠪᠡ᠃  ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠠᠷᠠᠲᠤ ᠲᠡᠮᠳᠡᠭᠲᠦ ᠶᠢ ᠪᠠᠶᠢᠭᠤᠯᠤᠭᠰᠠᠨ ᠠᠴᠠ ᠨᠠᠭᠠᠰᠢ᠂ ᠰᠣᠶᠣᠯ ᠤᠨ ᠬᠤᠪᠢᠷᠠᠭᠤᠯᠤᠯᠲᠠ᠂ ᠣᠶᠤᠨᠴᠢ ᠡᠭᠦᠳᠦᠨ ᠪᠦᠲᠦᠭᠡᠯᠭᠡ᠂ ᠰᠣᠳᠣᠨ ᠪᠦᠲᠦᠭᠡᠯ ᠤᠨ ᠬᠠᠩᠭᠠᠯᠭ᠎ᠠ᠂ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠡᠭᠦᠳᠦᠯᠲᠡ᠂ ᠣᠯᠠᠨ ᠤᠯᠤᠰ ᠤᠨ ᠳᠠᠮᠵᠢᠭᠤᠯᠭ᠎ᠠ ᠶᠢᠨ ᠵᠠᠩᠭᠢᠯᠠᠭ᠎ᠠ ᠶᠢᠨ ᠦᠭᠡ ᠪᠣᠯᠵᠣ᠂ ︽ᠪᠥᠬᠦ ᠤᠯᠤᠰ ᠤᠨ ᠰᠣᠶᠣᠯ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ 2023 ᠣᠨ ᠤ ᠠᠷᠪᠠᠨ ᠶᠡᠭᠡ ᠶᠠᠪᠤᠳᠠᠯ︾ ᠨᠢ ︽ᠪᠡᠭᠡᠵᠢᠩ ᠤᠨ ᠲᠣᠮᠣ ᠦᠵᠡᠵᠦ ᠰᠣᠨᠣᠰᠬᠤ︾ ᠳᠤ ᠬᠦᠴᠦᠷᠬᠡᠭ ᠶᠡᠭᠡ ᠬᠥᠭᠵᠢᠯᠲᠡ ᠶᠢᠨ ᠬᠥᠳᠡᠯᠭᠡᠬᠦ ᠬᠦᠴᠦᠨ ᠬᠠᠩᠭᠠᠪᠠ᠃ ᠢᠷᠡᠭᠡᠳᠦᠢ ᠳᠤ᠂ ︽ᠪᠡᠭᠡᠵᠢᠩ ᠤᠨ ᠲᠣᠮᠣ ᠦᠵᠡᠵᠦ ᠰᠣᠨᠣᠰᠬᠤ︾ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠠᠵᠢᠯ ᠤᠨ ᠲᠣᠭᠲᠠᠴᠠ ᠨᠢ ᠤᠯᠠᠨ ᠲᠦᠮᠡᠨ ᠤ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠺᠢᠨᠣ᠋ ᠲᠧᠯᠸᠢᠰ ᠤᠨ ᠤᠷᠠᠯᠢᠭ ᠢ ᠲᠦᠷᠦᠯ ᠬᠡᠯᠪᠡᠷᠢ ᠪᠠᠷ ᠨᠡᠭᠡᠭᠡᠬᠦ᠂ ᠰᠡᠳᠦᠪ ᠤᠨ ᠰᠢᠨ᠎ᠡ ᠶᠢ ᠡᠭᠦᠳᠬᠦ᠂ ᠦᠵᠡᠵᠦ ᠰᠣᠨᠣᠰᠬᠤ ᠵᠡᠷᠭᠡ ᠲᠠᠯ᠎ᠠ ᠪᠠᠷ ᠭᠤᠸ᠎ᠠ ᠵᠦᠢ ᠶᠢᠨ ᠬᠥᠭᠡᠭᠡᠴᠡᠯᠳᠦᠯ ᠪᠠ ᠠᠭᠤᠯᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠪᠣᠯᠤᠨ᠎ᠠ᠃ ︽ᠪᠡᠭᠡᠵᠢᠩ ᠤᠨ ᠲᠣᠮᠣ ᠦᠵᠡᠵᠦ ᠰᠣᠨᠣᠰᠬᠤ︾ ᠨᠢ ᠢᠯᠡ ᠲᠣᠳᠣ ᠰᠣᠶᠣᠯ ᠤᠨ ᠴᠢᠨᠠᠷ ᠤᠨ ᠮᠡᠳᠡᠷᠡᠮᠵᠢ᠂ ᠭᠦᠨ ᠭᠦᠨᠵᠡᠭᠡᠶ ᠦᠵᠡᠯ ᠰᠠᠨᠠᠭᠠᠨ ᠤ ᠷᠢᠳᠢ ᠰᠢᠳᠢ ᠶᠢ ᠢᠯᠡᠷᠡᠭᠦᠯᠬᠦ᠂ ᠰᠢᠨ᠎ᠡ ᠶᠢ ᠡᠭᠦᠳᠬᠦ ᠣᠯᠠᠨ ᠡᠰᠢᠲᠦ ᠦᠵᠡᠵᠦ ᠰᠣᠨᠣᠰᠬᠤ ᠢᠯᠡᠳᠬᠡᠯᠲᠡ ᠶᠢ ᠪᠠᠲᠤ ᠪᠠᠬᠢ ᠪᠣᠶ ᠪᠣᠯᠭᠠᠵᠤ᠂ ᠰᠣᠶᠣᠯ ᠤᠨ ᠰᠢᠨ᠎ᠡ ᠶᠢ ᠡᠭᠦᠳᠬᠦ ᠴᠢᠨᠠᠷᠲᠠᠶ ᠳᠠᠮᠵᠢᠭᠤᠯᠭ᠎ᠠ ᠪᠠ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠦᠵᠡᠵᠦ ᠰᠣᠨᠣᠰᠬᠤ ᠦᠭᠡ ᠶᠠᠷᠢᠶ᠎ᠠ ᠳᠠᠪᠬᠤᠴᠠᠭᠰᠠᠨ᠂ ᠬᠡᠯᠪᠡᠷᠢ ᠶᠢᠨ ᠦᠭᠡ ᠬᠡᠯᠡ ᠰᠢᠨ᠎ᠡ ᠪᠠᠷ ᠪᠣᠢ ᠪᠣᠯᠬᠤ᠂ ᠰᠢᠨ᠎ᠡ ᠢᠯᠡᠳᠭᠡᠬᠦ ᠬᠡᠯᠪᠡᠷᠢ ᠶᠢᠨ ᠭᠠᠳᠠᠭᠰᠢ ᠭᠠᠷᠬᠤ ᠪᠠ ᠰᠣᠶᠣᠯ ᠤᠨ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠬᠦᠴᠦᠯᠡᠨ ᠠᠬᠢᠭᠤᠯᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map