︽ᠲᠡᠷᠭᠡᠨ ᠳᠡᠭᠡᠷᠡᠬᠢ ᠤᠲᠠᠰᠤ ᠦᠭᠡᠢ ᠷᠠᠳᠢᠣ᠋ ᠨᠡᠪᠲᠡᠷᠡᠭᠦᠯᠭᠡ ᠬᠦᠯᠢᠶᠡᠨ ᠠᠪᠬᠤ ᠰᠢᠰᠲ᠋ᠧᠮ︾ ᠤᠨ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠲᠣᠭᠲᠠᠭᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2024/9/27
  9 ᠳ᠋ᠦ᠋ᠭᠡᠷ ᠰᠠᠷ᠎ᠠ ᠶᠢᠨ 18 ᠤ ᠡᠳᠦᠷ᠂ ︽ᠲᠡᠷᠭᠡᠨ ᠳᠡᠭᠡᠷᠡᠬᠢ ᠤᠲᠠᠰᠤ ᠥᠬᠡᠶ ᠷᠠᠳᠢᠣ᠋ ᠨᠡᠪᠲᠡᠷᠡᠭᠦᠯᠭᠡ ᠭᠥᠯᠢᠶᠡᠨ ᠠᠪᠬᠤ ᠰᠢᠰᠲ᠋ᠧᠮ︾ ᠤᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠶᠢᠨ ᠲᠥᠷᠥᠯ ᠵᠦᠢᠯ ᠤᠨ ᠢᠯᠡ ᠪᠠᠷ ᠰᠠᠨᠠᠯ ᠬᠤᠷᠢᠶᠠᠵᠠᠢ᠂ ᠲᠣᠰ ᠲᠥᠷᠥᠯ ᠵᠦᠢᠯ ᠤᠨ ᠮᠡᠷᠭᠡᠵᠢᠯ ᠤᠨ ᠰᠢᠰᠲ᠋ᠧᠮᠵᠢᠭᠦᠯᠦᠭᠰᠡᠨ ᠨᠢᠭᠡᠴᠢ ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠠᠶᠢᠵᠤ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠣᠯᠤᠨ᠎ᠠ᠃  ᠷᠠᠳᠢᠣ᠋ ᠨᠡᠪᠲᠡᠷᠡᠭᠦᠯᠭᠡ ᠪᠣᠯ ᠮᠠᠨ ᠤ ᠤᠯᠤᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ᠂ ᠨᠡᠶᠢᠳᠡᠮ ᠤᠨ ᠴᠢᠨᠠᠷᠲᠠᠶ ᠣᠨᠴᠠᠯᠢᠭ ᠲᠠᠢ ᠪᠣᠯᠬᠤᠷ᠂ ᠲᠥᠪ ᠤᠨ ᠳᠠᠭᠤᠨ ᠢ ᠳᠠᠮᠵᠢᠭᠤᠯᠬᠤ᠂ ᠤᠯᠤᠰ ᠤᠨ ᠵᠠᠰᠠᠭ ᠤᠨ ᠵᠠᠷᠯᠢᠭ ᠤᠨ ᠰᠠᠭᠠᠳ ᠦᠭᠡᠶ ᠨᠡᠪᠲᠡᠷᠡᠬᠦ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠳᠠᠮᠵᠢᠭᠤᠯᠭ᠎ᠠ ᠶᠢᠨ ᠠᠷᠭ᠎ᠠ ᠮᠠᠶ᠋ᠢᠭ ᠪᠣᠯᠬᠤ ᠪᠥᠭᠡᠳ ᠭᠡᠨᠡᠳᠲᠡ ᠡᠭᠦᠰᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠶᠢ ᠪᠤᠰᠢᠭᠤ ᠲᠦᠷᠭᠡᠨ ᠪᠦᠲᠦᠮᠵᠢᠲᠡᠶ ᠬᠦᠯᠢᠶᠡᠨ ᠠᠪᠬᠤ ᠶᠢ ᠦᠨᠡᠨ ᠬᠦ ᠪᠠᠲᠤᠯᠠᠬᠤ ᠴᠢᠬᠤᠯᠠ ᠰᠠᠭᠤᠷᠢ ᠪᠡᠯᠡᠳᠬᠡᠮᠵᠢ ᠪᠣᠯᠤᠨ᠎ᠠ᠃ 2023 ᠣᠨ ᠤ 8 ᠳ᠋ᠤᠭᠠᠷ ᠰᠠᠷ᠎ᠠ ᠶᠢᠨ 14 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠬᠠᠮᠲᠤᠷᠠᠨ ︽ᠲᠡᠷᠭᠡᠨ ᠳᠡᠭᠡᠷᠡᠬᠢ ᠳᠠᠭᠤ ᠳᠦᠷᠰᠦ ᠰᠢᠩᠭᠡᠭᠡᠯᠲᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠨᠡᠶᠢᠲᠡᠯᠡᠵᠦ᠂ ᠷᠠᠳᠢᠣ᠋ ᠨᠡᠪᠲᠡᠷᠡᠭᠦᠯᠭᠡ ᠶᠢ ᠬᠦᠯᠢᠶᠡᠨ ᠠᠪᠬᠤ ᠰᠢᠰᠲ᠋ᠧᠮ ᠢ ᠮᠠᠰᠢᠨ ᠲᠡᠷᠭᠡᠨ ᠤ ᠬᠦᠷᠢᠶᠡᠨ ᠳᠤ ᠤᠭᠰᠠᠷᠠᠬᠤ ᠶᠢ ᠠᠬᠢᠭᠤᠯᠬᠤ ᠶᠢ ᠪᠠᠶᠢᠷᠢᠯᠠᠭᠤᠯᠪᠠ᠃ ᠤᠲᠠᠰᠤ ᠦᠭᠡᠶ ᠷᠠᠳᠢᠣ᠋ ᠨᠡᠪᠲᠡᠷᠡᠭᠦᠯᠭᠡ ᠬᠦᠯᠢᠶᠡᠨ ᠠᠪᠬᠤ ᠰᠢᠰᠲ᠋ᠧᠮ ᠨᠢ ᠲᠡᠷᠭᠡ ᠵᠢᠯᠣᠭᠤᠳᠣᠭᠴᠢ ᠳᠤ ᠭᠡᠨᠡᠳᠲᠡ ᠶᠢᠨ ᠪᠠᠶᠢᠭᠠᠯᠢ ᠶᠢᠨ ᠭᠠᠮᠰᠢᠭ ︵ᠵᠢᠱᠢᠶᠡᠯᠡᠪᠡᠯ ᠭᠠᠵᠠᠷ ᠬᠥᠳᠡᠯᠦᠯᠲᠡ᠂ ᠦᠶᠡᠷ ᠤᠨ ᠭᠠᠮᠰᠢᠭ ᠵᠡᠷᠭᠡ︶ ᠪᠣᠯᠤᠨ ᠪᠤᠰᠤᠳ ᠠᠮᠤᠷ ᠲᠦᠪᠰᠢᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ᠃ ᠳᠠᠪᠲᠠᠮᠵᠢ ᠲᠣᠬᠢᠷᠠᠭᠤᠯᠬᠤ ᠷᠠᠳᠢᠣ᠋ ᠨᠡᠪᠲᠡᠷᠡᠭᠦᠯᠭᠡ ᠰᠠᠴᠤᠷᠠᠭᠤᠯᠬᠤ ᠥᠷᠲᠡᠭᠡ ᠶᠢᠨ ᠪᠦᠷᠬᠦᠬᠦ ᠷᠠᠳᠢᠦ᠋ᠰ ᠨᠢ 100 ᠺᠢᠯᠣᠮᠧᠲᠷ ᠢ ᠳᠠᠪᠠᠵᠤ᠂ ᠳᠤᠮᠳᠠ ᠳᠣᠯᠭᠢᠶᠠᠨ ᠷᠠᠳᠢᠣ᠋ ᠨᠡᠪᠲᠡᠷᠡᠭᠦᠯᠭᠡ ᠶᠢᠨ ᠪᠦᠷᠬᠦᠴᠡ ᠶᠢᠨ ᠵᠠᠶ ᠶᠢ ᠮᠢᠩᠭᠠᠨ ᠺᠢᠯᠣᠮᠧᠲᠷ ᠲᠤ ᠬᠦᠷᠭᠡᠵᠦ᠂ ᠭᠠᠮᠰᠢᠭ ᠡᠭᠦᠰᠬᠦ ᠦᠶ᠎ᠡ ᠳᠤ ᠷᠠᠳᠢᠣ᠋ ᠰᠠᠴᠤᠷᠠᠭᠤᠯᠬᠤ ᠥᠷᠲᠡᠭᠡ ᠨᠢ ᠭᠠᠮᠰᠢᠭ ᠤᠨ ᠣᠷᠣᠨ ᠠᠴᠠ ᠨᠡᠯᠢᠶᠡᠳ ᠬᠤᠯᠠ ᠪᠠᠶᠢᠭ᠎ᠠ ᠪᠣᠯᠬᠤᠷ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠨᠡᠶᠢᠲᠡᠯᠡᠬᠦ ᠶᠢ ᠲᠠᠰᠤᠯᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠲᠡᠷᠭᠡ ᠵᠢᠯᠣᠭᠤᠳᠬᠤ ᠬᠥᠮᠦᠰ ᠤᠨ ᠬᠤᠤᠷ ᠬᠥᠨᠥᠭᠡᠯ ᠠᠴᠠ ᠬᠤᠯᠠ ᠵᠠᠶᠢᠳᠠᠬᠤ ᠶᠢ ᠴᠠᠭ ᠲᠤᠬᠠᠶ ᠳᠤ ᠨᠢ ᠵᠠᠯᠠᠵᠤ ᠵᠢᠯᠣᠭᠤᠳᠬᠤ ᠪᠣᠯᠤᠨ᠎ᠠ᠃ ᠭᠡᠲᠡᠯ᠎ᠡ ᠴᠢᠮᠡᠭᠡ ᠨᠡᠪᠲᠡᠷᠡᠭᠦᠯᠭᠡ ᠶᠢᠨ ᠲᠣᠣᠷ ᠠᠴᠠ ᠰᠠᠭᠤᠷᠢ ᠥᠷᠲᠡᠭᠡ ᠳᠤ ᠬᠦᠷᠬᠦ ᠤᠲᠠᠰᠤ ᠦᠭᠡᠶ ᠳᠠᠮᠵᠢᠭᠤᠯᠬᠤ ᠵᠠᠶ ᠨᠢ ᠬᠠᠮᠤᠭ ᠬᠤᠯᠠ ᠳᠤ ᠪᠠᠨ ᠬᠡᠳᠦᠬᠡᠨ ᠺᠢᠯᠣᠮᠧᠲᠷ ᠪᠠᠶᠢᠵᠤ᠂ ᠭᠠᠮᠰᠢᠭ ᠡᠭᠦᠰᠬᠦ ᠦᠶ᠎ᠡ ᠳᠤ ᠮᠠᠰᠢᠨ ᠲᠡᠷᠭᠡ ᠵᠢᠯᠣᠭᠤᠳᠴᠤ ᠰᠠᠭᠤᠬᠤ ᠬᠥᠮᠦᠰ ᠬᠢᠭᠡᠳ ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠥᠷᠲᠡᠭᠡ ᠲᠠᠢ ᠵᠡᠷᠭᠡ ᠪᠠᠷ ᠭᠠᠮᠰᠢᠭ ᠤᠨ ᠨᠥᠯᠥᠭᠡ ᠳᠤ ᠤᠴᠠᠷᠠᠬᠤ ᠪᠣᠯᠤᠮᠵᠢ ᠮᠠᠰᠢ ᠶᠡᠭᠡ ᠪᠠᠶᠢᠵᠤ᠂ ᠲᠡᠷᠭᠡ ᠵᠢᠯᠣᠭᠤᠳᠬᠤ ᠬᠥᠮᠦᠰ ᠶᠡᠷᠦ ᠨᠢ ᠴᠢᠮᠡᠭᠡ ᠬᠤᠯᠪᠣᠭᠠᠨ ᠤ ᠲᠣᠣᠷ ᠠᠴᠠ ᠢᠷᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠶᠢ ᠬᠦᠯᠢᠶᠡᠨ ᠠᠪᠴᠤ ᠳᠡᠶᠢᠯᠬᠦ ᠦᠭᠡᠶ ᠪᠠᠶᠢᠳᠠᠭ᠃ ᠡᠶᠢᠮᠦ ᠠᠴᠠ᠂ ᠭᠡᠨᠡᠳᠲᠡ ᠶᠢᠨ ᠪᠠᠴᠢᠮ ᠪᠠᠶᠢᠳᠠᠯ ᠳᠣᠤᠷ᠎ᠠ᠂ ᠲᠡᠷᠭᠡᠨ ᠳᠡᠭᠡᠷᠡᠬᠢ ᠷᠠᠳᠢᠣ᠋ ᠨᠡᠪᠲᠡᠷᠡᠭᠦᠯᠭᠡ ᠶᠢ ᠭᠥᠯᠢᠶᠡᠨ ᠠᠪᠬᠤ ᠰᠢᠰᠲ᠋ᠧᠮ ᠨᠢ ᠵᠠᠩᠭᠢᠯᠠᠭ᠎ᠠ ᠶᠢᠨ ᠦᠢᠯᠡᠳᠦᠯ ᠦᠵᠡᠭᠦᠯᠵᠦ᠂ ᠲᠡᠷᠭᠡᠨ ᠳᠡᠭᠡᠷᠡᠬᠢ ᠷᠠᠳᠢᠣ᠋ ᠨᠡᠪᠲᠡᠷᠡᠭᠦᠯᠭᠡ ᠶᠢ ᠭᠥᠯᠢᠶᠡᠨ ᠠᠪᠬᠤ ᠰᠢᠰᠲ᠋ᠧᠮ ᠤᠨ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃  ᠳᠡᠯᠡᠬᠡᠢ ᠶᠢᠨ ᠡᠯ᠎ᠡ ᠤᠯᠤᠰ ᠤᠳ ᠲᠡᠷᠭᠡᠨ ᠳᠡᠭᠡᠷᠡᠬᠢ ᠷᠠᠳᠢᠣ᠋ ᠨᠡᠪᠲᠡᠷᠡᠭᠦᠯᠭᠡ ᠶᠢ ᠬᠦᠯᠢᠶᠡᠨ ᠠᠪᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠧᠦ᠋ᠷᠣᠫᠠ ᠶᠢᠨ ᠬᠤᠯᠪᠣᠭ᠎ᠠ 2018 ᠣᠨ ᠳᠤ ᠨᠢᠭᠡᠨᠲᠡ ︽ᠧᠦ᠋ᠷᠣᠫᠠ ᠶᠢᠨ ᠬᠤᠯᠪᠣᠭᠠᠨ ᠤ ᠡᠯᠧᠺᠲᠷᠣᠨ ᠴᠢᠮᠡᠭᠡ ᠬᠤᠯᠪᠣᠭᠠᠨ ᠤ ᠬᠠᠤᠯᠢ ᠲᠣᠭᠲᠠᠭᠠᠯ︾ ︵113 ᠵᠦᠢᠯ᠂ XI︶ ᠨᠡᠶᠢᠲᠡᠯᠡᠵᠦ᠂ ᠲᠤᠰ ᠬᠠᠤᠯᠢ ᠲᠣᠭᠲᠠᠭᠠᠯ ᠳᠤ ᠧᠦ᠋ᠷᠣᠫᠠ ᠶᠢᠨ ᠬᠤᠯᠪᠣᠭᠠᠨ ᠤ ᠵᠠᠬ᠎ᠠ ᠳᠡᠯᠭᠡᠭᠦᠷ ᠳᠡᠭᠡᠷ᠎ᠡ ᠬᠤᠳᠠᠯᠳᠤᠭᠰᠠᠨ ᠪᠤᠶᠤ ᠲᠦᠷᠢᠶᠡᠰᠦᠯᠡᠭᠰᠡᠨ M ᠲᠥᠷᠥᠯ ᠤᠨ ᠰᠢᠨ᠎ᠡ ᠲᠡᠷᠭᠡᠨ ᠳᠣᠲᠣᠷ᠎ᠠ ᠴᠤᠭᠯᠠᠭᠤᠯᠤᠭᠰᠠᠨ ᠶᠠᠮᠠᠷᠪᠠ ᠲᠡᠷᠭᠡᠨ ᠳᠡᠭᠡᠷᠡᠬᠢ ᠷᠠᠳᠢᠣ᠋ ᠬᠦᠯᠢᠶᠡᠨ ᠠᠪᠬᠤ ᠮᠠᠰᠢᠨ ᠳᠤ ᠲᠣᠭᠠᠵᠢᠭᠤᠯᠤᠭᠰᠠᠨ ᠳᠠᠭᠤᠨ ᠳᠠᠪᠲᠠᠮᠵᠢ ᠶᠢᠨ ᠷᠠᠳᠢᠣ᠋ DAB ᠶᠢᠨ ᠴᠢᠳᠠᠮᠵᠢ ᠶᠢ ᠪᠠᠭᠲᠠᠭᠠᠭᠰᠠᠨ ᠪᠥᠭᠡᠳ 2020 ᠣᠨ ᠤ 12 ᠳ᠋ᠤᠭᠠᠷ ᠰᠠᠷ᠎ᠠ ᠶᠢᠨ 21 ᠤ ᠡᠳᠦᠷ ᠠᠴᠠ ᠡᠮᠦᠨ᠎ᠡ ᠲᠤᠰ ᠬᠠᠤᠯᠢ ᠲᠣᠭᠲᠠᠭᠠᠯ ᠢ ᠤᠯᠤᠰ ᠤᠨ ᠬᠠᠤᠯᠢ ᠲᠣᠭᠲᠠᠭᠠᠬᠤ ᠪᠣᠯᠭᠠᠨ ᠬᠤᠪᠢᠷᠠᠭᠤᠯᠬᠤ ᠶᠢ ᠱᠠᠭᠠᠷᠳᠠᠪᠠ᠃ ᠶᠠᠫᠤᠨ ᠳᠤ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ARIB — STD —B3 ︽FM ᠳᠠᠪᠲᠠᠮᠵᠢ ᠲᠣᠬᠢᠷᠠᠭᠤᠯᠬᠤ ᠣᠯᠠᠨ ᠵᠠᠮ ᠤᠨ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠠᠵᠢᠯᠯᠠᠬᠤ ᠪᠠᠷᠢᠮᠵᠢᠶ᠎ᠠ︾ ︵1996 ᠣᠨ ᠳᠤ ᠨᠡᠶᠢᠲᠡᠯᠡᠬᠦ᠂ 2014 ᠣᠨ ᠳᠤ ᠵᠠᠰᠠᠪᠤᠷᠢ ᠣᠷᠣᠭᠤᠯᠬᠤ︶ ᠶᠢ ᠵᠣᠬᠢᠶᠠᠨ ᠪᠠᠶᠢᠭᠤᠯᠵᠤ᠂ ᠠᠵᠢᠯ ᠲᠥᠷᠥᠯ ᠢ ᠵᠢᠯᠣᠭᠤᠳᠴᠤ ᠪᠠᠶᠢᠭᠠᠳ ᠵᠢᠷᠤᠭᠯᠠᠨ ᠲᠥᠯᠥᠪᠯᠡᠵᠦ ᠨᠡᠭᠡᠭᠡᠨ ᠬᠥᠭᠵᠢᠭᠦᠯᠬᠦ ᠳᠤ ᠬᠡᠷᠡᠭᠯᠡᠵᠡᠢ᠃ ᠠᠷᠠᠪ ᠤᠨ ᠬᠤᠯᠪᠣᠭᠠᠲᠤ ᠠᠬᠠᠮᠠᠳᠳᠦ ᠤᠯᠤᠰ᠂ ᠰᠡᠦ᠋ᠳᠢ ᠠᠷᠠᠪ ᠲᠤᠰ ᠲᠤᠰ 2018᠂ 2019 ᠣᠨ ᠳᠤ ᠭᠠᠵᠠᠷ ᠳᠡᠭᠡᠷᠡᠬᠢ ᠲᠤᠭ᠎ᠠ ᠪᠠᠷᠢᠮᠲᠠ ᠪᠠ ᠳᠠᠭᠤᠷᠢᠶᠠᠮᠠᠯ ᠷᠠᠳᠢᠣ᠋ ᠨᠡᠪᠲᠡᠷᠡᠭᠦᠯᠭᠡ ᠬᠦᠯᠢᠶᠡᠨ ᠠᠪᠬᠤ ᠮᠠᠰᠢᠨ ᠤ ᠮᠡᠷᠭᠡᠵᠢᠯ ᠤᠨ ᠨᠥᠬᠦᠴᠡᠯ ᠢ ᠨᠡᠶᠢᠲᠡᠯᠡᠵᠦ᠂ ᠠᠷᠠᠪ ᠤᠨ ᠬᠤᠯᠪᠣᠭᠠᠲᠤ ᠠᠬᠠᠮᠠᠳᠳᠦ ᠤᠯᠤᠰ᠂ ᠰᠡᠦ᠋ᠳᠢ ᠠᠷᠠᠪ ᠤᠯᠤᠰ ᠲᠤ ᠪᠣᠷᠣᠯᠠᠭᠤᠯᠬᠤ ᠪᠤᠢ ᠪᠦᠬᠦᠢ ᠲᠡᠷᠭᠡᠨ ᠤ ᠬᠡᠯᠪᠡᠷᠢ ᠲᠣᠰ ᠱᠠᠭᠠᠷᠳᠠᠯᠭ᠎ᠠ ᠶᠢ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠠᠴᠠ ᠭᠠᠳᠠᠨ᠎ᠠ᠂ ᠠᠮᠧᠷᠢᠺᠠ ᠶᠠᠭ ︽AM ᠲᠡᠷᠭᠡ ᠨᠢᠭᠡᠪᠦᠷᠢ ᠶᠢᠨ ᠬᠠᠤᠯᠢ ᠶᠢᠨ ᠲᠥᠰᠥᠯ︾ ᠢ ᠲᠣᠭᠲᠠᠭᠠᠬᠤ ᠠᠵᠢᠯ ᠢ ᠳᠥᠯᠭᠢᠨ ᠠᠬᠢᠭᠤᠯᠵᠤ᠂ ᠮᠠᠰᠢᠨ ᠲᠡᠷᠭᠡᠨ ᠳᠡᠭᠡᠷ᠎ᠡ ᠠᠯᠪᠠᠳᠠᠯᠭ᠎ᠠ ᠪᠠᠷ AM ︵ᠲᠣᠬᠢᠷᠠᠭᠤᠯᠤᠯᠲᠠ ᠶᠢᠨ ᠬᠡᠪᠴᠢᠶ᠎ᠡ︶ ᠷᠠᠳᠢᠣ᠋ ᠨᠡᠪᠲᠡᠷᠡᠭᠦᠯᠭᠡ ᠶᠢ ᠭᠥᠯᠢᠶᠡᠨ ᠠᠪᠬᠤ ᠬᠡᠰᠡᠭ ᠤᠭᠰᠠᠷᠠᠬᠤ ᠪᠠᠷ ᠲᠥᠯᠥᠪᠯᠡᠵᠦ ᠪᠠᠶᠢᠨ᠎ᠠ᠃ ᠲᠤᠰ ᠤᠳᠠᠭᠠᠨ ᠤ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠣᠭᠲᠠᠭᠠᠭᠰᠠᠨ ᠨᠢ ᠣᠯᠠᠨ ᠤᠯᠤᠰ ᠤᠨ ᠲᠡᠷᠭᠡᠨ ᠳᠡᠭᠡᠷᠡᠬᠢ ᠳᠠᠭᠤ ᠳᠦᠷᠰᠦ ᠰᠢᠩᠭᠡᠭᠡᠯᠲᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠨ᠎ᠡ᠃  ᠳᠤᠮᠳᠠᠳᠤ ᠤᠯᠤᠰ ᠤᠨ ᠮᠠᠰᠢᠨ ᠲᠡᠷᠭᠡᠨ ᠤ ᠮᠡᠷᠭᠡᠵᠢᠯ ᠤᠨ ᠰᠤᠳᠤᠯᠭᠠᠨ ᠤ ᠲᠥᠪ ᠤᠨ ᠬᠢᠵᠠᠭᠠᠷᠲᠤ ᠺᠣᠮᠫᠠᠨᠢ᠂ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠮᠠᠰᠢᠨ ᠲᠡᠷᠭᠡᠨ ᠤ ᠰᠤᠳᠤᠯᠭᠠᠨ ᠤ ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠲᠥᠪ ︵ᠲᠢᠶᠠᠨᠵᠢᠨ︶ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠮᠠᠰᠢᠨ ᠲᠡᠷᠭᠡᠨ ᠤ ᠰᠤᠳᠤᠯᠭᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠲᠥᠪ ︵ᠲᠢᠶᠠᠨᠵᠢᠨ︶ ᠤᠨ ᠬᠢᠵᠠᠭᠠᠷᠲᠤ ᠺᠣᠮᠫᠠᠨᠢ᠂ ᠪᠢ ᠶᠠ ᠳ᠋ᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠠᠩ ᠴᠧᠩ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠾᠦᠢ ᠵᠧᠦ ᠬᠤᠲᠠ ᠶᠢᠨ ᠳ᠋ᠧ ᠰᠠᠢ ᠰᠢ ᠸᠧᠶ ᠮᠠᠰᠢᠨ ᠲᠡᠷᠭᠡᠨ ᠤ ᠡᠯᠧᠺᠲᠷᠣᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠧᠨᠵᠧᠨ ᠬᠤᠲᠠ ᠶᠢᠨ ᠬᠠᠩ ᠱᠧᠩ ᠡᠯᠧᠺᠲᠷᠣᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠡᠷᠡᠭᠯᠡᠬᠦ ᠡᠯ᠎ᠡ ᠬᠦᠷᠢᠶᠡᠨ ᠤ ᠬᠠᠮᠢᠶ᠎ᠠ ᠪᠦᠬᠦᠢ ᠨᠢᠭᠡᠴᠢ ︽ᠲᠡᠷᠭᠡᠨ ᠳᠡᠭᠡᠷᠡᠬᠢ ᠤᠲᠠᠰᠤ ᠥᠬᠡᠶ ᠷᠠᠳᠢᠣ᠋ ᠨᠡᠪᠲᠡᠷᠡᠭᠦᠯᠭᠡ ᠶᠢ ᠭᠥᠯᠢᠶᠡᠨ ᠠᠪᠬᠤ ᠰᠢᠰᠲ᠋ᠧᠮ︾ ᠤᠨ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map