ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠡᠭᠡᠶ᠎ᠡ ︱ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠦᠯᠢᠭᠡᠷ ᠤᠳ
ᠨᠡᠶᠢᠲᠡᠯᠡᠭᠰᠡᠨ ᠴᠠᠭ᠄
2024/9/29
  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠵᠣᠭᠰᠣᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠲᠥᠯᠥᠪᠯᠡᠨ ᠪᠠᠶᠢᠷᠢᠯᠠᠭᠤᠯᠵᠤ ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠬᠤ ᠶᠢ ᠠᠬᠢᠭᠤᠯᠵᠠᠢ ᠃ ᠰᠢᠨᠬᠤᠸᠠ ᠬᠤᠷᠢᠶ᠎ᠠ ︽ᠰᠤᠷᠤᠯᠴᠠᠯᠭ᠎ᠠ ᠶᠢᠨ ᠴᠠᠭ︾ ᠪᠣᠯᠣᠩ ᠢᠶᠠᠷ ᠢᠶᠠᠨ ᠵᠣᠬᠢᠶᠠᠯ ᠨᠡᠶᠢᠲᠡᠯᠡᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠥᠯᠢᠭᠡᠷ ᠤᠳ ᠢ ᠡᠷᠭᠢᠴᠡᠭᠦᠯᠪᠡ ᠃   ᠰᠤᠷᠤᠯᠴᠠᠯᠭ᠎ᠠ ᠶᠢᠨ ᠴᠠᠭ᠄ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠡᠭᠡᠶ᠎ᠡ ︱ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠦᠯᠢᠭᠡᠷ ᠤᠳ  ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠦᠰ ᠮᠡᠲᠦ ᠳᠣᠲᠣᠨᠣ ᠪᠠᠶᠢᠵᠤ ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯᠡᠩ ᠢᠶᠠᠨ ᠬᠠᠮᠲᠤ ᠪᠠᠷ ᠪᠡᠶᠡᠯᠡᠭᠦᠯᠦᠶ᠎ᠡ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠤ ᠪᠦᠯᠬᠦᠮᠳᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ ᠃ ᠴᠠᠰᠤᠲᠤ ᠶᠢᠨ ᠥᠨᠳᠦᠷᠯᠢᠭ ᠠᠴᠠ ᠲᠡᠭᠷᠢ ᠠᠭᠤᠯᠠ ᠶᠢᠨ ᠡᠮᠦᠨ᠎ᠡ ᠤᠮᠠᠷ᠎ᠠ ᠬᠦᠷᠲᠡᠯ᠎ᠡ ᠂ ᠡᠬᠡ ᠤᠯᠤᠰ ᠤᠨ ᠤᠮᠠᠷᠠᠲᠤ ᠬᠢᠯᠢ ᠠᠴᠠ ᠪᠠᠷᠠᠭᠤᠨ ᠡᠮᠦᠨᠡᠲᠦ ᠶᠢᠨ ᠬᠢᠯᠢ ᠬᠢᠵᠠᠭᠠᠷ ᠬᠦᠷᠲᠡᠯ᠎ᠡ ᠂ ᠶᠡᠷᠦᠩᠬᠡᠢ ᠱᠦᠵᠢ ᠤᠳᠠᠭ᠎ᠠ ᠳᠠᠷᠠᠭᠠᠯᠠᠨ ᠦᠨᠳᠦᠰᠦᠲᠡᠨ ᠤ ᠣᠷᠣᠨ ᠨᠤᠭᠤᠳ ᠲᠤ ᠬᠦᠷᠴᠦ ᠰᠢᠨᠵᠢᠯᠡᠨ ᠪᠠᠶᠢᠴᠠᠭᠠᠭᠰᠠᠨ ᠪᠠ ᠪᠠᠶᠢᠴᠠᠭᠠᠨ ᠰᠣᠳᠣᠯᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ ᠂ ᠮᠠᠰᠢ ᠤᠯᠠᠨ ᠰᠠᠶᠢᠬᠠᠨ ᠦᠯᠢᠭᠡᠷ ᠢ ᠦᠯᠡᠳᠡᠭᠡᠵᠡᠢ ᠃   ᠠᠨᠠᠷ ᠤᠨ ᠦᠷ᠎ᠡ ᠠᠳᠠᠯᠢ  2022 ᠣᠨ ᠤ 7 ᠳ᠋ᠤᠭᠠᠷ ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠢ ᠰᠢᠨᠵᠢᠶᠠᠩ ᠢᠶᠠᠷ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠨᠢᠭᠡᠨ ᠤᠴᠢᠷ ᠬᠥᠮᠥᠰ ᠤᠨ ᠰᠡᠳᠬᠢᠯ ᠢ ᠬᠦᠳᠡᠯᠭᠡᠨ᠎ᠡ ᠃ ᠶᠡᠷᠦᠩᠬᠡᠢ ᠱᠦᠵᠢ ᠪᠠᠭᠰᠢ ᠰᠤᠷᠤᠭᠴᠢᠳ ᠲᠤ ᠂ ᠲᠣᠰᠬᠤᠨ ᠤ ᠠᠷᠠᠳ ᠲᠤ ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ᠪᠢᠳᠡ ᠠᠨᠠᠷ ᠤᠨ ᠦᠷ᠎ᠡ ᠰᠢᠭ ᠪᠠᠶᠢᠬᠤ ᠬᠡᠷᠡᠭᠲᠡᠢ︾ ᠭᠡᠵᠦ ᠶᠠᠷᠢᠬᠤ ᠲᠠᠢ ᠵᠡᠷᠭᠡ ᠪᠠᠷ ᠲᠤᠬᠠᠢ ᠶᠢᠨ ᠲᠠᠯᠠᠪᠠᠢ ᠶᠢᠨ ᠮᠢᠩᠭ᠎ᠠ ᠲᠦᠮᠡᠨ ᠬᠦᠮᠦᠨ ᠳᠠᠭᠤᠨ ᠨᠢᠭᠡᠲᠡᠢ ᠪᠠᠷ᠄ ︽ᠪᠦᠯᠬᠦᠮᠳᠡᠵᠡᠭᠡᠶ᠎ᠡ︾ ᠭᠡᠵᠦ ᠬᠠᠩᠭᠢᠨᠠᠲᠠᠯ᠎ᠠ ᠬᠠᠷᠢᠭᠤᠯᠪᠠ ᠃   ᠠᠨᠠᠷ ᠮᠢᠩᠭᠠᠨ ᠭᠡᠷ ᠨᠢᠭᠡ ᠪᠦᠷᠬᠦᠪᠴᠢ ᠲᠠᠢ ᠂ ᠠᠨᠠᠷ ᠤᠨ ᠮᠢᠩᠭᠠᠨ ᠦᠷ᠎ᠡ ᠡᠭᠡᠭᠡ ᠠᠳᠠᠯᠢ ᠃ ︽ᠠᠨᠠᠷ ᠤᠨ ᠦᠷ᠎ᠡ︾ ᠭᠡᠬᠦ ᠵᠦᠢᠷᠯᠡᠯ ᠪᠣᠯ ᠶᠡᠷᠦᠩᠬᠡᠢ ᠱᠦᠵᠢ ᠰᠢ ᠶᠢᠨ ᠫᠢᠩ 2014 ᠣᠨ ᠳᠤ ᠰᠢᠨᠵᠢᠶᠠᠩ ᠳᠤ ᠠᠵᠢᠯ ᠪᠠᠶᠢᠴᠠᠭᠠᠵᠤ ᠪᠠᠶᠢᠬᠤ ᠬᠤᠭᠤᠴᠠᠭᠠᠨ ᠳᠤ ᠪᠠᠨ ᠤᠶᠢᠭᠤᠷ ᠦᠨᠳᠦᠰᠦᠲᠡᠨ ᠤ ᠨᠢᠭᠡ ᠨᠤᠲᠤᠭ ᠤᠨ ᠬᠦᠮᠦᠨ ᠠᠴᠠ ᠰᠣᠨᠣᠰᠤᠭᠰᠠᠨ ᠦᠭᠡ ᠶᠤᠮ ᠃ ᠠᠮᠢᠳᠤᠷᠠᠯ ᠠᠴᠠ ᠮᠡᠳᠡᠷᠡᠭᠰᠡᠨ ᠡᠨᠡᠬᠦ ᠪᠣᠷᠣᠭᠵᠢᠭᠤᠨ ᠲᠥᠷᠥᠭᠳᠡᠯ ᠨᠢ ᠶᠡᠷᠦᠩᠬᠡᠢ ᠱᠦᠵᠢ ᠶᠢᠨ ᠰᠡᠳᠬᠢᠯ ᠤᠨ ᠬᠥᠪᠴᠢ ᠶᠢ ᠭᠦᠨᠳᠡᠵᠡᠢ ᠃   2014 ᠣᠨ ᠤ 5 ᠳ᠋ᠤᠭᠠᠷ ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠬᠤᠶᠠᠳᠤᠭᠠᠷ ᠤᠳᠠᠭᠠᠨ ᠤ ᠲᠥᠪ ᠬᠤᠷᠢᠶᠠᠨ ᠤ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠂ ᠦᠨᠳᠦᠰᠦᠲᠡᠨ ᠨᠦᠭᠦᠳ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠬᠦᠨᠳᠦᠳᠬᠡᠵᠦ ᠂ ᠬᠠᠷᠢᠯᠴᠠᠨ ᠪᠠᠭᠲᠠᠭᠠᠵᠤ ᠂ ᠬᠠᠷᠢᠯᠴᠠᠨ ᠪᠠᠭ᠋ᠠᠷᠬᠠᠵᠤ ᠂ ᠬᠠᠷᠢᠯᠴᠠᠨ ᠰᠤᠷᠤᠯᠴᠠᠵᠤ ᠂ ᠬᠠᠷᠢᠯᠴᠠᠨ ᠬᠠᠪᠰᠤᠷᠤᠯᠴᠠᠵᠤ ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ ᠭᠡᠵᠦ ᠴᠢᠬᠤᠯᠠᠴᠢᠯᠠᠪᠠ ᠃   ᠬᠠᠷᠢᠯᠴᠠᠨ ᠠᠭᠤᠰᠤᠯᠴᠠᠵᠤ ᠬᠠᠮᠲᠤᠷᠠᠯᠴᠠᠬᠤ ᠂ ᠣᠯᠠᠨ ᠡᠰᠢᠲᠦ ᠨᠢᠭᠡ ᠴᠣᠭᠴᠠ ᠪᠣᠯ ᠠᠨᠠᠷ ᠤᠨ ᠦᠷ᠎ᠡ ᠶᠢᠨ ᠣᠨᠴᠠᠯᠢᠭ ᠂ ᠮᠥᠨ ᠴᠦ ᠮᠠᠨ ᠤ ᠳᠤᠮᠳᠠᠳᠤ ᠶᠢᠨ ᠦᠨᠳᠦᠰᠦᠲᠡᠨ ᠤ ᠣᠨᠴᠠᠯᠢᠭ ᠶᠤᠮ ᠃ ᠶᠡᠷᠦᠩᠬᠡᠢ ᠱᠦᠵᠢ ᠰᠢ ᠶᠢᠨ ᠫᠢᠩ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠰᠠᠨᠠᠯ ᠪᠣᠳᠣᠯ ᠢᠶᠠᠨ ᠰᠣᠯᠢᠯᠴᠠᠬᠤ ᠳᠤ ᠪᠠᠨ ︽ᠠᠨᠠᠷ ᠤᠨ ᠦᠷ᠎ᠡ︾ ᠭᠡᠬᠦ ᠵᠦᠢᠷᠯᠡᠯ ᠢ ᠳᠠᠬᠢᠨ ᠳᠠᠪᠲᠠᠨ ᠳᠤᠷᠠᠳᠤᠭᠰᠠᠨ ᠪᠠᠶᠢᠳᠠᠭ ᠃ ᠲᠤᠰ ᠵᠦᠢᠷᠯᠡᠯ ᠨᠢ ᠨᠢᠭᠡᠨᠲᠡ ᠬᠥᠮᠥᠰ ᠤᠨ ᠴᠢᠬᠢᠨ ᠳᠤ ᠭᠦᠨ᠎ᠡ ᠬᠠᠳᠠᠩᠰᠢᠭᠰᠠᠨ ︽ᠠᠯᠲᠠᠨ ᠪᠠᠳᠠᠭ︾ ᠤᠳ ᠤᠨ ᠨᠢᠭᠡᠨ ᠪᠣᠯᠵᠤ ᠂ ᠠᠷᠠᠳ ᠣᠯᠠᠨ ᠤ ᠥᠷᠲᠡᠭ ᠤᠨ ᠦᠵᠡᠯᠲᠡ ᠳᠤ ᠨᠡᠪᠲᠡ ᠠᠭᠤᠰᠤᠭᠰᠠᠨ ᠪᠠᠶᠢᠨ᠎ᠠ ᠃   ᠮᠥᠨ ᠬᠤᠶᠠᠳᠤᠭᠠᠷ ᠤᠳᠠᠭᠠᠨ ᠤ ᠲᠥᠪ ᠬᠤᠷᠢᠶᠠᠨ ᠤ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠶᠡᠷᠦᠩᠬᠡᠢ ᠱᠦᠵᠢ ᠰᠢ  ᠶᠢᠨ ᠫᠢᠩ ︽ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ︾ ᠢ ᠲᠣᠳᠣᠷᠬᠠᠢ ᠳᠤᠷᠠᠳᠴᠠᠢ ᠃   ᠡᠭᠦᠨ ᠠᠴᠠ ᠰᠡᠭᠦᠯᠡᠷ ᠂ ᠶᠡᠷᠦᠩᠬᠡᠢ ᠱᠦᠵᠢ ᠰᠢ  ᠶᠢᠨ ᠫᠢᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ ᠤᠯᠠᠨ ᠤᠳᠠᠭ᠎ᠠ ᠲᠣᠳᠣᠷᠬᠠᠶᠢᠯᠠᠨ ᠥᠭᠦᠯᠡᠪᠡ ᠃ 2021 ᠣᠨ ᠳᠤ ᠂ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠪᠣᠯᠭᠠᠬᠤ ᠳᠡᠭᠡᠳᠦ ᠬᠡᠮᠵᠢᠶᠡᠨ ᠳᠤ ᠲᠠᠯᠪᠢᠵᠤ ᠂ ︽ᠠᠯᠢᠪᠠ ᠠᠵᠢᠯ ᠢ ᠬᠦᠲᠦᠯᠪᠦᠷᠢ ᠲᠡᠶᠢᠰᠢ ᠲᠥᠪᠯᠡᠷᠡᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ ᠃   ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ ᠃ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ ᠃   ︽ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠂ ᠣᠯᠠᠨ ᠢᠶᠠᠷ ᠢᠶᠠᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠂ ᠠᠬ᠎ᠠ ᠳᠡᠭᠦᠦᠰ ᠢᠶᠠᠷ ᠢᠶᠠᠨ ᠬᠠᠷᠢᠯᠴᠠᠨ ᠬᠠᠪᠰᠤᠷᠤᠯᠴᠠᠪᠠᠯ ᠰᠠᠶ᠋ᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠬᠦᠰᠡᠯᠡᠩ ᠪᠡᠶᠡᠯᠡᠭᠳᠡᠵᠦ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠰᠠᠶ᠋ᠢ ᠥᠨᠢᠳᠡ ᠪᠠᠳᠠᠷᠠᠨ ᠳᠡᠯᠭᠡᠷᠡᠵᠦ ᠴᠢᠳᠠᠨ᠎ᠠ︾ ᠬᠡᠮᠡᠨ ᠶᠡᠷᠦᠩᠬᠡᠢ ᠱᠦᠵᠢ ᠰᠢ ᠶᠢᠨ ᠫᠢᠩ ᠬᠡᠯᠡᠪᠡ ᠃   ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ  ᠨᠡᠶᠢᠭᠡᠮ ᠲᠣᠭᠤᠷᠢᠭ ᠪᠣᠯ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠭᠡᠷ ᠪᠦᠯᠢ ᠮᠥᠨ ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠳᠠᠭ ᠃ ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠨᠡᠶᠢᠭᠡᠮ ᠲᠣᠭᠤᠷᠢᠭ ᠲᠡᠶᠢᠰᠢ ᠭᠦᠨᠵᠡᠭᠡᠶᠢᠷᠡᠨ ᠠᠵᠢᠯᠯᠠᠬᠤ ᠶᠢ ᠲᠤᠶᠢᠯ ᠢᠶᠠᠷ ᠬᠠᠯᠠᠮᠵᠢᠯᠠᠳᠠᠭ ᠃   2023 ᠣᠨ ᠤ 12 ᠳ᠋ᠤᠭᠠᠷ ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠶᠢᠨ ᠨᠠᠨᠨᠢᠩ ᠬᠤᠳᠠ ᠶᠢᠨ ᠯᠢᠶᠠᠩᠴᠢᠩ ᠲᠣᠭᠤᠷᠢᠭ ᠤᠨ ᠫᠠᠨ ᠯᠦᠩ ᠨᠡᠶᠢᠭᠡᠮ ᠲᠣᠭᠤᠷᠢᠭ ᠲᠤ ᠬᠦᠷᠪᠡ ᠃ ᠨᠡᠶᠢᠭᠡᠮ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ ᠪᠠᠷᠤᠭ 2.7 ᠲᠦᠮᠡ ᠪᠠᠶᠢᠵᠤ ᠂ ᠨᠡᠶᠢᠲᠡ 10 ᠭᠠᠷᠤᠢ ᠦᠨᠳᠦᠰᠦᠲᠡᠨ ᠤ ᠠᠬᠠᠨ ᠳᠡᠭᠦᠦᠰ ᠠᠳᠡ ᠠᠮᠤᠷ ᠵᠢᠮᠤᠷ ᠠᠵᠤ ᠲᠥᠷᠥᠵᠦ ᠂ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ ᠪᠠᠷᠤᠭ ᠠᠷᠪᠠᠨ ᠤ ᠭᠤᠷᠪᠠᠨ ᠬᠤᠪᠢ ᠶᠢ  ᠨᠢ ᠡᠵᠡᠯᠡᠨ᠎ᠡ ᠃   ᠦᠨᠳᠦᠰᠦᠲᠡᠨ ᠤ ᠬᠤᠪᠴᠠᠰᠤ ᠪᠠᠨ ᠡᠮᠦᠰᠦᠭᠰᠡᠨ ᠨᠡᠶᠢᠭᠡᠮ ᠲᠣᠭᠤᠷᠢᠭ ᠤᠨ ᠤᠯᠠᠨ ᠲᠦᠮᠡᠨ ᠨᠠᠶᠢᠷᠠᠯ ᠳᠠᠭᠤᠤ ᠪᠣᠯᠪᠠᠰᠤᠷᠠᠵᠤ ᠪᠠᠶᠢᠪᠠ ᠃ ᠶᠡᠷᠦᠩᠬᠡᠢ ᠱᠦᠵᠢ ᠶᠢᠨ ᠬᠦᠷᠴᠦ ᠢᠷᠡᠭᠰᠡᠨ ᠢ ᠦᠵᠡᠭᠡᠳ ᠂ ᠤᠯᠠᠨ ᠢᠶᠠᠷ ᠢᠶᠠᠨ ᠶᠡᠷᠦᠩᠬᠡᠢ ᠱᠦᠵᠢ ᠳᠤ ᠣᠷᠣᠨ ᠨᠤᠲᠤᠭ ᠤᠨ ᠣᠨᠴᠠᠯᠢᠭᠲᠤ ᠠᠷᠠᠳ ᠤᠨ ᠳᠠᠭᠤᠤ ︽ᠵᠣᠯ ᠵᠢᠷᠭᠠᠯ ᠬᠠᠩᠭᠢᠨᠠᠮ᠎ᠠ︾ ᠶᠢ ᠬᠠᠯᠠᠭᠤᠨ ᠢᠶᠠᠷ ᠳᠡᠪᠰᠢᠭᠦᠯᠪᠡ ᠃   ︽ᠭᠤᠸᠠᠩᠰᠢ ᠳᠤ ᠬᠦᠷᠦᠮᠡᠭᠴᠡ ᠠᠭᠤᠯᠠᠨ ᠨᠤᠲᠤᠭ ᠤᠨ ᠳᠠᠭᠤᠤ ᠰᠠᠨᠠᠭᠠᠨ ᠳᠤ ᠣᠷᠣᠳᠠᠭ︾ ᠭᠡᠵᠦ ᠶᠠᠷᠢᠬᠤ ᠶᠢᠨ ᠵᠡᠷᠭᠡ ᠪᠠᠷ ᠶᠡᠷᠦᠩᠬᠡᠢ ᠱᠦᠵᠢ ᠤᠯᠠᠨ ᠳᠤ᠄ ︽ᠭᠤᠸᠠᠩᠰᠢ ᠶᠢᠨ ᠴᠥᠭᠡᠨ ᠲᠣᠭᠠᠲᠤ ᠦᠨᠳᠦᠰᠦᠲᠡᠨ ᠤ ᠠᠬᠠᠨ ᠳᠡᠭᠦᠦᠰ ᠡᠶᠡᠯᠰᠡᠭ ᠬᠠᠯᠠᠭᠤᠮᠰᠤᠭ ᠠᠪᠢᠶᠠᠰᠤᠯᠢᠭ︾ ᠭᠡᠵᠦ ᠳᠣᠲᠣᠨᠣᠰᠤᠭ ᠢᠶᠠᠷ ᠬᠡᠯᠡᠪᠡ ᠃   ᠶᠡᠷᠦᠩᠬᠡᠢ ᠱᠦᠵᠢ᠄ ︽ᠭᠤᠸᠠᠩᠰᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠳᠤ ᠪᠠᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠠᠴᠠ ᠡᠬᠢᠯᠡᠨ ᠠᠳᠬᠤᠵᠤ ᠂ ᠨᠡᠶᠢᠭᠡᠮ ᠲᠣᠭᠤᠷᠢᠭ ᠤᠨ ᠯᠠᠪᠳᠠᠭᠤᠨ ᠪᠠᠲᠤᠲᠠᠢ ᠪᠦᠲᠦᠭᠡᠨ ᠪᠠᠶᠢᠭᠤᠯᠤᠯᠲᠠ ᠂ ᠨᠡᠶᠢᠭᠡᠮ ᠲᠣᠭᠤᠷᠢᠭ ᠤᠨ ᠪᠦᠲᠦᠮᠵᠢᠲᠡᠢ ᠦᠢᠯᠡᠴᠢᠯᠡᠭᠡ ᠂ ᠨᠡᠶᠢᠭᠡᠮ ᠲᠣᠭᠤᠷᠢᠭ ᠤᠨ ᠪᠠᠶᠠᠯᠢᠭ ᠠᠵᠢᠯᠯᠠᠭ᠎ᠠ ᠪᠠᠷ ᠢᠶᠠᠨ ᠳᠠᠮᠵᠢᠭᠤᠯᠤᠨ ᠂ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠤᠨ ᠬᠥᠮᠥᠨ ᠮᠡᠲᠦ ᠳᠣᠲᠣᠨᠣ ᠠᠭᠤᠷ ᠠᠮᠢᠰᠬᠤᠯ ᠢ ᠪᠤᠢ ᠪᠣᠯᠭᠠᠵᠤ ᠂ ᠦᠨᠳᠦᠰᠦᠲᠡᠨ ᠤ ᠪᠦᠯᠬᠦᠮᠳᠡᠯ ᠢ ᠨᠡᠩ ᠰᠠᠶᠢᠲᠤᠷ ᠬᠢᠬᠦ ᠬᠡᠷᠡᠭᠲᠡᠢ︾ ᠬᠡᠮᠡᠨ ᠵᠠᠬᠢᠪᠠ ᠃   ᠨᠡᠶᠢᠭᠡᠮ ᠲᠣᠭᠤᠷᠢᠭ ᠠᠴᠠ ᠠᠶᠠᠷᠯᠠᠬᠤ ᠳᠤ ᠪᠠᠨ ᠂ ᠶᠡᠷᠦᠩᠬᠡᠢ ᠱᠦᠵᠢ ᠰᠢ ᠶᠢᠨ ᠫᠢᠩ ᠤᠯᠠᠨ ᠳᠤ ᠂ ᠭᠤᠸᠠᠩᠰᠢ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ ᠪᠠᠷ ᠬᠠᠮᠤᠭ ᠤᠨ ᠤᠯᠠᠨ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠨᠢᠭᠡ ᠲᠡᠭᠷᠢ ᠶᠢᠨ ᠳᠣᠣᠷ᠎ᠠ ᠨᠢᠭᠡ ᠬᠦᠷᠦᠰᠦᠨ᠎ᠡ ᠲᠠᠷᠢᠶᠠᠯᠠᠵᠤ ᠂ ᠨᠢᠭᠡ ᠮᠥᠷᠡᠨ ᠠᠴᠠ ᠤᠮᠳᠠᠯᠠᠵᠤ ᠂ ᠬᠠᠮᠲᠤ ᠶᠢᠨ ᠭᠡᠷ ᠣᠷᠣᠨ ᠢᠶᠠᠨ ᠪᠠᠶᠢᠭᠤᠯᠤᠵᠠᠭᠠᠶ᠎ᠠ ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠬᠤ ᠦᠭᠡᠢ ᠃ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠢᠯᠡᠭᠦᠬᠡᠨ ᠶᠠᠪᠤᠯᠴᠠᠵᠤ ᠂ ᠤᠯᠠᠨ ᠢᠶᠠᠷ ᠢᠶᠠᠨ ᠬᠠᠷᠢᠯᠴᠠᠨ ᠬᠠᠪᠰᠤᠷᠤᠯᠴᠠᠵᠤ ᠂ ᠳᠣᠲᠣᠨᠤ ᠶᠢᠨ ᠨᠠᠶᠢᠵᠠ ᠨᠠᠷ ᠪᠠ ᠡᠶ᠎ᠡ ᠨᠠᠶᠢᠷᠲᠠᠢ ᠬᠥᠷᠰᠢ ᠵᠡᠷᠭᠡᠯᠡᠳᠡᠭᠡ ᠪᠣᠯᠣᠯᠴᠠᠵᠤ ᠂ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠳᠣᠲᠣᠨᠣᠰᠤᠭ ᠢᠶᠠᠷ ᠬᠡᠯᠡᠪᠡ ᠃   2024 ᠣᠨ ᠤ 6 ᠳ᠋ᠤᠭᠠᠷ ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠵᠤ ᠂ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠢᠷᠭᠠᠢ ᠬᠤᠳᠠ ᠶᠢᠨ ᠶᠢᠨ ᠹᠧᠩ ᠲᠣᠭᠤᠷᠢᠭ ᠤᠨ ᠴᠠᠩ ᠴᠧᠩ ᠬᠤᠸᠠ ᠶᠤᠸᠠᠨ ᠨᠡᠶᠢᠭᠡᠮ ᠲᠣᠭᠤᠷᠢᠭ ᠲᠤ ᠬᠦᠷᠴᠡᠢ ᠃ ᠬᠢᠲᠠᠳ ᠂ ᠬᠤᠲᠣᠩ ᠂ ᠮᠠᠨᠵᠤ ᠂ ᠮᠣᠩᠭᠤᠯ ᠂ ᠲᠥᠪᠡᠳ ᠵᠡᠷᠭᠡ ᠦᠨᠳᠦᠰᠦᠲᠡᠨ ᠨᠦᠭᠦᠳ ᠤᠨ ᠤᠯᠠᠨ ᠲᠦᠮᠡᠨ ᠲᠡᠨᠳᠡ ᠡᠶ᠎ᠡ ᠨᠠᠶᠢᠷᠲᠠᠢ ᠪᠠᠷ ᠬᠠᠮᠲᠤ ᠰᠠᠭᠤᠷᠢᠰᠢᠳᠠᠭ ᠃   ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ ᠂ ᠶᠡᠷᠦᠩᠬᠡᠢ ᠱᠦᠵᠢ ᠰᠠᠭᠤᠭᠠᠯᠢ ᠠᠷᠠᠳ ᠤᠨ ᠳᠤᠮᠳᠠ ᠬᠦᠷᠴᠦ ᠤᠯᠠᠨ ᠤ ᠠᠮᠤᠷ ᠢ ᠳᠣᠲᠣᠨᠣᠰᠤᠭ ᠢᠶᠠᠷ ᠠᠰᠠᠭᠤᠭᠰᠠᠨ ᠳᠤ ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠲᠤᠶᠢᠯ ᠤᠨ ᠬᠦᠷ ᠬᠥᠭᠵᠢᠶᠡᠨ ᠲᠠᠢ ᠪᠣᠯᠣᠭᠰᠠᠨ ᠪᠠᠶᠢᠯ᠎ᠠ ᠃   ︽ᠲᠠᠪᠢᠨ ᠵᠢᠷᠭᠤᠭᠠᠨ ᠦᠨᠳᠦᠰᠦᠲᠡᠨ ᠨᠢᠭᠲᠠᠷᠠᠨ ᠪᠦᠯᠬᠦᠮᠳᠡᠪᠡᠯ ᠳᠠᠷᠤᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠮᠥᠨ ᠂ ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ ᠂ ᠪᠢᠳᠡ ᠬᠠᠮᠲᠤ ᠪᠠᠷ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠶ᠎ᠡ︕ ︾ ᠭᠡᠵᠦ ᠶᠡᠷᠦᠩᠬᠡᠢ ᠱᠦᠵᠢ ᠬᠡᠯᠡᠪᠡ ᠃   ᠨᠠᠮ ᠪᠠ ᠲᠦᠷᠦ ᠶᠢᠨ ᠲᠡᠦᠬᠡᠨ ᠳᠠᠬᠢ ᠠᠩᠬᠠᠳᠠᠭᠴᠢ  2021 ᠣᠨ ᠤ 7 ᠳ᠋ᠤᠭᠠᠷ ᠰᠠᠷ᠎ᠠ ᠳᠤ ᠂ ᠲᠥᠪᠡᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ ᠂ ᠶᠡᠷᠦᠩᠬᠡᠢ ᠱᠦᠵᠢ ᠰᠢ  ᠶᠢᠨ ᠫᠢᠩ ᠲᠥᠪᠡᠳ ᠲᠤ ᠬᠦᠷᠴᠦ ᠂ ᠲᠥᠪᠡᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠨ ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠣᠯᠭᠤᠭᠠᠨ ᠦᠵᠡᠵᠦ ᠲᠣᠬᠤᠨᠢᠭᠤᠯᠤᠭᠠᠳ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢ ᠶᠢ ᠬᠦᠷᠭᠡᠪᠡ ᠃   ᠶᠡᠷᠦᠩᠬᠡᠢ ᠱᠦᠵᠢ ᠰᠢ ᠶᠢᠨ ᠫᠢᠩ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠤᠭ ᠤᠨ ᠴᠢᠩ ᠰᠡᠳᠬᠢᠯ ᠤᠨ ᠤᠭᠲᠤᠯᠭ᠎ᠠ ᠶᠢ ᠣᠯᠵᠠᠢ ᠃ ᠲᠡᠷᠡ ᠪᠠᠷ᠄ ︽ᠴᠠᠰᠤᠲᠤ ᠶᠢᠨ ᠥᠨᠳᠦᠷᠯᠢᠭ ᠤᠨ ᠦᠵᠡᠰᠬᠦᠯᠡᠩᠲᠦ ᠰᠠᠶᠢᠬᠠᠨ ᠰᠦᠷ ᠵᠢᠪᠬᠤᠯᠠᠩᠲᠤ ᠴᠤᠭ ᠵᠢᠪᠬᠤᠭ᠎ᠠ ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠢᠨ᠎ᠡ ᠳᠦᠷᠰᠦ ᠪᠠᠶᠢᠳᠠᠯ ᠢ ᠨᠢᠳᠦ ᠪᠠᠷ ᠢᠶᠠᠨ ᠦᠵᠡᠭᠡᠳ ᠮᠠᠰᠢ ᠪᠠᠶᠠᠷᠲᠠᠢ ᠪᠠᠶᠢᠨ᠎ᠠ ︕ ︾ ᠭᠡᠵᠦ ᠭᠦᠨ ᠰᠡᠳᠬᠢᠯᠭᠡ ᠲᠠᠢ ᠪᠠᠷ ᠬᠡᠯᠡᠪᠡ ᠃   ᠨᠢᠩ ᡂᠢ ᠠᠴᠠ ᡀᠠᠰᠠ ᠬᠦᠷᠲᠡᠯ᠎ᠡ ︽ᠥᠯᠵᠡᠢ ᠬᠤᠲᠤᠭ ᠣᠷᠣᠰᠢᠲᠤᠭᠠᠢ︾ ᠭᠡᠬᠦ ᠪᠡᠯᠭᠡᠲᠦ ᠦᠭᠡ ᠂ ᠳᠠᠭᠤᠯᠠᠨ ᠪᠥᠵᠢᠭᠯᠡᠭᠰᠡᠨ ᠦᠨᠳᠦᠰᠦᠲᠡᠨ ᠨᠦᠭᠦᠳ ᠤᠨ ᠤᠯᠠᠨ ᠲᠦᠮᠡᠨ ᠂ ᠬᠠᠳᠠᠬ ᠂ ᠷᠥ᠋ᠪᠠ ᠬᠡᠩᠭᠡᠷᠭᠡ ᠂ ᠴᠥ᠋ᠮᠠ ᠂ ᠨᠣᠬᠠᠢ ᠶᠢᠨ ᠬᠤᠰᠢᠭᠤ ᠶᠢᠨ ᠠᠷᠢᠬᠢ ᠵᠡᠷᠭᠡ ᠵᠠᠮ ᠲᠤᠷᠰᠢ ᠦᠷᠭᠦᠯᠵᠢᠯᠡᠵᠦ ᠂ ᠵᠣᠯ ᠵᠢᠷᠭᠠᠯᠲᠤ ᠠᠮᠢᠳᠤᠷᠠᠯ ᠨᠢ ᠶᠠᠭ ᠯᠠ ᠠᠯᠲᠠᠨ ᠤᠷᠠᠯᠠᠭ ᠴᠡᠴᠡᠭ ᠰᠢᠭ ᠪᠠᠶᠢᠯ᠎ᠠ ᠃   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠣᠯᠤᠭᠰᠠᠨ ᠤ ᠬᠤᠪᠢ ᠪᠠᠷ ᠲᠥᠪᠡᠳ ᠲᠤ ᠬᠦᠷᠴᠦ ᠲᠥᠪᠡᠳ ᠢ ᠨᠠᠶᠢᠷᠠᠮᠳᠠᠯ ᠢᠶᠠᠷ ᠴᠢᠯᠦᠭᠡᠯᠡᠭᠰᠡᠨ ᠢ ᠪᠡᠯᠭᠡᠯᠡᠵᠦ ᠪᠠᠶᠢᠭ᠎ᠠ ᠨᠢ ᠨᠠᠮ ᠪᠠ ᠤᠯᠤᠰ ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠭᠠᠷᠴᠤ ᠪᠠᠶᠢᠭ᠎ᠠ ᠶᠠᠪᠤᠳᠠᠯ ᠮᠥᠨ ᠂ ᠶᠡᠷᠦᠩᠬᠡᠢ ᠱᠦᠵᠢ ᠰᠢ ᠶᠢᠨ ᠫᠢᠩ᠄ ︽ᠨᠠᠮ ᠤᠨ ᠲᠥᠪ ᠬᠤᠷᠢᠶ᠎ᠠ ᠠᠴᠠ ᠲᠥᠪᠡᠳ ᠤᠨ ᠠᠵᠢᠯ ᠢ ᠳᠡᠮᠵᠢᠵᠦ ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠠᠯᠠᠮᠵᠢᠯᠠᠵᠤ ᠪᠠᠶᠢᠬᠤ ᠪᠠᠨ ᠢᠯᠡᠳᠬᠡᠬᠦ ᠶᠢᠨ ᠲᠥᠯᠥᠭᠡ ᠶᠤᠮ︾ ᠭᠡᠵᠦ ᠴᠢᠬᠤᠯᠠᠴᠢᠯᠠᠪᠠ ᠃   ᠪᠠ ᠬᠦᠸᠧ ᠵᠡᠭᠡᠯᠢ ᠳᠤ ᠶᠡᠷᠦᠩᠬᠡᠢ ᠱᠦᠵᠢ ᠰᠢ ᠶᠢᠨ ᠫᠢᠩ᠄ ︽ᠪᠢ 23 ᠵᠢᠯ ᠤᠨ ᠡᠮᠦᠨ᠎ᠡ ᠨᠢᠭᠡ ᠤᠳᠠᠭ᠎ᠠ ᠢᠷᠡᠵᠦ ᠥᠩᠭᠡᠷᠡᠵᠡᠢ ᠂ ᠣᠳᠣ ᠬᠡᠴᠢᠨᠡᠨ ᠰᠠᠶᠢᠬᠠᠨ ᠪᠠᠶᠢᠭᠤᠯᠪᠠ︕ ᠪᠦᠬᠦ ᠤᠯᠤᠰ ᠤᠨ ᠡᠯ᠎ᠡ ᠭᠠᠵᠠᠷ ᠤᠨ ᠬᠥᠮᠥᠰ ᠴᠥᠮ ᠠᠳᠡ ᠢᠷᠡᠯᠴᠡᠨ ᠂ ᠠᠵᠢᠯ ᠦᠢᠯᠡᠰ ᠡᠷᠭᠢᠯᠡᠵᠦ ᠂ ᠬᠤᠷᠯᠤ ᠡᠷᠬᠢᠭᠦᠯᠵᠦ ᠂ ᠵᠤᠭᠠᠴᠠᠨ ᠲᠣᠭᠤᠷᠢᠵᠤ ᠪᠠᠶᠢᠨ᠎ᠠ ᠃ ᠮᠢᠩᠭᠠᠨ ᠣᠨ ᠤ ᠪᠠ ᠬᠦᠸᠧ ᠵᠡᠭᠡᠯᠢ ᠪᠣᠯ ᠮᠠᠨ ᠤ ᠡᠯ᠎ᠡ ᠦᠨᠳᠦᠰᠦᠲᠡᠨ ᠬᠠᠮᠲᠤ ᠪᠠᠷ ᠪᠠᠶᠢᠭᠤᠯᠤᠭᠰᠠᠨ ᠪᠠ ᠬᠦᠸᠧ ᠵᠡᠭᠡᠯᠢ ᠶᠤᠮ ᠂ ᠦᠨᠳᠦᠰᠦᠲᠡᠨ ᠨᠦᠭᠦᠳ ᠠᠳᠡ ᠰᠣᠶᠣᠯ ᠢᠶᠠᠨ ᠰᠣᠯᠢᠯᠴᠠᠵᠤ ᠰᠣᠶᠤᠯ ᠢᠶᠠᠷ ᠶᠠᠪᠤᠯᠴᠠᠵᠤ ᠰᠣᠶᠣᠯ ᠢᠶᠠᠨ ᠠᠭᠤᠰᠤᠯᠴᠠᠭᠤᠯᠵᠤ ᠪᠠᠶᠢᠨ᠎ᠠ ᠂ ᠮᠠᠨ ᠤ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠠᠳᠡ ᠪᠠᠶᠠᠷ ᠬᠥᠷ ᠲᠠᠢ ᠪᠠᠶᠢᠨ᠎ᠠ︾ ᠭᠡᠵᠦ ᠰᠡᠳᠬᠢᠯ ᠳᠣᠭᠳᠣᠯᠤᠨ ᠬᠡᠯᠡᠵᠡᠢ ᠃  ᠶᠡᠷᠦᠩᠬᠡᠢ ᠱᠦᠵᠢ ᠵᠢᠭᠠᠨ ᠭᠠᠷᠭᠠᠬᠤ ᠳᠤ ᠪᠠᠨ ᠂ ᠣᠳᠣᠬᠠᠨ ᠳᠤ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠨᠢᠭᠡᠨᠲᠡ ᠡᠬᠢᠯᠡᠵᠦ ᠂ ᠲᠥᠪᠡᠳ ᠤᠨ ᠬᠥᠭᠵᠢᠯᠲᠡ ᠴᠦ ᠲᠡᠦᠬᠡ ᠶᠢᠨ ᠰᠢᠨ᠎ᠡ ᠭᠠᠷᠤᠭ᠎ᠠ ᠳᠤ ᠪᠠᠨ ᠭᠠᠷᠪᠠ ᠂ ᠳᠤᠮᠳᠠᠳᠤ ᠤᠯᠤᠰ ᠤᠨ ᠡᠪ ᠬᠠᠮᠲᠤ ᠨᠠᠮ ᠢ ᠲᠠᠭᠠᠵᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠵᠠᠮᠨᠠᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠳᠠᠭ ᠯᠠ ᠶᠤᠮ ᠪᠣᠯ ᠪᠢᠳᠡ ᠯᠠᠪᠲᠠᠶᠢᠶ᠎ᠠ ᠲᠣᠭᠲᠠᠭᠰᠠᠨ ᠬᠤᠭᠤᠴᠠᠭᠠᠨ ᠳᠤ ᠪᠠᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠩ ᠢᠶᠠᠨ ᠪᠡᠶᠡᠯᠡᠭᠦᠯᠵᠦ ᠴᠢᠳᠠᠨ᠎ᠠ ᠭᠡᠪᠡ ᠃   ᠬᠥᠮᠥᠨ ᠤ ᠰᠡᠳᠬᠢᠯ ᠢ ᠳᠣᠭᠳᠣᠯᠤᠭᠤᠯᠤᠮ᠎ᠠ ᠠᠭᠤᠤ ᠶᠡᠭᠡ ᠲᠣᠣᠯᠢ  2019 ᠣᠨ ᠤ 7 ᠳ᠋ᠤᠭᠠᠷ ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢᠶᠠᠷ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠪᠠᠨ ᠤᠯᠠᠭᠠᠨᠬᠠᠳᠠ ᠶᠢᠨ ᠮᠦᠽᠧᠢ ᠳᠤ ᠡᠷᠲᠡᠨ ᠤ ᠰᠣᠩᠭᠤᠳᠠᠭ ᠪᠦᠲᠦᠭᠡᠯ ᠦᠨᠳᠦᠰᠦᠲᠡᠨ ᠤ ᠲᠤᠤᠯᠢ ︽ᠭᠡᠰᠡᠷ︾ ᠬᠠᠶᠢᠯᠬᠤ ᠶᠢ ᠰᠣᠨᠣᠰᠤᠨ ᠰᠣᠨᠢᠷᠬᠠᠵᠤ ᠂ ︽ᠭᠡᠰᠡᠷ︾ ᠲᠤᠤᠯᠢ ᠶᠢᠨ  ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠨᠠᠷ ᠲᠠᠢ ᠳᠣᠲᠣᠨᠣ ᠪᠠᠷ ᠶᠠᠷᠢᠯᠴᠠᠪᠠ ᠃   ᠲᠤᠬᠠᠢ ᠶᠢᠨ ᠦᠶ᠎ᠡ ᠳᠤ ᠪᠠᠭᠠᠷᠢᠨ ᠪᠠᠷᠠᠭᠤᠨ ᠬᠤᠰᠢᠭᠤᠨ ᠤ 9 ᠬᠥᠮᠥᠨ ᠢᠶᠠᠷ ᠪᠦᠷᠢᠯᠳᠦᠭᠰᠡᠨ ᠲᠣᠣᠯᠢ ᠬᠠᠶᠢᠯᠬᠤ ᠬᠠᠮᠲᠤᠯᠢᠭ ︽ᠭᠡᠰᠡᠷ︾ ᠲᠤᠤᠯᠢ ᠪᠠᠨ ᠬᠠᠶᠢᠯᠪᠠ ᠂ ᠬᠠᠮᠤᠭ ᠪᠠᠭ᠎ᠠ ᠨᠢ 11 ᠨᠠᠰᠤᠲᠠᠢ ᠂ ᠬᠠᠮᠤᠭ ᠶᠡᠭᠡ ᠨᠢ 86 ᠨᠠᠰᠤᠲᠠᠢ ᠃ ᠠᠬᠠᠮᠠᠳ ᠢᠳᠡᠷ ᠵᠠᠯᠠᠭᠤ ᠪᠠᠭᠠᠴᠤᠳ ᠢᠶᠠᠷ ᠪᠦᠷᠢᠯᠳᠦᠭᠰᠡᠨ ᠡᠨᠡ ᠬᠠᠮᠲᠤᠯᠢᠭ ᠨᠢ ᠡᠨᠡ ᠬᠦ ᠠᠭᠤᠤ ᠶᠡᠭᠡ ᠲᠤᠤᠯᠢ ᠦᠶ᠎ᠡ ᠶᠢᠨ ᠦᠶ᠎ᠡ ᠳᠤ ᠤᠯᠠᠮᠵᠢᠯᠠᠭᠳᠠᠭᠰᠠᠨ ᠤ ᠨᠢᠭᠡᠨ ᠬᠤᠷᠢᠶᠠᠩᠭᠤᠢ ᠳᠦᠷᠰᠦ ᠪᠣᠯᠬᠤ ᠶᠤᠮ ᠃   ᠶᠡᠷᠦᠩᠬᠡᠢ ᠱᠦᠵᠢ ᠰᠢ ᠶᠢᠨ ᠫᠢᠩ ᠵᠢᠭᠠᠨ ᠭᠠᠷᠭᠠᠬᠤ ᠳᠤ ᠪᠠᠨ ᠂ ᠲᠠ ᠨᠠᠷ ᠤᠨ ᠬᠠᠶᠢᠯᠤᠭᠰᠠᠨ ᠲᠣᠣᠯᠢ ᠴᠢᠨᠢ ᠪᠢᠳᠡᠨ ᠳᠤ ᠭᠦᠨ ᠵᠤᠵᠠᠭᠠᠨ ᠲᠡᠦᠬᠡ ᠰᠣᠶᠣᠯ ᠢ ᠮᠡᠳᠡᠷᠡᠭᠦᠯᠪᠡ ᠃ 56 ᠦᠨᠳᠦᠰᠦᠲᠡᠨ ᠲᠠᠰᠤᠷᠠᠯᠲᠠ ᠦᠭᠡᠢ ᠰᠣᠯᠢᠯᠴᠠᠵᠤ ᠶᠠᠪᠤᠯᠴᠠᠵᠤ ᠠᠭᠤᠰᠤᠯᠴᠠᠵᠤ ᠂ ᠤᠯᠠᠨ ᠡᠰᠢᠲᠦ ᠨᠢᠭᠡᠳᠦᠭᠰᠡᠨ ᠳᠤᠮᠳᠠᠳᠤ ᠶᠢᠨ ᠦᠨᠳᠦᠰᠦᠲᠡᠨ ᠢ ᠪᠦᠷᠢᠯᠳᠦᠭᠦᠯᠪᠡ ᠃ ᠮᠠᠨ ᠤ ᠳᠤᠮᠳᠠᠳᠤ ᠶᠢᠨ ᠪᠣᠯᠪᠠᠰᠤᠨ ᠪᠣᠯ ᠥᠨᠢ ᠤᠳᠠᠭᠠᠨ ᠲᠡᠦᠬᠡ ᠲᠠᠢ ᠂ ᠳᠡᠯᠡᠬᠡᠢ ᠳᠡᠭᠡᠷᠡᠬᠢ ᠴᠤᠷ ᠤᠨ ᠭᠠᠭᠴᠠ ᠲᠠᠰᠤᠯᠳᠠᠭᠤᠯᠤᠯ ᠦᠭᠡᠢ ᠂ ᠡᠳᠦᠭᠡ ᠳᠤ ᠬᠦᠷᠲᠡᠯ᠎ᠡ ᠬᠥᠭᠵᠢᠭᠰᠡᠭᠡᠷ ᠢᠷᠡᠭᠰᠡᠨ ᠪᠣᠯᠪᠠᠰᠤᠨ ᠮᠥᠨ ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠬᠤ ᠬᠡᠷᠡᠭᠲᠡᠢ ᠭᠡᠯ᠎ᠡ ᠃   ︽ᠭᠡᠰᠡᠷ︾ ︽ᠵᠢᠩᠭᠠᠷ︾ ︽ᠮᠠᠨᠠᠰ︾ ᠡᠨᠡ ᠭᠤᠷᠪᠠᠨ ᠲᠤᠤᠯᠢ ᠨᠢ ᠴᠥᠮ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠳᠤᠮᠳᠠᠳᠤ ᠶᠢᠨ ᠦᠨᠳᠦᠰᠦᠲᠡᠨ ᠤ ᠬᠤᠪᠣᠷ ᠨᠠᠨᠳᠢᠨ ᠰᠣᠶᠣᠯ ᠤᠨ ᠥᠪ ᠪᠣᠯᠬᠤ ᠶᠤᠮ ᠃   ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠢᠮᠠᠭᠲᠠ ᠰᠠᠨᠠᠭᠠᠰᠢᠷᠠᠭᠰᠠᠭᠠᠷ ᠢᠷᠡᠵᠠᠢ ᠃ ᠲᠡᠷᠡ ᠪᠠᠷ ᠡᠨᠡ ᠭᠤᠷᠪᠠᠨ ᠲᠤᠤᠯᠢ ᠶᠢ ︽ᠬᠥᠮᠥᠨ ᠤ ᠰᠡᠳᠬᠢᠯ ᠢ ᠳᠣᠭᠳᠣᠯᠤᠭᠤᠯᠤᠮ᠎ᠠ ᠠᠭᠤᠤ ᠶᠡᠭᠡ ᠲᠤᠤᠯᠢ︾ ᠬᠡᠮᠡᠨ ᠤᠯᠠᠨ ᠲᠠᠯᠠᠪᠤᠷ ᠲᠤ ᠲᠠᠬᠢᠨ ᠳᠠᠪᠲᠠᠨ ᠳᠤᠷᠠᠳᠴᠤ ᠥᠩᠭᠡᠷᠡᠭᠰᠡᠨ ᠶᠤᠮ ᠃   ᠮᠠᠷᠲᠠᠭᠳᠠᠰᠢ ᠦᠭᠡᠢ ᠪᠠᠶᠢᠭ᠎ᠠ ᠶᠢᠨ ᠤᠴᠢᠷ ᠨᠢ ᠶᠡᠷᠦᠩᠬᠡᠢ ᠱᠦᠵᠢ ᠰᠢ ᠶᠢᠨ ᠫᠢᠩ ᠤᠨ ᠠᠯᠤᠰ ᠬᠤᠯᠠ ᠶᠢᠨ ᠭᠦᠨᠵᠡᠭᠡᠢ ᠪᠣᠳᠣᠯᠬᠢᠯᠠᠯ ᠠᠴᠠ ᠪᠣᠯᠤᠭᠰᠠᠨ ᠶᠤᠮ ᠃   ︽ᠮᠠᠨ ᠤ ᠭᠡᠷᠡᠯ ᠰᠠᠴᠤᠷᠠᠩᠭᠤᠢ ᠰᠣᠶᠣᠯ ᠢ ᠪᠣᠯ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠭᠰᠡᠨ ᠶᠤᠮ ᠂ ᠳᠤᠮᠳᠠᠳᠤ ᠶᠢᠨ ᠰᠣᠶᠣᠯ ᠪᠣᠯ ᠦᠨᠳᠦᠰᠦᠲᠡᠨ ᠨᠦᠭᠦᠳ ᠤᠨ ᠰᠣᠶᠣᠯ ᠤᠨ ᠶᠡᠭᠡ ᠴᠣᠮᠣᠷᠯᠢᠭ ᠮᠥᠨ ᠃︾ 2019 ᠣᠨ ᠤ 9 ᠳ᠋ᠦ᠋ᠭᠡᠷ ᠰᠠᠷ᠎ᠠ ᠳᠤ ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠭᠤᠷᠪᠠᠨ ᠲᠤᠤᠯᠢ ᠪᠠᠷ ᠵᠢᠱᠢᠶ᠎ᠡ ᠪᠣᠯᠭᠠᠨ ᠂ ᠦᠨᠳᠦᠰᠦᠲᠡᠨ ᠨᠦᠭᠦᠳ ᠤᠨ ᠰᠣᠶᠣᠯ ᠬᠠᠷᠢᠯᠴᠠᠨ ᠥᠩᠭᠡ ᠭᠡᠷᠡᠯ ᠨᠡᠮᠡᠷᠢᠯᠡᠵᠦ ᠂ ᠳᠤᠮᠳᠠᠳᠤ ᠶᠢᠨ ᠰᠣᠶᠣᠯ ᠶᠠᠪᠤᠬᠤ ᠲᠤᠲᠤᠮ ᠰᠢᠨᠡᠳᠴᠦ ᠪᠠᠶᠢᠨ᠎ᠠ ᠂ ᠡᠨᠡ ᠪᠣᠯ ᠮᠠᠨ ᠤ ᠥᠨᠥᠳᠥᠷ ᠤᠨ ᠬᠦᠴᠦᠷᠬᠡᠭ ᠶᠡᠭᠡ ᠰᠣᠶᠣᠯ ᠤᠨ ᠢᠲᠡᠭᠡᠯ ᠤᠨ ᠦᠨᠳᠦᠰᠦ ᠰᠤᠷᠪᠤᠯᠵᠢ ᠮᠥᠨ ᠭᠡᠵᠦ ᠴᠢᠬᠤᠯᠠᠴᠢᠯᠠᠪᠠ ᠃   ᠰᠣᠶᠣᠯ ᠪᠣᠯ ᠨᠢᠭᠡ ᠦᠨᠳᠦᠰᠦᠲᠡᠨ ᠤ ᠰᠦᠭ ᠰᠦᠨᠡᠰᠦ ᠮᠥᠨ ᠂ ᠰᠣᠶᠣᠯ ᠤᠨ ᠲᠠᠨᠢᠨ ᠮᠡᠳᠡᠷᠡᠬᠦᠢ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠰᠤᠷᠪᠤᠯᠵᠢ ᠮᠥᠨ ᠃ ᠰᠣᠶᠣᠯ ᠤᠨ ᠦᠨᠳᠦᠰᠦ ᠰᠤᠷᠪᠤᠯᠵᠢ ᠶᠢ ᠪᠠᠲᠤ ᠰᠠᠬᠢᠬᠤ ᠪᠣᠯ ᠳᠠᠷᠤᠢ ᠦᠨᠳᠦᠰᠦᠲᠡᠨ ᠤ ᠰᠦᠭ ᠰᠦᠨᠡᠰᠦ ᠶᠢ ᠪᠠᠲᠤ ᠰᠠᠬᠢᠵᠤ ᠪᠠᠶᠢᠭ᠎ᠠ ᠶᠠᠪᠤᠳᠠᠯ ᠮᠥᠨ ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map