ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢᠨ  ᠰᠢᠯᠢᠳᠡᠭ ᠵᠦᠢᠯ ᠢ ᠴᠣᠭᠴᠠᠯᠠᠪᠠ
ᠨᠡᠶᠢᠲᠡᠯᠡᠭᠰᠡᠨ ᠴᠠᠭ᠄
2024/9/29
  ᠬᠠᠷᠠᠮᠥ᠋ᠷᠡᠨ ᠮᠤᠵᠢ ᠶᠢᠨ ᠷᠠᠳᠢᠣ᠋ ᠲᠧᠯᠸᠢᠰ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠥᠷᠥ᠂ ᠠᠵᠢᠯ ᠲᠥᠷᠥᠯ᠂ ᠬᠥᠭᠵᠢᠯᠲᠡ ︽ᠭᠤᠷᠪᠠᠨ ᠵᠣᠭᠰᠣᠴᠠ︾ ᠶᠢ ᠳᠡᠭᠡᠭᠰᠢᠯᠡᠭᠦᠯᠵᠦ᠂ ᠲᠣᠮᠣ ᠵᠠᠭᠤᠴᠢᠯᠠᠭᠤᠷ᠂ ᠶᠡᠭᠡ ᠤᠬᠠᠭᠤᠯᠭ᠎ᠠ᠂ ᠶᠡᠭᠡ ᠠᠮᠤᠷ ᠲᠦᠪᠰᠢᠨ᠂ ᠶᠡᠭᠡ ᠵᠠᠰᠠᠯᠲᠠ ︽ᠳᠥᠷᠪᠡᠨ ᠵᠦᠢᠯ ᠤᠨ ᠦᠵᠡᠯᠲᠡ︾ ᠶᠢ ᠪᠠᠲᠤ ᠪᠠᠬᠢ ᠪᠣᠶ ᠪᠣᠯᠭᠠᠵᠤ᠂ ᠴᠢᠭᠯᠡᠯ ᠢ ᠡᠵᠡᠮᠳᠡᠬᠦ᠂ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠪᠥᠲᠥᠭᠡᠨ ᠪᠠᠶᠢᠭᠤᠯᠤᠯᠲᠠ ᠶᠢ ᠠᠳᠬᠤᠬᠤ ᠂ ᠬᠥᠭᠵᠢᠯᠲᠡ ᠶᠢ ᠠᠬᠢᠭᠤᠯᠬᠤ ︽ᠲᠠᠪᠤᠨ ᠠᠷᠭ᠎ᠠ ᠵᠠᠮ︾ ᠢ ᠲᠣᠳᠣᠷᠬᠠᠶᠢᠯᠠᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠳᠤᠮᠳᠠ ᠵᠣᠷᠢᠭᠲᠠᠶ ᠪᠠᠷ ᠭᠠᠪᠰᠢᠭᠠᠶᠢᠯᠠᠵᠤ᠂ ᠬᠥᠭᠵᠢᠯᠲᠡ ᠶᠢ ᠠᠬᠢᠭᠤᠯᠬᠤ ᠳᠤᠮᠳᠠ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠯ᠎ᠡ ᠵᠦᠢᠯ ᠤᠨ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃  ᠨᠢᠭᠡ᠂ ᠭᠤᠣᠯ ᠰᠡᠳᠦᠪᠲᠦ ᠤᠬᠠᠭᠤᠯᠭ᠎ᠠ ᠦᠡᠭᠭᠡ ᠪᠤᠳᠤᠭ ᠲᠠᠢ ᠪᠠᠶᠢᠵᠤ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠤᠯᠠᠮ ᠨᠢᠭᠡ ᠠᠯᠬᠤᠮ ᠪᠤᠵᠠᠭᠠᠶᠢᠷᠠᠪᠠ  ᠡᠯ᠎ᠡ ᠱᠠᠲᠤᠨ ᠤ ᠨᠡᠪᠲᠡᠷᠡᠭᠦᠯᠭᠡ ᠶᠢᠨ ᠪᠠᠶᠢᠭᠤᠯᠤᠮᠵᠢ ᠵᠢᠴᠢ ᠬᠠᠷᠢᠶ᠎ᠠ ᠰᠢᠨ᠎ᠡ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠨᠡᠪᠲᠡᠷᠡᠭᠦᠯᠬᠦ ᠭᠤᠤᠯ ᠰᠡᠳᠦᠪᠲᠦ ᠤᠬᠠᠭᠤᠯᠭ᠎ᠠ ᠪᠠ ᠭᠤᠤᠯ ᠰᠡᠳᠦᠪᠲᠦ ᠭᠤᠤᠯ ᠱᠤᠭᠤᠮ ᠤᠨ ᠤᠬᠠᠭᠤᠯᠭ᠎ᠠ ᠮᠡᠳᠡᠭᠡᠯᠡᠯ ᠢ 10.4 ᠲᠦᠮᠡ ᠭᠠᠷᠤᠶ ᠬᠤᠪᠢ ᠥᠷᠨᠢᠭᠦᠯᠵᠦ᠂ ᠬᠤᠲᠠ ᠶᠢᠨ ᠱᠠᠲᠤᠨ ᠤ ᠨᠡᠪᠲᠡᠷᠡᠭᠦᠯᠭᠡ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ︽ᠦᠵᠡᠯ ᠰᠠᠨᠠᠭᠠᠨ ᠤ ᠬᠡᠷᠡᠯ ᠭᠢᠯᠪᠠᠭ᠎ᠠ︾ ᠶᠢᠨ ᠬᠠᠮᠲᠤ ᠶᠢᠨ ᠵᠣᠬᠢᠶᠠᠨ ᠪᠦᠲᠦᠭᠡᠯᠲᠡ ᠶᠢ 2 ᠬᠤᠭᠤᠴᠠᠭ᠎ᠠ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠠᠷᠠᠮᠥ᠋ᠷᠡᠨ ᠳᠤ ᠦᠨᠳᠦᠰᠦᠯᠡᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠠᠮᠢᠳᠤᠯᠢᠭ ᠦᠢᠯᠡᠳᠦᠯᠭᠡ ᠶᠢ ᠭᠦᠢᠴᠡᠳ ᠢᠯᠡᠷᠡᠭᠦᠯᠪᠡ᠃ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠥᠬᠦ ᠮᠤᠵᠢ ᠶᠢᠨ ᠴᠢᠬᠤᠯᠠ ᠶᠡᠭᠡ ᠬᠤᠷᠠᠯ ᠤᠨ ᠠᠵᠢᠯᠯᠠᠭ᠎ᠠ ᠪᠠ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠬᠦᠢᠲᠡᠨ ᠠᠭᠤᠷ ᠠᠮᠢᠰᠬᠤᠯ ᠢ ᠠᠷᠭᠠᠴᠠᠭᠠᠬᠤ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠵᠦ ᠬᠠᠮ ᠵᠠᠭᠤᠴᠢᠯᠠᠭᠤᠷ ᠤᠨ ᠤᠬᠠᠭᠤᠯᠭ᠎ᠠ ᠶᠢ ᠵᠣᠬᠢᠶᠠᠨ ᠪᠠᠶᠢᠭᠤᠯᠵᠤ᠂ ᠪᠥᠬᠦ ᠮᠤᠵᠢ ᠶᠢᠨ ᠠᠵᠢᠯ ᠤᠨ ᠶᠡᠭᠡ ᠲᠠᠯ᠎ᠠ ᠳᠤ ᠬᠦᠴᠦᠲᠡᠶ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠪᠠ ᠃ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠠᠩᠬᠠᠳᠤᠭᠠᠷ ᠬᠤᠭᠤᠴᠠᠭᠠᠨ ᠤ ᠪᠣᠬᠢᠷᠳᠤᠯ ᠦᠭᠡᠢ ᠦᠵᠡᠰᠬᠦᠯᠡᠩ ᠤᠨ ᠴᠤᠭᠯᠠᠭᠠᠨ᠂ ᠮᠥᠰᠥ ᠴᠠᠰᠤᠨ ᠤ ᠵᠢᠭᠤᠯᠴᠢᠯᠠᠯ ᠵᠡᠷᠭᠡ ᠣᠯᠠᠨ ᠵᠦᠢᠯ ᠤᠨ ᠭᠤᠤᠯ ᠰᠡᠳᠦᠪᠲᠦ ᠤᠬᠠᠭᠤᠯᠭ᠎ᠠ ᠵᠢᠴᠢ ᠣᠯᠠᠨ ᠬᠢᠨᠠᠨ ᠬᠡᠮᠵᠢᠯᠲᠡ ᠶᠢᠨ ᠲᠤᠰᠬᠠᠶ ᠮᠡᠳᠡᠭᠦᠯᠦᠯᠲᠡ ᠨᠢ ᠲᠣᠰ ᠲᠣᠰ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠦᠨᠡᠯᠡᠯᠲᠡ ᠶᠢᠨ ᠮᠠᠭᠲᠠᠭᠠᠯ ᠪᠠ ᠮᠤᠵᠢ ᠶᠢᠨ ᠤᠳᠤᠷᠢᠳᠤᠯᠭ᠎ᠠ ᠶᠢᠨ ᠴᠣᠬᠤᠯᠠᠪᠤᠷᠢ ᠶᠢ ᠣᠯᠪᠠ ᠃  ᠬᠤᠶᠠᠷ᠂ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠴᠡᠴᠡᠭᠯᠡᠨ ᠬᠥᠭᠵᠢᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠪᠦᠲᠦᠭᠡᠯ ᠤᠨ ᠨᠥᠯᠥᠭᠡᠯᠡᠬᠦ ᠬᠦᠴᠦᠨ ᠤᠯᠠᠮ ᠨᠢᠭᠡ ᠠᠯᠬᠤᠮ ᠢᠯᠡᠷᠡᠪᠡ  ᠰᠢᠨ᠎ᠡ ᠴᠠᠭ ᠦᠶ᠎ᠡ ᠶᠢᠨ ᠲᠧᠯᠸᠢᠰ ᠵᠦᠴᠦᠭᠡ ᠶᠢᠨ ᠪᠦᠲᠦᠭᠡᠯ ᠤᠨ ᠬᠠᠷᠠᠮᠥ᠋ᠷᠡᠨ ᠤ ᠬᠥᠭᠵᠢᠯ ᠮᠠᠨᠳᠤᠯ ᠳᠤ ᠬᠦᠴᠦᠨ ᠨᠡᠮᠡᠷᠢᠯᠡᠬᠦ ᠲᠤᠰᠬᠠᠶ ᠰᠡᠳᠦᠪᠲᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠤᠤᠯ ᠵᠣᠴᠢᠨ ᠮᠤᠵᠢ ᠶᠢᠨ ᠬᠤᠪᠢ ᠪᠠᠷ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠶᠡᠭᠡ ᠬᠤᠷᠠᠯ ᠳᠤ ᠣᠷᠣᠯᠴᠠᠵᠤ᠂ ᠭᠤᠤᠯᠳᠠᠯᠭ᠎ᠠ ᠲᠠᠢ ᠲᠧᠯᠸᠢᠰ ᠵᠦᠴᠦᠭᠡ ᠶᠢᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠲᠠᠨᠢᠯᠴᠠᠭᠤᠯᠪᠠ᠃ ᠰᠢᠨ᠎ᠡ ᠴᠠᠭ ᠦᠶ᠎ᠡ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠵᠦ᠂ ︽ᠳᠣᠯᠤᠭ᠎ᠠ ᠭᠤᠷᠪᠠ ᠨᠢᠭᠡ ᠠᠩᠭᠢ ᠶᠢᠨ ᠦᠨᠡᠨ ᠪᠠᠶᠢᠳᠠᠯ︾ ᠲᠧᠯᠸᠢᠰ ᠵᠦᠴᠦᠭᠡ ᠵᠡᠷᠭᠡ 18 ᠭᠤᠤᠯᠳᠠᠯᠭ᠎ᠠ ᠲᠠᠢ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ︽ᠠᠯᠠᠭ᠎ᠠ ᠪᠣᠯᠤᠭᠰᠠᠨ ᠵᠠᠭᠠᠨ︾᠂ ︽ᠮᠥᠰᠥ ᠴᠠᠰᠤᠨ ᠣᠷᠣᠨ︾ ᠵᠡᠷᠭᠡ ᠪᠦᠲᠦᠭᠡᠯ ᠨᠢ ᠲᠣᠰ ᠲᠣᠰ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠠ ᠮᠤᠵᠢ ᠶᠢᠨ ᠱᠠᠲᠤᠨ ᠤ ᠲᠡᠳᠬᠦᠨ ᠳᠡᠮᠵᠢᠬᠦ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠣᠯᠵᠤ᠂ ︽ᠳᠠᠭᠤᠤ ᠶᠢᠨ ᠠᠶᠠᠰ ᠲᠠᠬᠢ ᠬᠠᠷᠠᠮᠥ᠋ᠷᠡᠨ︾ ᠵᠡᠷᠭᠡ 16 ᠪᠦᠯᠦᠭ ᠷᠠᠳᠢᠣ᠋ ᠲᠧᠯᠸᠢᠰ ᠤᠨ ᠦᠵᠡᠵᠦ ᠰᠣᠨᠣᠰᠬᠤ ᠪᠦᠲᠦᠭᠡᠯ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠢᠯᠢᠳᠡᠭ ᠰᠢᠯᠭᠠᠷᠠᠭᠤᠯᠤᠯᠲᠠ ᠳᠤ ᠱᠠᠩᠨᠠᠯ ᠭᠥᠷᠳᠡᠪᠡ᠃ 7 ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠪᠦᠲᠦᠭᠡᠯ ᠪᠠ 1 ᠪᠠᠶᠢᠭᠤᠯᠤᠮᠵᠢ ᠨᠢ ᠪᠥᠬᠦ ᠤᠯᠤᠰ ᠤᠨ ᠰᠢᠯᠭᠠᠷᠠᠭᠤᠯᠤᠯᠲᠠ ᠳᠤ ᠱᠠᠩᠨᠠᠯ ᠬᠦᠷᠲᠡᠪᠡ᠃ ︽ᠮᠦᠰᠦ ᠪᠠᠷ ᠪᠠᠶᠢᠭᠤᠯᠤᠭᠳᠠᠭᠰᠠᠨ ᠬᠤᠲᠠ︾ ᠪᠠᠷᠢᠮᠲᠠᠲᠤ ᠺᠢᠨᠣ᠋ ᠨᠢ ᠣᠯᠠᠨ ᠤᠯᠤᠰ ᠤᠨ 20 ᠲᠣᠮᠣ ᠱᠠᠩᠨᠠᠯ ᠢ ᠬᠦᠷᠲᠡᠵᠦ᠂ ᠲᠥᠪ ᠤᠨ ᠤᠬᠠᠭᠤᠯᠬᠤ ᠬᠡᠯᠲᠡᠰ ᠤᠨ ︽ᠤᠯᠤᠰ ᠲᠤ ᠪᠠᠨ ᠦᠢᠯᠡᠳᠪᠦᠷᠢᠯᠡᠭᠰᠡᠨ ᠰᠢᠯᠢᠳᠡᠭ ᠺᠢᠨᠣ᠋  ᠶᠢᠨ ᠰᠢᠨ᠎ᠡ ᠪᠥᠲᠥᠭᠡᠯ︾ ᠢᠶᠠᠷ ᠰᠣᠩᠭᠤᠭᠳᠠᠭᠰᠠᠨ ᠪᠥᠭᠡᠳ ᠠᠮᠠᠽᠤᠨ ᠵᠡᠷᠭᠡ ᠧᠦ᠋ᠷᠦᠫᠡ ᠠᠮᠧᠷᠢᠺᠠ ᠶᠢᠨ ᠲᠠᠪᠴᠠᠩ ᠳᠤ ᠨᠡᠪᠲᠡᠷᠡᠭᠦᠯᠵᠡᠶ᠃  ᠭᠤᠷᠪᠠ᠂ ᠳᠠᠮᠵᠢᠭᠤᠯᠬᠤ ᠪᠦᠷᠬᠦᠴᠡ ᠶᠢᠨ ᠶᠠᠰᠤ ᠴᠢᠨᠠᠷ ᠳᠡᠭᠡᠭᠰᠢᠯᠡᠨ ᠦᠷ᠎ᠡ ᠠᠰᠢᠭ ᠨᠡᠮᠡᠭᠳᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠨ ᠲᠡᠩᠴᠡᠭᠦᠷᠢᠰᠢᠭᠦᠯᠬᠦ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ  ᠬᠠᠷᠪᠢᠨ ᠬᠤᠲᠠ ᠶᠢᠨ ᠨᠦᠬᠡᠨ ᠵᠠᠮ ᠤᠨ ᠳᠠᠪᠲᠠᠮᠵᠢ ᠲᠣᠬᠢᠷᠠᠭᠤᠯᠬᠤ ᠷᠠᠳᠢᠣ᠋ ᠨᠡᠪᠲᠡᠷᠡᠭᠦᠯᠭᠡ ᠶᠢ ᠨᠠᠷᠢᠯᠢᠭ ᠣᠨᠣᠴᠠᠲᠠᠶ ᠬᠠᠮᠤᠷᠬᠤ ᠵᠡᠷᠭᠡ ᠰᠠᠭᠤᠷᠢ ᠪᠡᠯᠡᠳᠬᠡᠮᠵᠢ ᠪᠠ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠵᠦ᠂ ᠷᠠᠳᠢᠣ᠋ ᠲᠧᠯᠸᠢᠰ ᠤᠨ ᠳᠠᠮᠵᠢᠭᠤᠯᠤᠨ ᠪᠦᠷᠬᠦᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠠᠪᠴᠠᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠵᠢᠴᠢ ᠬᠤᠴᠤᠷᠤᠩᠭᠤᠢ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠤᠷᠢᠳᠴᠢᠯᠠᠨ ᠪᠡᠶᠡᠯᠡᠭᠦᠯᠦᠭᠰᠡᠨ ᠪᠥᠭᠡᠳ ᠰᠢᠯᠭᠠᠨ ᠠᠪᠬᠤ ᠶᠢ ᠥᠩᠭᠡᠷᠡᠭᠡᠪᠡ᠃ ᠣᠶᠣᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠤᠨ ᠲᠦᠷᠦᠭᠦᠤ ᠪᠦᠯᠦᠭ 8 ᠰᠢᠶᠠᠨ ᠤ ᠭᠤᠤᠯ ᠴᠣᠭᠴᠠ ᠶᠢᠨ ᠢᠨᠵᠧᠨᠧᠷᠢᠩ ᠢ ᠪᠦᠬᠦᠨ ᠢ ᠳᠠᠭᠤᠰᠬᠠᠭᠰᠠᠨ ᠤ ᠬᠠᠮᠲᠤ ᠰᠢᠯᠭᠠᠨ ᠠᠪᠬᠤ ᠳᠤ ᠬᠢᠷᠢ ᠲᠡᠩᠴᠡᠵᠦ᠂ 2 ᠰᠢᠶᠠᠨ ᠢ ᠤᠯᠤᠰ ᠤᠨ ᠲᠠᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠢᠶᠠᠷ ᠲᠣᠭᠲᠠᠭᠠᠵᠤ᠂ ᠪᠠᠶ ᠴᠢᠤᠸᠠᠨ ᠰᠢᠶᠠᠨ ᠤ ᠣᠶᠣᠨᠲᠤ ᠷᠠᠳᠢᠣ᠋ ᠲᠧᠯᠸᠢᠰ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠡᠷᠡᠭ ᠤᠨ ᠵᠢᠱᠢᠶ᠎ᠡ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠳᠡᠯᠭᠡᠷᠡᠭᠦᠯᠦᠯᠲᠡ ᠶᠢ ᠤᠯᠪᠠ᠃ 34 ᠰᠢᠶᠠᠨ ᠤ ᠳᠡᠰ ᠤᠨ ᠬᠤᠷᠢᠶᠠᠨ ᠤ ᠶᠡᠷᠦᠩᠬᠡᠶᠢᠯᠡᠭᠰᠡᠨ ᠰᠤᠪᠠᠭ ᠢ ᠥᠨᠳᠥᠷ ᠲᠤᠳᠤᠷᠠᠴᠠᠲᠤ ᠪᠠᠷ ᠨᠡᠪᠲᠡᠷᠡᠭᠦᠯᠵᠦ᠂ ᠬᠤᠲᠠ᠂ ᠰᠢᠶᠠᠨ ᠤ ᠳᠡᠰ ᠤᠨ ᠬᠤᠷᠢᠶᠠᠨ ᠤ ᠰᠤᠪᠠᠭ ᠤᠨ ᠥᠨᠳᠥᠷ ᠲᠤᠳᠤᠷᠠᠴᠠᠲᠤᠭᠤᠯᠤᠭᠰᠠᠨ ᠨᠤᠷᠮ᠎ᠠ ᠶᠢ ᠲᠤᠰ ᠲᠤᠰ 100% ᠪᠠ 51.5% ᠳᠤ ᠬᠦᠷᠭᠡᠪᠡ ᠃ ᠪᠦᠬᠦ ᠮᠣᠵᠢ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠡᠬᠢ ᠪᠠᠶᠠᠯᠢᠭ ᠤᠨ ᠬᠥᠮᠥᠷᠭᠡ ᠶᠢᠨ ᠫᠷᠤᠭ᠍ᠷᠠᠮ ᠤᠨ ᠶᠡᠷᠦᠩᠬᠡᠢ ᠴᠠᠭ ᠤᠨ ᠤᠷᠲᠤ ᠨᠢ 3 ᠲᠦᠮᠡᠨ ᠮᠢᠨᠦ᠋ᠲ ᠠᠴᠠ ᠳᠠᠪᠠᠪᠠ᠃  ᠳᠥᠷᠪᠡ᠂ ᠵᠠᠭᠤᠴᠢᠯᠠᠭᠤᠷ ᠤᠨ ᠠᠭᠤᠰᠤᠯᠴᠠᠯ ᠭᠦᠨᠵᠡᠭᠡᠶᠢᠷᠡᠨ ᠥᠷᠭᠡᠳᠴᠦ᠂ ᠦᠨᠳᠦᠰᠦᠨ ᠱᠠᠲᠤᠨ ᠤ ᠭᠤᠤᠯ ᠵᠠᠭᠤᠴᠢᠯᠠᠭᠤᠷ ᠤᠨ ᠵᠢᠭᠰᠠᠭᠠᠯ ᠤᠨ ᠭᠠᠵᠠᠷ ᠤᠯᠠᠮ ᠨᠢᠭᠡ ᠠᠯᠬᠤᠮ ᠪᠠᠬᠢᠵᠢᠪᠡ  2023 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠬᠤᠰᠢᠭᠤᠴᠢ ᠨᠢᠭᠡᠴᠢ᠂ ᠨᠡᠶᠢᠲᠡᠯᠢᠭ ᠬᠡᠷᠡᠭ ᠤᠨ ᠵᠢᠱᠢᠶ᠎ᠡ᠂ ᠬᠥᠭᠵᠢᠯᠲᠡ ᠶᠢᠨ ᠲᠥᠷᠥᠯ ᠵᠦᠢᠯ ᠢ ᠡᠯᠰᠡᠨ ᠴᠤᠭᠯᠠᠭᠤᠯᠵᠤ ᠰᠢᠯᠭᠠᠷᠠᠭᠤᠯᠵᠤ᠂ ᠵᠢᠶ ᠰᠢ ᠬᠤᠲᠠ᠂ ᠪᠦᠦ ᠴᠢᠩ ᠰᠢᠶᠠᠨ᠂ ᠲᠢᠶᠧ ᠯᠢ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠭ᠎ᠠ ᠶᠢ ᠪᠥᠬᠦ ᠤᠯᠤᠰ ᠤᠨ ᠪᠥᠬᠦ ᠮᠤᠵᠢ ᠳᠤ ᠳᠡᠯᠭᠡᠷᠡᠭᠦᠯᠬᠦ ᠶᠢ ᠵᠣᠬᠢᠶᠠᠨ ᠪᠠᠶᠢᠭᠤᠯᠪᠠ ᠃ ︽ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠳᠦᠷᠢᠮ ᠤᠨ ᠡᠮᠬᠢᠳᠬᠡᠯ︾ ᠢ ᠲᠣᠭᠲᠠᠭᠠᠨ ᠪᠠᠭᠤᠯᠭᠠᠵᠤ᠂ 7 ᠬᠤᠲᠠ᠂ ᠰᠢᠶᠠᠨ ᠤ ᠬᠠᠮ ᠵᠠᠭᠤᠴᠢᠯᠠᠭᠤᠷ ᠤᠨ ᠲᠥᠪ ᠢ ᠬᠤᠶᠠᠳᠤᠭᠠᠷ ᠪᠦᠯᠦᠭ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠠᠵᠢᠯ ᠤᠨ ᠬᠠᠷᠢᠯᠴᠠᠬᠤ ᠴᠡᠭ ᠪᠣᠯᠭᠠᠪᠠ ᠃ ᠪᠦᠬᠦ ᠮᠣᠵᠢ ᠶᠢᠨ 80 ᠲᠧᠯᠸᠢᠰ ᠤᠨ ᠰᠤᠪᠠᠭ ᠤᠨ ᠰᠦᠯᠵᠢᠶᠡᠨ ᠳᠡᠭᠡᠷᠡᠬᠢ ︽ᠵᠢᠢ ᠭᠤᠸᠠᠩ ᠰᠣᠨᠢᠨ︾ ᠤ ᠲᠤᠰᠬᠠᠢ ᠪᠣᠯᠤᠩ ᠢᠶᠠᠷ ᠨᠡᠪᠲᠡᠷᠡᠭᠦᠯᠪᠡ ᠃ 6 ᠰᠤᠪᠠᠭ ᠤᠨ ᠳᠠᠪᠲᠠᠮᠵᠢ ᠶᠢ ᠬᠦᠴᠦᠨ ᠥᠬᠡᠶ ᠪᠣᠯᠭᠠᠬᠤ ᠶᠢ ᠵᠢᠯᠣᠭᠤᠳᠴᠤ᠂ 3 ᠲᠤᠰᠬᠠᠶ ᠮᠡᠷᠭᠡᠵᠢᠯ ᠤᠨ ᠰᠤᠪᠠᠭ ᠢ ᠳᠣᠭᠢᠷᠠᠭᠤᠯᠤᠨ᠂ ᠴᠤᠮᠬᠠᠳᠬᠠᠨ ᠨᠠᠷᠢᠯᠢᠭᠵᠢᠭᠤᠯᠬᠤ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠪᠠ ᠃  ᠲᠠᠪᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠵᠤ᠂ ᠵᠠᠰᠠᠬᠤ ᠴᠢᠳᠠᠪᠤᠷᠢ ᠪᠠ ᠵᠠᠰᠠᠬᠤ ᠲᠣᠭᠲᠠᠯᠴᠠᠭ᠎ᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ  ︽2023 ᠣᠨ ᠤ ᠪᠥᠬᠦ ᠮᠤᠵᠢ ᠶᠢᠨ ᠷᠠᠳᠢᠣ᠋ ᠲᠧᠯᠸᠢᠰ ᠤᠨ ᠬᠠᠤᠯᠢ ᠪᠠᠷ ᠵᠠᠰᠠᠬᠤ ᠠᠵᠢᠯ ᠤᠨ ᠭᠤᠤᠯᠳᠠᠯᠭ᠎ᠠ ᠵᠢᠴᠢ ᠡᠭᠦᠷᠭᠡ ᠶᠢᠨ ᠵᠠᠳᠠᠯᠤᠯᠲᠠ︾᠂ ︽ᠬᠠᠷᠠᠮᠥ᠋ᠷᠡᠨ ᠮᠤᠵᠢ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠤᠯᠲᠠ ᠶᠢᠨ ᠪᠠᠷᠢᠮᠵᠢᠶᠠᠲᠤ ᠨᠠᠷᠢᠨ ᠲᠠᠩᠰᠠ︾ ᠶᠢ ᠲᠣᠭᠲᠠᠭᠠᠨ ᠬᠡᠷᠡᠭᠵᠢᠭᠦᠯᠪᠡ ᠃ 69 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠦᠬᠦᠨ ᠢᠶᠠᠷ ᠢᠶᠠᠨ ᠮᠤᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ᠂ ᠠᠮᠠᠯᠠᠯᠲᠠ ᠶᠢᠨ ᠴᠠᠭ ᠤᠨ ᠬᠢᠵᠠᠭᠠᠷ ᠢ ᠪᠣᠭᠤᠨᠢᠰᠬᠠᠭᠰᠠᠨ ᠬᠠᠷᠢᠴᠠᠯ ᠨᠢ ᠮᠤᠵᠢ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠢᠭᠡᠳᠦᠭᠡᠷ ᠲᠤ ᠣᠷᠣᠪᠠ᠃ ᠲᠧᠯᠸᠢᠰ ᠤᠨ ᠳᠠᠪᠲᠠᠨ ᠰᠦᠢᠳᠭᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠮᠤᠵᠢ ᠶᠢᠨ ᠤᠲᠠᠰᠤᠲᠤ ᠲᠧᠯᠸᠢᠰ ᠤᠨ ᠪᠥᠬᠦ ᠳᠡᠯᠭᠡᠴᠡ ᠪᠠᠷ ᠰᠢᠭᠤᠳ ᠨᠡᠪᠲᠡᠷᠡᠭᠦᠯᠬᠦ ᠲᠧᠯᠸᠢᠰ ᠤᠨ ᠳᠠᠪᠲᠠᠮᠵᠢ ᠬᠦᠯᠢᠶᠡᠭᠦᠷ ᠤᠨ ᠡᠵᠡᠯᠡᠬᠦ ᠬᠠᠷᠢᠴᠠᠯ 90% ᠳᠤ ᠬᠦᠷᠴᠦ᠂ ᠮᠤᠵᠢ ᠶᠢᠨ ᠱᠠᠲᠤᠨ ᠤ IPTV ᠬᠤᠷᠠᠮᠠᠯ ᠨᠡᠪᠲᠡᠷᠡᠭᠦᠯᠬᠦ ᠲᠠᠪᠴᠠᠩ ᠤᠨ ᠳᠤᠮᠳᠠᠴᠢ ᠮᠠᠰᠢᠨ ᠢ ᠨᠡᠭᠡᠭᠡᠬᠦ ᠴᠠᠭ ᠢ 30 ᠰᠧᠺᠦ᠋ᠨ᠋ᠳ᠋ ᠪᠣᠯᠲᠠᠯ᠎ᠠ ᠪᠣᠭᠤᠨᠢᠰᠬᠠᠵᠤ ᠂ ᠴᠥᠮ ᠤᠯᠤᠰ ᠤᠨ ᠱᠠᠭᠠᠷᠳᠠᠯᠭ᠎ᠠ ᠠᠴᠠ ᠳᠠᠪᠠᠭᠤᠯᠢᠭ ᠪᠣᠯᠵᠠᠶ᠃ ᠣᠳᠣ ᠶᠢᠨ ᠬᠡᠷᠡᠭᠵᠢᠭᠦᠯᠵᠦ ᠪᠠᠶᠢᠭ᠎ᠠ ᠦᠨᠡᠯᠡᠨ ᠵᠢᠱᠢᠬᠦ ᠠᠷᠭ᠎ᠠ ᠳᠤ ᠪᠦᠬᠦ ᠲᠠᠯ᠎ᠠ ᠪᠠᠷ ᠵᠠᠰᠠᠪᠤᠷᠢ ᠣᠷᠣᠭᠤᠯᠵᠤ᠂ ᠪᠦᠬᠦ ᠮᠤᠵᠢ ᠶᠢᠨ 300 ᠡᠵᠡᠩᠨᠡᠯᠲᠡ ᠶᠢᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠳᠠᠩᠰᠠ ᠡᠪᠬᠡᠮᠡᠯ ᠢ ᠪᠠᠶᠢᠭᠤᠯᠪᠠ ᠃ 538 ︽ᠬᠠᠤᠯᠢ ᠪᠤᠰᠤ ᠵᠢᠵᠢᠭ ᠴᠢᠬᠢ ᠥᠬᠡᠶ︾ ᠨᠡᠶᠢᠭᠡᠮ ᠲᠣᠭᠤᠷᠢᠭ ᠢ ᠰᠢᠨ᠎ᠡ ᠪᠠᠷ ᠪᠠᠶᠢᠭᠤᠯᠵᠤ᠂ ᠣᠨ ᠤ ᠬᠠᠷᠠᠯᠲᠠ ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃  ᠵᠢᠷᠭᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ ᠶᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠬᠦ ᠬᠦᠴᠦᠨ ᠤᠯᠠᠮ ᠨᠢᠭᠡ ᠠᠯᠬᠤᠮ ᠴᠢᠩᠭᠠᠷᠠᠪᠠ  ︽ᠬᠠᠷᠠᠮᠥ᠋ᠷᠡᠨ ᠮᠤᠵᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠵᠢᠴᠢ ᠭᠤᠣᠯᠳᠠᠯᠭ᠎ᠠ ᠲᠠᠢ ᠡᠭᠦᠷᠭᠡ ᠶᠢᠨ ᠡᠬᠡ ᠲᠠᠩᠰᠠ ᠶᠢ ᠲᠣᠭᠲᠠᠭᠠᠵᠤ᠂ 22 ᠭᠤᠣᠯᠳᠠᠯᠭ᠎ᠠ ᠲᠠᠢ ᠵᠦᠢᠯᠡᠰ ᠢ ᠲᠦᠷᠭᠡᠪᠴᠢᠯᠡᠨ ᠬᠡᠷᠡᠭᠵᠢᠭᠦᠯᠪᠡ ᠃ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠰᠠᠭᠤᠷᠢᠨ ᠭᠠᠵᠠᠷ ᠢ ᠪᠡᠯᠡᠳᠬᠡᠨ ᠪᠠᠶᠢᠭᠤᠯᠵᠤ᠂ ᠲᠣᠭᠠᠵᠢᠭᠤᠯᠤᠭᠰᠠᠨ ᠬᠤᠣᠰ ᠮᠡᠷᠭᠡᠵᠢᠯ ᠤᠨ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠪᠦᠷᠬᠦᠴᠡ ᠶᠢᠨ ᠠᠵᠢᠯᠯᠠᠭᠠᠨ ᠤ ᠬᠠᠮᠠᠭᠠᠯᠠᠯᠲᠠ ᠶᠢᠨ ᠬᠦᠷᠢᠶᠡᠨ ᠳᠠᠬᠢ ᠰᠤᠳᠤᠯᠭᠠᠨ ᠬᠡᠷᠡᠭᠯᠡᠯᠲᠡ ᠶᠢ ᠢᠳᠡᠪᠬᠢᠲᠡᠢ ᠠᠬᠢᠭᠤᠯᠪᠠ ᠃ ᠮᠤᠵᠢ ᠶᠢᠨ ᠠᠵᠢᠯᠴᠢᠨ ᠤ ᠶᠡᠷᠦᠩᠬᠡᠶ ᠡᠪᠯᠡᠯ ᠪᠦᠬᠦ ᠮᠤᠵᠢ ᠶᠢᠨ ᠷᠠᠳᠢᠣ᠋ ᠲᠧᠯᠸᠢᠰ ᠤᠨ ᠮᠡᠷᠭᠡᠵᠢᠯ ᠤᠨ 4 ᠴᠢᠳᠠᠪᠤᠷᠢᠲᠠᠨ ᠢ ᠰᠣᠩᠭᠤᠨ ᠲᠣᠮᠢᠯᠠᠵᠤ ᠪᠦᠬᠦ ᠤᠯᠤᠰ ᠤᠨ ᠤᠷᠤᠯᠳᠤᠭᠠᠨ ᠳᠤ ᠣᠷᠣᠯᠴᠠᠭᠤᠯᠬᠤ ᠶᠢᠨ ᠬᠠᠮᠲᠤ ᠬᠠᠷᠠᠮᠦ᠋ᠷᠡᠨ ᠤ ᠲᠣᠪᠴᠢᠶ᠎ᠠ ᠪᠦᠯᠬᠦᠮ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠡᠢ᠃ ᠮᠤᠵᠢ ᠶᠢᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠢᠨᠠᠨ ᠬᠡᠮᠵᠢᠬᠦ ᠶᠢᠨ ᠡᠮᠦᠨᠡᠬᠢ ᠦᠵᠦᠭᠦᠷ ᠤᠨ ᠨᠥᠬᠦᠪᠥᠷᠢᠯᠡᠬᠦ ᠴᠡᠭ ᠤᠨ ᠲᠥᠷᠥᠯ ᠵᠦᠢᠯ ᠤᠨ ᠠᠵᠢᠯ ᠢ ᠳᠠᠭᠤᠰᠬᠠᠵᠤ᠂ ᠪᠦᠬᠦ ᠮᠤᠵᠢ ᠶᠢᠨ ᠷᠠᠳᠢᠣ᠋ ᠲᠧᠯᠸᠢᠰ ᠤᠨ ᠬᠢᠨᠠᠨ ᠬᠡᠮᠵᠢᠯᠲᠡ ᠶᠢᠨ ᠵᠠᠰᠠᠭ ᠵᠠᠬᠢᠷᠭᠠᠨ ᠤ ᠣᠷᠣᠨ ᠪᠦᠰᠡ ᠳᠤ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠰᠢᠨ᠎ᠡ ᠵᠠᠭᠤᠴᠢᠯᠠᠭᠤᠷ ᠤᠨ ᠬᠢᠨᠠᠨ ᠬᠡᠮᠵᠢᠬᠦ ᠰᠢᠰᠲ᠋ᠧᠮ ᠤᠨ ᠳᠡᠰ ᠳᠡᠪᠰᠢᠭᠦᠯᠬᠦ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠪᠦᠬᠦ ᠮᠤᠵᠢ ᠶᠢᠨ ᠪᠢᠴᠢᠯ ᠳᠣᠯᠭᠢᠶᠠᠨ ᠤ ᠬᠡᠯᠬᠢᠶᠡᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠰᠢᠰᠲ᠋ᠧᠮ ᠢ ᠪᠠᠶᠢᠭᠤᠯᠪᠠ ᠃  ᠳᠣᠯᠤᠭ᠎ᠠ᠂ ︽ᠡᠳᠦᠷ ᠪᠣᠯᠭᠠᠨ ᠪᠠᠲᠤᠯᠠᠭ᠎ᠠ ᠶᠢᠨ ᠬᠤᠭᠤᠴᠠᠭ᠎ᠠ ︾ ᠶᠢᠨ ᠣᠶᠢᠯᠠᠭᠠᠭᠳᠠᠬᠤᠨ ᠲᠠᠰᠤᠷᠠᠯᠲᠠ ᠦᠭᠡᠢ ᠴᠢᠩᠭᠠᠷᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠤᠯᠠᠮ ᠨᠢᠭᠡ ᠠᠯᠬᠤᠮ ᠪᠠᠬᠢᠵᠢᠪᠡ  ᠪᠦᠬᠦ ᠮᠤᠵᠢ ᠶᠢᠨ ᠳᠠᠮᠵᠢᠭᠤᠯᠬᠤ ᠬᠢᠨᠠᠨ ᠰᠢᠯᠭᠠᠬᠤ ᠥᠷᠲᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠡᠭᠦᠳᠦᠯᠲᠡ ᠶᠢᠨ ᠴᠢᠨᠠᠷᠲᠠᠶ ᠪᠠᠷ ᠠᠬᠢᠭᠤᠯᠵᠤ᠂ ᠲᠠᠪᠴᠠᠩ ᠥᠷᠲᠡᠭᠡ ᠶᠢᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠢᠷᠢ ᠬᠡᠮᠵᠢᠶ᠎ᠡ ᠶᠢ ᠬᠦᠴᠦᠲᠡᠶ ᠳᠡᠭᠡᠭᠰᠢᠯᠡᠭᠦᠯᠪᠡ᠃ ᠴᠢᠬᠤᠯᠠ ᠶᠡᠭᠡ ᠨᠡᠪᠲᠡᠷᠡᠭᠦᠯᠭᠡ ᠶᠢᠨ ᠠᠵᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠳᠦᠷᠢᠮ᠂ ᠬᠤᠭᠤᠴᠠᠭ᠎ᠠ ᠶᠢ ᠪᠠᠲᠤᠯᠠᠬᠤ ᠠᠮᠤᠷ ᠲᠦᠪᠰᠢᠨ ᠨᠡᠪᠲᠡᠷᠡᠭᠦᠯᠭᠡ ᠶᠢᠨ ᠠᠵᠢᠯ ᠤᠨ ᠳᠦᠷᠢᠮ ᠵᠢᠴᠢ ᠴᠤᠪᠤᠷᠠᠯ ᠵᠢᠷᠤᠭ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠦᠬᠦ ᠮᠤᠵᠢ ᠶᠢᠨ ᠷᠠᠳᠢᠣ᠋ ᠲᠧᠯᠸᠢᠰ ᠤᠨ ᠰᠢᠰᠲ᠋ᠧᠮ ᠨᠢ ᠪᠠᠲᠤᠯᠠᠭ᠎ᠠ ᠶᠢᠨ ᠬᠤᠭᠤᠴᠠᠭ᠎ᠠ ᠳᠤ ᠠᠮᠤᠷ ᠲᠦᠪᠰᠢᠨ ᠢᠶᠠᠷ ᠨᠡᠪᠲᠡᠷᠡᠭᠦᠯᠬᠦ ᠶᠠᠪᠤᠳᠠᠯ ᠢ ᠪᠡᠶᠡᠯᠡᠭᠦᠯᠵᠦ᠂ ᠠᠳᠡᠯ ᠦᠭᠡᠶ᠂ ᠠᠯᠳᠠᠭ᠎ᠠ ᠦᠭᠡᠶ ᠪᠠᠶᠢᠬᠤ ᠶᠢ ᠪᠡᠶᠡᠯᠡᠭᠦᠯᠪᠡ ᠃  ᠢᠷᠡᠭᠡᠳᠦᠢ ᠳᠤ᠂ ᠬᠠᠷᠠᠮᠥ᠋ᠷᠡᠨ ᠤ ᠲᠤᠪᠴᠢᠶ᠎ᠠ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠪᠣᠯᠤᠨ ︽ᠭᠤᠷᠪᠠᠨ ᠰᠠᠭᠤᠷᠢᠨ︾᠂ ︽ ᠨᠢᠭᠡ  ᠬᠠᠯᠬᠠᠪᠴᠢ︾᠂ ︽ᠨᠢᠭᠡ ᠥᠨᠳᠦᠷᠯᠢᠭ︾ ᠭᠡᠬᠦ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠵᠦᠢᠯ  ᠢ ᠬᠦᠴᠦᠯᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠯᠦᠩ ᠵᠢᠶᠠᠩ ᠤᠨ ᠦᠢᠯᠡᠳᠦᠯᠭᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map