| | | | | | 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ 9 ᠳ᠋ᠦ᠋ᠭᠡᠷ ᠰᠠᠷ᠎ᠠ ᠶᠢᠨ 4 ᠤ ᠡᠳᠦᠷ ᠠᠴᠠ | 6 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠬᠤ ᠪᠣᠯᠣᠨ᠎ᠠ ᠃ ᠳᠤᠮᠳᠠᠳᠤ ᠠᠹᠷᠢᠺᠠ ᠶᠢᠨ ᠤᠳᠤᠷᠢᠳᠬᠤ ᠬᠥᠮᠦᠰ ︽ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠵᠤ᠂ | ᠥᠨᠳᠥᠷ ᠲᠦᠪᠰᠢᠨ ᠪᠥᠬᠦᠶ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪ ᠤᠨ | ᠲᠣᠭᠤᠷᠢᠨ ᠳᠤ ᠬᠠᠮᠲᠤ ᠪᠠᠷ ᠨᠥᠬᠦᠷᠯᠡᠯ ᠢᠶᠠᠨ ᠬᠦᠦᠷᠨᠢᠵᠦ ᠂ ᠬᠠᠮᠲᠤ ᠪᠠᠷ ᠬᠠᠮᠲᠤᠷᠠᠯᠴᠠᠭ᠎ᠠ ᠪᠠᠨ ᠵᠥᠪᠳᠡᠯᠴᠡᠵᠦ᠂ ᠬᠠᠮᠲᠤ ᠪᠠᠷ ᠢᠷᠡᠭᠡᠳᠦᠶ ᠪᠠᠨ ᠶᠠᠷᠢᠯᠴᠠᠬᠤ ᠪᠠᠷ ᠪᠤᠢ ᠃ ᠡᠨᠡ | ᠪᠤᠯ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ 2006 ᠤᠨ ᠤ ᠪᠡᠬᠡᠵᠢᠩ ᠳᠠᠬᠢ ᠲᠦᠷᠤᠬᠦᠴᠤᠳ ᠤᠨ ᠬᠤᠷᠠᠯ᠂ 2015 ᠤᠨ ᠤ | ᠶᠣᠬᠠᠨᠨᠧᠰᠪᠦ᠋ᠷᠡᠭ ᠲᠠᠬᠢ ᠲᠦᠷᠤᠬᠦᠴᠤᠳ ᠤᠨ ᠬᠤᠷᠠᠯ᠂ 2018 ᠤᠨ ᠤ ᠪᠡᠬᠡᠵᠢᠩ ᠳᠠᠬᠢ ᠲᠦᠷᠤᠬᠦᠴᠤᠳ ᠤᠨ ᠬᠤᠷᠠᠯ ᠠᠴᠠ ᠳᠠᠷᠠᠭᠠᠬᠢ ᠳᠤᠮᠳᠠᠳᠤ ᠠᠹᠷᠢᠺᠠ ᠶᠢᠨ | ᠨᠦᠬᠦᠷᠰᠡᠭ ᠶᠡᠭᠡ ᠭᠡᠷ ᠪᠦᠯᠢ ᠶᠢᠨ ᠬᠢᠨ ᠤ ᠪᠠᠰᠠ ᠨᠢᠭᠡᠨ ᠤᠳᠠᠭᠠᠨ ᠤ ᠶᠡᠭᠡ ᠠᠭᠤᠯᠵᠠᠯᠲᠠ ᠮᠥᠨ ᠂ ᠪᠠᠰᠠ ᠴᠤ ᠳᠤᠮᠳᠠᠳᠤ ᠤᠯᠤᠰ ᠤᠨ ᠤᠶᠢᠷ᠎ᠠ ᠶᠢᠨ ᠵᠢᠯ ᠤᠳ ᠲᠤ | ᠡᠷᠬᠢᠯᠡᠭᠰᠡᠨ ᠬᠡᠪᠴᠢᠶ᠎ᠡ ᠪᠠᠷ ᠬᠠᠮᠤᠭ ᠤᠨ ᠶᠡᠭᠡ᠂ ᠭᠠᠳᠠᠭᠠᠳᠤ ᠤᠯᠤᠰ ᠤᠨ ᠤᠳᠤᠷᠢᠳᠬᠤ ᠬᠦᠮᠦᠰ ᠬᠠᠮᠤᠭ ᠤᠨ ᠤᠯᠠᠨ ᠣᠷᠣᠯᠴᠠᠬᠤ ᠭᠤᠤᠯ ᠲᠠᠯᠠᠪᠤᠷ ᠤᠨ ᠭᠠᠳᠠᠭᠠᠳᠤ | ᠬᠠᠷᠢᠯᠴᠠᠭᠠᠨ ᠤ ᠠᠵᠢᠯᠯᠠᠭ᠎ᠠ ᠪᠣᠯᠣᠨ᠎ᠠ ᠃ | ᠤᠯᠤᠰ ᠤᠨ ᠲᠡᠷᠢᠭᠦᠯᠡᠭᠴᠢ ᠰᠢ ᠶᠢᠨ ᠫᠢᠩ 9 ᠳ᠋ᠦ᠋ᠭᠡᠷ ᠰᠠᠷ᠎ᠠ ᠶᠢᠨ 5 ᠤ ᠡᠳᠦᠷ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠤ | ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠬᠤ ᠪᠣᠯᠣᠨ᠎ᠠ ᠃ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠲᠡᠷᠢᠭᠦᠯᠡᠭᠴᠢ ᠰᠢ ᠶᠢᠨ ᠫᠢᠩ ᠪᠠᠰᠠ ᠤᠷᠢᠯᠭ᠎ᠠ ᠪᠠᠷ | ᠬᠤᠷᠠᠯ ᠳᠤ ᠣᠷᠣᠯᠴᠠᠭᠰᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠲᠢᠪ ᠤᠨ ᠲᠠᠯ᠎ᠠ ᠶᠢᠨ ᠪᠦᠷᠢᠯᠳᠦᠬᠦᠨ ᠤ ᠤᠳᠤᠷᠢᠳᠬᠤ | ᠬᠥᠮᠦᠰ᠂ ᠠᠹᠷᠢᠺᠠ ᠲᠢᠪ ᠤᠨ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠬᠢᠭᠡᠳ ᠤᠯᠠᠨ ᠤᠯᠤᠰ ᠤᠨ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ | ᠯᠦᠭᠡ ᠤᠭᠲᠤᠬᠤ ᠳᠠᠶᠢᠯᠠᠯᠭ᠎ᠠ ᠪᠠ ᠬᠤᠯᠪᠣᠭᠳᠠᠯ ᠪᠦᠬᠦᠢ ᠬᠤᠶᠠᠷ ᠲᠠᠯ᠎ᠠ ᠶᠢᠨ ᠠᠵᠢᠯᠯᠠᠭ᠎ᠠ ᠶᠢ ᠥᠷᠨᠢᠭᠦᠯᠬᠦ ᠪᠣᠯᠤᠨ᠎ᠠ᠃ | 9 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦᠭᠦᠴᠦᠳ ᠤᠨ ᠬᠤᠷᠠᠯ ᠳᠤ ᠣᠷᠣᠯᠴᠠᠬᠤ ᠪᠠᠷ ᠢᠷᠡᠭᠰᠡᠨ ᠺᠤᠩᠭᠣ᠋ ︵ ᠺᠢᠨᠱᠠᠰᠠ ︶ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ | ᠠᠭᠤᠯᠵᠠᠪᠠ᠃ ᠡᠨᠡ ᠪᠣᠯ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠣᠷᠣᠯᠴᠠᠬᠤ ᠭᠠᠳᠠᠭᠠᠳᠤ ᠶᠢᠨ ᠲᠠᠯ᠎ᠠ ᠶᠢᠨ ᠤᠳᠤᠷᠢᠳᠬᠤ ᠬᠥᠮᠦᠰ ᠯᠦᠭᠡ | ᠬᠤᠷᠠᠯᠳᠤᠭᠤᠯᠤᠭᠰᠠᠨ ᠬᠤᠶᠠᠷ ᠲᠠᠯ᠎ᠠ ᠶᠢᠨ ᠠᠩᠬᠠᠳᠠᠭᠴᠢ ᠠᠵᠢᠯᠯᠠᠭ᠎ᠠ ᠪᠣᠯᠤᠨ᠎ᠠ᠃ ᠲᠡᠷᠢᠭᠦᠯᠡᠭᠴᠢ ᠰᠢ ᠶᠢᠨ ᠫᠢᠩ ᠤᠨ ︽2024 ᠣᠨ ᠤ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠴᠠᠭ ︾ ᠡᠬᠢᠯᠡᠪᠡ᠃ | | | |