| | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 29 ᠤ ᠴᠠᠭᠢᠯᠭᠠᠨ ᠮᠡᠳᠡᠭᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ 29 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ | ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠠᠭᠤᠤ | ᠶᠡᠭᠡ ᠴᠠᠭ ᠦᠶ᠎ᠡ ᠪᠠᠭᠠᠲᠤᠷᠴᠤᠳ ᠢ ᠤᠷᠢᠶᠠᠯᠠᠵᠤ᠂ ᠪᠠᠭᠠᠲᠤᠷᠴᠤᠳ ᠢ ᠪᠤᠢ ᠪᠣᠯᠭᠠᠨ᠎ᠠ᠃ ᠪᠠᠭᠠᠲᠤᠷᠴᠤᠳ ᠴᠣᠯᠭᠤᠷᠠᠨ ᠭᠠᠷᠪᠠᠯ ᠨᠠᠮ ᠪᠠ ᠠᠷᠠᠳ ᠲᠦᠮᠡᠨ ᠤ ᠦᠢᠯᠡᠰ | ᠬᠥᠭᠵᠢᠨ ᠴᠡᠴᠡᠭᠯᠡᠵᠦ᠂ ᠥᠨᠢᠳᠡ ᠮᠠᠨᠳᠤᠨ ᠪᠠᠳᠠᠷᠠᠬᠤ ᠪᠣᠯᠣᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠠᠭᠠᠲᠤᠷ ᠵᠢᠱᠢᠶᠡᠴᠢ ᠶᠢ | ᠬᠠᠯᠠᠮᠵᠢᠯᠠᠨ ᠬᠠᠶᠢᠷᠠᠯᠠᠵᠤ᠂ ᠨᠡᠶᠢᠭᠡᠮ ᠳᠠᠶᠠᠭᠠᠷ ᠪᠠᠭᠠᠲᠤᠷᠴᠤᠳ ᠢ ᠭᠦᠨᠳᠦᠳᠭᠡᠵᠦ᠂ ᠪᠠᠭᠠᠲᠤᠷᠴᠤᠳ ᠠᠴᠠ ᠰᠤᠷᠤᠯᠴᠠᠵᠤ᠂ ᠪᠠᠭᠠᠲᠤᠷ ᠪᠤᠯᠬᠤ ᠪᠠᠷ ᠴᠢᠷᠮᠠᠶᠢᠬᠤ ᠶᠢ | ᠠᠬᠢᠭᠤᠯᠬᠤ ᠬᠡᠷᠡᠭᠲᠡᠢ᠃ ᠬᠥᠬᠢᠭᠦᠯᠦᠭᠳᠡᠨ ᠰᠠᠶᠢᠰᠢᠶᠠᠭᠳᠠᠭᠰᠠᠨ ᠨᠥᠬᠦᠳ ᠲᠤ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠶᠡᠭᠡ | ᠢᠷᠠᠭᠤ ᠠᠯᠳᠠᠷ ᠢ ᠲᠡᠮᠡᠴᠡᠨ ᠣᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ᠃ | | | | | 9 ᠰᠠᠷ᠎ᠠ ᠶᠢᠨ 29 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ | ᠴᠣᠯᠠ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ | ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | 9 ᠰᠠᠷ᠎ᠠ ᠶᠢᠨ 29 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ | ᠴᠣᠯᠠ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ | ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠠᠢ ᠬᠠᠮᠲᠤ ᠭᠡᠷᠡᠯ ᠵᠢᠷᠤᠭ | ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠶᠣᠰᠣᠯᠠᠯ ᠳᠤ ᠣᠷᠣᠯᠴᠠᠵᠤ᠂ ᠼᠠᠢ ᠴᠢ ᠡᠷᠭᠢᠯᠡᠪᠡ᠃ | 9 ᠴᠠᠭ ᠤᠨ ᠦᠶ᠎ᠡ ᠪᠠᠷ᠂ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠬᠠᠮᠲᠤ ᠪᠠᠷ ᠶᠣᠰᠣᠯᠠᠯ ᠤᠨ ᠲᠡᠷᠭᠡᠨ ᠳᠤ | ᠰᠠᠭᠤᠵᠤ᠂ ᠶᠣᠰᠣᠯᠠᠯ ᠤᠨ ᠮᠣᠲ᠋ᠣᠷ ᠲᠡᠷᠭᠡᠨ ᠤ ᠠᠩᠭᠢ ᠶᠢᠨ ᠬᠠᠮᠠᠭᠠᠯᠠᠯᠲᠠ ᠲᠠᠢ ᠪᠠᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠦᠷᠪᠡ᠃ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠡᠭᠦᠳᠡᠨ ᠤ ᠭᠠᠳᠠᠨ᠎ᠠ᠂ ᠶᠣᠰᠣᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠵᠤ᠂ ᠵᠠᠯᠠᠭᠤᠴᠤᠳ ᠪᠠᠭᠠᠴᠤᠳ ᠬᠠᠯᠠᠭᠤᠨ ᠢᠶᠠᠷ ᠤᠷᠠᠶᠢᠯᠠᠨ | ᠮᠡᠨᠳᠦᠴᠢᠯᠡᠪᠡ᠃ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠤᠯᠠᠭᠠᠨ ᠬᠡᠪᠢᠰ ᠳᠡᠭᠡᠭᠦᠷ ᠱᠠᠲᠤ ᠪᠠᠷ ᠠᠯᠬᠤᠵᠤ᠂ | ᠠᠷᠠᠳ ᠤᠨ ᠶᠡᠭᠡ ᠬᠤᠷᠠᠯ ᠤᠨ ᠲᠠᠩᠬᠢᠮ ᠳᠤ ᠣᠷᠣᠪᠠ᠃ ᠨᠠᠮ ᠪᠣᠯᠣᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠠᠵᠢᠯ ᠤᠨ | ᠵᠥᠪᠯᠡᠯ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠠᠮᠲᠤ ᠪᠠᠷ ᠲᠡᠳᠡᠨ ᠢ ᠤᠭᠲᠤᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ᠂ ᠲᠥᠪ ᠬᠢᠴᠢᠶᠡᠩᠭᠦᠢ ᠭᠦᠷ ᠬᠥᠭᠵᠢᠶᠡᠨᠲᠦ ᠠᠭᠤᠷ ᠠᠮᠢᠰᠬᠤᠯ ᠢᠶᠠᠷ ᠪᠢᠯᠬᠠᠨ᠎ᠠ᠃ ᠠᠷᠤ | ᠲᠠᠯ᠎ᠠ ᠶᠢᠨ ᠤᠯᠠᠭᠠᠨ ᠬᠠᠪᠲᠠᠰᠤᠨ ᠳᠡᠭᠡᠷ᠎ᠡ᠂ ᠪᠦᠭᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ᠂ ᠨᠥᠬᠦᠷᠯᠡᠯ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ | ᠠᠯᠳᠠᠷ ᠤᠨ ᠴᠣᠯᠠ ᠶᠢᠨ ᠱᠠᠩᠨᠠᠯ ᠤᠨ ᠲᠡᠮᠳᠡᠭ ᠤᠨ ᠬᠡ ᠤᠭᠠᠯᠵᠠ ᠭᠢᠯᠪᠠᠭ᠎ᠠ ᠰᠠᠴᠤᠷᠠᠭᠤᠯᠤᠨ᠎ᠠ᠃ ᠬᠠᠪᠲᠠᠰᠤᠨ ᠤ ᠡᠮᠦᠨ᠎ᠡ᠂ 18 ᠬᠤᠷᠴᠠ ᠤᠯᠠᠭᠠᠨ ᠲᠠᠪᠤᠨ ᠣᠳᠣᠲᠤ | ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠵᠤ᠂ 18 ᠶᠣᠰᠣᠯᠠᠯ ᠤᠨ ᠴᠡᠷᠢᠭ ᠫᠤᠤ ᠠᠳᠬᠤᠨ ᠲᠥᠪ ᠵᠣᠭᠰᠣᠵᠠᠢ᠃ | 9 ᠴᠠᠭ 58 ᠮᠢᠨᠦ᠋ᠲ ᠲᠤ᠂ ᠪᠠᠶᠠᠰᠬᠤᠯᠠᠩᠲᠤ ᠰᠠᠶᠢᠬᠠᠨ ᠠᠶᠠᠰ ᠳᠤᠮᠳᠠ᠂ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ | ᠠᠯᠳᠠᠷ ᠤᠨ ᠴᠣᠯᠠ ᠬᠦᠷᠲᠡᠭᠰᠡᠳ ᠲᠠᠢ ᠬᠠᠮᠲᠤ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ ᠳᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠳᠠᠰᠢᠪᠠ᠃ | 10 ᠴᠠᠭ ᠲᠤ᠂ ᠴᠡᠷᠢᠭ ᠤᠨ ᠬᠥᠭᠵᠢᠮ ᠤᠨ ᠪᠦᠯᠭᠦᠮ ᠤᠨ ᠪᠦᠷᠢᠶᠡᠴᠢᠳ ᠶᠣᠰᠣᠯᠠᠯ ᠤᠨ ᠪᠦᠷᠢᠶ᠎ᠡ ᠦᠯᠢᠶᠡᠵᠦ᠂ ᠱᠠᠩᠨᠠᠯ ᠣᠯᠭᠤᠬᠤ ᠶᠣᠰᠣᠯᠠᠯ ᠡᠬᠢᠯᠡᠪᠡ᠃ ︽ | ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ᠼᠠᠢ ᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ ᠢ ᠤᠩᠰᠢᠨ | ᠨᠡᠶᠢᠲᠡᠯᠡᠪᠡ᠃ ᠲᠡᠷᠢᠭᠦᠯᠡᠭᠴᠢ ᠶᠢᠨ ᠵᠠᠷᠯᠢᠭ ᠲᠤ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠵᠦ᠂ ᠰᠢᠨ᠎ᠡ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ ᠬᠥᠮᠥᠰ ᠢ ᠦᠪᠡᠳᠡᠭᠰᠢ | ᠶᠡᠭᠡ ᠪᠠᠷ ᠬᠥᠬᠢᠭᠦᠯᠦᠨ ᠰᠠᠶᠢᠰᠢᠶᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠤᠨ | ᠲᠣᠭᠲᠠᠭᠠᠯ ᠢ ᠦᠨᠳᠦᠰᠦᠯᠡᠨ᠂ ᠸᠠᠩ ᠶᠦᠩ ᡁᠢ ᠵᠡᠷᠭᠡ 4 ᠬᠥᠮᠥᠨ ᠳᠤ ︽ᠪᠦᠭᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠣᠯᠭᠤᠵᠤ᠂ ᠳ᠋ᠢᠷᠮᠠ· | ᠯᠦᠸᠧᠰᠠᠶᠢᠹ ᠲᠤ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠵᠤ᠂ ᠸᠠᠩ ᠰᠢᠶᠣᠣ ᠮᠦᠸᠧ ᠵᠡᠷᠭᠡ 10 ᠬᠥᠮᠥᠨ ᠳᠤ ᠤᠯᠤᠰ ᠤᠨ ᠢᠷᠠᠭᠤ ᠠᠯᠳᠠᠷ ᠤᠨ ᠴᠣᠯᠠ | ᠣᠯᠭᠤᠨ᠎ᠠ ᠭᠡᠵᠦ ᠵᠢᠭᠠᠵᠤ ᠭᠠᠷᠭᠠᠪᠠ᠃ | 2 ᠲᠤᠭᠴᠢ ᠲᠠᠪᠤᠨ ᠣᠳᠣᠲᠤ ᠤᠯᠠᠭᠠᠨ ᠲᠤᠭ ᠢ ᠥᠨᠳᠥᠷ ᠡᠷᠭᠦᠵᠦ᠂ 3 ᠶᠣᠰᠣᠯᠠᠯ ᠤᠨ ᠴᠡᠷᠢᠭ ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ᠂ | ᠨᠥᠬᠦᠷᠯᠡᠯ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠶᠢᠨ ᠱᠠᠩᠨᠠᠯ ᠤᠨ ᠲᠡᠮᠳᠡᠭ ᠢ ᠡᠷᠭᠦᠵᠦ᠂ ᠢᠳᠡᠷᠡᠭᠦᠨ ᠠᠯᠬᠤᠭ᠎ᠠ ᠪᠠᠷ ᠶᠣᠰᠣᠯᠠᠯ ᠤᠨ | ᠠᠬᠤᠢ ᠲᠠᠯᠠᠪᠠᠢ ᠳᠤ ᠠᠯᠬᠤᠨ ᠭᠦᠷᠪᠡ᠃ | ᠰᠦᠷ ᠵᠢᠪᠬᠤᠯᠠᠩᠲᠤ ︽ᠡᠬᠡ ᠤᠯᠤᠰ ᠤᠨ ᠪᠠᠭᠠᠲᠤᠷᠴᠤᠳ ᠲᠠᠭᠠᠨ ᠬᠦᠨᠳᠦᠳᠬᠡᠯ ᠳᠡᠪᠰᠢᠭᠦᠯᠦᠶ᠎ᠡ︾ ᠭᠡᠬᠦ ᠬᠥᠭᠵᠢᠮ ᠤᠨ ᠠᠶᠠᠰ ᠳᠤᠮᠳᠠ᠂ ᠰᠢ ᠶᠢᠨ ᠫᠢᠩ | ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ | ᠲᠡᠳᠡᠨ ᠲᠠᠢ ᠳᠣᠲᠣᠨᠣ ᠪᠠᠷ ᠭᠠᠷ ᠠᠳᠬᠤᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠠᠰᠢᠪᠠ᠃ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠳ ᠭᠠᠪᠢᠶᠠᠲᠤ ᠵᠢᠱᠢᠶᠡᠴᠢ ᠬᠥᠮᠥᠰ ᠲᠤ ᠦᠵᠡᠰᠬᠦᠯᠡᠩᠲᠦ ᠰᠠᠶᠢᠬᠠᠨ ᠰᠣᠷᠭᠤᠭ ᠴᠡᠴᠡᠭ ᠬᠦᠷᠭᠡᠵᠦ ᠶᠣᠰᠣᠯᠠᠪᠠ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠨᠠᠮ ᠤᠨ ᠲᠥᠪ | ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠪᠠ ᠤᠯᠤᠰ ᠤᠨ ᠢᠷᠠᠭᠤ ᠠᠯᠳᠠᠷ ᠤᠨ ᠴᠣᠯᠠ | ᠭᠥᠷᠳᠡᠭᠰᠡᠨ ᠪᠠᠭᠠᠲᠤᠷ ᠵᠢᠱᠢᠶᠡᠴᠢ᠂ ︽ᠨᠥᠬᠦᠷᠯᠡᠯ ᠤᠨ ᠭᠠᠪᠢᠶᠠᠨ ᠲᠡᠮᠳᠡᠭ︾ ᠭᠥᠷᠳᠡᠭᠰᠡᠨ ᠤᠯᠠᠨ ᠤᠯᠤᠰ ᠤᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠵᠦ᠂ ᠡᠷᠬᠢᠮ | ᠳᠡᠭᠡᠳᠦ ᠬᠦᠨᠳᠦᠳᠬᠡᠯ ᠳᠡᠪᠰᠢᠭᠦᠯᠪᠡ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭ᠎ᠠ | ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠴᠦ᠂ ᠠᠭᠤᠤ ᠶᠡᠭᠡ ᠡᠬᠡ ᠤᠯᠤᠰ ᠲᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ᠃ ᠡᠨᠡ ᠬᠦ ᠰᠦᠷ ᠳᠠᠯᠠᠶᠢᠴᠠᠲᠠᠢ ᠬᠥᠭᠵᠢᠯᠲᠡ ᠶᠢᠨ | ᠶᠠᠪᠤᠴᠠ ᠳᠤ᠂ ᠡᠯ᠎ᠡ ᠹᠷᠣᠨᠲ ᠲᠤ ᠮᠠᠰᠢ ᠤᠯᠠᠨ ᠪᠠᠭᠠᠲᠤᠷ ᠵᠢᠱᠢᠶᠡᠴᠢ ᠴᠣᠯᠭᠤᠷᠠᠨ ᠭᠠᠷᠴᠠᠢ᠃ ᠥᠨᠥᠳᠥᠷ ᠤᠨ ᠬᠥᠬᠢᠭᠦᠯᠦᠭᠳᠡᠨ ᠰᠠᠶᠢᠰᠢᠶᠠᠭᠳᠠᠭᠰᠠᠨ ᠨᠥᠬᠦᠳ ᠪᠣᠯ | ᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠮᠥᠨ᠃ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠪᠠ ᠲᠣᠪᠣᠶᠢᠮ᠎ᠠ ᠬᠤᠪᠢ ᠨᠡᠮᠡᠷᠢ ᠨᠢ ᠪᠦᠭᠦᠳᠡ ᠨᠠᠶᠢᠷᠠᠮᠳᠠᠬᠤ | ᠤᠯᠤᠰ ᠤᠨ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠪᠣᠯᠣᠨ᠎ᠠ᠂ ᠲᠡᠳᠡᠨ ᠤ ᠦᠨᠡᠨᠴᠢ ᠰᠢᠳᠤᠷᠭᠤ᠂ ᠰᠢᠨᠲᠠᠷᠠᠰᠢ ᠦᠭᠡᠢ᠂ ᠪᠣᠷᠣᠭᠵᠢᠭᠤᠨ ᠰᠢᠯᠢᠳᠡᠭ ᠵᠠᠩ | ᠰᠤᠷᠲᠠᠯ ᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠤᠷᠤᠯᠴᠠᠭᠤᠰᠢᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠨ ᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠪᠦᠭᠦ ᠨᠠᠮ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠠᠭᠠᠲᠤᠷ ᠵᠢᠱᠢᠶᠡᠴᠢ ᠪᠠᠷ ᠳᠠᠭᠤᠷᠢᠶᠠᠯ ᠪᠤᠯᠭᠠᠵᠤ᠂ ᠪᠦᠯᠬᠦᠮᠳᠡᠨ ᠤᠷᠤᠭᠰᠢᠯᠠᠵᠤ᠂ ᠡᠷᠡᠮᠡᠬᠡᠶᠢᠯᠡᠨ | ᠭᠠᠪᠰᠢᠭᠠᠶᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠡᠬᠦᠳᠡᠭ ᠴᠡᠭᠡᠵᠢᠨ ᠳᠡᠭᠡᠨ ᠤᠯᠤᠰ ᠢᠶᠠᠨ | ᠬᠦᠴᠦᠷᠬᠡᠭᠵᠢᠭᠦᠯᠬᠦ ᠵᠣᠷᠢᠭ ᠢ ᠡᠪᠦᠷᠯᠡᠵᠦ᠂ ᠤᠯᠤᠰ ᠣᠷᠣᠨ ᠢᠶᠠᠨ ᠪᠠᠶᠠᠵᠢᠭᠤᠯᠤᠨ ᠬᠦᠴᠦᠷᠬᠡᠭᠵᠢᠭᠦᠯᠬᠦ ᠪᠠᠷ ᠬᠦᠰᠡᠯ ᠵᠣᠷᠢᠯᠲᠠ ᠪᠠᠨ ᠪᠤᠯᠭᠠᠵᠤ᠂ ᠠᠷᠠᠳ ᠲᠦᠮᠡᠨ ᠤ ᠵᠣᠯ | ᠵᠢᠷᠭᠠᠯ ᠢᠶᠠᠷ ᠬᠦᠰᠡᠯ ᠡᠷᠡᠮᠡᠯᠵᠡᠯ ᠢᠶᠠᠨ ᠪᠤᠯᠭᠠᠵᠤ᠂ ᠦᠨᠡᠨᠴᠢ ᠰᠢᠳᠤᠷᠭᠤ ᠪᠠᠷ ᠤᠯᠤᠰ ᠢᠶᠠᠨ ᠬᠠᠶᠢᠷᠠᠯᠠᠵᠤ᠂ ᠡᠬᠡ ᠣᠷᠣᠨ ᠤ ᠪᠠᠨ ᠲᠥᠯᠥᠭᠡ ᠵᠢᠳᠬᠦᠬᠦ ᠪᠠᠷ ᠵᠣᠷᠢᠭ | ᠰᠢᠭᠤᠳᠤᠨ᠂ ᠥᠪᠡᠷ ᠪᠢ ᠪᠠᠨ ᠤᠯᠤᠰ ᠣᠷᠣᠨ ᠬᠠᠮᠲᠤ ᠨᠡᠶᠢᠳᠡ ᠳᠤ ᠠᠭᠤᠰᠬᠠᠨ ᠣᠷᠣᠭᠤᠯᠵᠤ᠂ ᠤᠯᠤᠰ ᠣᠷᠣᠨ ᠤ ᠪᠠᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ᠂ | ᠠᠷᠠᠳ ᠲᠦᠮᠡᠨ ᠳᠤ ᠦᠢᠯᠡᠴᠢᠯᠡᠬᠦ ᠳᠤᠮᠳᠠ ᠬᠤᠪᠢ ᠬᠥᠮᠥᠨ ᠤ ᠦᠨ᠎ᠡ ᠦᠷᠲᠡᠭ ᠢᠶᠠᠨ ᠪᠡᠶᠡᠯᠡᠭᠦᠯᠵᠦ᠂ ᠠᠮᠢᠳᠤᠷᠠᠬᠤᠢ ᠶᠢᠨ ᠴᠤᠭ ᠵᠢᠪᠬᠤᠭ᠎ᠠ ᠪᠠᠨ ᠢᠯᠡᠷᠡᠭᠦᠯᠬᠦ ᠬᠡᠷᠡᠭᠲᠡᠢ᠃ | ᠤᠯᠤᠰ ᠢᠶᠠᠨ ᠬᠦᠴᠦᠷᠬᠡᠭᠵᠢᠭᠦᠯᠬᠦ ᠤᠷ᠎ᠠ ᠮᠡᠷᠭᠡᠵᠢᠯ ᠢ ᠳᠠᠪᠲᠠᠨ ᠪᠤᠯᠪᠠᠰᠤᠷᠠᠭᠤᠯᠵᠤ᠂ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠰᠢᠨ᠎ᠡ | ᠮᠡᠳᠡᠯᠭᠡ ᠶᠢ ᠰᠤᠷᠤᠯᠴᠠᠨ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠵᠢᠩᠬᠢᠨᠢ ᠴᠢᠳᠠᠪᠤᠷᠢ ᠶᠢ ᠪᠣᠯᠪᠠᠰᠤᠷᠠᠭᠤᠯᠤᠨ᠂ ᠨᠢᠭᠡ ᠠᠵᠢᠯ ᠲᠦᠷᠦᠯ ᠢ ᠬᠢᠪᠡᠯ ᠨᠢᠭᠡ ᠠᠵᠢᠯ | ᠲᠦᠷᠦᠯ ᠢᠶᠠᠨ ᠬᠠᠶᠢᠷᠠᠯᠠᠵᠤ᠂ ᠨᠢᠭᠡ ᠠᠵᠢᠯ ᠲᠦᠷᠦᠯ ᠢ ᠰᠤᠳᠤᠯᠪᠠᠯ ᠨᠢᠭᠡ ᠠᠵᠢᠯ ᠲᠦᠷᠦᠯ ᠳᠤ ᠮᠡᠷᠭᠡᠰᠢᠵᠦ᠂ ᠠᠵᠢᠯ ᠬᠢᠵᠦ ᠦᠢᠯᠡᠰ ᠪᠣᠰᠬᠠᠬᠤ ᠳᠠᠭᠠᠨ ᠴᠢᠳᠠᠮᠠᠭᠠᠢ | ᠠᠵᠢᠯ ᠤᠨ ᠪᠠᠶᠢᠷᠢ ᠶᠢᠨ ᠴᠢᠳᠠᠪᠤᠷᠢᠲᠠᠨ᠂ ᠠᠵᠢᠯ ᠳᠠᠭᠠᠨ ᠴᠠᠭᠠᠷᠠᠭᠰᠠᠨ ᠬᠥᠮᠥᠨ ᠪᠤᠯᠬᠤ ᠪᠠᠷ ᠴᠢᠷᠮᠠᠶᠢᠬᠤ ᠬᠡᠷᠡᠭᠲᠡᠢ᠃ ᠤᠯᠤᠰ ᠢᠶᠠᠨ ᠬᠦᠴᠦᠷᠬᠡᠭᠵᠢᠭᠦᠯᠬᠦ ᠳᠤ ᠵᠣᠷᠢᠭᠲᠠᠢ ᠪᠠᠷ | ᠭᠠᠪᠢᠶ᠎ᠠ ᠪᠠᠶᠢᠭᠤᠯᠵᠤ᠂ ᠥᠷᠯᠥᠭᠡ ᠦᠳᠡᠰᠢ ᠶᠢ ᠲᠡᠮᠡᠴᠡᠬᠦ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠡᠵᠡᠨ ᠬᠥᠮᠥᠨ ᠤ ᠬᠠᠷᠢᠭᠤᠴᠠᠯᠭ᠎ᠠ ᠡᠭᠦᠷᠭᠡᠯᠡᠯ ᠢᠶᠠᠷ᠂ ᠰᠡᠳᠬᠢᠯ | ᠰᠢᠭᠤᠳᠤᠨ ᠡᠷᠡᠯᠬᠡᠭᠯᠡᠨ ᠤᠷᠤᠭᠰᠢᠯᠠᠵᠤ᠂ ᠬᠦᠴᠢᠷ ᠢ ᠰᠥᠷᠦᠨ ᠤᠷᠤᠭᠰᠢᠯᠠᠵᠤ᠂ ᠴᠣᠯᠭᠤᠷᠠᠬᠤ ᠶᠢ ᠬᠥᠭᠡᠭᠡᠴᠡᠯᠳᠦᠵᠦ᠂ ᠤᠭᠢ ᠶᠢᠨ ᠳᠣᠲᠣᠷ᠎ᠠ ᠠᠴᠠ ᠰᠣᠳᠣ ᠶᠢ ᠨᠢ | ᠡᠷᠢᠯᠬᠢᠯᠡᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ | ᠥᠭᠡᠷᠡᠴᠢᠯᠡᠯᠲᠡ ᠶᠢᠨ ᠪᠡᠷᠬᠡ ᠪᠣᠭᠤᠮᠲᠠ ᠶᠢ ᠰᠢᠪᠲᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠲᠠᠰᠤᠷᠠᠯᠳᠠ ᠦᠭᠡᠢ ᠠᠮᠵᠢᠯᠲᠠ | ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ 75 ᠵᠢᠯ ᠤᠨ ᠲᠤᠷᠰᠢ ᠳᠡᠯᠡᠬᠡᠢ ᠳᠡᠭᠡᠷ᠎ᠡ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠯᠲᠠ ᠲᠠᠢ ᠰᠡᠳᠬᠢᠯ ᠨᠢᠭᠡᠳᠴᠦ᠂ ᠬᠦᠴᠢᠷ | ᠪᠡᠷᠬᠡᠰᠢᠶᠡᠯ ᠢ ᠬᠠᠮᠲᠤ ᠪᠠᠷ ᠳᠤᠭᠤᠯᠤᠬᠰᠠᠨ ᠮᠠᠰᠢ ᠣᠯᠠᠨ ᠬᠠᠭᠤᠴᠢᠨ ᠨᠠᠶᠢᠵᠠ᠂ ᠰᠠᠶᠢᠨ ᠨᠠᠶᠢᠵᠠ ᠪᠠᠶᠢᠨ᠎ᠠ᠂ ᠥᠨᠥᠳᠥᠷ ᠤᠨ ︽ᠨᠥᠬᠦᠷᠯᠡᠯ ᠤᠨ ᠭᠠᠪᠢᠶᠠᠨ ᠲᠡᠮᠳᠡᠭ︾ | ᠭᠥᠷᠳᠡᠭᠰᠡᠨ ᠳ᠋ᠢᠷᠮᠠ · ᠯᠦᠸᠧᠰᠠᠶᠢᠹ ᠠᠪᠠᠭ᠋ᠠᠢ ᠪᠣᠯ ᠲᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠪᠣᠯᠣᠨ᠎ᠠ᠃ ᠳᠤᠮᠳᠠᠳᠤ ᠤᠯᠤᠰ ᠤᠨ ᠬᠥᠭᠵᠢᠯᠲᠡ᠂ ᠳᠤᠮᠳᠠᠳᠤ | ᠤᠯᠤᠰ ᠤᠨ ᠠᠷᠠᠳ ᠲᠦᠮᠡᠨ ᠪᠣᠯᠣᠨ ᠡᠯ᠎ᠡ ᠤᠯᠤᠰ ᠤᠨ ᠠᠷᠠᠳ ᠲᠦᠮᠡᠨ ᠤ ᠨᠥᠬᠦᠷᠯᠡᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠳᠡᠭᠡᠷ ᠤᠯᠠᠨ ᠤᠯᠤᠰ ᠤᠨ | ᠨᠥᠭᠦᠷᠰᠡᠭ ᠬᠥᠮᠥᠰ ᠢ ᠳᠤᠮᠳᠠᠳᠤ ᠤᠯᠤᠰ ᠤᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ ᠳᠡᠯᠡᠬᠡᠢ ᠶᠢᠨ | ᠡᠯ᠎ᠡ ᠤᠯᠤᠰ ᠤᠨ ᠠᠷᠠᠳ ᠲᠦᠮᠡᠨ ᠲᠠᠢ ᠭᠠᠷ ᠬᠤᠯᠪᠣᠨ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠨ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ | ᠴᠣᠭᠴᠠᠯᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠬᠤ ᠴᠢᠬᠤᠯᠠᠲᠠᠢ᠂ ᠰᠢᠨ᠎ᠡ ᠲᠡᠦᠬᠡ ᠶᠢ ᠬᠠᠮᠲᠤ ᠪᠠᠷ ᠴᠣᠭᠴᠠᠯᠠᠬᠤ ᠴᠢᠬᠤᠯᠠᠲᠠᠢ᠃ ᠬᠠᠷᠠᠯᠲᠠ ᠪᠠᠨ | ᠲᠣᠭᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠭᠦᠳᠡ ᠨᠠᠶᠢᠷᠠᠮᠳᠠᠬᠤ ᠠᠷᠠᠳ ᠤᠯᠤᠰ ᠤᠨ ᠨᠡᠩ ᠦᠵᠡᠰᠬᠦᠯᠡᠩᠲᠦ | ᠰᠠᠶᠢᠬᠠᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠰᠦᠭᠡᠢ ᠭᠡᠵᠦ ᠴᠢᠬᠤᠯᠠᠴᠢᠯᠠᠪᠠ᠃ | ᠶᠣᠰᠣᠯᠠᠯ ᠳᠡᠭᠡᠷ᠎ᠡ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠭᠦᠷᠲᠡᠭᠴᠢ ᠬᠤᠸᠠᠩ ᠽᠥᠩ ᠳ᠋ᠧ᠂ ︽ᠨᠥᠬᠦᠷᠯᠡᠯ ᠤᠨ ᠭᠠᠪᠢᠶᠠᠨ ᠲᠡᠮᠳᠡᠭ︾ | ᠭᠦᠷᠲᠡᠭᠴᠢ ᠳ᠋ᠢᠷᠮᠠ ·ᠯᠦᠸᠧᠰᠠᠶᠢᠹ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠭᠦᠷᠲᠡᠭᠴᠢ ᠶᠢ ᠲᠥᠯᠥᠭᠡᠯᠡᠨ ᠦᠭᠡ ᠬᠡᠯᠡᠪᠡ᠃ | ᠶᠣᠰᠣᠯᠠᠯ ᠤᠨ ᠳᠠᠷᠠᠭ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ | ᠬᠦᠷᠲᠡᠭᠰᠡᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠡᠭ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠬᠡᠰᠡᠭ ᠳᠡᠳ᠋ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠶᠣᠰᠣᠯᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ | ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠤᠨ ᠲᠦᠷᠦᠯ ᠰᠠᠳᠤᠨ ᠤ ᠲᠥᠯᠥᠭᠡᠯᠡᠭᠴᠢ᠂ ᠪᠠᠶᠢᠭ᠎ᠠ ᠨᠢᠭᠡᠴᠢ ᠶᠢᠨ ᠬᠢᠨᠢ | ᠲᠥᠯᠥᠭᠡᠯᠡᠭᠴᠢ᠂ ᠥᠩᠭᠡᠷᠡᠭᠰᠡᠨ ᠤ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠱᠠᠩᠨᠠᠯ ᠬᠦᠷᠲᠡᠭᠰᠡᠳ ᠤᠨ ᠲᠥᠯᠥᠭᠡᠯᠡᠭᠴᠢ᠂ ᠬᠤᠯᠪᠣᠭᠳᠠᠯ ᠪᠦᠬᠦᠢ ᠤᠯᠤᠰ ᠤᠨ | ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ᠂ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠤ ᠲᠥᠯᠥᠭᠡᠯᠡᠭᠴᠢ ᠵᠡᠷᠭᠡ 1000 ᠰᠢᠬᠠᠮ ᠬᠥᠮᠥᠨ ᠶᠣᠰᠣᠯᠠᠯ ᠳᠤ | ᠣᠷᠣᠯᠴᠠᠵᠠᠢ᠃ | | | |