ᠣᠷᠣᠨ ᠨᠤᠲᠤᠭ ᠤᠨ ᠡᠬᠢ ᠪᠠᠶᠠᠯᠢᠭ ᠢ ᠭᠦᠨ ᠠᠭᠤᠳᠠᠯᠵᠤ᠂ ᠭᠢᠷᠢᠨ ᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠪᠡ
ᠨᠡᠶᠢᠲᠡᠯᠡᠭᠰᠡᠨ ᠴᠠᠭ᠄
2024/9/30
  ᠭᠢᠷᠢᠨ ᠮᠤᠵᠢ ᠶᠢᠨ ᠷᠠᠳᠢᠣ᠋ ᠲᠧᠯᠸᠢᠰ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠤᠯ ᠰᠡᠳᠦᠪ ᠭᠤᠤᠯ ᠱᠤᠭᠤᠮ ᠤᠨ ᠲᠣᠭᠤᠷᠢᠨ ᠳᠤ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠲᠠᠢ ᠬᠠᠷᠭᠤᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠥᠬᠦ ᠮᠤᠵᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃  ᠨᠢᠭᠡ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠪᠠ  ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠷᠠᠯᠲᠠ ᠡᠭᠦᠷᠭᠡ ᠪᠠᠨ ᠴᠢᠩᠭ᠎ᠠ ᠲᠣᠭᠲᠠᠭᠠᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ 2 ᠰᠠᠷ᠎ᠠ ᠭᠠᠷᠤᠶ ᠶᠢᠨ ᠬᠤᠭᠤᠴᠠᠭᠠᠨ ᠳᠤ ᠠᠵᠢᠯ ᠲᠥᠷᠥᠯ ᠤᠨ ᠬᠦᠷᠢᠶᠡᠨ ᠤ 60 ᠭᠠᠷᠤᠶ ᠴᠡᠭ ᠲᠤ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ ︽ᠲᠠᠪᠤᠨ ᠣᠳᠣᠬᠢᠴᠢᠯᠠᠯᠲᠠ︾ ᠶᠢᠨ ᠪᠢᠲᠡᠭᠦᠮᠵᠢᠯᠡᠭᠰᠡᠨ ᠠᠵᠢᠯ ᠤᠨ ᠠᠷᠭ᠎ᠠ ᠶᠢ ᠬᠡᠷᠡᠭᠯᠡᠨ ᠪᠠᠶᠢᠴᠠᠭᠠᠨ ᠰᠤᠳᠤᠯᠬᠤ ᠠᠵᠢᠯ ᠤᠨ ᠡᠬᠡ ᠲᠠᠩᠰᠠ ᠪᠠᠶᠢᠭᠤᠯᠵᠤ᠂ ᠠᠰᠠᠭᠤᠳᠠᠯ᠂ ᠡᠭᠦᠷᠭᠡ᠂ ᠬᠠᠷᠢᠭᠤᠴᠠᠯᠭ᠎ᠠ ᠪᠠ ᠦᠷ᠎ᠡ ᠪᠦᠲᠦᠭᠡᠯ ᠢ ᠬᠤᠪᠢᠷᠠᠭᠤᠯᠬᠤ ︽ᠳᠥᠷᠪᠡᠨ ᠨᠠᠷᠢᠨ ᠲᠠᠩᠰᠠ︾ ᠶᠢ ᠪᠦᠷᠢᠯᠳᠦᠭᠦᠯᠵᠦ᠂ ᠲᠠᠩᠰᠠ ᠶᠢ ᠴᠢᠩᠭ᠎ᠠ ᠬᠠᠷᠭᠤᠭᠤᠯᠵᠤ᠂ ᠺᠠᠳ᠋ᠷ ᠠᠵᠢᠯᠲᠠᠨ ᠠᠵᠢᠯᠴᠢᠨ ᠤ ᠭᠤᠤᠯ ᠰᠡᠳᠦᠪᠲᠦ ᠬᠥᠮᠦᠵᠢᠯ ᠳᠤ ᠰᠠᠶᠢᠨ ᠦᠨᠡᠯᠡᠯᠲᠡ ᠬᠢᠬᠦ ᠨᠣᠷᠮ᠎ᠠ ᠶᠢ 100% ᠳᠤ ᠬᠦᠷᠭᠡᠪᠡ᠃  ᠬᠤᠶᠠᠷ᠂ ᠭᠤᠤᠯ ᠰᠡᠳᠦᠪᠲᠦ ᠤᠬᠠᠭᠤᠯᠭ᠎ᠠ ᠪᠠᠷ ᠬᠥᠮᠦᠰ ᠤᠨ ᠰᠡᠳᠬᠢᠯ ᠢ ᠬᠥᠭᠵᠢᠭᠡᠪᠡ  ︽ᠲᠡᠷᠢᠭᠦᠨ ᠮᠡᠳᠡᠭᠡ︾ ᠤᠨ ᠪᠦᠲᠦᠭᠡᠨ ᠪᠠᠶᠢᠭᠤᠯᠤᠯᠲᠠ ᠪᠠ ︽ᠲᠡᠷᠢᠭᠦᠨ ᠨᠢᠭᠤᠷ ᠲᠡᠷᠢᠭᠦᠨ ᠳᠡᠯᠭᠡᠴᠡ ᠲᠡᠷᠢᠭᠦᠨ ᠵᠤᠷᠪᠤᠰ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠢᠨ᠎ᠡ ᠶᠢ ᠡᠭᠦᠳᠬᠦ ᠣᠨᠣᠯ ᠤᠨ ᠳᠠᠮᠵᠢᠭᠤᠯᠭ᠎ᠠ ᠶᠢᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ︽︿ᠠᠯᠢᠮ᠎ᠠ ᠶᠢᠨ ᠮᠣᠳᠣᠨ ᠤ ᠬᠡᠪ ᠵᠠᠭᠪᠤᠷ﹀ ᠢ ᠪᠥᠬᠦ ᠲᠠᠯ᠎ᠠ ᠪᠠᠷ ᠳᠡᠯᠭᠡᠷᠡᠭᠦᠯᠬᠦ — ︿ᠲᠠᠷᠢᠶᠠᠨ ᠭᠠᠵᠠᠷ ᠤᠨ ᠲᠣᠮᠣ ᠮᠠᠯᠤᠷ ᠥᠲᠡᠭᠡ﹀ ᠶᠢ  ᠰᠠᠶᠢᠲᠤᠷ   ᠬᠠᠮᠠᠭᠠᠯᠠᠬᠤ︾᠂ ︽︿ᠠᠮᠢ ᠠᠬᠤᠶ﹀ ᠶᠢ ︿ᠵᠣᠭᠤᠰᠣᠨ ᠤᠭᠤᠲᠠ﹀ ᠪᠣᠯᠭᠠᠬᠤ — ᠴᠠᠭᠠᠨ ᠨᠠᠭᠤᠷ ᠢᠶᠠᠷ ᠬᠥᠬᠡᠮᠳᠦᠭ ᠨᠣᠭᠤᠭᠠᠨ ᠠᠭᠤᠯᠠ ᠤᠰᠤ ᠶᠢ ︿ᠠᠯᠲᠠ ᠮᠥᠩᠭᠦᠨ ᠠᠭᠤᠯᠠ﹀ ᠪᠣᠯᠭᠠᠬᠤ︾᠂ ︽ᠹᠠᠩ ᠱᠦᠨ ᠯᠢᠶᠧ᠄ ᠮᠢᠨᠦ ᠬᠡᠷ ᠭᠤᠸᠠᠩ ᠳ᠋ᠦᠩ ᠲᠣᠰᠬᠤᠨ ᠳᠤ ᠪᠣᠶ︾᠂ ︽ᠡᠷᠡᠯᠬᠡᠭᠯᠡᠨ ᠤᠷᠤᠭᠰᠢᠯᠠᠬᠤ ᠬᠦᠴᠦᠨ︾᠂ ︽ᠰᠠᠶᠢᠲᠤᠷ ᠰᠤᠷᠤᠯᠴᠠᠬᠤ︾᠂ ︽ᠮᠢᠨᠦ ᠥᠯᠢᠭᠡᠷ ᠢ ᠰᠣᠨᠣᠰᠤᠭᠠᠷᠠᠢ︾ ᠵᠡᠷᠭᠡ ᠨᠢᠭᠡ ᠪᠦᠯᠦᠭ ᠭᠤᠤᠯ ᠰᠡᠳᠦᠪᠲᠦ ᠮᠡᠳᠡᠭᠡᠯᠡᠯ᠂ ᠣᠨᠣᠯ ᠤᠨ ᠫᠷᠤᠭ᠍ᠷᠠᠮ ᠪᠠ ᠬᠠᠮ ᠵᠠᠭᠤᠴᠢᠯᠠᠭᠤᠷ ᠤᠨ ᠦᠢᠯᠡᠳᠬᠦᠨ ᠨᠢ ᠨᠠᠮ ᠤᠨ ᠰᠢᠨ᠎ᠡ ᠶᠢ ᠡᠭᠦᠳᠬᠦ ᠣᠨᠣᠯ ᠢ ︽ᠡᠭᠡᠯ ᠠᠷᠠᠳ ᠤᠨ ᠬᠡᠷ ᠲᠤ ᠣᠷᠣᠭᠤᠯᠬᠤ︾ ᠶᠢ ᠲᠠᠰᠤᠷᠠᠯᠲᠠ ᠥᠬᠡᠶ ᠳᠥᠯᠭᠢᠨ ᠠᠬᠢᠭᠤᠯᠪᠠ᠃ ᠪᠦᠬᠦ ᠮᠤᠵᠢ ᠳᠤ ᠨᠡᠶᠢᠲᠡ 600 ᠭᠠᠷᠤᠶ ᠬᠠᠮᠢᠶ᠎ᠠ ᠪᠦᠬᠦᠢ ᠲᠤᠰᠬᠠᠶ ᠰᠡᠳᠦᠪᠲᠦ ᠲᠤᠰᠬᠠᠶ ᠪᠤᠯᠤᠩ ᠭᠠᠷᠭᠠᠵᠤ᠂ 23 ᠲᠦᠮᠡ ᠭᠠᠷᠤᠶ ᠵᠤᠷᠪᠤᠰ ᠤᠬᠠᠭᠤᠯᠭ᠎ᠠ ᠮᠡᠳᠡᠭᠡᠯᠡᠯ ᠨᠡᠪᠲᠡᠷᠡᠭᠦᠯᠵᠦ᠂ ᠰᠢᠨ᠎ᠡ ᠵᠠᠭᠤᠴᠢᠯᠠᠭᠤᠷ ᠤᠨ ᠦᠵᠡᠭᠰᠡᠨ ᠬᠡᠮᠵᠢᠶ᠎ᠡ 2.7 ᠳ᠋ᠦᠩᠰᠢᠭᠤᠷ ᠬᠥᠮᠦᠨ ᠤᠳᠠᠭ᠎ᠠ ᠳᠤ ᠬᠦᠷᠪᠡ᠃  ᠭᠤᠷᠪᠠ᠂ ᠰᠣᠳᠣᠨ ᠪᠦᠲᠦᠭᠡᠯ ᠡᠯᠪᠡᠭᠵᠢᠪᠡ  ᠲᠥᠷᠥᠯ ᠵᠦᠢᠯ ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ᠂ ᠣᠷᠣᠨ ᠨᠤᠲᠤᠭ ᠤᠨ ᠡᠬᠢ ᠪᠠᠶᠠᠯᠢᠭ ᠢ ᠭᠦᠨ ᠠᠭᠤᠳᠠᠯᠵᠤ᠂ ᠰᠢᠯᠢᠳᠡᠭ ᠦᠵᠡᠵᠦ ᠰᠣᠨᠣᠰᠬᠤ ᠪᠦᠲᠦᠭᠡᠯ ᠢ ᠬᠦᠴᠦᠯᠡᠨ ᠪᠣᠶ ᠪᠣᠯᠭᠠᠵᠤ᠂ ︽ᠳᠡᠯᠡᠬᠡᠶ ᠳ᠋ᠠᠬᠢᠨ ᠤ ᠰᠢᠮᠡᠯᠢᠭ ᠬᠥᠷᠥᠰᠥ ᠰᠢᠷᠣᠶ︾᠂ ︽ᠪᠢ ᠰᠢᠨ᠎ᠡ ᠴᠠᠭ ᠦᠶ᠎ᠡ ᠲᠠᠢ ᠪᠠᠨ︾ ︵ᠭᠢᠷᠢᠨ ᠮᠤᠵᠢ ᠶᠢᠨ ᠰᠡᠳᠦᠪ ︽ᠣᠨ ᠣᠨ ᠳᠤ ᠦᠯᠡᠳᠡᠪᠦᠷᠢ ᠲᠠᠢ︾︶ ︽ᠰᠢᠨ᠎ᠡ ᠴᠠᠭ ᠦᠶ᠎ᠡ ᠳᠤ ᠴᠢᠷᠮᠠᠶᠢᠭᠠᠷᠠᠢ︾᠂ ︽ᠳᠤᠮᠳᠠᠳᠤ ᠤᠯᠤᠰ ᠤᠨ ᠬᠤᠷᠳᠤᠴᠠ︾᠂ ︽ᠴᠦ᠋ ᠵᠢᠶᠠᠨ ᠤ ᠲᠣᠭᠠᠴᠢᠯᠲᠠ︾ ᠵᠡᠷᠭᠡ 20 ᠭᠠᠷᠤᠢ ᠪᠦᠲᠦᠭᠡᠯ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠬᠥᠬᠢᠭᠦᠯᠦᠯ ᠳᠡᠮᠵᠢᠯᠭᠡ ᠶᠢ ᠤᠯᠪᠠ᠃ ︽ᠰᠣᠭᠲᠣᠭᠤ ᠰᠠᠶᠢᠬᠠᠨ 331 — ᠭᠢᠷᠢᠨ ᠤ ᠬᠠᠭᠤᠳᠠᠰᠤ︾ ᠵᠡᠷᠭᠡ 4 ᠣᠷᠴᠢᠭᠤᠯᠭ᠎ᠠ ᠶᠢᠨ ᠪᠦᠲᠦᠭᠡᠯ ᠢ ᠳᠤᠮᠳᠠᠳᠤ ᠤᠯᠤᠰ ᠤᠨ ᠬᠠᠮᠲᠤᠷᠠᠭᠰᠠᠨ ᠦᠵᠡᠭᠦᠯᠭᠡ ᠶᠢᠨ ᠲᠠᠪᠴᠠᠩ ᠤᠨ ᠰᠦᠯᠵᠢᠶᠡᠨ ᠳᠡᠭᠡᠷ᠎ᠡ ᠨᠡᠪᠲᠡᠷᠡᠭᠦᠯᠵᠦ᠂ ᠶᠡᠷᠦᠩᠬᠡᠢ ᠳᠡᠮᠵᠢᠭᠰᠡᠨ ᠲᠤᠭ᠎ᠠ ᠨᠢ 48 ᠲᠦᠮᠡ ᠶᠢ ᠳᠠᠪᠠᠵᠤ᠂ ᠶᠡᠷᠦᠩᠬᠡᠢ ᠦᠵᠡᠭᠰᠡᠨ ᠬᠡᠮᠵᠢᠶ᠎ᠡ ᠨᠢ 3500 ᠭᠠᠷᠤᠢ ᠲᠦᠮᠡᠨ ᠤᠳᠠᠭ᠎ᠠ ᠳᠤ ᠬᠦᠷᠴᠡᠢ᠃  ᠳᠥᠷᠪᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠪᠠ  ︽ᠲᠣᠭᠠᠵᠢᠭᠤᠯᠤᠭᠰᠠᠨ ᠬᠢᠷᠢᠨ • ᠤᠶᠤᠨᠲᠤ ᠷᠠᠳᠢᠣ᠋ ᠲᠧᠯᠸᠢᠰ︾ ᠢᠶᠠᠷ ᠤᠳᠤᠷᠢᠳᠤᠮᠵᠢ ᠪᠣᠯᠭᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ᠂ 4K ᠬᠡᠲᠦ ᠥᠨᠳᠥᠷ ᠲᠤᠳᠤᠷᠠᠴᠠᠲᠤ ᠸᠢᠳᠢᠣ᠋ ᠂ IPv6 ᠵᠡᠷᠭᠡ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠮᠤᠵᠢ ᠶᠢᠨ ᠷᠠᠳᠢᠣ᠋ ᠲᠧᠯᠸᠢᠰ ᠤᠨ ᠠᠵᠢᠯ ᠲᠥᠷᠥᠯ ᠤᠨ ᠰᠢᠨ᠎ᠡ ᠶᠢ ᠡᠭᠦᠳᠦᠨ ᠬᠥᠭᠵᠢᠬᠦ ᠳᠤ ᠮᠡᠷᠭᠡᠵᠢᠯ ᠤᠨ ᠰᠠᠭᠤᠷᠢ ᠶᠢ ᠪᠠᠲᠤ ᠲᠠᠯᠪᠢᠪᠠ᠃ ᠷᠠᠳᠢᠣ᠋ ᠲᠧᠯᠸᠢᠰ ᠤᠨ 5G ᠤᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠯᠲᠡ ᠶᠢ ᠢᠳᠡᠪᠬᠢᠲᠡᠶ ᠠᠬᠢᠭᠤᠯᠵᠤ᠂ ᠤᠶᠤᠨᠲᠤ ᠲᠠᠷᠢᠶᠠᠯᠠᠩ᠂ ᠤᠶᠤᠨᠲᠤ ᠬᠥᠳᠡᠭᠡ ᠲᠣᠰᠬᠤᠨ᠂ ᠤᠶᠤᠨᠲᠤ ᠣᠶ ᠰᠢᠭᠤᠶ ᠡᠪᠡᠰᠦ ᠪᠡᠯᠴᠢᠭᠡᠷ᠂ ᠤᠶᠤᠨᠲᠤ ᠰᠣᠶᠣᠯ ᠵᠢᠭᠤᠯᠴᠢᠯᠠᠯ ᠵᠡᠷᠭᠡ ᠠᠵᠢᠯ ᠲᠥᠷᠥᠯ ᠳᠤ ᠵᠠᠯᠭᠠᠭ᠎ᠠ ᠪᠠᠷ ᠲᠣᠭᠠᠵᠢᠭᠤᠯᠤᠭᠰᠠᠨ ᠣᠶᠤᠨᠴᠢ ᠰᠢᠢᠳᠪᠦᠷᠢᠯᠡᠬᠦ ᠲᠥᠰᠦᠯ ᠬᠠᠩᠭᠠᠵᠤ᠂ ᠭᠢᠷᠢᠨ ᠤ ᠷᠠᠳᠢᠣ᠋ ᠲᠧᠯᠸᠢᠰ ᠬᠤᠷᠢᠶᠠᠨ ᠤ ︽1 ᠳ᠋ᠦ᠋ᠭᠡᠷ ᠮᠡᠳᠡᠭᠡᠯᠡᠯ︾ ᠪᠤᠯᠤᠩ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ︽ᠰᠢᠨ᠎ᠡ ᠴᠠᠭ ᠦᠶ᠎ᠡ ᠶᠢᠨ ᠰᠢᠨ᠎ᠡ ᠨᠠᠷᠠᠲᠤ ᠲᠡᠮᠲᠡᠭᠲᠦ ᠰᠢᠨ᠎ᠡ ᠨᠥᠯᠥᠭᠡ︾ ᠶᠢᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠰᠢᠨ᠎ᠡ ᠨᠠᠷᠠᠲᠤ ᠲᠡᠮᠲᠡᠭᠲᠦ ᠪᠠᠷ ᠦᠨᠡᠯᠡᠭᠳᠡᠪᠡ᠃  ᠲᠠᠪᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ  ︽ᠤᠶᠤᠨᠲᠤ ᠷᠠᠳᠢᠣ᠋ ᠲᠧᠯᠸᠢᠰ︾ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ᠂ ᠦᠨᠳᠦᠰᠦᠲᠡᠨ ᠤ ᠭᠠᠵᠠᠷ ᠣᠷᠣᠨ ᠤ ᠥᠨᠳᠥᠷ ᠲᠤᠳᠤᠷᠠᠴᠠᠲᠤ ᠲᠧᠯᠸᠢᠰ ᠤᠨ ᠳᠠᠪᠲᠠᠮᠵᠢ ᠬᠦᠯᠢᠶᠡᠭᠦᠷ ᠢ ᠳᠡᠯᠭᠡᠷᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭᠠᠨ ᠤ ᠪᠠᠶᠢᠭᠤᠯᠤᠯᠲᠠ ᠵᠡᠷᠭᠡ ᠠᠷᠠᠳ ᠲᠤ ᠠᠰᠢᠭ ᠬᠦᠷᠲᠡᠭᠡᠬᠦ ᠭᠤᠤᠯᠳᠠᠯᠭ᠎ᠠ ᠲᠠᠢ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠷᠠᠳᠢᠣ᠋ ᠲᠧᠯᠸᠢᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠶᠠᠨ ᠤ ᠱᠠᠲᠤᠨ ᠤ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠷᠠᠳᠢᠣ᠋ ᠲᠧᠯᠸᠢᠰ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠷᠠᠳᠢᠣ᠋ ᠲᠧᠯᠸᠢᠰ ᠤᠨ ᠰᠦᠯᠵᠢᠶ᠎ᠡ ᠶᠢ ᠬᠢᠯᠢ ᠬᠢᠵᠠᠭᠠᠷ ᠣᠷᠣᠨ ᠳᠤ ᠬᠦᠷᠭᠡᠬᠦ᠂ ᠰᠢᠶᠠᠩ ᠪᠠᠯᠭᠠᠰᠤᠨ ᠤ ᠪᠦᠷᠬᠦᠴᠡ ᠶᠢᠨ ᠨᠣᠷᠮ᠎ᠠ ᠶᠢ 100% ᠳᠤ ᠬᠦᠷᠭᠡᠵᠦ᠂ ᠥᠨᠳᠥᠷ ᠲᠤᠳᠤᠷᠠᠴᠠᠲᠤ ᠲᠧᠯᠸᠢᠰ ᠢ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠥᠷᠭᠡᠨ ᠣᠯᠠᠨ ᠠᠷᠠᠳ ᠲᠦᠮᠡᠨ ᠳᠤ ᠨᠠᠩ ᠣᠯᠠᠨ ᠨᠠᠩ ᠰᠠᠶᠢᠨ ᠷᠠᠳᠢᠣ᠋ ᠲᠧᠯᠸᠢᠰ ᠤᠨ ᠠᠭᠤᠯᠭ᠎ᠠ ᠪᠠ ᠦᠢᠯᠡᠴᠢᠯᠡᠭᠡ ᠬᠠᠩᠭᠠᠪᠠ᠃  ᠵᠢᠷᠭᠤᠭ᠎ᠠ᠂ ᠠᠵᠢᠯ ᠲᠥᠷᠥᠯ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ  ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠰᠣᠨᠣᠰᠴᠤ ᠬᠢᠨᠠᠨ ᠦᠵᠡᠬᠦ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠳᠡᠩᠰᠡᠯᠡᠵᠦ ᠬᠢᠨᠠᠨ ᠪᠠᠶᠢᠴᠠᠭᠠᠬᠤ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠠᠮᠤᠷ ᠲᠦᠪᠰᠢᠨ ᠨᠡᠪᠲᠡᠷᠡᠭᠦᠯᠭᠡ ᠶᠢᠨ ᠶᠡᠭᠡ ᠪᠠᠶᠢᠴᠠᠭᠠᠯᠲᠠ᠂ ︽ᠬᠠᠷ᠎ᠠ ᠷᠠᠳᠢᠣ᠋ ᠨᠡᠪᠲᠡᠷᠡᠭᠦᠯᠭᠡ︾ ᠳᠤ ᠴᠣᠬᠢᠯᠲᠠ ᠥᠭᠬᠦ᠂ ᠬᠤᠳᠠᠯᠳᠤᠭᠠᠨ ᠤ ᠵᠠᠷ ᠮᠡᠳᠡᠭᠡ ᠶᠢ ᠵᠠᠰᠠᠬᠤ ᠵᠡᠷᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠲᠥᠷᠥᠯ ᠤᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠪᠠ᠃ ᠲᠧᠯᠸᠢᠰ ᠤᠨ ᠳᠠᠪᠲᠠᠨ ᠰᠦᠢᠳᠭᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠢᠷᠢᠨ ᠤ IPTV ᠨᠢᠭᠡᠳᠦᠮᠡᠯ ᠬᠤᠯᠪᠣᠭ᠎ᠠ ᠶᠢᠨ ᠲᠠᠪᠴᠠᠩ ᠵᠥᠪᠬᠡᠨ 51 ᠡᠳᠦᠷ ᠤᠨ ᠬᠤᠭᠤᠴᠠᠭᠠᠨ ᠳᠤ ︽ᠠᠵᠢᠯ ᠤᠨ ᠵᠦᠭᠯᠡᠭᠦᠷ 1.0︾ ᠶᠢᠨ ᠪᠦᠬᠦᠳᠡ ᠶᠢ ᠪᠡᠶᠡᠯᠡᠭᠦᠯᠬᠦ 28 ᠵᠦᠢᠯ ᠤᠨ ᠠᠭᠤᠯᠭ᠎ᠠ ᠶᠢ ᠴᠡᠭᠴᠡᠯᠡᠨ ᠵᠠᠰᠠᠪᠠ︔ ᠵᠢᠢ ᠱᠢ ᠵᠠᠭᠤᠴᠢᠯᠠᠭᠤᠷ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 36 ᠵᠦᠢᠯ ᠤᠨ ᠠᠭᠤᠯᠭ᠎ᠠ ᠶᠢ ᠴᠡᠭᠴᠡᠯᠡᠨ ᠰᠠᠶᠢᠵᠢᠷᠠᠭᠤᠯᠵᠤ᠂ ᠭᠢᠷᠢᠨ ᠤ IPTV ᠰᠢᠯᠵᠢᠮᠡᠯ ᠬᠤᠪᠢᠶᠠᠷᠢ ᠲᠠᠪᠴᠠᠩ 43 ᠵᠦᠢᠯ ᠤᠨ ᠴᠡᠭᠴᠡᠯᠡᠨ ᠰᠠᠶᠢᠵᠢᠷᠠᠭᠤᠯᠬᠤ ᠠᠭᠤᠯᠭ᠎ᠠ᠂ ᠴᠠᠬᠢᠯᠭᠠᠨ ᠬᠤᠯᠪᠣᠭᠠᠨ ᠤ ᠬᠤᠪᠢᠶᠠᠷᠢ ᠲᠠᠪᠴᠠᠩ 38 ᠵᠦᠢᠯ ᠤᠨ ᠠᠭᠤᠯᠭ᠎ᠠ ᠶᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ︔ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠠᠵᠢᠯ ᠤᠨ ᠨᠢᠭᠡᠳᠦᠭᠡᠷ ᠱᠠᠲᠤᠨ ᠤ ᠬᠠᠷᠠᠯᠲᠠ ᠡᠭᠦᠷᠭᠡ ᠶᠢ ᠪᠦᠬᠦᠨ ᠢ ᠪᠡᠶᠡᠯᠡᠭᠦᠯᠵᠦ᠂ ᠪᠦᠬᠦ ᠮᠤᠵᠢ ᠶᠢᠨ 691 ᠲᠦᠮᠡᠨ ᠦᠵᠦᠭᠦᠷ ᠤᠨ ᠬᠡᠷᠡᠭᠯᠡᠭᠴᠢᠳ ᠢ ᠬᠠᠮᠤᠷᠪᠠ᠃  ᠲᠤᠯᠤᠭ᠎ᠠ᠂ ᠠᠮᠤᠷ ᠲᠦᠪᠰᠢᠨ ᠤ ᠪᠠᠲᠤᠯᠠᠭ᠎ᠠ ᠲᠣᠭᠲᠠᠭᠤᠨ ᠨᠠᠶᠢᠳᠠᠪᠤᠷᠢᠲᠠᠢ ᠪᠠᠶᠢᠨ᠎ᠠ  ᠪᠥᠬᠦ ᠤᠯᠤᠰ ᠤᠨ ᠬᠤᠶᠠᠷ ᠬᠤᠷᠠᠯ᠂ ᠳᠡᠯᠡᠬᠡᠶ ᠶᠢᠨ ᠤᠶᠤᠲᠠᠳ ᠤᠨ ᠵᠣᠨ ᠤ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠴᠢᠬᠤᠯᠠ ᠪᠠᠲᠤᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠨᠡᠪᠲᠡᠷᠡᠭᠦᠯᠭᠡ ᠶᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠵᠢᠯ ᠤᠨ ᠠᠮᠤᠷ ᠲᠦᠪᠰᠢᠨ ᠨᠡᠪᠲᠡᠷᠡᠭᠦᠯᠭᠡ ᠪᠠ ᠰᠦᠯᠵᠢᠶᠡᠨ ᠤ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠡᠶᠡᠯᠡᠭᠦᠯᠦᠨ᠂ 10 ᠵᠢᠯ ᠳᠠᠷᠠᠭᠠᠯᠠᠨ ᠭᠢᠷᠢᠨ ᠮᠤᠵᠢ ᠶᠢᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠯᠲᠠ ᠪᠠᠷ ᠰᠢᠯᠢᠳᠡᠭ ᠳᠡᠰ ᠢ ᠦᠷᠭᠦᠯᠵᠢᠯᠡᠨ ᠣᠯᠪᠠ︔ ᠭᠠᠯ ᠤᠨᠲᠠᠷᠠᠭᠠᠬᠤ ᠰᠢᠲᠠᠮᠠᠬᠠᠶ ᠬᠡᠢ᠂ ᠨᠡᠪᠲᠡᠷᠡᠭᠦᠯᠦᠨ ᠡᠵᠡᠮᠳᠡᠬᠦ ᠮᠠᠰᠢᠨ ᠤ ᠲᠠᠰᠤᠭ᠂ ᠴᠠᠬᠢᠯᠭᠠᠨ ᠲᠦᠭᠡᠭᠡᠬᠦ ᠱᠤᠭᠤᠮ ᠵᠡᠷᠭᠡ ᠭᠤᠣᠯᠳᠠᠯᠭ᠎ᠠ ᠲᠠᠢ ᠭᠠᠵᠠᠷ ᠢ ᠳᠣᠪᠤᠶᠢᠯᠭᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤ ᠨᠢ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠵᠤ᠂ ᠦᠶᠡᠷ ᠢ ᠰᠡᠷᠭᠡᠶᠢᠯᠡᠬᠦ ᠪᠠ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠮᠤᠵᠢ ᠶᠢᠨ ᠷᠠᠳᠢᠣ᠋ ᠲᠧᠯᠸᠢᠰ ᠤᠨ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃  ᠨᠠᠢᠮᠠ᠂ ᠨᠠᠮ ᠤᠨ ᠪᠠᠶᠢᠭᠤᠯᠤᠯᠳᠠ ᠪᠠᠳᠤ ᠴᠢᠩᠭ᠎ᠠ ᠬᠦᠴᠦᠨ ᠲᠠᠢ ᠪᠠᠶᠢᠨ᠎ᠠ  ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠣᠨᠣᠯ ᠢᠶᠠᠷ ᠵᠡᠪᠰᠡᠭᠯᠡᠬᠦ ᠶᠢ ᠴᠢᠩᠭᠠᠷᠠᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ᠂ ︽ᠬᠤᠶᠠᠷ ᠰᠢᠯᠢᠳᠡᠭ ᠨᠢᠭᠡ ᠲᠡᠷᠢᠭᠦᠨ︾ ᠢ ᠰᠢᠯᠭᠠᠷᠠᠭᠤᠯᠬᠤ ᠠᠵᠢᠯ ᠢ ᠥᠷᠨᠢᠭᠦᠯᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ 27 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠮᠡᠷᠭᠡᠵᠢᠯ ᠤᠨ ᠴᠢᠳᠠᠪᠤᠷᠢᠲᠠᠨ ᠤ ᠤᠷᠤᠯᠳᠤᠭᠠᠨ ᠳᠤ ᠨᠢᠭᠡ ᠳᠠᠩ ᠵᠦᠢᠯ ᠤᠨ ᠬᠤᠶᠠᠳᠤᠭᠠᠷ᠂ 2 ᠳᠠᠩ ᠵᠦᠢᠯ ᠤᠨ ᠭᠤᠷᠪᠠᠳᠤᠭᠠᠷ ᠪᠠ ᠪᠦᠯᠬᠦᠮ ᠤᠨ ᠬᠤᠶᠠᠳᠤᠭᠠᠷ ᠳᠡᠰ ᠤᠨ ᠱᠠᠩᠨᠠᠯ ᠤᠨ ᠰᠢᠯᠢᠳᠡᠭ ᠬᠢᠷᠢ ᠪᠦᠲᠦᠮᠵᠢ ᠶᠢ ᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ ᠂ ᠰᠢᠭᠤᠳ ᠬᠠᠷᠢᠶ᠎ᠠ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map