ᠮᠠᠨ ᠤ ᠲᠣᠪᠴᠢᠶ᠎ᠠ ᠪᠥᠬᠦ ᠣᠷᠣᠨ ᠤ ᠷᠠᠳᠢᠣ᠋ ᠲᠧᠯᠸᠢᠰ ᠤᠨ ᠬᠠᠤᠯᠢᠵᠢᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠪᠡ
ᠨᠡᠶᠢᠲᠡᠯᠡᠭᠰᠡᠨ ᠴᠠᠭ᠄
2024/9/30
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ ᠂ 9 ᠳ᠋ᠦ᠋ᠭᠡᠷ ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠪᠥᠬᠦ ᠣᠷᠣᠨ ᠤ ᠷᠠᠳᠢᠣ᠋ ᠲᠧᠯᠸᠢᠰ ᠤᠨ ᠬᠠᠤᠯᠢᠵᠢᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠭᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠯᠢᠦ ᠵᠥᠩ ᠸᠧᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃  ᠪᠣᠯᠪᠠᠰᠤᠷᠠᠯ ᠤᠨ ᠠᠩᠭᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠵᠤᠷᠭᠠᠨ ᠤ ᠳᠠᠬᠢᠨ ᠵᠥᠪᠯᠡᠬᠦ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠰᠢᠭᠦᠨ ᠲᠠᠰᠤᠯᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠵᠡᠷᠭᠡ ᠨᠢᠭᠡᠴᠢ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠢ ᠤᠷᠢᠵᠤ᠂ ᠲᠤᠰ ᠲᠤᠰ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠠᠤᠯᠢ ᠴᠠᠭᠠᠵᠠ ᠶᠢᠨ ᠵᠢᠷᠤᠮᠵᠢᠯ ᠤᠨ ᠲᠦᠢᠮᠣ ᠪᠠᠶᠢᠳᠠᠯ︾᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ︾᠂ ︽ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ︾᠂ ︽ᠦᠨᠡᠨᠴᠢ ᠢᠳᠡᠭᠡᠮᠵᠢ ᠶᠢ ᠦᠢᠯᠡᠳᠦᠯᠭᠡᠵᠢᠭᠦᠯᠵᠦ᠂ ᠲᠦᠮᠡᠨ ᠭᠠᠵᠠᠷ ᠠᠶᠠᠯᠠᠬᠤ︾᠂ ︽ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ — ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ︾ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ᠃  ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠤ ᠪᠠᠨ᠂ ᠪᠤᠯᠪᠠᠰᠤᠷᠠᠯ ᠢᠶᠠᠷ ᠲᠠᠮᠵᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠡᠵᠡᠮᠰᠢᠵᠦ᠂ ᠢᠯᠠᠩᠭᠤᠶ᠎ᠠ ᠠᠵᠢᠯ ᠤᠨ ᠵᠢᠷᠤᠮᠵᠢᠯ ᠲᠠᠢ ᠤᠶᠠᠯᠳᠤᠭᠤᠯᠤᠨ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠬᠦ ᠪᠠ ᠲᠤᠶᠠᠴᠢᠵᠤ᠂ ᠪᠣᠳᠠᠲᠠᠢ ᠬᠠᠤᠯᠢ ᠬᠡᠷᠡᠭᠵᠢᠭᠦᠯᠬᠦ ᠠᠵᠢᠯ ᠤᠨ ᠵᠢᠯᠣᠭᠤᠳᠬᠤ ᠦᠢᠯᠡᠳᠦᠯ ᠣᠨᠴᠠᠭᠠᠢ ᠶᠡᠭᠡ ᠪᠠᠶᠢᠵᠤ᠂ ᠤᠨᠤᠯ ᠤᠨ ᠰᠤᠷᠤᠯᠴᠠᠯᠭ᠎ᠠ ᠶᠢ ᠦᠢᠯᠡᠳᠦᠯᠭᠡ ᠲᠡᠶᠢᠰᠢ ᠴᠢᠨᠠᠭᠰᠢᠳᠠ ᠬᠤᠪᠢᠷᠠᠭᠤᠯᠬᠤ ᠶᠢ ᠪᠦᠲᠦᠮᠵᠢᠲᠡᠢ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠤᠨᠤᠯ ᠤᠨ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠡᠢ ᠭᠡᠪᠡ᠃  ᠪᠣᠯᠪᠠᠰᠤᠷᠠᠯ ᠨᠢ ᠰᠦᠯᠵᠢᠶᠡᠨ ᠭᠠᠳᠠᠨᠠᠬᠢ ᠪᠠ ᠰᠦᠯᠵᠢᠶᠡᠨ ᠳᠡᠭᠡᠷᠡᠬᠢ ᠠᠷᠭ᠎ᠠ ᠬᠡᠯᠪᠡᠷᠢ ᠪᠠᠷ ᠶᠠᠪᠤᠭᠳᠠᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠰᠣᠶᠣᠯ ᠤᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠪᠠᠷ ᠵᠠᠰᠠᠬᠤ ᠠᠵᠢᠯᠲᠠᠨ ᠪᠠ ᠨᠢᠭᠡᠳᠦᠭᠡᠷ ᠹᠷᠣᠨᠲ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠠᠮᠤᠷᠴᠤ᠂ ᠨᠡᠶᠢᠲᠡ 100 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map