| | | | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠮᠠ ᠵᠦᠸᠧ ᠶᠠᠨ ᠵᠢᠢ ᠨᠢᠩ︶ 9 ᠰᠠᠷ᠎ᠠ ᠶᠢᠨ 3 ᠤ ᠣᠷᠣᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ ᠲᠠᠢ | ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠮᠠᠥ᠋ᠷᠢᠲ᠋ᠠᠨᠢᠶ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ | ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ | ᠰᠢ ᠶᠢᠨ ᠫᠢᠩ᠂ ᠳᠤᠮᠳᠠᠳᠤ ᠮᠠᠦ᠋ᠷᠢᠲ᠋ᠠᠨᠢᠶ᠎ᠠ ᠬᠤᠶᠠᠷ ᠤᠯᠤᠰ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ | ᠰᠠᠶᠢᠨ ᠠᠬ᠎ᠠ ᠳᠡᠭᠦᠦ ᠮᠥᠨ᠃ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠤᠯᠤᠰ ᠲᠦᠷᠦ ᠶᠢᠨ ᠢᠲᠡᠭᠡᠯᠴᠡᠭᠡ | ᠪᠠᠲᠤ ᠪᠠᠬᠢ᠂ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃ | ᠳᠤᠮᠳᠠᠳᠤ ᠤᠯᠤᠰ ᠮᠠᠦ᠋ᠷᠢᠲ᠋ᠠᠨᠢᠶ᠎ᠠ ᠶᠢᠨ ᠬᠢᠨ ᠤ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ | ᠬᠢᠨ ᠲᠠᠢ ᠡᠷᠡᠰ ᠪᠠᠲᠤ ᠬᠠᠮᠲᠤ ᠵᠣᠭᠰᠣᠭᠰᠠᠨ ᠢ ᠮᠠᠭᠲᠠᠨ ᠰᠠᠶᠢᠰᠢᠶᠠᠵᠤ᠂ ᠮᠠᠦ᠋ᠷᠢᠲ᠋ᠠᠨᠢᠶ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠦᠷᠭᠦᠯᠵᠢᠯᠡᠨ ᠡᠷᠡᠰ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ ᠮᠠᠦ᠋ᠷᠢᠲ᠋ᠠᠨᠢᠶ᠎ᠠ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠬᠠᠮᠲᠤᠷᠠᠯᠴᠠᠭ᠎ᠠ ᠶᠢ ᠠᠬᠢᠭᠤᠯᠵᠤ᠂ ᠵᠢᠭᠠᠰᠤᠨ ᠠᠵᠤ ᠠᠬᠤᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠮᠠᠦ᠋ᠷᠢᠲ᠋ᠠᠨᠢᠶ᠎ᠠ ᠶᠢ ᠲᠤᠰᠠᠯᠠᠬᠤ ᠲᠠᠷᠢᠶᠠᠯᠠᠩ᠂ ᠮᠠᠯ ᠠᠵᠤ ᠠᠬᠤᠢ ᠶᠢᠨ ᠮᠡᠷᠭᠡᠵᠢᠯ ᠤᠨ ᠵᠢᠱᠢᠶ᠎ᠡ ᠦᠵᠡᠭᠦᠯᠭᠦ ᠲᠥᠪ ᠤᠨ ᠦᠢᠯᠡᠳᠦᠯ ᠢ ᠪᠠᠳᠠᠷᠠᠭᠤᠯᠵᠤ᠂ ᠮᠦᠭᠦ ᠲᠠᠷᠢᠬᠤ | ᠮᠡᠷᠭᠡᠵᠢᠯ ᠤᠨ ᠬᠠᠮᠲᠤᠷᠠᠯᠴᠠᠭ᠎ᠠ ᠶᠢ ᠲᠦᠷᠭᠡᠳᠬᠡᠵᠦ᠂ ᠳᠤᠮᠳᠠᠳᠤ ᠮᠠᠦ᠋ᠷᠢᠲ᠋ᠠᠨᠢᠶ᠎ᠠ ᠶᠢᠨ ᠬᠠᠷᠢᠯᠴᠠᠭ᠎ᠠ ᠶᠢ ᠤᠯᠤᠰ ᠤᠨ ᠬᠤᠭᠤᠷᠣᠨᠳᠣᠭᠢ ᠨᠥᠭᠦᠷᠰᠡᠭ ᠶᠠᠪᠤᠯᠴᠠᠭ᠎ᠠ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢᠨ ᠬᠡᠪ ᠳᠠᠭᠤᠷᠢᠶᠠᠯ ᠪᠣᠯᠭᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠵᠢᠶᠠᠽᠸᠠᠨᠢ ᠶᠢᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠪᠡᠯᠡᠳᠬᠡᠬᠦ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠭᠰᠡᠨ ᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠳᠤᠷᠠᠲᠠᠶ᠎ᠠ ᠮᠠᠦ᠋ᠷᠢᠲ᠋ᠠᠨᠢᠶ᠎ᠠ ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠲᠦᠷᠦᠭᠦᠴᠦᠳ ᠤᠨ | ᠬᠤᠷᠠᠯ ᠢᠶᠠᠷ ᠠᠵᠠ ᠲᠣᠭᠢᠶᠠᠯ ᠪᠤᠯᠭᠠᠵᠤ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠬᠦᠴᠦᠨ ᠢ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ | ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ | ᠵᠠᠰᠠᠯᠲᠠ ᠳᠤᠮᠳᠠᠬᠢ ᠦᠭᠡ ᠬᠡᠯᠡᠬᠦ ᠡᠷᠬᠡ ᠪᠠ ᠲᠥᠯᠥᠭᠡᠯᠡᠬᠦ ᠴᠢᠨᠠᠷ ᠢ ᠳᠡᠭᠡᠭᠰᠢᠯᠡᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ | ᠭᠡᠵᠦ ᠢᠯᠡᠳᠬᠡᠪᠡ᠃ | ᠵᠢᠶᠠᠽᠸᠠᠨᠢ᠂ ᠮᠠᠥ᠋ᠷᠢᠲ᠋ᠠᠨᠢᠶ᠎ᠠ ᠳᠤᠮᠳᠠᠳᠤ ᠶᠢᠨ ᠨᠥᠬᠦᠷᠯᠡᠯ ᠪᠠᠲᠤ ᠪᠠᠬᠢ ᠪᠠᠶᠢᠵᠤ᠂ ᠮᠠᠥ᠋ᠷᠢᠲ᠋ᠠᠨᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ | ᠬᠠᠷᠢᠯᠴᠠᠭ᠎ᠠ ᠳᠠᠭᠠᠨ ᠮᠠᠰᠢ ᠣᠮᠣᠭᠰᠢᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠢ ᠪᠠᠭᠲᠠᠭᠠᠭᠰᠠᠨ ᠮᠠᠦ᠋ᠷᠢᠲ᠋ᠠᠨᠢᠶ᠎ᠠ ᠶᠢᠨ ᠠᠵᠤ | ᠠᠬᠤᠢ ᠨᠡᠶᠢᠭᠡᠮ ᠤᠨ ᠬᠥᠭᠵᠢᠯᠲᠡ ᠳᠤ ᠳᠤᠮᠳᠠᠳᠤ ᠤᠯᠤᠰ ᠤᠨ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠮᠠᠥ᠋ᠷᠢᠲ᠋ᠠᠨᠢᠶ᠎ᠠ ᠨᠢᠭᠡ ᠳᠤᠮᠳᠠᠳᠤ | ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠵᠥᠷᠢᠴᠡᠭᠰᠡᠨ ᠦᠭᠡ ᠶᠠᠷᠢᠶ᠎ᠠ ᠦᠢᠯᠡ ᠠᠵᠢᠯᠯᠠᠭ᠎ᠠ ᠪᠦᠭᠦᠨ ᠢ ᠡᠷᠡᠰ | ᠡᠰᠡᠷᠭᠦᠴᠡᠨ᠎ᠡ᠃ ᠣᠳᠣᠬᠠᠨ ᠳᠤ ᠳᠡᠯᠡᠬᠡᠢ ᠶᠢᠷᠲᠢᠨᠴᠦ ᠮᠠᠰᠢ ᠤᠯᠠᠨ ᠠᠶᠤᠯ ᠲᠦᠭᠰᠢᠭᠦᠷᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠳᠤᠮᠳᠠᠳᠤ ᠤᠯᠤᠰ ᠯᠤᠭ᠎ᠠ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠣᠯ ᠮᠠᠥ᠋ᠷᠢᠲ᠋ᠠᠨᠢᠶ᠎ᠠ ᠵᠡᠷᠭᠡ ᠤᠯᠤᠰ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠦᠰᠡᠯ ᠡᠷᠡᠮᠡᠯᠵᠡᠯ ᠪᠣᠯᠣᠨ᠎ᠠ᠃ ᠫᠠᠯᠧᠰᠲ᠋ᠠᠶᠢᠨ | ᠵᠡᠷᠭᠡ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠮᠠᠦ᠋ᠷᠢᠲ᠋ᠠᠨᠢᠶ᠎ᠠ ᠪᠣᠯᠣᠨ ᠳᠤᠮᠳᠠᠳᠤ ᠤᠯᠤᠰ ᠤᠨ ᠵᠣᠭᠰᠣᠯᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠨ᠎ᠠ᠃ ᠬᠤᠶᠠᠷ | ᠲᠠᠯ᠎ᠠ ᠪᠠᠷ ᠢᠶᠠᠨ ᠴᠥᠮ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠡᠯ᠎ᠡ ᠤᠯᠤᠰ ᠤᠨ ᠪᠡᠶ᠎ᠡ ᠪᠠᠨ ᠳᠠᠭᠠᠭᠠᠵᠤ ᠡᠵᠡᠨ | ᠮᠡᠳᠡᠬᠦ ᠶᠢ ᠬᠦᠨᠳᠦᠳᠬᠡᠬᠦ ᠶᠢ ᠤᠷᠢᠶᠠᠯᠠᠵᠤ᠂ ᠴᠥᠮ ᠬᠦᠴᠦᠷᠬᠡᠭᠯᠡᠯ ᠤᠨ ᠬᠡᠲᠦᠷᠡᠮᠡᠬᠡᠢ ᠦᠵᠡᠯ ᠢ ᠡᠰᠡᠷᠭᠦᠴᠡᠪᠡ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠵᠢᠴᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠡᠯ᠎ᠡ ᠤᠯᠤᠰ ᠤᠨ ᠬᠠᠮᠲᠤ ᠶᠢᠨ ᠠᠮᠤᠷ ᠲᠦᠪᠰᠢᠨ | ᠪᠣᠯᠣᠨ ᠬᠥᠭᠵᠢᠯᠲᠡ ᠶᠢ ᠪᠡᠶᠡᠯᠡᠭᠦᠯᠬᠦ ᠳᠤ ᠲᠥᠰᠥᠯ ᠬᠠᠩᠭᠠᠵᠠᠢ᠂ ᠮᠠᠥ᠋ᠷᠢᠲ᠋ᠠᠨᠢᠶ᠎ᠠ ᠶᠢᠨ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠢᠳᠡᠪᠬᠢᠲᠡᠢ ᠳᠡᠮᠵᠢᠵᠦ᠂ | ᠳᠤᠮᠳᠠᠳᠤ ᠤᠯᠤᠰ ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠤᠨ ᠠᠮᠵᠢᠯᠲᠠ ᠣᠯᠬᠤ ᠶᠢ ᠠᠬᠢᠭᠤᠯᠵᠤ᠂ ᠠᠹᠷᠢᠺᠠ ᠲᠢᠪ ᠪᠣᠯᠣᠨ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠶᠢ | ᠬᠦᠰᠡᠵᠦ ᠪᠠᠶᠢᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |