| | | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ 9 ᠰᠠᠷ᠎ᠠ ᠶᠢᠨ 3 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ | ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ ᠃ | | | | | | 9 ᠰᠠᠷ᠎ᠠ ᠶᠢᠨ 3 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ᠂ ᠨᠢᠭᠧᠷᠢᠶ᠎ᠠ ᠪᠣᠯ ᠠᠹᠷᠢᠺᠠ ᠲᠢᠪ ᠤᠨ ᠴᠢᠬᠤᠯᠠ ᠨᠥᠯᠥᠭᠡ ᠲᠠᠢ ᠲᠣᠮᠣ ᠤᠯᠤᠰ ᠮᠥᠨ ᠂ ᠯᠤᠲᠤ ᠶᠡᠭᠡ ᠬᠥᠮᠥᠨ ᠠᠮᠠ ᠶᠢᠨ ᠬᠡᠪᠴᠢᠶ᠎ᠡ ᠪᠠ | ᠬᠥᠭᠵᠢᠯᠲᠡ ᠶᠢᠨ ᠲᠠᠯᠳᠡ ᠬᠦᠴᠦᠨ ᠲᠠᠢ ᠶᠤᠮ ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠭᠠᠷᠤᠢ ᠶᠢᠨ ᠲᠤᠷᠰᠢ ᠂ ᠳᠤᠮᠳᠠᠳᠤ ᠨᠢᠭᠧᠷᠢᠶ᠎ᠠ ᠢᠮᠠᠭᠲᠠ ᠬᠠᠷᠢᠯᠴᠠᠨ | ᠭᠦᠨᠳᠦᠳᠭᠡᠵᠦ ᠂ ᠡᠷᠬᠡ ᠲᠡᠭᠰᠢ ᠬᠠᠨᠳᠤᠯᠴᠠᠵᠤ ᠂ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠠᠮ ᠢᠶᠠᠷ ᠵᠠᠮᠨᠠᠪᠠ ᠃ | ᠣᠶᠢᠷ᠎ᠠ ᠶᠢᠨ ᠵᠢᠯ ᠠᠴᠠ ᠂ ᠬᠤᠶᠠᠷ ᠤᠯᠤᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷ᠎ᠠ ᠨᠢᠭᠡ ᠪᠦᠯᠦᠭ | ᠵᠢᠱᠢᠶ᠎ᠡ ᠦᠵᠡᠭᠦᠯᠭᠦ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠯᠢ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠬᠠᠮᠲᠤ ᠪᠠᠷ ᠬᠡᠷᠡᠭᠵᠢᠭᠦᠯᠪᠡ ᠃ ᠳᠤᠮᠳᠠᠳᠤ | ᠤᠯᠤᠰ ᠶᠠᠭ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠤᠢ ᠂ ᠡᠨᠡ ᠨᠢ | ᠳᠤᠮᠳᠠᠳᠤ ᠨᠢᠭᠧᠷᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠨᠡᠩ ᠤᠯᠠᠨ ᠠᠵᠠ ᠲᠣᠭᠢᠶᠠᠯ ᠠᠪᠴᠢᠷᠠᠬᠤ ᠪᠣᠯᠣᠨ᠎ᠠ ᠃ ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ | ᠬᠠᠮᠲᠤᠷᠠᠯᠴᠠᠭ᠎ᠠ ᠪᠠᠷ ᠲᠤᠰ ᠲᠤᠰ ᠤᠨ ᠣᠳᠣᠬᠢᠴᠢᠯᠠᠯᠲᠠ ᠪᠠᠨ ᠭᠠᠷ ᠬᠤᠯᠪᠣᠨ ᠪᠡᠶᠡᠯᠡᠭᠦᠯᠵᠦ ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢᠨ ᠨᠡᠩ ᠶᠡᠭᠡ ᠰᠢᠨ᠎ᠡ | ᠬᠥᠭᠵᠢᠯᠲᠡ ᠶᠢ ᠪᠡᠶᠡᠯᠡᠭᠦᠯᠦᠶ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ | ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠵᠤ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ ᠂ ᠲᠤᠰ | ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠶ᠎ᠡ ᠃ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠦᠷᠢᠯᠳᠦᠭᠦᠯᠵᠦ ᠂ ᠰᠠᠭᠤᠷᠢ ᠲᠥᠬᠦᠭᠡᠷᠦᠮᠵᠢ ᠂ ᠡᠨᠧᠷᠭᠢ ᠶᠢᠨ ᠰᠤᠷᠪᠤᠯᠵᠢ ᠠᠭᠤᠷᠬᠠᠢ ᠶᠢᠨ ᠭᠠᠷᠤᠯᠲᠠ | ᠪᠣᠯᠣᠨ ᠠᠵᠤ ᠦᠢᠯᠡᠰ ᠤᠨ ᠬᠠᠮᠲᠤᠷᠠᠯᠴᠠᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠲᠣᠭᠠᠴᠢᠯᠠᠭᠰᠠᠨ ᠠᠵᠤ ᠠᠬᠤᠢ ᠂ ᠰᠢᠨ᠎ᠡ ᠡᠨᠧᠷᠭᠢ ᠵᠡᠷᠭᠡ ᠰᠢᠨ᠎ᠡ | ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠢ ᠪᠣᠯᠭᠠᠶ᠎ᠠ ᠃ ᠨᠢᠭᠧᠷᠢᠶ᠎ᠠ ᠶᠢᠨ ᠲᠠᠯ᠎ᠠ ᠶᠢᠨ ᠬᠢᠨ ᠨᠢᠭᠧᠷᠢᠶ᠎ᠠ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠥᠰ ᠪᠣᠯᠣᠨ | ᠲᠥᠷᠥᠯ ᠵᠦᠢᠯ ᠤᠨ ᠠᠮᠤᠷ ᠲᠦᠪᠰᠢᠨ ᠢ ᠬᠠᠮᠠᠭᠠᠯᠠᠬᠤ ᠶᠢ ᠬᠦᠰᠡᠵᠦ ᠪᠠᠶᠢᠨ᠎ᠠ ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ ᠂ ᠬᠠᠷᠢᠯᠴᠠᠨ ᠲᠠᠨᠢᠨ | ᠮᠡᠳᠡᠬᠦᠢ ᠪᠠᠨ ᠨᠡᠮᠡᠭᠳᠡᠭᠦᠯᠦᠶ᠎ᠡ ᠃ ᠳᠤᠮᠳᠠᠳᠤ ᠤᠯᠤᠰ ᠨᠢᠭᠧᠷᠢᠶ᠎ᠠ ᠶᠢᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ ᠂ ᠭᠠᠵᠠᠷ ᠣᠷᠣᠨ ᠤ ᠲᠣᠭᠲᠠᠭᠤᠨ ᠢ | ᠬᠠᠮᠠᠭᠠᠯᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠭᠦ ᠶᠢ ᠲᠡᠮᠵᠢᠵᠥ ᠂ ᠳᠤᠷᠠᠲᠠᠶ᠎ᠠ ᠨᠢᠭᠧᠷᠢᠶ᠎ᠠ ᠶᠢᠨ ᠬᠢᠨ ᠲᠠᠢ ᠤᠯᠠᠨ | ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠦ | ᠴᠢᠬᠤᠯᠠᠴᠢᠯᠠᠪᠠ ᠃ | ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠠᠬᠢᠭᠤᠯᠬᠤ ᠪᠦᠲᠦᠮᠵᠢᠲᠡᠢ ᠲᠣᠭᠲᠠᠴᠠ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠨᠢᠭᠡᠨ ᠲᠤᠭ ᠪᠣᠯᠣᠨ᠎ᠠ ᠃ | ᠳᠤᠮᠳᠠᠳᠤ ᠤᠯᠤᠰ ᠳᠤᠷᠠᠲᠠᠶ᠎ᠠ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ ᠂ ᠳᠤᠮᠳᠠᠳᠤ | ᠠᠹᠷᠢᠺᠠ ᠶᠢᠨ ᠨᠥᠬᠦᠷᠯᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠵᠦ ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ | ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃ | ᠲᠢᠨᠦ᠋ᠪᠦ᠋ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ᠂ ᠳᠤᠮᠳᠠᠳᠤ ᠤᠯᠤᠰ ᠤᠨ ᠬᠠᠯᠠᠭᠤᠨ ᠢᠶᠠᠷ | ᠵᠣᠴᠢᠯᠠᠭᠰᠠᠨ ᠳᠤ ᠲᠠᠯᠠᠷᠬᠠᠵᠤ ᠪᠠᠶᠢᠨ᠎ᠠ ᠃ ᠨᠢᠭᠧᠷᠢᠶ᠎ᠠ ᠳᠤᠮᠳᠠᠳᠤ ᠶᠢᠨ ᠬᠠᠷᠢᠯᠴᠠᠭ᠎ᠠ ᠨᠢᠭᠡᠨᠲᠡ ᠬᠠᠭᠠᠰ ᠵᠠᠭᠤᠨ ᠭᠠᠷᠤᠢ ᠦᠷᠭᠦᠯᠵᠢᠯᠡᠵᠦ ᠂ ᠬᠤᠶᠠᠷ ᠲᠠᠯ᠎ᠠ ᠶᠢᠨ | ᠬᠠᠮᠲᠤᠷᠠᠯᠴᠠᠭ᠎ᠠ ᠨᠢᠭᠧᠷᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ ᠃ ᠪᠢ ᠲᠡᠷᠢᠭᠦᠯᠡᠭᠴᠢ ᠰᠢ ᠶᠢᠨ ᠫᠢᠩ ᠤᠨ ᠨᠢᠭᠧᠷᠢᠶ᠎ᠠ ᠳᠤᠮᠳᠠᠳᠤ ᠶᠢᠨ ᠬᠠᠷᠢᠯᠴᠠᠭ᠎ᠠ ᠶᠢᠨ | ᠲᠤᠬᠠᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠨ᠎ᠡ ᠃ ᠨᠢᠭᠧᠷᠢᠶ᠎ᠠ ᠯᠤᠲᠤ ᠶᠡᠭᠡ ᠵᠠᠯᠠᠭᠤ ᠬᠥᠮᠥᠨ ᠠᠮᠠ ᠪᠠ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ ᠃ | ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠨᠢᠭᠡᠨᠲᠡ ᠠᠭᠤᠤ ᠶᠡᠭᠡ ᠠᠮᠵᠢᠯᠲᠠ ᠣᠯᠵᠠᠢ ᠂ ᠨᠢᠭᠧᠷᠢᠶ᠎ᠠ ᠶᠢᠨ ᠬᠢᠨ ᠪᠠᠰᠠ ᠥᠭᠡᠷᠡᠴᠢᠯᠡᠯᠲᠡ ᠨᠡᠭᠡᠭᠡᠯᠲᠡ ᠬᠢᠵᠦ ᠪᠤᠢ ᠂ | ᠨᠢᠭᠧᠷᠢᠶ᠎ᠠ ᠳᠤᠮᠳᠠᠳᠤ ᠠᠵᠤ ᠠᠬᠤᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ | ᠬᠥᠭᠵᠢᠭᠦᠯᠬᠦ ᠨᠢ ᠨᠢᠭᠧᠷᠢᠶ᠎ᠠ ᠶᠢᠨ ᠢᠷᠡᠭᠡᠳᠦᠢ ᠶᠢᠨ ᠬᠥᠭᠵᠢᠯᠲᠡ ᠳᠤ ᠲᠤᠶᠢᠯ ᠤᠨ ᠴᠢᠬᠤᠯᠠ ᠶᠤᠮ ᠃ ᠨᠢᠭᠧᠷᠢᠶ᠎ᠠ ᠶᠢᠨ ᠬᠢᠨ ᠳᠤᠮᠳᠠᠳᠤ ᠤᠯᠤᠰ ᠤᠨ ᠠᠹᠷᠢᠺᠠ ᠲᠢᠪ ᠲᠠᠬᠢ | ᠬᠠᠮᠤᠭ ᠤᠨ ᠶᠡᠭᠡ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠠᠨᠢᠲᠠᠨ ᠪᠤᠯᠬᠤ ᠶᠢ ᠬᠦᠰᠡᠵᠦ ᠪᠠᠶᠢᠨ᠎ᠠ ᠂ ᠨᠡᠩ ᠤᠯᠠᠨ ᠳᠤᠮᠳᠠᠳᠤ ᠤᠯᠤᠰ ᠤᠨ ᠠᠵᠤ | ᠠᠬᠤᠶᠢᠯᠠᠯ ᠨᠢᠭᠧᠷᠢᠶ᠎ᠠ ᠳᠤ ᠬᠦᠷᠴᠦ ᠪᠡᠯᠡ ᠣᠷᠣᠭᠤᠯᠤᠨ ᠂ ᠬᠥᠳᠡᠭᠡ ᠠᠵᠤ ᠠᠬᠤᠢ ᠂ ᠦᠢᠯᠡᠳᠬᠦ ᠦᠢᠯᠡᠰ ᠂ ᠠᠭᠤᠷᠬᠠᠢ ᠶᠢᠨ ᠡᠨᠧᠷᠭᠢ ᠂ ᠰᠠᠭᠤᠷᠢ ᠲᠥᠬᠦᠭᠡᠷᠦᠮᠵᠢ ᠵᠡᠷᠭᠡ | ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ ᠂ ᠨᠢᠭᠧᠷᠢᠶ᠎ᠠ ᠪᠣᠯᠣᠨ ᠪᠠᠷᠠᠭᠤᠨ ᠬᠡᠰᠡᠭ ᠤᠨ ᠠᠹᠷᠢᠺᠠ ᠲᠢᠪ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠵᠦ ᠂ ᠶᠠᠳᠠᠭᠤ ᠠᠴᠠ ᠪᠦᠲᠦᠮᠵᠢᠲᠡᠢ ᠠᠩᠭᠢᠵᠢᠷᠠᠭᠤᠯᠬᠤ ᠶᠢ ᠪᠠᠶᠠᠷᠯᠠᠨ ᠤᠭᠲᠤᠨ᠎ᠠ ᠂ ᠨᠢᠭᠧᠷᠢᠶ᠎ᠠ ᠶᠢᠨ ᠬᠢᠨ ᠳᠤᠷᠠᠲᠠᠶ᠎ᠠ ᠡᠭᠦᠨ ᠳᠤ | ᠰᠠᠶᠢᠨ ᠰᠠᠶᠢᠬᠠᠨ ᠠᠮᠤᠷ ᠲᠦᠪᠰᠢᠨ ᠤ ᠨᠥᠬᠦᠴᠡᠯ ᠬᠠᠩᠭᠠᠨ᠎ᠠ ᠃ ᠳᠤᠮᠳᠠᠳᠤ ᠤᠯᠤᠰ ᠨᠢᠭᠧᠷᠢᠶ᠎ᠠ ᠶᠢᠨ ᠵᠠᠯᠠᠭᠤᠴᠤᠳ ᠲᠤ ᠴᠢᠬᠤᠯᠠ ᠪᠣᠯᠪᠠᠰᠤᠷᠠᠯ ᠤᠨ ᠲᠣᠭᠢᠶᠠᠯ | ᠬᠠᠩᠭᠠᠭᠰᠠᠨ ᠳᠤ ᠲᠠᠯᠠᠷᠬᠠᠵᠤ ᠪᠠᠶᠢᠨ᠎ᠠ ᠂ ᠳᠤᠷᠠᠲᠠᠶ᠎ᠠ ᠳᠤᠮᠳᠠᠳᠤ ᠤᠯᠤᠰ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ ᠃ ᠨᠢᠭᠧᠷᠢᠶ᠎ᠠ ᠶᠢᠨ ᠬᠢᠨ | ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠲᠤᠰ ᠲᠤᠰ ᠤᠨ ᠭᠤᠣᠯᠯᠠᠭᠴᠢ ᠠᠰᠢᠭ | ᠲᠤᠰᠠ ᠳᠤ ᠬᠤᠯᠪᠣᠭᠳᠠᠬᠤ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠨ᠎ᠡ ᠃ ᠨᠢᠭᠧᠷᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠣᠯᠣᠯᠴᠠᠭ᠎ᠠ | ᠬᠠᠮᠵᠢᠯᠴᠠᠭ᠎ᠠ ᠪᠠᠨ ᠨᠢᠭᠲᠠᠷᠠᠭᠤᠯᠵᠤ ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ | ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ | ᠲᠥᠯᠦᠪᠵᠢᠭᠦᠯᠭᠡ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠠᠵᠤ ᠠᠬᠤᠢ ᠶᠢᠨ ᠬᠥᠭᠵᠢᠯᠲᠡ ᠂ ᠳᠣᠬᠢᠭᠤᠷ ᠲᠤᠯᠤᠭᠠᠨ ᠤᠳᠤ ᠳᠠᠭᠠᠭᠤᠯᠢ ᠤᠳᠤᠨ ᠤ | ᠵᠠᠮᠴᠢᠯᠠᠬᠤ ᠰᠢᠰᠲ᠋ᠧᠮ ᠤᠨ ᠬᠡᠷᠡᠭᠯᠡᠭᠡᠨ ᠂ ᠯᠣᠬᠠᠱᠧᠩ ᠢ ᠳᠤᠮᠳᠠᠳᠤ ᠤᠯᠤᠰ ᠲᠤ ᠣᠷᠣᠭᠤᠯᠬᠤ ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠲᠠᠯ᠎ᠠ ᠪᠠᠷ ᠢᠶᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠨᠢᠭᠧᠷᠢᠶ᠎ᠠ ᠤᠯᠤᠰ ᠤᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠨᠢᠭᠧᠷᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠢᠨᠦ᠋ᠪᠦ᠋ ᠶᠢ ᠤᠭᠲᠤᠬᠤ ᠶᠣᠰᠣᠯᠠᠯ | ᠶᠠᠪᠤᠭᠤᠯᠪᠠ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | | |