| | | | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ 9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠽᠢᠮᠪᠠᠪᠦ᠋ᠸᠧᠢ ᠶᠢᠨ | ᠶᠡᠷᠦᠩᠬᠡᠶᠢᠯᠡᠭᠴᠢ ᠮᠦᠨᠠᠨᠵᠢᠶᠠᠭᠦ᠋ᠸᠠ ᠲᠠᠢ ᠬᠡᠯᠡᠯᠴᠡᠭᠡ ᠬᠢᠪᠡ᠃ | | | | | | 9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠽᠢᠮᠪᠠᠪᠦ᠋ᠸᠧᠢ ᠶᠢᠨ ᠶᠡᠷᠦᠩᠬᠡᠶᠢᠯᠡᠭᠴᠢ ᠮᠦᠨᠠᠨᠵᠢᠶᠠᠭᠦ᠋ᠸᠠ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠽᠢᠮᠪᠠᠪᠦ᠋ᠸᠧᠢ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ ᠶᠤᠮ᠃ ᠣᠶᠢᠷ᠎ᠠ ᠶᠢᠨ ᠵᠢᠯ ᠠᠴᠠ᠂ ᠪᠢᠳᠡᠨ ᠤ | ᠬᠠᠮᠲᠤ ᠶᠢᠨ ᠳᠠᠭᠠᠭᠤᠯᠭ᠎ᠠ ᠳᠣᠣᠷ᠎ᠠ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ | ᠢᠯᠡᠳᠲᠡ ᠪᠣᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠵᠢᠯᠴᠠᠬᠤ ᠬᠡᠪ ᠳᠠᠭᠤᠷᠢᠶᠠᠯ ᠪᠣᠯᠪᠠ᠃ ᠢᠷᠡᠬᠦ ᠵᠢᠯ᠂ ᠬᠤᠶᠠᠷ ᠤᠯᠤᠰ ᠬᠠᠷᠢᠯᠴᠠᠭ᠎ᠠ | ᠪᠠᠶᠢᠭᠤᠯᠤᠭᠰᠠᠨ 45 ᠵᠢᠯ ᠤᠨ ᠤᠢ ᠪᠠᠨ ᠤᠭᠲᠤᠬᠤ ᠪᠣᠯᠣᠨ᠎ᠠ᠃ ᠳᠤᠮᠳᠠᠳᠤ ᠽᠢᠮᠪᠠᠪᠦ᠋ᠸᠧᠢ ᠶᠢᠨ ᠬᠢᠨ ᠲᠤᠶᠢᠯ ᠤᠨ ᠨᠠᠶᠢᠳᠠᠪᠤᠷᠢᠲᠠᠢ ᠨᠥᠬᠦᠷᠯᠡᠯ ᠢᠶᠠᠨ ᠤᠯᠠᠮ ᠨᠢᠭᠡ | ᠠᠯᠬᠤᠮ ᠪᠠᠬᠢᠵᠢᠭᠦᠯᠦᠨ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ᠃ ᠬᠤᠶᠠᠷ ᠲᠠᠯ᠎ᠠ ᠪᠠᠷ ᠢᠶᠠᠨ | ᠨᠥᠭᠦᠷᠰᠡᠭ ᠤᠭ ᠰᠠᠨᠠᠭ᠎ᠠ ᠪᠠᠨ ᠪᠠᠷᠢᠮᠲᠠᠯᠠᠵᠤ᠂ ᠤᠯᠤᠰ ᠲᠦᠷᠦ᠂ ᠠᠵᠤ ᠠᠬᠤᠢ ᠠᠷᠠᠯᠵᠢᠶ᠎ᠠ᠂ ᠠᠮᠤᠷ ᠲᠦᠪᠰᠢᠨ᠂ ᠰᠣᠶᠣᠯ ᠢᠷᠭᠡᠨᠰᠢᠯ᠂ ᠤᠯᠠᠨ ᠤᠯᠤᠰ ᠤᠨ | ᠬᠠᠮᠵᠢᠯᠴᠠᠭ᠎ᠠ ᠪᠠᠷ ᠲᠤᠯᠭᠠᠭᠤᠷᠢ ᠪᠤᠯᠭᠠᠬᠰᠠᠨ ︽ ᠲᠠᠪᠤᠨ ᠣᠳᠣᠲᠤ ᠲᠤᠶᠢᠯ ᠤᠨ ᠨᠠᠶᠢᠳᠠᠪᠤᠷᠢᠲᠠᠢ ︾ ᠬᠠᠮᠲᠤᠷᠠᠯᠴᠠᠭᠠᠨ ᠤ ᠪᠦᠲᠦᠴᠡ ᠶᠢ ᠪᠠᠶᠢᠭᠤᠯᠵᠤ᠂ ᠥᠨᠳᠥᠷ ᠬᠢᠷᠢ | ᠬᠡᠮᠵᠢᠶ᠎ᠡ ᠪᠦᠬᠦᠢ ᠳᠤᠮᠳᠠᠳᠤ ᠽᠢᠮᠪᠠᠪᠦ᠋ᠸᠧᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠽᠢᠮᠪᠠᠪᠦ᠋ᠸᠧᠢ ᠬᠤᠶᠠᠷ ᠤᠯᠤᠰ ᠬᠤᠶᠠᠷ ᠨᠠᠮ ᠤᠨ ᠣᠶᠢᠯᠠᠭᠠᠭᠳᠠᠬᠤᠨ ᠠᠳᠠᠯᠢᠪᠲᠤᠷ᠂ ᠢᠲᠡᠭᠡᠯᠴᠡᠭᠡ ᠪᠠᠲᠤ ᠪᠠᠬᠢ ᠶᠤᠮ᠂ ᠡᠨᠡ ᠪᠣᠯ | ᠳᠤᠮᠳᠠᠳᠤ ᠽᠢᠮᠪᠠᠪᠦ᠋ᠸᠧᠢ ᠶᠢᠨ ᠬᠠᠷᠢᠯᠴᠠᠭᠠᠨ ᠤ ᠬᠠᠮᠤᠭ ᠤᠨ ᠶᠡᠭᠡ ᠳᠠᠪᠠᠭᠤᠯᠢᠭ ᠪᠣᠯᠣᠨ᠎ᠠ᠃ ᠳᠤᠮᠳᠠᠳᠤ ᠶᠢᠨ ᠲᠠᠯ᠎ᠠ ᠽᠢᠮᠪᠠᠪᠦ᠋ᠸᠧᠢ ᠶᠢᠨ ᠲᠠᠯ᠎ᠠ ᠶᠢᠨ ᠬᠢᠨ ᠤ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠳᠡᠮᠵᠢᠵᠦ᠂ ᠭᠠᠳᠠᠭᠠᠳᠤ ᠶᠢᠨ ᠭᠠᠷ ᠳᠦᠷᠦᠯᠲᠡ ᠪᠠ ᠬᠠᠤᠯᠢ ᠪᠤᠰᠤ ᠵᠠᠯᠬᠠᠭᠠᠯ ᠢ ᠡᠰᠡᠷᠭᠦᠴᠡᠨ᠎ᠡ᠂ | ᠳᠤᠷᠠᠲᠠᠶ᠎ᠠ ᠽᠢᠮᠪᠠᠪᠦ᠋ᠸᠧᠢ ᠶᠢᠨ ᠲᠠᠯ᠎ᠠ ᠶᠢᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠦᠷᠭᠦᠯᠵᠢᠯᠡᠨ ᠡᠷᠡᠰ | ᠪᠠᠲᠤ ᠬᠠᠷᠢᠯᠴᠠᠨ ᠳᠡᠮᠵᠢᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠽᠢᠮᠪᠠᠪᠦ᠋ᠸᠧᠢ ᠶᠢᠨ ᠲᠠᠯ᠎ᠠ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠭᠦᠨᠵᠡᠭᠡᠢ ᠵᠣᠯᠭᠠᠭᠤᠯᠵᠤ | ᠂ ᠪᠡᠯᠡ ᠣᠷᠣᠭᠤᠯᠤᠯᠲᠠ᠂ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠡᠨᠧᠷᠭᠢ ᠠᠭᠤᠷᠬᠠᠢ ᠶᠢᠨ ᠭᠠᠷᠤᠯᠲᠠ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠠᠬᠤᠢ ᠵᠡᠷᠭᠡ | ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ᠂ ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠽᠢᠮᠪᠠᠪᠦ᠋ᠸᠧᠢ | ᠪᠣᠯᠣᠨ ᠠᠹᠷᠢᠺᠠ ᠲᠢᠪ ᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ | ᠽᠢᠮᠪᠠᠪᠦ᠋ᠸᠧᠢ ᠶᠢᠨ ᠰᠢᠯᠢᠳᠡᠭ ᠰᠤᠷᠤᠬᠴᠢᠳ ᠤᠨ ᠳᠤᠮᠳᠠᠳᠤ ᠤᠯᠤᠰ ᠲᠤ ᠢᠷᠡᠵᠦ ᠰᠤᠷᠤᠯᠴᠠᠬᠤ ᠳᠤ ᠦᠷᠭᠦᠯᠵᠢᠯᠡᠨ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠵᠤ᠂ | ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠡᠯ᠎ᠡ ᠲᠦᠷᠦᠯ ᠤᠨ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠪᠠ | ᠵᠣᠷᠢᠯᠲᠠ ᠶᠢ ᠽᠢᠮᠪᠠᠪᠦ᠋ᠸᠧᠢ ᠶᠢᠨ ᠬᠢᠨ ᠲᠡᠮᠵᠢᠵᠦ ᠪᠠᠶᠢᠬᠤ ᠶᠢ ᠳᠤᠮᠳᠠᠳᠤ ᠶᠢᠨ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠽᠢᠮᠪᠠᠪᠦ᠋ᠸᠧᠢ ᠶᠢᠨ | ᠡᠮᠦᠨᠡᠲᠦ ᠬᠡᠰᠡᠭ ᠤᠨ ᠠᠹᠷᠢᠺᠠ ᠲᠢᠪ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠳᠤ ᠪᠠᠶᠠᠷ ᠬᠦᠷᠭᠡᠵᠦ᠂ ᠳᠤᠷᠠᠲᠠᠶ᠎ᠠ | ᠽᠢᠮᠪᠠᠪᠦ᠋ᠸᠧᠢ ᠶᠢᠨ ᠲᠠᠯ᠎ᠠ ᠶᠢᠨ ᠬᠢᠨ ᠲᠠᠢ ᠤᠯᠠᠨ ᠤᠯᠤᠰ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ | ᠪᠠᠳᠠᠷᠠᠭᠤᠯᠵᠤ᠂ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠠᠹᠷᠢᠺᠠ ᠲᠢᠪ ᠤᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠭᠠᠳᠠᠭᠠᠳᠤ ᠲᠦᠷᠦ ᠶᠢᠨ | ᠪᠣᠳᠣᠯᠭ᠎ᠠ ᠶᠢᠨ ᠢᠶᠠᠨ ᠰᠠᠭᠤᠷᠢ ᠪᠤᠯᠭᠠᠵᠤ᠂ ᠠᠹᠷᠢᠺᠠ ᠲᠢᠪ ᠤᠨ ᠤᠯᠤᠰ ᠤᠳ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ | ᠳᠡᠮᠵᠢᠵᠦ᠂ ᠠᠹᠷᠢᠺᠠ ᠲᠢᠪ ᠤᠨ ᠳᠡᠯᠡᠬᠡᠢ ᠶᠢᠨ ᠤᠯᠤᠰ ᠲᠦᠷᠦ᠂ ᠠᠵᠤ ᠠᠬᠤᠢ᠂ ᠪᠣᠯᠪᠠᠰᠤᠨ ᠤ ᠬᠥᠭᠵᠢᠯᠲᠡ ᠶᠢᠨ ᠴᠢᠬᠤᠯᠠ ᠨᠢᠭᠡ ᠲᠤᠶᠢᠯ ᠪᠤᠯᠬᠤ ᠶᠢ ᠳᠡᠮᠵᠢᠨ᠎ᠠ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠬᠤ ᠬᠠᠮᠤᠭ ᠤᠨ ᠴᠢᠬᠤᠯᠠ | ᠲᠠᠪᠴᠠᠩ ᠪᠠ ᠲᠣᠭᠲᠠᠴᠠ ᠮᠥᠨ᠂ ᠲᠡᠷᠡ ᠨᠢ ᠨᠢᠭᠡᠨᠲᠡ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠨᠢᠭᠡᠨ ᠲᠤᠭ | ᠪᠣᠯᠤᠭᠰᠠᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ ᠬᠠᠮᠲᠤ ᠪᠠᠷ᠂ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠲᠦᠷᠦᠭᠦᠴᠦᠳ ᠤᠨ | ᠬᠤᠷᠠᠯ ᠢ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠳᠤᠷᠠᠰᠬᠠᠯ ᠤᠨ ᠮᠠᠶ᠋ᠢᠭ ᠤᠨ ᠦᠪᠡᠳᠡᠭᠰᠢ ᠴᠤᠭᠯᠠᠭᠠᠨ ᠪᠣᠯᠭᠠᠨ ᠡᠷᠭᠢᠯᠡᠵᠦ᠂ | ᠳᠤᠮᠳᠠᠳᠤ ᠠᠹᠷᠢᠺᠠ ᠶᠢᠨ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠷᠮᠠᠶᠢᠬᠤ ᠴᠢᠭᠯᠡᠯ ᠪᠣᠯᠣᠨ ᠪᠡᠶᠡᠯᠡᠭᠦᠯᠬᠦ ᠠᠷᠭ᠎ᠠ ᠵᠠᠮ ᠢ ᠲᠣᠳᠣᠷᠬᠠᠶᠢᠯᠠᠨ᠎ᠠ ᠭᠡᠵᠦ ᠵᠢᠭᠠᠵᠤ | ᠭᠠᠷᠭᠠᠪᠠ᠃ | ᠮᠦᠨᠠᠨᠵᠢᠶᠠᠭᠦ᠋ᠸᠠ᠂ ᠡᠨᠡ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠶᠢᠨ ᠬᠤᠭᠤᠴᠠᠭᠠᠨ ᠳᠤ᠂ ᠪᠢ ᠬᠤᠨᠠᠨ᠂ ᠱᠧᠨᠵᠧᠨ ᠪᠣᠯᠣᠨ ᠨᠠᠨᠵᠢᠩ ᠳᠤ | ᠠᠶᠢᠯᠴᠢᠯᠠᠭᠠᠳ ᠶᠡᠬᠡᠳᠡ ᠵᠣᠷᠢᠭᠵᠢᠵᠤ ᠰᠡᠩᠬᠡᠷᠡᠭᠦᠯᠦᠯ ᠣᠯᠵᠠᠢ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠭᠡ | ᠬᠥᠭᠵᠢᠯᠲᠡ ᠶᠢᠨ ᠠᠮᠵᠢᠯᠲᠠ ᠣᠯᠵᠤ᠂ ᠮᠠᠰᠢ ᠤᠯᠠᠨ ᠳᠤᠮᠳᠠᠳᠤ ᠤᠯᠤᠰ ᠤᠨ ᠮᠡᠷᠭᠡᠵᠢᠯ ᠪᠣᠯᠣᠨ ᠠᠵᠤ ᠠᠬᠤᠶᠢᠯᠠᠯ ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠦᠭᠰᠡᠨ | ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠭᠠᠷᠭᠠᠭᠰᠠᠨ ᠠᠯᠢ | ᠣᠯᠠᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠳᠤᠮᠳᠠᠳᠤ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠬᠦ ᠪᠠᠷ ᠪᠠᠷᠠᠬᠤ | ᠦᠭᠡᠢ ᠪᠠᠰᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠴᠢᠨᠠᠭᠰᠢᠯᠠᠪᠠᠯ ᠬᠥᠮᠥᠨ ᠲᠥᠷᠥᠯᠬᠢᠲᠡᠨ ᠤ ᠢᠷᠡᠭᠡᠳᠦᠢ ᠳᠤ ᠴᠢᠬᠤᠯᠠ ᠶᠡᠭᠡ ᠨᠥᠯᠥᠭᠡ ᠦᠵᠡᠭᠦᠯᠭᠦ | ᠪᠣᠯᠣᠨ᠎ᠠ᠃ ᠳᠤᠮᠳᠠᠳᠤ ᠤᠯᠤᠰ ᠤᠨ ᠽᠢᠮᠪᠠᠪᠦ᠋ᠸᠧᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ | ᠲᠡᠮᠡᠴᠡᠬᠦ ᠶᠢ ᠪᠠᠭᠲᠠᠭᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ | ᠬᠠᠪᠰᠤᠷᠤᠯᠭ᠎ᠠ ᠪᠣᠯᠣᠨ ᠬᠠᠮᠲᠤᠷᠠᠯᠴᠠᠭ᠎ᠠ ᠽᠢᠮᠪᠠᠪᠦ᠋ᠸᠧᠢ ᠶᠢᠨ ᠠᠷᠠᠳ ᠲᠦᠮᠡᠨ ᠳᠤ ᠪᠤᠶᠠᠨ ᠦᠢᠯᠡᠳᠴᠦ᠂ ᠰᠢᠨ᠎ᠡ ᠴᠠᠭ ᠦᠶ᠎ᠡ ᠶᠢᠨ ᠽᠢᠮᠪᠠᠪᠦ᠋ᠸᠧᠢ ᠳᠤᠮᠳᠠᠳᠤ ᠶᠢᠨ | ᠨᠥᠬᠦᠷᠯᠡᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠢᠴᠢᠭᠯᠡᠪᠡ᠃ ᠽᠢᠮᠪᠠᠪᠦ᠋ᠸᠧᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠰ ᠢ ᠵᠠᠰᠠᠬᠤ ᠨᠠᠮ ᠢ ᠵᠠᠰᠠᠬᠤ | ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠠᠭᠤᠷᠬᠠᠢ ᠶᠢᠨ ᠭᠠᠷᠤᠯᠲᠠ᠂ ᠰᠢᠨ᠎ᠡ ᠡᠨᠧᠷᠭᠢ ᠵᠡᠷᠭᠡ | ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠽᠢᠮᠪᠠᠪᠦ᠋ᠸᠧᠢ ᠶᠢᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠨ᠎ᠡ᠃ ᠽᠢᠮᠪᠠᠪᠦ᠋ᠸᠧᠢ ᠶᠢᠨ ᠲᠠᠯ᠎ᠠ ᠶᠢᠨ | ᠬᠢᠨ ᠳᠤᠮᠳᠠᠳᠤ ᠤᠯᠤᠰ ᠤᠨ ᠤᠯᠠᠨ ᠤᠯᠤᠰ ᠤᠨ ᠲᠠᠯᠠᠪᠤᠷ ᠲᠤ ᠽᠢᠮᠪᠠᠪᠦ᠋ᠸᠧᠢ ᠶᠢᠨ ᠲᠠᠯ᠎ᠠ ᠳᠤ ᠲᠥᠪ ᠶᠣᠰᠣᠨ ᠤ ᠦᠨᠡᠨ ᠦᠭᠡ ᠬᠡᠯᠡᠭᠰᠡᠨ ᠳᠤ ᠲᠠᠯᠠᠷᠬᠠᠵᠤ᠂ ᠳᠤᠮᠳᠠᠳᠤ | ᠤᠯᠤᠰ ᠤᠨ ᠦᠺᠷᠠᠶᠢᠨ ᠤ ᠬᠢᠮᠤᠷᠠᠯ ᠪᠣᠯᠣᠨ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠡᠭᠡᠷ᠎ᠡ ᠪᠦᠲᠦᠭᠡᠯᠴᠢ | ᠴᠢᠨᠠᠷᠲᠠᠢ ᠦᠢᠯᠡᠳᠦᠯ ᠦᠵᠡᠭᠦᠯᠦᠭᠰᠡᠨ ᠢ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠲᠤᠬᠠᠢ ᠰᠢᠷᠢᠰ | ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠤᠨ᠎ᠠ᠃ ᠽᠢᠮᠪᠠᠪᠦ᠋ᠸᠧᠢ ᠶᠢᠨ ᠬᠢᠨ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠬᠢᠴᠢᠶᠡᠩᠭᠦᠶᠢᠯᠡᠨ ᠵᠢᠷᠤᠮᠯᠠᠬᠤ ᠶᠢ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ ᠤᠨ ᠡᠮᠦᠨᠡᠲᠦ ᠬᠡᠰᠡᠭ ᠤᠨ ᠠᠹᠷᠢᠺᠠ ᠲᠢᠪ ᠲᠠᠬᠢ | ᠡᠷᠡᠰ ᠪᠠᠲᠤ ᠳᠣᠲᠣᠨᠣ ᠨᠠᠶᠢᠵᠠ ᠪᠣᠯᠵᠤ᠂ ᠳᠤᠮᠳᠠᠳᠤ ᠤᠯᠤᠰ ᠯᠤᠭ᠎ᠠ ᠬᠠᠮᠲᠤ ᠪᠠᠷ ᠽᠢᠮᠪᠠᠪᠦ᠋ᠸᠧᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠲᠠᠢ ᠶᠠᠪᠤᠭᠳᠠᠵᠤ᠂ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠶᠢ ᠠᠬᠢᠭᠤᠯᠬᠤ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠷ᠎ᠡ ᠪᠦᠲᠦᠭᠡᠯ ᠣᠯᠬᠤ ᠶᠢ ᠵᠥᠩᠨᠡᠶ᠎ᠡ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ᠂ ᠠᠯᠢᠮᠠᠯᠢᠭ ᠵᠢᠮᠢᠰ ᠢ ᠳᠤᠮᠳᠠᠳᠤ ᠤᠯᠤᠰ ᠲᠤ | ᠣᠷᠣᠭᠤᠯᠬᠤ᠂ ᠰᠣᠨᠢᠨ ᠮᠡᠳᠡᠭᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ | ᠬᠠᠮᠲᠤ ᠪᠠᠷ ᠭᠡᠷᠡᠴᠢᠯᠡᠪᠡ᠃ | ᠬᠤᠶᠠᠷ ᠲᠠᠯ᠎ᠠ ᠪᠠᠷ ᠢᠶᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠽᠢᠮᠪᠠᠪᠦ᠋ᠸᠧᠢ ᠤᠯᠤᠰ ᠤᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ | ᠽᠢᠮᠪᠠᠪᠦ᠋ᠸᠧᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠦᠨᠠᠨᠵᠢᠶᠠᠭᠦ᠋ᠸᠠ ᠶᠢ ᠤᠭᠲᠤᠬᠤ | ᠶᠣᠰᠣᠯᠠᠯ ᠶᠠᠪᠤᠭᠤᠯᠪᠠ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |