ᠪᠦᠬᠦ ᠲᠠᠯ᠎ᠠ ᠶᠢᠨ᠂ ᠥᠷᠭᠡᠨ ᠬᠦᠷᠢᠶᠡᠨ ᠤ᠂ ᠪᠣᠰᠤᠭ᠎ᠠ ᠴᠣᠭᠴᠠᠲᠤ — ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠠᠮᠲᠤᠷᠠᠯᠴᠠᠭ᠎ᠠ ᠰᠣᠯᠢᠯᠴᠠᠭ᠎ᠠ ᠰᠢᠨ᠎ᠡ ᠱᠠᠲᠤᠨ ᠳᠤ ᠣᠷᠣᠪᠠ ︵ᠳᠡᠭᠡᠳᠦ︶
ᠨᠡᠶᠢᠲᠡᠯᠡᠭᠰᠡᠨ ᠴᠠᠭ᠄
2024/9/5
  ᠷᠠᠳᠢᠣ᠋ ᠲᠧᠯᠸᠢᠰ ᠤᠨ ᠦᠵᠡᠵᠦ ᠰᠣᠨᠣᠰᠬᠤ ᠬᠠᠮᠲᠤᠷᠠᠯᠴᠠᠭ᠎ᠠ ᠰᠣᠯᠢᠯᠴᠠᠭ᠎ᠠ ᠪᠣᠯ ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠴᠢᠬᠤᠯᠠ ᠲᠠᠯ᠎ᠠ ᠪᠣᠯᠤᠨ᠎ᠠ᠃ 9 ᠳ᠋ᠦ᠋ᠭᠡᠷ ᠰᠠᠷ᠎ᠠ ᠶᠢᠨ 2 ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠶᠡᠷᠦᠩᠬᠡᠶᠢᠯᠡᠭᠴᠢ ᠺᠣᠮᠣᠷᠣ᠋ ᠶᠢᠨ ᠶᠡᠷᠦᠩᠬᠡᠶᠢᠯᠡᠭᠴᠢ ᠲᠠᠢ ᠠᠭᠤᠯᠵᠠᠬᠤ ᠳᠤ ᠪᠠᠨ ᠲᠤᠰᠬᠠᠶᠢᠯᠠᠨ ᠳᠤᠷᠠᠳᠴᠤ᠂ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠥᠩᠭᠡᠷᠡᠯᠲᠡ ᠶᠢ ᠲᠤᠰᠬᠠᠭᠰᠠᠨ ᠲᠧᠯᠸᠢᠰ ᠵᠦᠴᠦᠭᠡ ︽ᠠᠭᠤᠯᠠ ᠤᠰᠤᠨ ᠤ ᠬᠠᠶᠢᠷ᠎ᠠ︾ ᠶᠢ ᠤᠢᠢᠷ᠎ᠠ ᠳᠤ ᠺᠣᠮᠣᠷᠣ᠋ ᠳᠤ ᠬᠠᠯᠠᠭᠤᠨ ᠢᠶᠠᠷ ᠨᠡᠪᠲᠡᠷᠡᠭᠦᠯᠬᠦ ᠶᠢᠨ ᠬᠠᠮᠲᠤ ᠳᠤᠮᠳᠠᠳᠤ ᠺᠣᠮᠣᠷᠣ᠋ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠠᠰᠤᠷᠠᠯᠲᠠ ᠦᠭᠡᠢ ᠪᠠᠶᠢᠭᠤᠯᠵᠤ ᠪᠠᠶᠢᠭ᠎ᠠ ︽ᠠᠭᠤᠯᠠ ᠤᠰᠤᠨ ᠤ ᠬᠠᠶᠢᠷ᠎ᠠ︾ ᠶᠢ ᠳᠤᠷᠠᠲᠠᠶ᠎ᠠ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠣᠭᠲᠠᠴᠠ ᠶᠢᠨ ᠳᠠᠭᠠᠭᠤᠯᠭ᠎ᠠ ᠳᠣᠣᠷ᠎ᠠ᠂ ᠬᠤᠶᠠᠷ ᠲᠠᠯ᠎ᠠ ᠪᠠᠷ ᠢᠶᠠᠨ ᠰᠣᠨᠢᠨ ᠮᠡᠳᠡᠭᠡᠨ ᠤ ᠮᠡᠳᠡᠭᠡᠯᠡᠯ᠂ ᠬᠠᠮᠲᠤᠷᠠᠨ ᠦᠢᠯᠡᠳᠬᠦ᠂ ᠤᠯᠠᠨ ᠡᠰᠢᠴᠢᠯᠡᠭᠰᠡᠨ ᠳᠠᠮᠵᠢᠭᠤᠯᠭ᠎ᠠ᠂ ᠷᠠᠳᠢᠣ᠋ ᠲᠧᠯᠸᠢᠰ ᠤᠨ ᠮᠡᠷᠭᠡᠵᠢᠯ᠂ ᠬᠥᠮᠦᠰ ᠤᠨ ᠶᠠᠪᠤᠯᠴᠠᠭ᠎ᠠ ᠵᠡᠷᠭᠡ ᠬᠦᠷᠢᠶᠡᠨ ᠳᠤ ᠦᠷᠭᠦᠯᠵᠢᠯᠡᠨ ᠬᠠᠮᠲᠤᠷᠠᠯᠴᠠᠵᠤ᠂ ᠪᠦᠬᠦ ᠲᠠᠯ᠎ᠠ ᠶᠢᠨ᠂ ᠥᠷᠭᠡᠨ ᠬᠦᠷᠢᠶᠡᠨ ᠤ᠂ ᠪᠣᠰᠤᠭ᠎ᠠ ᠴᠣᠭᠴᠠᠲᠤ ᠣᠨᠴᠠᠯᠢᠭ ᠢ ᠢᠯᠡᠷᠡᠭᠦᠯᠵᠦ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠬᠤ ᠳᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠴᠦᠨ ᠴᠢᠳᠠᠯ ᠢᠶᠠᠨ ᠡᠷᠭᠦᠪᠡ᠃ ᠥᠨᠥᠳᠦᠷ ︽ᠪᠥᠬᠦ ᠲᠠᠯ᠎ᠠ ᠶᠢᠨ᠂ ᠥᠷᠭᠡᠨ ᠬᠦᠷᠢᠶᠡᠨ ᠤ᠂ ᠪᠣᠰᠤᠭ᠎ᠠ ᠴᠣᠭᠴᠠᠲᠤ — ᠳᠤᠮᠳᠠᠳᠤ ᠠᠹᠷᠢᠺᠠ ᠶᠢᠨ ᠷᠠᠳᠢᠣ᠋ ᠲᠧᠯᠧᠢᠰ ᠤᠨ ᠦᠵᠡᠵᠦ ᠰᠣᠨᠣᠰᠬᠤ ᠬᠠᠮᠵᠢᠯᠴᠠᠭ᠎ᠠ ᠰᠣᠯᠢᠯᠴᠠᠭ᠎ᠠ ᠰᠢᠨ᠎ᠡ ᠱᠠᠲᠤᠨ ᠳᠤ ᠣᠷᠣᠪᠠ ︵ᠳᠡᠭᠡᠳᠦ︶︾ ᠶᠢ ᠨᠠᠶᠢᠷᠠᠭᠤᠯᠤᠨ ᠲᠠᠷᠬᠠᠭᠠᠪᠠ᠃  ᠨᠢᠭᠡ᠂ ᠶᠠᠷᠢᠶᠠᠨ ᠤ ᠲᠠᠪᠴᠠᠩ ᠢᠶᠠᠷ ᠬᠥᠲᠥᠯᠥᠨ ᠳᠠᠭᠠᠭᠤᠯᠵᠤ᠂ ᠲᠣᠭᠲᠠᠴᠠ ᠶᠢᠨ ᠴᠢᠨᠠᠷᠲᠠᠶ ᠰᠣᠯᠢᠯᠴᠠᠭ᠎ᠠ ᠶᠠᠷᠢᠯᠴᠠᠭᠠᠨ ᠤ ᠲᠠᠪᠴᠠᠩ ᠢ ᠪᠠᠶᠢᠭᠤᠯᠪᠠ  ︽ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ︾ ᠪᠣᠯ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠤᠷᠠᠬᠢ ᠵᠠᠭᠤᠴᠢᠯᠠᠭᠤᠷ ᠤᠨ ᠬᠦᠷᠢᠶᠡᠨ ᠳᠠᠬᠢ ᠴᠢᠬᠤᠯᠠ ᠲᠣᠭᠲᠠᠴᠠ ᠶᠢᠨ ᠴᠢᠨᠠᠷᠲᠠᠶ ᠠᠵᠢᠯᠯᠠᠭ᠎ᠠ ᠮᠥᠨ᠂ ᠳᠤᠮᠳᠠᠳᠤ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠬᠢᠭᠡᠳ ᠠᠹᠷᠢᠺᠠ ᠲᠢᠪ ᠤᠨ ᠷᠠᠳᠢᠣ᠋ ᠨᠡᠪᠲᠡᠷᠡᠭᠦᠯᠭᠡ ᠶᠢᠨ ᠬᠤᠯᠪᠣᠭ᠎ᠠ ᠬᠠᠮᠲᠤᠷᠠᠨ ᠡᠷᠬᠢᠯᠡᠪᠡ᠃ ᠬᠤᠶᠠᠷ ᠲᠠᠯ᠎ᠠ ᠶᠢᠨ ᠤᠳᠤᠷᠢᠳᠤᠯᠭ᠎ᠠ ᠶᠠᠷᠢᠶᠠᠨ ᠤ ᠲᠠᠪᠴᠠᠩ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠣᠢ᠃ 2022 ᠣᠨ ᠳᠤ ᠂ ᠲᠡᠷᠢᠭᠦᠯᠡᠭᠴᠢ ᠰᠢ ᠶᠢᠨ ᠫᠢᠩ ᠪᠣᠯᠤᠨ ᠤᠳᠤ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠮᠠᠺᠢ • ᠰᠠᠯᠧᠷ ᠲᠠᠪᠤᠳᠤᠭᠠᠷ ᠬᠤᠭᠤᠴᠠᠭᠠᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠳᠤ ᠪᠠᠨ᠂ ︽ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ᠠᠬᠢᠭᠤᠯᠤᠭᠴᠢ᠂ ᠲᠥᠪ ᠭᠤᠣᠯᠴᠢ ᠰᠢᠳᠤᠷᠭᠤ ᠶᠣᠰᠣᠨ ᠤ ᠰᠠᠬᠢᠨ ᠬᠠᠮᠠᠭᠠᠯᠠᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠤᠭᠴᠢ︾᠂ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ ᠭᠡᠵᠦ ᠳᠤᠷᠠᠳᠤᠨ ᠭᠠᠷᠭᠠᠪᠠ᠃  2012 ᠣᠨ ᠳᠤ ᠡᠭᠦᠳᠦᠨ ᠪᠠᠶᠢᠭᠤᠯᠤᠭᠰᠠᠨ ᠠᠴᠠ ᠨᠠᠭᠠᠰᠢ᠂ ᠶᠠᠷᠢᠯᠴᠠᠭᠠᠨ ᠤ ᠲᠠᠪᠴᠠᠩ ᠢ 6 ᠬᠤᠭᠤᠴᠠᠭ᠎ᠠ ᠠᠮᠵᠢᠯᠲᠠ ᠲᠠᠢ ᠡᠷᠬᠢᠯᠡᠵᠦ᠂ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠲᠣᠭᠲᠠᠴᠠ ᠶᠢᠨ ᠴᠢᠨᠠᠷᠲᠠᠶ ᠰᠣᠯᠢᠯᠴᠠᠭ᠎ᠠ ᠶᠠᠷᠢᠯᠴᠠᠭ᠎ᠠ ᠥᠷᠨᠢᠭᠦᠯᠵᠦ᠂ ᠪᠤᠳᠠᠲᠠᠶ ᠬᠠᠮᠵᠢᠯᠴᠠᠭ᠎ᠠ ᠶᠢ ᠠᠬᠢᠭᠤᠯᠬᠤ ᠴᠢᠬᠤᠯᠠ ᠲᠠᠪᠴᠠᠩ ᠪᠣᠯᠵᠠᠶ᠃ ᠬᠤᠷᠠᠯ ᠳᠡᠭᠡᠷ᠎ᠡ ᠳᠤᠮᠳᠠᠳᠤ ᠤᠯᠤᠰ ᠪᠣᠯᠤᠨ ᠠᠹᠷᠢᠺᠠ ᠲᠢᠪ ᠤᠨ ᠤᠯᠤᠰ ᠤᠨ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠷᠠᠳᠢᠣ᠋ ᠲᠧᠯᠸᠢᠰ ᠤᠨ ᠲᠤᠰᠬᠠᠶ ᠮᠡᠷᠭᠡᠵᠢᠯᠲᠡᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ 80 ᠭᠠᠷᠤᠶ ᠵᠦᠢᠯ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠣᠯᠵᠤ᠂ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ᠂ ᠥᠨᠳᠥᠷ ᠲᠦᠪᠰᠢᠨ ᠪᠥᠬᠦᠶ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠵᠡᠶ᠃  2024 ᠣᠨ ᠤ 8 ᠳ᠋ᠤᠭᠠᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠ ᠳᠤᠮᠳᠠᠳᠤ ᠠᠹᠷᠢᠺᠠ ᠶᠢᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠯᠴᠠᠭ᠎ᠠ ᠪᠡᠭᠡᠵᠢᠩ ᠳᠤ ᠶᠠᠪᠤᠭᠳᠠᠪᠠ᠃ ᠲᠤᠰ ᠤᠳᠠᠭᠠᠨ ᠤ ᠶᠠᠷᠢᠯᠴᠠᠭᠠᠨ ᠤ ᠲᠠᠪᠴᠠᠩ ᠤᠶᠤᠨ ᠤ ᠬᠥᠮᠥᠷᠭᠡ ᠶᠢᠨ ᠠᠵᠢᠯᠯᠠᠭ᠎ᠠ ᠳᠤ ᠠᠩᠬ᠎ᠠ ᠤᠳᠠᠭ᠎ᠠ ᠣᠷᠣᠯᠴᠠᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠹᠷᠢᠺᠠ ᠲᠢᠪ ᠤᠨ ᠷᠠᠳᠢᠣ᠋ ᠨᠡᠪᠲᠡᠷᠡᠭᠦᠯᠭᠡ ᠶᠢᠨ ᠬᠤᠯᠪᠣᠭ᠎ᠠ ᠲᠠᠢ ᠬᠠᠮᠲᠤᠷᠠᠨ ᠭᠤᠤᠯᠯᠠᠨ ᠡᠷᠭᠢᠯᠡᠪᠡ᠃ ᠠᠹᠷᠢᠺᠠ ᠲᠢᠪ ᠤᠨ ᠤᠯᠤᠰ ᠤᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠵᠠᠭᠤᠴᠢᠯᠠᠭᠤᠷ᠂ ᠤᠶᠤᠨ ᠤ ᠬᠥᠮᠥᠷᠭᠡ᠂ ᠠᠵᠤ ᠠᠬᠤᠶᠢᠯᠠᠯ ᠵᠢᠴᠢ ᠠᠹᠷᠢᠺᠠ ᠲᠢᠪ ᠤᠨ ᠤᠯᠤᠰ ᠤᠨ ᠬᠤᠯᠪᠣᠭᠠᠨ ᠤ ᠵᠥᠪᠯᠡᠯ᠂ ᠠᠹᠷᠢᠺᠠ ᠲᠢᠪ ᠤᠨ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠯᠪᠣᠭ᠎ᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ 500 ᠭᠠᠷᠤᠢ ᠲᠥᠯᠥᠭᠡᠯᠡᠭᠴᠢ ᠶᠠᠷᠢᠶᠠᠨ ᠤ ᠲᠠᠪᠴᠠᠩ ᠵᠢᠴᠢ ᠢᠵᠢ ᠪᠦᠷᠢᠳᠦᠭᠰᠡᠨ ᠠᠵᠢᠯᠯᠠᠭ᠎ᠠ ᠳᠤ ᠣᠷᠣᠯᠴᠠᠪᠠ᠃ ᠶᠠᠷᠢᠯᠴᠠᠭᠠᠨ ᠤ ᠲᠠᠪᠴᠠᠩ ᠤᠨ ᠬᠤᠭᠤᠴᠠᠭᠠᠨ ᠳᠤ ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠪᠣᠯᠤᠨ ᠣᠶᠤᠨ ᠤ ᠬᠥᠮᠥᠷᠭᠡ ᠶᠢᠨ ᠬᠠᠮᠲᠤ ᠶᠢᠨ ᠠᠵᠢᠯᠯᠠᠭᠠᠨ ᠤ 20 ᠲᠥᠷᠥᠯ ᠤᠨ ᠰᠢᠨ᠎ᠡ ᠦᠷ᠎ᠡ ᠪᠥᠲᠥᠭᠡᠯ ᠢ ᠨᠡᠶᠢᠲᠡᠯᠡᠵᠡᠶ᠃  ᠬᠤᠶᠠᠷ᠂ ᠰᠤᠨᠢᠨ ᠮᠡᠳᠡᠭᠡ ᠶᠢ ᠬᠠᠮᠲᠤᠷᠠᠯᠴᠠᠭᠤᠯᠵᠤ᠂ ᠳᠤᠮᠳᠠᠳᠤ ᠠᠹᠷᠢᠺᠠ ᠶᠢᠨ ᠲᠡᠯᠡᠬᠡᠢ ᠳᠡᠭᠡᠷᠡᠬᠢ ᠨᠦᠯᠦᠬᠡᠯᠡᠬᠦ ᠬᠦᠴᠦᠨ ᠢ ᠬᠠᠮᠳᠤ ᠪᠠᠷ ᠳᠡᠭᠡᠭᠰᠢᠯᠡᠭᠦᠯᠪᠡ  ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠬᠢᠨ ︽ᠦᠨᠡᠨᠴᠢ ᠨᠥᠬᠦᠷᠰᠡᠭ ᠪᠠᠶᠢᠬᠤ᠂ ᠡᠷᠬᠡ ᠲᠡᠭᠰᠢ ᠪᠠᠷ ᠬᠠᠨᠳᠤᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ᠂ ᠲᠥᠪ ᠶᠣᠰᠣ ᠶᠢ ᠬᠠᠮᠠᠭᠠᠯᠠᠬᠤ᠂ ᠰᠢᠳᠤᠷᠭᠤ ᠶᠣᠰᠣ ᠶᠢ ᠬᠠᠮᠠᠭᠠᠯᠠᠬᠤ᠂ ᠴᠠᠭ ᠤᠨ ᠪᠠᠶᠢᠳᠠᠯ ᠳᠤ ᠵᠣᠬᠢᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ︾ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠪᠤᠰᠤᠳᠴᠢ ᠂ ᠪᠦᠬᠦ ᠲᠠᠯ᠎ᠠ ᠶᠢᠨ᠂ ᠣᠶᠣᠨᠯᠢᠭ ᠪᠠᠶᠢᠬᠤ ᠢᠳᠡᠪᠬᠢᠲᠡᠢ ᠮᠡᠳᠡᠭᠡᠯᠡᠯ ᠢᠶᠠᠷ ᠳᠤᠮᠳᠠᠳᠤ ᠠᠹᠷᠢᠺᠠ ᠶᠢᠨ ᠤᠯᠠᠨ ᠤᠯᠤᠰ ᠤᠨ ᠦᠭᠡ ᠬᠡᠯᠡᠬᠦ ᠡᠷᠬᠡ ᠶᠢ ᠪᠦᠲᠦᠮᠵᠢᠲᠡᠢ ᠳᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠳᠡᠯᠡᠬᠡᠢ ᠳ᠋ᠠᠬᠢᠨ ᠤ ᠨᠥᠯᠥᠭᠡᠯᠡᠬᠦ ᠬᠦᠴᠦᠨ ᠢ ᠴᠢᠩᠭᠠᠳᠬᠠᠵᠤ᠂ ᠳᠤᠮᠳᠠᠳᠤ ᠠᠹᠷᠢᠺᠠ ᠶᠢᠨ ᠪᠦᠯᠬᠦᠮᠳᠡᠯ ᠨᠥᠬᠦᠷᠯᠡᠯ ᠤᠨ ᠭᠤᠣᠯ ᠬᠦᠭ ᠠᠶᠠᠰ ᠢ ᠬᠠᠩᠭᠢᠨᠠᠭᠤᠯᠪᠠ᠃  ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠰᠠᠶᠢᠨ ᠰᠠᠶᠢᠬᠠᠨ ᠬᠠᠮᠵᠢᠯᠴᠠᠭᠠᠨ ᠤ ᠬᠠᠷᠢᠴᠠᠭ᠎ᠠ ᠪᠣᠯᠤᠨ ᠲᠣᠭᠲᠠᠴᠠ ᠶᠢ ᠪᠠᠶᠢᠭᠤᠯᠵᠤ᠂ ᠠᠭᠤᠯᠭ᠎ᠠ ᠶᠢ ᠬᠠᠮᠲᠤ ᠪᠠᠷ ᠬᠦᠷᠲᠡᠬᠦ ᠪᠠ ᠵᠠᠬᠢᠶᠠᠯᠠᠨ ᠵᠣᠬᠢᠶᠠᠬᠤ ᠪᠠᠷ ᠳᠠᠮᠵᠢᠨ᠂ ᠥᠷᠥᠨᠡᠳᠠᠬᠢᠨ ᠤ ᠬᠡᠪᠯᠡᠯ ᠮᠡᠳᠡᠭᠡᠯᠡᠯ ᠤᠨ ᠬᠢᠨ ᠤ ᠳᠤᠮᠳᠠᠳᠤ ᠤᠯᠤᠰ᠂ ᠠᠹᠷᠢᠺᠠ ᠲᠢᠪ ᠤᠨ ᠳᠦᠷᠢ ᠲᠥᠷᠬᠦ ᠶᠢᠨ ᠲᠤᠬᠠᠶ ᠬᠡᠯᠪᠠᠶᠢᠭᠦᠦ ᠦᠵᠡᠯᠲᠡ ᠶᠢ ᠡᠪᠳᠡᠵᠦ᠂ ᠳᠤᠮᠳᠠᠳᠤ ᠠᠹᠷᠢᠺᠠ ᠶᠢᠨ ᠬᠠᠮᠲᠤ ᠪᠠᠷ ᠠᠰᠢᠭ ᠬᠦᠷᠲᠡᠭᠰᠡᠨ ᠬᠠᠮᠲᠤ ᠪᠠᠷ ᠬᠥᠭᠵᠢᠭᠰᠡᠨ ᠦᠯᠢᠭᠡᠷ ᠢ ᠬᠠᠮᠲᠤ ᠪᠠᠷ ᠰᠠᠶᠢᠲᠤᠷ ᠶᠠᠷᠢᠵᠠᠢ᠃ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠠᠹᠷᠢᠺᠠ ᠲᠢᠪ ᠤᠨ 51 ᠤᠯᠤᠰ ᠤᠨ 242 ᠵᠠᠭᠤᠴᠢᠯᠠᠭᠤᠷ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠠᠮ ᠵᠠᠭᠤᠴᠢᠯᠠᠭᠤᠷ ᠤᠨ ᠵᠠᠬᠢᠶᠠᠯᠠᠨ ᠦᠢᠯᠡᠳᠬᠦ ᠦᠢᠯᠡᠴᠢᠯᠡᠭᠡᠨ ᠤ ᠲᠠᠪᠴᠠᠩ ︵AMSP︶ ᠢ ᠬᠡᠷᠡᠭᠯᠡᠪᠡ᠃ 2024 ᠣᠨ ᠤ 8 ᠳ᠋ᠤᠭᠠᠷ ᠰᠠᠷ᠎ᠠ ᠪᠣᠯᠲᠠᠯ᠎ᠠ᠂ ᠠᠹᠷᠢᠺᠠ ᠲᠢᠪ ᠤᠨ 31 ᠤᠯᠤᠰ ᠤᠨ 50 ᠭᠤᠤᠯ ᠵᠠᠭᠤᠴᠢᠯᠠᠭᠤᠷ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ︽ᠠᠹᠷᠢᠺᠠ ᠲᠢᠪ ᠤᠨ ᠬᠠᠨᠢᠲᠠᠨ︾ ᠤ ᠵᠠᠭᠤᠴᠢᠯᠠᠭᠤᠷ ᠤᠨ ᠨᠠᠶᠢᠵᠠ ᠶᠢᠨ ᠲᠣᠭᠤᠷᠢᠭ ᠤᠨ ᠬᠠᠮᠲᠤᠷᠠᠯᠴᠠᠭᠠᠨ ᠤ ᠲᠣᠭᠲᠠᠴᠠ ᠳᠤ ᠣᠷᠣᠯᠴᠠᠪᠠ᠃  CGTN ᠠᠩᠭ᠍ᠯᠢ ᠬᠡᠯᠡᠨ ᠤ ᠰᠤᠪᠠᠭ᠂ ᠹᠷᠠᠨᠼᠢ ᠬᠡᠯᠡᠨ ᠤ ᠰᠤᠪᠠᠭ᠂ ᠠᠷᠠᠪ ᠬᠡᠯᠡᠨ ᠤ ᠰᠤᠪᠠᠭ ᠨᠢ ᠠᠹᠷᠢᠺᠠ ᠲᠢᠪ ᠤᠨ ᠭᠤᠤᠯ ᠵᠠᠭᠤᠴᠢᠯᠠᠭᠤᠷ ᠲᠠᠢ ᠢᠳᠡᠪᠬᠢᠲᠡᠶ ᠬᠠᠮᠲᠤᠷᠠᠯᠴᠠᠵᠤ ᠳᠠᠮᠵᠢᠭᠤᠯᠬᠤ ᠶᠢ ᠠᠬᠢᠭᠤᠯᠵᠤ᠂ ᠰᠤᠷᠪᠤᠯᠵᠢᠯᠠᠭᠴᠢ ᠲᠤᠬᠠᠶ ᠶᠢᠨ ᠭᠠᠵᠠᠷ ᠤᠨ ᠵᠠᠭᠤᠴᠢᠯᠠᠭᠤᠷ ᠤᠨ ᠨᠡᠪᠲᠡᠷᠡᠭᠦᠯᠬᠦ ᠲᠠᠰᠤᠭ᠂ ᠮᠡᠳᠡᠭᠡᠯᠡᠬᠦ ᠠᠭᠤᠯᠭ᠎ᠠ ᠶᠢ ᠬᠠᠮᠲᠤ ᠪᠠᠷ ᠬᠦᠷᠲᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠡᠳᠡᠭᠡᠯᠡᠬᠦ ᠬᠠᠷᠠᠭᠠᠰᠤ ᠪᠠᠨ ᠤᠷᠲᠤᠳᠬᠠᠵᠤ᠂ ᠰᠣᠨᠢᠨ ᠮᠡᠳᠡᠭᠡᠨ ᠤ ᠫᠷᠤᠭ᠍ᠷᠠᠮ ᠤᠨ ᠬᠦᠷᠦᠯᠴᠡᠬᠦ ᠬᠡᠪᠴᠢᠶ᠎ᠡ ᠪᠠᠨ ᠥᠷᠭᠡᠳᠭᠡᠪᠡ᠃ 2024 ᠣᠨ ᠤ 7 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠲᠠᠰᠢᠷᠠᠮ ᠳᠤ᠂ CGTN ᠹᠷᠠᠨᠼᠢ ᠬᠡᠯᠡᠨ ᠤ ᠰᠤᠪᠠᠭ ᠨᠢ ︽ᠳᠤᠮᠳᠠᠳᠤ ᠤᠯᠤᠰ ᠤᠨ ᠣᠳᠣᠬᠢᠴᠢᠯᠠᠯᠲᠠ ᠵᠢᠴᠢ ᠲᠡᠭᠦᠨ ᠤ ᠬᠥᠭᠵᠢᠯᠲᠡ ᠪᠠᠷ ᠪᠦᠬᠦ ᠪᠥᠮᠪᠥᠷᠴᠡᠭ ᠤᠨ ᠬᠥᠭᠵᠢᠯ ᠴᠡᠴᠡᠭᠯᠡᠯ ᠢ ᠬᠡᠷᠬᠢᠨ ᠠᠬᠢᠭᠤᠯᠬᠤ ᠪᠤᠢ︖ ᠢᠯᠠᠩᠭᠤᠶ᠎ᠠ ᠠᠹᠷᠢᠺᠠ ᠲᠢᠪ ᠤᠨ ᠬᠥᠭᠵᠢᠯ ᠴᠡᠴᠡᠭᠯᠡᠯ ᠢ ᠬᠡᠷᠬᠢᠨ ᠠᠬᠢᠭᠤᠯᠬᠤ ᠪᠤᠢ︖ ︾ ᠪᠠᠷ ᠭᠤᠣᠯ ᠰᠡᠳᠦᠪ  ᠪᠣᠯᠭᠠᠨ᠂ ᠠᠹᠷᠢᠺᠠ ᠲᠢᠪ ᠤᠨ ᠰᠤᠷᠪᠤᠯᠵᠢᠯᠠᠭᠴᠢ ᠶᠢᠨ ᠳᠤᠭᠤᠢ ᠰᠢᠷᠡᠭᠡᠨ ᠤ ᠬᠤᠷᠠᠯ ︽ᠬᠠᠮᠲᠤ ᠪᠠᠷ ᠢᠵᠢᠯ ᠲᠥᠪᠲᠦ ᠲᠣᠭᠤᠷᠢᠭ ᠢ ᠪᠡᠶᠡᠯᠡᠭᠦᠯᠬᠦ︾ ᠶᠢ ᠡᠷᠬᠢᠯᠡᠵᠦ᠂ ᠬᠤᠷᠠᠯ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃  ᠭᠤᠷᠪᠠ᠂ ᠳᠠᠮᠵᠢᠭᠤᠯᠭ᠎ᠠ ᠶᠢ ᠪᠤᠰᠤᠭ᠎ᠠ ᠴᠣᠭᠴᠠᠵᠢᠭᠤᠯᠤᠨ᠂ ᠳᠤᠮᠳᠠᠳᠤ ᠤᠯᠤᠰ ᠤᠨ ᠫᠷᠦᠭᠷᠡᠮ ᠠᠹᠷᠢᠺᠠ ᠲᠢᠪ ᠤᠨ ᠭᠤᠤᠯ ᠤᠷᠤᠰᠬᠠᠯ ᠤᠨ ᠨᠡᠶᠢᠭᠡᠮ ᠳᠤ ᠤᠷᠤᠬᠤ ᠶᠢ ᠠᠬᠢᠭᠤᠯᠪᠠ  ᠤᠢᠢᠷ᠎ᠠ ᠶᠢᠨ ᠵᠢᠯ ᠠᠴᠠ᠂ ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠤᠨ ᠪᠠᠶᠢᠭᠤᠯᠤᠮᠵᠢ ᠳᠡᠯᠭᠡᠨ ᠨᠡᠪᠲᠡᠷᠡᠭᠦᠯᠬᠦ ᠠᠵᠢᠯᠯᠠᠭ᠎ᠠ᠂ ᠪᠦᠬᠦ᠋ᠢᠯᠡ ᠰᠤᠪᠠᠭ᠂ ᠲᠧᠯᠸᠢᠰ ᠤᠨ ᠪᠤᠯᠤᠩ᠂ ᠰᠢᠨ᠎ᠡ ᠵᠠᠭᠤᠴᠢᠯᠠᠭᠤᠷ ᠤᠨ ᠲᠠᠪᠴᠠᠩ ᠵᠡᠷᠭᠡ ᠨᠡᠪᠲᠡᠷᠡᠭᠦᠯᠭᠡ ᠶᠢᠨ ᠠᠷᠭ᠎ᠠ ᠬᠡᠯᠪᠡᠷᠢ ᠪᠠᠷ ᠤᠯᠠᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠦᠵᠡᠵᠦ ᠰᠣᠨᠣᠰᠬᠤ ᠫᠷᠤᠭ᠍ᠷᠠᠮ ᠤᠨ ᠠᠹᠷᠢᠺᠠ ᠲᠢᠪ ᠤᠨ ᠭᠤᠣᠯ ᠪᠣᠯᠬᠤ ᠲᠧᠯᠸᠢᠰ ᠤᠨ ᠵᠠᠭᠤᠴᠢᠯᠠᠭᠤᠷ ᠲᠤ ᠨᠡᠪᠲᠡᠷᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠫᠷᠤᠭ᠍ᠷᠠᠮ ᠢ ᠠᠹᠷᠢᠺᠠ ᠲᠢᠪ ᠤᠨ ᠠᠷᠠᠳ ᠲᠦᠮᠡᠨ ᠳᠤ ᠨᠡᠪᠲᠡᠷᠡᠭᠦᠯᠵᠦ᠂ ᠳᠤᠮᠳᠠᠳᠤ ᠤᠯᠤᠰ ᠪᠣᠯᠤᠨ ᠠᠹᠷᠢᠺᠠ ᠲᠢᠪ ᠤᠨ ᠠᠷᠠᠳ ᠤᠨ ᠰᠡᠳᠬᠢᠯ ᠢ ᠨᠡᠪᠲᠡᠷᠡᠯᠴᠡᠭᠦᠯᠬᠦ ᠳᠤ ᠬᠦᠴᠦᠨ ᠨᠡᠮᠡᠷᠢᠯᠡᠵᠡᠢ᠃  ︵ᠨᠢᠭᠡ︶ ᠨᠡᠷᠡᠲᠦ ᠲᠡᠮᠲᠡᠭᠲᠦ ᠶᠢ ᠡᠭᠦᠳᠴᠦ ᠳᠡᠯᠭᠡᠨ ᠨᠡᠪᠲᠡᠷᠡᠭᠦᠯᠬᠦ ᠠᠵᠢᠯᠯᠠᠭ᠎ᠠ ᠶᠢ ᠦᠷᠨᠢᠭᠦᠯᠦᠨ᠂ ᠳᠤᠮᠳᠠᠳᠤ ᠠᠹᠷᠢᠺᠠ ᠶᠢᠨ ᠫᠷᠦᠭᠷᠡᠮ ᠤᠨ ᠬᠠᠷᠢᠯᠴᠠᠨ ᠨᠡᠪᠲᠡᠷᠡᠭᠦᠯᠬᠦ ᠶᠢ ᠠᠬᠢᠭᠤᠯᠪᠠ  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤᠮᠳᠠᠳᠤ ᠤᠯᠤᠰ ᠤᠨ ᠰᠢᠯᠢᠳᠡᠭ ᠦᠵᠡᠵᠦ ᠰᠣᠨᠣᠰᠬᠤ ᠫᠷᠤᠭ᠍ᠷᠠᠮ ᠢ ᠲᠣᠰ ᠭᠠᠵᠠᠷ ᠣᠷᠣᠨ ᠤ ᠪᠤᠰᠤ ᠣᠷᠴᠢᠭᠤᠯᠤᠨ ᠦᠢᠯᠡᠳᠴᠦ ᠨᠡᠪᠲᠡᠷᠡᠭᠦᠯᠬᠦ ᠶᠢ ᠢᠳᠡᠪᠬᠢᠲᠡᠶ ᠵᠣᠷᠢᠭᠵᠢᠭᠤᠯᠵᠤ᠂ 2023 ᠣᠨ ᠤ ᠵᠢᠯ ᠤᠨ ᠡᠴᠦᠰ ᠪᠣᠯᠲᠠᠯ᠎ᠠ᠂ ᠨᠢᠭᠡᠨᠲᠡ 237 ᠦᠵᠡᠵᠦ ᠰᠣᠨᠣᠰᠬᠤ ᠪᠦᠲᠦᠭᠡᠯ ᠵᠢᠴᠢ 180 ᠬᠤᠭᠤᠴᠠᠭᠠᠨ ᠤ ᠲᠠᠷᠢᠶᠠᠯᠠᠩ ᠤᠨ ᠫᠷᠤᠭ᠍ᠷᠠᠮ ᠢ 7 ᠲᠦᠷᠦᠯ ᠤᠨ ᠬᠡᠯᠡ ᠪᠠᠷ ᠣᠷᠴᠢᠭᠤᠯᠤᠨ ᠦᠢᠯᠡᠳᠴᠦ᠂ ᠠᠹᠷᠢᠺᠠ ᠲᠢᠪ ᠤᠨ ᠤᠯᠤᠰ ᠤᠳ ᠲᠤ ᠨᠡᠪᠲᠡᠷᠡᠭᠦᠯᠬᠦ ᠶᠢ ᠳᠡᠮᠵᠢᠪᠡ᠃ ︽ᠳᠤᠮᠳᠠᠳᠤ ᠤᠯᠤᠰ ᠤᠨ ᠦᠵᠡᠵᠦ ᠰᠣᠨᠣᠰᠬᠤ ᠶᠢ ᠳᠡᠯᠡᠬᠡᠢ ᠨᠡᠶᠢᠲᠡ ᠳᠤ ᠨᠡᠪᠲᠡᠷᠡᠭᠦᠯᠬᠦ︾ ᠠᠵᠢᠯᠯᠠᠭ᠎ᠠ ᠨᠢ 200 ᠭᠠᠷᠤᠢ ᠪᠦᠯᠦᠭ ᠳᠤᠮᠳᠠᠳᠤ ᠤᠯᠤᠰ ᠤᠨ ᠦᠵᠡᠵᠦ ᠰᠤᠨᠤᠰᠬᠤ ᠫᠷᠦᠭᠷᠠᠮ ᠢ 54 ᠠᠹᠷᠢᠺᠠ ᠲᠢᠪ ᠤᠨ ᠤᠯᠤᠰ ᠤᠳ ᠤᠨ 60 ᠰᠢᠬᠠᠮ ᠭᠤᠣᠯ ᠬᠡᠪᠯᠡᠯ ᠮᠡᠳᠡᠭᠡᠯᠡᠯ ᠢᠶᠠᠷ ᠨᠡᠪᠲᠡᠷᠡᠭᠦᠯᠪᠡ᠃ ︽ᠠᠭᠤᠯᠠ ᠤᠰᠤᠨ ᠤ ᠰᠡᠳᠭᠢᠯᠭᠡ︾ ᠶᠢ ᠠᠩᠭ᠍ᠯᠢ ᠬᠡᠯᠡ᠂ ᠹᠷᠠᠨᠼᠢ ᠬᠡᠯᠡ᠂ ᠰᠸᠠᠾᠢᠯᠢ ᠬᠡᠯᠡ᠂ ᠾᠦᠰᠧ ᠬᠡᠯᠡ ᠵᠡᠷᠭᠡ ᠣᠯᠠᠨ ᠲᠦᠷᠦᠯ ᠤᠨ ᠬᠡᠯᠡᠨ ᠳᠤ ᠣᠷᠴᠢᠭᠤᠯᠤᠨ᠂ ᠺᠣᠮᠣᠷᠣ᠋᠂ ᠺᠤᠩᠭᠣ᠋ ︵ ᠶᠢᠨ︶᠂ ᠲᠠᠨᠽᠠᠨᠢᠶ᠎ᠠ᠂ ᠺᠧᠨᠢᠶᠠ᠂ ᠷᠦᠸᠠᠨᠳᠠ᠂ ᠪᠦᠷᠦ᠋ᠨᠳᠢ ᠵᠡᠷᠭᠡ ᠠᠹᠷᠢᠺᠠ ᠲᠢᠪ ᠤᠨ ᠤᠯᠤᠰ ᠤᠳ ᠲᠤ ᠨᠡᠪᠲᠡᠷᠡᠭᠦᠯᠵᠡᠢ᠃ 2024 ᠣᠨ ᠤ 3 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ︽ᠳᠤᠮᠳᠠᠳᠤ ᠤᠯᠤᠰ ᠤᠨ ᠦᠵᠡᠵᠦ ᠰᠣᠨᠣᠰᠬᠤ ᠶᠢ ᠳᠡᠯᠡᠬᠡᠢ ᠨᠡᠶᠢᠲᠡ ᠳᠤ ᠨᠡᠪᠲᠡᠷᠡᠭᠦᠯᠬᠦ︾ ᠪᠣᠷᠣ ᠲᠥᠯᠥᠪ ᠤᠨ ᠳᠣᠣᠷ᠎ᠠ᠂ ︽ᠶᠡᠭᠡ ᠭᠤᠣᠯ ᠶᠡᠭᠡ ᠮᠦᠷᠡᠨ 2︾᠂ ︽ᠡᠳᠦᠷ ᠪᠦᠷᠢ ᠶᠢᠨ ᠥᠰᠦᠨ ᠪᠣᠶᠢᠵᠢᠯᠲᠠ ᠶᠢᠨ ᠲᠡᠮᠳᠡᠭᠯᠡᠯ︾ ᠵᠡᠷᠭᠡ ᠫᠷᠣᠭ᠍ᠷᠠᠮ ᠢ ᠨᠢᠭᠧᠷᠢᠶ᠎ᠠ᠂ ᠲᠠᠨᠽᠠᠨᠢᠶ᠎ᠠ᠂ ᠺᠧᠨᠢᠶᠠ᠂ ᠦᠭᠠᠨᠳᠠ᠂ ᠷᠦᠸᠠᠨᠳᠠ᠂ ᠡᠮᠦᠨᠡᠲᠦ ᠠᠹᠷᠢᠺᠠ᠂ ᠺᠤᠩᠭᠣ᠋ ︵ ᠶᠢᠨ︶᠂ ᠺᠤᠩᠭᠣ᠋᠂ ᠪᠦᠷᠦ᠋ᠨᠳᠢ ᠵᠡᠷᠭᠡ ᠤᠯᠤᠰ ᠤᠳ ᠲᠤ ᠨᠡᠪᠲᠡᠷᠡᠭᠦᠯᠵᠡᠢ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ 2014 ᠣᠨ ᠳᠤ ︽ᠪᠡᠭᠡᠵᠢᠩ ᠤᠨ ᠰᠢᠯᠢᠳᠡᠭ ᠺᠢᠨᠣ᠋ ᠲᠧᠯᠸᠢᠰ ᠵᠦᠴᠦᠭᠡ ᠶᠢᠨ ᠭᠠᠳᠠᠭᠠᠳᠤ ᠳᠤ ᠳᠡᠯᠭᠡᠨ ᠨᠡᠪᠲᠡᠷᠡᠭᠦᠯᠬᠦ ᠤᠯᠠᠷᠢᠯ︾ ᠨᠡᠷᠡᠲᠦ ᠲᠡᠮᠲᠡᠭᠲᠦ ᠶᠢᠨ ᠠᠵᠢᠯᠯᠠᠭ᠎ᠠ ᠶᠢ ᠥᠷᠨᠢᠭᠦᠯᠵᠦ᠂ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠳᠤᠮᠳᠠᠳᠤ ᠤᠯᠤᠰ ᠤᠨ 170 ᠭᠠᠷᠤᠢ ᠪᠦᠯᠦᠭ ᠺᠢᠨᠣ᠋ ᠲᠧᠯᠸᠢᠰ ᠵᠦᠴᠦᠭᠡ ᠶᠢ ᠠᠩᠭ᠍ᠯᠢ᠂ ᠹᠷᠠᠨᠼᠢ᠂ ᠫᠣᠷᠲ᠋ᠦ᠋ᠭᠠᠯ᠂ ᠠᠷᠠᠪ ᠵᠡᠷᠭᠡ 7 ᠲᠥᠷᠥᠯ ᠤᠨ ᠬᠡᠯᠡ ᠪᠠᠷ ᠣᠷᠴᠢᠭᠤᠯᠤᠨ ᠠᠹᠷᠢᠺᠠ ᠲᠢᠪ ᠲᠤ ᠨᠡᠪᠲᠡᠷᠡᠭᠦᠯᠵᠦ᠂ ᠠᠹᠷᠢᠺᠠ ᠲᠢᠪ ᠤᠨ 51 ᠤᠯᠤᠰ ᠪᠠ 80% ᠠᠴᠠ ᠳᠡᠭᠡᠭᠰᠢᠬᠢ ᠬᠥᠮᠦᠨ ᠠᠮᠠ ᠶᠢ ᠬᠠᠮᠤᠷᠴᠤ᠂ ᠠᠹᠷᠢᠺᠠ ᠲᠢᠪ ᠤᠨ 12 ᠤᠯᠤᠰ ᠲᠤ ᠠᠵᠢᠯᠯᠠᠭ᠎ᠠ ᠥᠷᠨᠢᠭᠦᠯᠪᠡ᠃  ᠡᠭᠦᠨ ᠤ ᠬᠠᠮᠲᠤ᠂ ᠠᠹᠷᠢᠺᠠ ᠲᠢᠪ ᠤᠨ ᠨᠢᠭᠡ ᠪᠦᠯᠦᠭ ᠰᠢᠯᠢᠳᠡᠭ ᠦᠵᠡᠵᠦ ᠰᠣᠨᠣᠰᠬᠤ ᠪᠦᠲᠦᠭᠡᠯ ᠢ ᠳᠤᠮᠳᠠᠳᠤ ᠤᠯᠤᠰ ᠲᠤ ᠨᠡᠪᠲᠡᠷᠡᠭᠦᠯᠵᠦ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠬᠠᠮᠲᠤ ᠶᠢᠨ ᠲᠠᠨᠢᠯᠲᠠ ᠪᠠ ᠭᠤᠸ᠎ᠠ ᠮᠡᠳᠡᠷᠡᠮᠵᠢ ᠶᠢ ᠨᠢ ᠶᠡᠭᠡ ᠪᠠᠷ ᠨᠡᠮᠡᠭᠳᠡᠭᠦᠯᠪᠡ᠃ 2024 ᠣᠨ ᠤ 8 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠭᠤᠶᠢᠳᠠ ᠰᠠᠶᠢᠬᠠᠨ ᠠᠹᠷᠢᠺᠠ ᠲᠢᠪ︾ ᠦᠵᠡᠵᠦ ᠰᠣᠨᠣᠰᠬᠤ ᠫᠷᠤᠭ᠍ᠷᠠᠮ ᠤᠨ ᠳᠡᠯᠭᠡᠨ ᠨᠡᠪᠲᠡᠷᠡᠭᠦᠯᠬᠦ ᠤᠯᠠᠷᠢᠯ ᠤᠨ ᠠᠵᠢᠯᠯᠠᠭ᠎ᠠ ᠶᠢ ᠡᠷᠭᠢᠯᠡᠵᠦ᠂ ︽ᠰᠧᠷᠧᠨ᠋ᠭᠧᠲ᠋ᠢ ᠶᠢᠨ ᠨᠡᠭᠦᠳᠡᠯ︾᠂ ︽ᠬᠡᠭᠡᠷ᠎ᠡ ᠲᠠᠯ᠎ᠠ ᠳᠠᠬᠢ ᠣᠳᠣᠨ ᠮᠡᠴᠢᠳ︾ ᠵᠡᠷᠭᠡ ᠠᠹᠷᠢᠺᠠ ᠲᠢᠪ ᠤᠨ 20 ᠭᠠᠷᠤᠶ ᠤᠯᠤᠰ ᠤᠨ 30 ᠭᠠᠷᠤᠶ ᠪᠦᠯᠦᠭ ᠤᠷᠠᠨ ᠪᠦᠲᠦᠭᠡᠯ ᠵᠢᠴᠢ ᠳᠤᠮᠳᠠᠳᠤ ᠠᠹᠷᠢᠺᠠ ᠶᠢᠨ ᠬᠠᠮᠲᠤᠷᠠᠨ ᠰᠡᠭᠦᠳᠡᠷᠯᠡᠭᠰᠡᠨ ᠫᠷᠤᠭ᠍ᠷᠠᠮ ᠢ ᠨᠠᠷᠢᠯᠢᠭ ᠰᠣᠩᠭᠤᠵᠤ᠂ ᠪᠡᠭᠡᠵᠢᠩ᠂ ᠱᠠᠩᠬᠠᠶ᠂ ᠵᠧᠵᠢᠶᠠᠩ᠂ ᠬᠤᠨᠠᠨ᠂ ᠭᠤᠸᠠᠩᠳᠦ᠋ᠩ ᠵᠡᠷᠭᠡ ᠮᠤᠵᠢ ︵ᠬᠤᠲᠠ︶ ᠶᠢᠨ ᠲᠧᠯᠸᠢᠰ ᠬᠤᠷᠢᠶ᠎ᠠ ᠵᠢᠴᠢ ᠠᠢ ᠴᠢ ᠢ᠂ ᠲᠧᠩ ᠰᠢᠶᠦ᠋ᠨ ᠸᠢᠳᠢᠣ᠋᠂ ᠶᠢᠦ ᠺᠦ᠋᠂ ᠬᠤᠷᠳᠤᠨ ᠭᠠᠷ ᠵᠡᠷᠭᠡ ᠰᠦᠯᠵᠢᠶᠡᠨ ᠤ ᠲᠠᠪᠴᠠᠩ ᠳᠤ ᠲᠥᠪᠯᠡᠷᠡᠭᠦᠯᠦᠨ ᠨᠡᠪᠲᠡᠷᠡᠭᠦᠯᠵᠦ᠂ ᠲᠣᠮᠣ ᠵᠢᠵᠢᠭ ᠳᠡᠯᠭᠡᠴᠡ ᠪᠠᠷ ᠬᠤᠯᠪᠣᠭᠠᠯᠠᠨ ᠨᠡᠪᠲᠡᠷᠡᠭᠦᠯᠬᠦ ᠪᠠᠷ ᠳᠠᠮᠵᠢᠭᠤᠯᠤᠨ᠂ ᠦᠵᠡᠰᠬᠦᠯᠡᠩᠲᠦ ᠰᠠᠶᠢᠬᠠᠨ ᠠᠹᠷᠢᠺᠠ ᠲᠢᠪ᠂ ᠲᠠᠲᠠᠯᠲᠠ ᠶᠢᠨ ᠬᠦᠴᠦᠨ ᠲᠠᠢ ᠠᠹᠷᠢᠺᠠ ᠲᠢᠪ ᠢ ᠢᠯᠡᠷᠡᠭᠦᠯᠵᠦ᠂ ᠳᠤᠮᠳᠠᠳᠤ ᠠᠹᠷᠢᠺᠠ ᠶᠢᠨ ᠰᠣᠶᠣᠯ ᠤᠨ ᠰᠣᠯᠢᠯᠴᠠᠭ᠎ᠠ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯᠣᠨ᠎ᠠ   ︵ᠬᠤᠶᠠᠷ︶ ᠰᠤᠪᠠᠭᠴᠢᠯᠠᠬᠤ ᠲᠠᠯ᠎ᠠ ᠪᠠᠷ ᠬᠠᠮᠲᠤᠷᠠᠨ ᠠᠵᠢᠯᠯᠠᠬᠤ ᠶᠢ ᠴᠢᠩᠭᠠᠳᠬᠠᠨ᠂ ᠲᠤᠬᠠᠢ ᠶᠢᠨ ᠭᠠᠵᠠᠷ ᠣᠷᠣᠨ ᠤ ᠵᠠᠬ᠎ᠠ ᠳᠡᠯᠭᠡᠭᠦᠷ ᠢ ᠭᠦᠨᠵᠡᠭᠡᠢ ᠠᠭᠤᠳᠠᠯᠪᠠ  ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠣᠯᠠᠨ ᠤᠯᠤᠰ ᠤᠨ ᠰᠤᠪᠠᠭ ᠠᠹᠷᠢᠺᠠ ᠲᠢᠪ ᠤᠨ ᠪᠦᠬᠦ ᠤᠯᠤᠰ ᠪᠣᠯᠤᠨ ᠭᠠᠵᠠᠷ ᠣᠷᠣᠨ ᠢ ᠬᠠᠮᠤᠷᠴᠢ᠃ ᠶᠡᠷᠦᠩᠬᠡᠢ ᠬᠤᠷᠢᠶ᠎ᠠ ᠨᠢ ᠡᠮᠦᠨᠡᠲᠦ ᠠᠹᠷᠢᠺᠠ ᠶᠢᠨ ᠣᠯᠠᠨ ᠰᠣᠩᠭᠤᠯᠲᠠ᠂ CANAL + AFRIQUE᠂ ᠵᠡᠭᠦᠨ ᠠᠹᠷᠢᠺᠠ ᠶᠢᠨ Azam ᠵᠡᠷᠭᠡ ᠠᠹᠷᠢᠺᠠ ᠲᠢᠪ ᠤᠨ ᠣᠯᠠᠨ ᠤᠷᠤᠰᠬᠠᠯᠲᠤ ᠲᠧᠯᠸᠢᠰ ᠤᠨ ᠲᠠᠪᠴᠠᠩ ᠵᠢᠴᠢ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ CGTN ᠠᠩᠭ᠍ᠯᠢ ᠬᠡᠯᠡ᠂ ᠹᠷᠠᠨᠼᠢ ᠬᠡᠯᠡ᠂ ᠢᠰᠫᠠᠨᠢ ᠬᠡᠯᠡ᠂ ᠠᠷᠠᠪ ᠬᠡᠯᠡ᠂ ᠪᠠᠷᠢᠮᠲᠠᠲᠤ ᠹᠢᠯᠢᠮ ᠤᠨ ᠰᠤᠪᠠᠭ ᠵᠢᠴᠢ CCTV-4 ᠬᠢᠲᠠᠳ ᠬᠡᠯᠡᠨ ᠤ ᠣᠯᠠᠨ ᠤᠯᠤᠰ ᠤᠨ ᠰᠤᠪᠠᠭ ᠢ ᠨᠡᠪᠲᠡᠷᠡᠭᠦᠯᠵᠦ᠂ ᠠᠹᠷᠢᠺᠠ ᠲᠢᠪ ᠤᠨ 54 ᠤᠯᠤᠰ ᠪᠠ ᠭᠠᠵᠠᠷ ᠣᠷᠣᠨ ᠤ 7800 ᠲᠦᠮᠡ ᠢᠯᠡᠭᠦᠦ ᠬᠡᠷᠡᠭᠯᠡᠭᠴᠢ ᠶᠢ ᠬᠠᠮᠤᠷᠪᠠ᠃  ᠳᠤᠮᠳᠠᠳᠤ ᠤᠯᠤᠰ ᠤᠨ ᠣᠷᠣᠨ ᠨᠤᠲᠤᠭ ᠤᠨ ᠷᠠᠳᠢᠣ᠋ ᠲᠧᠯᠧᠢᠰ ᠤᠨ ᠪᠠᠶᠢᠭᠤᠯᠤᠮᠵᠢ ᠨᠢ ᠪᠠᠰᠠ ᠰᠤᠪᠠᠭ ᠲᠠᠢ ᠬᠠᠮᠲᠤ ᠶᠢᠨ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠡᠶ᠃ 2023 ᠣᠨ ᠤ 6 ᠳ᠋ᠤᠭᠠᠷ ᠰᠠᠷ᠎ᠠ ᠳᠤ᠂ ᠬᠤᠨᠠᠨ ᠤ ᠤᠯᠠᠨ ᠤᠯᠤᠰ ᠤᠨ ᠰᠤᠪᠠᠭ ᠠᠹᠷᠢᠺᠠ ᠲᠢᠪ ᠤᠨ ᠭᠠᠨᠠ ᠶᠢᠨ ᠰᠢᠵᠢᠷ ᠠᠯᠳᠠᠨ ᠲᠣᠭᠠᠵᠢᠭᠤᠯᠤᠭᠰᠠᠨ ᠲᠧᠯᠸᠢᠰ ᠬᠤᠷᠢᠶ᠎ᠠ ᠯᠤᠭ᠎ᠠ ᠭᠠᠷ ᠬᠤᠯᠪᠣᠨ ᠪᠠᠶᠢᠭᠤᠯᠤᠭᠰᠠᠨ ︽ᠠᠯᠲᠠᠨ ᠮᠠᠩᠭᠦ᠋ᠸᠧ ᠳᠠᠭᠠᠭᠤᠯᠢ ᠣᠳᠣᠨ ᠤ ᠰᠤᠪᠠᠭ︾ ᠢ ᠨᠡᠬᠡᠬᠡᠪᠡ᠂ ᠲᠤᠰ ᠰᠤᠪᠠᠭ ᠨᠢ ᠠᠩᠭ᠍ᠯᠢ ᠬᠡᠯᠡ ᠪᠣᠯᠤᠨ ᠹᠷᠠᠨᠼᠢ ᠬᠡᠯᠡ ᠪᠠᠷ ᠭᠤᠣᠯ ᠪᠣᠯᠭᠠᠵᠤ᠂ ︽ᠵᠠᠭᠤᠨ ᠰᠢᠪᠠᠭᠤ ᠵᠡᠷᠭᠡ ᠪᠠᠷ ᠵᠢᠷᠭᠢᠬᠦ︾᠂ ︽ᠴᠠᠩ ᠶᠢᠨ ᠬᠤ᠋ ᠨᠠᠭᠤᠷ︾᠂ ︽ᠭᠡᠷ ᠴᠣᠭᠴᠠᠯᠠᠬᠤ︾ ᠵᠡᠷᠭᠡ ᠰᠣᠩᠭᠤᠳᠠᠭ ᠳᠤᠮᠳᠠᠳᠤ ᠤᠯᠤᠰ ᠤᠨ ᠫᠷᠤᠭ᠍ᠷᠠᠮ ᠢ ᠨᠡᠪᠲᠡᠷᠡᠭᠦᠯᠵᠦ᠂ ᠳᠤᠮᠳᠠᠳᠤ ᠠᠹᠷᠢᠺᠠ ᠪᠣᠯᠤᠨ ᠪᠠᠷᠠᠭᠤᠨ ᠠᠹᠷᠢᠺᠠ ᠶᠢᠨ 23 ᠤᠯᠤᠰ ᠤᠨ 5 ᠳ᠋ᠦᠩᠰᠢᠭᠤᠷ ᠰᠢᠬᠠᠮ ᠬᠥᠮᠦᠨ ᠠᠮᠠ ᠶᠢ ᠬᠠᠮᠤᠷᠪᠠ᠃ 2024 ᠣᠨ ᠤ 3 ᠳ᠋ᠤᠭᠠᠷ ᠰᠠᠷ᠎ᠠ ᠶᠢᠨ ᠰᠡᠭᠦᠯᠴᠢ᠂ ᠠᠯᠲᠠᠨ ᠮᠠᠩᠭᠦ᠋ᠸᠧ ᠰᠤᠪᠠᠭ ᠬᠢᠭᠡᠳ ᠭᠠᠨᠠ ᠡᠯᠧᠺᠲᠷᠣᠨ ᠬᠤᠳᠠᠯᠳᠤᠭᠠᠨ ᠤ ᠲᠠᠪᠴᠠᠩ Tospinomall ᠭᠦᠨᠵᠡᠭᠡᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠢ ᠶᠠᠪᠤᠭᠳᠠᠭᠤᠯᠪᠠ᠃ 2024 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠧᠯᠸᠢᠰ ᠤᠨ ᠬᠤᠳᠠᠯᠳᠤᠭᠠᠨ ᠤ ᠬᠡᠰᠡᠭ ᠤᠨ ᠠᠷᠠᠯᠵᠢᠶᠠᠨ ᠤ ᠲᠤᠭ᠎ᠠ ᠬᠡᠮᠵᠢᠶ᠎ᠡ 600 ᠲᠦᠮᠡᠨ ᠠᠷᠠᠳ ᠤᠨ ᠵᠣᠭᠤᠰ ᠠᠴᠠ ᠳᠠᠪᠠᠵᠠᠢ᠃  ︵ᠭᠤᠷᠪᠠ︶ ᠰᠣᠳᠣᠨ ᠪᠦᠲᠦᠭᠡᠯ ᠢ ᠬᠠᠮᠲᠤ ᠪᠠᠷ ᠡᠭᠦᠳᠦᠨ᠂ ᠪᠠᠶᠢᠩᠭᠤᠵᠢᠭᠰᠠᠨ ᠨᠡᠪᠲᠡᠷᠡᠭᠦᠯᠭᠡ ᠶᠢ ᠠᠬᠢᠭᠤᠯᠪᠠ  2023 ᠣᠨ ᠤ 9 ᠳ᠋ᠦ᠋ᠭᠡᠷ ᠰᠠᠷ᠎ᠠ ᠳᠤ᠂ ᠲᠠᠪᠤᠨ ᠲᠢᠪ ᠤᠨ ᠳᠠᠮᠵᠢᠭᠤᠯᠭ᠎ᠠ ᠶᠢᠨ ᠲᠥᠪ ᠨᠢ ᠮᠤᠽᠠᠮᠪᠢᠺ᠂ ᠠᠩᠭᠤᠯᠠ᠂ ᠸᠧᠷᠳ᠋ ᠤᠨ ᠬᠤᠰᠢᠭᠤ ᠵᠡᠷᠭᠡ ᠠᠹᠷᠢᠺᠠ ᠲᠢᠪ ᠤᠨ ᠫᠣᠷᠲ᠋ᠦ᠋ᠭᠠᠯ ᠬᠡᠯᠡᠨ ᠤ ᠰᠠᠯᠪᠤᠷᠢ ᠶᠢᠨ ᠤᠯᠤᠰ ᠤᠳ ᠲᠠᠢ ︽ᠲᠣᠷᠭᠠᠨ ᠵᠠᠮ ᠤᠨ ᠴᠠᠭ︾ ᠲᠧᠯᠸᠢᠰ ᠤᠨ ᠪᠤᠯᠤᠩ ᠢ ᠬᠠᠮᠲᠤ ᠪᠠᠷ ᠪᠠᠶᠢᠭᠤᠯᠵᠤ᠂ ︽ᠰᠢᠳᠢᠲᠦ ᠳᠤᠮᠳᠠᠳᠤ ᠤᠯᠤᠰ︾ ᠵᠡᠷᠭᠡ ᠳᠤᠮᠳᠠᠳᠤ ᠤᠯᠤᠰ ᠤᠨ ᠫᠷᠣᠭ᠍ᠷᠠᠮ ᠢ ᠨᠡᠪᠲᠡᠷᠡᠭᠦᠯᠵᠡᠢ᠃ 2023 ᠣᠨ ᠤ 3 ᠳ᠋ᠤᠭᠠᠷ ᠰᠠᠷ᠎ᠠ ᠳᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ CGTN ᠮᠠᠦ᠋ᠷᠢᠲ᠋ᠢᠦ᠋ᠰ ᠤᠯᠤᠰ ᠤᠨ ᠲᠧᠯᠸᠢᠰ ᠬᠤᠷᠢᠶ᠎ᠠ᠂ ᠷᠦᠸᠠᠨᠳᠠ ᠤᠯᠤᠰ ᠤᠨ ᠲᠧᠯᠸᠢᠰ ᠬᠤᠷᠢᠶ᠎ᠠ᠂ ᠭᠠᠪᠣᠨ ᠤ ᠤᠯᠤᠰ ᠤᠨ ᠲᠧᠯᠸᠢᠰ ᠬᠤᠷᠢᠶ᠎ᠠ᠂ ᠮᠠᠳᠠᠭᠠᠰᠺᠠᠷ MATV ᠲᠧᠯᠸᠢᠰ ᠬᠤᠷᠢᠶ᠎ᠠ ᠵᠢᠴᠢ ᠪᠧᠨᠢᠨ ᠤ ᠳᠠᠯᠠᠢ ᠶᠢᠨ ᠪᠤᠯᠤᠩ ᠤᠨ ᠲᠧᠯᠸᠢᠰ ᠬᠤᠷᠢᠶ᠎ᠠ ᠵᠡᠷᠭᠡ ᠠᠹᠷᠢᠺᠠ ᠲᠢᠪ ᠤᠨ ᠲᠠᠪᠤᠨ ᠤᠯᠤᠰ ᠤᠨ ᠭᠤᠣᠯ ᠵᠠᠭᠤᠴᠢᠯᠠᠭᠤᠷ ᠤᠨ ᠬᠠᠮᠲᠤᠷᠠᠨ ᠡᠷᠬᠢᠯᠡᠭᠰᠡᠨ ︽ᠬᠠᠮᠲᠤ ᠪᠠᠷ ᠬᠦᠷᠲᠡᠵᠦ ᠴᠡᠴᠡᠭᠯᠡᠨ ᠬᠥᠭᠵᠢᠶ᠎ᠡ︾ ᠲᠧᠯᠸᠢᠰ ᠤᠨ ᠪᠣᠯᠣᠩ ᠨᠢ ᠠᠹᠷᠢᠺᠠ ᠲᠢᠪ ᠤᠨ ᠹᠷᠠᠨᠼᠢ ᠬᠡᠯᠡᠨ ᠤ ᠣᠷᠣᠨ ᠤ ᠳ᠋ᠦᠩᠰᠢᠭᠤᠷ ᠭᠠᠷᠤᠢ ᠬᠥᠮᠦᠨ ᠠᠮᠠ ᠶᠢ ᠬᠠᠮᠤᠷᠴᠠᠢ᠃  ︵ᠲᠦᠷᠪᠡ︶ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢ ᠦᠷᠨᠢᠭᠦᠯᠦᠨ᠂ ᠦᠪᠡᠷ ᠢᠶᠠᠨ ᠲᠠᠪᠴᠠᠩ ᠲᠠᠢ ᠪᠠᠶᠢᠬᠤ ᠨᠢ ᠭᠤᠤᠯ ᠵᠠᠮ ᠪᠤᠯᠤᠨ᠎ᠠ  ᠢᠨᠲ᠋ᠧᠷ ᠰᠦᠯᠵᠢᠶ᠎ᠡ ᠪᠠ ᠰᠢᠯᠵᠢᠮᠡᠯ ᠴᠢᠮᠡᠭᠡ ᠬᠤᠯᠪᠣᠭᠠᠨ ᠤ ᠮᠡᠷᠭᠡᠵᠢᠯ ᠠᠹᠷᠢᠺᠠ ᠲᠢᠪ ᠲᠤ ᠤᠯᠠᠮ ᠨᠢᠭᠡ ᠠᠯᠬᠤᠮ ᠲᠥᠭᠡᠮᠡᠯᠵᠢᠬᠦ ᠶᠢ ᠳᠠᠭᠠᠯᠳᠤᠨ᠂ ᠰᠢᠨ᠎ᠡ ᠵᠠᠭᠤᠴᠢᠯᠠᠭᠤᠷ ᠤᠨ ᠲᠠᠪᠴᠠᠩ ᠡᠳᠦᠷ ᠢᠷᠡᠬᠦᠶ᠎ᠡ ᠠᠹᠷᠢᠺᠠ ᠲᠢᠪ ᠤᠨ ᠠᠷᠠᠳ ᠲᠦᠮᠡᠨ ᠤ ᠳᠤᠮᠳᠠᠳᠤ ᠤᠯᠤᠰ ᠤᠨ ᠦᠵᠡᠵᠦ ᠰᠣᠨᠣᠰᠬᠤ ᠫᠷᠤᠭ᠍ᠷᠠᠮ ᠢ ᠬᠦᠯᠢᠶᠡᠨ ᠠᠪᠴᠤ ᠦᠵᠡᠬᠦ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠩᠭᠦ᠋ᠸᠧ TV ᠨᠢ ᠣᠯᠠᠨ ᠤᠯᠤᠰ ᠤᠨ ᠬᠡᠪᠯᠡᠯ ᠠᠹᠷᠢᠺᠠ ᠲᠢᠪ ᠲᠠᠬᠢ 53 ᠤᠯᠤᠰ ᠢ ᠬᠠᠮᠤᠷᠴᠤ᠂ ᠠᠩᠭ᠍ᠯᠢ ᠬᠡᠯᠡ᠂ ᠰᠸᠠᠾᠢᠯᠢ ᠬᠡᠯᠡ ᠶᠢ ᠪᠠᠭᠲᠠᠭᠠᠭᠰᠠᠨ 17 ᠵᠦᠢᠯ ᠤᠨ ᠥᠰᠥᠭ ᠤᠨ ᠳᠡᠯᠭᠡᠴᠡ ᠶᠢ ᠪᠠᠭᠲᠠᠭᠠᠵᠠᠢ︔ ᠠᠢ ᠴᠢ ᠢ ᠣᠯᠠᠨ ᠤᠯᠤᠰ ᠤᠨ ᠬᠡᠪᠯᠡᠯ ᠨᠢ ᠠᠩᠭ᠍ᠯᠢ ᠬᠡᠯᠡ᠂ ᠫᠣᠷᠲ᠋ᠦ᠋ᠭᠠᠯ ᠬᠡᠯᠡ ᠶᠢ ᠪᠠᠭᠲᠠᠭᠠᠭᠰᠠᠨ 12 ᠲᠦᠷᠦᠯ ᠤᠨ ᠬᠡᠯᠡᠨ ᠤ ᠬᠡᠷᠡᠭᠯᠡᠭᠴᠢ ᠶᠢᠨ ᠨᠢᠭᠤᠷ ᠲᠠᠯ᠎ᠠ ᠶᠢ ᠳᠡᠮᠵᠢᠵᠦ᠂ ᠪᠥᠬᠦ ᠪᠥᠮᠪᠥᠷᠴᠡᠭ ᠤᠨ 191 ᠤᠯᠤᠰ ᠪᠠ ᠭᠠᠵᠠᠷ ᠣᠷᠣᠨ ᠳᠤ ᠦᠢᠯᠡᠴᠢᠯᠡᠭᠡ ᠬᠠᠩᠭᠠᠵᠤ᠂ ᠡᠭᠦᠨ ᠳᠤ ᠶᠧᠵᠢᠫᠲ ᠂ ᠨᠢᠭᠧᠷᠢᠶ᠎ᠠ ᠪᠠ ᠡᠮᠦᠨᠡᠲᠦ ᠠᠹᠷᠢᠺᠠ ᠵᠡᠷᠭᠡ ᠠᠹᠷᠢᠺᠠ ᠲᠢᠪ ᠤᠨ ᠤᠯᠤᠰ ᠣᠷᠣᠨ ᠢ ᠪᠠᠭᠲᠠᠭᠠᠪᠠ︔ ᠲᠧᠩ ᠰᠢᠶᠦ᠋ᠨ ᠸᠢᠳᠢᠣ᠋ ᠶᠢᠨ WeTV ᠶᠢ ᠠᠹᠷᠢᠺᠠ ᠲᠢᠪ ᠲᠤ 125 ᠲᠦᠮᠡᠨ ᠤᠳᠠᠭ᠎ᠠ ᠪᠠᠭᠤᠯᠭᠠᠵᠤ᠂ ᠰᠠᠷ᠎ᠠ ᠶᠢᠨ ᠢᠳᠡᠪᠬᠢᠲᠦ ᠬᠡᠷᠡᠭᠯᠡᠭᠴᠢ 20 ᠲᠦᠮᠡ ᠪᠣᠢ᠂ ᠭᠤᠣᠯᠳᠠᠭᠤ ᠠᠹᠷᠢᠺᠠ ᠲᠢᠪ ᠤᠨ ᠤᠯᠤᠰ ᠤᠳ ᠪᠠᠶᠢᠵᠤ ᠶᠧᠵᠢᠫᠲ᠂ ᠠᠯᠵᠧᠷᠢᠶ᠎ᠠ ᠪᠠ ᠨᠢᠭᠧᠷᠢᠶ᠎ᠠ ᠵᠡᠷᠭᠡ ᠶᠢ ᠪᠠᠭᠲᠠᠭᠠᠪᠠ︔ ᠶᠢᠦ ᠺᠦ᠋ ᠣᠯᠠᠨ ᠤᠯᠤᠰ ᠤᠨ ᠬᠡᠪᠯᠡᠯ ᠤᠨ APP ᠨᠢ ᠠᠹᠷᠢᠺᠠ ᠲᠢᠪ ᠤᠨ ᠪᠦᠬᠦ ᠬᠢᠯᠢ ᠳᠤ ᠴᠥᠮ ᠪᠠᠭᠤᠯᠭᠠᠨ ᠠᠪᠴᠤ ᠪᠣᠯᠣᠨ᠎ᠠ ᠂ ᠠᠩᠭ᠍ᠯᠢ ᠬᠡᠯᠡ᠂ ᠢᠰᠫᠠᠨᠢ ᠬᠡᠯᠡ᠂ ᠫᠣᠷᠲ᠋ᠦ᠋ᠭᠠᠯ ᠬᠡᠯᠡ ᠵᠡᠷᠭᠡ ᠳᠣᠯᠣᠭᠠᠨ ᠲᠦᠷᠦᠯ  ᠤᠨ ᠬᠡᠯᠡ ᠶᠢ ᠬᠠᠩᠭᠠᠪᠠ᠃  ︵ᠲᠠᠪᠤ︶ ᠺᠢᠨᠤ᠋ ᠶᠢᠨ ᠬᠠᠮ ᠲᠡᠷᠭᠡ ᠶᠢᠨ ᠲᠦᠷᠦᠯ ᠵᠦᠢᠯ ᠢ ᠬᠡᠷᠡᠭᠵᠢᠭᠦᠯᠦᠨ᠂ ᠠᠹᠷᠢᠺᠠ ᠲᠢᠪ ᠤᠨ ᠨᠡᠶᠢᠭᠡᠮ ᠲᠤᠭᠤᠷᠢᠭ ᠰᠤᠷᠭᠠᠭᠤᠯᠢ ᠶᠢᠨ ᠬᠦᠷᠢᠶ᠎ᠡ ᠪᠠ ᠬᠦᠳᠡᠭᠡ ᠲᠤᠰᠬᠤᠨ ᠳᠤ ᠠᠰᠢᠭ ᠬᠦᠷᠲᠡᠭᠡᠪᠡ  2018 ᠣᠨ ᠠᠴᠠ 2020 ᠣᠨ ᠪᠣᠯᠲᠠᠯ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠣᠯᠠᠨ ᠤᠯᠤᠰ ᠤᠨ ᠲᠧᠯᠸᠢᠰ ᠬᠤᠷᠢᠶ᠎ᠠ ᠵᠡᠷᠭᠡ ᠶᠢ ᠵᠢᠯᠣᠭᠤᠳᠴᠤ᠂ ᠰᠢᠯᠵᠢᠮᠡᠯ ᠺᠢᠨᠣ᠋ ᠶᠢᠨ ᠣᠷᠳᠣᠨ ᠪᠠ ︽ᠺᠢᠨᠣ᠋ ᠲᠧᠯᠸᠢᠰ ᠤᠨ ᠬᠠᠮ ᠲᠡᠷᠭᠡ︾ ᠶᠢᠨ ᠲᠥᠷᠥᠯ ᠵᠦᠢᠯ ᠢ ᠬᠡᠷᠡᠭᠵᠢᠭᠦᠯᠵᠦ᠂ ᠵᠠᠭᠤ ᠭᠠᠷᠤᠶ ᠲᠠᠯᠠᠪᠠᠶ ᠳᠤᠮᠳᠠᠳᠤ ᠤᠯᠤᠰ ᠤᠨ ᠺᠢᠨᠣ᠋ ᠲᠧᠯᠸᠢᠰ ᠤᠨ ᠪᠦᠲᠦᠭᠡᠯ ᠢ ᠨᠡᠪᠲᠡᠷᠡᠭᠦᠯᠵᠦ᠂ ᠠᠹᠷᠢᠺᠠ ᠲᠢᠪ ᠤᠨ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ ᠳᠤ ᠬᠦᠷᠴᠦ᠂ ᠠᠹᠷᠢᠺᠠ ᠲᠢᠪ ᠤᠨ 16 ᠲᠦᠮᠡ ᠭᠠᠷᠤᠶ ᠦᠵᠡᠭᠴᠢ ᠳᠤ ᠠᠰᠢᠭ ᠬᠦᠷᠲᠡᠭᠡᠪᠡ᠃ ᠡᠭᠦᠨ ᠳᠤ ︽ᠺᠢᠨᠣ᠋ ᠲᠧᠯᠧᠢᠰ ᠤᠨ ᠬᠠᠮ ᠲᠡᠷᠭᠡ︾ ᠶᠢᠨ ᠠᠵᠢᠯᠯᠠᠭ᠎ᠠ ᠨᠢ 9 ᠤᠯᠤᠰ ᠢᠶᠠᠷ ᠥᠩᠭᠡᠷᠡᠵᠦ᠂ ᠬᠡᠳᠦᠨ ᠵᠠᠭᠤ ᠭᠠᠷᠤᠶ ᠲᠠᠯᠠᠪᠠᠶ ᠨᠡᠪᠲᠡᠷᠡᠭᠦᠯᠵᠦ᠂ ᠠᠹᠷᠢᠺᠠ ᠲᠢᠪ ᠤᠨ ᠴᠥᠭᠡᠨ ᠪᠤᠰᠤ ᠠᠷᠠᠳ ᠺᠢᠨᠣ᠋ ᠲᠧᠯᠸᠢᠰ ᠤᠨ ᠬᠠᠮ ᠲᠡᠷᠭᠡ ᠪᠠᠷ ᠳᠠᠮᠵᠢᠭᠤᠯᠤᠨ ᠠᠩᠬ᠎ᠠ ᠤᠳᠠᠭ᠎ᠠ ᠺᠢᠨᠣ᠋ ᠦᠵᠡᠵᠦ ᠪᠣᠢ᠃  2023 ᠣᠨ ᠳᠤ ᠶᠡᠷᠦᠩᠬᠡᠢ ᠬᠤᠷᠢᠶ᠎ᠠ ︽ᠤᠤᠭᠠᠯ ᠡᠭᠦᠳᠦᠯᠲᠡ ᠶᠢᠨ ᠺᠠᠷᠲ᠋ᠣᠨ ᠵᠢᠷᠤᠭ ᠤᠨ ᠳᠡᠯᠭᠡᠨ ᠨᠡᠪᠲᠡᠷᠡᠭᠦᠯᠬᠦ ᠠᠵᠢᠯᠯᠠᠭ᠎ᠠ ᠶᠢᠨ ᠣᠳᠣᠨ ᠣᠭᠲᠠᠷᠭᠤᠢ ᠶᠢᠨ ᠲᠥᠯᠥᠪᠯᠡᠭᠡ︾ ᠶᠢ ᠭᠠᠷᠭᠠᠪᠠ᠃ ︽ᠣᠳᠣᠨ ᠣᠭᠲᠠᠷᠭᠤᠢ ᠶᠢᠨ ᠲᠥᠯᠥᠪᠯᠡᠭᠡ ᠶᠢᠨ ᠳ᠋ᠤᠭᠠᠷ︾ ᠬᠠᠮ ᠲᠡᠷᠭᠡ ᠨᠢ ᠺᠧᠨᠢᠶᠠ ᠶᠢᠨ ᠵᠢᠷᠭᠤᠭᠠᠨ ᠰᠢᠶᠠᠩ ᠪᠠᠯᠭᠠᠰᠤᠨ ᠤ ᠪᠠᠭ᠎ᠠ ᠰᠤᠷᠭᠠᠭᠤᠯᠢ ᠨᠤᠭᠤᠳ ᠢᠶᠠᠷ ᠬᠦᠷᠴᠦ᠂ 2000 ᠭᠠᠷᠤᠶ ᠰᠤᠷᠤᠭᠴᠢ ᠳᠤ ︽ᠲᠣᠷᠭᠠᠨ ᠵᠠᠮ ᠤᠨ ᠡᠯᠴᠢ ᠵᠠᠩ ᠴᠢᠶᠠᠨ︾ ︽ᠪᠡᠴᠢᠨ ᠪᠠᠭᠰᠢ︾ ᠵᠡᠷᠭᠡ ᠲᠤᠯᠤᠭᠠᠨ ᠪᠦᠯᠦᠭ ᠰᠢᠯᠢᠳᠡᠭ ᠺᠠᠷᠲ᠋ᠣᠨ ᠺᠢᠨᠣ᠋ ᠶᠢ ᠰᠣᠨᠢᠷᠬᠠᠭᠤᠯᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map