ᠪᠦᠬᠦ ᠲᠠᠯ᠎ᠠ ᠶᠢᠨ᠂ ᠥᠷᠭᠡᠨ ᠬᠦᠷᠢᠶᠡᠨ ᠤ᠂ ᠪᠣᠰᠤᠭ᠎ᠠ ᠴᠣᠭᠴᠠᠲᠤ — ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠠᠮᠲᠤᠷᠠᠯᠴᠠᠭ᠎ᠠ ᠰᠣᠯᠢᠯᠴᠠᠭ᠎ᠠ ᠰᠢᠨ᠎ᠡ ᠱᠠᠲᠤᠨ ᠳᠤ ᠣᠷᠣᠪᠠ ︵ᠳᠤᠤᠷᠠᠲᠤ︶
ᠨᠡᠶᠢᠲᠡᠯᠡᠭᠰᠡᠨ ᠴᠠᠭ᠄
2024/9/5
  ᠷᠠᠳᠢᠣ᠋ ᠲᠧᠯᠸᠢᠰ ᠤᠨ ᠦᠵᠡᠵᠦ ᠰᠣᠨᠣᠰᠬᠤ ᠬᠠᠮᠲᠤᠷᠠᠯᠴᠠᠭ᠎ᠠ ᠰᠣᠯᠢᠯᠴᠠᠭ᠎ᠠ ᠪᠣᠯ ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠴᠢᠬᠤᠯᠠ ᠲᠠᠯ᠎ᠠ ᠪᠣᠯᠤᠨ᠎ᠠ᠃ 9 ᠳ᠋ᠦ᠋ᠭᠡᠷ ᠰᠠᠷ᠎ᠠ ᠶᠢᠨ 2 ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠶᠡᠷᠦᠩᠬᠡᠶᠢᠯᠡᠭᠴᠢ ᠺᠣᠮᠣᠷᠣ᠋ ᠶᠢᠨ ᠶᠡᠷᠦᠩᠬᠡᠶᠢᠯᠡᠭᠴᠢ ᠲᠠᠢ ᠠᠭᠤᠯᠵᠠᠬᠤ ᠳᠤ ᠪᠠᠨ ᠲᠤᠰᠬᠠᠶᠢᠯᠠᠨ ᠳᠤᠷᠠᠳᠴᠤ᠂ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠥᠩᠭᠡᠷᠡᠯᠲᠡ ᠶᠢ ᠲᠤᠰᠬᠠᠭᠰᠠᠨ ᠲᠧᠯᠸᠢᠰ ᠵᠦᠴᠦᠭᠡ ︽ᠠᠭᠤᠯᠠ ᠤᠰᠤᠨ ᠤ ᠬᠠᠶᠢᠷ᠎ᠠ︾ ᠶᠢ ᠤᠢᠢᠷ᠎ᠠ ᠳᠤ ᠺᠣᠮᠣᠷᠣ᠋ ᠳᠤ ᠬᠠᠯᠠᠭᠤᠨ ᠢᠶᠠᠷ ᠨᠡᠪᠲᠡᠷᠡᠭᠦᠯᠬᠦ ᠶᠢᠨ ᠬᠠᠮᠲᠤ ᠳᠤᠮᠳᠠᠳᠤ ᠺᠣᠮᠣᠷᠣ᠋ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠠᠰᠤᠷᠠᠯᠲᠠ ᠦᠭᠡᠢ ᠪᠠᠶᠢᠭᠤᠯᠵᠤ ᠪᠠᠶᠢᠭ᠎ᠠ ︽ᠠᠭᠤᠯᠠ ᠤᠰᠤᠨ ᠤ ᠬᠠᠶᠢᠷ᠎ᠠ︾ ᠶᠢ ᠳᠤᠷᠠᠲᠠᠶ᠎ᠠ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠣᠭᠲᠠᠴᠠ ᠶᠢᠨ ᠳᠠᠭᠠᠭᠤᠯᠭ᠎ᠠ ᠳᠣᠣᠷ᠎ᠠ᠂ ᠬᠤᠶᠠᠷ ᠲᠠᠯ᠎ᠠ ᠪᠠᠷ ᠢᠶᠠᠨ ᠰᠣᠨᠢᠨ ᠮᠡᠳᠡᠭᠡᠨ ᠤ ᠮᠡᠳᠡᠭᠡᠯᠡᠯ᠂ ᠬᠠᠮᠲᠤᠷᠠᠨ ᠦᠢᠯᠡᠳᠬᠦ᠂ ᠤᠯᠠᠨ ᠡᠰᠢᠴᠢᠯᠡᠭᠰᠡᠨ ᠳᠠᠮᠵᠢᠭᠤᠯᠭ᠎ᠠ᠂ ᠷᠠᠳᠢᠣ᠋ ᠲᠧᠯᠸᠢᠰ ᠤᠨ ᠮᠡᠷᠭᠡᠵᠢᠯ᠂ ᠬᠥᠮᠦᠰ ᠤᠨ ᠶᠠᠪᠤᠯᠴᠠᠭ᠎ᠠ ᠵᠡᠷᠭᠡ ᠬᠦᠷᠢᠶᠡᠨ ᠳᠤ ᠦᠷᠭᠦᠯᠵᠢᠯᠡᠨ ᠬᠠᠮᠲᠤᠷᠠᠯᠴᠠᠵᠤ᠂ ᠪᠦᠬᠦ ᠲᠠᠯ᠎ᠠ ᠶᠢᠨ᠂ ᠥᠷᠭᠡᠨ ᠬᠦᠷᠢᠶᠡᠨ ᠤ᠂ ᠪᠣᠰᠤᠭ᠎ᠠ ᠴᠣᠭᠴᠠᠲᠤ ᠣᠨᠴᠠᠯᠢᠭ ᠢ ᠢᠯᠡᠷᠡᠭᠦᠯᠵᠦ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠬᠤ ᠳᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠴᠦᠨ ᠴᠢᠳᠠᠯ ᠢᠶᠠᠨ ᠡᠷᠭᠦᠪᠡ᠃ ᠥᠨᠥᠳᠦᠷ ︽ᠪᠥᠬᠦ ᠲᠠᠯ᠎ᠠ ᠶᠢᠨ᠂ ᠥᠷᠭᠡᠨ ᠬᠦᠷᠢᠶᠡᠨ ᠤ᠂ ᠪᠣᠰᠤᠭ᠎ᠠ ᠴᠣᠭᠴᠠᠲᠤ — ᠳᠤᠮᠳᠠᠳᠤ ᠠᠹᠷᠢᠺᠠ ᠶᠢᠨ ᠷᠠᠳᠢᠣ᠋ ᠲᠧᠯᠧᠢᠰ ᠤᠨ ᠦᠵᠡᠵᠦ ᠰᠣᠨᠣᠰᠬᠤ ᠬᠠᠮᠵᠢᠯᠴᠠᠭ᠎ᠠ ᠰᠣᠯᠢᠯᠴᠠᠭ᠎ᠠ ᠰᠢᠨ᠎ᠡ ᠱᠠᠲᠤᠨ ᠳᠤ ᠣᠷᠣᠪᠠ ︵ᠳᠡᠭᠡᠳᠦ︶︾ ᠶᠢ ᠨᠠᠶᠢᠷᠠᠭᠤᠯᠤᠨ ᠲᠠᠷᠬᠠᠭᠠᠪᠠ᠃  ᠳᠦᠷᠪᠡ᠂ ᠬᠠᠮᠲᠤᠷᠠᠵᠤ ᠦᠢᠯᠡᠳᠦᠨ᠂ ᠫᠷᠤᠭ᠍ᠷᠠᠮ ᠤᠨ ᠲᠥᠷᠥᠯ ᠵᠦᠢᠯ ᠪᠠ ᠰᠡᠳᠦᠪ ᠡᠳᠦᠷ ᠢᠷᠡᠬᠦᠶ᠎ᠡ ᠪᠠᠶᠠᠯᠢᠭᠵᠢᠪᠠ  ᠤᠢᠢᠷ᠎ᠠ ᠶᠢᠨ ᠵᠢᠯ ᠠᠴᠠ᠂ ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠤᠨ ᠪᠠᠶᠢᠭᠤᠯᠤᠮᠵᠢ ᠦᠵᠡᠵᠦ ᠰᠣᠨᠣᠰᠬᠤ ᠫᠷᠤᠭ᠍ᠷᠠᠮ ᠢ ᠬᠠᠮᠲᠤᠷᠠᠯᠴᠠᠨ ᠦᠢᠯᠡᠳᠬᠦ ᠶᠢ ᠢᠳᠡᠪᠬᠢᠲᠡᠢ ᠥᠷᠨᠢᠭᠦᠯᠵᠦ᠂ ᠫᠷᠤᠭ᠍ᠷᠠᠮ ᠤᠨ ᠲᠦᠷᠦᠯ ᠵᠦᠢᠯ ᠪᠣᠯᠤᠨ ᠰᠡᠳᠦᠪ ᠨᠢ ᠤᠯᠠᠨ ᠡᠰᠢᠵᠢᠨ ᠬᠥᠭᠵᠢᠭᠰᠡᠨ ᠨᠢ ᠳᠤᠮᠳᠠᠳᠤ ᠠᠹᠷᠢᠺᠠ ᠶᠢᠨ ᠠᠵᠤ ᠦᠢᠯᠡᠰ ᠤᠨ ᠬᠡᠯᠬᠢᠶ᠎ᠡ ᠶᠢ ᠦᠵᠡᠵᠦ ᠰᠣᠨᠣᠰᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠴᠢᠬᠤᠯᠠ ᠭᠠᠷᠳᠠᠴᠠ ᠪᠣᠯᠭᠠᠵᠠᠢ᠃  ︵ᠨᠢᠭᠡ︶ ᠬᠠᠮᠲᠤᠷᠠᠨ ᠦᠢᠯᠡᠳᠦᠭᠰᠡᠨ ᠲᠧᠯᠸᠢᠰ ᠵᠦᠴᠦᠭᠡ ᠨᠢ ᠪᠣᠳᠠᠲᠤ ᠰᠡᠳᠦᠪ ᠢᠶᠠᠷ ᠭᠤᠣᠯ ᠪᠣᠯᠭᠠᠪᠠ  ᠲᠧᠯᠸᠢᠰ ᠵᠦᠴᠦᠭᠡ ᠪᠣᠯ ᠳᠤᠮᠳᠠᠳᠤ ᠠᠹᠷᠢᠺᠠ ᠶᠢᠨ ᠬᠤᠷᠰᠢᠨ ᠦᠢᠯᠡᠳᠦᠭᠰᠡᠨ ᠴᠢᠬᠤᠯᠠ ᠫᠷᠣᠭ᠍ᠷᠠᠮ ᠤᠨ ᠲᠥᠷᠥᠯ ᠵᠦᠢᠯ ᠪᠣᠯᠣᠨ᠎ᠠ᠃ ᠤᠢᠢᠷ᠎ᠠ ᠶᠢᠨ ᠵᠢᠯ ᠠᠴᠠ ᠂ ᠳᠤᠮᠳᠠᠳᠤ ᠠᠹᠷᠢᠺᠠ ︽ᠡᠸ᠋ᠪᠤᠯᠠ ᠶᠢᠨ ᠡᠮᠦᠨ᠎ᠡ ᠹᠷᠣᠨᠲ ᠲᠤ︾᠂ ︽ᠵᠣᠯ ᠵᠢᠷᠭᠠᠯᠲᠤ ᠡᠪᠡᠰᠦ︾᠂ ︽ᠮᠠᠢ ᠯᠧ ᠲᠣᠰᠬᠤᠨ ᠳᠤ ᠬᠦᠷᠦᠯᠴᠡᠨ ᠢᠷᠡᠭᠰᠡᠨ ᠢ ᠴᠢᠨᠢ ᠪᠠᠶᠠᠷᠯᠠᠨ ᠤᠭᠲᠤᠶ᠎ᠠ︾ ᠵᠡᠷᠭᠡ ᠤᠯᠠᠨ ᠲᠧᠯᠸᠢᠰ ᠵᠦᠴᠦᠭᠡ ᠶᠢ ᠭᠠᠷᠭᠠᠵᠤ᠂ ᠮᠠᠰᠢ ᠰᠠᠶᠢᠨ ᠳᠠᠮᠵᠢᠭᠤᠯᠭ᠎ᠠ ᠶᠢᠨ ᠦᠷ᠎ᠡ ᠪᠦᠲᠦᠮᠵᠢ ᠤᠯᠪᠠ᠃ ᠡᠭᠦᠨ ᠳᠤ᠂ ︽ᠮᠠᠢ ᠯᠧ ᠲᠣᠰᠬᠤᠨ ᠳᠤ ᠬᠦᠷᠦᠯᠴᠡᠨ ᠢᠷᠡᠭᠰᠡᠨ ᠢ ᠴᠢᠨᠢ ᠪᠠᠶᠠᠷᠯᠠᠨ ᠤᠭᠲᠤᠶ᠎ᠠ︾ ᠨᠢ ᠳᠤᠮᠳᠠᠳᠤ ᠠᠹᠷᠢᠺᠠ ᠶᠢᠨ ᠬᠠᠮᠲᠤᠷᠠᠨ ᠰᠡᠭᠦᠳᠡᠷᠯᠡᠭᠰᠡᠨ ᠲᠧᠯᠸᠢᠰ ᠵᠦᠴᠦᠭᠡ ᠶᠢᠨ ᠲᠥᠯᠥᠭᠡᠯᠡᠬᠦ ᠴᠢᠨᠠᠷᠲᠠᠶ ᠪᠦᠲᠦᠭᠡᠯ ᠮᠥᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠳᠤᠷᠠᠳᠤᠭᠰᠠᠨ 10 ᠵᠢᠯ ᠤᠨ ᠣᠶ᠂ ᠳᠤᠮᠳᠠᠳᠤ ᠤᠯᠤᠰ ᠤᠨ ᠭᠠᠳᠠᠭᠠᠳᠤ ᠶᠢ ᠲᠤᠰᠠᠯᠠᠬᠤ ᠡᠮᠴᠢᠯᠡᠭᠡᠨ ᠤ ᠠᠩᠭᠢ ᠶᠢ ᠲᠣᠮᠢᠯᠠᠭᠰᠠᠨ 60 ᠵᠢᠯ ᠤᠨ ᠣᠶ᠂ ᠳᠤᠮᠳᠠᠳᠤ — ᠲᠠᠨᠽᠠᠨᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 60 ᠵᠢᠯ ᠤᠨ ᠣᠶ ᠳᠤ ᠬᠦᠷᠭᠡᠭᠰᠡᠨ ᠪᠡᠯᠡᠭ ᠪᠣᠯᠬᠤ ᠪᠦᠲᠦᠭᠡᠯ ᠮᠥᠨ᠃ ᠵᠣᠬᠢᠶᠠᠨ ᠪᠦᠲᠦᠭᠡᠬᠦ ᠪᠦᠯᠬᠦᠮ ᠳᠤᠮᠳᠠᠳᠤ ᠤᠯᠤᠰ᠂ ᠲᠠᠨᠽᠠᠨᠢᠶ᠎ᠠ ᠬᠤᠶᠠᠷ ᠤᠯᠤᠰ ᠤᠨ ᠳᠣᠯᠣᠭᠠᠨ ᠭᠠᠵᠠᠷ ᠢ ᠰᠤᠨᠳᠠᠯᠠᠨ ᠦᠵᠡᠮᠵᠢ ᠠᠪᠴᠤ᠂  1400 ᠭᠠᠷᠤᠢ ᠭᠠᠳᠠᠭᠠᠳᠤ ᠶᠢᠨ ᠲᠣᠭᠯᠠᠭᠴᠢ ᠶᠢ ᠳᠠᠶᠢᠴᠢᠯᠠᠨ᠂ ᠳᠤᠭᠤᠶᠢᠯᠠᠩ ᠳᠤ ᠰᠠᠭᠤᠭ᠎ᠠ ᠭᠠᠳᠠᠭᠠᠳᠤ ᠶᠢᠨ ᠲᠣᠭᠯᠠᠭᠴᠢ 190 ᠬᠦᠮᠦᠨ ᠢ ᠳᠠᠪᠠᠵᠠᠢ᠃ 2023 ᠣᠨ ᠤ 8 ᠳ᠋ᠤᠭᠠᠷ ᠰᠠᠷ᠎ᠠ ᠶᠢᠨ 20 ᠤ ᠡᠳᠦᠷ᠂ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ ᠠᠴᠠ ︽ᠮᠠᠢ ᠯᠧ ᠲᠣᠰᠬᠤᠨ ᠳᠤ ᠢᠷᠡᠭᠰᠡᠨ ᠢ ᠪᠠᠶᠠᠷᠯᠠᠨ ᠤᠭᠲᠤᠶ᠎ᠠ︾ ᠵᠦᠴᠦᠭᠡ ᠶᠢᠨ ᠳᠤᠭᠤᠶᠢᠯᠠᠩ ᠳᠤ ︽ᠳᠤᠮᠳᠠᠳᠤ ᠲᠠᠨᠽᠠᠨᠢᠶ᠎ᠠ ᠶᠢᠨ ᠨᠥᠬᠦᠷᠯᠡᠯ ᠢ ᠠᠬᠢᠭᠤᠯᠬᠤ ᠳᠤ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠣᠯᠭᠤᠵᠤ᠂ ᠲᠧᠯᠸᠢᠰ ᠵᠦᠴᠦᠭᠡ ᠶᠢᠨ ᠲᠣᠭᠯᠠᠭᠴᠢ ᠶᠢᠨ ᠳ᠋ᠦᠩ ᠳᠤ ︽ᠳᠤᠮᠳᠠᠳᠤ — ᠲᠠᠨᠽᠠᠨᠢᠶ᠎ᠠ ᠶᠢᠨ ᠰᠣᠶᠣᠯ ᠵᠢᠭᠤᠯᠴᠢᠯᠠᠯ ᠤᠨ ᠡᠯᠴᠢᠨ︾ ᠤ ᠢᠷᠠᠭᠤ ᠠᠯᠳᠠᠷ ᠤᠨ ᠴᠣᠯᠠ ᠶᠢ ᠣᠯᠭᠤᠪᠠ᠃ 2024 ᠣᠨ ᠳᠤ ︽ᠮᠠᠢ ᠯᠧ ᠲᠣᠰᠬᠤᠨ ᠳᠤ ᠢᠷᠡᠭᠰᠡᠨ ᠢ ᠪᠠᠶᠠᠷᠯᠠᠨ ᠤᠭᠲᠤᠶ᠎ᠠ︾ ᠨᠢ ᠰᠸᠠᠾᠢᠯᠢ ᠬᠡᠯᠡ ᠪᠠᠷ ᠣᠷᠴᠢᠭᠤᠯᠤᠭᠳᠠᠨ ᠤᠷᠢᠳ ᠬᠤᠵᠢᠳ ᠺᠧᠨᠢᠶᠠ ᠶᠢᠨ ᠠᠷᠠᠳ ᠢᠷᠭᠡᠳ ᠤᠨ ᠲᠧᠯᠸᠢᠰ ᠬᠤᠷᠢᠶ᠎ᠠ᠂ ᠲᠠᠨᠽᠠᠨᠢᠶ᠎ᠠ ᠶᠢᠨ ᠽᠧᠨ᠋ᠽᠪᠠᠷᠠ ᠶᠢᠨ ᠲᠣᠭᠠᠵᠢᠭᠤᠯᠤᠭᠰᠠᠨ ᠲᠧᠯᠸᠢᠰ ᠬᠤᠷᠢᠶ᠎ᠠ ᠪᠣᠯᠤᠨ ᠠᠹᠷᠢᠺᠠ ᠲᠢᠪ ᠤᠨ AzamTV ᠲᠧᠯᠸᠢᠰ ᠬᠤᠷᠢᠶ᠎ᠠ ᠵᠢᠴᠢ ᠰᠦᠯᠵᠢᠶᠡᠨ ᠤ ᠲᠠᠪᠴᠠᠩ ᠳᠤ ᠨᠡᠪᠲᠡᠷᠡᠭᠦᠯᠵᠦ᠂ ᠲᠠᠨᠽᠠᠨᠢᠶ᠎ᠠ᠂ ᠮᠠᠯᠠᠸᠢ᠂ ᠷᠦᠸᠠᠨᠳᠠ᠂ ᠽᠢᠮᠪᠠᠪᠦ᠋ᠸᠧᠢ ᠂ ᠦᠭᠠᠨᠳᠠ ᠪᠣᠯᠤᠨ ᠺᠧᠨᠢᠶᠠ ᠶᠢ ᠬᠠᠮᠤᠷᠴᠠᠢ᠃  ︽ᠡᠸ᠋ᠪᠤᠯᠠ ᠶᠢᠨ ᠡᠮᠦᠨ᠎ᠡ ᠹᠷᠣᠨᠲ ᠲᠤ︾ ᠳᠤ ᠳᠤᠮᠳᠠᠳᠤ ᠤᠯᠤᠰ ᠤᠨ ᠠᠹᠷᠢᠺᠠ ᠲᠢᠪ ᠢ ᠲᠤᠰᠠᠯᠠᠬᠤ ᠡᠮᠴᠢᠯᠡᠭᠡᠨ ᠤ ᠠᠩᠭᠢ ᠶᠢᠨ ᠧᠪᠦ᠋ᠯᠠ ᠸᠢᠷᠦ᠋ᠰ ᠢ ᠡᠰᠡᠷᠭᠦᠴᠡᠭᠰᠡᠨ ᠦᠯᠢᠭᠡᠷ ᠢ ᠲᠣᠭᠠᠴᠢᠵᠤ᠂ 2022 ᠣᠨ ᠳᠤ ᠤᠷᠢᠳ ᠬᠤᠵᠢᠳ ᠺᠣᠮᠣᠷᠣ᠋ ᠤᠯᠤᠰ ᠤᠨ ᠬᠤᠷᠢᠶ᠎ᠠ᠂ ᠰᠧᠨᠧᠭᠠᠯ RTS ᠤᠯᠤᠰ ᠤᠨ ᠬᠤᠷᠢᠶ᠎ᠠ  ᠳᠤ ᠭᠠᠷᠭᠠᠵᠠᠢ᠃ ︽ᠵᠣᠯ ᠵᠢᠷᠭᠠᠯᠲᠤ ᠡᠪᠡᠰᠦ︾ ᠳᠤ ᠮᠥᠭᠦ ᠡᠪᠡᠰᠦᠨ ᠤ ᠲᠤᠰᠬᠠᠢ ᠮᠡᠷᠭᠡᠵᠢᠯᠲᠡᠨ ᠪᠦᠯᠬᠦᠮ ᠳᠠᠭᠠᠭᠤᠯᠤᠨ ᠠᠹᠷᠢᠺᠠ ᠲᠢᠪ ᠤᠨ ᠪᠠᠯᠮᠠᠯᠠ ᠳᠤ ᠮᠥᠭᠦ ᠡᠪᠡᠰᠦᠨ ᠤ ᠮᠡᠷᠭᠡᠵᠢᠯ ᠢ ᠳᠡᠯᠭᠡᠷᠡᠭᠦᠯᠦᠭᠰᠡᠨ ᠦᠯᠢᠭᠡᠷ ᠢ ᠶᠠᠷᠢᠵᠤ᠂ 2024 ᠣᠨ ᠤ 8 ᠳ᠋ᠤᠭᠠᠷ ᠰᠠᠷ᠎ᠠ ᠳᠤ ᠲᠥᠪ ᠤᠨ ᠲᠧᠯᠸᠢᠰ ᠬᠤᠷᠢᠶᠠᠨ ᠤ ᠶᠡᠷᠦᠩᠬᠡᠶᠢᠯᠡᠭᠰᠡᠨ ᠰᠤᠪᠠᠭ ᠲᠤ ᠠᠩᠬ᠎ᠠ ᠨᠡᠪᠲᠡᠷᠡᠭᠦᠯᠪᠡ᠃  ᠣᠳᠣᠬᠠᠨ ᠳᠤ᠂ ᠳᠤᠮᠳᠠᠳᠤ ᠠᠹᠷᠢᠺᠠ ᠶᠢᠨ ᠬᠠᠮᠲᠤᠷᠠᠨ ᠦᠢᠯᠡᠳᠬᠦ‍ ᠨᠢᠭᠡ ᠪᠦᠯᠦᠭ ᠲᠧᠯᠸᠢᠰ ᠵᠦᠴᠦᠭᠡ ᠶᠠᠭ ᠪᠡᠯᠡᠳᠬᠡᠯ ᠬᠤᠭᠤᠴᠠᠭᠠᠨ ᠳᠤ ᠪᠠᠨ ᠪᠠᠶᠢᠨ᠎ᠠ᠃ ︽ᠣᠨᠴᠠᠭᠠᠢ ᠬᠠᠷᠢᠴᠠᠭ᠎ᠠ︾ ᠬᠡᠮᠡᠬᠦ ᠲᠧᠯᠸᠢᠰ ᠵᠦᠴᠦᠭᠡ ᠳᠤ ᠳᠤᠮᠳᠠᠳᠤ ᠤᠯᠤᠰ ᠪᠣᠯᠤᠨ ᠺᠧᠨᠢᠶᠠ ᠬᠠᠮᠲᠤᠷᠠᠨ ᠤᠮᠠᠷᠠᠲᠤ ᠴᠠᠭᠠᠨ ᠬᠡᠷᠢᠰ ᠢ ᠬᠠᠮᠠᠭᠠᠯᠠᠵᠤ᠂ ᠣᠯᠠᠨ ᠤᠯᠤᠰ ᠤᠨ ᠠᠮᠢᠲᠠᠨ ᠤ ᠬᠠᠮᠠᠭᠠᠯᠠᠯᠲᠠ ᠶᠢ ᠠᠬᠢᠭᠤᠯᠤᠭᠰᠠᠨ ᠦᠯᠢᠭᠡᠷ ᠢ ᠶᠠᠷᠢᠵᠤ᠂ ︽ᠣᠳᠣᠨ ᠣᠭᠲᠠᠷᠭᠤᠢ ᠥᠷᠭᠦᠯᠵᠢᠯᠡᠨ᠎ᠡ︾ ᠬᠡᠮᠡᠬᠦ ᠲᠧᠯᠸᠢᠰ ᠵᠦᠴᠦᠭᠡ ᠳᠤ ᠳᠤᠮᠳᠠᠳᠤ ᠤᠯᠤᠰ ᠤᠨ ᠨᠢᠰᠭᠡᠯ ᠤᠨ ᠰᠤᠷᠭᠠᠭᠴᠢ ᠠᠹᠷᠢᠺᠠ ᠲᠢᠪ ᠤᠨ ᠨᠠᠮᠢᠪᠢᠶ᠎ᠠ ᠳᠤ ᠬᠦᠷᠴᠦ ᠨᠢᠰᠭᠡᠭᠴᠢ ᠶᠢ ᠪᠣᠯᠪᠠᠰᠤᠷᠠᠭᠤᠯᠤᠭᠰᠠᠨ ᠦᠯᠢᠭᠡᠷ ᠢ ᠶᠠᠷᠢᠵᠤ᠂ ᠲᠤᠰ ᠲᠤᠰ ᠵᠦᠴᠦᠭᠡ ᠶᠢᠨ ᠳᠡᠪᠲᠡᠷ ᠤᠨ ᠨᠠᠷᠢᠯᠢᠭ ᠵᠠᠰᠠᠪᠤᠷᠢ ᠪᠣᠯᠤᠨ ᠵᠦᠴᠦᠭᠡᠴᠢᠨ ᠢ ᠵᠥᠪᠳᠡᠯᠴᠡᠨ ᠶᠠᠷᠢᠯᠴᠠᠬᠤ ᠱᠠᠲᠤᠨ ᠳᠤ ᠪᠠᠶᠢᠨ᠎ᠠ᠃  ︵ᠬᠤᠶᠠᠷ︶ ᠬᠠᠮᠲᠤᠷᠠᠨ ᠦᠢᠯᠡᠳᠦᠭᠰᠡᠨ ᠪᠠᠷᠢᠮᠲᠠᠲᠤ ᠹᠢᠯᠢᠮ ᠨᠢ ᠳᠤᠮᠳᠠᠳᠤ ᠠᠹᠷᠢᠺᠠ ᠶᠢᠨ ᠬᠠᠮᠲᠤᠷᠠᠯᠴᠠᠯ ᠤᠨ ᠦᠷ᠎ᠡ ᠪᠦᠲᠦᠭᠡᠯ ᠢ ᠬᠠᠷᠠᠭᠤᠯᠪᠠ  ᠠᠯᠢ ᠤᠯᠠᠨ ᠬᠠᠮᠲᠤᠷᠠᠨ ᠦᠢᠯᠡᠳᠦᠭᠰᠡᠨ ᠪᠠᠷᠢᠮᠲᠠᠲᠤ ᠹᠢᠯᠢᠮ ᠨᠢ ᠳᠤᠮᠳᠠᠳᠤ ᠠᠹᠷᠢᠺᠠ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ᠂ ᠡᠮᠴᠢᠯᠡᠭᠡ᠂ ᠰᠣᠶᠣᠯ ᠵᠡᠷᠭᠡ ᠤᠯᠠᠨ ᠬᠦᠷᠢᠶᠡᠨ ᠤ ᠬᠠᠮᠲᠤᠷᠠᠯᠴᠠᠭ᠎ᠠ ᠶᠢᠨ ᠯᠠᠪᠳᠠᠭᠤᠨ ᠪᠠᠲᠤᠲᠠᠢ ᠠᠯᠬᠤᠮ ᠢ ᠲᠡᠮᠳᠡᠭᠯᠡᠪᠡ᠃ 2017 ᠣᠨ ᠤ 5 ᠳ᠋ᠤᠭᠠᠷ ᠰᠠᠷ᠎ᠠ ᠳᠤ᠂  ᠮᠣᠮᠪᠠᠰ — ᠨᠸᠢᠷᠣᠪᠢ ᠬᠦᠷᠬᠦ ᠲᠡᠮᠦᠷ ᠵᠠᠮ ᠵᠢᠩᠬᠢᠨᠢ ᠪᠠᠷ ᠲᠡᠷᠭᠡ ᠨᠡᠪᠲᠡᠷᠡᠭᠰᠡᠨ ᠲᠠᠰᠢᠷᠠᠮ ᠳᠤ᠂ ︽ᠮᠢᠨᠦ ᠲᠡᠮᠦᠷ ᠵᠠᠮ ᠮᠢᠨᠦ ᠵᠡᠭᠦᠳᠦ︾ ᠶᠢ ᠠᠹᠷᠢᠺᠠ ᠲᠢᠪ ᠤᠨ ᠡᠯ᠎ᠡ ᠨᠡᠷᠡᠲᠦ ᠲᠧᠯᠸᠢᠰ ᠤᠨ ᠲᠠᠪᠴᠠᠩ ᠳᠤ ᠨᠡᠪᠲᠡᠷᠡᠭᠦᠯᠪᠡ᠂ ᠡᠭᠦᠨ ᠳᠤ ᠺᠧᠨᠢᠶᠠ ᠶᠢᠨ ᠤᠯᠤᠰ ᠤᠨ ᠲᠧᠯᠸᠢᠰ ᠬᠤᠷᠢᠶ᠎ᠠ 7 ᠤᠳᠠᠭ᠎ᠠ ᠨᠡᠪᠲᠡᠷᠡᠭᠦᠯᠵᠦ᠂ ᠠᠷᠠᠳ ᠣᠯᠠᠨ ᠤ ᠪᠠᠭ᠋ᠠᠷᠬᠠᠯ ᠢ ᠶᠡᠬᠡᠳᠡ ᠲᠠᠲᠠᠪᠠ᠃ 2023 ᠣᠨ ᠳᠤ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠡᠮᠦᠨᠡᠲᠦ ᠠᠹᠷᠢᠺᠠ ᠶᠢᠨ ᠷᠠᠳᠢᠣ᠋ ᠲᠧᠯᠸᠢᠰ ᠤᠨ ᠺᠣᠮᠫᠠᠨᠢ ᠲᠠᠢ ᠬᠠᠮᠲᠤᠷᠠᠨ ᠰᠡᠭᠦᠳᠡᠷᠯᠡᠭᠰᠡᠨ ︽ᠬᠤᠷᠢᠨ ᠲᠠᠪᠤᠨ ᠨᠠᠰᠤ ᠶᠠᠭ ᠵᠠᠯᠠᠭᠤ ᠨᠠᠰᠤ — ᠳᠤᠮᠳᠠᠳᠤ ᠡᠮᠦᠨᠡᠲᠦ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠪᠣᠳᠠᠲᠤ ᠲᠡᠮᠲᠡᠭᠯᠡᠯ︾ ᠪᠠᠷᠢᠮᠲᠠᠲᠤ ᠹᠢᠯᠢᠮ ᠨᠢ ᠳᠤᠮᠳᠠᠳᠤ ᠤᠯᠤᠰ ᠪᠣᠯᠤᠨ ᠡᠮᠦᠨᠡᠲᠦ ᠠᠹᠷᠢᠺᠠ ᠶᠢᠨ ᠭᠠᠳᠠᠭᠠᠳᠤ ᠬᠠᠷᠢᠯᠴᠠᠭ᠎ᠠ᠂ ᠠᠵᠤ ᠠᠬᠤᠢ ᠶᠢᠨ ᠬᠠᠮᠲᠤᠷᠠᠯᠴᠠᠭ᠎ᠠ ᠵᠢᠴᠢ ᠰᠣᠶᠣᠯ ᠢᠷᠭᠡᠨᠰᠢᠯ ᠤᠨ ᠰᠣᠯᠢᠯᠴᠠᠭᠠᠨ ᠤ ᠲᠠᠯ᠎ᠠ ᠪᠠᠷ ᠬᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠢᠯᠡᠷᠡᠭᠦᠯᠪᠡ᠃ ᠹᠦᠵᠢᠶᠠᠨ ᠤ ᠷᠠᠳᠢᠣ᠋ ᠲᠧᠯᠸᠢᠰ ᠤᠨ ᠪᠦᠯᠦᠭᠯᠡᠯ ᠤᠨ ᠬᠢᠨ ᠤ ᠶᠧᠵᠢᠫᠲ ᠤᠨ ᠤᠯᠤᠰ ᠤᠨ ᠲᠧᠯᠸᠢᠰ ᠬᠤᠷᠢᠶ᠎ᠠ ᠲᠠᠢ ᠬᠠᠮᠲᠤᠷᠠᠨ ᠰᠡᠭᠦᠳᠡᠷᠯᠡᠵᠦ ᠪᠠᠶᠢᠭ᠎ᠠ ︽ᠬᠠᠢ ᠰᠾᠢ ᠬᠤᠣᠰ ᠬᠤᠲᠠ ᠶᠢᠨ ᠲᠡᠮᠳᠡᠭᠯᠡᠯ︾ ᠢ ᠵᠢᠱᠢᠯᠲᠡ ᠪᠠᠷ 2025 ᠣᠨ ᠤ 12 ᠳ᠋ᠤᠭᠠᠷ ᠰᠠᠷ᠎ᠠ ᠳᠤ ᠵᠣᠬᠢᠶᠠᠵᠤ ᠳᠠᠭᠤᠰᠬᠠᠬᠤ ᠪᠣᠯᠣᠨ᠎ᠠ᠃  ᠳᠤᠮᠳᠠᠳᠤ ᠠᠹᠷᠢᠺᠠ ᠶᠢᠨ ᠠᠷᠠᠳ ᠲᠦᠮᠡᠨ ᠤ ᠨᠥᠬᠦᠷᠰᠡᠭ ᠰᠣᠯᠢᠯᠴᠠᠭ᠎ᠠ ᠨᠢ ᠮᠥᠨ ᠴᠤ ᠪᠠᠷᠢᠮᠲᠠᠲᠤ ᠹᠢᠯᠢᠮ ᠬᠠᠮᠲᠤᠷᠠᠨ ᠰᠡᠭᠦᠳᠡᠷᠯᠡᠬᠦ ᠶᠢᠨ ᠴᠢᠬᠤᠯᠠ ᠭᠤᠣᠯ ᠰᠡᠳᠦᠪ ᠮᠥᠨ᠃ 2020 ᠣᠨ ᠳᠤ ᠭᠢᠷᠢᠨ ᠤ ᠷᠠᠳᠢᠣ᠋ ᠲᠧᠯᠸᠢᠰ ᠬᠤᠷᠢᠶ᠎ᠠ ᠶᠢᠨ ᠬᠢᠨ ᠧᠽᠢᠤᠫᠢᠶ᠎ᠠ ᠶᠢᠨ ᠴᠢᠮᠡᠭᠡᠯᠡᠯ ᠤᠨ ᠬᠤᠷᠢᠶ᠎ᠠ ᠲᠠᠢ ︽ᠧᠽᠢᠤᠫᠢᠶ᠎ᠠ ᠶᠢᠨ ᠬᠤᠪᠢ ᠢᠷᠦᠭᠡᠯ︾ ᠬᠡᠮᠡᠬᠦ ᠪᠠᠷᠢᠮᠲᠠᠲᠤ ᠹᠢᠯᠢᠮ ᠢ ᠬᠠᠮᠲᠤᠷᠠᠨ ᠰᠡᠭᠦᠳᠡᠷᠯᠡᠵᠦ᠂ ᠫᠷᠣᠭ᠍ᠷᠠᠮ ᠨᠢ ᠤᠷᠢᠳ ᠬᠤᠵᠢᠳ ᠶᠡᠷᠦᠩᠬᠡᠶ ᠬᠤᠷᠢᠶᠠᠨ ᠤ ᠠᠩᠭ᠍ᠯᠢ ᠬᠡᠯᠡᠨ ᠤ ᠪᠦᠬᠦ ᠳᠡᠯᠡᠬᠡᠢ ᠶᠢᠨ ᠨᠡᠪᠲᠡᠷᠡᠭᠦᠯᠭᠡ ᠶᠢᠨ ᠲᠥᠪ ︵CGTN︶᠂ ᠧᠽᠢᠤᠫᠢᠶ᠎ᠠ ᠶᠢᠨ ᠴᠢᠮᠡᠭᠡᠯᠡᠯ ᠤᠨ ᠬᠤᠷᠢᠶᠠᠨ ᠤ ᠠᠯᠪᠠᠨ ᠰᠦᠯᠵᠢᠶ᠎ᠡ᠂ Youtube ᠰᠦᠯᠵᠢᠶᠡᠨ ᠥᠷᠲᠡᠭᠡ ᠳᠤ ᠨᠡᠪᠲᠡᠷᠡᠭᠦᠯᠪᠡ᠃ ︽ ᠪᠣᠣᠪᠢᠢ ᠶᠢᠨ ᠦᠢᠯᠡᠳᠪᠦᠷᠢ︾ ᠳᠤ ᠨᠢᠭᠧᠷᠢᠶ᠎ᠠ ᠬᠥᠮᠦᠨ ᠪᠣᠣᠪᠢᠢ ᠶᠢᠨ ᠢ ᠡᠤ ᠳᠤ ᠦᠢᠯᠡᠰ ᠪᠣᠰᠬᠠᠭᠰᠠᠨ ᠦᠯᠢᠭᠡᠷ ᠢ ᠶᠠᠷᠢᠵᠤ᠂ 2022 ᠣᠨ ᠳᠤ ᠨᠢᠭᠧᠷᠢᠶ᠎ᠠ ᠶᠢᠨ ᠤᠯᠤᠰ ᠤᠨ ᠲᠧᠯᠸᠢᠰ ᠬᠤᠷᠢᠶ᠎ᠠ ︵NTA︶ ᠵᠡᠷᠭᠡ ᠣᠯᠠᠨ ᠲᠠᠪᠴᠠᠩ ᠳᠤ ᠨᠡᠪᠲᠡᠷᠡᠭᠦᠯᠵᠦ ᠂ ᠠᠹᠷᠢᠺᠠ ᠲᠢᠪ ᠤᠨ 30 ᠭᠠᠷᠤᠢ ᠤᠯᠤᠰ ᠢ ᠬᠠᠮᠤᠷᠤᠭᠰᠠᠨ ᠪᠠᠶᠢᠨ᠎ᠠ᠃ ᠪᠠᠷᠢᠮᠲᠠᠲᠤ ᠺᠢᠨᠣ᠋ ︽ᠬᠠᠮᠤᠭ ᠤᠨ ᠶᠢᠨ ᠬᠤᠸᠠ︾ ᠳᠤ ᠠᠹᠷᠢᠺᠠ ᠲᠢᠪ ᠤᠨ ᠬᠡᠦᠬᠡᠨ ᠪᠤᠤᠷᠠ ᠶᠢᠨ ᠬᠠᠷᠠᠭᠠᠰᠤ ᠠᠴᠠ ᠳᠤᠮᠳᠠᠳᠤ ᠤᠯᠤᠰ ᠤᠨ ᠵᠧᠵᠢᠶᠠᠩ ᠮᠤᠵᠢ ᠶᠢᠨ ᠶᠢᠨ ᠬᠤᠸᠠ ᠬᠤᠲᠠ ᠶᠢ ᠲᠠᠨᠢᠯᠴᠠᠭᠤᠯᠵᠤ᠂ 2022 ᠣᠨ ᠳᠤ ᠨᠢᠭᠧᠷᠢᠶ᠎ᠠ᠂ ᠲᠠᠨᠽᠠᠨᠢᠶ᠎ᠠ᠂ ᠺᠧᠨᠢᠶᠠ᠂ ᠽᠠᠮᠪᠢᠶ᠎ᠠ᠂ ᠦᠭᠠᠨᠳᠠ᠂ ᠡᠮᠦᠨᠡᠲᠦ ᠠᠹᠷᠢᠺᠠ ᠵᠡᠷᠭᠡ ᠠᠹᠷᠢᠺᠠ ᠲᠢᠪ ᠤᠨ 20 ᠭᠠᠷᠤᠢ ᠤᠯᠤᠰ ᠤᠳ ᠲᠤ ᠨᠡᠪᠲᠡᠷᠡᠭᠦᠯᠪᠡ᠃  ︵ᠭᠤᠷᠪᠠ︶ ᠬᠠᠮᠲᠤᠷᠠᠨ ᠦᠢᠯᠡᠳᠦᠭᠰᠡᠨ ᠶᠡᠷᠦᠩᠬᠡᠶᠢᠯᠡᠭᠰᠡᠨ ᠤᠷᠠᠯᠢᠭ ᠨᠢ ᠰᠣᠶᠣᠯ ᠠᠯᠤᠰᠯᠠᠭᠰᠠᠨ ᠲᠣᠭᠠᠴᠢᠯᠲᠠ ᠳᠤ ᠠᠩᠬᠠᠷᠤᠯ ᠢᠶᠠᠨ ᠲᠥᠪᠯᠡᠷᠡᠭᠦᠯᠪᠡ  2024 ᠣᠨ ᠳᠤ᠂ ᠳᠤᠮᠳᠠᠳᠤ ᠤᠯᠤᠰ ᠪᠣᠯᠤᠨ ᠲᠠᠨᠽᠠᠨᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 60 ᠵᠢᠯ ᠤᠨ ᠤᠢ ᠶᠢᠨ ᠲᠠᠰᠢᠷᠠᠮ ᠢᠶᠠᠷ᠂ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ ᠠᠪᠠᠭ᠋ᠠᠢ᠂ ᠽᠧᠨ᠋ᠽᠪᠠᠷᠠ ᠶᠢᠨ ᠶᠡᠷᠦᠩᠬᠡᠶᠢᠯᠡᠭᠴᠢ ᠮᠦᠸᠢᠢᠨᠢ ᠠᠪᠤᠭᠠᠢ ᠵᠢᠴᠢ ᠳᠤᠮᠳᠠᠳᠤ ᠤᠯᠤᠰ ᠤᠨ ᠲᠣᠭᠯᠠᠭᠴᠢ ᠶᠢᠨ ᠳ᠋ᠦᠩ ᠬᠠᠮᠲᠤ ᠪᠠᠷ ᠤᠯᠤᠰ ᠤᠨ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ︽ᠷᠢᠳᠢ ᠰᠢᠳᠢᠲᠦ ᠲᠠᠨᠽᠠᠨᠢᠶ᠎ᠠ︾ ᠶᠢ ᠰᠢᠩᠭᠡᠭᠡᠨ ᠦᠢᠯᠡᠳᠴᠦ᠂ ᠦᠵᠡᠭᠴᠢᠳ ᠢ ᠳᠠᠭᠠᠭᠤᠯᠤᠨ ᠲᠠᠨᠽᠠᠨᠢᠶ᠎ᠠ ᠶᠢᠨ ᠪᠠᠶᠢᠭᠠᠯᠢ ᠶᠢᠨ ᠰᠠᠶᠢᠬᠠᠨ ᠦᠵᠡᠮᠵᠢ ᠪᠣᠯᠤᠨ ᠰᠣᠶᠣᠯ ᠤᠨ ᠷᠢᠳᠢ ᠰᠢᠳᠢ ᠶᠢ ᠣᠶᠢᠯᠠᠭᠠᠭᠤᠯᠪᠠ᠃ 2023 ᠣᠨ ᠳᠤ᠂ ︽ᠠᠮᠲᠠᠲᠤ ᠢᠳᠡᠭᠡᠨ ᠢᠷᠡᠯ᠎ᠡ︾ ᠬᠤᠶᠠᠳᠤᠭᠠᠷ ᠤᠯᠠᠷᠢᠯ ᠨᠢ ᠨᠢᠭᠧᠷᠢᠶ᠎ᠠ ᠶᠢᠨ ᠤᠯᠤᠰ ᠤᠨ ᠲᠧᠯᠸᠢᠰ ᠬᠤᠷᠢᠶᠠᠨ ᠤ NTA᠂ ᠨᠢᠭᠧᠷᠢᠶ᠎ᠠ ᠶᠢᠨ ᠲᠤᠰ ᠭᠠᠵᠠᠷ ᠤᠨ FarinWata᠂ Arewa24 ᠰᠤᠪᠠᠭ ᠢᠶᠠᠷ ᠨᠡᠪᠲᠡᠷᠡᠵᠦ᠂ ᠠᠹᠷᠢᠺᠠ ᠲᠢᠪ ᠤᠨ ᠦᠵᠡᠭᠴᠢᠳ ᠤᠨ ᠳᠤᠮᠳᠠᠳᠤ ᠤᠯᠤᠰ ᠲᠤ ᠬᠢ ᠠᠮᠲᠠᠲᠤ ᠢᠳᠡᠭᠡᠨ ᠤ ᠬᠠᠯᠠᠭᠤᠨ ᠰᠡᠳᠭᠢᠯᠭᠡ ᠶᠢ ᠨᠢ ᠲᠠᠲᠠᠵᠠᠢ᠃ 2021 ᠣᠨ ᠳᠤ᠂ ᠳᠤᠮᠳᠠᠳᠤ ᠠᠹᠷᠢᠺᠠ ᠶᠢᠨ ᠰᠣᠶᠣᠯ ᠤᠨ ᠰᠣᠯᠢᠯᠴᠠᠭᠠᠨ ᠤ ︽ᠳᠤᠮᠳᠠᠳᠤ ᠠᠹᠷᠢᠺᠠ ᠶᠢᠨ ᠠᠳᠠᠯᠢ ᠪᠤᠰᠤ ᠲᠠᠯ᠎ᠠ︾ ᠬᠡᠮᠡᠬᠦ ᠵᠤᠭᠤᠭ ᠤᠨ ᠱᠣᠸ᠋ ᠤᠨ ᠫᠷᠣᠭ᠍ᠷᠠᠮ ᠳᠤ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠤᠯᠤᠰ ᠤᠨ ᠰᠣᠷᠣᠭᠴᠢ ᠵᠢᠴᠢ ᠠᠹᠷᠢᠺᠠ ᠲᠢᠪ ᠤᠨ ᠰᠤᠷᠤᠭᠴᠢᠳ ᠢ ᠤᠷᠢᠵᠤ ᠬᠠᠮᠲᠤ ᠪᠠᠷ ᠰᠢᠩᠭᠡᠭᠡᠨ ᠦᠢᠯᠡᠳᠴᠦ᠂ ᠲᠠᠨᠽᠠᠨᠢᠶ᠎ᠠ ᠶᠢᠨ BongoTV᠂ MamboTV᠂ ᠺᠧᠨᠢᠶᠠ ᠶᠢᠨ RemboTV᠂ ᠺᠤᠩᠭᠣ᠋ ︵ ᠶᠢᠨ ︶ ᠶᠢᠨ OrtolanTV ᠵᠡᠷᠭᠡ ᠠᠹᠷᠢᠺᠠ ᠲᠢᠪ ᠤᠨ ᠭᠤᠤᠯ ᠲᠧᠯᠸᠢᠰ ᠤᠨ ᠰᠤᠪᠠᠭ ᠲᠤ ᠨᠡᠪᠲᠡᠷᠡᠭᠦᠯᠵᠦ᠂ ᠬᠠᠮᠤᠷᠤᠭᠰᠠᠨ ᠬᠥᠮᠦᠨ ᠤ ᠲᠤᠭ᠎ᠠ ᠨᠢ 1 ᠳ᠋ᠦᠩᠰᠢᠭᠤᠷ ᠢ ᠳᠠᠪᠠᠵᠠᠢ᠃  ︵ᠲᠦᠷᠪᠡ︶ ᠬᠠᠮᠲᠤᠷᠠᠨ ᠦᠢᠯᠡᠳᠦᠭᠰᠡᠨ ᠺᠠᠷᠲ᠋ᠣᠨ ᠺᠢᠨᠣ᠋ ᠨᠢ ᠳᠤᠮᠳᠠᠳᠤ ᠤᠯᠤᠰ ᠤᠨ ᠰᠣᠶᠣᠯ ᠤᠨ ᠷᠢᠳᠢ ᠰᠢᠳᠢ ᠶᠢ ᠭᠠᠶᠢᠬᠠᠭᠤᠯᠪᠠ  2021 ᠣᠨ ᠳᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠲᠥᠪ ᠲᠧᠯᠸᠢᠰ ᠤᠨ ᠺᠠᠷᠲ᠋ᠣᠨ ᠵᠢᠷᠤᠭ ᠤᠨ ᠪᠦᠯᠦᠭᠯᠡᠯ ᠨᠢ ᠡᠮᠦᠨᠡᠲᠦ ᠠᠹᠷᠢᠺᠠ ᠶᠢᠨ TPW ᠷᠠᠳᠢᠣ᠋ ᠺᠢᠨᠣ᠋ ᠲᠧᠯᠸᠢᠰ ᠦᠢᠯᠡᠳᠬᠦ ᠺᠣᠮᠫᠠᠨᠢ ᠲᠠᠢ ︽ᠮᠠᠯᠤᠷ ᠦᠳᠡᠭᠡ ᠪᠠ ᠪᠢᠴᠢᠬᠠᠨ ᠦᠰᠦᠷᠦᠩᠭᠦᠢ ᠪᠦᠬᠦᠩ︾ ᠺᠠᠷᠲ᠋ᠣᠨ ᠺᠢᠨᠣ᠋ ᠶᠢ ᠬᠠᠮᠲᠤᠷᠠᠨ ᠰᠡᠭᠦᠳᠡᠷᠯᠡᠭᠰᠡᠨ  ᠨᠢ ᠳᠤᠮᠳᠠᠳᠤ ᠡᠮᠦᠨᠡᠲᠦ ᠠᠹᠷᠢᠺᠠ ᠶᠢᠨ ᠬᠡᠦᠬᠡᠳ ᠤᠨ ᠰᠣᠶᠣᠯ ᠤᠨ ᠰᠣᠯᠢᠯᠴᠠᠭᠠᠨ ᠤ ᠬᠦᠷᠢᠶᠡᠨ ᠳᠠᠬᠢ ᠨᠢᠭᠡᠨ ᠶᠡᠭᠡ ᠬᠢᠯᠠᠰ ᠴᠡᠭ ᠪᠣᠯᠤᠭᠰᠠᠨ ᠪᠠᠶᠢᠨ᠎ᠠ᠃ 2022 ᠣᠨ ᠳᠤ᠂ ᠳᠤᠮᠳᠠᠳᠤ ᠨᠧᠭᠧᠷᠢᠶ᠎ᠠ ︽ᠮᠢᠨᠦ ᠰᠠᠨᠰᠠᠷ ᠤᠨ ᠵᠡᠭᠦᠳᠦ︾ ᠬᠡᠮᠡᠬᠦ ᠺᠠᠷᠲ᠋ᠣᠨ ᠺᠢᠨᠣ᠋ ᠶᠢ ᠬᠠᠮᠲᠤᠷᠠᠨ ᠦᠢᠯᠡᠳᠴᠦ ᠳᠤᠮᠳᠠᠳᠤ ᠤᠯᠤᠰ ᠤᠨ ᠰᠠᠨᠰᠠᠷ ᠤᠨ ᠲᠡᠦᠬᠡ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠶᠢ ᠲᠥᠭᠡᠮᠡᠯᠵᠢᠭᠦᠯᠵᠦ᠂ ᠨᠢᠭᠧᠷᠢᠶ᠎ᠠ ᠶᠢᠨ TsTV ᠶᠢᠨ A1kids᠂ ᠲᠠᠨᠽᠠᠨᠢᠶ᠎ᠠ ᠶᠢᠨ BongoTV ᠵᠡᠷᠭᠡ ᠠᠹᠷᠢᠺᠠ ᠲᠢᠪ ᠤᠨ ᠲᠤᠬᠠᠢ ᠶᠢᠨ ᠭᠠᠵᠠᠷ ᠤᠨ ᠲᠧᠯᠸᠢᠰ ᠬᠤᠷᠢᠶ᠎ᠠ ᠳᠤ ᠨᠡᠪᠲᠡᠷᠡᠭᠦᠯᠪᠡ᠃ 2023 ᠣᠨ ᠳᠤ᠂ ᠳᠤᠮᠳᠠᠳᠤ ᠨᠧᠭᠧᠷᠢᠶ᠎ᠠ ᠶᠢᠨ ᠬᠠᠮᠲᠤᠷᠠᠨ ᠦᠢᠯᠡᠳᠦᠭᠰᠡᠨ ︽ᠺᠠᠨ ᠺᠠᠨ ᠲᠣᠷᠭᠠᠨ ᠵᠠᠮ ᠤᠨ ᠵᠢᠭᠤᠯᠴᠢᠯᠠᠯ︾ ᠬᠡᠮᠡᠬᠦ ᠺᠠᠷᠲ᠋ᠣᠨ ᠺᠢᠨᠣ᠋ ᠨᠢ ᠠᠹᠷᠢᠺᠠ ᠲᠢᠪ ᠤᠨ ᠪᠢᠴᠢᠬᠠᠨ ᠦᠵᠡᠭᠴᠢᠳ ᠢ ᠳᠠᠭᠠᠭᠤᠯᠤᠨ ᠲᠣᠷᠭᠠᠨ ᠵᠠᠮ ᠤᠨ ᠲᠡᠦᠬᠡ ᠰᠣᠶᠣᠯ ᠤᠨ ᠮᠡᠳᠡᠯᠭᠡ ᠶᠢ ᠣᠶᠢᠯᠠᠭᠠᠭᠤᠯᠵᠤ᠂ ᠺᠧᠨᠢᠶᠠ ᠶᠢᠨ AkiliKids ᠬᠡᠦᠬᠡᠳ ᠤᠨ ᠰᠤᠪᠠᠭ ᠲᠤ ᠨᠡᠪᠲᠡᠷᠡᠭᠦᠯᠪᠡ᠃  ︵ᠲᠠᠪᠤ︶ ᠬᠠᠮᠲᠤᠷᠠᠨ ᠦᠢᠯᠡᠳᠦᠭᠰᠡᠨ ᠣᠬᠤᠷ ᠸᠢᠳᠢᠣ᠋ ᠨᠢ ᠳᠤᠮᠳᠠᠳᠤ ᠠᠹᠷᠢᠺᠠ ᠶᠢᠨ ᠰᠣᠯᠢᠯᠴᠠᠭᠠᠨ ᠤ ᠭᠤᠶᠢᠳᠠ ᠰᠠᠶᠢᠬᠠᠨ ᠭᠱᠠᠨ ᠵᠠᠭᠤᠷ᠎ᠠ ᠶᠢ ᠢᠯᠡᠷᠡᠭᠦᠯᠪᠡ  2023 ᠣᠨ ᠳᠤ᠂ ︽ᠠᠸᠠᠷ ᠤᠨ ᠬᠦᠰᠡᠯ ᠢᠶᠠᠨ ᠲᠡᠷᠭᠡᠯᠰᠢᠭᠦᠯᠬᠦ ᠭᠠᠯᠲᠤ ᠲᠡᠷᠭᠡ︾ ᠬᠡᠮᠡᠬᠦ ᠣᠬᠤᠷ ᠸᠢᠳᠢᠣ᠋ ᠨᠢ ᠠᠹᠷᠢᠺᠠ ᠲᠢᠪ ᠤᠨ ᠰᠣᠷᠣᠭᠴᠢ ᠠᠸᠠᠷᠢ ᠶᠢᠨ ᠬᠠᠷᠠᠭᠠᠰᠤ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠠᠳᠠᠭᠠᠳᠤ ᠳᠤ ᠪᠦᠲᠦᠭᠡᠨ ᠪᠠᠶᠢᠭᠤᠯᠤᠭᠰᠠᠨ ᠨᠢᠭᠡᠳᠦᠭᠡᠷ ᠪᠦᠬᠦ ᠠᠵᠤ ᠦᠢᠯᠡᠰ ᠤᠨ ᠬᠡᠯᠬᠢᠶᠡᠨ ᠤ ᠲᠡᠮᠦᠷ ᠵᠠᠮ — ᠡᠸ᠋ᠽᠢᠤᠫᠢᠶ᠎ᠠ ᠵᠢᠪᠦ᠋ᠲ᠋ᠢ ᠲᠡᠮᠦᠷ ᠵᠠᠮ ᠨᠢ ᠵᠢᠪᠦ᠋ᠲ᠋ᠢ ᠪᠣᠯᠤᠨ ᠡᠸ᠋ᠽᠢᠤᠫᠢᠶ᠎ᠠ ᠶᠢᠨ ᠠᠷᠠᠳ ᠲᠦᠮᠡᠨ ᠤ ᠠᠮᠢᠳᠤᠷᠠᠯ ᠳᠤ ᠠᠪᠴᠢᠷᠠᠭᠰᠠᠨ ᠬᠤᠪᠢᠷᠠᠯᠲᠠ ᠶᠢ ᠬᠠᠷᠠᠭᠤᠯᠪᠠ᠃ ᠸᠢᠳᠢᠣ᠋ ᠶᠢ ᠳ᠋ᠠ ᠰᠢᠶᠠᠩ ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ ᠲᠤ ᠠᠩᠬ᠎ᠠ ᠲᠠᠷᠬᠠᠭᠠᠵᠤ᠂ ᠾᠧᠨᠠᠨ ᠤ ᠷᠠᠳᠢᠣ᠋ ᠲᠧᠯᠸᠢᠰ ᠤᠨ ᠪᠦᠷᠢᠨ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠲᠡᠯᠡᠵᠦ᠂ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ᠂ ᠰᠢᠨᠬᠤᠸᠠ ᠬᠤᠷᠢᠶ᠎ᠠ᠂ ᠠᠷᠠᠳ ᠤᠨ ᠰᠦᠯᠵᠢᠶ᠎ᠡ᠂ ᠳᠤᠮᠳᠠᠳᠤ ᠤᠯᠤᠰ ᠤᠨ ᠰᠦᠯᠵᠢᠶ᠎ᠡ ᠵᠡᠷᠭᠡ ᠲᠥᠪ ᠤᠨ ᠵᠠᠭᠤᠴᠢᠯᠠᠭᠤᠷ ᠤᠳ ᠨᠡᠶᠢᠲᠡᠯᠡᠵᠦ᠂ ᠪᠥᠬᠦ ᠰᠦᠯᠵᠢᠶ᠎ᠡ ᠪᠠᠷ ᠨᠡᠪᠲᠡᠷᠡᠭᠦᠯᠦᠭᠰᠡᠨ ᠬᠡᠮᠵᠢᠶ᠎ᠡ 1.3 ᠳ᠋ᠦᠩᠰᠢᠭᠤᠷ ᠤᠳᠠᠭ᠎ᠠ ᠶᠢ ᠳᠠᠪᠠᠪᠠ᠃  ᠲᠠᠪᠤ᠂ ᠮᠡᠷᠭᠡᠵᠢᠯ ᠢᠶᠠᠷ ᠬᠦᠴᠦᠨ ᠨᠡᠮᠡᠷᠢᠯᠡᠨ᠂ ᠳᠤᠮᠳᠠᠳᠤ ᠠᠹᠷᠢᠺᠠ ᠶᠢᠨ ᠦᠵᠡᠵᠦ ᠰᠣᠨᠣᠰᠬᠤ ᠠᠵᠤ ᠦᠢᠯᠡᠰ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ  ᠳᠤᠮᠳᠠᠳᠤ ᠤᠯᠤᠰ ᠤᠨ ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶᠠᠭ ᠰᠦᠯᠵᠢᠶᠡᠨ ᠤ ᠸᠢᠳᠢᠣᠴᠢᠯᠠᠯᠲᠠ᠂ ᠸᠢᠳᠢᠣ᠋ ᠶᠢᠨ ᠬᠡᠲᠦ ᠥᠨᠳᠥᠷ ᠲᠤᠳᠤᠷᠠᠴᠠᠴᠢᠯᠠᠯᠲᠠ᠂ ᠰᠣᠭᠲᠤᠭᠤᠷᠠᠮᠠᠯᠴᠢᠯᠠᠯᠲᠠ᠂ ᠤᠶᠤᠨᠴᠢᠯᠠᠯᠲᠠ ᠲᠦᠷᠭᠡᠨ ᠬᠥᠭᠵᠢᠬᠦ ᠶᠢᠨ ᠬᠠᠮᠲᠤ ᠬᠥᠭᠵᠢᠯᠲᠡ ᠶᠢᠨ ᠦᠷ᠎ᠡ ᠪᠦᠲᠦᠭᠡᠯ ᠢ ᠠᠹᠷᠢᠺᠠ ᠲᠢᠪ ᠤᠨ ᠡᠯ᠎ᠡ ᠤᠯᠤᠰ ᠲᠤ ᠬᠦᠷᠲᠡᠭᠡᠬᠦ ᠪᠠᠷ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠠᠹᠷᠢᠺᠠ ᠲᠢᠪ ᠤᠨ ᠷᠠᠳᠢᠣ᠋ ᠲᠧᠯᠸᠢᠰ ᠢ ᠲᠣᠭᠠᠵᠢᠭᠤᠯᠤᠨ ᠲᠠᠰ ᠳᠡᠪᠰᠢᠭᠦᠯᠦᠨ ᠥᠭᠡᠷᠡᠴᠢᠯᠡᠬᠦ ᠶᠢ ᠢᠳᠡᠪᠬᠢᠲᠡᠶ ᠳᠡᠮᠵᠢᠵᠦ᠂ ᠠᠹᠷᠢᠺᠠ ᠲᠢᠪ ᠢ ᠲᠤᠰᠠᠯᠠᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ ᠵᠣᠬᠢᠶᠠᠮᠠᠯ ᠣᠶᠤᠨ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠬᠦᠴᠦᠨ ᠨᠡᠮᠡᠷᠢᠯᠡᠬᠦ ᠠᠭᠤᠯᠭ᠎ᠠ ᠶᠢᠨ ᠳᠠᠮᠵᠢᠭᠤᠯᠭ᠎ᠠ ᠶᠢ ᠵᠣᠷᠢᠭᠵᠢᠭᠤᠯᠵᠤ᠂ ᠠᠹᠷᠢᠺᠠ ᠲᠢᠪ ᠤᠨ ᠷᠠᠳᠢᠣ᠋ ᠲᠧᠯᠸᠢᠰ ᠲᠠᠢ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠪᠡ᠃  ︽ᠲᠦᠮᠡᠨ ᠲᠣᠰᠬᠤᠨ ᠳᠤ ᠨᠡᠪᠲᠡᠷᠡᠬᠦ︾ ᠪᠠᠷ ᠠᠹᠷᠢᠺᠠ ᠲᠢᠪ ᠢ ᠭᠡᠷᠡᠯᠲᠦᠭᠦᠯᠵᠦ᠂ ᠲᠤᠬᠠᠢ ᠶᠢᠨ ᠭᠠᠵᠠᠷ ᠤᠨ ᠠᠷᠠᠳ ᠲᠦᠮᠡᠨ ᠤ ᠳᠡᠯᠡᠬᠡᠢ ᠶᠢᠷᠲᠢᠨᠴᠦ ᠶᠢ ᠣᠶᠢᠯᠠᠭᠠᠬᠤ ᠴᠣᠩᠬᠤ ᠶᠢ ᠨᠡᠭᠡᠭᠡᠪᠡ᠃ ︽ᠲᠦᠮᠡᠨ ᠲᠤᠰᠬᠤᠨ ᠳᠤ ᠨᠡᠪᠲᠡᠷᠡᠬᠦ︾ ᠲᠣᠭᠠᠵᠢᠭᠤᠯᠤᠭᠰᠠᠨ ᠲᠠᠭᠠᠭᠤᠯᠢ ᠤᠳᠤᠨ ᠤ ᠲᠧᠯᠸᠢᠰ ᠤᠨ ᠲᠦᠷᠦᠯ ᠵᠦᠢᠯ ᠪᠤᠯ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ 2015 ᠤᠨ ᠤ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠶᠤᠬᠠᠨᠨ᠋ᠧᠰᠪᠦᠷᠡᠭ ᠲᠠᠬᠢ ᠲᠦᠷᠦᠭᠦᠴᠦᠳ ᠤᠨ ᠬᠤᠷᠠᠯ ᠳᠡᠭᠡᠷ᠎ᠡ ᠳᠤᠷᠠᠳᠤᠭᠰᠠᠨ ᠳᠤᠮᠳᠠᠳᠤ ᠠᠹᠷᠢᠺᠠ ᠶᠢᠨ ᠬᠦᠮᠦᠨ ᠨᠡᠶᠢᠭᠡᠮ ᠤᠨ ᠬᠦᠷᠢᠶᠡᠨ ᠳᠠᠬᠢ ᠬᠠᠮᠳᠤᠷᠠᠯᠴᠠᠭᠠᠨ ᠤ ᠠᠷᠭ᠎ᠠ ᠬᠡᠮᠵᠢᠶ᠎ᠡ ᠶᠢᠨ ᠨᠢᠭᠡ ᠪᠤᠯᠤᠨ᠎ᠠ᠂ ᠡᠨᠡ ᠨᠢ ᠠᠹᠷᠢᠺᠠ ᠲᠢᠪ ᠤᠨ 30 ᠭᠠᠷᠤᠢ ᠤᠯᠤᠰ ᠤᠨ ᠲᠦᠮᠡ ᠭᠠᠷᠤᠢ ᠲᠤᠰᠬᠤᠨ ᠳᠤ ᠲᠠᠭᠠᠭᠤᠯᠢ ᠤᠳᠤᠨ ᠤ ᠲᠣᠭᠠᠵᠢᠭᠤᠯᠤᠭᠰᠠᠨ ᠲᠧᠯᠸᠢᠰ ᠤᠨ ᠲᠤᠬᠢᠶ᠎ᠠ ᠶᠢ ᠵᠠᠯᠭᠠᠭᠤᠯᠵᠤ᠂ ᠠᠹᠷᠢᠺᠠ ᠲᠢᠪ ᠤᠨ ᠲᠤᠬᠠᠢ ᠶᠢᠨ ᠭᠠᠵᠠᠷ ᠤᠨ ᠠᠷᠠᠳ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠳᠤᠮᠳᠠᠳᠤ ᠠᠹᠷᠢᠺᠠ ᠶᠢᠨ ᠰᠤᠶᠤᠯ ᠤᠨ ᠰᠤᠯᠢᠯᠴᠠᠭ᠎ᠠ ᠪᠠ ᠠᠷᠠᠳ ᠤᠨ ᠰᠡᠳᠬᠢᠯ ᠤᠨ ᠨᠡᠪᠳᠡᠷᠡᠯᠴᠡᠭᠡ ᠶᠢ ᠠᠬᠢᠭᠤᠯᠬᠤ ᠪᠠᠷ ᠵᠤᠷᠢᠯᠳᠠ ᠪᠤᠯᠭᠠᠪᠠ᠃ 2023 ᠣᠨ ᠤ 12 ᠳ᠋ᠤᠭᠠᠷ ᠰᠠᠷ᠎ᠠ ᠪᠣᠯᠲᠠᠯ᠎ᠠ᠂ ᠳᠤᠮᠳᠠᠳᠤ ᠤᠯᠤᠰ ᠤᠨ ︽ᠲᠦᠮᠡᠨ ᠲᠣᠰᠬᠤᠨ ᠳᠤ ᠨᠡᠪᠲᠡᠷᠡᠬᠦ︾ ᠲᠥᠷᠥᠯ ᠵᠦᠢᠯ ᠨᠢ ᠠᠹᠷᠢᠺᠠ ᠲᠢᠪ ᠤᠨ 21 ᠤᠯᠤᠰ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢᠶᠠᠨ ᠨᠢᠭᠡᠨᠲᠡ ᠤᠷᠤᠭᠰᠢᠲᠠᠶ ᠪᠡᠶᠡᠯᠡᠭᠦᠯᠵᠦ᠂ ᠠᠹᠷᠢᠺᠠ ᠲᠢᠪ ᠤᠨ 9512 ᠲᠣᠰᠬᠤᠨ ᠢ ᠬᠠᠮᠤᠷᠴᠤ᠂ 19 ᠲᠦᠮᠡᠨ ᠡᠷᠦᠬᠡ ᠳᠤ ᠰᠢᠭᠤᠳ ᠠᠰᠢᠭ ᠬᠦᠷᠲᠡᠭᠡᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠲᠥᠯᠥᠪᠵᠢᠭᠦᠯᠭᠡ ᠶᠢᠨ ᠬᠦᠷᠢᠶᠡᠯᠡᠩ ᠣᠯᠠᠨ ᠤᠳᠠᠭ᠎ᠠ ᠦᠭᠠᠨᠳᠠ᠂ ᠺᠧᠨᠢᠶᠠ᠂ ᠨᠢᠭᠧᠷᠢᠶ᠎ᠠ ᠵᠡᠷᠭᠡ ᠤᠯᠤᠰ ᠲᠤ ᠬᠦᠷᠴᠦ᠂ ︽ᠲᠦᠮᠡᠨ ᠲᠤᠰᠬᠤᠨ ᠳᠤ ᠨᠡᠪᠲᠡᠷᠡᠬᠦ︾ ᠶᠢᠨ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠪᠡ᠃  ᠰᠠᠭᠤᠷᠢ ᠲᠥᠬᠦᠭᠡᠷᠦᠮᠵᠢ ᠶᠢᠨ ᠬᠠᠮᠲᠤᠷᠠᠯᠴᠠᠭ᠎ᠠ ᠨᠢ ᠠᠹᠷᠢᠺᠠ ᠲᠢᠪ ᠤᠨ ᠷᠠᠳᠢᠣ᠋ ᠲᠧᠯᠸᠢᠰ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠳᠣᠭᠣ᠋ ᠶᠢ ᠲᠤᠰᠠᠯᠠᠬᠤ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠥᠭᠡᠷᠡᠴᠢᠯᠡᠬᠦ ᠲᠥᠷᠥᠯ ᠵᠦᠢᠯ ᠢ 2019 ᠣᠨ ᠤ 4 ᠳ᠋ᠦ᠋ᠭᠡᠷ ᠰᠠᠷ᠎ᠠ ᠳᠤ ᠨᠢᠭᠡᠨᠲᠡ ᠳᠠᠭᠤᠰᠬᠠᠵᠤ᠂ ᠡᠮᠦᠨᠡᠲᠦ ᠰᠦᠳᠠᠨ ᠢ ᠲᠤᠰᠠᠯᠠᠬᠤ ᠷᠠᠳᠢᠣ᠋ ᠲᠧᠯᠸᠢᠰ ᠤᠨ ᠲᠥᠬᠦᠭᠡᠷᠦᠮᠵᠢ ᠶᠢᠨ ᠲᠥᠷᠥᠯ ᠵᠦᠢᠯ ᠢ 2022 ᠣᠨ ᠤ 10 ᠳ᠋ᠤᠭᠠᠷ ᠰᠠᠷ᠎ᠠ ᠳᠤ ᠨᠢᠭᠡᠨᠲᠡ ᠳᠠᠭᠤᠰᠬᠠᠵᠤ᠂ ᠯᠢᠪᠧᠷᠢᠶ᠎ᠠ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢ ᠰᠡᠯᠪᠢᠨ ᠵᠠᠰᠠᠵᠤ ᠥᠷᠭᠡᠳᠬᠡᠨ ᠪᠠᠶᠢᠭᠤᠯᠬᠤ ᠲᠥᠷᠥᠯ ᠵᠦᠢᠯ ᠢ 2024 ᠣᠨ ᠤ 9 ᠳ᠋ᠦ᠋ᠭᠡᠷ ᠰᠠᠷ᠎ᠠ ᠳᠤ ᠠᠵᠢᠯ ᠡᠬᠢᠯᠡᠭᠦᠯᠬᠦ ᠪᠣᠯᠤᠨ᠎ᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠨᠡᠪᠳᠡᠷᠡᠬᠦᠯᠬᠡ ᠶᠢᠨ ᠰᠢᠨᠵᠢᠯᠡᠬᠦ ᠣᠬᠠᠭᠠᠨ ᠤ ᠰᠣᠳᠣᠯᠭᠠᠨ ᠤ ᠬᠦᠷᠢᠶᠡᠯᠡᠩ  ᠤᠨ ᠬᠢᠨ 2019᠂ 2021 ᠣᠨ ᠳᠤ᠂ ᠯᠢᠪᠧᠷᠢᠶ᠎ᠠ ᠶᠢᠨ ᠣᠯᠠᠨ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠮᠡᠷᠭᠡᠵᠢᠯ ᠤᠨ ᠲᠥᠷᠥᠯ ᠵᠦᠢᠯ ᠢ ᠰᠢᠯᠭᠠᠨ ᠠᠪᠬᠤ ᠠᠵᠢᠯ ᠪᠠ ᠲᠠᠨᠽᠠᠨᠢᠶ᠎ᠠ ᠶᠢᠨ ᠽᠧᠨ᠋ᠽᠪᠠᠷᠠ ᠶᠢᠨ ᠷᠠᠳᠢᠣ᠋ ᠲᠧᠯᠸᠢᠰ ᠤᠨ ᠲᠥᠷᠥᠯ ᠵᠦᠢᠯ ᠢ ᠰᠢᠯᠭᠠᠨ ᠠᠪᠬᠤ ᠠᠵᠢᠯ ᠢ ᠲᠣᠰ ᠲᠣᠰ ᠥᠷᠨᠢᠭᠦᠯᠪᠡ᠃  AI ᠪᠠᠷ ᠳᠤᠮᠳᠠᠳᠤ ᠤᠯᠤᠰ ᠤᠨ ᠫᠷᠤᠭ᠍ᠷᠠᠮ ᠢ ᠠᠹᠷᠢᠺᠠ ᠲᠢᠪ ᠲᠤ ᠳᠠᠮᠵᠢᠭᠤᠯᠬᠤ ᠳᠤ ᠬᠦᠴᠦᠨ ᠨᠡᠮᠡᠷᠢᠯᠡᠭᠦᠯᠪᠡ᠃ ᠳᠤᠮᠳᠠᠳᠤ ᠤᠯᠤᠰ ᠳᠠᠭᠤ ᠳᠦᠷᠰᠦ ᠰᠢᠩᠭᠡᠭᠡᠯᠲᠡ  ᠶᠢᠨ ᠣᠶᠤᠨᠴᠢ ᠣᠷᠴᠢᠭᠤᠯᠤᠨ ᠦᠢᠯᠡᠳᠬᠦ ᠮᠡᠷᠭᠡᠵᠢᠯ ᠤᠨ ᠲᠠᠯ᠎ᠠ ᠪᠠᠷ ᠪᠦᠬᠦ ᠪᠥᠮᠪᠥᠷᠴᠡᠭ ᠤᠨ ᠲᠡᠷᠢᠭᠦᠨ ᠤ ᠡᠩᠨᠡᠭᠡᠨ ᠳᠤ ᠣᠷᠣᠵᠤ᠂ ᠳᠤᠮᠳᠠᠳᠤ ᠠᠹᠷᠢᠺᠠ ᠶᠢᠨ ᠦᠵᠡᠵᠦ ᠰᠣᠨᠣᠰᠬᠤ ᠫᠷᠤᠭ᠍ᠷᠠᠮ ᠤᠨ ᠣᠯᠠᠨ ᠤᠯᠤᠰ ᠤᠨ ᠳᠠᠮᠵᠢᠭᠤᠯᠭ᠎ᠠ ᠳᠤ ᠬᠦᠴᠦ ᠨᠡᠮᠡᠷᠢᠯᠡᠪᠡ᠃ ᠵᠢᠶᠠᠨ ᠱᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠣᠣᠷᠠᠬᠢ ︽ᠪᠢᠴᠢᠯ ᠡᠯᠴᠢᠨ︾ ᠣᠶᠤᠨᠴᠢ ᠣᠯᠠᠨ ᠤᠯᠤᠰ ᠤᠨ ᠳᠠᠮᠵᠢᠭᠤᠯᠭ᠎ᠠ ᠶᠢᠨ ᠲᠠᠪᠴᠠᠩ ᠨᠢ AI ᠮᠡᠷᠭᠡᠵᠢᠯ ᠢᠶᠠᠷ ᠫᠷᠤᠭ᠍ᠷᠠᠮ ᠢ ᠣᠷᠴᠢᠭᠤᠯᠤᠨ ᠦᠢᠯᠡᠳᠬᠦ ᠠᠵᠢᠯᠯᠠᠭ᠎ᠠ ᠥᠷᠨᠢᠭᠦᠯᠵᠦ᠂ ᠨᠢᠭᠡᠨᠲᠡ 3000 ᠭᠠᠷᠤᠶ ᠦᠵᠡᠵᠦ ᠰᠣᠨᠣᠰᠬᠤ ᠪᠦᠲᠦᠭᠡᠯ ᠢ ᠣᠷᠴᠢᠭᠤᠯᠤᠨ ᠦᠢᠯᠡᠳᠴᠡᠢ᠂ ᠡᠭᠦᠨ ᠳᠤ ᠠᠩᠭ᠍ᠯᠢ ᠬᠡᠯᠡ᠂ ᠹᠷᠠᠨᠼᠢ ᠬᠡᠯᠡ ᠪᠠ ᠫᠣᠷᠲ᠋ᠦ᠋ᠭᠠᠯ ᠬᠡᠯᠡ ᠪᠠᠷ ᠣᠷᠴᠢᠭᠤᠯᠤᠨ ᠠᠪᠢᠶ᠎ᠠ ᠲᠠᠭᠠᠷᠠᠭᠤᠯᠤᠭᠰᠠᠨ ᠪᠦᠲᠦᠭᠡᠯ ᠢ ᠭᠠᠳᠠᠭᠠᠳᠤ ᠶᠢᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠩᠰᠠᠨ ᠨᠣᠮᠧᠷ ᠢᠶᠠᠷ ᠠᠹᠷᠢᠺᠠ ᠲᠢᠪ ᠤᠨ ᠠᠷᠪᠠᠨ ᠬᠡᠳᠦᠨ ᠤᠯᠤᠰ ᠪᠠ ᠭᠠᠵᠠᠷ ᠣᠷᠣᠨ ᠳᠤ ᠳᠠᠮᠵᠢᠭᠤᠯᠵᠤ᠂ ᠨᠡᠶᠢᠲᠡ ᠦᠵᠡᠭᠰᠡᠨ ᠤᠳᠠᠭ᠎ᠠ 3500 ᠲᠦᠮᠡ ᠠᠴᠠ ᠳᠡᠭᠡᠭᠰᠢ ᠪᠠᠶᠢᠵᠤ᠂ ᠢᠯᠡᠷᠡᠭᠦᠯᠦᠭᠰᠡᠨ ᠬᠡᠮᠵᠢᠶ᠎ᠡ ᠨᠢ 1 ᠳ᠋ᠦᠩᠰᠢᠭᠤᠷ ᠤᠳᠠᠭ᠎ᠠ ᠶᠢ ᠳᠠᠪᠠᠭᠰᠠᠨ ᠪᠠᠶᠢᠨ᠎ᠠ᠃  ᠵᠢᠷᠭᠤᠭ᠎ᠠ᠂ ᠬᠥᠮᠦᠰ ᠤᠨ ᠶᠠᠪᠤᠯᠴᠠᠭ᠎ᠠ ᠶᠢ ᠦᠷᠭᠦᠯᠵᠢᠯᠡᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ  ᠳᠤᠮᠳᠠᠳᠤ ᠠᠹᠷᠢᠺᠠ ᠶᠢᠨ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠤᠭᠤᠷᠣᠨᠳᠣᠬᠢ ᠰᠣᠯᠢᠯᠴᠠᠭ᠎ᠠ ᠬᠠᠷᠢᠯᠴᠠᠭ᠎ᠠ ᠨᠢᠭᠲᠠ ᠪᠠᠶᠢᠵᠤ᠂ ᠴᠢᠳᠠᠪᠤᠷᠢᠲᠠᠨ ᠬᠥᠮᠦᠵᠢᠭᠦᠯᠬᠦ ᠠᠵᠢᠯ ᠢ ᠬᠠᠮᠲᠤᠷᠠᠯᠴᠠᠨ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠯᠠᠬᠤ ᠪᠦᠯᠬᠦᠮ᠂ ᠰᠡᠭᠦᠳᠡᠷᠯᠡᠨ ᠦᠢᠯᠡᠳᠬᠦ ᠳᠤᠭᠤᠶᠢᠯᠠᠩ ᠤᠨ ᠬᠠᠷᠢᠯᠴᠠᠨ ᠰᠣᠷᠪᠣᠯᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠠᠯᠠᠭᠤᠴᠤᠳ ᠤᠨ ᠬᠤᠭᠤᠷᠣᠨᠳᠣᠬᠢ ᠰᠣᠯᠢᠯᠴᠠᠭ᠎ᠠ ᠶᠠᠷᠢᠯᠴᠠᠭ᠎ᠠ ᠶᠢ ᠨᠡᠮᠡᠭᠳᠡᠭᠦᠯᠵᠦ᠂ ᠪᠣᠳᠠᠲᠠᠶ ᠶᠢ ᠡᠷᠬᠢᠮᠯᠡᠬᠦ ᠬᠠᠮᠲᠤᠷᠠᠯᠴᠠᠭᠠᠨ ᠤ ᠲᠥᠷᠥᠯ ᠵᠦᠢᠯ ᠢ ᠠᠬᠢᠭᠤᠯᠤᠨ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠣᠶᠢᠯᠠᠭᠠᠯᠴᠠᠭ᠎ᠠ ᠶᠢ ᠪᠦᠲᠦᠮᠵᠢᠲᠡᠶ ᠨᠡᠮᠡᠭᠳᠡᠭᠦᠯᠪᠡ᠃  ︵ᠨᠢᠭᠡ︶ ᠴᠢᠳᠠᠪᠤᠷᠢᠲᠠᠨ ᠬᠦᠮᠦᠵᠢᠭᠦᠯᠬᠦ ᠪᠠᠷ ᠠᠵᠢᠯ ᠲᠦᠷᠦᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ  2023 ᠣᠨ ᠳᠤ᠂ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠠᠹᠷᠢᠺᠠ ᠶᠢᠨ ᠤᠳᠤᠷᠢᠳᠬᠤ ᠬᠥᠮᠦᠰ ᠤᠨ ᠶᠠᠷᠢᠯᠴᠠᠭᠠᠨ ᠤ ᠬᠤᠷᠠᠯ ᠳᠡᠭᠡᠷ᠎ᠡ ︽ᠳᠤᠮᠳᠠᠳᠤ ᠠᠹᠷᠢᠺᠠ ᠶᠢᠨ ᠴᠢᠳᠠᠪᠤᠷᠢᠲᠠᠨ ᠢ ᠬᠥᠮᠦᠵᠢᠭᠦᠯᠬᠦ ᠬᠠᠮᠲᠤᠷᠠᠯᠴᠠᠭᠠᠨ ᠤ ᠲᠥᠯᠥᠪᠯᠡᠭᠡ︾ ᠶᠢ ᠳᠤᠷᠠᠳᠴᠤ᠂ ᠳᠤᠮᠳᠠᠳᠤ ᠤᠯᠤᠰ ᠠᠹᠷᠢᠺᠠ ᠲᠢᠪ ᠤᠨ ᠵᠠᠭᠤᠴᠢᠯᠠᠭᠤᠷ ᠤᠨ ᠠᠵᠢᠯ ᠡᠷᠭᠢᠯᠡᠭᠰᠡᠳ ᠲᠤ ᠰᠤᠳᠤᠯᠤᠨ ᠰᠤᠷᠤᠯᠴᠠᠬᠤ ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠠᠹᠷᠢᠺᠠ ᠲᠢᠪ ᠤᠨ ᠤᠯᠤᠰ ᠤᠳ ᠲᠤ ᠰᠣᠨᠢᠨ ᠮᠡᠳᠡᠭᠡ ᠷᠠᠳᠢᠣ᠋ ᠲᠧᠯᠸᠢᠰ ᠪᠠ ᠵᠢᠭᠤᠯᠴᠢᠯᠠᠯ ᠤᠨ ᠬᠦᠷᠢᠶᠡᠨ ᠤ ᠳᠡᠭᠡᠳᠦ ᠲᠡᠰ ᠤᠨ ᠴᠢᠳᠠᠪᠤᠷᠢᠲᠠᠨ ᠢ ᠪᠣᠯᠪᠠᠰᠤᠷᠠᠭᠤᠯᠵᠤ᠂ ᠠᠹᠷᠢᠺᠠ ᠲᠢᠪ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠨ᠎ᠡ ᠭᠡᠵᠦ ᠵᠢᠭᠠᠵᠤ ᠭᠠᠷᠭᠠᠪᠠ᠃  ᠳᠤᠮᠳᠠᠳᠤ ᠤᠯᠤᠰ ᠤᠨ ᠣᠯᠣᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠳᠤᠮᠳᠠᠳᠤ ᠶᠢᠨ ᠲᠠᠯ᠎ᠠ ᠶᠢᠨ ᠠᠮᠠᠯᠠᠯᠲᠠ ᠶᠢ ᠢᠳᠡᠪᠬᠢᠲᠡᠢ ᠨᠠᠶᠢᠳᠠᠪᠤᠷᠢᠵᠢᠭᠤᠯᠪᠠ᠃ 10 ᠵᠢᠯ ᠤᠨ ᠲᠤᠷᠰᠢ᠂ ᠠᠹᠷᠢᠺᠠ ᠲᠢᠪ ᠤᠨ ᠤᠯᠤᠰ ᠤᠨ ᠬᠡᠪᠯᠡᠯ ᠮᠡᠳᠡᠭᠡᠯᠡᠯ ᠤᠨ ᠬᠢᠨ ᠤ ᠬᠦᠷᠢᠶᠡᠨ ᠤ ᠨᠡᠶᠢᠲᠡ 3100 ᠭᠠᠷᠤᠶ ᠲᠤᠰᠢᠶᠠᠯᠲᠠᠨ᠂ ᠰᠤᠷᠪᠤᠯᠵᠢᠯᠠᠭᠴᠢ ᠪᠠ ᠮᠡᠷᠭᠡᠵᠢᠯ ᠤᠨ ᠭᠤᠣᠯ ᠬᠦᠴᠦᠨ᠂ ᠶᠡᠷᠦᠩᠬᠡᠶ ᠲᠣᠪᠴᠢᠶᠠᠨ ᠤ ᠰᠤᠳᠤᠯᠤᠨ ᠰᠤᠷᠤᠯᠴᠠᠬᠤ ᠳᠡᠭᠡᠳᠦ ᠰᠤᠷᠭᠠᠭᠤᠯᠢ᠂ ᠵᠦᠩ ᠭᠤᠸᠠᠩ ᠺᠣᠮᠫᠠᠨᠢ ᠶᠢᠨ ᠡᠷᠬᠢᠯᠡᠭᠰᠡᠨ ᠬᠠᠷᠢᠯᠴᠠᠨ ᠰᠤᠳᠤᠯᠤᠨ ᠶᠠᠷᠢᠯᠴᠠᠬᠤ ᠲᠥᠷᠥᠯ ᠵᠦᠢᠯ ᠳᠤ ᠣᠷᠣᠯᠴᠠᠵᠠᠶ᠃ ᠰᠤᠷᠤᠯᠴᠠᠵᠤ ᠰᠤᠳᠤᠯᠬᠤ᠂ ᠲᠣᠭᠤᠷᠢᠨ ᠪᠠᠶᠢᠴᠠᠭᠠᠵᠤ ᠰᠣᠷᠪᠣᠯᠵᠢᠯᠠᠬᠤ ᠵᠡᠷᠭᠡ ᠰᠤᠳᠤᠯᠤᠨ ᠰᠤᠷᠤᠯᠴᠠᠬᠤ ᠠᠵᠢᠯᠯᠠᠭ᠎ᠠ ᠪᠣᠯᠣᠨ ᠣᠬᠤᠷ ᠸᠢᠳᠢᠤ᠋ ᠶᠢ ᠵᠣᠬᠢᠶᠠᠨ ᠪᠦᠲᠦᠭᠡᠬᠦ᠂ ᠺᠢᠨᠣ᠋ ᠶᠢ ᠬᠤᠪᠢᠶᠠᠯᠴᠠᠨ ᠬᠦᠷᠲᠡᠬᠦ ᠵᠡᠷᠭᠡ ᠥᠪᠡᠷᠮᠢᠴᠡ ᠬᠡᠯᠪᠡᠷᠢ ᠪᠠᠷ ᠳᠠᠮᠵᠢᠨ᠂ ᠠᠹᠷᠢᠺᠠ ᠲᠢᠪ ᠤᠨ ᠬᠡᠪᠯᠡᠯ ᠮᠡᠳᠡᠭᠡᠯᠡᠯ ᠤᠨ ᠬᠢᠨ ᠤ ᠦᠨᠡᠨ ᠪᠣᠳᠠᠲᠠᠢ᠂ ᠪᠦᠬᠦ ᠲᠠᠯ᠎ᠠ ᠶᠢᠨ ᠳᠤᠮᠳᠠᠳᠤ ᠤᠯᠤᠰ ᠢ ᠲᠠᠨᠢᠬᠤ ᠳᠤ ᠬᠠᠪᠰᠤᠷᠤᠮᠵᠢ ᠪᠣᠯᠪᠠ᠃  ᠡᠭᠦᠨ ᠠᠴᠠ ᠭᠠᠳᠠᠨ᠎ᠠ᠂ ᠬᠠᠮᠢᠶ᠎ᠠ ᠪᠦᠬᠦᠢ ᠪᠠᠶᠢᠭᠤᠯᠤᠮᠵᠢ ᠠᠹᠷᠢᠺᠠ ᠲᠢᠪ ᠤᠨ ᠲᠤᠬᠠᠢ ᠶᠢᠨ ᠭᠠᠵᠠᠷ ᠲᠤ ᠢᠳᠡᠪᠬᠢᠲᠡᠢ ᠪᠠᠷ ᠪᠣᠯᠪᠠᠰᠤᠷᠠᠯ ᠥᠷᠨᠢᠭᠦᠯᠵᠦ᠂ ᠲᠤᠰ ᠭᠠᠵᠠᠷ ᠣᠷᠣᠨ ᠤ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠵᠦ ᠪᠣᠢ᠃ 2024 ᠣᠨ ᠳᠤ ᠹᠦᠵᠢᠶᠠᠨ ᠮᠤᠵᠢ ᠶᠢᠨ ᠷᠠᠳᠢᠣ᠋ ᠺᠢᠨᠣ᠋ ᠲᠧᠯᠸᠢᠰ ᠤᠨ ᠪᠦᠯᠦᠭᠯᠡᠯ 17 ᠬᠥᠮᠦᠨ ᠤ ᠮᠡᠷᠭᠡᠵᠢᠯ ᠤᠨ ᠪᠦᠯᠬᠦᠮ ᠢ ᠽᠧᠨ᠋ᠽᠪᠠᠷᠠ ᠳᠤ ᠲᠣᠮᠢᠯᠠᠵᠤ᠂ ᠲᠤᠬᠠᠶ ᠶᠢᠨ ᠭᠠᠵᠠᠷ ᠤᠨ ᠲᠧᠯᠸᠢᠰ ᠬᠤᠷᠢᠶ᠎ᠠ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠳᠤ 11 ᠰᠠᠷ᠎ᠠ ᠶᠢᠨ ᠬᠤᠭᠤᠴᠠᠭ᠎ᠠ ᠲᠠᠢ ᠮᠡᠷᠭᠡᠵᠢᠯ ᠤᠨ ᠦᠢᠯᠡᠴᠢᠯᠡᠭᠡ ᠪᠠ ᠠᠵᠢᠯᠲᠠᠨ ᠤ ᠪᠣᠯᠪᠠᠰᠤᠷᠠᠯ ᠬᠠᠩᠭᠠᠪᠠ᠃ 2023 ᠣᠨ ᠳᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠣᠯᠠᠨ ᠤᠯᠤᠰ ᠤᠨ ᠠᠵᠤ ᠠᠬᠤᠶ ᠮᠡᠷᠭᠡᠵᠢᠯ ᠤᠨ ᠬᠠᠮᠲᠤᠷᠠᠯᠴᠠᠭᠠᠨ ᠤ ᠬᠢᠵᠠᠭᠠᠷᠲᠤ ᠺᠣᠮᠫᠠᠨᠢ ᠶᠢᠨ  ᠬᠢᠨ ᠡᠸ᠋ᠷᠢᠲᠷᠧᠶᠠ ᠳᠤ ᠬᠦᠷᠴᠦ ︽2023 ᠣᠨ ᠤ ᠡᠸ᠋ᠷᠢᠲᠷᠧᠶᠠ ᠶᠢᠨ ᠷᠠᠳᠢᠣ᠋ ᠲᠧᠯᠸᠢᠰ ᠤᠨ ᠲᠣᠭᠠᠵᠢᠭᠤᠯᠤᠯᠲᠠ ᠶᠢᠨ ᠭᠠᠳᠠᠭᠠᠳᠤ ᠶᠢᠨ ᠪᠣᠯᠪᠠᠰᠤᠷᠠᠯ ᠤᠨ ᠠᠩᠭᠢ︾ ᠶᠢ ᠡᠷᠬᠢᠯᠡᠵᠦ᠂ ᠡᠸ᠋ᠷᠢᠲᠷᠧᠶᠠ ᠶᠢᠨ 71 ᠬᠦᠮᠦᠨ ᠳᠤ ᠲᠣᠭᠠᠵᠢᠭᠤᠯᠤᠯᠲᠠ ᠶᠢᠨ ᠮᠡᠷᠭᠡᠵᠢᠯ ᠤᠨ ᠪᠣᠯᠪᠠᠰᠤᠷᠠᠯ ᠬᠠᠩᠭᠠᠪᠠ᠃  ︵ᠬᠤᠶᠠᠷ︶ ᠬᠦᠮᠦᠰ ᠤᠨ ᠠᠶᠢᠯᠴᠢᠯᠠᠯᠲᠠ ᠪᠠᠷ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠭᠡᠪᠡ  ᠳᠤᠮᠳᠠᠳᠤ ᠤᠯᠤᠰ ᠤᠨ ᠪᠦᠯᠬᠦᠮ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠦᠯᠢᠭᠡᠷ ᠢ ᠲᠡᠮᠳᠡᠭᠯᠡᠪᠡ᠃ 2024 ᠣᠨ ᠳᠤ᠂ ᠬᠤᠨᠠᠨ ᠤ ᠷᠠᠳᠢᠣ᠋ ᠲᠧᠯᠸᠢᠰ ᠤᠨ ︽︿ᠵᠣᠷᠴᠢᠵᠤ ᠪᠦᠬᠦᠢ ᠲᠤᠳᠤᠨᠤᠰᠤᠭ︾ ︿ᠨᠢᠭᠡ ᠪᠦᠰᠡ ᠨᠢᠭᠡ ᠵᠠᠮ﹀ ᠤᠨ ᠠᠹᠷᠢᠺᠠ ᠲᠢᠪ ᠤᠨ ᠨᠡᠶᠢᠲᠡ ᠶᠢᠨ ᠠᠰᠠᠷᠠᠮᠵᠢ ᠶᠢᠨ ᠠᠶᠠᠯᠠᠯ︾ ᠤᠨ ᠰᠡᠭᠦᠳᠡᠷᠯᠡᠨ ᠦᠢᠯᠡᠳᠬᠦ ᠳᠤᠭᠤᠶᠢᠯᠠᠩ ᠺᠣᠲᠳᠢᠸᠠ ᠳᠤ ᠬᠦᠷᠴᠦ᠂ ᠳᠤᠮᠳᠠᠳᠤ ᠤᠯᠤᠰ ᠪᠣᠯᠤᠨ ᠺᠤᠲᠳᠢᠸᠠ ᠶᠢᠨ ᠬᠠᠮᠲᠤ ᠪᠠᠷ ᠪᠠᠶᠢᠭᠤᠯᠤᠭᠰᠠᠨ ︽ᠨᠢᠭᠡ ᠪᠦᠰᠡ ᠨᠢᠭᠡ ᠵᠠᠮ︾ ᠤᠨ ᠠᠷᠪᠠᠨ ᠵᠢᠯ ᠤᠨ ᠤᠢ ᠠᠴᠠ ᠨᠠᠭᠠᠰᠢᠬᠢ ᠺᠣᠲᠳᠢᠸᠠ ᠳᠤ ᠠᠪᠴᠢᠷᠠᠭᠰᠠᠨ ᠬᠤᠪᠢᠷᠠᠯᠲᠠ ᠶᠢ ᠰᠡᠭᠦᠳᠡᠷ ᠳᠦᠷᠰᠦ ᠪᠠᠷ ᠭᠡᠷᠡᠴᠢᠯᠡᠪᠡ᠃  ᠠᠹᠷᠢᠺᠠ ᠲᠢᠪ ᠤᠨ ᠪᠦᠯᠬᠦᠮ ᠢ ᠬᠦᠯᠢᠶᠡᠨ ᠠᠪᠴᠤ᠂ ᠰᠤᠶᠤᠯ ᠪᠠ ᠮᠡᠷᠭᠡᠵᠢᠯ ᠤᠨ ᠰᠣᠯᠢᠯᠴᠠᠭ᠎ᠠ ᠶᠢ ᠠᠬᠢᠭᠤᠯᠪᠠ᠃ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠢᠴᠢ ᠳᠤᠮᠳᠠᠳᠤ ᠠᠹᠷᠢᠺᠠ ᠶᠢᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠭᠤᠴᠠᠭᠠᠨ ᠳᠤ᠂ ︽ᠠᠯᠤᠰ ᠬᠤᠯᠠ ᠠᠴᠠ ᠬᠦᠷᠦᠯᠴᠡᠨ ᠢᠷᠡᠭᠰᠡᠨ ᠨᠠᠶᠢᠵᠠ ᠨᠠᠷ︾ — ᠠᠹᠷᠢᠺᠠ ᠲᠢᠪ ᠤᠨ ᠵᠠᠯᠠᠭᠤ ᠵᠠᠭᠤᠴᠢᠯᠠᠭᠤᠷ ᠤᠨ ᠬᠥᠮᠦᠰ ᠤᠨ ᠳᠤᠮᠳᠠᠳᠤ ᠤᠯᠤᠰ ᠲᠤ ᠬᠢ ᠠᠵᠢᠯᠯᠠᠭ᠎ᠠ ᠶᠢ ᠢᠵᠢ ᠪᠦᠷᠢᠳᠦᠭᠦᠯᠦᠨ ᠡᠷᠬᠢᠯᠡᠪᠡ᠂ ᠠᠹᠷᠢᠺᠠ ᠲᠢᠪ ᠤᠨ 14 ᠵᠠᠯᠠᠭᠤ ᠰᠤᠷᠪᠤᠯᠵᠢᠯᠠᠭᠴᠢ᠂ ᠹᠢᠯᠢᠮ ᠦᠢᠯᠡᠳᠦᠭᠴᠢ᠂ ᠰᠦᠯᠵᠢᠶᠡᠨ ᠤ ᠣᠳᠣᠨ ᠪᠡᠭᠡᠵᠢᠩ᠂ ᠬᠤᠨᠠᠨ ᠬᠤᠶᠠᠷ ᠭᠠᠵᠠᠷ ᠲᠤ ᠠᠶᠢᠯᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠭᠤᠴᠢᠯᠠᠭᠤᠷ ᠤᠨ ᠠᠵᠤ ᠦᠢᠯᠡᠰ᠂ ᠤᠯᠠᠮᠵᠢᠯᠠᠯᠲᠤ ᠰᠣᠶᠣᠯ ᠵᠡᠷᠭᠡ ᠭᠤᠣᠯ ᠰᠡᠳᠦᠪ ᠤᠨ ᠲᠣᠭᠤᠷᠢᠨ ᠳᠤ ᠰᠣᠯᠢᠯᠴᠠᠭ᠎ᠠ ᠥᠷᠨᠢᠭᠦᠯᠪᠡ᠃ 2023 ᠣᠨ ᠳᠤ᠂ ᠷᠠᠳᠢᠣ᠋ ᠨᠡᠪᠳᠡᠷᠡᠬᠦᠯᠬᠡ ᠶᠢᠨ ᠰᠢᠨᠵᠢᠯᠡᠬᠦ ᠣᠬᠠᠭᠠᠨ ᠤ ᠰᠣᠳᠣᠯᠭᠠᠨ ᠤ ᠬᠦᠷᠢᠶᠡᠯᠡᠩ ᠤᠨ ᠬᠢᠨ ᠺᠣᠲᠳᠢᠸᠠ ᠶᠢᠨ ᠵᠠᠭᠤᠴᠢᠯᠠᠭᠤᠷ ᠤᠨ ᠪᠦᠯᠬᠦᠮ ᠢ ᠬᠦᠯᠢᠶᠡᠨ ᠠᠪᠴᠤ ︽ᠣᠨᠴᠠ ᠲᠤᠳᠤᠷᠠᠴᠠᠲᠤ ᠲᠧᠯᠸᠢᠰ ᠤᠨ ᠮᠡᠷᠭᠡᠵᠢᠯ ᠤᠨ ᠰᠤᠳᠤᠯᠭᠠᠨ ᠪᠠ ᠬᠡᠷᠡᠭᠯᠡᠭᠡᠨ ᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠢ ᠲᠣᠭᠤᠷᠢᠨ ᠦᠵᠡᠵᠦ᠂ ᠸᠢᠳᠢᠣ᠋ ᠶᠢ ᠵᠠᠰᠠᠨ ᠰᠡᠷᠭᠦᠭᠡᠵᠦ ᠴᠢᠩᠭᠠᠳᠬᠠᠬᠤ᠂ ᠡᠭᠦᠯᠡᠨ ᠦᠢᠯᠡᠳᠴᠦ ᠨᠡᠪᠲᠡᠷᠡᠭᠦᠯᠬᠦ ᠵᠡᠷᠭᠡ ᠳᠤᠮᠳᠠᠳᠤ ᠤᠯᠤᠰ ᠤᠨ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠢ ᠲᠠᠨᠢᠯᠴᠠᠭᠤᠯᠪᠠ᠃ 2023 ᠣᠨ ᠳᠤ᠂ ᠭᠤᠸᠠᠩᠳᠦ᠋ᠩ ᠤᠨ ᠲᠣᠪᠴᠢᠶ᠎ᠠ ︽ᠨᠢᠭᠡ ᠪᠦᠰᠡ ᠨᠢᠭᠡ ᠵᠠᠮ︾ ᠤᠨ ᠤᠯᠤᠰ ᠤᠨ ᠵᠠᠭᠤᠴᠢᠯᠠᠭᠤᠷ ᠤᠨ ᠵᠠᠯᠠᠭᠤᠴᠤᠳ ᠤᠨ ᠲᠥᠯᠥᠭᠡᠯᠡᠭᠴᠢ ᠶᠢ ᠭᠥᠯᠢᠶᠡᠨ ᠠᠪᠴᠤ ᠵᠣᠴᠢᠯᠠᠵᠤ᠂ ᠠᠹᠷᠢᠺᠠ ᠲᠢᠪ ᠤᠨ ᠨᠠᠶᠢᠵᠠ ᠨᠠᠷ ᠢ ᠳᠠᠭᠠᠭᠤᠯᠤᠨ ᠳᠤᠮᠳᠠᠳᠤ ᠤᠯᠤᠰ ᠤᠨ ᠵᠠᠭᠤᠴᠢᠯᠠᠭᠤᠷ ᠤᠨ ᠬᠥᠭᠵᠢᠯᠲᠡ ᠶᠢᠨ ᠪᠠᠶᠢᠳᠠᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠭᠤᠯᠪᠠ᠃  ︵ᠭᠤᠷᠪᠠ︶ ᠵᠠᠯᠠᠭᠤᠴᠤᠳ ᠤᠨ ᠰᠤᠯᠢᠯᠴᠠᠭ᠎ᠠ ᠪᠠᠷ ᠳᠤᠮᠳᠠᠳᠤ ᠠᠹᠷᠢᠺᠠ ᠶᠢᠨ ᠰᠣᠯᠢᠯᠴᠠᠭᠠᠨ ᠤ ᠡᠯᠴᠢ ᠶᠢ ᠬᠦᠮᠦᠵᠢᠭᠦᠯᠪᠡ  ᠣᠬᠤᠷ ᠸᠢᠳᠢᠣ᠋ ᠳᠤᠮᠳᠠᠳᠤ ᠠᠹᠷᠢᠺᠠ ᠶᠢᠨ ᠵᠠᠯᠠᠭᠤᠴᠤᠳ ᠤᠨ ᠰᠣᠯᠢᠯᠴᠠᠭᠠᠨ ᠤ ᠴᠢᠬᠤᠯᠠ ᠠᠴᠢᠶᠠᠯᠠᠪᠤᠷᠢ ᠪᠣᠯᠪᠠ᠃ 2022 ᠣᠨ ᠠᠴᠠ 2024 ᠣᠨ ᠪᠣᠯᠲᠠᠯ᠎ᠠ᠂ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠹᠷᠢᠺᠠ ᠲᠢᠪ ᠤᠨ ᠶᠡᠷᠦᠩᠬᠡᠢ ᠦᠷᠳᠡᠭᠡ ᠵᠠᠯᠭᠠᠭ᠎ᠠ ᠪᠠᠷ ᠭᠤᠷᠪᠠᠨ ᠬᠤᠭᠤᠴᠠᠭᠠᠨ ᠤ ︽ᠲᠠᠨ ᠲᠠᠢ ᠠᠭᠤᠯᠵᠠᠬᠤ︾ ᠳᠤᠮᠳᠠᠳᠤ ᠠᠹᠷᠢᠺᠠ ᠶᠢᠨ ᠵᠠᠯᠠᠭᠤᠴᠤᠳ ᠤᠨ ᠣᠬᠤᠷ ᠸᠢᠳᠢᠣ᠋ ᠶᠢᠨ ᠤᠷᠤᠯᠳᠤᠭᠠᠨ ᠢ ᠡᠷᠬᠢᠯᠡᠵᠦ᠂ ᠳᠤᠮᠳᠠᠳᠤ ᠠᠹᠷᠢᠺᠠ ᠶᠢᠨ ᠵᠠᠯᠠᠭᠤᠴᠤᠳ ᠲᠤ ᠰᠣᠶᠣᠯ ᠤᠨ ᠪᠠᠬᠢᠯᠡᠯᠲᠡ ᠶᠢ ᠡᠪᠳᠡᠬᠦ᠂ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠴᠢᠩᠭᠠᠳᠬᠠᠬᠤ ᠲᠠᠪᠴᠠᠩ ᠢ ᠪᠠᠶᠢᠭᠤᠯᠵᠤ ᠥᠭᠴᠡᠢ᠃  ᠢᠨᠲ᠋ᠧᠷ ᠰᠦᠯᠵᠢᠶᠡᠨ ᠤ ᠲᠠᠪᠴᠠᠩ ᠳᠡᠭᠡᠷ᠎ᠡ ᠳᠤᠮᠳᠠᠳᠤ ᠠᠹᠷᠢᠺᠠ ᠶᠢᠨ ᠮᠠᠰᠢ ᠣᠯᠠᠨ ᠵᠠᠯᠠᠭᠤ ᠵᠣᠬᠢᠶᠠᠨ ᠪᠦᠲᠦᠭᠡᠭᠴᠢ ᠶᠢ ᠴᠤᠭᠯᠠᠭᠤᠯᠵᠠᠢ᠃ ᠠᠹᠷᠢᠺᠠ ᠲᠢᠪ ᠤᠨ ᠦᠭᠠᠨᠳᠠ ᠠᠴᠠ ᠢᠷᠡᠵᠦ ᠣᠳᠣᠬᠠᠨ ᠳᠤ ᠳᠤᠮᠳᠠᠳᠤ ᠤᠯᠤᠰ ᠤᠨ ᠵᠧᠵᠢᠶᠠᠩ ᠳᠤ ᠰᠠᠭᠤᠵᠤ ᠪᠠᠶᠢᠭ᠎ᠠ ᠠᠮᠳᠠᠳᠤ ᠢᠳᠡᠭᠡᠨ ᠤ ᠭᠤᠣᠯ ᠨᠡᠪᠲᠡᠷᠡᠭᠦᠯᠦᠭᠴᠢ ︽Rose︾ ᠤᠨ ᠲᠢᠺ ᠲᠣᠺ ᠤᠨ ᠳᠠᠭᠠᠭᠰᠠᠳ ᠤᠨ ᠬᠡᠮᠵᠢᠶ᠎ᠡ ᠨᠢ 1464 ᠲᠦᠮᠡ᠂ ᠸᠢᠳᠢᠣ᠋ ᠶᠢ ᠨᠢ ᠦᠵᠡᠭᠰᠡᠨ ᠬᠡᠮᠵᠢᠶ᠎ᠡ 188 ᠳ᠋ᠦᠩᠰᠢᠭᠤᠷ ᠪᠠᠶᠢᠵᠤ᠂ 2023 ᠣᠨ ᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ︽ᠠᠷᠠᠳ ᠤᠨ ᠰᠡᠳᠭᠢᠯ ᠤᠨ ᠨᠡᠪᠲᠡᠷᠡᠯᠴᠡᠯ︾ ᠲᠤᠰᠬᠠᠢ ᠰᠡᠳᠦᠪᠲᠦ ᠶᠠᠷᠢᠶᠠᠨ ᠤ ᠲᠠᠪᠴᠠᠩ ᠳᠤ ᠤᠷᠢᠭᠳᠠᠨ ᠣᠷᠤᠯᠴᠠᠭᠰᠠᠨ ᠤ ᠬᠠᠮᠲᠤ ᠬᠡᠷᠡᠭ ᠤᠨ ᠵᠢᠱᠢᠶ᠎ᠡ ᠪᠠᠨ ᠬᠤᠪᠢᠶᠠᠯᠴᠠᠪᠠ᠃ ᠳᠤᠮᠳᠠᠳᠤ ᠤᠯᠤᠰ ᠤᠨ ᠵᠣᠬᠢᠶᠠᠨ ᠪᠦᠲᠦᠭᠡᠭᠴᠢ ︽ᠰᠢᠶᠤᠤ ᠵᠦᠩ Johnny︾ ᠠᠹᠷᠢᠺᠠ ᠲᠢᠪ ᠤᠨ 23 ᠤᠯᠤᠰ ᠢᠶᠠᠷ ᠶᠠᠪᠤᠵᠤ᠂ ᠠᠹᠷᠢᠺᠠ ᠲᠢᠪ ᠤᠨ ᠰᠣᠶᠣᠯ ᠢ ᠬᠤᠪᠢᠶᠠᠯᠴᠠᠨ᠂ ᠪᠢ ᠯᠢ ᠪᠢ ᠯᠢ ︵bilibili︶ ᠶᠢᠨ ᠳᠠᠭᠠᠭᠰᠠᠳ ᠤᠨ ᠬᠡᠮᠵᠢᠶ᠎ᠡ ᠨᠢ 204.7 ᠲᠦᠮᠡ ᠪᠠᠶᠢᠵᠤ᠂ ᠦᠵᠡᠭᠰᠡᠨ ᠬᠡᠮᠵᠢᠶ᠎ᠡ ᠨᠢ 3.9 ᠳ᠋ᠦᠩᠰᠢᠭᠤᠷ ᠲᠤ ᠬᠦᠷᠪᠡ᠃  ᠬᠢᠲᠠᠳ ᠤᠨ ᠡᠷᠲᠡᠨ ᠤ ᠦᠭᠡᠨ ᠳᠤ᠂ ︽ᠰᠠᠨᠠᠭ᠎ᠠ ᠰᠡᠳᠬᠢᠯ ᠨᠢᠭᠡᠳᠪᠡᠯ ᠬᠠᠷᠠᠴᠤ ᠠᠷᠠᠳ ᠥᠴᠦᠬᠡᠨ ᠠᠮᠵᠢᠯᠲᠠ ᠲᠠᠢ ᠪᠣᠯᠣᠨ᠎ᠠ︾᠂ ᠠᠹᠷᠢᠺᠠ ᠲᠢᠪ ᠤᠨ ᠵᠦᠢᠷ ᠦᠭᠡᠨ ᠳᠤ᠂ ︽ᠨᠢᠭᠡ ᠮᠣᠳᠣ ᠪᠠᠷ ᠨᠢᠭᠡ ᠭᠡᠷ ᠢ ᠪᠠᠷᠢᠵᠤ ᠴᠢᠳᠠᠬᠤ ᠦᠭᠡᠢ︾ ᠭᠡᠳᠡᠭ᠃ ᠳᠤᠮᠳᠠᠳᠤ ᠠᠹᠷᠢᠺᠠ ᠶᠢᠨ ᠷᠠᠳᠢᠣ᠋ ᠲᠧᠯᠸᠢᠰ ᠤᠨ ᠬᠠᠮᠲᠤᠷᠠᠯᠴᠠᠭ᠎ᠠ ᠨᠢ ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠴᠢᠬᠤᠯᠠ ᠬᠦᠷᠢᠶ᠎ᠡ ᠪᠣᠯᠤᠭᠰᠠᠨ ᠤ ᠬᠤᠪᠢ ᠳᠤ᠂ ᠬᠠᠷᠢᠯᠴᠠᠨ ᠬᠦᠨᠳᠦᠳᠬᠡᠬᠦ᠂ ᠦᠨᠡᠨᠴᠢ ᠪᠠᠷ ᠬᠠᠨᠳᠤᠬᠤ ᠶᠢ ᠢᠮᠠᠭᠲᠠ ᠪᠠᠷᠢᠮᠲᠠᠯᠠᠵᠤ᠂ ᠪᠦᠯᠬᠦᠮᠳᠡᠨ ᠬᠠᠮᠵᠢᠯᠴᠠᠵᠤ᠂ ᠰᠢᠳᠤᠷᠭᠤ ᠶᠣᠰᠣ ᠶᠢ ᠬᠠᠮᠠᠭᠠᠯᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠵᠤ᠂ ᠠᠷᠠᠳ ᠲᠦᠮᠡᠨ ᠳᠤ ᠪᠤᠶᠠᠨ ᠦᠢᠯᠡᠳᠴᠦ᠂ ᠳᠤᠮᠳᠠᠳᠤ ᠠᠹᠷᠢᠺᠠ ᠶᠢᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ ᠦᠯᠢᠭᠡᠷ ᠢ ᠬᠠᠮᠲᠤ ᠪᠠᠷ ᠰᠠᠶᠢᠲᠤᠷ ᠶᠠᠷᠢᠵᠤ᠂ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠬᠤ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map