ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2024/9/6
    — ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ︵2024 ᠣᠨ ᠤ 9 ᠰᠠᠷ᠎ᠠ ᠶᠢᠨ 5 ᠤ ᠡᠳᠦᠷ   ᠪᠡᠭᠡᠵᠢᠩ ᠳᠤ︶ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠬᠦᠨᠳᠦᠲᠦ ᠶᠡᠷᠦᠩᠬᠡᠶᠢᠯᠡᠭᠴᠢ ᠹᠠᠶᠧ ᠂ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠶᠡᠷᠦᠩᠬᠡᠶᠢᠯᠡᠭᠴᠢ ᠵᠢᠶᠠᠽᠸᠠᠨᠢ ᠂ᠬᠦᠨᠳᠦᠲᠦ ᠡᠯ᠎ᠡ ᠤᠯᠤᠰ ᠤᠨ ᠲᠡᠷᠢᠭᠦᠨ ᠂ ᠵᠠᠰᠠᠭ ᠤᠨ ᠣᠷᠳᠣᠨ ᠤ ᠲᠦᠷᠦᠭᠦᠴᠦᠳ ᠂ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠂ᠬᠦᠨᠳᠦᠲᠦ ᠣᠯᠠᠨ ᠤᠯᠤᠰ  ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠧᠶᠢᠰ ᠠᠪᠤᠭᠠᠢ ᠂ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠠᠪᠤᠭᠠᠢ ᠂ᠨᠠᠶᠢᠵᠠ ᠨᠠᠷ ᠠ᠋ ᠂ ᠡᠷᠬᠢᠮ ᠵᠣᠴᠢᠳ ᠠ᠋᠄    ᠴᠡᠴᠡᠭ ᠳᠡᠯᠭᠡᠷᠡᠨ ᠦᠷ᠎ᠡ ᠰᠠᠭᠤᠵᠤ ᠂ ᠠᠯᠢᠪᠠ ᠪᠥᠬᠦᠨ ᠡᠯᠪᠡᠭ ᠳᠡᠯᠪᠡᠭ ᠃ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ ᠰᠢᠨ᠎ᠡ ᠬᠠᠭᠤᠴᠢᠨ ᠨᠠᠶᠢᠵᠠ ᠨᠠᠷ  ᠲᠠᠢ ᠪᠠᠨ ᠪᠡᠭᠡᠵᠢᠩ ᠳᠤ ᠴᠤᠭᠯᠠᠷᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠡᠩ ᠲᠡᠷᠢᠭᠦᠨ ᠳᠤ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠲᠠ ᠣᠯᠠᠨ ᠤ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕    ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ ᠂ ᠠᠭᠤᠯᠠ ᠳᠠᠯᠠᠢ ᠶᠢ ᠳᠠᠪᠠᠵᠤ ᠂ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ ᠃ 2000 ᠣᠨ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠨᠢ ᠳᠤᠮᠳᠠᠳᠤ ᠠᠹᠷᠢᠺᠠ ᠶᠢᠨ ᠬᠠᠷᠢᠯᠴᠠᠭᠠᠨ ᠤ  ᠲᠡᠦᠬᠡᠨ ᠳᠡᠭᠡᠷ᠎ᠡ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ ᠃ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠶᠢᠨ ᠠᠴᠠ ᠨᠠᠭᠠᠰᠢ ᠳᠤᠮᠳᠠᠳᠤ ᠤᠯᠤᠰ ᠠᠹᠷᠢᠺᠠ ᠲᠢᠪ ᠤᠨ ᠠᠬ᠎ᠠ ᠡᠭᠡᠴᠢ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ ᠭᠠᠷ ᠬᠤᠯᠪᠣᠨ ᠤᠷᠤᠭᠰᠢᠯᠠᠪᠠ ᠃ ᠪᠢᠳᠡ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ ᠬᠦᠷᠲᠡᠭᠡᠪᠡ︔ ᠪᠢᠳᠡ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ ᠂ ᠬᠠᠮᠲᠤ ᠪᠠᠷ ᠲᠡᠮᠡᠴᠡᠵᠦ ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠳᠡᠮᠵᠢᠵᠦ ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠣᠢ ᠪᠣᠯᠭᠠᠪᠠ ᠃    70 ᠰᠢᠬᠠᠮ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠳᠤᠮᠳᠠᠳᠤ ᠠᠹᠷᠢᠺᠠ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠡᠭᠡᠨ ᠬᠦᠷᠴᠦ ᠢᠷᠡᠯ᠎ᠡ ᠃ ᠢᠷᠡᠭᠡᠳᠦᠢ ᠳᠤ ᠬᠠᠨᠳᠤᠵᠤ ᠪᠢ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠬᠦᠶᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠵᠦ ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠥᠬᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠬᠦᠷᠲᠡᠯ᠎ᠡ ᠳᠡᠭᠡᠭᠰᠢᠯᠡᠭᠦᠯᠬᠦ ᠶᠢ ᠰᠠᠨᠠᠭᠠᠴᠢᠯᠠᠵᠤ ᠪᠠᠶᠢᠨ᠎ᠠ︕    ᠨᠠᠶᠢᠵᠠ ᠨᠠᠷ ᠠ᠋ ᠂ ᠡᠷᠬᠢᠮ ᠵᠣᠴᠢᠳ ᠠ᠋︕    ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ ᠃ ᠥᠷᠥᠨᠡᠳᠠᠬᠢᠨ ᠤ ᠣᠳᠣᠬᠢᠴᠢᠯᠠᠯᠲᠠ ᠶᠢᠨ ᠠᠬᠢᠴᠠ  ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠲᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠶᠤᠮ ᠃ ᠳᠡᠯᠡᠬᠡᠢ ᠶᠢᠨ ᠬᠤᠶᠠᠳᠤᠭᠠᠷ ᠳᠠᠶᠢᠨ ᠳᠠᠭᠤᠰᠤᠭᠰᠠᠨ ᠤ ᠳᠠᠷᠠᠭ᠎ᠠ ᠳᠤᠮᠳᠠᠳᠤ ᠤᠯᠤᠰ ᠪᠠ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ᠭᠤᠷᠪᠠᠳᠤᠭᠠᠷ ᠶᠢᠷᠲᠢᠨᠴᠦ ᠶᠢᠨ ᠤᠯᠤᠰ ᠤᠳ ᠵᠠᠯᠭᠠᠭ᠎ᠠ ᠪᠠᠷ ᠲᠤᠰᠠᠭᠠᠷ ᠲᠣᠭᠲᠠᠨᠢᠯ ᠪᠠ ᠬᠥᠭᠵᠢᠯᠲᠡ ᠪᠠᠨ ᠪᠡᠶᠡᠯᠡᠭᠦᠯᠵᠦ ᠂ ᠣᠳᠣᠬᠢᠴᠢᠯᠠᠯᠲᠠ ᠶᠢᠨ ᠠᠬᠢᠴᠠ ᠳᠠᠬᠢ ᠲᠡᠦᠬᠡ ᠶᠢᠨ ᠭᠤᠣᠯᠴᠢ ᠪᠤᠰᠤ ᠪᠠᠶᠢᠳᠠᠯ ᠢ ᠲᠠᠰᠤᠷᠠᠯᠲᠠ ᠦᠭᠡᠢ ᠵᠠᠯᠠᠷᠠᠭᠤᠯᠪᠠ ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠳᠠᠯ ᠦᠭᠡᠢ 75 ᠵᠢᠯ ᠤᠨ ᠣᠢ ᠪᠠᠨ ᠤᠭᠲᠤᠬᠤ ᠪᠣᠯᠣᠨ᠎ᠠ ᠃ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ ᠭᠤᠶᠢᠪᠢᠰᠢ ᠦᠭᠡᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ ᠥᠩᠭᠡᠷᠡᠭᠡᠵᠦ ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ︽2063 ᠣᠨ ᠤ ᠵᠥᠪᠯᠡᠬᠦ ᠵᠦᠢᠯ︾ ᠳᠤ ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ ᠃ ᠳᠤᠮᠳᠠᠳᠤ  ᠠᠹᠷᠢᠺᠠ ᠶᠢᠨ  ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠣᠢ ᠪᠣᠯᠭᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ ᠃    — ᠲᠥᠪ ᠭᠤᠣᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ ᠮᠥᠷᠲᠡᠭᠡᠨ ᠲᠣᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠡᠯ᠎ᠡ ᠤᠯᠤᠰ ᠤᠨ ᠬᠢᠨ ᠲᠣᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ ᠳᠡᠮᠵᠢᠵᠦ ᠂ ᠡᠯ᠎ᠡ ᠤᠯᠤᠰ ᠤᠨ ᠡᠷᠬᠡ ᠠᠰᠢᠭ ᠨᠢ ᠲᠥᠪ ᠭᠤᠣᠯᠴᠢ ᠂ ᠠᠵᠠ ᠲᠣᠬᠢᠶᠠᠯ ᠨᠢ ᠲᠥᠪ ᠭᠤᠣᠯᠴᠢ ᠪᠠᠶᠢᠬᠤ ᠶᠢ ᠪᠠᠲᠤᠯᠠᠨ᠎ᠠ ᠃    — ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠬᠡᠳᠦ ᠶᠢᠨ ᠪᠠ ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠠᠵᠤ ᠦᠢᠯᠡᠳᠪᠦᠷᠢ ᠂ ᠬᠥᠳᠡᠭᠡ ᠠᠵᠤ ᠠᠬᠤᠢ ᠂ ᠰᠠᠭᠤᠷᠢ ᠲᠥᠬᠦᠭᠡᠷᠦᠮᠵᠢ ᠂ ᠠᠷᠠᠯᠵᠢᠶ᠎ᠠ ᠪᠡᠯᠡ ᠣᠷᠤᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠣᠢ ᠪᠣᠯᠭᠠᠵᠤ ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠡᠪ ᠳᠠᠭᠤᠷᠢᠶᠠᠯ ᠢ ᠬᠠᠮᠲᠤ ᠪᠠᠷ ᠴᠣᠭᠴᠠᠯᠠᠨ᠎ᠠ ᠃    — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠬᠥᠮᠥᠨ ᠤ ᠡᠷᠬᠡ ᠴᠢᠯᠦᠭᠡ ᠲᠠᠢ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ ᠠᠷᠠᠳ ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ ᠂ ᠣᠳᠣᠬᠢᠴᠢᠯᠠᠯᠲᠠ ᠪᠠᠷ ᠪᠥᠬᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ ᠃    — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ ᠬᠦᠨᠳᠦᠳᠬᠡᠬᠦ ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ ᠠᠬᠢᠭᠤᠯᠤᠨ᠎ᠠ ᠃    — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠪᠣᠬᠢᠷᠳᠤᠯ ᠦᠭᠡᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ ᠪᠣᠬᠢᠷᠳᠤᠯ ᠦᠭᠡᠢ ᠨᠡᠮᠡᠭᠳᠡᠯ ᠤᠨ ᠬᠥᠳᠡᠯᠭᠡᠭᠦᠷ︾ ᠢ ᠴᠣᠭᠴᠠᠯᠠᠵᠤ ᠂ ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ ᠂ ᠬᠠᠮᠲᠤ ᠪᠠᠷ ᠬᠠᠷᠢᠭᠤᠴᠠᠬᠤ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ ᠃    — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ ᠶᠤᠮ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠃    ᠨᠠᠶᠢᠵᠠ ᠨᠠᠷ ᠠ᠋ ᠂ ᠡᠷᠬᠢᠮ ᠵᠣᠴᠢᠳ ᠠ᠋ ︕    ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠶᠢ ᠡᠵᠡᠯᠡᠨ᠎ᠡ ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠴᠦ  ᠪᠠᠶᠢᠵᠤ ᠴᠢᠳᠠᠬᠤ ᠦᠭᠡᠢ ᠃ ᠢᠷᠡᠭᠡᠳᠦᠢ ᠶᠢᠨ 3 ᠵᠢᠯ ᠳᠤ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ  ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠨ ᠠᠬᠢᠭᠤᠯᠵᠤ ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ ᠃    ᠨᠢᠭᠡᠳᠦᠭᠡᠷ ᠲᠤ ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠤᠨ᠎ᠠ ᠃ ᠠᠹᠷᠢᠺᠠ ᠲᠢᠪ ᠤᠨ ᠤᠳᠤᠷᠢᠳᠬᠤ ᠬᠦᠴᠦᠨ ᠤ ᠳᠡᠭᠡᠳᠦ ᠰᠤᠷᠭᠠᠭᠤᠯᠢ ᠳᠤ ᠲᠦᠰᠢᠭᠯᠡᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠳᠠᠪᠤᠷᠢᠲᠠᠨ ᠢ ᠬᠥᠮᠥᠵᠢᠭᠦᠯᠵᠦ ᠂ ᠠᠹᠷᠢᠺᠠ ᠲᠢᠪ ᠤᠨ 1000 ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠭᠢᠯᠭᠡᠵᠤ ᠂ ᠬᠤᠶᠠᠷ ᠲᠠᠯ᠎ᠠ ᠶᠢᠨ ᠨᠠᠮ ᠢ ᠵᠠᠰᠠᠵᠤ ᠲᠦᠷᠦ ᠶᠢ ᠵᠠᠰᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ ᠃    ᠬᠤᠶᠠᠳᠤᠭᠠᠷ ᠲᠤ ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ ᠂ ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ ᠭᠠᠶᠢᠯᠢ ᠲᠤᠰᠢᠶᠠᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ ᠂ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠩᠬᠠᠳᠠᠭᠴᠢ ᠬᠥᠭᠵᠢᠵᠦ ᠪᠠᠶᠢᠭ᠎ᠠ ᠲᠣᠮᠣ ᠤᠯᠤᠰ ᠪᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠪᠣᠯᠵᠤ ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ ᠃ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠂ ︽ᠳᠤᠮᠳᠠᠳᠤ ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ ︾ ᠶᠢ ᠬᠡᠷᠡᠭᠵᠢᠭᠦᠯᠦᠨ᠎ᠡ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠦᠳᠦᠭᠦᠪᠴᠢ ᠬᠡᠯᠡᠯᠴᠡᠭᠡᠷ ᠢ ᠵᠥᠪᠳᠡᠯᠴᠡᠨ ᠲᠣᠭᠲᠠᠵᠤ ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ ᠬᠤᠭᠤᠴᠠᠭᠠᠨ ᠤ ᠂ ᠲᠣᠭᠲᠠᠭᠤᠨ ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ ᠃    ᠭᠤᠷᠪᠠᠳᠤᠭᠠᠷ ᠲᠤ ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ ᠂ ︽ ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠴᠢᠳᠠᠯ ᠣᠯᠭᠤᠬᠤ ᠲᠥᠯᠥᠪᠯᠡᠭᠡ︾ ᠶᠢ ᠡᠬᠢᠯᠡᠭᠦᠯᠦᠨ᠎ᠡ ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠵᠤ ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠠᠮᠲᠤ ᠪᠠᠷ ᠤᠭᠲᠤᠨ᠎ᠠ ᠃    ᠳᠥᠷᠪᠡᠳᠦᠭᠡᠷ ᠲᠤ ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ ᠬᠤᠯᠪᠣᠨ ᠠᠬᠢᠭᠤᠯᠵᠤ ᠂ ᠬᠠᠭᠤᠷᠠᠢ ᠲᠡᠯᠡᠶ ᠬᠤᠯᠪᠤᠭᠠᠯᠠᠨ ᠬᠥᠳᠡᠯᠦᠯᠴᠡᠭᠰᠡᠨ ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠦᠵᠡᠭᠦᠯᠵᠦ ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ ᠃    ᠲᠠᠪᠤᠳᠤᠭᠠᠷ ᠲᠤ ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ ᠂ ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ ᠃ ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭ᠎ᠠ ᠶᠢᠨ ᠰᠠᠭᠤᠷᠢ ᠮᠥᠩᠭᠦ ᠳᠤ ᠪᠡᠯᠡ ᠣᠷᠣᠭᠤᠯᠵᠤ ᠂ ᠠᠹᠷᠢᠺᠠ ᠲᠢᠪ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ ᠃    ᠵᠢᠷᠭᠤᠳᠤᠭᠠᠷ ᠲᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ ᠃ ᠠᠹᠷᠢᠺᠠ ᠲᠢᠪ ᠲᠤ 2000 ᠡᠮᠴᠢᠯᠡᠭᠡᠨ ᠤ ᠠᠵᠢᠯᠲᠠᠨ ᠲᠣᠮᠢᠯᠠᠵᠤ ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ ᠵᠦᠢᠯ ᠢ ᠬᠡᠷᠡᠭᠵᠢᠭᠦᠯᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ᠃    ᠳᠣᠯᠣᠳᠤᠭᠠᠷ ᠲᠤ ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ ᠲᠤᠰᠠᠯᠠᠮᠵᠢ ᠬᠠᠩᠭᠠᠵᠤ ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ ᠃ ᠨᠡᠶᠢᠲᠡ ᠶᠢᠨ ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ ᠃ ᠳᠤᠮᠳᠠᠳᠤ ᠠᠹᠷᠢᠺᠠ ᠶᠢᠨ ᠠᠵᠤ ᠠᠬᠤᠶᠢᠯᠠᠯ ᠤᠨ ︽ ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ ᠂ ᠠᠵᠤ ᠦᠢᠯᠡᠰ ᠤᠨ ᠨᠡᠮᠡᠯᠲᠡ ᠦᠷᠳᠡᠭ ᠢ ᠠᠹᠷᠢᠺᠠ ᠲᠢᠪ ᠲᠤ ᠦᠯᠡᠳᠡᠭᠡᠵᠦ ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ ᠥᠭᠭᠦᠨ᠎ᠡ ᠃    ᠨᠠᠢᠮᠠᠳᠤᠭᠠᠷ ᠲᠤ ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ︽ ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ︾ ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠵᠤ ᠂ ︽ ᠯᠦ  ᠪᠠᠨ ᠦᠢᠯᠡᠳᠬᠡᠯ ᠤᠨ ᠭᠠᠵᠠᠷ ︾10  ᠶᠢ ᠪᠠᠶᠢᠭᠤᠯᠤᠨ᠎ᠠ ᠃ ᠠᠹᠷᠢᠺᠠ ᠲᠢᠪ ᠤᠨ ᠡᠮᠡᠭᠲᠡᠶᠢᠴᠦᠳ ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ ᠬᠠᠩᠭᠠᠨ᠎ᠠ ᠃ ᠳᠤᠮᠳᠠᠳᠤ ᠠᠹᠷᠢᠺᠠ ᠶᠢᠨ ︽ ᠰᠣᠶᠣᠯ ᠤᠨ ᠲᠣᠷᠭᠠᠨ ᠵᠠᠮ ︾ ᠤᠨ ᠲᠥᠯᠥᠪᠯᠡᠭᠡ ᠪᠠ ︽ ᠷᠠᠳᠢᠣ᠋ ᠺᠢᠨᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ ︾ ᠶᠢ ᠬᠠᠮᠲᠤ ᠪᠠᠷ ᠬᠡᠷᠡᠭᠵᠢᠭᠦᠯᠦᠨ᠎ᠡ ᠃ ᠬᠤᠶᠠᠷ ᠲᠠᠯ᠎ᠠ ᠪᠠᠷ ᠢᠶᠠᠨ 2026 ᠣᠨ ᠢ ︽ ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢᠶᠠᠷ ᠲᠣᠭᠲᠠᠭᠠᠪᠠ ᠃    ᠶᠢᠰᠦᠳᠦᠭᠡᠷ ᠲᠤ ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ ᠂ ᠡᠬᠢᠨ ᠤ ᠦᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠦᠨ᠎ᠡ ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ ᠪᠠᠶᠢᠭᠤᠯᠵᠤ ᠂ 30 ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ ᠂ ᠳᠠᠭᠠᠭᠤᠯᠢ ᠤᠳᠤᠨ ᠤ ᠠᠯᠤᠰ ᠰᠡᠷᠡᠯ ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃    ᠠᠷᠪᠠᠳᠤᠭᠠᠷ ᠲᠤ ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠠᠶᠢᠳᠠᠪᠤᠷᠢᠵᠢᠭᠤᠯᠵᠤ ᠂ ᠬᠠᠮᠲᠤᠷᠠᠯᠴᠠᠭᠠᠨ ᠤ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ ᠂ ᠠᠹᠷᠢᠺᠠ ᠲᠢᠪ ᠤᠨ ᠬᠢᠨ ᠳᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠲᠥᠯᠥᠪᠦᠷᠢ ᠦᠭᠡᠢ ᠴᠡᠷᠢᠭ ᠤᠨ ᠶᠠᠪᠤᠳᠠᠯ ᠤᠨ ᠲᠤᠰᠠᠯᠠᠮᠵᠢ ᠬᠠᠩᠭᠠᠵᠤ ᠂ ᠠᠹᠷᠢᠺᠠ ᠲᠢᠪ ᠤᠨ ᠬᠢᠨ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠤᠯᠪᠠᠰᠤᠷᠠᠭᠤᠯᠵᠤ ᠂ 500 ᠵᠠᠯᠠᠭᠤ ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ ᠃ ᠳᠤᠮᠳᠠᠳᠤ ᠠᠹᠷᠢᠺᠠ ᠶᠢᠨ ᠴᠡᠷᠢᠭ ᠠᠩᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠰᠤᠷᠭᠠᠭᠤᠯᠢᠯᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ ᠂ ︽ ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ ︾ ᠶᠢ ᠬᠡᠷᠡᠭᠵᠢᠭᠦᠯᠵᠦ ᠂ ᠠᠵᠢᠯᠲᠠᠨ ᠪᠠ ᠲᠦᠷᠦᠯ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠃    ︽ᠠᠷᠪᠠᠨ ᠶᠡᠭᠡ ᠬᠠᠨᠢᠲᠠᠨ ᠤ ᠠᠵᠢᠯᠯᠠᠭ᠎ᠠ ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠢᠷᠡᠬᠦ 3 ᠵᠢᠯ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ 2100 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠣᠯᠣᠨ 800 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠡᠯ᠎ᠡ ᠲᠦᠷᠦᠯ ᠤᠨ ᠲᠤᠰᠠᠯᠠᠮᠵᠢ ᠶᠢ ᠬᠠᠩᠭᠠᠬᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠹᠷᠢᠺᠠ ᠲᠢᠪ ᠲᠠᠬᠢ ᠪᠡᠯᠡ ᠣᠷᠣᠭᠤᠯᠤᠯᠲᠠ 700 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠠᠴᠠ ᠪᠠᠭ᠎ᠠ ᠦᠭᠡᠢ ᠪᠠᠶᠢᠬᠤ ᠶᠢ ᠠᠬᠢᠭᠤᠯᠬᠤ ᠶᠢ ᠪᠠᠭᠲᠠᠭᠠᠭᠰᠠᠨ 3600 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ ᠃ ᠳᠤᠮᠳᠠᠳᠤ ᠤᠯᠤᠰ ᠪᠠᠰᠠ ᠠᠹᠷᠢᠺᠠ ᠲᠢᠪ ᠤᠨ ᠬᠢᠨ ᠤ ᠳᠤᠮᠳᠠᠳᠤ ᠤᠯᠤᠰ ᠲᠤ ︽ ᠮᠠᠯᠤᠷ ᠦᠳᠡᠭᠡ ᠵᠢᠭᠡᠯᠡᠯᠭᠡ ᠶᠢᠨ ᠲᠡᠮᠳᠡᠭᠲᠦ ︾ ᠲᠠᠷᠬᠠᠭᠠᠬᠤ ᠶᠢ ᠵᠣᠷᠢᠭᠵᠢᠭᠤᠯᠤᠨ ᠳᠡᠮᠵᠢᠵᠦ ᠂ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ ᠃    ᠨᠠᠶᠢᠵᠠ ᠨᠠᠷ ᠠ᠋ ᠂ ᠡᠷᠬᠢᠮ ᠵᠣᠴᠢᠳ ᠠ᠋ ︕    ᠡᠨᠡ ᠵᠢᠯ ᠤᠨ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ ᠂ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ ᠃    ᠠᠹᠷᠢᠺᠠ ᠲᠢᠪ ᠲᠤ ︽ ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ ᠃ ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ ᠂ ᠨᠢᠭᠡ ᠤᠯᠤᠰ ᠢ ᠴᠤ ᠬᠤᠴᠣᠷᠤᠭᠤᠯᠵᠤ ᠪᠤᠯᠬᠤ ᠦᠭᠡᠢ ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ ᠂ ᠳᠡᠯᠡᠬᠡᠢ ᠳ᠋ᠠᠬᠢᠨ ᠤ ᠡᠩᠬᠡ ᠲᠠᠶᠢᠪᠤᠩ ᠂ ᠠᠮᠤᠷ ᠲᠦᠪᠰᠢᠨ ᠂ ᠬᠥᠭᠵᠢᠯ ᠴᠡᠴᠡᠭᠯᠡᠯ ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠵᠠᠭᠠᠶ᠎ᠠ ︕    ᠪᠠᠶᠠᠷᠯᠠᠯ᠎ᠠ ᠃   
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ
Baidu
map