| | | | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 5 ᠤ ᠴᠠᠭᠢᠯᠭᠠᠨ ᠮᠡᠳᠡᠭᠡ 9 ᠰᠠᠷ᠎ᠠ ᠶᠢᠨ 5 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠰᠢ ᠶᠢᠨ ᠫᠢᠩ ᠂ ᠳᠤᠮᠳᠠᠳᠤ ᠤᠯᠤᠰ | ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦᠶᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ | ᠬᠠᠷᠢᠯᠴᠠᠭᠠᠨ ᠤ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠵᠦ ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ | ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠭᠦᠷᠲᠡᠯ᠎ᠡ ᠳᠡᠭᠡᠭᠰᠢᠯᠡᠭᠦᠯᠵᠦ ᠂ ᠳᠤᠮᠳᠠᠳᠤ ᠠᠹᠷᠢᠺᠠ ᠭᠠᠷ | ᠬᠤᠯᠪᠣᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ ᠨᠡᠶᠢᠲᠡᠯᠡᠪᠡ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ | ᠰᠢᠤᠸᠠᠢ ᠰᠢᠶᠠᠩ ᠂ ᠯᠢ ᠰᠢ ᠣᠷᠣᠯᠴᠠᠪᠠ ᠃ | | | | | | 9 ᠰᠠᠷ᠎ᠠ ᠶᠢᠨ 5 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ | ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ | ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | | | | 9 ᠰᠠᠷ᠎ᠠ ᠶᠢᠨ 5 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ | ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠵᠢᠷᠤᠭ ᠪᠣᠯ ᠡᠭᠢᠯᠡᠯᠲᠡ ᠶᠢᠨ ᠶᠣᠰᠣᠯᠠᠯ ᠠᠴᠠ ᠡᠮᠦᠨ᠎ᠡ ᠂ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠣᠷᠤᠯᠴᠠᠬᠤ | ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠨᠠᠮᠤᠷ ᠤᠨ ᠡᠬᠢᠨ ᠤ ᠪᠡᠭᠡᠵᠢᠩ ᠨᠠᠯᠠᠭᠠᠷᠳᠠᠨ ᠴᠡᠩᠬᠡᠷᠯᠡᠨ᠎ᠡ ᠃ ᠲᠢᠶᠠᠨ ᠠᠨ ᠮᠧᠨ ᠲᠠᠯᠠᠪᠠᠢ ᠪᠣᠯᠣᠨ ᠴᠠᠩ ᠠᠨ ᠵᠡᠭᠡᠯᠢ ᠶᠢᠨ ᠬᠤᠶᠠᠷ ᠬᠠᠵᠠᠭᠤ ᠪᠠᠷ ᠬᠤᠷᠴᠠ ᠢᠯᠡᠲᠡᠢ | ᠲᠠᠪᠤᠨ ᠣᠳᠣᠲᠤ ᠤᠯᠠᠭᠠᠨ ᠲᠤᠭ ᠪᠣᠯᠣᠨ ᠠᠹᠷᠢᠺᠠ ᠲᠢᠪ ᠤᠨ 53 ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ ᠰᠠᠯᠬᠢᠨ ᠤ ᠠᠶ᠎ᠠ ᠪᠠᠷ | ᠨᠠᠮᠢᠷᠠᠨ᠎ᠠ ᠃ | ᠰᠢ ᠶᠢᠨ ᠫᠢᠩ ᠲᠦᠷᠦᠭᠦᠴᠦᠳ ᠤᠨ ᠬᠤᠷᠠᠯ ᠳᠤ ᠣᠷᠣᠯᠴᠠᠬᠰᠠᠨ 51 ᠨᠡᠷᠡᠰ ᠠᠹᠷᠢᠺᠠ ᠲᠢᠪ ᠤᠨ ᠤᠯᠤᠰ ᠤᠨ ᠲᠡᠷᠢᠭᠦᠨ ᠂ ᠵᠠᠰᠠᠭ ᠤᠨ ᠣᠷᠳᠣᠨ ᠤ ᠲᠦᠷᠦᠭᠦᠴᠦᠳ | ᠵᠢᠴᠢ ᠶᠡᠷᠦᠩᠬᠡᠶᠢᠯᠡᠭᠴᠢ ᠶᠢᠨ 2 ᠲᠥᠯᠥᠭᠡᠯᠡᠭᠴᠢ ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠣᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠨᠠᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠪᠣᠯᠣᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ | ᠶᠢᠨ ᠫᠢᠩ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠵᠤ ᠂ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃ | ᠰᠢ ᠶᠢᠨ ᠫᠢᠩ ︽ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ | ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ | ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ | ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠭᠠᠳᠠᠭᠠᠳᠤ ᠶᠢᠨ ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ | ᠰᠢ ᠶᠢᠨ ᠫᠢᠩ ᠂ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ ᠂ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠪᠡᠭᠡᠵᠢᠩ ᠳᠤ ᠴᠤᠭᠯᠠᠷᠠᠵᠤ ᠂ ᠰᠢᠨ᠎ᠡ ᠴᠠᠭ | ᠦᠶ᠎ᠡ ᠶᠢᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ | ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ ᠂ ᠠᠭᠤᠯᠠ ᠲᠠᠯᠠᠢ ᠶᠢ ᠳᠠᠪᠠᠵᠤ ᠂ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ ᠃ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ ᠂ ᠳᠤᠮᠳᠠᠳᠤ ᠤᠯᠤᠰ | ᠠᠹᠷᠢᠺᠠ ᠲᠢᠪ ᠤᠨ ᠠᠬ᠎ᠠ ᠳᠡᠭᠦᠦ ᠡᠭᠡᠴᠢ ᠥᠬᠢᠨ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ ᠂ ᠳᠡᠯᠡᠬᠡᠢ ᠶᠢᠨ ᠵᠠᠭᠤᠨ | ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ ᠠᠵᠤ | ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ ᠂ ᠡᠯᠪᠡᠭ ᠪᠠᠶᠠᠯᠢᠭ | ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ ᠭᠦᠷᠲᠡᠭᠡᠪᠡ︔ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ | ᠵᠣᠪᠠᠯᠠᠩ ᠢᠶᠠᠨ ᠬᠠᠮᠲᠤᠳᠬᠠᠵᠤ ᠂ ᠬᠠᠮᠲᠤ ᠪᠠᠷ ᠲᠡᠮᠡᠴᠡᠵᠦ ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ | ᠢᠮᠠᠭᠲᠠ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠲᠡᠮᠵᠢᠵᠤ ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ ᠃ 70 ᠵᠢᠯ | ᠰᠢᠬᠠᠮ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠠᠭ ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠤ ᠣᠷᠣᠰᠢᠵᠤ | ᠪᠠᠶᠢᠨ᠎ᠠ ᠃ ᠢᠷᠡᠭᠡᠳᠦᠢ ᠳᠤ ᠬᠠᠨᠳᠤᠵᠤ ᠂ ᠳᠤᠮᠳᠠᠳᠤ ᠶᠢᠨ ᠲᠠᠯ᠎ᠠ ᠠᠴᠠ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ | ᠪᠦᠭᠦᠶᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ ᠲᠡᠭᠡᠭᠰᠢᠯᠡᠭᠦᠯᠵᠦ ᠂ | ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠭᠦᠷᠲᠡᠯ᠎ᠡ ᠳᠡᠭᠡᠭᠰᠢᠯᠡᠭᠦᠯᠭᠦ ᠶᠢ ᠰᠠᠨᠠᠭᠠᠴᠢᠯᠠᠵᠤ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ ᠃ ᠳᠤᠮᠳᠠᠳᠤ ᠤᠯᠤᠰ ᠶᠠᠭ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ ᠥᠩᠭᠡᠷᠡᠭᠡᠵᠦ ᠂ ᠠᠹᠷᠢᠺᠠ ᠲᠢᠪ ᠤᠨ | ᠤᠯᠤᠰ ᠤᠳ ᠤᠨ ᠬᠤᠯᠪᠤᠭ᠎ᠠ ᠶᠢᠨ ︽2063 ᠣᠨ ᠤ ᠵᠥᠪᠯᠡᠬᠦ ᠵᠦᠢᠯ︾ ᠳᠤ ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ | ᠪᠠᠶᠢᠨ᠎ᠠ ᠃ ᠳᠤᠮᠳᠠᠳᠤ ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠤᠢ ᠪᠤᠯᠭᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠴᠣ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠠᠹᠷᠢᠺᠠ ︽ᠵᠢᠷᠭᠤᠭᠠᠨ ᠣᠳᠣᠬᠢᠴᠢᠯᠠᠯᠲᠠ︾ ᠶᠢ ᠭᠠᠷ ᠬᠤᠯᠪᠣᠯᠴᠠᠨ ᠠᠬᠢᠭᠤᠯᠤᠶ᠎ᠠ ᠃ | — ᠲᠥᠪ ᠭᠤᠤᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ ᠮᠥᠷᠲᠡᠭᠡᠨ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ | ᠬᠡᠷᠡᠭᠲᠡᠢ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠡᠯ᠎ᠡ | ᠤᠯᠤᠰ ᠤᠨ ᠬᠢᠨ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ ᠲᠡᠮᠵᠢᠵᠤ ᠂ ᠡᠯ᠎ᠡ ᠤᠯᠤᠰ ᠤᠨ ᠡᠷᠬᠡ ᠠᠰᠢᠭ ᠨᠢ | ᠲᠥᠪ ᠭᠤᠤᠯᠴᠢ ᠂ ᠠᠵᠠ ᠲᠣᠭᠢᠶᠠᠯ ᠨᠢ ᠲᠥᠪ ᠭᠤᠤᠯᠴᠢ ᠪᠠᠶᠢᠬᠤ ᠶᠢ ᠪᠠᠲᠤᠯᠠᠨ᠎ᠠ ᠃ | — ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠲᠡᠭᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ | ᠡᠯ᠎ᠡ ᠤᠯᠤᠰ ᠤᠨ ᠠᠯᠤᠰ ᠭᠡᠳᠦ ᠶᠢᠨ ᠪᠠ ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ | ᠠᠵᠤ ᠦᠢᠯᠡᠳᠪᠦᠷᠢ ᠂ ᠬᠥᠳᠡᠭᠡ ᠠᠵᠤ ᠠᠬᠤᠢ ᠂ ᠰᠠᠭᠤᠷᠢ ᠲᠥᠬᠦᠭᠡᠷᠦᠮᠵᠢ ᠂ ᠠᠷᠠᠯᠵᠢᠶ᠎ᠠ ᠪᠡᠯᠡ ᠣᠷᠣᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠦᠯᠢᠭᠡᠷ ᠬᠡᠪ ᠢ ᠬᠠᠮᠲᠤ ᠪᠠᠷ ᠴᠣᠭᠴᠠᠯᠠᠨ᠎ᠠ ᠃ | — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠬᠥᠮᠥᠨ ᠤ ᠡᠷᠬᠡ ᠴᠢᠯᠦᠭᠡ ᠲᠠᠢ ᠪᠦᠭᠦ ᠲᠠᠯ᠎ᠠ ᠶᠢᠨ | ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ ᠂ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ ᠠᠷᠠᠳ ᠲᠦᠮᠡᠨ ᠤ | ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ ᠂ ᠣᠳᠣᠬᠢᠴᠢᠯᠠᠯᠲᠠ | ᠪᠠᠷ ᠪᠦᠭᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ ᠃ | — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ | ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ ᠬᠦᠨᠳᠦᠳᠬᠡᠬᠦ ᠂ | ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ | ᠬᠠᠮᠲᠤ ᠪᠠᠷ ᠠᠬᠢᠭᠤᠯᠤᠨ᠎ᠠ ᠃ | — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠪᠣᠬᠢᠷᠳᠤᠯ ᠦᠭᠡᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ | ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ ᠨᠡᠮᠡᠭᠳᠡᠯ ᠤᠨ | ᠬᠥᠳᠡᠯᠭᠡᠭᠦᠷ︾ ᠢ ᠴᠣᠭᠴᠠᠯᠠᠵᠤ ᠂ ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ ᠂ ᠬᠠᠮᠲᠤ ᠪᠠᠷ ᠬᠠᠷᠢᠭᠤᠴᠠᠬᠤ ᠪᠤᠯᠪᠠᠴᠤ ᠢᠯᠭᠠᠭ᠎ᠠ ᠲᠠᠢ ᠪᠠᠶᠢᠬᠤ | ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠬᠠᠮᠲᠤ ᠪᠠᠷ ᠠᠬᠢᠭᠤᠯᠤᠨ᠎ᠠ ᠃ | — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ | ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ ᠶᠤᠮ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ | ᠪᠡᠶ᠎ᠡ ᠪᠠᠨ ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠡᠩ ᠲᠡᠷᠢᠭᠦᠨ ᠳᠤ | ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ | ᠦᠢᠯᠡᠳᠦᠯᠴᠡᠯ ᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠳᠤᠷᠠᠳᠪᠠ ᠃ | ᠰᠢ ᠶᠢᠨ ᠫᠢᠩ ᠂ ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠬᠤᠪᠢ ᠶᠢ ᠡᠵᠡᠯᠡᠨ᠎ᠡ ᠂ ᠳᠤᠮᠳᠠᠳᠤ | ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠪᠠᠶᠢᠵᠤ ᠴᠢᠳᠠᠬᠤ ᠦᠭᠡᠢ ᠃ ᠢᠷᠡᠭᠡᠳᠦᠢ ᠶᠢᠨ 3 ᠵᠢᠯ ᠳᠤ ᠂ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠯᠴᠠᠨ ᠠᠬᠢᠭᠤᠯᠵᠤ ᠂ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ ᠃ | ᠨᠢᠭᠡᠳᠦᠭᠡᠷ ᠲᠤ ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ | ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ | ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠵᠤ ᠂ ᠠᠹᠷᠢᠺᠠ ᠲᠢᠪ ᠤᠨ 1000 ᠲᠦᠷᠦ ᠶᠢᠨ ᠨᠠᠮ ᠤᠨ ᠬᠥᠮᠥᠰ ᠢ | ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠬᠢᠯᠭᠡᠨ᠎ᠡ ᠃ | ᠬᠤᠶᠠᠳᠤᠭᠠᠷ ᠲᠤ ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ | ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ ᠂ ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ ᠭᠠᠶᠢᠯᠢ ᠠᠪᠬᠤ | ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ | ᠠᠬᠢᠭᠤᠯᠤᠨ᠎ᠠ ᠃ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ ᠂ ᠡᠯᠧᠺᠲᠷᠣᠨ | ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠂ ︽ᠳᠤᠮᠳᠠᠳᠤ ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ | ᠬᠡᠷᠡᠭᠵᠢᠭᠦᠯᠦᠨ᠎ᠡ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠣᠷᠣ ᠲᠥᠯᠥᠪ ᠢ | ᠵᠥᠪᠳᠡᠯᠴᠡᠨ ᠲᠣᠭᠲᠠᠵᠤ ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ ᠬᠤᠭᠤᠴᠠᠭᠠᠨ ᠤ ᠂ ᠲᠣᠭᠲᠠᠭᠤᠨ ᠂ ᠵᠢᠱᠢᠵᠦ ᠪᠣᠯᠬᠤᠶᠢᠴᠠ | ᠳᠦᠷᠢᠮ ᠤᠨ ᠪᠠᠲᠤᠯᠠᠭ᠎ᠠ ᠬᠠᠩᠭᠠᠨ᠎ᠠ ᠃ | ᠭᠤᠷᠪᠠᠳᠤᠭᠠᠷ ᠲᠤ ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ | ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ | ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠣᠯᠭᠤᠬᠤ ᠲᠥᠯᠥᠪᠯᠡᠭᠡ︾ ᠶᠢ ᠡᠬᠢᠯᠡᠭᠦᠯᠦᠨ᠎ᠡ ᠃ | ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ | ᠵᠦᠢᠯ ᠢ ᠪᠠᠶᠢᠭᠤᠯᠤᠨ᠎ᠠ ᠃ | ᠳᠥᠷᠪᠡᠳᠦᠭᠡᠷ ᠲᠤ ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ ᠰᠠᠭᠤᠷᠢ ᠲᠥᠬᠦᠭᠡᠷᠦᠮᠵᠢ ᠶᠢᠨ | ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ | ᠬᠤᠯᠪᠣᠯᠴᠠᠨ ᠠᠬᠢᠭᠤᠯᠵᠤ ᠂ ᠡᠬᠡ ᠬᠠᠭᠤᠷᠠᠢ ᠪᠠ ᠲᠡᠯᠡᠶ ᠲᠠᠩᠭᠢᠰ ᠬᠤᠯᠪᠤᠭᠠᠯᠠᠨ ᠬᠥᠳᠡᠯᠦᠯᠴᠡᠭᠰᠡᠨ ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ ᠬᠤᠯᠪᠣᠯᠳᠤᠨ | ᠨᠡᠪᠲᠡᠷᠡᠯᠴᠡᠬᠦ ᠲᠣᠣᠷ ᠢ ᠪᠠᠶᠢᠭᠤᠯᠤᠨ᠎ᠠ ᠃ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ | ᠬᠠᠩᠭᠠᠵᠤ ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ | ᠬᠥᠭᠵᠢᠯᠲᠡ ᠳᠤ ᠬᠦᠴᠦᠨ ᠨᠡᠮᠡᠷᠢᠯᠡᠨ᠎ᠡ ᠃ | ᠲᠠᠪᠤᠳᠤᠭᠠᠷ ᠲᠤ ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ | ᠨᠡᠶᠢᠲᠡᠯᠡᠵᠦ ᠂ ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ ᠃ ᠳᠤᠮᠳᠠᠳᠤ ᠤᠯᠤᠰ — | ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭᠠᠨ ᠤ ᠰᠠᠭᠤᠷᠢ ᠮᠥᠩᠭᠦ ᠳᠤ ᠪᠡᠯᠡ ᠣᠷᠣᠭᠤᠯᠤᠨ᠎ᠠ ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠳᠤᠮᠳᠠᠳᠤ | ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ ᠃ | ᠵᠢᠷᠭᠤᠳᠤᠭᠠᠷ ᠲᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ | ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ ᠃ ᠠᠹᠷᠢᠺᠠ | ᠲᠢᠪ ᠲᠤ 2000 ᠡᠮᠴᠢᠯᠡᠭᠡᠨ ᠤ ᠠᠵᠢᠯᠲᠠᠨ ᠲᠣᠮᠢᠯᠠᠵᠤ ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ ᠵᠦᠢᠯ ᠢ | ᠬᠡᠷᠡᠭᠵᠢᠭᠦᠯᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ ᠂ ᠠᠹᠷᠢᠺᠠ ᠲᠢᠪ ᠲᠤ | ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠠᠹᠷᠢᠺᠠ ᠲᠢᠪ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠴᠢᠳᠠᠪᠤᠷᠢ ᠶᠢ ᠳᠡᠭᠡᠭᠰᠢᠯᠡᠭᠦᠯᠦᠨ᠎ᠡ ᠃ | ᠳᠣᠯᠣᠳᠤᠭᠠᠷ ᠲᠤ ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠠᠹᠷᠢᠺᠠ ᠲᠢᠪ ᠲᠤ 10 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ ᠲᠤᠰᠠᠯᠠᠮᠵᠢ ᠬᠠᠩᠭᠠᠵᠤ ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ | ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ ᠃ ᠨᠡᠶᠢᠲᠡ ᠶᠢᠨ ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ ᠃ ᠳᠤᠮᠳᠠᠳᠤ | ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ ᠂ ᠠᠹᠷᠢᠺᠠ ᠲᠢᠪ ᠲᠤ | 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ ᠥᠭᠭᠦᠨ᠎ᠡ ᠃ | ᠨᠠᠢᠮᠠᠳᠤᠭᠠᠷ ᠲᠤ ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ︽ᠢᠷᠡᠭᠡᠳᠦᠢ ᠶᠢᠨ | ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠬᠠᠮᠲᠤ ᠪᠠᠷ ᠪᠠᠶᠢᠭᠤᠯᠵᠤ ᠂ ︽ᠯᠦ ᠪᠠᠨ ᠦᠢᠯᠡᠳᠬᠡᠯ ᠤᠨ ᠭᠠᠵᠠᠷ︾10 ᠶᠢ ᠪᠠᠶᠢᠭᠤᠯᠤᠨ᠎ᠠ ᠃ ᠠᠹᠷᠢᠺᠠ ᠲᠢᠪ ᠤᠨ ᠡᠮᠡᠭᠲᠡᠶᠢᠴᠦᠳ ᠪᠣᠯᠣᠨ | ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠂ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ ᠬᠠᠩᠭᠠᠨ᠎ᠠ ᠃ ᠳᠤᠮᠳᠠᠳᠤ ᠠᠹᠷᠢᠺᠠ ᠶᠢᠨ ︽ | ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ︾ ᠶᠢ | ᠬᠠᠮᠲᠤ ᠪᠠᠷ ᠬᠡᠷᠡᠭᠵᠢᠭᠦᠯᠦᠨ᠎ᠡ ᠃ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠲᠣᠭᠲᠠᠭᠠᠨ᠎ᠠ ᠃ | ᠶᠢᠰᠦᠳᠦᠭᠡᠷ ᠲᠤ ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ 30 ᠴᠡᠪᠡᠷ ᠡᠨᠧᠷᠭᠢ ᠶᠢᠨ | ᠲᠦᠷᠦᠯ ᠵᠦᠢᠯ ᠢ ᠬᠡᠷᠡᠭᠵᠢᠭᠦᠯᠵᠦ ᠂ ᠴᠠᠭ ᠠᠭᠤᠷ ᠤᠨ ᠡᠬᠢᠨ ᠤ ᠦᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠲᠤᠷᠠᠯᠴᠠᠭ᠎ᠠ | ᠥᠷᠨᠢᠭᠦᠯᠦᠨ᠎ᠡ ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ ᠪᠠᠶᠢᠭᠤᠯᠵᠤ ᠂ ᠳᠠᠭᠠᠭᠤᠯᠢ ᠤᠳᠤᠨ ᠤ ᠠᠯᠤᠰ | ᠰᠡᠷᠡᠯ ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ | ᠠᠷᠪᠠᠳᠤᠭᠠᠷ ᠲᠤ ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠠᠶᠢᠳᠠᠪᠤᠷᠢᠵᠢᠭᠤᠯᠵᠤ ᠂ ᠠᠹᠷᠢᠺᠠ ᠶᠢᠨ ᠲᠠᠯ᠎ᠠ ᠳᠤ 6000 ᠴᠡᠷᠢᠭ ᠠᠩᠭᠢ ᠶᠢᠨ | ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠤᠨ ᠥᠭᠴᠦ ᠂ 500 ᠵᠠᠯᠠᠭᠤ ᠴᠡᠷᠢᠭ ᠤᠨ ᠳᠠᠷᠤᠭ᠎ᠠ ᠶᠢ | ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ ᠃ ᠳᠤᠮᠳᠠᠳᠤ ᠠᠹᠷᠢᠺᠠ ᠶᠢᠨ ᠴᠡᠷᠢᠭ ᠠᠨᠬᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠪᠠ | ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ ᠂ ︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ | ᠬᠡᠷᠡᠭᠵᠢᠭᠦᠯᠵᠦ ᠂ ᠠᠵᠢᠯᠲᠠᠨ ᠪᠠ ᠲᠦᠷᠦᠯ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠃ | ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ ᠳᠤᠮᠳᠠᠳᠤ | ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ ᠬᠤᠪᠢᠷᠠᠭᠤᠯᠬᠤ ᠪᠥᠭᠡᠳ ᠠᠹᠷᠢᠺᠠ | ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ ᠂ ᠰᠢᠨ᠎ᠡ | ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ ᠶᠤᠮ ᠃ ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ ᠃ | ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ ᠂ ᠨᠢᠭᠡ ᠤᠯᠤᠰ ᠢ ᠴᠤ ᠬᠤᠴᠣᠷᠤᠭᠤᠯᠵᠤ ᠪᠤᠯᠬᠤ ᠦᠭᠡᠢ ᠃ ᠪᠢᠳᠡ 28 | ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ | ᠬᠠᠮᠲᠤ ᠪᠠᠷ ᠤᠷᠤᠭᠰᠢᠯᠠᠵᠤ ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠳᠤ | ᠬᠦᠴᠦᠨ ᠨᠡᠮᠡᠷᠢᠯᠡᠵᠦ ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ ᠂ ᠳᠡᠯᠡᠬᠡᠢ ᠳ᠋ᠠᠬᠢᠨ ᠤ ᠡᠩᠬᠡ | ᠲᠠᠶᠢᠪᠤᠩ ᠂ ᠠᠮᠤᠷ ᠲᠦᠪᠰᠢᠨ ᠂ ᠬᠥᠭᠵᠢᠯ ᠴᠡᠴᠡᠭᠯᠡᠯ ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠤᠶ᠎ᠠ ᠭᠡᠵᠦ | ᠴᠢᠬᠤᠯᠠᠴᠢᠯᠠᠪᠠ ᠃ ︵ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠹᠠᠶᠧ ᠂ ᠠᠹᠷᠢᠺᠠ | ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ ᠂ ᠠᠹᠷᠢᠺᠠ ᠲᠢᠪ ᠤᠨ ᠳᠡᠳ᠋ ᠣᠷᠣᠨ | ᠪᠦᠰᠡ ᠶᠢᠨ ᠲᠥᠯᠥᠭᠡᠯᠡᠭᠴᠢ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠂ ᠺᠣᠩᠭᠣ᠋ ︵ᠪᠷᠡᠽᠸᠢᠯ︶ ᠶᠢᠨ ᠶᠡᠷᠦᠩᠬᠡᠶᠢᠯᠡᠭᠴᠢ ᠰᠠᠰᠥ᠋ ᠂ ᠨᠢᠭᠧᠷᠢᠶ᠎ᠠ ᠶᠢᠨ | ᠶᠡᠷᠦᠩᠬᠡᠶᠢᠯᠡᠭᠴᠢ ᠲᠢᠨᠥ᠋ᠪᠦ᠋ ᠂ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ ᠂ ᠲᠦᠷᠦᠭᠦᠴᠦᠳ ᠤᠨ ᠬᠤᠷᠠᠯ ᠤᠨ ᠣᠨᠴᠠ ᠤᠷᠢᠭᠰᠠᠨ ᠵᠣᠴᠢᠨ ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠸᠶᠢᠰ ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ | ᠪᠠᠰᠠ ᠡᠭᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠪᠡ ᠃ | ᠠᠹᠷᠢᠺᠠ ᠲᠢᠪ ᠤᠨ ᠬᠢᠨ ᠤ ᠤᠳᠤᠷᠢᠳᠬᠤ ᠬᠥᠮᠥᠰ ᠳᠤᠮᠳᠠᠳᠤ ᠤᠯᠤᠰ ᠤᠨ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠰᠡᠨ ᠳᠤ ᠲᠠᠯᠠᠷᠬᠠᠵᠤ ᠂ ᠠᠹᠷᠢᠺᠠ ᠳᠤᠮᠳᠠᠳᠤ ᠶᠢᠨ ᠭᠦᠨ ᠵᠤᠵᠠᠭᠠᠨ ᠤᠯᠠᠮᠵᠢᠯᠠᠯᠲᠤ | ᠨᠥᠬᠦᠷᠯᠡᠯ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ 2018 ᠣᠨ ᠤ ᠪᠡᠭᠡᠵᠢᠩ ᠤᠨ | ᠲᠦᠷᠦᠭᠦᠴᠦᠳ ᠤᠨ ᠬᠤᠷᠠᠯ ᠠᠴᠠ ᠨᠠᠭᠠᠰᠢ ᠣᠯᠣᠭᠰᠠᠨ ᠢᠳᠡᠪᠬᠢᠲᠡᠢ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠲᠡᠷᠢᠭᠦᠯᠡᠭᠴᠢ ᠰᠢ ᠶᠢᠨ ᠫᠢᠩ ᠤᠨ | ᠳᠤᠷᠠᠳᠤᠭᠰᠠᠨ ᠳᠤᠮᠳᠠᠳᠤ ᠠᠹᠷᠢᠺᠠ ᠶᠢᠨ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠳᠡᠭᠡᠳᠦ ᠬᠡᠮᠵᠢᠶ᠎ᠡ ᠪᠠᠷ | ᠮᠠᠭᠲᠠᠨ ᠰᠠᠶᠢᠰᠢᠶᠠᠪᠠ ᠃ ᠳᠡᠳᠡ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠠᠹᠷᠢᠺᠠ ᠳᠤᠮᠳᠠᠳᠤ ᠶᠢᠨ ᠬᠠᠨᠢᠲᠠᠨ ᠤ ᠬᠠᠷᠢᠯᠴᠠᠭ᠎ᠠ ᠶᠢᠨ | ᠬᠥᠭᠵᠢᠯᠲᠡ ᠶᠢ ᠠᠬᠢᠭᠤᠯᠬᠤ ᠪᠦᠲᠦᠮᠵᠢᠲᠡᠢ ᠲᠠᠪᠴᠠᠩ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ ᠬᠥᠲᠥᠯᠥᠨ | ᠳᠠᠭᠠᠭᠤᠯᠬᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠪᠣᠯᠵᠠᠢ ᠃ ᠶᠠᠷᠢᠶᠠᠨ ᠤ ᠲᠠᠪᠴᠠᠩ ᠤᠨ ᠬᠠᠮᠲᠤᠷᠠᠯᠴᠠᠭ᠎ᠠ ᠨᠢ ᠨᠥᠬᠦᠷᠯᠡᠯ ᠂ ᠬᠦᠨᠳᠦᠳᠬᠡᠯ ᠪᠠ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠲᠡᠭᠦ ᠳᠤ ᠰᠠᠭᠤᠷᠢᠯᠠᠵᠤ ᠂ ᠳᠤᠮᠳᠠᠳᠤ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠠᠮᠠᠷᠪᠠ ᠤᠯᠤᠰ ᠲᠦᠷᠦ ᠶᠢᠨ ᠨᠡᠮᠡᠯᠲᠡ ᠨᠥᠬᠦᠴᠡᠯ | ᠪᠠᠶᠢᠬᠤ ᠦᠭᠡᠢ ᠨᠢ ᠠᠹᠷᠢᠺᠠ ᠲᠢᠪ ᠤᠨ ᠤᠯᠤᠰ ᠤᠳ ᠤᠨ ᠬᠤᠯᠪᠣᠯᠳᠤᠨ ᠨᠡᠪᠲᠡᠷᠡᠯᠴᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠪᠠ ᠃ | ᠣᠳᠣᠬᠠᠨ ᠤ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠠᠹᠷᠢᠺᠠ ᠲᠢᠪ ᠤᠨ | ᠤᠯᠤᠰ ᠤᠳ ᠤᠨ ᠠᠮᠤᠷ ᠲᠦᠪᠰᠢᠨ ᠂ ᠲᠣᠭᠲᠠᠭᠤᠨ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠦᠰᠡᠯ ᠡᠷᠡᠮᠡᠯᠵᠡᠯ ᠪᠣᠯᠵᠠᠢ ᠃ ᠠᠹᠷᠢᠺᠠ ᠳᠤᠮᠳᠠᠳᠤ ᠶᠢᠨ | ᠣᠶᠢᠯᠠᠭᠠᠭᠳᠠᠬᠤᠨ ᠤᠶᠢᠷᠠᠯᠴᠠᠭ᠎ᠠ ᠶᠤᠮ ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠣᠶᠢᠯᠠᠭᠠᠭᠳᠠᠬᠤᠨ ᠪᠣᠯᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠬᠤ ᠶᠢᠨ ᠬᠠᠮᠲᠤ ᠪᠦᠷᠢᠮᠦᠰᠦᠨ ᠲᠡᠮᠵᠢᠵᠤ ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠦᠷᠳᠡᠭ ᠢ ᠰᠠᠨᠠᠭᠠᠴᠢᠯᠠᠵᠤ ᠂ ᠡᠯ᠎ᠡ ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ | ᠰᠦᠪᠡᠭᠴᠢᠯᠡᠬᠦ ᠶᠢ ᠲᠡᠮᠵᠢᠨ᠎ᠠ ᠃ ᠠᠹᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠮᠳᠠᠳᠤ ᠤᠯᠤᠰ ᠤᠨ | ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠳᠡᠮᠵᠢᠵᠦ ᠂ ᠭᠠᠳᠠᠭᠠᠳᠤ ᠶᠢᠨ ᠬᠦᠴᠦᠨ ᠤ | ᠲᠠᠶᠢᠸᠠᠨ ᠂ ᠬᠥᠮᠥᠨ ᠤ ᠡᠷᠬᠡ ᠵᠡᠷᠭᠡ ᠠᠰᠠᠭᠤᠳᠠᠯ ᠢ ᠠᠰᠢᠭᠯᠠᠨ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ ᠃ ᠠᠹᠷᠢᠺᠠ | ᠲᠢᠪ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠠᠮᠵᠢᠯᠲᠠ ᠲᠠᠢ | ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠨ᠎ᠠ ᠂ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠠᠹᠷᠢᠺᠠ ᠲᠢᠪ ᠤᠨ ᠤᠯᠤᠰ ᠤᠳ ᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠨᠡᠩ ᠤᠯᠠᠨ | ᠬᠥᠭᠵᠢᠯᠲᠡ ᠶᠢᠨ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ ᠃ ᠠᠹᠷᠢᠺᠠ ᠲᠢᠪ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠲᠠᠪᠤᠨ ᠵᠠᠷᠴᠢᠮ ᠪᠣᠯᠣᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ ᠂ ᠲᠤᠰ ᠤᠳᠠᠭ᠎ᠠ ᠶᠢᠨ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ ᠂ ᠠᠵᠤ ᠦᠢᠯᠡᠳᠪᠦᠷᠢᠵᠢᠯᠲᠡ ᠪᠣᠯᠣᠨ ᠬᠥᠳᠡᠭᠡ ᠠᠵᠤ ᠠᠬᠤᠢ ᠶᠢᠨ | ᠣᠳᠣᠬᠢᠴᠢᠯᠠᠯᠲᠠ ᠶᠢ ᠭᠠᠷ ᠬᠤᠯᠪᠣᠨ ᠠᠬᠢᠭᠤᠯᠵᠤ ᠂ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠵᠤ ᠂ ᠡᠩᠬᠡ ᠲᠠᠶᠢᠪᠤᠩ ᠂ ᠠᠮᠤᠷ ᠲᠦᠪᠰᠢᠨ ᠂ ᠬᠥᠭᠵᠢᠯ ᠴᠡᠴᠡᠭᠯᠡᠯ ᠂ ᠲᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ ᠲᠡᠶᠢᠰᠢ ᠬᠠᠮᠲᠤ ᠪᠠᠷ | ᠤᠷᠤᠭᠰᠢᠯᠠᠨ᠎ᠠ ᠭᠡᠵᠦ ᠢᠯᠡᠳᠬᠡᠵᠡᠭᠡᠪᠡ ᠃ | ᠲᠦᠷᠦᠭᠦᠴᠦᠳ ᠤᠨ ᠬᠤᠷᠠᠯ ᠠᠴᠠ ︽ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠳᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠪᠡᠭᠡᠵᠢᠩ ᠤᠨ ᠲᠤᠩᠬᠠᠭ︾ ᠂ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ — ᠪᠡᠭᠡᠵᠢᠩ ᠤᠨ | ᠠᠵᠢᠯᠯᠠᠭᠠᠨ ᠤ ᠲᠥᠯᠥᠪᠯᠡᠭᠡ ︵2025 — 2027︶︾ ᠶᠢ ᠪᠠᠲᠤᠯᠠᠪᠠ ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠪᠦᠷᠢᠯᠳᠦᠭᠦᠨ ᠤᠯᠤᠰ ᠤᠨ ᠲᠡᠷᠢᠭᠦᠨ ᠂ ᠵᠠᠰᠠᠭ ᠤᠨ | ᠣᠷᠳᠣᠨ ᠤ ᠲᠦᠷᠦᠭᠦᠴᠦᠳ ᠂ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠵᠢᠴᠢ ᠤᠯᠠᠨ ᠤᠯᠤᠰ ᠤᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠵᠡᠷᠭᠡ ᠳᠤᠮᠳᠠᠳᠤ ᠭᠠᠳᠠᠭᠠᠳᠤ ᠶᠢᠨ ᠡᠯ᠎ᠡ ᠡᠲᠡᠭᠡᠳ ᠤᠨ 3200 ᠭᠠᠷᠤᠢ ᠬᠥᠮᠥᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ ᠃ | ᠶᠢᠨ ᠯᠢ ᠂ ᠯᠢ ᠱᠤ᠋ ᠯᠧᠢ ᠂ ᠾᠧ ᠯᠢ ᠹᠧᠩ ᠂ ᠸᠠᠩ ᠰᠢᠶᠣᠣ ᠬᠤᠩ ᠨᠠᠷ ᠬᠤᠷᠠᠯ ᠳᠤ ᠣᠷᠣᠯᠴᠠᠪᠠ ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ 2000 ᠣᠨ ᠳᠤ ᠪᠠᠶᠢᠭᠤᠯᠤᠭᠳᠠᠵᠤ ᠂ ᠣᠳᠣᠬᠠᠨ ᠳᠤ ᠳᠤᠮᠳᠠᠳᠤ ᠤᠯᠤᠰ ᠂ ᠳᠤᠮᠳᠠᠳᠤ | ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ 53 ᠤᠯᠤᠰ ᠪᠠ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ ᠵᠥᠪᠯᠡᠯ ᠵᠡᠷᠭᠡ ᠨᠡᠶᠢᠲᠡ | 55 ᠪᠦᠷᠢᠯᠳᠦᠭᠦᠨ ᠪᠠᠶᠢᠨ᠎ᠠ ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠭᠤᠣᠯ ᠰᠡᠳᠦᠪ ᠨᠢ ︽ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠵᠤ ᠂ | ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠪᠣᠯᠣᠨ᠎ᠠ ᠃ ᠡᠭᠢᠯᠡᠯᠲᠡ ᠶᠢᠨ | ᠶᠣᠰᠣᠯᠠᠯ ᠤᠨ ᠳᠠᠷᠠᠭ᠎ᠠ ᠪᠠᠰᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠂ ᠠᠵᠤ ᠦᠢᠯᠡᠳᠪᠦᠷᠢᠵᠢᠯᠲᠡ ᠪᠣᠯᠣᠨ ᠲᠠᠷᠢᠶᠠᠯᠠᠩ ᠤᠨ ᠣᠳᠣᠬᠢᠴᠢᠯᠠᠯᠲᠠ ᠂ ᠡᠩᠬᠡ ᠲᠠᠶᠢᠪᠤᠩ ᠠᠮᠤᠷ | ᠲᠦᠪᠰᠢᠨ ᠪᠣᠯᠣᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠣᠯ ᠰᠡᠳᠦᠪ ᠪᠤᠯᠭᠠᠬᠰᠠᠨ 4 ᠲᠠᠯᠠᠪᠤᠷ ᠳᠡᠭᠡᠳᠦ | ᠲᠡᠰ ᠤᠨ ᠬᠤᠷᠠᠯ ᠬᠤᠷᠠᠯᠳᠤᠭᠤᠯᠤᠨ᠎ᠠ ᠃ | | | |