ᠳᠤᠮᠳᠠᠳᠤ ᠠᠹᠷᠢᠺᠠ ︽ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨ᠎ᠡ ᠡᠭᠦᠳᠦᠯᠲᠡ ᠶᠢᠨ ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2024/9/6
  9 ᠳ᠋ᠦ᠋ᠭᠡᠷ ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶᠠᠨ ᠳᠤ ᠪᠠᠨ᠂ ᠢᠷᠡᠭᠡᠳᠦᠢ ᠶᠢᠨ 3 ᠵᠢᠯ ᠳᠤ᠂ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ ᠭᠠᠷ ᠬᠤᠯᠪᠣᠯᠴᠠᠨ ᠣᠳᠣᠬᠢᠴᠢᠯᠠᠭᠰᠠᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠦᠬᠦ ᠪᠥᠮᠪᠥᠷᠴᠡᠭ ᠤᠨ ᠡᠮᠦᠨᠡᠲᠦ ᠣᠷᠣᠨ ᠤ ᠣᠳᠣᠬᠢᠴᠢᠯᠠᠯᠲᠠ ᠶᠢ ᠬᠦᠳᠦᠯᠦᠨ ᠳᠠᠭᠠᠭᠤᠯᠤᠨ᠎ᠠ᠃ ᠡᠭᠦᠨ ᠳᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ ᠳᠤᠮᠳᠠ ᠳᠤᠮᠳᠠᠳᠤ ᠠᠹᠷᠢᠺᠠ ᠶᠢᠨ ︽ᠷᠠᠳᠢᠣ᠋ ᠲᠧᠯᠸᠢᠰ ᠤᠨ ᠦᠵᠡᠵᠦ ᠰᠣᠨᠣᠰᠬᠤ ᠰᠢᠨ᠎ᠡ ᠡᠭᠦᠳᠦᠯᠲᠡ ᠶᠢᠨ ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠬᠦ ᠪᠣᠯᠣᠨ᠎ᠠ ᠭᠡᠵᠦ ᠳᠤᠷᠠᠳᠪᠠ᠃ ᠲᠣᠰ ᠲᠥᠯᠥᠪᠯᠡᠭᠡ ᠶᠢᠨ ᠵᠣᠷᠢᠯᠭ᠎ᠠ ᠨᠢ ᠠᠹᠷᠢᠺᠠ ᠲᠢᠪ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ᠂ ᠰᠤᠪᠠᠭ ᠢ ᠪᠥᠲᠥᠭᠡᠨ ᠪᠠᠶᠢᠭᠤᠯᠬᠤ᠂ ᠠᠭᠤᠯᠭ᠎ᠠ ᠶᠢ ᠦᠢᠯᠡᠳᠬᠦ᠂ ᠴᠢᠳᠠᠪᠤᠷᠢᠲᠠᠨ ᠢ ᠬᠥᠮᠦᠵᠢᠭᠦᠯᠬᠦ᠂ ᠲᠡᠤᠬᠡ ᠶᠢᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠤᠯᠠᠮᠵᠢᠯᠠᠨ ᠬᠠᠮᠠᠭᠠᠯᠠᠬᠤ ᠶᠢ ᠳᠡᠮᠵᠢᠬᠦ ᠶᠢᠨ ᠲᠥᠯᠥᠭᠡ ᠶᠤᠮ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map