ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠡᠭᠦᠷᠭᠡ ᠬᠠᠷᠢᠭᠤᠴᠠᠯᠭ᠎ᠠ ᠬᠢᠭᠡᠳ ᠪᠠᠶᠢᠭᠤᠯᠤᠮᠵᠢ ᠶᠢᠨ ᠲᠣᠬᠢᠷᠠᠭᠤᠯᠣᠯᠲᠠ
ᠨᠡᠶᠢᠲᠡᠯᠡᠭᠰᠡᠨ ᠴᠠᠭ᠄
2018/11/5
      ᠨᠢᠭᠡ᠂  ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠡᠭᠦᠷᠭᠡ ᠬᠠᠷᠢᠭᠤᠴᠠᠯᠭ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠮᠢᠯᠠᠭᠰᠠᠨ ᠪᠠᠶᠢᠭᠤᠯᠤᠮᠵᠢ ᠮᠦᠨ ᠪᠦᠭᠡᠳ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠯᠦᠭᠡ ᠬᠤᠶᠠᠷ ᠫᠠᠶᠢᠰᠠ ᠲᠠᠢ ᠨᠢᠭᠡ ᠪᠠᠶᠢᠭᠤᠯᠤᠮᠵᠢ ᠪᠣᠯᠬᠤ ᠶᠤᠮ᠃      ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠣᠨ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠣᠳᠣᠯᠣᠨ ᠲᠤᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠢᠨᠠᠯᠲᠠ ᠲᠠᠯᠪᠢᠵᠤ ᠬᠡᠷᠡᠭᠵᠢᠭᠦᠯᠥᠨ᠎ᠡ᠃      ︵ᠬᠤᠶᠠᠷ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠣᠮᠳᠠᠲᠤ ᠵᠡᠷᠭᠡ ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠦᠷᠦᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠨ᠎ᠠ︔ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠣᠨ᠎ᠠ᠃      ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠬᠦ ᠶᠢ ᠲᠦᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠨ᠎ᠠ᠂ ᠥᠨᠳᠥᠷ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠲᠠᠢ ᠪᠠᠷ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠥᠨ ᠶᠠᠪᠣᠭᠳᠠᠭᠤᠯᠵᠤ᠂ ᠡᠩ ᠤᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠂ ᠬᠡᠦᠬᠡᠳ ᠤᠨ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ ᠪᠠ ᠣᠨᠴᠬᠭᠠᠢ ᠰᠤᠷᠭᠠᠨ ᠬᠥᠮᠦᠵᠢᠯ ᠤᠨ ᠠᠵᠢᠯ ᠢ ᠵᠢᠭᠠᠨ ᠵᠢᠯᠣᠭᠤᠳᠣᠨ᠎ᠠ︔ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠪᠠ ᠵᠢᠭᠠᠨ ᠰᠤᠷᠭᠠᠬᠤ ᠦᠨᠳᠦᠰᠦᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠳᠣᠮᠳᠠᠲᠤ ᠵᠡᠷᠭᠡ ᠪᠠ ᠠᠩᠬ᠎ᠠ ᠵᠡᠷᠭᠡ ᠶᠢᠨ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠥᠭᠤᠳᠴᠥ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠥᠨ᠎ᠡ  ᠃      ︵ᠲᠦᠷᠪᠡ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠳᠤᠮᠳᠠᠳᠤ ᠵᠡᠷᠭᠡ ᠶᠢᠨ ᠪᠠ ᠳᠤᠮᠳᠠᠳᠤ ᠵᠡᠷᠭᠡ ᠠᠴᠠ ᠳᠣᠷᠣᠭᠰᠢᠬᠢ ᠰᠤᠷᠭᠠᠨ ᠬᠥᠮᠦᠵᠢᠯ᠂ ᠵᠠᠯᠠᠭᠤ ᠢᠳᠡᠷᠴᠦᠳ ᠤᠨ ᠰᠣᠶᠣᠯ ᠤᠨ ᠪᠠᠯᠠᠢ ᠶᠢ ᠠᠷᠢᠯᠭᠠᠬᠤ ᠠᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠪᠠ ᠪᠠᠶᠢᠴᠠᠭᠠᠨ ᠰᠢᠯᠭᠠᠬᠤ ᠠᠵᠢᠯ ᠢ ᠬᠠᠷᠢᠭᠤᠴᠠᠨ᠎ᠠ︔ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠣᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃      ︵ᠲᠠᠪᠤ︶ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠪᠠ ᠥᠭᠡᠷᠡᠴᠢᠯᠡᠯᠲᠡ ᠶᠢ ᠵᠢᠯᠣᠭᠤᠳᠴᠤ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠ ᠵᠢᠭᠠᠨ ᠰᠤᠷᠭᠠᠯᠲᠠ ᠶᠢ ᠦᠨᠡᠯᠡᠨ ᠵᠢᠱᠢᠬᠦ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠥᠨ ᠬᠡᠷᠡᠭᠵᠢᠭᠦᠯᠥᠨ᠎ᠡ︔ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠵᠢᠯᠥᠭᠤᠳᠴᠥ᠂ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠬᠢᠨᠠᠨ ᠲᠣᠭᠲᠠᠭᠠᠬᠤ ᠪᠣᠯᠤᠨ ᠠᠵᠢᠯ ᠮᠡᠷᠭᠡᠵᠢᠯ ᠤᠨ ᠵᠢᠭᠠᠨ ᠵᠢᠯᠣᠭᠤᠨᠬᠤ ᠠᠵᠢᠯ ᠢ ᠶᠠᠪᠤᠭᠳᠠᠭᠤᠯᠬᠤ ᠶᠢ ᠵᠣᠬᠢᠶᠠᠨ ᠪᠠᠶᠢᠭᠤᠯᠤᠨ᠎ᠠ︔ ᠠᠷᠠᠳ ᠠᠴᠠ ᠡᠷᠬᠢᠯᠡᠭᠰᠡᠨ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠳᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠬᠢᠭᠡᠳ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠵᠢᠯᠣᠭᠤᠳᠣᠨ᠎ᠠ᠃      ︵ᠵᠢᠷᠭᠤᠭ᠎ᠠ︶ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠬᠥᠭᠵᠢᠯᠲᠡ ᠪᠠ ᠥᠭᠡᠷᠡᠴᠢᠯᠡᠯᠲᠡ ᠶᠢ ᠵᠢᠯᠣᠭᠤᠳᠬᠤ ᠶᠢᠨ ᠬᠠᠮᠲᠦ ᠬᠠᠷᠢᠭᠤᠴᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ᠂ ᠠᠵᠢᠯ ᠤᠨ ᠲᠣᠬᠢᠷᠠᠭᠤᠯᠤᠯᠲᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠪᠣᠯᠣᠨ ᠮᠡᠳᠡᠭᠡ ᠵᠠᠩᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠣᠨ᠎ᠠ︔ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠶᠢᠴᠠᠭᠠᠬᠤ᠂ ᠦᠨᠡᠯᠡᠨ ᠵᠢᠱᠢᠬᠦ ᠠᠵᠢᠯ ᠪᠣᠯᠣᠨ ᠰᠤᠷᠭᠠᠭᠤᠯᠢ ᠶᠢᠨ ᠬᠠᠷᠢᠶᠠᠯᠠᠯ᠂ ᠰᠤᠷᠤᠯᠭ᠎ᠠ ᠶᠢᠨ ᠨᠠᠮᠲᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠲᠦᠷᠦᠯ ᠤᠨ ᠪᠠᠶᠢᠭᠤᠯᠤᠯᠲᠠ᠂ ᠡᠷᠳᠡᠮ ᠤᠨ ᠴᠣᠯᠠ ᠪᠠ ᠰᠤᠳᠤᠯᠬᠤ ᠰᠣᠷᠣᠭᠴᠢ ᠶᠢᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠬᠤ ᠪᠠ ᠬᠠᠮᠢᠶᠠᠷᠣᠨ᠎ᠠ᠃      ︵ᠳᠤᠯᠤᠭ᠎ᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠥᠭᠤᠳᠴᠥ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠦᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠵᠤ ᠬᠢᠨᠠᠯᠲᠠ ᠲᠠᠯᠪᠢᠨ ᠬᠡᠷᠡᠭᠵᠢᠭᠦᠯᠥᠨ᠎ᠡ︔ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠯᠦᠪᠵᠢᠭᠦᠯᠬᠦ ᠶᠢᠨ ᠬᠠᠮᠲᠤ ᠵᠢᠭᠠᠨ ᠵᠢᠯᠣᠭᠤᠳᠣᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠵᠢᠯᠣᠭᠤᠳᠥᠨ᠎ᠠ᠃      ︵ᠨᠠᠢᠮᠠ︶ ᠲᠤᠰ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠦᠯᠦᠪᠯᠡᠨ ᠬᠠᠮᠢᠶᠠᠷᠬᠤ ᠶᠢ ᠬᠠᠷᠢᠭᠤᠴᠠᠨ᠂ ᠰᠤᠷᠭᠠᠨ ᠬᠥᠮᠦᠵᠢᠯ ᠤᠨ ᠵᠠᠷᠤᠳᠠᠯ ᠴᠤᠭᠯᠠᠭᠤᠯᠬᠤ᠂ ᠰᠤᠷᠭᠠᠨ ᠬᠥᠮᠦᠵᠢᠯ ᠤᠨ ᠵᠣᠭᠤᠰ ᠮᠥᠩᠬᠦ ᠦᠭᠬᠦ᠂ ᠰᠤᠷᠭᠠᠨ ᠬᠥᠮᠦᠵᠢᠯ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ  ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ︔ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠭᠰᠡᠨ ᠪᠠᠶᠢᠳᠠᠯ ᠢ ᠬᠢᠨᠠᠨ ᠬᠡᠮᠵᠢᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ ᠢ ᠪᠦᠷᠢᠳᠭᠡᠬᠦ ᠳᠤ ᠬᠠᠷᠢᠭᠤᠴᠠᠨ᠎ᠠ  ᠃      ︵ᠶᠢᠰᠦ︶ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠲᠣᠭᠲᠠᠭᠤᠨ ᠪᠠᠶᠢᠯᠭᠠᠬᠤ ᠠᠵᠢᠯ ᠪᠠ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠵᠢᠯᠣᠭᠤᠳᠣᠨ᠎ᠠ︔ ᠡᠯ᠎ᠡ ᠲᠥᠷᠥᠯ ᠤᠨ ᠰᠤᠷᠭᠠᠭᠤᠯᠢ ᠶᠢᠨ ᠮᠣᠷᠠᠯ ᠤᠨ ᠬᠥᠮᠦᠵᠢᠯ᠂ ᠪᠡᠶ᠎ᠡ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠤᠨ ᠬᠥᠮᠦᠵᠢᠯ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠣᠨ᠎ᠠ︔ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠡᠭᠡᠳᠦ ᠰᠤᠷᠭᠠᠭᠤᠯᠢ ᠶᠢᠨ ᠺᠠᠳ᠋ᠷ ᠤᠨ ᠠᠵᠢᠯ ᠢ ᠬᠠᠮᠢᠶᠠᠷᠣᠨ᠎ᠠ᠃      ︵ᠠᠷᠪᠠ︶ ᠪᠥᠬᠦ ᠣᠷᠣᠨ ᠤ ᠪᠠᠭᠰᠢ ᠶᠢᠨ ᠠᠵᠢᠯ ᠢ ᠭᠤᠣᠯᠯᠠᠨ ᠬᠠᠮᠢᠶᠠᠷᠴᠦ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ  ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠣᠨ᠎ᠠ︔ ᠪᠠᠭᠰᠢ ᠶᠢᠨ ᠬᠢᠷᠢ ᠬᠡᠮ ᠤᠨ ᠲᠦᠷᠢᠮ ᠪᠣᠯᠣᠨ ᠪᠠᠭᠰᠢ ᠶᠢᠨ ᠦᠷᠬᠦᠯᠵᠢᠯᠡᠭᠰᠡᠨ ᠰᠣᠷᠭᠠᠨ ᠬᠦᠮᠦᠵᠢᠯ ᠤᠨ ᠠᠵᠢᠯ ᠢ ᠵᠢᠯᠣᠭᠤᠳᠬᠤ ᠶᠢᠨ ᠬᠠᠮᠲᠦ ᠵᠣᠬᠢᠶᠠᠨ ᠪᠠᠶᠢᠭᠤᠯᠣᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠳᠤ ᠳᠣᠷᠠᠳᠣᠯᠭ᠎ᠠ ᠭᠠᠷᠭᠠᠨ᠎ᠠ᠃      ︵ᠠᠷᠪᠠᠨ ᠨᠢᠭᠡ︶ ᠡᠯ᠎ᠡ ᠲᠦᠷᠦᠯ ᠤᠨ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠬᠢᠬᠦ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠦᠷᠦᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠲᠣᠭᠲᠠᠭᠠᠨ᠎ᠠ︔ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠶᠢᠨ ᠲᠦᠷᠦ ᠪᠤᠳᠤᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠩ ᠤᠨ ᠳᠡᠭᠡᠳᠦ ᠰᠤᠷᠭᠠᠭᠤᠯᠢ ᠶᠢᠨ ᠤᠶᠤᠲᠠᠳ ᠤᠨ ᠰᠤᠷᠭᠠᠭᠤᠯᠢ ᠠᠴᠠ ᠰᠠᠯᠬᠤ ᠠᠴᠠ ᠡᠮᠦᠨᠡᠬᠢ ᠠᠵᠢᠯ ᠣᠯᠬᠤ ᠪᠠ ᠦᠢᠯᠡᠴᠢᠯᠡᠭᠡᠨ ᠤ ᠠᠵᠢᠯ ᠢ ᠦᠷᠨᠢᠭᠦᠯᠬᠦ ᠶᠢ ᠵᠢᠯᠣᠭᠤᠳᠣᠨ᠎ᠠ︔ ᠡᠩ ᠤᠨ ᠶᠡᠭᠡ ᠳᠡᠭᠡᠳᠦ ᠰᠤᠷᠭᠠᠭᠤᠯᠢ᠂ ᠳᠣᠮᠳᠠᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠲᠡᠳᠬᠦᠮᠵᠢ  ᠶᠢᠨ ᠠᠵᠢᠯ ᠢ ᠵᠢᠭᠠᠨ ᠵᠢᠯᠣᠭᠤᠳᠬᠤ ᠶᠢᠨ ᠬᠠᠮᠲᠦ ᠵᠣᠬᠢᠶᠠᠨ ᠪᠠᠶᠢᠭᠤᠯᠤᠨ ᠦᠷᠨᠢᠭᠦᠯᠦᠨ᠎ᠡ  ᠃      ︵ᠠᠷᠪᠠᠨ ᠬᠤᠶᠠᠷ︶ ᠳᠡᠭᠡᠳᠦ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠭᠦᠨ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠲᠦᠯᠦᠪᠵᠢᠭᠦᠯᠬᠦ ᠶᠢᠨ ᠬᠠᠮᠲᠦ ᠵᠢᠭᠠᠨ ᠵᠢᠯᠣᠭᠤᠳᠴᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡᠨ ᠤ ᠰᠤᠳᠤᠯᠭᠠᠨ ᠪᠠ ᠳᠡᠯᠭᠡᠷᠡᠭᠦᠯᠦᠯᠲᠡ᠂ ᠰᠢᠨᠵᠢᠯᠡᠭᠡ ᠰᠤᠳᠤᠯᠭᠠᠨ ᠤ ᠦᠷ᠎ᠡ ᠪᠦᠲᠦᠭᠡᠯ ᠤᠨ ᠬᠤᠪᠢᠰᠬᠠᠬᠤ ᠪᠠ ︽ᠦᠢᠯᠡᠳᠪᠦᠷᠢᠯᠡᠯ ᠰᠤᠷᠭᠠᠨ ᠬᠦᠮᠦᠵᠢᠯ ᠰᠤᠳᠤᠯᠭᠠᠨ︾ ᠢ ᠣᠶᠠᠯᠳᠣᠭᠤᠯᠬᠤ ᠠᠵᠢᠯ ᠢ ᠵᠢᠯᠣᠭᠤᠳᠣᠨ᠎ᠠ︔ ᠳᠡᠭᠡᠳᠦ ᠰᠤᠷᠭᠠᠭᠤᠯᠢ ᠶᠢᠨ ᠡᠭᠦᠷᠭᠡᠯᠡᠵᠣ ᠪᠦᠬᠦᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠥᠢᠯ ᠤᠨ ᠬᠡᠷᠡᠭᠵᠢᠭᠦᠯᠦᠯᠲᠡ ᠪᠠ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠬᠤ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠬᠤ ᠪᠠ ᠵᠢᠯᠣᠭᠤᠳᠣᠨ᠎ᠠ︔ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠶᠢᠭᠤᠯᠣᠭᠰᠠᠨ ᠤᠯᠤᠰ ᠪᠣᠶᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠬᠤᠯᠠ ᠶᠡᠭᠡ ᠰᠤᠳᠤᠯᠭᠠᠨ ᠤ ᠰᠠᠭᠤᠷᠢᠨ ᠭᠠᠵᠠᠷ ᠪᠣᠯᠣᠨ ᠨᠣᠮ ᠤᠨ ᠰᠠᠩ ᠤᠨ ᠪᠦᠲᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃      ︵ᠠᠷᠪᠠᠨ ᠭᠤᠷᠪᠠ︶ ᠰᠤᠷᠭᠠᠨ ᠬᠥᠮᠦᠵᠢᠯ ᠤᠨ ᠲᠠᠯ᠎ᠠ ᠪᠠᠷ ᠬᠢ ᠣᠯᠠᠨ ᠤᠯᠤᠰ ᠤᠨ ᠬᠤᠭᠤᠷᠣᠨᠳᠣᠬᠢ ᠬᠠᠮᠵᠢᠯᠴᠠᠭ᠎ᠠ ᠪᠣᠯᠤᠨ ᠰᠣᠯᠢᠯᠴᠠᠭ᠎ᠠ ᠪᠠ ᠭᠠᠳᠠᠭᠠᠳᠤ ᠤᠬᠠᠭᠤᠯᠭ᠎ᠠ ᠶᠢᠨ ᠠᠵᠢᠯ ᠢ ᠵᠢᠯᠣᠭᠤᠳᠴᠤ ᠵᠣᠬᠢᠶᠠᠨ ᠪᠠᠶᠢᠭᠤᠯᠣᠨ᠎ᠠ᠃      ︵ᠠᠷᠪᠠᠨ ᠳᠥᠷᠪᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠳᠣᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠨ᠎ᠠ︔ ᠰᠠᠯᠠᠭ᠎ᠠ ᠮᠥᠴᠢᠷ᠂ ᠠᠵᠢᠯ ᠲᠥᠷᠥᠯ ᠤᠨ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠢᠯᠤᠭᠤᠳᠣᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ︔ ᠨᠡᠶᠢᠲᠡᠯᠢᠭ ᠬᠡᠯᠡ ᠶᠢ ᠳᠡᠯᠭᠡᠷᠡᠭᠦᠯᠬᠦ ᠪᠠ ᠨᠡᠶᠢᠲᠡᠯᠢᠭ ᠬᠡᠯᠡᠨ ᠤ ᠪᠠᠭᠰᠢ ᠶᠢᠨ ᠪᠣᠯᠪᠠᠰᠤᠷᠠᠯ  ᠤᠨ ᠠᠵᠢᠯ ᠢ ᠵᠢᠯᠣᠭᠤᠳᠥᠨ᠎ᠠ᠃      ︵ᠠᠷᠪᠠᠨ ᠲᠠᠪᠤ︶ ᠡᠷᠳᠡᠮ ᠤᠨ ᠴᠣᠯᠠ ᠶᠢᠨ ᠠᠵᠢᠯ ᠢ ᠨᠢᠭᠡᠳᠦᠯᠲᠡᠶ ᠲᠦᠯᠦᠪᠯᠡᠨ ᠬᠠᠮᠢᠶᠠᠷᠴᠤ᠂ ᠡᠷᠳᠡᠮ ᠤᠨ ᠴᠣᠯᠠ ᠣᠯᠭᠤᠬᠤ ᠨᠢᠭᠡᠴᠢ ᠨᠡᠮᠡᠵᠦ ᠲᠣᠬᠢᠷᠠᠭᠤᠯᠬᠤ ᠪᠠ ᠡᠷᠳᠡᠮ ᠤᠨ ᠴᠣᠯᠠ ᠣᠯᠭᠤᠬᠤ ᠡᠷᠬᠡ ᠪᠦᠬᠦᠢ ᠬᠢᠴᠢᠶᠡᠯ ᠲᠦᠷᠦᠯ ᠂ ᠲᠤᠰᠬᠠᠶ ᠮᠡᠷᠭᠡᠵᠢᠯ ᠨᠡᠮᠡᠵᠦ ᠲᠣᠬᠢᠷᠠᠭᠤᠯᠬᠤ ᠶᠢᠨ ᠮᠡᠳᠡᠭᠦᠯᠦᠨ ᠵᠥᠪᠰᠢᠶᠡᠷᠡᠭᠦᠯᠬᠦ᠂ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠥᠢᠯ ᠤᠨ ᠶᠠᠪᠤᠳᠠᠯ ᠢ ᠳᠠᠭᠠᠭᠠᠨ ᠬᠢᠨ᠎ᠡ᠃     ᠬᠤᠶᠠᠷ᠂  ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠤᠮᠵᠢ ᠶᠢᠨ ᠲᠣᠬᠢᠷᠠᠭᠤᠯᠣᠯᠲᠠ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠣᠲᠤᠭᠠᠲᠤ ᠳᠤ ᠪᠠᠨ 20 ᠡᠭᠦᠷᠭᠡ ᠴᠢᠳᠠᠪᠤᠷᠢ ᠪᠦᠬᠦᠢ ᠭᠠᠵᠠᠷ ᠲᠠᠰᠤᠭ ᠢ ᠲᠣᠬᠢᠷᠠᠭᠤᠯᠪᠠ ᠳᠠᠷᠤᠢ᠄ ᠠᠯᠪᠠᠨ ᠭᠡᠷ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︵ᠰᠤᠷᠭᠠᠨ ᠬᠥᠮᠦᠵᠢᠯ ᠤᠨ ᠲᠢᠩᠬᠢᠮ ᠤᠨ ᠠᠵᠢᠯᠳᠠᠨ ᠤ ᠶᠠᠪᠤᠳᠠᠯ ᠤᠨ ᠭᠠᠵᠠᠷ︶᠂ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶᠠᠨ ᠤ ᠦᠵᠡᠯ ᠰᠠᠨᠠᠭ᠎ᠠ ᠤᠯᠤᠰ ᠳᠦᠷᠦ ᠪᠠ ᠰᠣᠷᠣᠭᠴᠢ ᠶᠢᠨ ᠠᠵᠢᠯ ᠤᠨ ᠬᠡᠯᠲᠡᠰ ︵ᠰᠤᠷᠭᠠᠨ ᠬᠥᠮᠦᠵᠢᠯ ᠤᠨ ᠲᠢᠩᠬᠢᠮ ᠤᠨ ᠦᠵᠡᠯ ᠰᠠᠨᠠᠭ᠎ᠠ ᠤᠯᠤᠰ ᠳᠦᠷᠦ ᠪᠠ ᠰᠣᠷᠣᠭᠴᠢ ᠶᠢᠨ ᠠᠵᠢᠯ ᠤᠨ ᠭᠠᠵᠠᠷ︶᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠬᠦᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ᠂ ᠲᠦᠷᠦ ᠶᠢᠨ ᠪᠤᠳᠤᠯᠭ᠎ᠠ ᠬᠠᠤᠯᠢ ᠳᠦᠷᠢᠮ ᠪᠣᠯᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠤᠳᠤᠯᠬᠤ ᠲᠠᠰᠤᠭ᠂ ᠪᠠᠭᠰᠢ ᠶᠢᠨ ᠠᠵᠢᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠰᠢᠨᠵᠢᠯᠡᠭᠡ ᠮᠡᠷᠭᠡᠵᠢᠯ ᠪᠣᠯᠤᠨ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠭᠠᠵᠠᠷ᠂ ᠭᠠᠳᠠᠭᠠᠳᠤ ᠲᠠᠢ ᠬᠠᠮᠵᠢᠯᠴᠠᠬᠤ ᠪᠠ ᠰᠣᠯᠢᠯᠴᠠᠬᠤ ᠭᠠᠵᠠᠷ᠂ ᠪᠡᠶ᠎ᠡ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠬᠥᠮᠦᠵᠢᠯ ᠤᠨ ᠭᠠᠵᠠᠷ᠂ ᠬᠢᠨᠠᠨ ᠵᠢᠯᠣᠭᠤᠳᠬᠤ ᠲᠠᠰᠤᠭ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ︶᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠠᠵᠠᠷ᠂ ᠬᠢᠲᠠᠳ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠭᠠᠵᠠᠷ᠂ ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ᠂ ᠡᠷᠳᠡᠮ ᠤᠨ ᠴᠣᠯᠠ ᠬᠠᠮᠢᠶᠠᠷᠬᠤ ᠪᠠ ᠰᠣᠳᠣᠯᠠᠬᠤ ᠰᠣᠷᠣᠭᠴᠢ ᠶᠢᠨ ᠰᠤᠷᠭᠠᠨ ᠬᠥᠮᠦᠵᠢᠯ ᠤᠨ ᠭᠠᠵᠠᠷ ︵ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠵᠦᠪᠯᠡᠯ ᠤᠨ ᠠᠯᠪᠠᠨ ᠬᠡᠷ︶᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ ᠬᠦᠷᠦᠭᠰᠡᠳ ᠤᠨ ᠰᠣᠷᠭᠠᠨ ᠬᠥᠮᠦᠵᠢᠯ ᠤᠨ ᠭᠠᠵᠠᠷ᠂ ᠰᠠᠭᠤᠷᠢ ᠰᠤᠷᠭᠠᠨ ᠬᠥᠮᠦᠵᠢᠯ ᠤᠨ ᠭᠠᠵᠠᠷ᠂ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ ᠵᠡᠷᠭᠡ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map