ᠰᠤᠷᠭᠠᠨ ᠬᠥᠮᠥᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠰᠤᠷᠭᠠᠨ ᠬᠥᠮᠥᠵᠢᠯ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠤᠨ ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ ᠶᠢ ᠳᠠᠮᠵᠢᠭᠤᠯᠤᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/11/7
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠮᠡᠳᠡᠭᠳᠡᠯ ᠳᠠᠷᠤᠮᠠᠯᠯᠠᠨ  ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠤᠨ ︽ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ︾ ︵ᠲᠥᠷᠥ ᠠᠯᠪᠠᠨ ᠲᠠᠷᠬᠠᠭᠠᠭᠰᠠᠨ ﹇2018﹈ 75 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠮᠵᠢᠭᠤᠯᠤᠨ ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠠᠷᠭ᠎ᠠ︾ ᠶᠢᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃            ᠨᠢᠭᠡ᠂ ︽ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠣᠢ︖            2007 ᠣᠨ ᠠᠴᠠ ᠡᠬᠢᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠡᠭᠡᠵᠢᠩ ᠤᠨ ᠪᠠᠭᠰᠢ ᠶᠢᠨ ᠶᠡᠭᠡ  ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠᠵᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ ᠵᠡᠷᠭᠡ 6 ᠰᠠᠭᠤᠷᠢ ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠳᠤ ᠲᠦᠰᠢᠭᠯᠡᠨ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠲᠤᠷᠰᠢᠯᠲᠠ ᠶᠢᠨ ᠴᠡᠭ ᠢ ᠬᠡᠷᠡᠭᠵᠢᠭᠦᠯᠬᠦ ᠪᠠᠷ ᠲᠣᠭᠲᠠᠭᠠᠪᠠ᠃ 2017 ᠣᠨ ᠪᠣᠯᠲᠠᠯ᠎ᠠ᠂ ᠨᠢᠭᠡᠨᠲᠡ ᠡᠯᠰᠡᠭᠰᠡᠨ ᠰᠦᠢᠳᠬᠡᠯ ᠬᠤᠷᠢᠶᠠᠬᠤ ᠦᠭᠡᠢ ᠪᠠᠭᠰᠢ ᠶᠢᠨ ᠮᠡᠷᠭᠡᠵᠢᠯ ᠤᠨ ᠣᠶᠤᠲᠠᠨ ᠨᠡᠶᠢᠲᠡ 10.1 ᠲᠦᠮᠡᠨ ᠬᠥᠮᠥᠨ ᠳᠤ ᠬᠦᠷᠴᠦ᠂ ᠰᠤᠷᠭᠠᠭᠤᠯᠢ ᠳᠤ ᠰᠠᠭᠤᠵᠤ ᠰᠤᠷᠤᠯᠴᠠᠵᠤ ᠪᠠᠶᠢᠭ᠎ᠠ ᠨᠢ 3.1ᠲᠦᠮᠡᠨ ᠬᠥᠮᠥᠨ᠂ ᠲᠡᠭᠦᠰᠦᠭᠰᠡᠨ ᠨᠢ ᠪᠠᠷᠤᠭ 7 ᠲᠦᠮᠡᠨ ᠬᠥᠮᠥᠨ ᠪᠠᠶᠢᠵᠤ᠂ ᠲᠡᠭᠦᠨ ᠤ ᠳᠣᠲᠣᠷ᠎ᠠ 90%  ᠨᠢ ᠳᠤᠮᠳᠠ ᠪᠠᠷᠠᠭᠤᠨ ᠬᠡᠰᠡᠭ ᠤᠨ ᠮᠤᠵᠢ ᠨᠤᠭᠤᠳ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠨ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠮᠠᠰᠢ ᠣᠯᠠᠨ ᠳᠤᠮᠳᠠᠳᠤ ᠪᠠᠭ᠎ᠠ ᠰᠤᠷᠭᠠᠭᠤᠯᠢ ᠨᠢ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠳ ︽ᠢᠷᠡᠵᠦ ᠠᠵᠢᠯᠯᠠᠵᠤ ᠪᠠᠶᠢᠭᠰᠠᠨ ᠦᠭᠡᠢ ᠲᠡᠦᠬᠡ︾ ᠶᠢ ᠡᠴᠦᠰᠯᠡᠭᠦᠯᠵᠦ᠂ ᠣᠷᠣᠨ ᠨᠤᠲᠤᠭ ᠲᠤ ᠨᠡᠯᠢᠶᠡᠳ ᠥᠨᠳᠥᠷ ᠬᠡᠪ ᠴᠢᠨᠠᠷ ᠪᠦᠬᠦᠢ ᠰᠢᠯᠢᠳᠡᠭ ᠪᠠᠭᠰᠢ ᠨᠠᠷ ᠢ ᠲᠠᠰᠤᠷᠠᠯᠲᠠ ᠦᠭᠡᠢ ᠨᠥᠬᠦᠪᠦᠷᠢᠯᠡᠵᠦ᠂ ᠣᠷᠣᠨ ᠨᠤᠲᠤᠭ ᠤᠨ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠦᠨᠳᠦᠰᠦᠨ ᠱᠠᠲᠤᠨ ᠤ ᠰᠤᠷᠭᠠᠭᠤᠯᠢ᠂ ᠰᠤᠷᠤᠭᠴᠢ ᠶᠢᠨ ᠭᠡᠷ ᠤᠨ ᠠᠬᠠᠮᠠᠳ ᠤᠨ ᠬᠠᠯᠭᠤᠨ ᠬᠦᠷᠢᠶᠡᠯᠡᠯ ᠢ ᠣᠯᠵᠠᠢ᠃ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠲᠤᠷᠰᠢᠯᠲᠠ ᠶᠢᠨ ᠴᠡᠭ ᠤᠨ ᠠᠵᠢᠯ ᠨᠢ ᠳᠦᠷᠢᠮ ᠢ ᠰᠦᠪᠡᠭᠴᠢᠯᠡᠬᠦ᠂ ᠲᠤᠷᠰᠢᠯᠭ᠎ᠠ ᠬᠤᠷᠠᠮᠳᠤᠭᠤᠯᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠢᠱᠢᠭᠰᠡᠨ ᠬᠠᠷᠠᠯᠲᠠ ᠳᠤ ᠪᠠᠨ ᠬᠦᠷᠴᠦ᠂ ᠪᠠᠭᠰᠢ ᠬᠥᠮᠥᠵᠢᠭᠦᠯᠦᠨ ᠨᠥᠬᠦᠪᠦᠷᠢᠯᠡᠬᠦ ᠲᠣᠭᠲᠠᠯᠴᠠᠭ᠎ᠠ ᠶᠢ ᠰᠢᠯᠢᠳᠡᠭᠵᠢᠭᠦᠯᠬᠦ᠂ ᠰᠢᠯᠢᠳᠡᠭ ᠣᠶᠤᠲᠠᠳ ᠢ ᠲᠠᠲᠠᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠬᠦ᠂ ᠡᠷᠬᠡ ᠲᠡᠭᠰᠢ ᠪᠠᠶᠢᠬᠤ ᠶᠢ ᠠᠬᠢᠭᠤᠯᠬᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ 28 ᠮᠤᠵᠢ ︵ᠣᠷᠣᠨ᠂ ᠬᠤᠲᠠ︶ ᠶᠢ ᠳᠠᠶᠢᠴᠢᠯᠠᠨ ᠣᠷᠣᠨ ᠨᠤᠲᠤᠭ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠶᠢ ᠬᠡᠷᠡᠭᠵᠢᠭᠦᠯᠵᠦ᠂ ᠵᠢᠯ ᠪᠦᠷᠢ 4 ᠲᠦᠮᠡ ᠭᠠᠷᠤᠢ ᠲᠡᠭᠦᠰᠦᠭᠰᠡᠳ ᠢ ᠬᠥᠮᠥᠵᠢᠭᠦᠯᠦᠨ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠨᠥᠬᠦᠪᠦᠷᠢᠯᠡᠨ ᠪᠠᠭᠰᠢᠯᠠᠭᠤᠯᠵᠤ᠂ ᠪᠠᠭᠤᠷᠠᠢ ᠭᠠᠵᠠᠷ ᠣᠷᠣᠨ ᠤ ᠪᠠᠭᠰᠢ ᠶᠢᠨ ᠬᠦᠴᠦᠨ ᠤ ᠲᠣᠬᠢᠷᠠᠭᠤᠯᠤᠯᠲᠠ ᠶᠢ ᠥᠭᠡᠷᠡᠴᠢᠯᠡᠨ ᠰᠠᠶᠢᠵᠢᠷᠠᠭᠤᠯᠬᠤ ᠪᠠ ᠲᠡᠩᠴᠡᠭᠦᠷᠢᠰᠢᠭᠦᠯᠬᠦ᠂ ᠶᠠᠳᠠᠭᠤ ᠬᠦᠴᠢᠷᠲᠡᠢ ᠰᠤᠷᠤᠭᠴᠢᠳ ᠢ ᠬᠠᠪᠰᠤᠷᠤᠨ ᠶᠡᠭᠡ ᠰᠤᠷᠭᠠᠭᠤᠯᠢ ᠳᠤ ᠰᠤᠷᠤᠯᠴᠠᠬᠤ ᠬᠦᠰᠡᠯ ᠢ ᠨᠢ ᠲᠡᠷᠭᠡᠯᠰᠢᠭᠦᠯᠬᠦ ᠵᠡᠷᠭᠡ ᠲᠠᠯ᠎ᠠ ᠪᠠᠷ ᠬᠢ ᠨᠡᠶᠢᠭᠡᠮ ᠤᠨ ᠦᠷ᠎ᠡ ᠪᠦᠲᠦᠮᠵᠢ ᠨᠢ ᠢᠯᠡᠷᠬᠡᠢ ᠪᠠᠶᠢᠨ᠎ᠠ᠃            ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠨᠥᠬᠦᠪᠦᠷᠢᠯᠡᠬᠦ ᠣᠬᠢ ᠰᠢᠯᠢᠳᠡᠭ ᠢᠷᠡᠯᠲᠡ ᠪᠠᠶᠢᠵᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠬᠤ ᠶᠢᠨ ᠡᠬᠢ ᠰᠤᠷᠪᠤᠯᠵᠢ ᠮᠦᠨ᠃ ᠣᠳᠣᠬᠠᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠨᠢᠭᠡᠨᠲᠡ ᠰᠢᠨ᠎ᠡ ᠴᠠᠭ ᠦᠶ᠎ᠡ ᠳᠤ ᠣᠷᠣᠵᠤ᠂ ᠨᠡᠶᠢᠭᠡᠮ ᠵᠢᠷᠤᠮᠲᠤ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠡᠬᠢᠯᠡᠪᠡ᠃ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠠ ᠲᠡᠩᠴᠡᠭᠦᠷᠢ ᠦᠭᠡᠢ ᠪᠥᠭᠡᠳ ᠭᠦᠢᠴᠡᠳ ᠦᠭᠡᠢ ᠬᠥᠭᠵᠢᠯᠲᠡ ᠶᠢᠨ ᠬᠤᠭᠤᠷᠣᠨᠳᠤᠬᠢ ᠵᠥᠷᠢᠴᠡᠯ ᠪᠣᠯᠣᠨ ᠤᠯᠠᠷᠢᠨ ᠰᠢᠯᠵᠢᠵᠦ᠂ ᠠᠷᠠᠳ ᠲᠦᠮᠡᠨ ᠤ ᠡᠷᠬᠡ ᠲᠡᠭᠰᠢ ᠪᠥᠭᠡᠳ ᠴᠢᠨᠠᠷᠯᠢᠭ ᠰᠤᠷᠭᠠᠨ ᠬᠥᠮᠥᠵᠢᠯ ᠬᠦᠰᠡᠨ ᠬᠥᠭᠡᠭᠡᠴᠡᠯᠳᠦᠬᠦ ᠨᠢ ᠨᠡᠩ ᠲᠤᠯᠭᠠᠮ᠎ᠠ ᠪᠣᠯᠵᠤ᠂ ᠥᠨᠳᠥᠷ ᠬᠡᠪ ᠴᠢᠨᠠᠷ ᠪᠦᠬᠦᠢ ᠲᠤᠰᠬᠠᠢ ᠮᠡᠷᠭᠡᠵᠢᠭᠰᠡᠨ ᠪᠥᠭᠡᠳ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ ᠪᠠᠶᠢᠭᠤᠯᠬᠤ ᠳᠤ ᠨᠡᠩ ᠥᠨᠳᠥᠷ ᠬᠦᠰᠡᠯ ᠱᠠᠭᠠᠷᠳᠠᠯᠭ᠎ᠠ ᠲᠠᠯᠪᠢᠬᠤ ᠪᠣᠯᠤᠭᠰᠠᠨ ᠪᠠᠶᠢᠨ᠎ᠠ᠃ ᠰᠢᠨ᠎ᠡ ᠣᠷᠣᠨ ᠪᠠᠶᠢᠷᠢᠰᠢᠯ᠂ ᠰᠢᠨ᠎ᠡ ᠠᠶᠠᠨ ᠵᠠᠮ᠂ ᠰᠢᠨ᠎ᠡ ᠡᠭᠦᠷᠭᠡ ᠬᠠᠷᠢᠭᠤᠴᠠᠯᠭ᠎ᠠ ᠳᠤ ᠬᠠᠨᠳᠤᠭᠤᠯᠤᠨ᠂ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠨᠢ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠭᠰᠠᠨ ᠤ ᠬᠤᠪᠢ ᠳᠤ᠂ ᠰᠢᠨ᠎ᠡ ᠴᠠᠭ ᠤᠨ ᠪᠠᠶᠢᠳᠠᠯ ᠤᠨ ᠱᠠᠭᠠᠷᠳᠠᠯᠭ᠎ᠠ ᠲᠠᠢ ᠨᠡᠩ ᠰᠠᠶᠢᠲᠤᠷ ᠵᠣᠬᠢᠴᠠᠭᠤᠯᠬᠤ ᠶᠢᠨ ᠲᠥᠯᠥᠭᠡ᠂ ᠰᠤᠷᠤᠭᠴᠢ ᠡᠯᠰᠡᠬᠦ᠂ ᠴᠢᠳᠠᠪᠤᠷᠢᠲᠠᠨ ᠬᠥᠮᠥᠵᠢᠭᠦᠯᠬᠦ᠂ ᠠᠵᠢᠯ ᠣᠯᠭᠤᠬᠤ ᠭᠡᠷ᠎ᠡ ᠶᠢ ᠭᠦᠢᠴᠡᠳᠬᠡᠬᠦ᠂ ᠭᠡᠷ᠎ᠡ ᠭᠦᠢᠴᠡᠳᠬᠡᠬᠦ ᠶᠢ ᠬᠠᠮᠢᠶᠠᠷᠬᠤ᠂ ᠨᠥᠬᠦᠴᠡᠯ ᠢ ᠪᠠᠲᠤᠯᠠᠬᠤ ᠵᠡᠷᠭᠡ ᠭᠤᠭᠴᠤᠭ᠎ᠠ ᠳᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠪᠠᠴᠢᠮ ᠱᠠᠭᠠᠷᠳᠠᠵᠤ ᠪᠠᠶᠢᠨ᠎ᠠ᠃ ᠬᠤᠯᠪᠣᠭᠳᠠᠯ ᠪᠦᠬᠦᠢ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠷᠳᠡᠮᠲᠡᠨ ᠮᠡᠷᠭᠡᠵᠢᠯᠲᠡᠳ᠂ ᠰᠦᠢᠳᠬᠡᠯ ᠬᠤᠷᠢᠶᠠᠭᠰᠠᠨ ᠦᠭᠡᠢ ᠪᠠᠭᠰᠢ ᠶᠢᠨ ᠮᠡᠷᠭᠡᠵᠢᠯ ᠤᠨ ᠣᠶᠤᠲᠠᠳ ᠵᠡᠷᠭᠡ ᠲᠠᠯ᠎ᠠ ᠠᠴᠠ ᠪᠠᠭᠰᠢ ᠶᠢᠨ ᠮᠡᠷᠭᠡᠵᠢᠯ ᠤᠨ ᠰᠤᠷᠤᠭᠴᠢᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠳᠤ ᠥᠭᠡᠷᠡᠴᠢᠯᠡᠯᠲᠡ ᠬᠢᠵᠦ᠂ ᠤᠯᠤᠰ ᠤᠨ ᠡᠨᠡ ᠬᠦ ᠲᠥᠷᠥ ᠶᠢᠨ ᠪᠣᠳᠣᠯᠭ᠎ᠠ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠣᠯᠠᠨ ᠤᠳᠠᠭ᠎ᠠ ᠰᠠᠨᠠᠭᠤᠯᠭ᠎ᠠ ᠳᠤᠷᠠᠳᠪᠠ᠃ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠰᠠᠶᠢᠵᠢᠷᠠᠭᠤᠯᠬᠤ ᠪᠠ ᠲᠡᠭᠦᠯᠳᠡᠷᠵᠢᠭᠦᠯᠬᠦ ᠨᠢ ᠣᠳᠣᠬᠠᠨ ᠤ ᠪᠠᠴᠢᠮ ᠡᠭᠦᠷᠭᠡ ᠪᠣᠯᠣᠭᠰᠠᠨ ᠢᠶᠠᠷ ᠪᠠᠷᠠᠬᠤ ᠦᠭᠡᠢ᠂ ᠨᠡᠩ ᠴᠤ ᠲᠥᠷᠥ ᠶᠢᠨ ᠪᠣᠳᠣᠯᠭ᠎ᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠤᠷᠲᠤ ᠬᠤᠭᠤᠴᠠᠭᠠᠨ ᠤ ᠱᠠᠭᠠᠷᠳᠠᠯᠭ᠎ᠠ ᠪᠣᠯᠵᠠᠢ᠃            ᠨᠠᠮ ᠪᠠ ᠤᠯᠤᠰ ᠠᠴᠠ ᠲᠡᠦᠬᠡᠨ ᠠᠴᠠ ᠪᠠᠨ ᠠᠪᠤᠭᠠᠳ ᠪᠠᠭᠰᠢ ᠶᠢᠨ ᠠᠵᠢᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠨ ᠦᠵᠡᠭᠰᠡᠭᠡᠷ ᠢᠷᠡᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ︽ ᠪᠠᠭᠰᠢ ᠶᠢᠨ ᠮᠤᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠥᠵᠢᠯ ᠢ ᠴᠢᠬᠤᠯᠠᠴᠢᠯᠠᠬᠤ ᠶᠢ ᠰᠠᠨᠠᠭᠠᠴᠢᠯᠠᠬᠤ ᠬᠡᠷᠡᠭᠲᠡᠢ︾ ᠭᠡᠵᠦ ᠲᠣᠳᠣᠷᠬᠠᠢ ᠳᠤᠷᠠᠳᠴᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠴᠢᠭᠯᠡᠯ ᠢ ᠵᠢᠭᠠᠨ ᠲᠣᠳᠣᠷᠬᠠᠶᠢᠯᠠᠵᠤ᠂ ᠰᠢᠨ᠎ᠡ ᠡᠭᠦᠷᠭᠡ ᠶᠢ ᠳᠤᠷᠠᠳᠤᠨ ᠭᠠᠷᠭᠠᠪᠠ᠃ 2018 ᠣᠨ ᠤ 1 ᠳ᠋ᠦ᠋ᠭᠡᠷ ᠰᠠᠷ᠎ᠠ ᠳᠤ᠂ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠤᠮᠳᠠᠳᠤ ᠲᠠᠷᠬᠠᠭᠠᠭᠰᠠᠨ ﹇2018﹈ 4 ᠳ᠋ᠦ᠋ᠭᠡᠷ ᠲᠣᠭᠠᠲᠤ︶ ᠳᠤ᠄ ︽ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠲᠡᠭᠦᠯᠳᠡᠷᠵᠢᠭᠦᠯᠵᠦ᠂ ᠭᠡᠷ᠎ᠡ ᠭᠦᠢᠴᠡᠳᠬᠡᠵᠦ ᠪᠠᠭᠰᠢᠯᠠᠨ ᠦᠢᠯᠡᠴᠢᠯᠡᠬᠦ ᠬᠤᠭᠤᠴᠠᠭ᠎ᠠ ᠶᠢ 6 ᠵᠢᠯ ᠪᠣᠯᠭᠠᠨ ᠲᠣᠬᠢᠷᠠᠭᠤᠯᠬᠤ ᠬᠡᠷᠡᠭᠲᠡᠢ︾ ᠭᠡᠵᠦ ᠲᠣᠳᠣᠷᠬᠠᠢ ᠳᠤᠷᠠᠳᠴᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠥᠭᠡᠷᠡᠴᠢᠯᠡᠨ ᠰᠠᠶᠢᠵᠢᠷᠠᠭᠤᠯᠬᠤ ᠪᠠ ᠲᠡᠭᠦᠯᠳᠡᠷᠵᠢᠭᠦᠯᠬᠦ ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠬᠢᠪᠡ᠃ ᠡᠶᠢᠮᠦ ᠠᠴᠠ᠂ ︽ᠠᠷᠭ᠎ᠠ︾ ᠶᠢ ᠰᠤᠳᠤᠯᠤᠨ ᠲᠣᠭᠲᠠᠭᠠᠵᠤ ᠨᠡᠶᠢᠲᠡᠯᠡᠭᠰᠡᠨ ᠨᠢ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠨᠢᠭᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠨᠡᠩ ᠴᠤ ᠰᠢᠯᠢᠳᠡᠭ ᠴᠢᠳᠠᠪᠤᠷᠢᠲᠠᠳ ᠢ ᠲᠠᠲᠠᠵᠤ ᠪᠠᠭᠰᠢᠯᠠᠭᠤᠯᠬᠤ᠂ ᠨᠠᠮ ᠪᠠ ᠠᠷᠠᠳ ᠲᠦᠮᠡᠨ ᠳᠤ ᠲᠠᠭᠠᠰᠢᠶᠠᠭᠳᠠᠭᠰᠠᠨ ︽ᠳᠥᠷᠪᠡ ᠪᠠᠶᠢᠬᠤ︾ ᠰᠠᠶᠢᠨ ᠪᠠᠭᠰᠢ ᠶᠢ ᠬᠥᠮᠥᠵᠢᠭᠦᠯᠬᠦ‍ ᠨᠢᠭᠡ ᠵᠦᠢᠯ ᠤᠨ ᠵᠠᠩᠭᠢᠯᠠᠭ᠎ᠠ ᠶᠢᠨ ᠳᠦᠷᠢᠮ ᠪᠣᠯᠣᠨ᠎ᠠ᠃             ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠥᠵᠢᠯ ᠤᠨ ᠶᠠᠮᠤᠨ ᠠᠴᠠ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ ᠭᠦᠢᠴᠡᠳ ᠪᠠᠶᠢᠴᠠᠭᠠᠨ ᠰᠤᠳᠤᠯᠵᠤ᠂ ᠥᠷᠭᠡᠨ ᠳᠡᠯᠭᠡᠷ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ︽ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ︾ ᠶᠢ ᠰᠤᠳᠤᠯᠤᠨ ᠲᠤᠭᠤᠷᠪᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠮᠵᠢᠭᠤᠯᠤᠨ ᠲᠠᠷᠬᠠᠭᠠᠵᠤ ᠬᠡᠷᠡᠭᠵᠢᠭᠦᠯᠪᠡ᠃ 2007 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠮᠵᠢᠭᠤᠯᠤᠨ ᠲᠠᠷᠬᠠᠭᠠᠭᠰᠠᠨ ︽ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠲᠥᠷᠥ ᠠᠯᠪᠠᠨ ᠲᠠᠷᠬᠠᠭᠠᠭᠰᠠᠨ ﹇2007﹈ 34 ᠳ᠋ᠦ᠋ᠭᠡᠷ ᠲᠣᠭᠠᠲᠤ︶ ᠪᠠ 2012 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠮᠵᠢᠭᠤᠯᠤᠨ ᠲᠠᠷᠬᠠᠭᠠᠭᠰᠠᠨ ︽ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠶᠢ ᠲᠡᠭᠦᠯᠳᠡᠷᠵᠢᠭᠦᠯᠬᠦ ᠪᠠ ᠠᠬᠢᠭᠤᠯᠬᠤ ᠲᠤᠬᠠᠢ ᠰᠤᠷᠭᠠᠨ ᠬᠥᠮᠥᠵᠢᠯ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2012﹈ 2 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠪᠠ᠃ ︽ᠠᠷᠭ᠎ᠠ︾ ᠶᠢ ᠨᠡᠶᠢᠲᠡᠯᠡᠭᠰᠡᠨ ᠨᠢ ᠮᠠᠨ ᠤ ᠤᠯᠤᠰ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ︽ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ︾ ᠪᠠᠶᠢᠭᠰᠠᠨ ᠠᠴᠠ ᠰᠢᠨ᠎ᠡ ᠴᠠᠭ ᠦᠶ᠎ᠡ ᠶᠢᠨ ︽ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ︾ ᠪᠣᠯᠭᠠᠨ ᠳᠡᠰ ᠳᠡᠪᠰᠢᠭᠦᠯᠦᠭᠰᠡᠨ ᠢ ᠬᠠᠷᠠᠭᠤᠯᠵᠤ ᠪᠠᠶᠢᠨ᠎ᠠ᠃            ᠬᠤᠶᠠᠷ᠂ ︽ᠠᠷᠭ᠎ᠠ︾ ᠶᠢ ᠰᠤᠳᠤᠯᠤᠨ ᠲᠣᠭᠲᠠᠭᠠᠭᠰᠠᠨ ᠶᠠᠪᠤᠴᠠ ᠶᠢ ᠲᠠᠨᠢᠯᠴᠠᠭᠤᠯᠤᠭᠠᠳ ᠥᠭᠭᠦᠨ᠎ᠡ ᠦᠦ︖            ᠰᠤᠷᠭᠠᠨ ᠬᠥᠮᠥᠵᠢᠯ ᠤᠨ ᠶᠠᠮᠤᠨ ᠠᠴᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠠᠷᠭ᠎ᠠ︾ ᠶᠢ ᠰᠤᠳᠤᠯᠤᠨ ᠲᠣᠭᠲᠠᠭᠠᠬᠤ ᠠᠵᠢᠯ ᠢ ᠥᠷᠨᠢᠭᠦᠯᠵᠦ᠂ ᠭᠤᠣᠯ ᠰᠤᠳᠤᠯᠤᠨ ᠲᠣᠭᠲᠠᠭᠠᠭᠰᠠᠨ ᠶᠠᠪᠤᠴᠠ ᠨᠢ ᠳᠣᠣᠷᠠᠬᠢ ᠮᠡᠲᠦ᠃            ︵ᠨᠢᠭᠡ︶ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠰᠬᠠᠶᠢᠯᠠᠨ ᠰᠤᠷᠪᠤᠯᠵᠢᠯᠠᠨ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ  ᠪᠠᠷ ᠪᠠᠶᠢᠴᠠᠭᠠᠯᠲᠠ ᠬᠢᠬᠦ᠂ ᠪᠢᠴᠢᠭ ᠢᠶᠠᠷ ᠪᠤᠶᠤ ᠣᠲᠠᠰᠤ ᠪᠠᠷ ᠪᠠᠶᠢᠴᠠᠭᠠᠨ ᠰᠤᠳᠤᠯᠬᠤ ᠵᠡᠷᠭᠡ ᠣᠯᠠᠨ ᠠᠷᠭ᠎ᠠ ᠬᠡᠯᠪᠡᠷᠢ ᠪᠠᠷ᠂ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠰᠡᠨ ᠪᠠᠶᠢᠳᠠᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠬᠡᠰᠡᠭ ᠬᠤᠲᠠ ᠰᠢᠶᠠᠨ ᠤ ᠰᠤᠷᠭᠠᠨ ᠬᠥᠮᠥᠵᠢᠯ ᠤᠨ ᠲᠣᠪᠴᠢᠶ᠎ᠠ᠂ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ᠂ ᠣᠷᠣᠨ ᠨᠤᠲᠤᠭ ᠤᠨ ᠪᠠᠭᠰᠢ ᠶᠢᠨ ᠳᠡᠭᠡᠳᠦ ᠶᠡᠭᠡ ᠰᠤᠷᠭᠠᠭᠤᠯᠢ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠨᠡᠷᠡᠲᠦ ᠲᠤᠰᠬᠠᠢ ᠮᠡᠷᠭᠡᠵᠢᠯᠲᠡᠳ᠂ ᠵᠠᠬᠢᠳᠠᠯ ᠢᠷᠡᠭᠦᠯᠦᠭᠰᠡᠨ ᠬᠡᠰᠡᠭ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ︽ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠪᠢᠴᠢᠭᠯᠡᠭᠰᠡᠨ ᠮᠠᠲ᠋ᠧᠷᠢᠶᠠᠯ ᠢ ᠰᠤᠳᠤᠯᠤᠨ ᠲᠤᠭᠤᠷᠪᠢᠵᠠᠢ᠃          ︵ᠬᠤᠶᠠᠷ︶ ᠥᠷᠭᠡᠨ ᠢᠶᠠᠷ ᠰᠠᠨᠠᠯ ᠬᠤᠷᠢᠶᠠᠪᠠ᠃ ᠤᠯᠤᠰ ᠪᠠ ᠣᠷᠣᠨ ᠨᠤᠲᠤᠭ ᠤᠨ ᠬᠢᠨ ᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠰᠡᠨ ᠶᠡᠷᠦᠩᠬᠡᠢ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ᠂ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠠᠮᠢᠶ᠎ᠠ ᠪᠦᠬᠦᠢ ᠶᠠᠮᠤᠨ ᠵᠥᠪᠯᠡᠯ ᠤᠳ ᠤᠨ ᠰᠠᠨᠠᠯ ᠰᠠᠨᠠᠭᠤᠯᠭ᠎ᠠ ᠶᠢ ᠤᠯᠠᠮ ᠨᠢᠭᠡ ᠠᠯᠬᠤᠮ ᠬᠤᠷᠢᠶᠠᠵᠤ᠂ ᠲᠤᠰ ᠠᠵᠢᠯ ᠢ ᠥᠭᠡᠷᠡᠴᠢᠯᠡᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶᠠᠨ ᠤ ᠰᠠᠨᠠᠯ ᠰᠠᠨᠠᠭᠤᠯᠭ᠎ᠠ ᠶᠢ ᠣᠨᠴᠠᠭᠠᠶᠢᠯᠠᠨ ᠬᠦᠯᠢᠶᠡᠨ ᠠᠪᠴᠤ ᠰᠣᠨᠣᠰᠪᠠ᠃ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠳᠠᠬᠢᠨ ᠳᠠᠪᠲᠠᠨ ᠰᠤᠳᠤᠯᠤᠨ ᠨᠤᠲᠠᠯᠠᠬᠤ ᠪᠠᠷ ᠳᠠᠮᠵᠢᠭᠤᠯᠵᠤ᠂ ︽ᠠᠷᠭ᠎ᠠ︾ ᠶᠢ ᠪᠦᠷᠢᠯᠳᠦᠭᠦᠯᠪᠡ᠃           ︵ᠭᠤᠷᠪᠠ︶ ᠤᠯᠤᠰ ᠤᠨ ᠰᠤᠷᠭᠠᠨ ᠬᠥᠮᠥᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ  ᠳᠤᠭᠤᠶᠢᠯᠠᠩ ᠠᠴᠠ ᠬᠢᠨᠠᠨ ᠵᠥᠪᠯᠡᠵᠦ ᠪᠠᠲᠤᠯᠠᠪᠠ᠃ 2018 ᠣᠨ ᠤ 2 ᠳ᠋ᠤᠭᠠᠷ ᠰᠠᠷ᠎ᠠ ᠶᠢᠨ 9 ᠤ ᠡᠳᠦᠷ᠂ ᠤᠯᠤᠰ ᠤᠨ ᠰᠤᠷᠭᠠᠨ ᠬᠥᠮᠥᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ 30 ᠳ᠋ᠤᠭᠠᠷ ᠤᠳᠠᠭᠠᠨ ᠤ ᠬᠤᠷᠠᠯ ᠠᠴᠠ ︽ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠤᠷᠭᠠᠨ ᠬᠥᠮᠥᠵᠢᠯ ᠤᠨ ᠶᠠᠮᠤᠨ ᠠᠴᠠ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠵᠤ ︽ᠠᠷᠭ᠎ᠠ︾ ᠶᠢᠨ ᠪᠢᠴᠢᠭᠯᠡᠭᠰᠡᠨ ᠮᠠᠲ᠋ᠧᠷᠢᠶᠠᠯ ᠳᠤ ᠵᠠᠰᠠᠯᠲᠠ ᠬᠢᠵᠦ ᠡᠬᠡ ᠨᠣᠣᠷᠠᠭ ᠢ ᠲᠣᠭᠲᠠᠭᠠᠭᠰᠠᠨ ᠤ ᠬᠠᠮᠲᠤ᠂ ᠬᠠᠮᠢᠶ᠎ᠠ ᠪᠦᠬᠦᠢ ᠶᠠᠮᠤᠨ ᠵᠥᠪᠯᠡᠯ  ᠲᠠᠢ ᠬᠠᠮᠲᠤᠷᠠᠨ ᠭᠠᠷ ᠤᠨ ᠦᠰᠦᠭ ᠵᠢᠷᠤᠵᠤ᠂ ᠵᠢᠷᠦᠮ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠵᠡᠢ᠃      ᠭᠤᠷᠪᠠ᠂ ︽ᠠᠷᠭ᠎ᠠ︾ ᠶᠢᠨ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠶᠠᠭᠤ ᠪᠣᠢ︖          ᠰᠢᠨ᠎ᠡ ᠴᠠᠭ ᠦᠶ᠎ᠡ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ  ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ᠂ ᠰᠢᠨ᠎ᠡ  ᠥᠷᠢᠰᠦᠯᠳᠦᠭᠡᠨ ᠳᠤ ᠵᠣᠬᠢᠴᠠᠭᠤᠯᠵᠤ᠂ ︽ᠠᠷᠭ᠎ᠠ︾ ᠶᠢ ᠶᠡᠷᠦᠩᠬᠡᠢ ᠳᠦᠷᠢᠮ᠂ ᠰᠢᠯᠭᠠᠷᠠᠭᠤᠯᠤᠨ ᠡᠯᠰᠡᠬᠦ᠂ ᠭᠡᠷ᠎ᠡ ᠭᠦᠢᠴᠡᠳᠬᠡᠨ ᠪᠠᠭᠰᠢᠯᠠᠬᠤ᠂ ᠤᠷᠮᠠᠰᠢᠭᠤᠯᠬᠤ ᠠᠷᠭ᠎ᠠ ᠬᠡᠮᠵᠢᠶ᠎ᠡ᠂ ᠨᠥᠬᠦᠴᠡᠯ ᠪᠠᠲᠤᠯᠠᠭ᠎ᠠ᠂ ᠳᠠᠭᠠᠯᠳᠤᠭᠤᠯᠤᠯ ᠳᠦᠷᠢᠮ ᠵᠡᠷᠭᠡ 6 ᠪᠦᠯᠦᠭ᠂ 27 ᠵᠦᠢᠯ ᠵᠤᠷᠪᠤᠰ ᠬᠤᠪᠢᠶᠠᠵᠤ᠂ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠳᠤ ᠰᠢᠰᠲ᠋ᠧᠮ ᠲᠠᠢ ᠪᠥᠭᠡᠳ ᠪᠦᠬᠦ ᠲᠠᠯ᠎ᠠ ᠶᠢᠨ ᠲᠣᠭᠲᠠᠭᠠᠯ ᠭᠠᠷᠭᠠᠪᠠ᠃      ᠨᠢᠭᠡ ᠳᠤ᠂ ᠶᠡᠷᠦᠩᠬᠡᠢ ᠳᠦᠷᠢᠮ᠃ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ  ᠰᠤᠷᠭᠠᠨ ᠬᠥᠮᠥᠵᠢᠭᠦᠯᠬᠦ ᠶᠢᠨ ᠬᠡᠷᠡᠭᠵᠢᠭᠦᠯᠬᠦ ᠵᠣᠷᠢᠯᠲᠠ᠂ ᠠᠯᠪᠠᠨ ᠤ ᠰᠦᠢᠳᠬᠡᠯ ᠤᠨ ᠬᠡᠯᠪᠡᠷᠢ ᠬᠢᠭᠡᠳ ᠠᠭᠤᠯᠭ᠎ᠠ ᠳᠤ ᠶᠡᠷᠦᠩᠬᠡᠶᠢᠯᠡᠭᠰᠡᠨ ᠴᠢᠨᠠᠷᠲᠠᠢ ᠱᠠᠭᠠᠷᠳᠠᠯᠭ᠎ᠠ ᠳᠤᠷᠠᠳᠴᠠᠢ᠃      ᠬᠤᠶᠠᠷ ᠲᠤ᠂ ᠰᠢᠯᠭᠠᠷᠠᠭᠤᠯᠤᠨ ᠡᠯᠰᠡᠬᠦ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠡᠯᠰᠡᠬᠦ᠂ ᠰᠢᠯᠭᠠᠷᠠᠭᠤᠯᠬᠤ᠂ ᠰᠣᠩᠭᠤᠵᠤ ᠠᠪᠬᠤ᠂ ᠰᠤᠷᠭᠠᠭᠤᠯᠢ ᠳᠤ ᠰᠠᠭᠤᠭ᠎ᠠ ᠬᠤᠭᠤᠴᠠᠭᠠᠨ ᠳᠤ ᠪᠠᠨ ᠣᠷᠣᠬᠤ ᠪᠠ ᠪᠤᠴᠠᠨ ᠭᠠᠷᠬᠤ ᠵᠢᠴᠢ ᠲᠤᠰᠬᠠᠢ ᠮᠡᠷᠭᠡᠵᠢᠯ ᠢᠶᠠᠨ ᠰᠣᠯᠢᠬᠤ ᠵᠡᠷᠭᠡ ᠲᠠᠯ᠎ᠠ ᠳᠤ ᠳᠦᠷᠢᠮᠵᠢᠯ ᠤᠨ ᠴᠢᠨᠠᠷᠲᠠᠢ ᠱᠠᠭᠠᠷᠳᠠᠯᠭ᠎ᠠ ᠳᠤᠷᠠᠳᠴᠤ᠂ ᠪᠠᠭᠰᠢᠯᠠᠬᠤ ᠳᠤᠷᠠᠲᠠᠢ᠂ ᠪᠠᠭᠰᠢᠯᠠᠬᠤ ᠳᠤ ᠲᠣᠬᠢᠷᠠᠬᠤ ᠰᠢᠯᠢᠳᠡᠭ ᠰᠤᠷᠤᠭᠴᠢ ᠶᠢ ᠰᠣᠩᠭᠤᠨ ᠰᠢᠯᠭᠠᠷᠠᠭᠤᠯᠵᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠡᠩᠨᠡᠭᠡᠨ ᠳᠤ ᠣᠷᠣᠭᠤᠯᠬᠤ ᠶᠢ ᠨᠡᠩ ᠴᠢᠬᠤᠯᠠᠴᠢᠯᠠᠪᠠ᠃      ᠭᠤᠷᠪᠠ ᠳᠤ᠂ ᠭᠡᠷ᠎ᠡ ᠭᠦᠢᠴᠡᠳᠬᠡᠨ ᠪᠠᠭᠰᠢᠯᠠᠬᠤ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠬᠡᠯᠡᠯᠴᠡᠭᠡᠷ ᠲᠣᠭᠲᠠᠵᠤ ᠬᠠᠮᠢᠶᠠᠷᠬᠤ᠂ ᠦᠢᠯᠡᠴᠢᠯᠡᠬᠦ ᠬᠤᠭᠤᠴᠠᠭ᠎ᠠ᠂ ᠠᠵᠢᠯᠲᠠᠨ ᠤ ᠶᠠᠪᠤᠳᠠᠯ ᠤᠨ ᠡᠯᠰᠡᠨ ᠬᠡᠷᠡᠭᠯᠡᠬᠦ᠂ ᠭᠡᠷ᠎ᠡ ᠭᠦᠢᠴᠡᠳᠬᠡᠬᠦ ᠬᠠᠮᠢᠶᠠᠷᠤᠯᠲᠠ᠂ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ᠂ ᠪᠦᠬᠦᠯᠢ ᠡᠳᠦᠷ ᠤᠨ ᠪᠤᠰᠤ  ᠳᠦᠷᠢᠮᠲᠦ ᠠᠰᠫᠢᠷᠠᠨᠲ ᠤᠨ ᠡᠷᠳᠡᠮ ᠤᠨ ᠴᠣᠯᠠ ᠣᠯᠬᠤ ᠪᠠᠷ ᠰᠤᠷᠤᠯᠴᠠᠬᠤ ᠵᠡᠷᠭᠡ ᠲᠠᠯ᠎ᠠ ᠪᠠᠷ ᠪᠣᠳᠠᠲᠠᠢ ᠲᠣᠭᠲᠠᠭᠠᠯ ᠭᠠᠷᠭᠠᠵᠤ᠂ ᠡᠷᠬᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠳᠦᠷᠢᠮᠵᠢᠭᠰᠡᠨ ᠬᠠᠮᠢᠶᠠᠷᠤᠯᠲᠠ ᠶᠢ ᠨᠠᠷᠢᠯᠢᠭᠵᠢᠭᠤᠯᠪᠠ᠃      ᠳᠥᠷᠪᠡ ᠳᠤ᠂ ᠤᠷᠮᠠᠰᠢᠭᠤᠯᠬᠤ ᠠᠷᠭ᠎ᠠ ᠬᠡᠮᠵᠢᠶ᠎ᠡ᠃ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠶᠠᠮᠤᠨ ᠤ ᠬᠠᠷᠢᠶ᠎ᠠ ᠡᠯ᠎ᠡ ᠪᠠᠭᠰᠢ ᠶᠢᠨ ᠶᠡᠭᠡ ᠰᠤᠷᠭᠠᠭᠤᠯᠢ ᠠᠴᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠮᠢᠳᠤᠷᠠᠯ ᠤᠨ ᠰᠦᠢᠳᠬᠡᠯ ᠤᠨ ᠨᠥᠬᠦᠪᠦᠷᠢ᠂ ᠰᠤᠷᠤᠯᠭ᠎ᠠ ᠶᠢᠨ  ᠬᠥᠬᠢᠭᠦᠯᠦᠯ ᠤᠨ ᠮᠥᠩᠭᠦ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠂ ᠭᠡᠷ᠎ᠡ ᠭᠦᠢᠴᠡᠳᠬᠡᠨ ᠪᠠᠭᠰᠢᠯᠠᠭᠰᠠᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠨ ᠨᠢᠭᠡᠪᠦᠷᠢ ᠶᠢᠨ ᠪᠣᠯᠪᠠᠰᠤᠷᠠᠭᠤᠯᠤᠯ ᠬᠦᠷᠲᠡᠬᠦ᠂ ᠤᠯᠤᠰ ᠤᠨ ᠪᠣᠯᠪᠠᠰᠤᠷᠠᠭᠤᠯᠤᠯ ᠳᠤ ᠣᠷᠣᠯᠴᠠᠬᠤ᠂ ᠲᠤᠰᠬᠠᠢ ᠮᠡᠷᠭᠡᠵᠢᠯ ᠤᠨ ᠬᠥᠭᠵᠢᠯᠲᠡ ᠪᠠᠨ ᠪᠡᠶᠡᠯᠡᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ ᠪᠠᠭᠰᠢᠯᠠᠬᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠯᠪᠠᠯᠠᠬᠤ ᠲᠠᠯᠠᠪᠤᠷ ᠭᠠᠵᠠᠷ᠂ ᠲᠦᠷ ᠲᠣᠬᠢᠷᠠᠭᠤᠯᠤᠨ ᠰᠠᠭᠤᠯᠭᠠᠬᠤ ᠪᠠᠶᠢᠷᠢ ᠵᠡᠷᠭᠡ ᠠᠵᠢᠯ ᠠᠮᠢᠳᠤᠷᠠᠯ ᠤᠨ ᠨᠥᠬᠦᠴᠡᠯ ᠵᠢᠴᠢ ᠨᠦᠬᠦᠪᠦᠷᠢ ᠨᠡᠮᠡᠭᠦᠷᠢ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠲᠠᠪᠤ ᠳᠤ᠂ ᠨᠥᠬᠦᠴᠡᠯ ᠤᠨ ᠪᠠᠲᠤᠯᠠᠭ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠣᠷᠣᠨ ᠲᠤᠭ᠎ᠠ᠂ ᠠᠰᠠᠷᠠᠮᠵᠢ ᠬᠠᠷᠠᠭᠠᠯᠵᠠᠯ᠂ ᠬᠢᠨᠠᠯᠲᠠ ᠵᠢᠯᠣᠭᠤᠳᠤᠯᠭ᠎ᠠ᠂ ᠬᠥᠬᠢᠭᠦᠯᠦᠯ ᠰᠠᠶᠢᠰᠢᠶᠠᠯ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠵᠶ᠋ᠠᠨ‌‍ᠲ᠋ᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠪᠠ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠣᠯᠪᠠᠰᠤᠷᠠᠭᠤᠯᠤᠯ ᠤᠨ ᠲᠣᠭᠲᠠᠯᠴᠠᠭ᠎ᠠ᠂ ᠰᠤᠷᠭᠠᠨ ᠬᠥᠮᠥᠵᠢᠯ ᠤᠨ ᠦᠢᠯᠡᠳᠦᠯᠭᠡ᠂ ᠬᠢᠴᠢᠶᠡᠯ ᠲᠥᠷᠥᠯ ᠤᠨ ᠵᠢᠭᠠᠨ ᠰᠤᠷᠭᠠᠯᠲᠠ᠂ ᠪᠠᠭᠰᠢ ᠶᠢᠨ ᠬᠢᠷᠢ ᠭᠡᠮ ᠵᠡᠷᠭᠡ ᠲᠠᠯ᠎ᠠ ᠶᠢᠨ ᠨᠥᠬᠦᠴᠡᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠤ ᠣᠷᠣᠨ ᠨᠤᠲᠤᠭ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠤᠨ ᠳᠡᠮᠵᠢᠪᠡ᠃      ᠵᠢᠷᠭᠤᠭ᠎ᠠ ᠳᠤ᠂ ᠳᠠᠭᠠᠯᠳᠤᠭᠤᠯᠤᠯ ᠳᠦᠷᠢᠮ᠃ ︽ᠠᠷᠭ᠎ᠠ︾ ᠶᠢᠨ ᠬᠡᠷᠡᠭᠯᠡᠭᠳᠡᠬᠦ ᠬᠡᠪᠴᠢᠶ᠎ᠡ᠂ ᠬᠡᠷᠡᠭᠵᠢᠭᠦᠯᠬᠦ ᠴᠠᠭ ᠪᠠ ᠬᠦᠴᠦᠨ ᠳᠤ ᠲᠣᠭᠲᠠᠭᠠᠯ ᠭᠠᠷᠭᠠᠪᠠ᠃            ᠳᠥᠷᠪᠡ᠂ ᠪᠠᠭᠰᠢ ᠶᠢᠨ ᠮᠡᠷᠭᠡᠵᠢᠯ ᠤᠨ ᠣᠶᠤᠲᠠᠳ ᠤᠨ ︽ᠰᠦᠢᠳᠬᠡᠯ ᠬᠤᠷᠢᠶᠠᠬᠤ ᠦᠭᠡᠢ ᠪᠠᠷ ᠰᠤᠷᠭᠠᠨ  ᠬᠥᠮᠥᠵᠢᠭᠦᠯᠬᠦ︾ ᠲᠤᠷᠰᠢᠯᠲᠠ ᠶᠢᠨ ᠴᠡᠭ ᠠᠴᠠ ︽ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ︾ ᠲᠡᠶᠢᠰᠢ ᠰᠢᠯᠵᠢᠭᠦᠯᠬᠦ ᠳᠤ᠂ ︽ᠠᠷᠭ᠎ᠠ︾ ᠨᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠲᠠᠯ᠎ᠠ ᠳᠤ ᠥᠭᠡᠷᠡᠴᠢᠯᠡᠨ ᠰᠠᠶᠢᠵᠢᠷᠠᠭᠤᠯᠤᠭᠰᠠᠨ ᠪᠠ ᠲᠡᠭᠦᠯᠳᠡᠷᠵᠢᠭᠦᠯᠦᠭᠰᠡᠨ ᠪᠣᠢ︖      ︽ᠠᠷᠭ᠎ᠠ︾ ᠨᠢ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ  ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠵᠦ᠂ ᠲᠥᠷᠥ ᠠᠯᠪᠠᠨ ᠲᠠᠷᠬᠠᠭᠠᠭᠰᠠᠨ ﹇2007﹈ 34 ᠳ᠋ᠦ᠋ᠭᠡᠷ ᠲᠣᠭᠠᠲᠤ ᠪᠠ ᠲᠥᠷᠥ ᠠᠯᠪᠠᠨ ᠲᠠᠷᠬᠠᠭᠠᠭᠰᠠᠨ ﹇2012﹈ 2 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠰᠠᠭᠤᠷᠢᠨ ᠳᠡᠭᠡᠷ᠎ᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠥᠭᠡᠷᠡᠴᠢᠯᠡᠨ ᠰᠠᠶᠢᠵᠢᠷᠠᠭᠤᠯᠤᠭᠰᠠᠨ ᠪᠠ ᠲᠡᠭᠦᠯᠳᠡᠷᠵᠢᠭᠦᠯᠪᠡ᠃ ᠡᠭᠦᠨ ᠳᠤ ᠭᠤᠣᠯᠳᠠᠭᠤ ᠳᠣᠣᠷᠠᠬᠢ ᠲᠠᠪᠤᠨ ᠲᠠᠯ᠎ᠠ ᠶᠢ ᠪᠠᠭᠲᠠᠭᠠᠨ᠎ᠠ  ᠃      ᠨᠢᠭᠡ ᠳᠤ᠂ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠪᠠᠷᠢᠮᠵᠢᠶ᠎ᠠ ᠪᠣᠯᠭᠠᠵᠤ ᠱᠠᠭᠠᠷᠳᠠᠪᠠ᠃ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠮᠤᠷᠠᠯ ᠤᠨ ᠰᠤᠷᠭᠠᠨ ᠬᠥᠮᠥᠵᠢᠯ ᠢ ᠴᠢᠩᠭᠠᠳᠬᠠᠵᠤ᠂ ᠰᠢᠯᠢᠳᠡᠭ ᠪᠠᠭᠰᠢ ᠬᠥᠮᠥᠵᠢᠭᠦᠯᠬᠦ ᠰᠢᠨ᠎ᠡ ᠵᠠᠭᠪᠤᠷ ᠢ ᠰᠦᠪᠡᠭᠴᠢᠯᠡᠵᠦ᠂ ᠬᠦᠰᠡᠯ ᠵᠣᠷᠢᠭ ᠲᠠᠢ᠂ ᠡᠷᠬᠢᠮ ᠳᠡᠭᠡᠳᠦ ᠶᠣᠰᠣ ᠰᠤᠷᠲᠠᠬᠤᠨ ᠲᠠᠢ᠂ ᠯᠠᠪᠳᠠᠭᠤᠨ ᠪᠠᠲᠤ ᠡᠷᠳᠡᠮ ᠮᠡᠳᠡᠯᠭᠡ ᠲᠠᠢ᠂ ᠡᠨᠡᠷᠢᠯ ᠬᠠᠶᠢᠷ᠎ᠠ ᠶᠢᠨ ᠰᠡᠳᠬᠢᠯᠭᠡ ᠲᠠᠢ ︽ᠳᠥᠷᠪᠡ ᠪᠠᠶᠢᠬᠤ︾ ᠰᠠᠶᠢᠨ ᠪᠠᠭᠰᠢ ᠶᠢ ᠴᠢᠷᠮᠠᠶᠢᠨ ᠬᠥᠮᠥᠵᠢᠭᠦᠯᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠥᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠦᠨ᠂ ᠪᠠᠭᠰᠢ ᠶᠢᠨ ᠠᠵᠢᠯ ᠢ ᠬᠥᠮᠥᠨ ᠪᠦᠬᠦᠨ ᠤ ᠪᠢᠰᠢᠷᠡᠨ ᠬᠦᠷᠢᠶᠡᠯᠡᠬᠦ ᠠᠵᠢᠯ ᠮᠡᠷᠭᠡᠵᠢᠯ ᠪᠣᠯᠭᠠᠨ᠎ᠠ᠃      ᠬᠤᠶᠠᠷ ᠲᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠪᠠᠶᠢᠭᠤᠯᠪᠠ᠃ ︽ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ︾ ᠶᠢ ︽ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ︾ ᠪᠣᠯᠭᠠᠨ ᠲᠣᠬᠢᠷᠠᠭᠤᠯᠵᠤ᠂ ᠤᠯᠤᠰ ᠤᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠲᠤ ᠰᠤᠷᠤᠯᠭ᠎ᠠ ᠶᠢᠨ ᠰᠦᠢᠳᠬᠡᠯ᠂ ᠪᠠᠶᠢᠷᠢ ᠶᠢᠨ ᠰᠦᠢᠳᠬᠡᠯ ᠠᠴᠠ ᠬᠡᠯᠲᠦᠷᠢᠭᠦᠯᠬᠦ ᠪᠠ ᠠᠮᠢᠳᠤᠷᠠᠯ ᠤᠨ ᠰᠦᠢᠳᠬᠡᠯ ᠢ ᠨᠢ ᠨᠥᠬᠦᠪᠦᠷᠢᠯᠡᠬᠦ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠬᠦ︾ ᠠᠯᠪᠠᠨ ᠤ ᠰᠦᠢᠳᠬᠡᠯ ᠢᠶᠠᠷ ᠬᠥᠮᠥᠵᠢᠭᠦᠯᠬᠦ᠂ ᠵᠢᠴᠢ ᠲᠡᠭᠦᠰᠦᠭᠰᠡᠨ ᠤ ᠳᠠᠷᠠᠭ᠎ᠠ ᠠᠵᠢᠯ ᠣᠯᠭᠤᠨ ᠲᠣᠬᠢᠷᠠᠭᠤᠯᠬᠤ ᠶᠢᠨ ᠬᠠᠮᠲᠤ ᠣᠷᠣᠨ ᠲᠣᠭᠠᠨ ᠳᠤ ᠣᠷᠣᠭᠤᠯᠤᠨ ᠠᠵᠢᠯ ᠤᠨ ᠪᠠᠶᠢᠷᠢ ᠳᠤ ᠭᠠᠷᠭᠠᠬᠤ ᠶᠢ ᠪᠠᠲᠤᠯᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠮᠡᠷᠭᠡᠵᠢᠯ ᠰᠤᠷᠴᠤ᠂ ᠲᠡᠭᠦᠰᠦᠭᠰᠡᠨ ᠤ ᠳᠠᠷᠠᠭ᠎ᠠ ᠪᠠᠭᠰᠢᠯᠠᠬᠤ ᠣᠮᠣᠭᠰᠢᠯᠲᠤ ᠰᠡᠳᠬᠢᠯᠭᠡ ᠶᠢ ᠨᠢ ᠴᠢᠩᠭᠠᠷᠠᠭᠤᠯᠤᠨ᠎ᠠ᠃ ᠵᠠᠷᠢᠮ ᠣᠷᠣᠨ ᠨᠤᠲᠤᠭ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠢᠭᠡᠨᠲᠡ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ  ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠠᠩᠬ᠎ᠠ ᠠᠯᠬᠤᠮ ᠪᠠᠶᠢᠭᠤᠯᠤᠭᠰᠠᠨ ᠪᠠᠶᠢᠪᠠᠯ᠂ ︽ᠠᠷᠭ᠎ᠠ︾  ᠨᠢ ᠣᠷᠣᠨ ᠨᠤᠲᠤᠭ ᠤᠨ ᠳᠦᠷᠢᠮ ᠤᠨ ᠰᠦᠪᠡᠭᠴᠢᠯᠡᠯᠲᠡ ᠶᠢ ᠤᠯᠤᠰ ᠤᠨ ᠳᠦᠷᠢᠮ ᠤᠨ ᠰᠢᠰᠲ᠋ᠧᠮᠵᠢ ᠳᠤ ᠵᠢᠩᠬᠢᠨᠢ ᠪᠠᠷ ᠣᠷᠣᠭᠤᠯᠬᠤ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃       ᠭᠤᠷᠪᠠ ᠳᠤ᠂ ᠭᠡᠷ᠎ᠡ ᠭᠦᠢᠴᠡᠳᠬᠡᠨ ᠪᠠᠭᠰᠢᠯᠠᠬᠤ ᠵᠢᠯ ᠤᠨ ᠬᠢᠵᠠᠭᠠᠷ ᠢ ᠲᠣᠬᠢᠷᠠᠭᠤᠯᠪᠠ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠭᠡᠷ᠎ᠡ ᠭᠦᠢᠴᠡᠳᠬᠡᠨ ᠪᠠᠭᠰᠢᠯᠠᠵᠤ ᠦᠢᠯᠡᠴᠢᠯᠡᠬᠦ ᠵᠢᠯ ᠤᠨ ᠬᠢᠵᠠᠭᠠᠷ ᠢ 6 ᠵᠢᠯ ᠠᠴᠠ ᠳᠡᠭᠡᠭᠰᠢ ᠪᠣᠯᠭᠠᠨ ᠲᠣᠬᠢᠷᠠᠭᠤᠯᠵᠤ᠂ ᠡᠨᠡ ᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠨᠢ 10 ᠲᠦᠮᠡ ᠣᠷᠴᠢᠮ ᠤᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠲᠤ ᠠᠰᠢᠭ ᠬᠦᠷᠲᠡᠭᠡᠬᠦ ᠪᠣᠯᠣᠨ᠎ᠠ᠃ 6 ᠵᠢᠯ ᠪᠠᠭᠰᠢᠯᠠᠬᠤ ᠨᠢ ᠶᠠᠭ ᠰᠠᠶᠢᠬᠠᠨ ᠪᠠᠭ᠎ᠠ ᠰᠤᠷᠭᠠᠭᠤᠯᠢ ᠶᠢᠨ 6 ᠵᠢᠯ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ 3 ᠵᠢᠯ ᠤᠨ ᠪᠦᠷᠢᠨ ᠪᠦᠲᠦᠨ ᠵᠢᠭᠠᠨ ᠰᠤᠷᠭᠠᠯᠲᠠ ᠶᠢᠨ ᠦᠶᠡᠯᠡᠯ ᠤᠨ ᠬᠤᠭᠤᠴᠠᠭ᠎ᠠ ᠶᠢ ᠪᠡᠶᠡᠯᠡᠭᠦᠯᠵᠦ ᠴᠢᠳᠠᠬᠤ ᠪᠠᠷ ᠪᠠᠷᠠᠬᠤ ᠦᠭᠡᠢ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠲᠤ ᠨᠡᠩ ᠶᠡᠭᠡ ᠬᠥᠭᠵᠢᠯᠲᠡ ᠶᠢᠨ ᠣᠷᠣᠨ ᠵᠠᠢ ᠡᠭᠦᠳᠦᠨ ᠥᠭᠴᠦ᠂ ᠲᠥᠷᠥ ᠶᠢᠨ ᠪᠣᠳᠣᠯᠭ᠎ᠠ ᠶᠢᠨ ︽ᠠᠮᠢᠵᠢᠷᠠᠯ ᠤᠨ ᠬᠦᠴᠦᠨ︾ ᠢ ᠤᠯᠠᠮ ᠨᠢᠭᠡ ᠠᠯᠬᠤᠮ ᠬᠥᠭᠵᠢᠭᠡᠵᠦ ᠴᠢᠳᠠᠨ᠎ᠠ᠃ ᠡᠭᠦᠨ ᠤ ᠬᠠᠮᠲᠤ᠂ ︽ᠠᠷᠭ᠎ᠠ︾ ᠳᠤ ᠬᠥᠳᠡᠭᠡ ᠲᠣᠰᠬᠤᠨ ᠤ ᠭᠠᠵᠠᠷ ᠣᠷᠣᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠲᠡᠶᠢᠰᠢ ᠬᠡᠯᠪᠡᠶᠢᠯᠭᠡᠨ ᠳᠡᠮᠵᠢᠯᠭᠡ ᠦᠵᠡᠭᠦᠯᠵᠦ  ᠪᠠᠶᠢᠬᠤ ᠪᠠᠨ ᠢᠯᠡᠷᠡᠭᠦᠯᠵᠦ᠂ ︽ᠬᠤᠲᠠ ᠪᠠᠯᠭᠠᠰᠤ ᠶᠢᠨ ᠰᠤᠷᠭᠠᠭᠤᠯᠢ ᠳᠤ ᠣᠴᠢᠵᠤ ᠠᠵᠢᠯᠯᠠᠬᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠡᠷᠬᠡᠪᠰᠢ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ 1 ᠵᠢᠯ ᠦᠢᠯᠡᠴᠢᠯᠡᠬᠦ ᠬᠡᠷᠡᠭᠲᠡᠢ︾ ᠭᠡᠵᠦ ᠲᠣᠭᠲᠠᠭᠠᠪᠠ᠃      ᠳᠥᠷᠪᠡ ᠳᠤ᠂ ᠭᠡᠷ᠎ᠡ ᠭᠦᠢᠴᠡᠳᠬᠡᠬᠦ ᠶᠢ ᠬᠠᠮᠢᠶᠠᠷᠬᠤ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠰᠠᠶᠢᠵᠢᠷᠠᠭᠤᠯᠪᠠ᠃ ︽ᠠᠷᠭ᠎ᠠ︾ ᠳᠤ ᠰᠤᠷᠭᠠᠭᠤᠯᠢ ᠳᠤ ᠰᠠᠭᠤᠭ᠎ᠠ ᠬᠤᠭᠤᠴᠠᠭᠠᠨ ᠳᠠᠬᠢ ᠠᠯᠪᠠᠨ ᠤ ᠰᠦᠢᠳᠬᠡᠯ ᠤᠨ ᠪᠤᠰᠤ ᠪᠠᠭᠰᠢ ᠶᠢᠨ ᠮᠡᠷᠭᠡᠵᠢᠯ ᠤᠨ ᠣᠶᠤᠲᠠᠳ ᠤᠨ ᠣᠷᠣᠬᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠤᠴᠠᠨ ᠭᠠᠷᠬᠤ ᠪᠣᠳᠠᠲᠠᠢ ᠠᠷᠭ᠎ᠠ ᠵᠢᠴᠢ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠬᠤᠶᠠᠳᠠᠬᠢ ᠤᠳᠠᠭ᠎ᠠ ᠲᠤᠰᠬᠠᠢ ᠮᠡᠷᠭᠡᠵᠢᠯ ᠤᠨ ᠰᠣᠩᠭᠤᠯᠲᠠ ᠬᠢᠬᠦ ᠲᠠᠯ᠎ᠠ ᠪᠠᠷ ᠪᠣᠳᠠᠲᠠᠢ ᠲᠣᠭᠲᠠᠭᠠᠯ ᠲᠣᠭᠲᠠᠭᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠰᠢᠨ᠎ᠡ ᠠᠰᠠᠭᠤᠳᠠᠯ᠂ ᠣᠨᠴᠠᠭᠠᠶᠢᠯᠠᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠣᠨᠴᠠᠭᠠᠢ ᠰᠢᠯᠲᠠᠭᠠᠨ ᠠᠴᠠ ᠪᠣᠯᠵᠤ ᠮᠤᠵᠢ ᠠᠯᠤᠰᠯᠠᠨ ᠠᠵᠢᠯᠯᠠᠬᠤ᠂ ᠠᠵᠢᠯ ᠤᠨ ᠰᠢᠯᠵᠢᠯᠲᠡ ᠬᠢᠬᠦ᠂ ᠬᠡᠯᠡᠯᠴᠡᠭᠡᠷ ᠢᠶᠠᠨ ᠵᠣᠭᠰᠣᠭᠠᠬᠤ ᠪᠤᠶᠤ ᠳᠠᠭᠤᠰᠬᠠᠬᠤ᠂ ᠭᠡᠷ᠎ᠡ ᠠᠴᠠ ᠵᠥᠷᠢᠴᠡᠭᠰᠡᠨ ᠢ ᠰᠢᠢᠳᠪᠦᠷᠢᠯᠡᠬᠦ ᠵᠡᠷᠭᠡ ᠲᠠᠯ᠎ᠠ ᠳᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠ ᠨᠥᠬᠦᠪᠦᠷᠢ ᠲᠣᠭᠲᠠᠭᠠᠯ ᠭᠠᠷᠭᠠᠪᠠ᠃ ᠤᠤᠯ ᠳᠤ ᠪᠠᠨ ︽ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠬᠡᠯᠡᠯᠴᠡᠭᠡᠷ︾ ᠲᠤ ᠭᠠᠷ ᠤᠨ ᠦᠰᠦᠭ ᠵᠢᠷᠤᠭᠰᠠᠨ ᠮᠥᠷᠲᠡᠭᠡᠨ ᠶᠠᠭ ᠰᠠᠶᠢᠬᠠᠨ ᠭᠡᠷ᠎ᠡ ᠭᠦᠢᠴᠡᠳᠬᠡᠨ ᠪᠠᠭᠰᠢᠯᠠᠵᠤ ᠪᠠᠶᠢᠭ᠎ᠠ ᠰᠦᠢᠳᠬᠡᠯ ᠬᠤᠷᠢᠶᠠᠬᠤ ᠦᠭᠡᠢ ᠪᠠᠭᠰᠢ ᠶᠢᠨ ᠮᠡᠷᠭᠡᠵᠢᠯ ᠤᠨ ᠣᠶᠤᠲᠠᠨ ᠨᠢᠭᠡᠪᠦᠷᠢ ᠳᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠥᠷᠥ ᠶᠢᠨ ᠪᠣᠳᠣᠯᠭ᠎ᠠ ᠶᠢᠨ ᠬᠠᠮᠢᠶᠠᠷᠤᠯᠲᠠ ᠶᠢ ᠲᠣᠬᠢᠷᠠᠭᠤᠯᠤᠨ ᠬᠡᠷᠡᠭᠯᠡᠵᠦ᠂ ᠭᠡᠷ᠎ᠡ ᠵᠥᠷᠢᠴᠡᠭᠰᠡᠨ ᠪᠤᠶᠤ ᠨᠢᠭᠡᠨᠲᠡ ᠲᠣᠭᠲᠠᠭᠰᠠᠨ ᠵᠢᠷᠦᠮ ᠶᠣᠰᠣᠭᠠᠷ ᠬᠡᠯᠡᠯᠴᠡᠭᠡᠷ ᠢ ᠬᠦᠴᠦᠨ ᠦᠭᠡᠢ ᠪᠣᠯᠭᠠᠭᠰᠠᠨ ᠪᠠᠶᠢᠪᠠᠯ᠂ ᠳᠠᠬᠢᠵᠤ ︽ᠠᠷᠭ᠎ᠠ︾ ᠶᠢᠨ ᠲᠣᠭᠲᠠᠭᠠᠯ ᠢ ᠳᠠᠬᠢᠵᠤ ᠬᠡᠷᠡᠭᠯᠡᠬᠦ ᠦᠭᠡᠢ᠃      ᠲᠠᠪᠤ ᠳᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠰᠤᠷᠤᠭᠴᠢ ᠡᠯᠰᠡᠨ  ᠰᠢᠯᠭᠠᠷᠠᠭᠤᠯᠬᠤ ᠠᠷᠭ᠎ᠠ ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠬᠤ᠂ ᠰᠤᠷᠤᠯᠴᠠᠭᠤᠯᠤᠨ ᠤᠷᠮᠠᠰᠢᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠴᠢᠨᠠᠷ ᠰᠠᠶᠢᠲᠠᠢ ᠬᠦᠮᠦᠵᠢᠭᠦᠯᠦᠯᠲᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠲᠥᠪᠯᠡᠷᠡᠭᠦᠯᠬᠦ᠂ ᠵᠠᠰᠠᠭ ᠤᠨ ᠣᠷᠳᠣᠨ ᠪᠤᠶᠤ ᠨᠡᠶᠢᠭᠡᠮ ᠠᠴᠠ ᠪᠡᠯᠡ ᠭᠠᠷᠭᠠᠨ ᠱᠠᠩᠨᠠᠨ ᠬᠥᠬᠢᠭᠦᠯᠬᠦ᠂ ᠪᠠᠭᠰᠢ ᠶᠢᠨ ᠲᠤᠰᠬᠠᠢ ᠮᠡᠷᠭᠡᠵᠢᠯ ᠢ ᠳᠡᠮᠵᠢᠬᠦ ᠡᠷᠴᠢᠮ ᠢ ᠴᠢᠩᠭᠠᠷᠠᠭᠤᠯᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠰᠢᠯᠢᠳᠡᠭ ᠴᠢᠳᠠᠪᠤᠷᠢᠲᠠᠨ ᠢ ᠲᠠᠲᠠᠵᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠨ ᠢᠶᠠᠷ ᠨᠡᠷ᠎ᠡ ᠮᠡᠳᠡᠭᠦᠯᠦᠨ ᠰᠢᠯᠭᠠᠭᠤᠯᠵᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ ᠤ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠬᠦ᠂ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠰᠦᠢᠳᠬᠡᠯ ᠢ ᠨᠢ ᠪᠤᠴᠠᠭᠠᠬᠤ᠂ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠥᠭᠬᠦ ᠪᠠ ᠰᠤᠷᠤᠯᠭ᠎ᠠ ᠶᠢ ᠲᠡᠳᠬᠦᠬᠦ ᠤᠯᠤᠰ ᠤᠨ ᠵᠢᠭᠡᠯᠡᠯᠭᠡ ᠪᠠᠷ ᠣᠷᠣᠯᠠᠨ ᠲᠥᠯᠥᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠰᠦᠪᠡᠭᠴᠢᠯᠡᠬᠦ ᠪᠠᠷ ᠳᠡᠮᠵᠢᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠬᠥᠮᠥᠵᠢᠭᠦᠯᠬᠦ ᠬᠡᠪᠴᠢᠶ᠎ᠡ ᠶᠢ ᠦᠷᠭᠡᠳᠭᠡᠨ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠠᠯᠪᠠᠨ ᠤ ᠰᠦᠢᠳᠬᠡᠯ ᠤᠨ  ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠡᠭᠦᠰᠦᠭᠰᠡᠨ ᠤ ᠳᠠᠷᠠᠭ᠎ᠠ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ ᠪᠠᠭᠰᠢᠯᠠᠨ ᠦᠢᠯᠡᠴᠢᠯᠡᠬᠦ ᠶᠢ ᠵᠣᠷᠢᠭᠵᠢᠭᠤᠯᠤᠨ ᠳᠡᠮᠵᠢᠨ᠎ᠡ᠃       ᠲᠠᠪᠤ᠂ ︽ᠠᠷᠭ᠎ᠠ︾ ᠳᠤ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠷᠭ᠎ᠠ  ᠬᠡᠮᠵᠢᠶ᠎ᠡ ᠶᠢ ᠳᠤᠷᠠᠳᠤᠭᠰᠠᠨ ᠪᠣᠢ︖       ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠤᠷᠤᠭᠰᠢᠲᠠᠢ ᠬᠡᠷᠡᠭᠵᠢᠭᠦᠯᠦᠨ᠂ ᠲᠤᠭᠤᠰᠢᠲᠠᠢ ᠨᠠᠶᠢᠳᠠᠪᠤᠷᠢᠵᠢᠭᠤᠯᠵᠤ᠂ ᠰᠢᠯᠢᠳᠡᠭ ᠴᠢᠳᠠᠪᠤᠷᠢᠲᠠᠳ ᠢ ᠲᠠᠲᠠᠵᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠡᠩᠨᠡᠭᠡᠨ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠬᠡᠯᠡᠯᠴᠡᠭᠡᠷ ᠢ ᠴᠢᠩᠭ᠎ᠠ ᠵᠢᠷᠤᠮᠯᠠᠨ ᠭᠡᠷ᠎ᠡ ᠭᠦᠢᠴᠡᠳᠬᠡᠨ ᠪᠠᠭᠰᠢᠯᠠᠬᠤ ᠶᠢ ᠠᠬᠢᠭᠤᠯᠬᠤ ᠶᠢᠨ ᠲᠥᠯᠥᠭᠡ᠂ ︽ᠠᠷᠭ᠎ᠠ︾ ᠳᠤ ᠳᠣᠣᠷᠠᠬᠢ ᠬᠡᠳᠦᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠳᠤᠷᠠᠳᠴᠠᠢ᠃       ᠨᠢᠭᠡ ᠳᠤ᠂ ᠣᠷᠣᠨ ᠲᠤᠭ᠎ᠠ ᠳᠤ ᠣᠷᠣᠭᠤᠯᠤᠨ ᠠᠵᠢᠯ ᠤᠨ ᠪᠠᠶᠢᠷᠢ ᠳᠤ ᠭᠠᠷᠭᠠᠬᠤ ᠶᠢ ᠪᠠᠲᠤᠯᠠᠨ᠎ᠠ᠃ ᠰᠤᠷᠭᠠᠨ ᠬᠥᠮᠥᠵᠢᠯ ᠤᠨ ᠶᠠᠮᠤᠨ ᠠᠴᠠ ᠰᠤᠷᠤᠭᠴᠢ ᠡᠯᠰᠡᠬᠦ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠰᠤᠷᠤᠭᠴᠢ ᠡᠯᠰᠡᠨ ᠬᠥᠮᠥᠵᠢᠭᠦᠯᠬᠦ ᠬᠢᠭᠡᠳ ᠪᠠᠭᠰᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠵᠣᠯᠭᠠᠯᠳᠤᠭᠤᠯᠬᠤ ᠶᠢ ᠰᠠᠶᠢᠲᠤᠷ ᠬᠢᠵᠦ᠂ ᠠᠶᠠᠨᠳᠠᠭᠠᠨ ᠬᠦᠮᠦᠨ ᠬᠠᠰᠤᠭᠳᠠᠬᠤ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠲᠤᠬᠠᠢ ᠶᠢᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠬᠤᠭᠤᠰᠤᠨ ᠣᠷᠣᠨ ᠲᠤᠭ᠎ᠠ ᠶᠢᠨ ᠪᠠᠶᠢᠳᠠᠯ ᠢ ᠲᠥᠰᠥᠭᠡᠯᠡᠨ ᠪᠣᠳᠣᠵᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠨ ᠡᠯᠰᠡᠬᠦ ᠣᠨ ᠤ ᠲᠥᠯᠥᠪᠯᠡᠭᠡ ᠶᠢ ᠵᠦᠢ ᠵᠣᠬᠢᠰᠲᠠᠢ ᠲᠣᠭᠲᠠᠭᠠᠨ᠂ ᠰᠤᠷᠤᠭᠴᠢ ᠡᠯᠰᠡᠬᠦ ᠬᠢᠭᠡᠳ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠰᠠᠯᠤᠩᠭᠢᠷᠠᠭᠰᠠᠨ ᠠᠴᠠ ᠪᠣᠯᠵᠤ ᠣᠷᠣᠨ ᠲᠤᠭ᠎ᠠ ᠳᠤ ᠣᠷᠣᠭᠤᠯᠬᠤ ᠶᠢᠨ ᠠᠷᠭ᠎ᠠ ᠦᠭᠡᠢ ᠪᠠᠶᠢᠳᠠᠯ ᠢ ᠪᠣᠢ ᠪᠣᠯᠭᠠᠬᠤ ᠠᠴᠠ ᠵᠠᠶᠢᠯᠠᠰᠬᠢᠨ᠎ᠡ᠃ ᠡᠯ᠎ᠡ ᠭᠠᠵᠠᠷ ᠤᠨ  ᠬᠢᠨ ᠤ ᠮᠤᠵᠢ ᠶᠢᠨ ᠳᠣᠲᠣᠭᠠᠳᠤ ᠶᠢᠨ ᠠᠵᠢᠯ ᠦᠢᠯᠡᠰ ᠤᠨ ᠣᠷᠣᠨ ᠲᠤᠭ᠎ᠠ ᠪᠠᠨ ᠨᠢᠭᠡᠳᠦᠯᠲᠡᠢ ᠲᠥᠯᠥᠪᠵᠢᠭᠦᠯᠵᠦ ᠲᠣᠬᠢᠷᠠᠭᠤᠯᠤᠨ ᠬᠡᠷᠡᠭᠯᠡᠬᠦ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ᠂ ᠰᠢᠯᠵᠢᠭᠦᠯᠦᠨ ᠬᠡᠷᠡᠭᠯᠡᠬᠦ᠂ ᠬᠤᠭᠤᠰᠤᠨ ᠣᠷᠣᠨ ᠲᠤᠭ᠎ᠠ ᠶᠢ ᠤᠷᠢᠳ ᠢᠶᠠᠷ ᠠᠰᠢᠭᠯᠠᠵᠤ ᠬᠦᠯᠢᠶᠡᠨ ᠠᠪᠬᠤ ᠵᠡᠷᠭᠡ ᠠᠷᠭ᠎ᠠ ᠪᠠᠷ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠳᠤ ᠬᠡᠷᠡᠭᠰᠡᠬᠦ ᠣᠷᠣᠨ ᠲᠤᠭ᠎ᠠ ᠶᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠠᠯᠪᠠᠨ ᠤ ᠰᠦᠢᠳᠬᠡᠯ ᠤᠨ ᠪᠠᠭᠰᠢ ᠶᠢᠨ  ᠮᠡᠷᠭᠡᠵᠢᠯ ᠤᠨ ᠣᠶᠤᠲᠠᠳ ᠢ ᠲᠤᠰᠬᠠᠢ ᠵᠦᠢᠯ ᠢᠶᠠᠷ ᠡᠯᠰᠡᠬᠦ ᠶᠢ ᠬᠡᠷᠡᠭᠵᠢᠭᠦᠯᠦᠨ᠂ ᠬᠥᠮᠥᠨ ᠬᠡᠷᠡᠭᠯᠡᠬᠦ ᠰᠤᠷᠭᠠᠭᠤᠯᠢ  ᠬᠢᠭᠡᠳ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠵᠣᠬᠢᠶᠠᠨ ᠪᠠᠶᠢᠭᠤᠯᠵᠤ ᠪᠠᠶᠢᠭᠠᠳ ᠬᠤᠣᠰ ᠴᠢᠭᠯᠡᠯ ᠢᠶᠠᠷ ᠰᠣᠩᠭᠤᠯᠲᠠ ᠬᠢᠯᠭᠡᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠢᠶᠠᠷ ᠲᠡᠭᠦᠰᠦᠭᠰᠡᠨ ᠣᠶᠤᠲᠠᠨ ᠨᠢᠭᠡᠪᠦᠷᠢ ᠳᠤ ᠪᠠᠭᠰᠢᠯᠠᠬᠤ ᠰᠤᠷᠭᠠᠭᠤᠯᠢ ᠶᠢ ᠨᠢ ᠨᠠᠶᠢᠳᠠᠪᠤᠷᠢᠵᠢᠭᠤᠯᠬᠤ ᠶᠢᠨ ᠬᠠᠮᠲᠤ  ᠣᠷᠣᠨ ᠲᠤᠭ᠎ᠠ ᠪᠠ ᠠᠵᠢᠯ ᠤᠨ ᠪᠠᠶᠢᠷᠢ ᠪᠠᠶᠢᠬᠤ ᠶᠢ ᠪᠠᠲᠤᠯᠠᠨ᠎ᠠ᠃      ᠬᠤᠶᠠᠷ ᠲᠤ᠂ ᠭᠡᠷ᠎ᠡ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠨ᠎ᠠ᠃ ︽ᠠᠷᠭ᠎ᠠ︾ ᠳᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ᠂ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠠ ᠣᠶᠤᠲᠠᠨ ᠤ ᠢᠷᠡᠯᠲᠡ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠷᠪᠠᠨ ᠲᠠᠯ᠎ᠠ ᠪᠠᠷ ᠢᠶᠠᠨ ᠡᠷᠬᠡᠪᠰᠢ ︽ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠬᠡᠯᠡᠯᠴᠡᠭᠡᠷ︾ ᠲᠣᠭᠲᠠᠨ᠂ ᠡᠯ᠎ᠡ ᠲᠠᠯ᠎ᠠ ᠶᠢᠨ  ᠬᠢᠨ ᠤ ᠡᠷᠬᠡ ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠪᠠ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠡᠷᠬᠡᠪᠰᠢ ᠬᠡᠯᠡᠯᠴᠡᠭᠡᠷ ᠢ ᠴᠢᠩᠭ᠎ᠠ ᠭᠦᠢᠴᠡᠳᠭᠡᠨ᠂ ᠬᠡᠯᠡᠯᠴᠡᠭᠡᠷ ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ ᠤᠨ ᠠᠵᠢᠯ ᠢ ᠭᠦᠢᠴᠡᠳᠬᠡᠭᠰᠡᠨ ᠦᠭᠡᠢ ᠪᠠᠶᠢᠪᠠᠯ᠂ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠯ ᠬᠦᠷᠲᠡᠭᠰᠡᠨ ᠰᠦᠢᠳᠬᠡᠯ ᠢ ᠪᠤᠴᠠᠭᠠᠬᠤ ᠶᠢᠨ ᠬᠠᠮᠲᠤ ᠭᠡᠷ᠎ᠡ ᠵᠥᠷᠢᠴᠡᠭᠰᠡᠨ ᠮᠥᠩᠭᠦ ᠲᠤᠰᠢᠶᠠᠬᠤ ᠬᠡᠷᠡᠭᠲᠡᠢ᠃ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠵᠢᠯ ᠤᠨ ᠪᠠᠶᠢᠷᠢ ᠶᠢ ᠨᠠᠶᠢᠳᠠᠪᠤᠷᠢᠵᠢᠭᠤᠯᠬᠤ᠂ ᠲᠤᠰᠬᠠᠢ ᠵᠦᠢᠯ ᠢᠶᠠᠷ ᠡᠯᠰᠡᠬᠦ᠂ ᠮᠤᠵᠢ ᠠᠯᠤᠰᠯᠠᠨ ᠠᠵᠢᠯ ᠣᠯᠭᠤᠬᠤ᠂ ᠭᠡᠷ᠎ᠡ ᠭᠦᠢᠴᠡᠳᠬᠡᠬᠦ ᠢ ᠮᠥᠷᠳᠡᠨ ᠬᠠᠮᠢᠶᠠᠷᠬᠤ᠂ ᠬᠡᠯᠡᠯᠴᠡᠭᠡᠷ ᠢ ᠵᠣᠭᠰᠣᠭᠠᠬᠤ  ᠪᠤᠶᠤ ᠳᠠᠭᠤᠰᠬᠠᠬᠤ᠂ ᠭᠡᠷ᠎ᠡ ᠵᠥᠷᠢᠴᠡᠭᠰᠡᠨ ᠢ ᠨᠢ ᠰᠢᠢᠳᠪᠦᠷᠢᠯᠡᠬᠦ ᠵᠡᠷᠭᠡ ᠪᠣᠳᠠᠲᠠᠢ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠬᠠᠷᠢᠭᠤᠴᠠᠵᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠨ ᠨᠢᠭᠡᠪᠦᠷᠢ ᠳᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠢ᠃      ᠭᠤᠷᠪᠠ ᠳᠤ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ  ᠲᠣᠳᠣᠷᠬᠠᠶᠢᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ ᠲᠣᠳᠣᠷᠬᠠᠶᠢᠯᠠᠵᠤ᠂ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠨᠢ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠡᠯᠰᠡᠵᠦ ᠬᠥᠮᠥᠵᠢᠭᠦᠯᠬᠦ᠂ ᠠᠵᠢᠯ ᠣᠯᠭᠤᠬᠤ ᠵᠢᠯᠣᠭᠤᠳᠤᠯᠭ᠎ᠠ ᠬᠢᠬᠦ᠂ ᠠᠵᠢᠯ ᠤᠨ ᠪᠠᠶᠢᠷᠢ ᠶᠢ ᠨᠢ ᠨᠠᠶᠢᠳᠠᠪᠤᠷᠢᠵᠢᠭᠤᠯᠬᠤ᠂ ᠲᠣᠮᠢᠯᠠᠯᠲᠠ ᠶᠢ ᠭᠦᠢᠴᠡᠳᠬᠡᠬᠦ᠂ ᠭᠡᠷ᠎ᠡ ᠭᠦᠢᠴᠡᠳᠬᠡᠬᠦ ᠶᠢ ᠬᠠᠮᠢᠶᠠᠷᠬᠤ ᠵᠡᠷᠭᠡ ᠠᠵᠢᠯ ᠢ ᠲᠦᠷᠦᠭᠦᠯᠡᠨ ᠬᠠᠷᠢᠭᠤᠴᠠᠨ᠎ᠠ︔ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠤᠰᠬᠠᠢ ᠵᠦᠢᠯ ᠢᠶᠠᠷ ᠡᠯᠰᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ︔ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠥᠴᠢᠷ ᠨᠢ ᠬᠠᠷᠭᠤᠭᠤᠯᠤᠨ ᠲᠣᠭᠲᠠᠭᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠳ ᠤᠨ ᠣᠷᠣᠨ ᠲᠣᠭᠠᠨ ᠤ ᠶᠡᠷᠦᠩᠬᠡᠢ ᠲᠣᠭᠠᠨ ᠳᠣᠲᠣᠷ᠎ᠠ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠣᠷᠣᠨ ᠲᠤᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠵᠠᠷᠤᠳᠠᠯ ᠤᠨ ᠪᠠᠲᠤᠯᠠᠭ᠎ᠠ ᠶᠢ ᠬᠠᠷᠢᠭᠤᠴᠠᠵᠤ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠤᠷᠭᠠᠭᠤᠯᠢ ᠨᠤᠭᠤᠳ ᠵᠣᠬᠢᠴᠠᠭᠤᠯᠭ᠎ᠠ ᠪᠠᠨ ᠦᠨᠡᠨ ᠬᠦ ᠴᠢᠩᠭᠠᠳᠬᠠᠨ᠂ ᠠᠵᠢᠯ ᠤᠨ ᠬᠤᠪᠢᠶᠠᠷᠢᠯᠠᠯ ᠲᠣᠳᠣᠷᠬᠠᠢ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠵᠢᠯ ᠤᠨ ᠬᠠᠮᠵᠢᠯᠴᠠᠨ ᠠᠬᠢᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠡᠯᠰᠡᠵᠦ ᠬᠥᠮᠥᠵᠢᠭᠦᠯᠬᠦ᠂ ᠡᠯᠰᠡᠨ ᠠᠵᠢᠯ ᠣᠯᠭᠤᠬᠤ᠂ ᠣᠷᠣᠨ ᠲᠤᠭ᠎ᠠ ᠳᠤ ᠣᠷᠣᠭᠤᠯᠤᠨ ᠠᠵᠢᠯ ᠤᠨ ᠪᠠᠶᠢᠷᠢ ᠳᠤ ᠭᠠᠷᠭᠠᠬᠤ᠂ ᠵᠠᠷᠤᠳᠠᠯ ᠢ ᠪᠠᠲᠤᠯᠠᠬᠤ ᠵᠡᠷᠭᠡ ᠠᠵᠢᠯ ᠤᠨ ᠭᠤᠭᠴᠤᠭ᠎ᠠ ᠶᠢ ᠴᠢᠩᠭ᠎ᠠ ᠪᠣᠳᠠᠲᠠᠢ ᠪᠥᠭᠡᠳ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠵᠠᠢ᠃      ᠳᠥᠷᠪᠡ ᠳᠤ᠂ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠬᠥᠮᠥᠵᠢᠭᠦᠯᠦᠨ᠎ᠡ᠃ ᠪᠠᠭᠰᠢ ᠶᠢᠨ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠪᠠ ᠤᠯᠤᠰ ᠤᠨ ᠪᠠᠭᠰᠢ ᠶᠢᠨ ᠰᠤᠷᠭᠠᠨ ᠬᠥᠮᠥᠵᠢᠯ ᠤᠨ ᠰᠠᠭᠤᠷᠢᠨ ᠭᠠᠵᠠᠷ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠭᠰᠢ ᠶᠢᠨ ᠳᠡᠭᠡᠳᠦ ᠰᠤᠷᠭᠠᠭᠤᠯᠢ ᠬᠢᠭᠡᠳ ᠣᠷᠣᠨ ᠨᠤᠲᠤᠭ ᠤᠨ ᠵᠠᠰᠠᠭ ᠤᠨ ᠣᠷᠳᠣᠨ᠂ ᠳᠤᠮᠳᠠᠳᠤ ᠪᠠᠭ᠎ᠠ ᠰᠤᠷᠭᠠᠭᠤᠯᠢ ᠬᠠᠮᠵᠢᠯᠴᠠᠨ ᠬᠥᠮᠥᠵᠢᠭᠦᠯᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠰᠢᠯᠢᠳᠡᠭ ᠣᠶᠤᠲᠠᠳ ᠤᠨ ᠤᠯᠤᠰ ︵ᠬᠢᠯᠢ︶ ᠤᠨ ᠭᠠᠳᠠᠭᠠᠳᠤ ᠲᠠᠢ ᠰᠣᠯᠢᠯᠴᠠᠨ ᠰᠤᠷᠤᠯᠴᠠᠬᠤ ᠪᠠ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠶᠠᠪᠤᠭᠤᠯᠬᠤ ᠶᠢ ᠳᠡᠮᠵᠢᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠰᠤᠷᠭᠠᠨ ᠬᠥᠮᠥᠵᠢᠯ ᠪᠠ ᠵᠢᠭᠠᠨ ᠰᠤᠷᠭᠠᠯᠲᠠ ᠶᠢᠨ ᠮᠡᠷᠭᠡᠵᠢᠯ ᠴᠢᠳᠠᠪᠤᠷᠢ ᠶᠢᠨ ᠦᠨᠡᠨ ᠪᠣᠳᠠᠲᠠᠢ ᠪᠣᠯᠪᠠᠰᠤᠷᠠᠭᠤᠯᠤᠯ ᠤᠨ ᠲᠠᠪᠴᠠᠩ ᠢ ᠪᠠᠶᠢᠭᠤᠯᠵᠤ᠂ ︽ᠬᠤᠣᠰ ᠵᠢᠯᠣᠭᠤᠳᠬᠤ ᠪᠠᠭᠰᠢ︾ ᠶᠢᠨ ᠳᠦᠷᠢᠮ ᠪᠠ ᠰᠤᠷᠭᠠᠨ ᠬᠥᠮᠥᠵᠢᠯ ᠤᠨ ᠦᠢᠯᠡᠳᠦᠯᠭᠡ ᠨᠢ ᠠᠳᠠᠭ ᠲᠤ ᠪᠠᠨ ᠨᠢᠭᠡ ᠰᠤᠷᠤᠯᠭ᠎ᠠ ᠶᠢᠨ ᠬᠤᠭᠤᠴᠠᠭ᠎ᠠ ᠪᠠᠶᠢᠬᠤ ᠳᠦᠷᠢᠮ ᠢ ᠨᠠᠶᠢᠳᠠᠪᠤᠷᠢᠵᠢᠭᠤᠯᠵᠤ᠂ ᠬᠠᠮᠤᠭ ᠤᠨ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠬᠥᠮᠥᠵᠢᠭᠦᠯᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠬᠥᠮᠥᠵᠢᠭᠦᠯᠬᠦ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃       ᠲᠠᠪᠤ ᠳᠤ᠂ ᠵᠠᠷᠤᠳᠠᠯ ᠬᠢᠭᠡᠳ ᠬᠠᠷᠠᠭᠠᠯᠵᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠲᠤ ᠰᠤᠷᠤᠯᠭ᠎ᠠ ᠶᠢᠨ ᠰᠦᠢᠳᠬᠡᠯ᠂ ᠪᠠᠶᠢᠷᠢ ᠶᠢᠨ ᠰᠦᠢᠳᠬᠡᠯ ᠠᠴᠠ ᠬᠡᠯᠲᠦᠷᠢᠭᠦᠯᠬᠦ ᠪᠠ ᠠᠮᠢᠳᠤᠷᠠᠯ ᠤᠨ ᠰᠦᠢᠳᠬᠡᠯ ᠢ ᠨᠢ ᠨᠥᠬᠦᠪᠦᠷᠢᠯᠡᠬᠦ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠬᠦ︾ ᠠᠯᠪᠠᠨ ᠤ ᠰᠦᠢᠳᠬᠡᠯ ᠢᠶᠠᠷ ᠬᠥᠮᠥᠵᠢᠭᠦᠯᠬᠦ᠂ ᠵᠢᠴᠢ ᠲᠡᠭᠦᠰᠦᠭᠰᠡᠨ ᠤ ᠳᠠᠷᠠᠭ᠎ᠠ ᠰᠤᠷᠤᠭᠴᠢ ᠶᠢᠨ ᠢᠷᠡᠯᠲᠡ ᠶᠢᠨ ᠮᠤᠵᠢ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠨᠢ ᠠᠵᠢᠯ ᠲᠣᠬᠢᠷᠠᠭᠤᠯᠬᠤ ᠶᠢᠨ ᠬᠠᠮᠲᠤ ᠣᠷᠣᠨ ᠲᠣᠭᠠᠨ ᠳᠤ ᠣᠷᠣᠭᠤᠯᠤᠨ ᠠᠵᠢᠯ ᠤᠨ ᠪᠠᠶᠢᠷᠢ ᠳᠤ ᠭᠠᠷᠭᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠪᠠᠭᠰᠢ ᠶᠢᠨ ᠮᠡᠷᠭᠡᠵᠢᠯ ᠤᠨ ᠣᠶᠤᠲᠠᠳ ᠤᠨ ᠤᠯᠤᠰ ᠤᠨ ᠠᠯᠪᠠᠨ ᠤ ᠰᠦᠢᠳᠬᠡᠯ ᠢᠶᠠᠷ ᠬᠥᠮᠥᠵᠢᠭᠳᠡᠭᠰᠡᠨ ᠪᠠᠭᠰᠢ ᠪᠣᠯᠣᠭᠰᠠᠨ ᠤ ᠬᠠᠷᠢᠭᠤᠴᠠᠯᠭᠠᠲᠤ ᠰᠡᠳᠬᠢᠯᠭᠡ ᠪᠠ ᠢᠷᠠᠭᠤ ᠠᠯᠳᠠᠷᠲᠤ ᠰᠡᠳᠬᠢᠯᠭᠡ ᠶᠢ ᠨᠢ ᠤᠯᠠᠮ ᠨᠢᠭᠡ ᠠᠯᠬᠤᠮ ᠬᠥᠭᠵᠢᠭᠡᠨ᠎ᠡ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠴᠠᠭ ᠲᠤᠬᠠᠢ ᠳᠤ ᠨᠢ ᠲᠣᠬᠢᠷᠠᠭᠤᠯᠬᠤ᠂ ᠠᠯᠪᠠᠨ ᠵᠢᠷᠤᠮ ᠤᠨ ᠪᠤᠰᠤ ᠴᠢᠨᠠᠷᠲᠠᠢ ᠰᠤᠷᠤᠯᠭ᠎ᠠ ᠶᠢᠨ ᠬᠥᠬᠢᠭᠦᠯᠦᠯ ᠤᠨ ᠮᠥᠩᠭᠦ ᠣᠯᠭᠤᠬᠤ᠂ ᠲᠤᠰᠬᠠᠢ ᠵᠦᠢᠯ ᠤᠨ ᠰᠤᠷᠤᠯᠭ᠎ᠠ ᠶᠢᠨ ᠬᠥᠬᠢᠭᠦᠯᠦᠯ ᠤᠨ ᠮᠥᠩᠭᠦ ᠲᠣᠬᠢᠷᠠᠭᠤᠯᠬᠤ᠂ ᠰᠢᠯᠭᠠᠭᠤᠯᠬᠤ ᠦᠭᠡᠢ ᠪᠠᠷ ᠠᠰᠫᠢᠷᠠᠨᠲ ᠤᠨ ᠡᠷᠳᠡᠮ ᠤᠨ ᠴᠣᠯᠠ ᠲᠠᠨᠢᠯᠴᠠᠭᠤᠯᠤᠨ ᠰᠤᠷᠤᠯᠴᠠᠭᠤᠯᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠪᠡᠯᠡ ᠭᠠᠷᠭᠠᠯᠭᠠᠨ ᠱᠠᠩᠨᠠᠨ ᠬᠥᠬᠢᠭᠦᠯᠬᠦ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠤᠷᠲᠤ ᠬᠤᠭᠤᠴᠠᠭ᠎ᠠ ᠪᠠᠷ ᠪᠠᠭᠰᠢᠯᠠᠬᠤ᠂ ᠨᠠᠰᠤᠨ ᠲᠤᠷᠰᠢᠲᠠ ᠪᠠᠭᠰᠢᠯᠠᠬᠤ ᠶᠢ ᠵᠣᠷᠢᠭᠵᠢᠭᠤᠯᠤᠨ ᠳᠡᠮᠵᠢᠨ᠎ᠡ᠃      ᠵᠢᠷᠭᠤᠭ᠎ᠠ ᠳᠤ᠂ ᠬᠢᠨᠠᠨ ᠵᠢᠯᠣᠭᠤᠳᠴᠤ ᠪᠠᠶᠢᠴᠠᠭᠠᠬᠤ ᠪᠠ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ︽ᠠᠷᠭ᠎ᠠ︾ ᠳᠤ᠂ ᠡᠯ᠎ᠡ ᠱᠠᠲᠤᠨ ᠤ ᠰᠤᠷᠭᠠᠨ ᠬᠥᠮᠥᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠨᠢ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠠᠵᠢᠯ ᠢ ᠬᠢᠨᠠᠨ ᠵᠢᠯᠣᠭᠤᠳᠬᠤ ᠠᠭᠤᠯᠭ᠎ᠠ ᠳᠤ ᠪᠠᠨ ᠣᠷᠣᠭᠤᠯᠤᠨ᠂ ᠬᠢᠨᠠᠨ ᠵᠢᠯᠣᠭᠤᠳᠤᠭᠰᠠᠨ ᠪᠠᠶᠢᠳᠠᠯ ᠢᠶᠠᠨ ᠴᠠᠭ ᠲᠤᠬᠠᠢ ᠳᠤ ᠨᠢ ᠮᠡᠳᠡᠭᠡᠯᠡᠨ ᠨᠡᠪᠲᠡᠷᠡᠭᠦᠯᠬᠦ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠢ᠃ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠠᠵᠢᠯ ᠤᠨ ᠲᠠᠯ᠎ᠠ ᠪᠠᠷ ᠦᠷ᠎ᠡ ᠪᠦᠲᠦᠮᠵᠢ ᠲᠣᠪᠣᠶᠢᠮ᠎ᠠ ᠨᠢᠭᠡᠴᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠶᠢᠨ ᠬᠠᠮᠲᠤ᠂ ᠠᠮᠵᠢᠯᠲᠠ ᠲᠠᠢ ᠲᠤᠷᠰᠢᠯᠭ᠎ᠠ ᠶᠢ ᠨᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ ᠰᠤᠷᠭᠠᠨ ᠬᠥᠮᠥᠵᠢᠯ ᠤᠨ ᠶᠠᠮᠤᠨ ᠠᠴᠠ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ  ᠲᠠᠢ ᠬᠠᠮᠲᠤᠷᠠᠨ ᠲᠥᠬᠦᠷᠵᠢᠭᠰᠡᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠣᠷᠣᠨ ᠨᠤᠲᠤᠭ ᠤᠨ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠳ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠡᠷᠬᠢᠯᠡᠨ᠂ ᠬᠠᠮᠢᠶ᠎ᠠ  ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠳᠦᠷᠢᠮᠵᠢᠭᠦᠯᠦᠨ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map