ᠲᠣᠭᠲᠠᠭᠠᠯ ᠢ ᠵᠦᠷᠢᠴᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠦᠭᠬᠦ ᠰᠢᠢᠳᠭᠡᠯ
ᠨᠡᠶᠢᠲᠡᠯᠡᠭᠰᠡᠨ ᠴᠠᠭ᠄
2018/11/8
     ᠡᠷᠬᠡ ᠶᠢᠨ ᠨᠡᠷᠡᠶᠢᠳᠦᠯ᠄  ᠲᠣᠭᠲᠠᠭᠠᠯ ᠢ ᠵᠦᠷᠢᠴᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠦᠭᠬᠦ  ᠰᠢᠢᠳᠭᠡᠯ      ᠡᠷᠬᠡ ᠶᠢᠨ ᠲᠥᠷᠥᠯ ᠵᠦᠢᠯ᠄  ᠵᠠᠰᠠᠭ ᠵᠠᠬᠢᠷᠭᠠᠨ ᠤ ᠰᠢᠢᠳᠭᠡᠯ      ᠬᠠᠷᠢᠭᠤᠴᠠᠯᠭ᠎ᠠ ᠶᠢᠨ ᠪᠡᠶᠡᠴᠢ ᠴᠣᠭᠴᠠ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠲᠦᠯᠦᠪᠯᠡᠨ ᠲᠣᠭᠲᠠᠭᠠᠬᠤ ᠦᠨᠳᠦᠰᠦᠯᠡᠯ᠄  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢᠨ ᠵᠢᠷᠠᠨ ᠬᠤᠶᠠᠳᠤᠭᠠᠷ ᠵᠥᠢᠯ   ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠳᠤᠤᠷ᠎ᠠ ᠵᠢᠭᠰᠠᠭᠠᠭᠰᠠᠨ ᠤᠢᠢᠯᠡ ᠠᠵᠢᠯᠯᠠᠭ᠎ᠠ ᠵᠢᠨ‌ᠠᠯᠢ ᠨᠢᠭᠡ ᠶᠢ ᠬᠢᠭᠰᠡᠨ ᠪᠠᠶᠢᠪᠠᠯ᠂ ᠬᠢᠨᠠᠨ ᠵᠦᠪᠰᠢᠶᠡᠷᠡᠬᠦ ᠪᠠᠶᠢᠭᠤᠯᠭ᠎ᠠ ᠪᠤᠶᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠬᠤ ᠶᠢᠨ ᠬᠠᠮᠳᠤ ᠲᠤᠩᠭᠤᠳᠤᠨ᠎ᠠ︔ ᠬᠠᠤᠯᠢ ᠪᠣᠰᠦ ᠤᠯᠵᠠ ᠠᠰᠢᠭ ᠪᠠᠶᠢᠪᠠᠯ᠂ ᠬᠤᠷᠢᠶᠠᠭᠰᠠᠨ ᠵᠠᠷᠤᠳᠠᠯ ᠢ ᠨᠢ ᠪᠤᠴᠠᠭᠠᠯᠭᠠᠭᠰᠠᠨ ᠤ ᠳᠠᠷᠠᠭ᠎ᠠ᠂ ᠬᠠᠤᠯᠢ ᠪᠣᠰᠦ ᠤᠯᠵᠠ ᠠᠰᠢᠭ ᠢ ᠨᠢ ᠬᠤᠷᠢᠶᠠᠵᠦ ᠠᠪᠤᠨ᠎ᠠ︔ ᠤᠢᠢᠯᠡ ᠪᠠᠶᠢᠳᠠᠯ ᠨᠢ ᠬᠦᠨᠳᠤ ᠨᠤᠴᠢᠳᠠᠢ ᠪᠠᠶᠢᠪᠠᠯ᠂ ᠰᠤᠷᠤᠭᠴᠢ ᠡᠯᠰᠡᠬᠦ ᠶᠢ ᠨᠢ ᠵᠠᠷᠯᠢᠭᠳᠠᠨ ᠵᠤᠭᠰᠤᠭᠠᠵᠦ᠂ ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠄  ︵ᠨᠢᠭᠡ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠳᠤᠷ᠎ᠠ ᠪᠠᠷ ᠢᠶᠠᠨ ᠰᠠᠯᠭᠠᠭᠰᠠᠨ ᠪᠤᠶᠤ ᠨᠡᠶᠢᠯᠡᠬᠦᠯᠦᠭᠰᠡᠨ︔  ︵ᠬᠤᠶᠠᠷ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠡᠷᠡᠶᠢᠳᠤᠯ᠂ ᠳᠡᠰ ᠳᠠᠪᠬᠤᠷᠭ᠎ᠠ᠂ ᠳᠦᠷᠦᠯ ᠵᠥᠢᠯ ᠪᠠ ᠡᠷᠬᠢᠯᠡᠨ ᠪᠠᠶᠢᠭᠤᠯᠤᠭᠴᠢ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔  ︵ᠭᠤᠷᠪᠠ︶ ᠰᠤᠷᠤᠭᠴᠢ ᠡᠯᠰᠡᠬᠦ ᠬᠤᠳᠠᠯ ᠬᠠᠭᠤᠷᠮᠠᠭ ᠳᠤᠪᠴᠢ ᠳᠦᠷᠢᠮ ᠪᠤᠶᠤ ᠵᠠᠷ ᠨᠡᠶᠢᠳᠡᠯᠡᠵᠦ᠂ ᠡᠳ᠋ ᠮᠦᠡᠭᠬᠦ ᠮᠡᠭᠡᠯᠡᠨ ᠠᠪᠤᠭᠰᠠᠨ︔ ︵ᠳᠦᠷᠪᠡ︶ ᠰᠤᠷᠤᠯᠭ᠎ᠠ ᠶᠢᠨ ᠨᠠᠮᠳᠠᠷ ᠤᠨ ᠦᠨᠡᠮᠯᠡᠯ᠂ ᠰᠤᠷᠤᠯᠭ᠎ᠠ ᠳᠡᠬᠦᠰᠦᠭᠰᠡᠨ ᠦᠨᠡᠮᠯᠡᠯ᠂ ᠪᠤᠯᠪᠠᠰᠤᠷᠠᠯ ᠤᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠢ ᠬᠠᠤᠯᠢ ᠪᠤᠰᠤ ᠪᠠᠷ ᠤᠯᠭᠤᠭᠰᠠᠨ ᠪᠤᠶᠤ ᠬᠠᠭᠤᠷᠮᠠᠭᠯᠠᠨ ᠤᠢᠢᠯᠡᠳᠦᠭᠰᠡᠨ︔ ︵ᠳᠠᠪᠤ︶ ᠬᠠᠮᠢᠶᠠᠷᠤᠯᠳᠠ ᠨᠢ ᠡᠮᠬᠢ ᠵᠠᠮᠪᠠᠷᠠᠭ᠎ᠠ ᠦᠭᠡᠢ ᠪᠤᠯᠤᠭᠰᠠᠨ ᠤ ᠤᠯᠠᠮ ᠠᠴᠠ ᠰᠤᠷᠭᠠᠨ ᠬᠦᠮᠦᠵᠢᠯ ᠵᠢᠭᠠᠨ ᠰᠤᠷᠭᠠᠯᠳᠠ ᠶᠢ ᠬᠦᠨᠳᠤ ᠨᠤᠴᠢᠳᠠᠢ ᠨᠦᠯᠦᠭᠡᠯᠡᠵᠦ᠂ ᠨᠡᠶᠢᠭᠡᠮ ᠳᠡᠭᠡᠷ᠎ᠡ ᠮᠠᠭᠤ ᠨᠦᠯᠦᠭᠡ ᠭᠠᠷᠭᠠᠭᠰᠠᠨ︔ ︵ᠵᠢᠷᠭᠤᠭ᠎ᠠ︶ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠳᠤᠰᠢᠶᠠᠬᠤ ᠪᠤᠶᠤ ᠪᠤᠰᠤᠳ ᠮᠡᠭᠡᠯᠡᠬᠦ ᠠᠷᠭ᠎ᠠ ᠪᠠᠷᠢᠯ ᠢᠶᠠᠷ ᠴᠢᠬᠤᠯᠠ ᠪᠤᠳᠠᠳᠤ ᠭᠡᠷᠡᠭ ᠢ ᠨᠢᠭᠤᠨ ᠳᠠᠯᠳᠠᠯᠠᠵᠦ ᠪᠠᠶᠢᠭᠠᠳ ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ ᠢ ᠮᠡᠭᠡᠯᠡᠨ ᠠᠪᠤᠭᠰᠠᠨ︔ ︵ᠳᠤᠯᠤᠭ᠎ᠠ︶ ᠰᠤᠷᠭᠠᠭᠤᠯᠢ ᠡᠷᠬᠢᠯᠡᠭᠦ ᠵᠦᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠤᠬᠢᠶᠠᠭᠰᠠᠨ᠂ ᠬᠤᠪᠢᠷᠠᠭᠤᠯᠤᠨ ᠵᠤᠬᠢᠶᠠᠭᠰᠠᠨ᠂ ᠬᠤᠳᠠᠯᠳᠤᠭᠠᠯᠠᠭᠰᠠᠨ᠂ ᠳᠦᠷᠢᠶᠡᠰᠦᠯᠡᠬᠦᠯᠦᠭᠰᠡᠨ᠂ ᠵᠢᠭᠡᠯᠡᠬᠦᠯᠦᠭᠰᠡᠨ︔ ︵ᠨᠠᠢᠮᠠ︶ ᠮᠠᠭᠤ ᠰᠠᠨᠠᠭ᠎ᠠ ᠪᠠᠷ ᠰᠤᠷᠭᠠᠭᠤᠯᠢ ᠡᠷᠬᠢᠯᠡᠭᠦ ᠪᠠᠨ ᠵᠤᠭᠰᠤᠭᠰᠠᠨ᠂ ᠪᠡᠯᠡ ᠮᠦᠡᠭᠬᠦ ᠪᠠᠨ ᠲᠠᠲᠠᠨ ᠠᠪᠴᠦ ᠰᠢᠯᠵᠢᠭᠦᠯᠦᠭᠰᠡᠨ ᠪᠤᠶᠤ ᠰᠤᠷᠭᠠᠭᠤᠯᠢ ᠡᠷᠬᠢᠯᠡᠭᠦ ᠵᠠᠷᠤᠳᠠᠯ ᠢ ᠰᠢᠯᠵᠢᠬᠦᠯᠦᠨ ᠭᠡᠷᠡᠭᠯᠡᠭᠰᠡᠨ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢ ᠬᠡᠷᠡᠭᠵᠢᠭᠦᠯᠬᠦ ᠲᠦᠷᠢᠮ︾ ᠤᠨ ᠳᠥᠴᠢ ᠶᠢᠰᠦᠳᠦᠭᠡᠷ ᠵᠥᠢᠯ   ᠳᠣᠣᠷ᠎ᠠ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠬᠢᠨᠠᠨ ᠵᠥᠪᠰᠢᠶᠡᠷᠡᠬᠦ  ᠪᠠᠶᠢᠭᠤᠯᠭ᠎ᠠ ᠠᠴᠠ ᠪᠡᠯᠡ ᠮᠦᠩᠬᠦ ᠭᠠᠷᠭᠠᠭᠴᠢ ᠶᠢᠨ ᠣᠯᠣᠭᠰᠠᠨ ᠬᠠᠷᠢᠭᠤ ᠣᠯᠭᠤᠮᠵᠢ ᠶᠢ ᠬᠤᠷᠢᠶᠠᠨ ᠠᠪᠴᠤ᠂ ᠰᠤᠷᠤᠭᠴᠢ ᠡᠯᠰᠡᠬᠦ ᠶᠢ ᠨᠢ ᠵᠠᠷᠯᠢᠭᠳᠠᠨ ᠵᠣᠭᠰᠣᠭᠠᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ︔ ᠶᠠᠯ᠎ᠠ ᠳᠤ ᠬᠦᠷᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠲᠦᠷᠢᠮ ᠳᠤ ᠪᠡᠯᠡ ᠮᠦᠩᠬᠦ ᠭᠠᠷᠭᠠᠭᠴᠢ ᠵᠦᠢ ᠵᠣᠬᠢᠰᠲᠠᠶ ᠬᠠᠷᠢᠭᠤ ᠣᠯᠭᠤᠮᠵᠢ ᠤᠯᠬᠤ ᠱᠠᠭᠠᠷᠳᠠᠯᠭ᠎ᠠ ᠶᠢ ᠲᠣᠭᠲᠠᠭᠠᠭᠰᠠᠨ ᠦᠭᠡᠢ ᠪᠠᠶᠢᠬᠤ ᠳᠤ᠂ ᠪᠡᠯᠡ ᠮᠦᠩᠬᠦ ᠭᠠᠷᠭᠠᠭᠴᠢ ᠳᠤᠷ᠎ᠠ ᠪᠠᠷ ᠢᠶᠠᠨ ᠬᠠᠷᠢᠭᠤ ᠣᠯᠭᠤᠮᠵᠢ ᠠᠪᠤᠭᠰᠠᠨ ᠪᠠᠶᠢᠬᠤ︔ ︵ᠬᠤᠶᠠᠷ︶ ᠲᠤᠰ ᠳᠥᠷᠢᠮ ᠤᠨ ᠳᠥᠴᠢᠨ ᠳᠣᠯᠣᠳᠤᠭᠠᠷ ᠵᠥᠢᠯ ᠤᠨ ᠲᠣᠭᠲᠠᠭᠠᠯ  ᠢ ᠵᠥᠷᠢᠴᠡᠵᠦ᠂ ᠬᠠᠷᠢᠭᠤ ᠣᠯᠭᠤᠮᠵᠢ ᠣᠯᠵᠤ ᠪᠣᠯᠬᠤ ᠦᠭᠡᠢ ᠪᠠᠶᠢᠲᠠᠯ᠎ᠠ ᠬᠠᠷᠢᠭᠤ ᠣᠯᠭᠤᠮᠵᠢ ᠤᠯᠬᠤ︔ ︵ᠭᠤᠷᠪᠠ︶ ᠪᠡᠯᠡ ᠮᠦᠩᠬᠦ ᠭᠠᠷᠭᠠᠭᠴᠢ ᠰᠤᠷᠭᠠᠭᠤᠯᠢ ᠡᠷᠭᠢᠯᠡᠭᠡᠳ ᠣᠯᠤᠭᠰᠠᠨ ᠦᠯᠡᠳᠡᠪᠦᠷᠢ ᠠᠴᠠ ᠪᠢᠰᠢ᠂ ᠬᠠᠷᠢᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠤᠰᠤᠳ ᠵᠠᠷᠤᠳᠠᠯ ᠳᠣᠲᠣᠷ᠎ᠠ ᠠᠴᠠ ᠬᠠᠷᠢᠭᠤ ᠣᠯᠭᠤᠮᠵᠢ ᠠᠪᠬᠤ︔ ︵ᠲᠦᠷᠪᠡ︶ ᠲᠤᠰ ᠲᠦᠷᠢᠮ ᠤᠨ ᠲᠣᠭᠲᠠᠭᠠᠯ ᠢ ᠵᠢᠷᠤᠮᠯᠠᠬᠤ ᠦᠭᠡᠢ ᠪᠠᠷ ᠰᠤᠷᠭᠠᠭᠤᠯᠢ ᠡᠷᠭᠢᠯᠡᠭᠡᠳ ᠣᠯᠬᠤ ᠦᠯᠡᠳᠡᠪᠦᠷᠢ ᠶᠢ ᠪᠤᠳᠤᠬᠤ ᠪᠤᠶᠤ ᠬᠠᠷᠢᠭᠤ ᠬᠥᠯᠥᠰᠥ ᠣᠯᠭᠤᠮᠵᠢ ᠤᠯᠬᠤ ᠬᠠᠷᠢᠴᠠᠯ ᠢ ᠲᠣᠭᠲᠠᠭᠠᠬᠤ︔ ︵ᠲᠠᠪᠤ︶ ᠪᠡᠯᠡ ᠮᠦᠩᠬᠦ ᠭᠠᠷᠭᠠᠭᠴᠢ ᠰᠤᠷᠭᠠᠭᠤᠯᠢ ᠡᠷᠭᠢᠯᠡᠭᠡᠳ ᠣᠯᠤᠭᠰᠠᠨ ᠦᠯᠡᠳᠡᠪᠦᠷᠢ ᠠᠴᠠ ᠠᠪᠤᠭᠰᠠᠨ ᠬᠠᠷᠢᠭᠤ ᠣᠯᠭᠤᠮᠵᠢ ᠶᠢᠨ ᠬᠠᠷᠢᠴᠠᠯ ᠭᠡᠳᠤ ᠥᠨᠳᠥᠷ ᠪᠠᠶᠢᠵᠤ᠂ ᠨᠡᠶᠢᠭᠡᠮ ᠳᠡᠭᠡᠷ᠎ᠡ ᠮᠠᠭᠤ ᠨᠥᠯᠥᠭᠡ ᠭᠠᠷᠭᠠᠭᠰᠠᠨ᠃  ᠲᠠᠪᠢᠳᠤᠭᠠᠷ ᠵᠥᠢᠯ   ᠠᠷᠠᠳ ᠠᠴᠠ ᠡᠷᠬᠢᠯᠡᠭᠰᠡᠨ ᠰᠤᠷᠭᠠᠭᠤᠯᠢ ᠲᠤᠰ ᠳᠦᠷᠢᠮ ᠤᠨ ᠲᠣᠭᠲᠠᠭᠠᠯ ᠢ ᠵᠢᠷᠤᠮᠯᠠᠬᠤ ᠦᠭᠡᠢ ᠪᠠᠷ ᠪᠡᠯᠡ ᠮᠦᠩᠬᠦ ᠭᠠᠷᠭᠠᠭᠴᠢ ᠶᠢᠨ ᠬᠠᠷᠢᠭᠤ ᠬᠥᠯᠥᠰᠥ ᠣᠯᠭᠤᠮᠵᠢ ᠤᠯᠬᠤ ᠬᠠᠷᠢᠴᠠᠯ ᠤᠨ ᠲᠣᠭᠲᠠᠭᠠᠯ ᠪᠣᠯᠣᠨ ᠲᠡᠭᠦᠨ ᠤ ᠨᠡᠶᠢᠭᠡᠮ ᠨᠡᠶᠢᠲᠡ ᠳᠤ ᠨᠡᠶᠢᠲᠡᠯᠡᠭᠰᠡᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠣᠯᠤᠨ ᠰᠤᠷᠭᠠᠨ ᠬᠥᠮᠦᠵᠢᠯ ᠤᠨ ᠶᠠᠰᠤ ᠴᠢᠨᠠᠷ ᠲᠠᠢ ᠬᠤᠯᠪᠣᠭᠳᠠᠯ ᠪᠦᠬᠦᠢ ᠮᠠᠲ᠋ᠧᠷᠢᠶᠠᠯ᠂ ᠡᠳ᠋ ᠤᠨ ᠶᠠᠪᠤᠳᠠᠯ ᠤᠨ ᠪᠠᠶᠢᠳᠠᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠪᠤᠶᠤ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠳᠠᠩᠰᠠᠯᠠᠭᠤᠯᠤᠭᠰᠠᠨ ᠮᠠᠲ᠋ᠧᠷᠢᠶᠠᠯ  ᠨᠢ ᠦᠨᠡᠨ ᠪᠣᠳᠠᠲᠠᠶ ᠪᠢᠰᠢ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ︔ ᠬᠠᠤᠯᠢ ᠪᠣᠰᠤ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠪᠣᠰᠤ ᠣᠯᠵᠠ ᠠᠰᠢᠭ ᠢ ᠨᠢ ᠬᠤᠷᠢᠶᠡᠨ ᠠᠪᠤᠨ᠎ᠠ︔ ᠤᠢᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠤᠷᠤᠭᠴᠢ ᠡᠯᠰᠡᠬᠦ ᠶᠢ ᠨᠢ ᠵᠠᠷᠯᠢᠭᠳᠠᠨ ᠵᠣᠭᠰᠣᠭᠠᠵᠤ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ  ᠃  ᠲᠠᠪᠢᠨ ᠨᠢᠭᠡᠳᠦᠭᠡᠷ ᠵᠥᠢᠯ   ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠠᠮᠢᠶᠠᠷᠤᠯᠲᠠ ᠨᠢ ᠡᠮᠬᠢ ᠵᠠᠮᠪᠠᠷᠠᠭ᠎ᠠ ᠦᠭᠡᠢ ᠠᠴᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠬᠦᠨᠳᠦ ᠨᠣᠴᠢᠲᠠᠶ ᠨᠥᠯᠥᠭᠡᠯᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢᠨ ᠵᠢᠷᠠᠨ ᠬᠤᠶᠠᠳᠤᠭᠠᠷ ᠵᠥᠢᠯ ᠤᠨ ᠲᠣᠭᠲᠠᠭᠠᠯ ᠶᠣᠰᠣᠭᠠᠷ ᠰᠢᠳᠬᠡᠨ᠎ᠡ᠄  ︵ᠨᠢᠭᠡ︶ ᠬᠡᠷᠡᠭ ᠡᠷᠬᠢᠯᠡᠭᠴᠢᠳ ᠤᠨ ᠬᠤᠷᠠᠯ᠂ ᠬᠡᠷᠡᠭ ᠮᠡᠳᠡᠭᠴᠢᠳ ᠤᠨ ᠬᠤᠷᠠᠯ ᠪᠤᠶᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠤᠰᠤᠳ ᠬᠡᠯᠪᠡᠷᠢ ᠶᠢᠨ ᠪᠠᠶᠢᠭᠤᠯᠤᠮᠵᠢ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠶᠢᠬᠤ︔  ︵ᠬᠤᠶᠠᠷ︶ ᠵᠢᠭᠠᠨ ᠰᠤᠷᠭᠠᠬᠤ ᠨᠥᠬᠦᠴᠡᠯ ᠨᠢ ᠵᠢᠭᠠᠨ ᠰᠤᠷᠭᠠᠯᠲᠠ ᠶᠢᠨ ᠱᠠᠭᠠᠷᠳᠠᠯᠭ᠎ᠠ  ᠶᠢ ᠢᠯᠡᠷᠬᠡᠶ ᠬᠠᠩᠭᠠᠵᠤ ᠴᠢᠳᠠᠬᠤ ᠦᠭᠡᠢ ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠨᠢ ᠳᠣᠣᠷ᠎ᠠ᠂ ᠴᠠᠭ ᠲᠤᠬᠠᠶ ᠳᠤ ᠨᠢ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠬᠤ︔ ︵ᠭᠤᠷᠪᠠ︶  ᠰᠣᠷᠭᠠᠭᠤᠯᠢ ᠶᠢᠨ ᠪᠠᠶᠢᠷᠢ ᠪᠤᠶᠤ ᠪᠤᠰᠤᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠨᠤᠭ ᠲᠥᠬᠦᠭᠡᠷᠦᠮᠵᠢ ᠳᠤ ᠨᠢ ᠬᠦᠨᠳᠦ ᠨᠣᠴᠢᠲᠠᠢ ᠠᠮᠤᠷ ᠲᠦᠪᠰᠢᠨ ᠤ ᠲᠠᠯᠳᠠ ᠭᠡᠮ ᠣᠷᠣᠰᠢᠵᠤ᠂  ᠴᠠᠭ ᠲᠤᠬᠠᠶ ᠳᠤ ᠨᠢ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠬᠤ︔ ︵ᠲᠦᠷᠪᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠠᠵᠢᠯ ᠤᠨ ᠬᠠᠤᠯᠢ︾ ᠪᠠ ᠤᠯᠤᠰ ᠤᠨ ᠨᠢᠭᠡᠲᠦᠯᠲᠡᠢ ᠨᠢᠭᠲᠠᠯᠠᠨ ᠪᠤᠳᠤᠬᠤ ᠠᠵᠢᠯ ᠤᠨ ᠳᠦᠷᠢᠮ ᠶᠣᠰᠣᠭᠠᠷ ᠨᠢᠭᠲᠠᠯᠠᠨ ᠪᠤᠳᠤᠬᠤ ᠲᠣᠭᠠᠴᠠᠭ᠎ᠠ ᠪᠠ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ ᠮᠡᠳᠡᠭᠦᠯᠦᠯᠲᠡ ᠬᠢᠵᠦ ᠬᠦᠢᠴᠡᠳᠭᠡᠭᠰᠡᠨ ᠦᠭᠡᠢ᠂ ᠡᠳ᠋ ᠤᠨ ᠶᠠᠪᠤᠳᠠᠯ᠂ ᠡᠳ᠋ ᠬᠦᠷᠦᠩᠭᠡ ᠶᠢᠨ ᠬᠠᠮᠢᠶᠠᠷᠤᠯᠲᠠ ᠨᠢ ᠡᠮᠬᠢ ᠵᠠᠮᠪᠠᠷᠠᠭ᠎ᠠ ᠦᠭᠡᠢ ᠪᠠᠶᠢᠬᠤ︔  ︵ᠲᠠᠪᠤ︶ ᠰᠤᠷᠭᠠᠨ ᠬᠥᠮᠦᠵᠢᠯ ᠬᠦᠷᠳᠡᠭᠴᠢ ᠶᠢᠨ ᠬᠠᠤᠯᠢ ᠶᠣᠰᠣᠨ ᠤ ᠡᠷᠬᠡ ᠠᠰᠢᠭ  ᠲᠤ ᠬᠠᠯᠳᠠᠵᠤ᠂ ᠬᠦᠨᠳᠦ ᠨᠣᠴᠢᠲᠠᠢ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠬᠤ︔ ︵ᠵᠢᠷᠭᠤᠭ᠎ᠠ︶ ᠤᠯᠤᠰ ᠤᠨ ᠲᠣᠭᠲᠠᠭᠠᠯ ᠢ ᠵᠥᠷᠢᠴᠡᠵᠦ ᠪᠠᠭᠰᠢ ᠶᠢ ᠣᠷᠢᠵᠤ ᠬᠡᠷᠡᠭᠯᠡᠬᠦ ᠪᠣᠶᠤ ᠣᠷᠢᠵᠤ ᠬᠡᠷᠡᠭᠯᠡᠬᠦ ᠪᠠᠨ ᠪᠣᠯᠢᠭᠰᠠᠨ᠃ ︽ᠲᠤᠰᠠᠭᠠᠷ ᠳᠡᠭᠡᠳᠦ ᠰᠤᠷᠭᠠᠭᠤᠯᠢ ᠪᠠᠶᠢᠭᠤᠯᠬᠤ ᠪᠠ ᠬᠠᠮᠢᠶᠠᠷᠬᠤ ᠠᠷᠭ᠎ᠠ︾ ᠶᠢᠨ ᠲᠠᠪᠢᠨ ᠲᠠᠪᠤᠳᠤᠭᠠᠷ ᠵᠥᠢᠯ᠂ ᠲᠠᠪᠢᠨ ᠵᠢᠷᠭᠤᠳᠤᠭᠠᠷ ᠵᠥᠢᠯ      ᠬᠠᠷᠢᠭᠤᠴᠠᠯᠭ᠎ᠠ ᠶᠢᠨ ᠵᠣᠶᠢᠯ᠄      1 . ᠬᠡᠷᠡᠭ ᠪᠣᠯᠭᠠᠨ ᠳᠠᠩᠰᠠᠯᠠᠬᠤ ᠬᠠᠷᠢᠭᠤᠴᠠᠯᠭ᠎ᠠ᠄ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠲᠠᠷ ᠤᠨ ᠪᠤᠰᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠨ ᠰᠤᠷᠭᠠᠭᠤᠯᠢ ᠶᠢᠨ ᠨᠡᠷ᠎ᠡ ᠳᠤ ᠨᠢ ︽ᠥᠪᠥᠷ ᠮᠣᠩᠭᠤᠯ︾ ᠭᠡᠰᠡᠨ ᠦᠰᠥᠭ ᠲᠠᠢ ᠠᠷᠠᠳ ᠠᠴᠠ ᠡᠷᠬᠢᠯᠡᠭᠰᠡᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ︵ᠪᠤᠶᠤ ᠪᠤᠰᠤᠳ ᠠᠷᠭ᠎ᠠ ᠵᠠᠮ ᠢᠶᠠᠷ ᠰᠢᠯᠵᠢᠭᠦᠯᠦᠨ ᠬᠦᠷᠭᠡᠭᠰᠡᠨ ᠬᠠᠤᠯᠢ ᠪᠣᠰᠤ ᠬᠡᠷᠡᠭ ᠣᠴᠢᠷ ᠵᠡᠷᠭᠡ︶ ᠶᠢ ᠢᠯᠡᠷᠡᠭᠦᠯᠵᠦ᠂ ᠬᠢᠨᠠᠨ ᠪᠠᠶᠢᠴᠠᠭᠠᠵᠤ᠂ ᠬᠡᠷᠡᠭ ᠪᠣᠯᠭᠠᠨ ᠳᠠᠩᠰᠠᠯᠠᠬᠤ ᠡᠰᠡᠬᠦ ᠶᠢ ᠲᠣᠭᠲᠠᠭᠠᠨ᠎ᠠ᠃      2 . ᠪᠠᠶᠢᠴᠠᠭᠠᠬᠤ ᠬᠠᠷᠢᠭᠤᠴᠠᠯᠭ᠎ᠠ᠄ ᠳᠠᠩᠰᠠᠯᠠᠭᠰᠠᠨ ᠬᠡᠷᠡᠭ ᠲᠤ᠂ ᠲᠤᠰᠬᠠᠶ ᠬᠥᠮᠦᠨ ᠲᠣᠭᠲᠠᠭᠠᠨ ᠬᠠᠷᠢᠴᠠᠭᠤᠯᠵᠤ᠂ ᠴᠠᠭ ᠲᠤᠬᠠᠶ ᠳᠤ ᠨᠢ ᠪᠠᠶᠢᠴᠠᠭᠠᠯᠲᠠ ᠬᠢᠵᠦ ᠭᠡᠷᠡᠴᠢ ᠠᠪᠬᠤ ᠠᠵᠢᠯ ᠢ ᠵᠣᠬᠢᠶᠠᠨ ᠪᠠᠶᠢᠭᠤᠯᠣᠨ᠎ᠠ᠂ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠬᠡᠷᠡᠭ ᠲᠤ ᠬᠤᠯᠪᠤᠭᠳᠠᠬᠤ ᠬᠥᠮᠦᠨ ᠪᠠᠶᠢᠪᠠᠯ ᠵᠠᠶᠢᠯᠠᠭᠤᠯᠪᠠᠯ ᠵᠣᠬᠢᠨ᠎ᠠ᠃ ᠬᠠᠤᠯᠢ ᠬᠡᠷᠡᠭᠵᠢᠭᠦᠯᠦᠭᠴᠢ ᠨᠢ ᠬᠤᠶᠠᠷ ᠬᠦᠮᠦᠨ ᠠᠴᠠ ᠴᠦᠬᠡᠨ ᠪᠠᠶᠢᠵᠤ ᠪᠣᠯᠬᠤ ᠦᠭᠡᠢ᠂ ᠪᠠᠶᠢᠴᠠᠭᠠᠯᠲᠠ ᠬᠢᠬᠦ ᠳᠤ ᠪᠠᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠂ ᠬᠡᠷᠡᠭ ᠲᠤ ᠬᠤᠯᠪᠤᠭᠳᠠᠬᠤ ᠬᠥᠮᠦᠨ ᠤ ᠮᠠᠷᠭᠤᠨ ᠵᠦᠪᠳᠥᠭᠡᠬᠦ ᠲᠣᠭᠠᠴᠢᠯᠲᠠ ᠶᠢ ᠰᠣᠨᠣᠰᠬᠤ ᠶᠢᠨ ᠬᠠᠮᠲᠤ ᠲᠡᠮᠳᠡᠭᠯᠡᠯ ᠬᠢᠨ᠎ᠡ᠃ ᠬᠠᠤᠯᠢ ᠬᠡᠷᠡᠭᠵᠢᠭᠦᠯᠦᠭᠴᠢ ᠨᠢ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠬᠤ ᠬᠡᠷᠡᠭᠲᠡᠶ᠃      3 . ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠢ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠂ ᠭᠡᠷᠡᠴᠢ ᠪᠠᠷᠢᠮᠲᠠ᠂ ᠪᠠᠶᠢᠴᠠᠭᠠᠯᠲᠠ ᠬᠢᠵᠦ ᠭᠡᠷᠡᠴᠢ ᠴᠤᠭᠯᠠᠭᠤᠯᠤᠭᠰᠠᠨ ᠶᠠᠪᠤᠴᠠ᠂ ᠬᠠᠤᠯᠢ ᠴᠠᠭᠠᠵᠠ ᠶᠢᠨ ᠬᠡᠷᠡᠭᠯᠡᠭᠡᠨ᠂ ᠰᠢᠢᠳᠭᠡᠯ ᠤᠨ ᠲᠥᠷᠥᠯ ᠵᠥᠢᠯ ᠪᠣᠯᠤᠨ ᠦᠷᠭᠡᠴᠡ᠂ ᠬᠡᠷᠡᠭ ᠲᠤ ᠬᠤᠯᠪᠤᠭᠳᠠᠭᠰᠠᠨ ᠬᠥᠮᠦᠨ ᠤ ᠲᠣᠭᠠᠴᠢᠯᠲᠠ ᠪᠠ ᠵᠥᠪᠲᠦᠭᠡᠬᠦ ᠤᠴᠢᠷ ᠰᠢᠯᠲᠠᠭᠠᠨ ᠵᠡᠷᠭᠡ ᠲᠠᠯ᠎ᠠ ᠪᠠᠷ ᠬᠢᠨᠠᠨ ᠪᠠᠶᠢᠴᠠᠭᠠᠵᠤ᠂ ᠰᠢᠢᠳᠪᠦᠷᠢᠯᠡᠬᠦ ᠰᠠᠨᠠᠯ ᠢᠶᠠᠨ ᠳᠣᠷᠠᠳᠣᠨ᠎ᠠ ︵ᠭᠤᠣᠯ ᠭᠡᠷᠡᠴᠢ ᠪᠠᠷᠢᠮᠲᠠ ᠨᠢ ᠭᠦᠢᠴᠡᠳ ᠪᠤᠰᠤ ᠦᠶ᠎ᠡ ᠳᠤ᠂ ᠵᠦᠢ ᠵᠣᠬᠢᠰᠲᠠᠶ ᠠᠷᠭ᠎ᠠ ᠬᠡᠯᠪᠡᠷᠢ ᠪᠠᠷ ᠨᠥᠬᠦᠪᠥᠷᠢᠯᠡᠨ ᠪᠠᠶᠢᠴᠠᠭᠠᠨ᠎ᠠ︶᠃      4 . ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ ᠭᠠᠷᠭᠠᠬᠤ ᠠᠴᠠ ᠪᠠᠨ ᠡᠮᠦᠨ᠎ᠡ ︽ᠵᠠᠰᠠᠭ ᠵᠠᠬᠢᠷᠭᠠᠨ ᠤ ᠰᠢᠢᠳᠭᠡᠯ ᠥᠭᠬᠦ ᠮᠡᠳᠡᠭᠳᠡᠯ ᠤᠨ ᠪᠢᠴᠢᠭ︾ ᠢ ᠬᠡᠷᠡᠭ ᠲᠤ ᠬᠤᠯᠪᠤᠭᠳᠠᠭᠰᠠᠨ ᠬᠦᠮᠦᠨ ᠳᠤ ᠬᠦᠷᠭᠡᠵᠦ ᠦᠭᠬᠦ ᠬᠡᠷᠡᠭᠲᠡᠶ᠂ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠵᠢᠴᠢ ᠲᠡᠭᠦᠨ ᠤ ᠡᠳ᠋ᠯᠡᠬᠦ ᠶᠣᠰᠣᠲᠠᠶ ᠲᠣᠭᠠᠴᠢᠯᠲᠠ ᠬᠢᠬᠦ᠂ ᠵᠥᠪᠲᠦᠭᠡᠨ ᠲᠣᠳᠣᠷᠬᠠᠶᠢᠯᠠᠬᠤ ᠡᠷᠬᠡ ᠲᠠᠢ ᠪᠠᠶᠢᠬᠤ ᠶᠢ ᠮᠡᠳᠡᠭᠳᠡᠨ᠎ᠡ᠃ ᠭᠡᠷᠡᠴᠢᠯᠡᠭᠡ ᠰᠣᠨᠣᠰᠬᠤ ᠲᠣᠭᠲᠠᠭᠠᠯ ᠳᠤ ᠨᠡᠶᠢᠴᠡᠪᠡᠯ ︽ᠵᠠᠰᠠᠭ ᠵᠠᠬᠢᠷᠭᠠᠨ ᠤ ᠰᠢᠢᠳᠭᠡᠯ ᠤᠨ ᠭᠡᠷᠡᠴᠢᠯᠡᠭᠡ ᠰᠣᠨᠣᠰᠬᠤ ᠮᠡᠳᠡᠭᠳᠡᠯ ᠤᠨ ᠪᠢᠴᠢᠭ︾ ᠢ ᠨᠠᠶᠢᠷᠠᠭᠤᠯᠤᠨ ᠪᠢᠴᠢᠵᠦ ᠬᠦᠷᠭᠡᠨ᠎ᠡ᠃      5 . ᠰᠢᠢᠳᠪᠦᠷᠢ ᠲᠣᠭᠲᠠᠭᠠᠬᠤ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠬᠦᠨᠳᠦ ᠶᠡᠭᠡ ᠰᠢᠢᠳᠭᠡᠯ ᠢ ᠲᠣᠭᠲᠠᠭᠠᠬᠤ ᠳᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠬᠠᠮᠲᠤ ᠪᠠᠷ ᠶᠠᠷᠢᠯᠴᠠᠵᠤ᠂ ᠰᠢᠳᠭᠡᠨ ᠲᠣᠷᠭᠤᠭᠠᠬᠤ ᠪᠣᠳᠠᠲᠠᠶ ᠠᠭᠤᠯᠭ᠎ᠠ  ᠪᠦᠬᠦᠢ ᠰᠢᠢᠳᠪᠦᠷᠢ ᠭᠠᠷᠭᠠᠨ᠎ᠠ᠃      6 .ᠲᠠᠰᠤᠯᠬᠤ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠬᠤ ᠪᠢᠴᠢᠭ ᠢ ᠭᠠᠷᠭᠠᠵᠤ᠂   ᠲᠣᠲᠤᠷᠬᠠᠢ ᠲᠡᠮᠲᠡᠭᠯᠡᠭᠰᠡᠨ ᠵᠠᠰᠠᠭ ᠵᠠᠬᠢᠷᠭᠠᠨ ᠤ ᠰᠢᠢᠳᠭᠡᠯ ᠤᠨ ᠮᠡᠳᠡᠭᠳᠡᠯ᠂ ᠬᠡᠷᠡᠭ ᠲᠤ ᠬᠤᠯᠪᠤᠭᠳᠠᠭᠰᠠᠨ ᠬᠥᠮᠦᠨ ᠤ ᠵᠥᠪᠲᠦᠭᠡᠨ ᠲᠣᠭᠠᠴᠢᠯᠲᠠ ᠪᠤᠶᠤ ᠭᠡᠷᠡᠴᠢᠯᠡᠭᠡ ᠰᠣᠨᠤᠰᠤᠭᠰᠠᠨ ᠪᠠᠶᠢᠳᠠᠯ ᠵᠡᠷᠭᠡ ᠠᠭᠤᠯᠭ᠎ᠠ ᠶᠢ ᠲᠣᠳᠤᠷᠬᠠᠢ ᠲᠠᠰᠤᠯᠬᠤ ᠬᠡᠷᠡᠭᠲᠡᠢ᠃      7 . ᠬᠦᠷᠭᠡᠵᠦ ᠲᠣᠰᠢᠶᠠᠬᠤ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠢᠳᠭᠡᠯ ᠤᠨ ᠲᠠᠰᠣᠯᠠᠬᠤ ᠪᠢᠴᠢᠭ ᠢ ᠬᠠᠤᠯᠢ ᠴᠠᠭᠠᠵᠠ ᠶᠢᠨ ᠲᠣᠭᠲᠠᠭᠠᠯ ᠶᠣᠰᠤᠭᠠᠷ ᠬᠡᠷᠡᠭ ᠲᠤ ᠬᠤᠯᠪᠤᠭᠳᠠᠭᠰᠠᠨ ᠬᠥᠮᠦᠨ ᠳᠤ ᠬᠦᠷᠭᠡᠵᠦ ᠲᠣᠰᠢᠶᠠᠨ᠎ᠠ᠃      8 . ᠭᠦᠢᠴᠡᠳᠬᠡᠬᠦ ᠬᠠᠷᠢᠭᠤᠴᠠᠯᠭ᠎ᠠ᠄ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠶᠣᠰᠣᠭᠠᠷ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ ᠃ ᠡᠭᠦᠨ ᠤ ᠬᠠᠮᠲᠤ ᠰᠡᠷᠡᠮᠵᠢ ᠥᠭᠭᠦᠨ᠎ᠡ︔ ᠬᠠᠤᠯᠢ ᠪᠣᠰᠤ ᠠᠰᠢᠭ ᠣᠯᠵᠠᠪᠤᠷᠢ ᠲᠠᠢ ᠪᠠᠶᠢᠪᠠᠯ᠂ ᠬᠤᠷᠢᠶᠠᠭᠰᠠᠨ ᠵᠠᠷᠤᠳᠠᠯ ᠢ ᠨᠢ ᠪᠤᠴᠠᠭᠠᠯᠭᠠᠭᠰᠠᠨ ᠤ ᠳᠠᠷᠠᠭ᠎ᠠ᠂ ᠬᠠᠤᠯᠢ ᠪᠣᠰᠤ ᠠᠰᠢᠭ ᠣᠯᠵᠠᠪᠤᠷᠢ ᠶᠢ ᠨᠢ ᠬᠤᠷᠢᠶᠠᠵᠤ ᠠᠪᠤᠨ᠎ᠠ︔ ᠤᠢᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠤᠷᠤᠭᠴᠢ ᠡᠯᠰᠡᠬᠦ ᠶᠢ ᠨᠢ ᠵᠠᠷᠯᠢᠭᠳᠠᠨ ᠵᠣᠭᠰᠣᠭᠠᠵᠤ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃      9 . ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠭᠦᠢᠴᠡᠳᠭᠡᠬᠦ ᠶᠣᠰᠣᠲᠠᠢ ᠬᠠᠷᠢᠭᠤᠴᠠᠯᠭ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ᠄ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢᠨ ᠵᠢᠷᠠᠨ ᠭᠤᠷᠪᠠᠳᠤᠭᠠᠷ ᠵᠥᠢᠯ    ᠬᠢᠨᠠᠨ ᠵᠦᠪᠰᠢᠶᠡᠷᠡᠬᠦ ᠪᠠᠶᠢᠭᠤᠯᠭ᠎ᠠ ᠪᠤᠯᠤᠨ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠳᠤᠤᠷ᠎ᠠ ᠵᠢᠭᠰᠠᠭᠠᠭᠰᠠᠨ ᠤᠢᠢᠯᠡ ᠠᠵᠢᠯᠯᠠᠭ᠎ᠠ ᠶᠢᠨ ᠠᠯᠢ ᠨᠢᠭᠡ ᠶᠢ ᠬᠢᠭᠰᠡᠨ ᠪᠠᠶᠢᠪᠠᠯ᠂ ᠳᠡᠭᠡᠳᠤ ᠱᠠᠳᠤᠨ ᠤ ᠪᠠᠶᠢᠭᠤᠯᠭ᠎ᠠ ᠠᠴᠠ ᠵᠠᠷᠯᠢᠭᠳᠠᠵᠦ ᠵᠠᠯᠠᠷᠠᠭᠤᠯᠤᠭᠤᠯᠤᠨ᠎ᠠ︔ ᠤᠢᠢᠯᠡ ᠪᠠᠶᠢᠳᠠᠯ ᠨᠢ ᠬᠦᠨᠳᠤ ᠨᠤᠴᠢᠳᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ  ᠭᠤᠣᠯᠯᠠᠨ ᠬᠠᠮᠢᠶᠠᠷᠤᠭᠴᠢ  ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠬᠦᠨ᠎ᠡ︔ ᠠᠵᠦ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠳᠦᠯᠦᠬᠦ ᠬᠠᠷᠢᠭᠤᠴᠠᠯᠭ᠎ᠠ ᠡᠬᠦᠷᠭᠡᠯᠡᠬᠦᠯᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠄ ︵ᠨᠢᠭᠡ︶ ᠪᠠᠶᠢᠭᠤᠯᠬᠤ ᠭᠤᠶᠤᠴᠢᠯᠠᠯ ᠢ ᠬᠦᠯᠢᠶᠡᠨ ᠠᠪᠤᠭᠠᠳ᠂ ᠬᠤᠭᠤᠴᠠᠭ᠎ᠠ ᠭᠡᠳᠤᠷᠡᠲᠡᠯ᠎ᠠ ᠬᠠᠷᠢᠭᠤᠯᠳᠠ ᠦᠯᠦ ᠦᠭᠬᠦᠭᠰᠡᠨ︔ ︵ᠬᠤᠶᠠᠷ︶ ᠳᠤᠰ ᠬᠠᠤᠯᠢ ᠳᠤ ᠳᠤᠭᠳᠠᠭᠠᠭᠰᠠᠨ ᠨᠦᠬᠦᠴᠡᠯ ᠳᠤ ᠦᠯᠦ ᠨᠡᠶᠢᠴᠡᠬᠦ  ᠭᠤᠶᠤᠴᠢᠯᠠᠯ ᠢ ᠵᠦᠪᠰᠢᠶᠡᠷᠡᠭᠰᠡᠨ︔ ︵ᠭᠤᠷᠪᠠ︶ ᠬᠠᠮᠢᠶᠠᠷᠤᠯᠳᠠ ᠪᠠᠨ ᠤᠮᠳᠤᠭᠠᠢᠢᠯᠠᠭᠰᠠᠨ ᠤ ᠤᠯᠠᠮ ᠠᠴᠠ ᠬᠦᠨᠳᠤ ᠨᠤᠴᠢᠳᠠᠢ ᠦᠷ᠎ᠡ ᠳ᠋ᠦᠩ ᠳᠤ ᠬᠦᠷᠦᠭᠰᠡᠨ︔ ︵ᠳᠦᠷᠪᠡ︶ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠢ ᠵᠦᠷᠢᠴᠡᠵᠦ ᠵᠠᠷᠤᠳᠠᠯ ᠬᠤᠷᠢᠶᠠᠭᠰᠠᠨ︔ ︵ᠳᠠᠪᠤ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ︔ ︵ᠵᠢᠷᠭᠤᠭ᠎ᠠ︶ ᠡᠷᠭᠡ ᠳᠤᠰᠢᠶᠠᠯ ᠢ ᠳᠤᠷ᠎ᠠ ᠪᠠᠷ ᠭᠡᠷᠡᠭᠯᠡᠵᠦ᠂ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ᠶᠢᠨ ᠲᠠᠪᠢᠨ ᠲᠠᠪᠤᠳᠤᠭᠠᠷ ᠵᠥᠢᠯ    ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠢᠳᠭᠡᠯ ᠢ ᠬᠡᠷᠡᠭᠵᠢᠬᠦᠯᠬᠦ ᠳᠤ ᠪᠠᠨ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠳᠡᠭᠡᠳᠦ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠭᠴᠢ ᠳᠤ ᠬᠠᠤᠯᠢ ᠶᠤᠰᠣᠭᠠᠷ ᠵᠠᠰᠠᠭ ᠵᠠᠬᠢᠷᠭᠠᠨ ᠤ ᠰᠢᠢᠳᠭᠡᠯ ᠦᠭᠴᠤ ᠪᠤᠯᠤᠨ᠎ᠠ᠄ ︵ᠨᠢᠭᠡ︶ ᠬᠠᠤᠯᠢ ᠪᠠᠷ ᠲᠤᠭᠳᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠤᠨ ᠦᠨᠳᠤᠰᠤᠯᠡᠯ ᠪᠠᠶᠢᠬᠤ ᠦᠭᠡᠢ︔︵ᠬᠤᠶᠠᠷ︶ ᠵᠠᠰᠠᠭ ᠵᠠᠬᠢᠷᠭᠠᠨ ᠤ ᠰᠢᠢᠳᠭᠡᠯ ᠤᠨ ᠲᠦᠷᠦᠯ ᠵᠥᠢᠯ᠂ ᠦᠷᠭᠡᠴᠡ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ︔︵ᠭᠤᠷᠪᠠ︶ ᠬᠠᠤᠯᠢ ᠪᠠᠷ ᠲᠤᠭᠳᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠤᠨ ᠶᠠᠪᠤᠴᠠ ᠶᠢ ᠵᠦᠷᠢᠴᠡᠭᠰᠡᠨ︔ ︵ᠲᠦᠷᠪᠡ︶ ᠲᠤᠰ ᠬᠠᠤᠯᠢ ᠶᠢᠨ ᠠᠷᠪᠠᠨ ᠨᠠᠢᠮᠠᠳᠤᠭᠠᠷ ᠵᠥᠢᠯ ᠤᠨ ᠨᠠᠶᠢᠳᠠᠵᠤ ᠰᠢᠢᠳᠭᠡᠯ ᠦᠭᠬᠦ ᠲᠤᠬᠠᠢ ᠲᠤᠭᠳᠠᠭᠠᠯ ᠢ ᠵᠦᠷᠢᠴᠡᠭᠰᠡᠨ᠃      ᠵᠡᠬᠦᠯᠳᠠ᠄
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map