ᠲᠣᠭᠲᠠᠭᠠᠯ ᠢ ᠵᠦᠷᠢᠴᠡᠭᠰᠡᠨ ᠰᠢᠯᠭᠠᠭᠤᠯᠤᠭᠴᠢ᠂ ᠪᠠᠭᠰᠢ ᠶᠢ ᠰᠢᠢᠳᠪᠦᠷᠢᠯᠡᠬᠦ
ᠨᠡᠶᠢᠲᠡᠯᠡᠭᠰᠡᠨ ᠴᠠᠭ᠄
2018/11/8
     ᠡᠷᠬᠡ ᠶᠢᠨ ᠨᠡᠷᠡᠶᠢᠳᠦᠯ᠄ ᠲᠣᠭᠲᠠᠭᠠᠯ ᠢ ᠵᠦᠷᠢᠴᠡᠭᠰᠡᠨ ᠰᠢᠯᠭᠠᠭᠤᠯᠤᠭᠴᠢ᠂ ᠪᠠᠭᠰᠢ ᠶᠢ ᠰᠢᠢᠳᠪᠦᠷᠢᠯᠡᠬᠦ      ᠡᠷᠬᠡ ᠶᠢᠨ ᠲᠦᠷᠦᠯ ᠵᠣᠷᠪᠦᠰ᠄ ᠵᠠᠰᠠᠭ ᠵᠠᠬᠢᠷᠭᠠᠨ ᠤ ᠰᠢᠢᠳᠭᠡᠯ      ᠬᠠᠷᠢᠭᠤᠴᠠᠯᠭ᠎ᠠ ᠶᠢᠨ ᠪᠡᠶᠡᠴᠢ ᠴᠣᠭᠴᠠ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠲᠦᠯᠦᠪᠯᠡᠨ ᠲᠣᠭᠲᠠᠭᠠᠬᠤ ᠦᠨᠳᠦᠰᠦᠯᠡᠯ᠄  ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ  ᠠᠴᠠ ᠵᠦᠷᠢᠴᠡᠭᠰᠡᠳ ᠢ ᠰᠢᠢᠳᠪᠦᠷᠢᠯᠡᠬᠦ ᠠᠷᠭ᠎ᠠ︾ ᠶᠢᠨ ᠶᠢᠰᠦᠳᠦᠭᠡᠷ ᠵᠥᠢᠯ ᠰᠢᠯᠭᠠᠭᠤᠯᠤᠭᠴᠢ ᠲᠠᠪᠤᠳᠤᠭᠠᠷ ᠵᠥᠢᠯ ᠳᠤ ᠵᠢᠭᠰᠠᠭᠠᠭᠰᠠᠨ ᠰᠢᠯᠭᠠᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠠᠯᠢ ᠨᠢᠭᠡ ᠶᠢ ᠬᠢᠭᠰᠡᠨ ᠪᠠᠶᠢᠪᠠᠯ᠂ ᠲᠤᠰ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ  ᠶᠢ ᠬᠦᠴᠦᠨ ᠦᠭᠡᠢ ᠪᠣᠯᠭᠠᠨ᠎ᠠ᠃ ᠰᠢᠯᠭᠠᠭᠤᠯᠤᠭᠴᠢ ᠵᠢᠷᠭᠤᠳᠤᠭᠠᠷ ᠵᠥᠢᠯ᠂ ᠳᠣᠯᠣᠳᠤᠭᠠᠷ ᠵᠥᠢᠯ ᠳᠤ ᠵᠢᠭᠰᠠᠭᠠᠭᠰᠠᠨ ᠰᠢᠯᠭᠠᠯᠲᠠ ᠳᠤ ᠬᠡᠮ ᠬᠢᠬᠦ ᠦᠢᠯᠡ ᠠᠵᠢᠯᠯᠠᠭ᠎ᠠ ᠶᠢᠨ ᠠᠯᠢ ᠨᠢᠭᠡ ᠶᠢ ᠬᠢᠭᠰᠡᠨ ᠪᠠᠶᠢᠪᠠᠯ᠂ ᠲᠡᠭᠦᠨ ᠤ ᠨᠡᠷ᠎ᠡ ᠮᠡᠳᠡᠭᠦᠯᠵᠦ ᠰᠢᠯᠭᠠᠯᠲᠠ ᠳᠤ ᠣᠷᠥᠯᠴᠠᠭᠰᠠᠨ ᠡᠯ᠎ᠡ ᠱᠠᠲᠤ᠂ ᠡᠯ᠎ᠡ ᠬᠢᠴᠢᠶᠡᠯ ᠲᠥᠷᠥᠯ ᠤᠨ ᠬᠢᠷᠢ ᠪᠦᠲᠦᠮᠵᠢ ᠶᠢ  ᠨᠢ ᠬᠦᠴᠦᠨ ᠦᠬᠡᠢ ᠪᠣᠯᠭᠠᠨ᠎ᠠ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠤᠷᠤᠭᠰᠠᠳ ᠤᠨ ᠰᠢᠯᠭᠠᠯᠲᠠ ᠳᠤ ᠣᠷᠣᠯᠴᠠᠭᠰᠠᠨ ᠪᠠᠶᠢᠪᠠᠯ᠂ ᠲᠣᠬᠠᠢ ᠶᠢᠨ ᠤᠳᠠᠭᠠᠨ ᠤ ᠰᠢᠯᠭᠠᠯᠲᠠ ᠶᠢᠨ ᠡᠯ᠎ᠡ ᠬᠢᠴᠢᠶᠡᠯ ᠲᠥᠷᠥᠯ ᠤᠨ ᠬᠢᠷᠢ ᠪᠦᠲᠦᠮᠵᠢ ᠶᠢ ᠨᠢ ᠬᠦᠴᠦᠨ ᠦᠭᠡᠢ ᠪᠣᠯᠭᠠᠨ᠎ᠠ᠃ ᠡᠭᠦᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠳᠠᠭᠠᠤ ᠳᠤ ᠨᠢ ᠪᠠᠰᠠ ᠲᠤᠰ  ᠲᠦᠷᠦᠯ ᠤᠨ ᠰᠢᠯᠭᠠᠯᠲᠠ ᠳᠤ ᠣᠷᠣᠯᠴᠠᠬᠤ ᠶᠢ 1 ᠠᠴᠠ 3 ᠵᠢᠯ ᠲᠦᠷ ᠵᠣᠭᠰᠣᠭᠠᠬᠤ ᠪᠠᠷ ᠰᠢᠢᠳᠪᠦᠷᠢᠯᠡᠨ᠎ᠡ︔ ᠤᠢᠢᠯᠠ ᠪᠠᠶᠢᠳᠠᠯ ᠨᠢ ᠣᠨᠴᠠᠭᠠᠶ ᠬᠦᠨᠳᠦ ᠨᠣᠴᠢᠲᠠᠶ ᠪᠠᠶᠢᠪᠠᠯ᠂ ᠪᠠᠰᠠ ᠳᠠᠭᠠᠤ ᠳᠤ ᠨᠢ ᠡᠯ᠎ᠡ ᠲᠦᠷᠦᠯ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠳᠤ ᠣᠷᠣᠯᠴᠠᠬᠤ ᠶᠢ 1 ᠠᠴᠠ 3 ᠵᠢᠯ ᠲᠦᠷ ᠵᠣᠭᠰᠣᠭᠠᠬᠤ ᠪᠠᠷ ᠰᠢᠢᠳᠪᠦᠷᠢᠯᠡᠵᠦ ᠪᠣᠯᠤᠨ᠎ᠠ᠄ ︵ᠨᠢᠭᠡ︶ ᠪᠦᠯᠦᠭᠯᠡᠨ ᠭᠡᠮ ᠬᠢᠬᠦ ᠶᠢ ᠵᠣᠬᠢᠶᠠᠨ ᠪᠠᠶᠢᠭᠤᠯᠣᠭᠰᠠᠨ︔  ︵ᠬᠤᠶᠠᠷ︶ ᠰᠢᠯᠭᠠᠯᠲᠠ ᠶᠢᠨ ᠲᠠᠯᠠᠪᠠᠶ ᠶᠢᠨ ᠭᠠᠳᠠᠨ᠎ᠠ ᠰᠢᠯᠭᠠᠯᠲᠠ ᠶᠢᠨ ᠰᠡᠳᠦᠪ ᠤᠨ ᠮᠡᠳᠡᠭᠡ ᠵᠠᠩᠭᠢ ᠶᠢ ᠬᠦᠷᠭᠡᠵᠦ᠂ ᠳᠠᠮᠵᠢᠭᠤᠯᠤᠭᠰᠠᠨ︔ ︵ᠭᠤᠷᠪᠠ︶ ᠬᠤᠯᠪᠣᠭᠳᠠᠯ ᠪᠦᠭᠦᠢ ᠲᠤᠨᠤᠭ ᠲᠥᠬᠦᠭᠡᠷᠦᠮᠵᠢ ᠪᠠᠷ ᠰᠤᠷᠠᠭ ᠵᠠᠩᠭᠢ ᠶᠢ ᠬᠦᠯᠢᠶᠡᠠ ᠠᠪᠴᠤ ᠰᠢᠯᠭᠠᠯᠲᠠ ᠳᠤ ᠬᠡᠮ ᠬᠢᠭᠰᠡᠨ︔  ︵ᠲᠦᠷᠪᠡ︶ ᠪᠡᠶ᠎ᠡ ᠶᠢᠨ ᠦᠨᠡᠮᠯᠡᠯ᠂ ᠰᠢᠯᠭᠠᠭᠤᠯᠬᠤ ᠶᠢ ᠵᠥᠪᠰᠢᠶᠡᠷᠡᠭᠰᠡᠨ ᠦᠨᠡᠮᠯᠡᠯ ᠵᠢᠴᠢ ᠪᠤᠰᠤᠳ ᠭᠡᠷᠡᠴᠢ ᠮᠠᠲ᠋ᠧᠷᠢᠶᠠᠯ ᠢ  ᠬᠠᠭᠤᠷᠮᠠᠭᠯᠠᠨ ᠪᠣᠶᠤ ᠬᠤᠪᠢᠷᠠᠭᠤᠯᠤᠨ ᠵᠣᠬᠢᠶᠠᠵᠤ᠂ ᠪᠤᠰᠤᠳ ᠢᠶᠠᠷ ᠣᠷᠣᠯᠠᠭᠤᠯᠤᠨ ᠰᠢᠯᠭᠠᠭᠤᠯᠤᠭᠰᠠᠨ ᠪᠤᠶᠤ ᠰᠢᠯᠭᠠᠭᠤᠯᠤᠭᠴᠢ ᠶᠢ ᠣᠷᠣᠯᠠᠨ ᠰᠢᠯᠭᠠᠯᠲᠠ ᠳᠤ ᠣᠷᠤᠯᠴᠠᠭᠰᠠᠨ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠤᠷᠤᠭᠰᠠᠳ ᠤᠨ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠠᠴᠠ ᠳᠡᠭᠡᠷ᠎ᠡ ᠳᠤᠷᠠᠳᠤᠭᠰᠠᠨ ᠬᠦᠨᠳᠦ ᠨᠣᠴᠢᠲᠠᠶ ᠭᠡᠮᠲᠦ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ ᠪᠠᠰᠠ ᠰᠤᠷᠤᠯᠭ᠎ᠠ ᠲᠡᠭᠦᠰᠬᠦ ᠴᠠᠭ ᠢ ᠨᠢ 1 ᠠᠴᠠ 3 ᠵᠢᠯ ᠬᠤᠶᠢᠰᠢᠯᠠᠭᠤᠯᠬᠤ ᠪᠠᠷ  ᠰᠢᠢᠳᠪᠦᠷᠢᠯᠡᠵᠦ ᠪᠣᠯᠣᠨ᠎ᠠ᠂ ᠬᠤᠶᠢᠰᠢᠯᠠᠭᠤᠯᠬᠤ ᠬᠤᠭᠤᠴᠠᠭᠠᠨ ᠳᠤ ᠬᠢ ᠰᠢᠯᠭᠠᠯᠲᠠ ᠶᠢᠨ ᠬᠢᠷᠢ ᠪᠦᠲᠦᠮᠵᠢ ᠨᠢ ᠬᠦᠴᠦᠨ ᠥᠬᠡᠶ᠃      ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠦᠷᠢᠴᠡᠭᠰᠡᠳ ᠢ ᠰᠢᠢᠳᠪᠦᠷᠢᠯᠡᠬᠦ ᠠᠷᠭ᠎ᠠ︾ ᠶᠢᠨ ᠠᠷᠪᠠᠳᠤᠭᠠᠷ ᠵᠥᠢᠯ ᠰᠢᠯᠭᠠᠭᠤᠯᠤᠭᠴᠢ ᠳᠤ ᠨᠠᠢᠮᠠᠳᠤᠭᠠᠷ ᠵᠥᠢᠯ ᠳᠤ ᠵᠢᠭᠰᠠᠭᠠᠭᠰᠠᠨ ᠦᠢᠯᠡ ᠠᠵᠢᠯᠯᠠᠭ᠎ᠠ ᠶᠢᠨ ᠠᠯᠢ ᠨᠢᠭᠡ ᠨᠢ ᠪᠠᠶᠢᠪᠠᠯ᠂ ᠲᠤᠰ ᠬᠢᠴᠢᠶᠡᠯ ᠲᠥᠷᠥᠯ ᠤᠨ ᠰᠢᠯᠭᠠᠯᠲᠠ ᠳᠤ ᠦᠷᠭᠦᠯᠵᠢᠯᠡᠨ ᠣᠷᠣᠯᠴᠠᠬᠤ ᠶᠢ ᠨᠢ ᠵᠣᠭᠰᠣᠭᠠᠵᠣ᠂ ᠲᠡᠭᠦᠨ ᠤ ᠲᠤᠰ ᠤᠳᠠᠭᠠᠨ ᠤ ᠨᠡᠷ᠎ᠡ ᠮᠡᠳᠡᠭᠦᠯᠦᠨ ᠣᠷᠣᠯᠴᠠᠭᠰᠠᠨ‌‍ᠰᠢᠯᠭᠠᠯᠲᠠ ᠶᠢᠨ ᠡᠯ᠎ᠡ ᠬᠢᠴᠢᠶᠡᠯ ᠲᠥᠷᠥᠯ ᠤᠨ ᠬᠢᠷᠢ ᠪᠦᠲᠦᠮᠵᠢ ᠨᠢ ᠬᠦᠴᠦᠨ ᠤᠢᠭᠡᠢ ᠪᠤᠯᠤᠨ᠎ᠠ︔ ᠰᠢᠯᠭᠠᠭᠤᠯᠤᠭᠰᠠᠳ ᠵᠢᠴᠢ ᠪᠤᠰᠤᠳ ᠠᠵᠢᠯᠳᠡᠠ ᠤ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢ ᠵᠦᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠦᠷᠢᠴᠡᠭᠰᠡᠳ ᠢ ᠰᠢᠢᠳᠪᠦᠷᠢᠯᠡᠬᠦ ᠠᠷᠭ᠎ᠠ︾ ᠶᠢᠨ ᠠᠷᠪᠠᠨ ᠨᠢᠭᠡᠳᠦᠭᠡᠷ ᠵᠥᠢᠯ ᠰᠢᠯᠭᠠᠭᠤᠯᠤᠭᠴᠢ ᠭᠡᠮᠲᠦ ᠠᠵᠢᠯᠯᠠᠭ᠎ᠠ ᠪᠠᠷ ᠰᠢᠯᠭᠠᠯᠲᠠ ᠶᠢᠨ ᠬᠢᠷᠢ ᠪᠦᠲᠦᠮᠵᠢ ᠣᠯᠣᠭᠰᠠᠨ ᠪᠥᠭᠡᠳ ᠬᠠᠷᠠᠭᠠᠯᠵᠠᠭᠰᠠᠨ ᠵᠣᠬᠢᠬᠤ ᠡᠷᠳᠡᠮ ᠤᠨ ᠴᠣᠯᠠ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠪᠣᠯᠤᠨ ᠪᠤᠰᠤᠳ ᠰᠤᠷᠤᠯᠭ᠎ᠠ ᠶᠢᠨ ᠦᠨᠡᠮᠯᠡᠯ᠂  ᠬᠢᠷᠢ ᠬᠡᠮ ᠤᠨ ᠦᠨᠡᠮᠯᠡᠯ ᠪᠣᠶᠤ ᠰᠤᠷᠤᠯᠴᠠᠬᠤ ᠬᠢᠷᠢ ᠬᠡᠮ ᠢ ᠣᠯᠣᠭᠰᠠᠨ ᠪᠠᠶᠢᠪᠠᠯ᠂ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠦᠨᠡᠮᠯᠡᠯ ᠢ ᠬᠦᠴᠦᠨ ᠦᠭᠡᠢ ᠪᠣᠯᠭᠠᠬᠤ ᠪᠠᠷ ᠵᠠᠷᠯᠠᠵᠤ᠂ ᠦᠨᠡᠮᠯᠡᠯ ᠢ ᠨᠢ ᠵᠠᠷᠯᠢᠭᠳᠠᠨ ᠪᠤᠴᠠᠭᠠᠨ ᠠᠪᠬᠤ ᠪᠤᠶᠤ ᠬᠤᠷᠢᠶᠠᠵᠤ ᠠᠪᠤᠨ᠎ᠠ︔ ᠨᠢᠭᠡᠨᠲᠡ ᠡᠯᠰᠡᠭᠳᠡᠭᠰᠡᠨ ᠪᠤᠶᠤ ᠰᠤᠷᠭᠠᠭᠤᠯᠢ ᠳᠤ ᠣᠷᠣᠭᠰᠠᠨ ᠪᠠᠶᠢᠪᠠᠯ᠂ ᠡᠯᠰᠡᠭᠳᠡᠭᠰᠡᠨ ᠬᠢᠷᠢ ᠬᠡᠮ ᠪᠤᠶᠤ ᠰᠣᠷᠣᠯᠭ᠎ᠠ ᠶᠢᠨ ᠬᠠᠷᠢᠶ᠎ᠠ ᠶᠢ ᠡᠯᠰᠡᠭᠰᠡᠨ ᠰᠤᠷᠭᠠᠭᠤᠯᠢ ᠨᠢ ᠬᠦᠴᠦᠨ ᠦᠭᠡᠢ ᠪᠣᠯᠭᠠᠨ᠎ᠠ᠃ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠬᠠᠤᠯᠢ ᠶᠢ ᠵᠦᠷᠢᠴᠡᠭᠰᠡᠳ ᠢ ᠰᠢᠢᠳᠪᠦᠷᠢᠯᠡᠬᠦ ᠠᠷᠭ᠎ᠠ︾ ᠶᠢᠨ ᠠᠷᠪᠠᠨ ᠬᠤᠶᠠᠳᠤᠭᠠᠷ ᠵᠥᠢᠯ   ᠰᠤᠷᠭᠠᠭᠤᠯᠢ ᠳᠤ ᠪᠠᠶᠢᠭ᠎ᠠ ᠰᠣᠷᠣᠭᠴᠢ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠳᠤ ᠳᠣᠣᠷ᠎ᠠ ᠵᠢᠭᠰᠠᠭᠠᠭᠰᠠᠨ ᠪᠠᠶᠢᠳᠠᠯ  ᠤᠳ ᠤᠨ ᠠᠯᠢ ᠨᠢᠭᠡ ᠨᠢ ᠪᠠᠶᠢᠪᠠᠯ᠂ ᠰᠤᠷᠭᠠᠨ ᠬᠥᠮᠦᠵᠢᠯ ᠤᠨ ᠰᠢᠯᠭᠠᠯᠲᠠ ᠶᠢᠨ ᠪᠠᠶᠢᠭᠤᠯᠤᠮᠵᠢ ᠠᠴᠠ ᠲᠡᠭᠦᠨ ᠤ ᠪᠠᠶᠢᠭ᠎ᠠ ᠰᠤᠷᠭᠠᠭᠤᠯᠢ ᠳᠤ ᠮᠡᠳᠡᠭᠳᠡᠵᠦ᠂ ᠰᠤᠷᠭᠠᠭᠤᠯᠢ ᠠᠴᠠ ᠬᠤᠯᠪᠣᠭᠳᠠᠯ ᠪᠦᠬᠦᠢ  ᠳᠦᠷᠢᠮ ᠲᠣᠭᠲᠠᠭᠠᠯ ᠶᠣᠰᠣᠭᠠᠷ ᠲᠦᠪ ᠴᠢᠩᠭ᠎ᠠ ᠰᠢᠢᠳᠪᠦᠷᠢᠯᠡᠵᠤ᠂ ᠰᠤᠷᠭᠠᠭᠤᠯᠢ ᠠᠴᠠ ᠬᠦᠭᠡᠭᠡᠬᠦ ᠪᠤᠶᠤ ᠤᠷᠢᠵᠤ ᠬᠡᠷᠡᠭᠯᠡᠬᠦ ᠪᠠᠨ ᠵᠣᠭᠰᠤᠭᠠᠵᠤ ᠪᠣᠯᠣᠨ᠎ᠠ᠄ ︵ᠨᠢᠭᠡ︶ ᠰᠢᠯᠭᠠᠭᠤᠯᠤᠭᠴᠢ ᠶᠢ ᠣᠷᠣᠯᠠᠭᠰᠠᠨ ᠪᠤᠶᠤ ᠪᠤᠰᠤᠳ ᠢᠶᠠᠷ ᠣᠷᠣᠯᠠᠭᠤᠯᠤᠨ ᠰᠢᠯᠭᠠᠯᠲᠠ ᠳᠤ ᠣᠷᠣᠯᠴᠠᠭᠤᠯᠣᠭᠰᠠᠨ︔ ︵ᠬᠤᠶᠠᠷ︶ ᠪᠦᠯᠦᠭᠯᠡᠨ ᠭᠡᠮ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠣᠭᠰᠠᠨ︔ ︵ᠭᠤᠷᠪᠠ︶  ᠭᠡᠮ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠣᠭᠴᠢ ᠳᠤ ᠰᠢᠯᠭᠠᠯᠲᠠ ᠶᠢᠨ ᠰᠡᠳᠦᠪ  ᠤᠨ ᠰᠣᠷᠠᠭ ᠵᠠᠩᠬᠢ᠂ ᠬᠠᠷᠢᠭᠤᠯᠲᠠ᠂ ᠬᠠᠷᠠᠭᠠᠯᠵᠠᠭᠰᠠᠨ ᠲᠦᠭᠦᠭᠡᠷᠦᠮᠵᠢ ᠵᠡᠷᠭᠡ ᠶᠢ ᠬᠠᠩᠭᠠᠵᠣ  ᠪᠦᠯᠬᠦᠮ ᠢᠶᠠᠷ ᠬᠡᠮ ᠬᠢᠬᠦ ᠦᠢᠯᠡ ᠠᠵᠢᠯᠯᠠᠭ᠎ᠠ ᠳᠤ ᠣᠷᠤᠯᠴᠠᠭᠰᠠᠨ᠃ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠲᠣᠭᠲᠠᠭᠠᠯ ᠠᠴᠠ ᠵᠦᠷᠢᠴᠡᠭᠰᠡᠳ ᠢ ᠰᠢᠢᠳᠪᠦᠷᠢᠯᠡᠬᠦ ᠠᠷᠭ᠎ᠠ︾ ᠶᠢᠨ ᠵᠢᠷᠭᠤᠳᠤᠭᠠᠷ ᠵᠥᠢᠯ    ᠶᠡᠭᠡ ᠳᠡᠭᠡᠳᠦ ᠰᠣᠷᠭᠠᠭᠤᠯᠢ ᠨᠢ ᠣᠯᠣᠰ ᠤᠨ ᠰᠣᠷᠣᠭᠴᠢ ᠡᠯᠰᠡᠬᠦ ᠬᠠᠮᠢᠶᠠᠷᠤᠯᠲᠠ ᠶᠢᠨ ᠲᠣᠭᠲᠠᠭᠠᠯ ᠤᠨ ᠳᠣᠣᠷ᠎ᠠ ᠵᠢᠭᠰᠠᠭᠠᠭᠰᠠᠨ ᠪᠠᠶᠢᠳᠠᠯ ᠤᠨ ᠠᠯᠢ ᠨᠢᠭᠡ ᠶᠢ ᠵᠦᠷᠢᠴᠡᠭᠰᠡᠨ ᠪᠠᠶᠢᠪᠠᠯ᠂ ᠭᠤᠣᠯᠯᠠᠨ ᠬᠠᠮᠢᠶᠠᠷᠬᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠳᠣᠩᠭᠤᠳᠬᠤ ᠪᠤᠶᠤ ᠵᠠᠷᠯᠠᠨ ᠰᠢᠭᠦᠮᠵᠢᠯᠡᠬᠦ ᠰᠢᠢᠳᠭᠡᠯ ᠦᠭᠭᠦᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠤᠷᠤᠭᠴᠢ ᠡᠯᠰᠡᠬᠦ ᠲᠥᠯᠥᠪᠯᠡᠭᠡ ᠶᠢ ᠪᠠᠭᠠᠰᠬᠠᠬᠤ᠂ ᠣᠨᠴᠠᠭᠠᠶ ᠲᠥᠷᠥᠯ ᠬᠡᠯᠪᠡᠷᠢ ᠶᠢᠨ ᠰᠣᠷᠣᠭᠴᠢ ᠡᠯᠰᠡᠬᠦ ᠲᠤᠷᠰᠢᠯᠲᠠ ᠶᠢᠨ ᠴᠢᠭ᠋ ᠤᠨ ᠲᠥᠷᠥᠯ ᠵᠣᠷᠪᠦᠰ ᠢ ᠲᠦᠷ ᠵᠣᠭᠰᠣᠭᠠᠬᠤ ᠪᠤᠶᠤ ᠬᠠᠤᠯᠢ ᠶᠣᠰᠣᠭᠠᠷ ᠰᠤᠷᠤᠭᠴᠢ ᠡᠯᠰᠡᠬᠦ ᠶᠢ ᠨᠢ ᠵᠣᠭᠰᠣᠭᠠᠬᠤ ᠪᠠᠷ ᠰᠢᠢᠳᠪᠦᠷᠢᠯᠡᠨ᠎ᠡ᠃ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠦᠨ ᠳᠤ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ ᠬᠠᠤᠯᠢ ᠶᠣᠰᠣᠭᠠᠷ ᠬᠠᠷᠠᠭᠠᠯᠵᠠᠭᠰᠠᠨ ᠰᠢᠢᠳᠭᠡᠯ ᠦᠭᠭᠦᠨ᠎ᠡ︔ ᠶᠠᠯ᠎ᠠ ᠬᠢᠭᠰᠡᠨ ᠰᠡᠵᠢᠭᠯᠡᠯᠲᠡᠶ ᠪᠣᠯ ᠬᠠᠤᠯᠢ  ᠶᠣᠰᠤᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠦᠷᠭᠡᠵᠦ ᠰᠢᠢᠳᠪᠦᠷᠢᠯᠡᠨ᠎ᠡ᠃ ︵ᠨᠢᠭᠡ︶ ᠤᠯᠤᠰ ᠤᠨ ᠲᠣᠭᠲᠠᠭᠠᠯ ᠢ ᠵᠥᠷᠢᠴᠡᠵᠦ ᠰᠤᠷᠤᠭᠴᠢ ᠡᠯᠰᠡᠬᠦ ᠲᠣᠪᠴᠢ ᠳᠦᠷᠢᠮ ᠨᠡᠶᠢᠲᠡᠯᠡᠭᠰᠡᠨ ᠪᠤᠶᠤ ᠬᠤᠳᠠᠯ ᠬᠠᠭᠤᠷᠮᠠᠭ ᠤᠬᠠᠭᠤᠯᠭ᠎ᠠ ᠬᠢᠭᠰᠡᠨ᠂ ᠡᠳ᠋ ᠮᠥᠩᠭᠦ ᠮᠡᠬᠡᠯᠡᠨ ᠠᠪᠤᠭᠰᠠᠨ︔ ︵ᠬᠤᠶᠠᠷ︶ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠶᠣᠰᠣᠭᠠᠷ ᠰᠤᠷᠤᠭᠴᠢ ᠡᠯᠰᠡᠬᠦ ᠮᠡᠳᠡᠭᠡ ᠵᠠᠩᠭᠢ ᠶᠢ ᠢᠯᠡ ᠪᠣᠯᠭᠠᠭᠰᠠᠨ ᠦᠭᠡᠢ ᠪᠠᠶᠢᠬᠤ︔ ︵ᠭᠤᠷᠪᠠ︶ ᠬᠢᠨᠠᠨ ᠲᠣᠭᠲᠠᠭᠠᠭᠰᠠᠨ ᠰᠤᠷᠭᠠᠭᠤᠯᠢ ᠡᠷᠭᠢᠯᠡᠬᠦ  ᠬᠡᠪᠴᠢᠶᠠᠨ ᠠᠴᠠ ᠬᠡᠲᠦᠷᠡᠵᠦ ᠰᠤᠷᠤᠬᠴᠢ ᠡᠯᠰᠡᠭᠰᠡᠨ ᠪᠤᠶᠤ ᠰᠣᠷᠣᠭᠴᠢ ᠡᠯᠰᠡᠬᠦ ᠲᠥᠯᠥᠪᠯᠡᠭᠡ ᠪᠠᠨ ᠳᠤᠷ᠎ᠠ ᠪᠠᠷ  ᠬᠤᠪᠢᠷᠠᠭᠤᠯᠤᠭᠰᠠᠨ︔ ︵ᠲᠦᠷᠪᠡ︶ ᠲᠣᠭᠲᠠᠭᠠᠯ ᠢ ᠵᠥᠷᠢᠴᠡᠨ ᠰᠣᠷᠣᠭᠴᠢ ᠡᠯᠰᠡᠬᠦ ᠪᠠᠷᠢᠮᠵᠢᠶ᠎ᠠ ᠶᠢ ᠪᠠᠭᠤᠷᠠᠭᠤᠯᠵᠤ ᠰᠤᠷᠤᠭᠴᠢ ᠡᠯᠰᠡᠭᠰᠡᠨ ᠪᠤᠶᠤ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ ᠶᠢ ᠦᠯᠦ ᠡᠯᠰᠡᠭᠰᠡᠨ︔ ︵ᠲᠠᠪᠤ︶ ᠣᠨᠴᠠᠭᠠᠶ ᠲᠥᠷᠥᠯ ᠬᠡᠯᠪᠡᠷᠢ ᠶᠢᠨ ᠰᠣᠷᠣᠭᠴᠢ ᠡᠯᠰᠡᠬᠦ ᠳᠤ ᠪᠠᠨ ᠤᠯᠤᠰ ᠠᠴᠠ ᠲᠣᠭᠲᠠᠭᠠᠭᠰᠠᠨ ᠨᠡᠷ᠎ᠡ ᠮᠡᠳᠡᠭᠦᠯᠬᠦ ᠨᠥᠬᠦᠴᠡᠯ ᠢ  ᠵᠦᠷᠢᠴᠡᠭᠰᠡᠨ ᠪᠤᠶᠤ ᠬᠤᠳᠠᠯ ᠬᠡᠯᠡᠵᠦ ᠬᠠᠭᠤᠷᠮᠠᠭ ᠵᠣᠬᠢᠶᠠᠭᠰᠠᠨ᠂ ᠭᠤᠶᠤᠴᠢᠯᠠᠨ ᠬᠠᠤᠯᠢ ᠶᠣᠰᠣ ᠶᠢ ᠵᠦᠷᠢᠴᠡᠭᠰᠡᠨ᠂ ᠨᠥᠬᠦᠴᠡᠯ ᠳᠤ ᠦᠯᠦ ᠨᠡᠶᠢᠴᠡᠬᠦ ᠰᠤᠷᠤᠭᠴᠢ ᠶᠢ ᠡᠯᠰᠡᠭᠰᠡᠨ︔ ︵ᠵᠢᠷᠭᠤᠭ᠎ᠠ︶ ᠲᠣᠭᠲᠠᠭᠠᠯ ᠢ ᠵᠥᠷᠢᠴᠡᠨ ᠵᠠᠭᠤᠴᠢ ᠪᠠᠶᠢᠭᠤᠯᠤᠮᠵᠢ  ᠳᠤ ᠨᠠᠶᠢᠳᠠᠵᠤ ᠰᠤᠷᠤᠬᠴᠢ ᠡᠯᠰᠡᠭᠰᠡᠨ᠂ ᠡᠰᠡᠬᠦᠯ᠎ᠡ ᠡᠯᠰᠡᠬᠦ ᠠᠮᠠᠯᠠᠯᠲᠠ ᠦᠭᠴᠦ‌‍ᠷ ᠰᠢᠯᠭᠠᠭᠤᠯᠤᠭᠴᠢ ᠠᠴᠠ ᠰᠦᠢᠳᠬᠡᠯ ᠬᠤᠷᠢᠶᠠᠭᠰᠠᠨ᠃     ᠬᠠᠷᠢᠭᠤᠴᠠᠯᠭ᠎ᠠ ᠶᠢᠨ ᠵᠥᠢᠯ᠄      1 . ᠬᠡᠷᠡᠭ ᠪᠣᠯᠭᠠᠨ ᠳᠠᠩᠰᠠᠯᠠᠬᠤ ᠬᠠᠷᠢᠭᠤᠴᠠᠯᠭ᠎ᠠ᠄  ᠰᠢᠯᠭᠠᠭᠴᠢ ᠪᠠᠭᠰᠢ ᠠᠴᠠ ᠰᠢᠯᠭᠠᠭᠤᠯᠤᠭᠴᠢ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠯᠡᠷᠡᠭᠦᠯᠦᠭᠡᠳ ᠦᠨᠡᠨ ᠢᠶᠠᠷ ᠨᠢ  ᠲᠡᠮᠲᠡᠭᠯᠡᠵᠦ᠂ ᠰᠢᠯᠭᠠᠯᠲᠠ ᠶᠢᠨ ᠴᠢᠭ᠋ ᠠᠴᠠ ᠨᠡᠶᠢᠯᠡᠭᠦᠯᠵᠦ ᠬᠤᠷᠢᠶᠠᠩᠭᠤᠶᠢᠯᠠᠭᠰᠠᠨ ᠤ ᠳᠠᠷᠠᠭ᠎ᠠ ᠳᠡᠭᠡᠭᠰᠢ ᠨᠢᠭᠡᠳᠦᠯᠲᠡᠶ  ᠮᠡᠳᠡᠭᠦᠯᠦᠨ᠎ᠡ ︵ᠡᠰᠡᠪᠡᠯ ᠪᠤᠰᠤᠳ ᠠᠷᠭ᠎ᠠ ᠵᠠᠮ ᠢᠶᠠᠷ ᠰᠢᠯᠵᠢᠭᠦᠯᠦᠨ ᠬᠦᠷᠭᠡᠭᠰᠡᠨ ᠬᠠᠤᠯᠢ  ᠪᠣᠰᠤ ᠬᠡᠷᠡᠭ ᠣᠴᠢᠷ ᠵᠡᠷᠭᠡ︶᠂ ᠬᠢᠨᠠᠨ ᠪᠠᠶᠢᠴᠠᠭᠠᠵᠤ᠂ ᠬᠡᠷᠡᠭ ᠪᠣᠯᠭᠠᠨ ᠳᠠᠩᠰᠠᠯᠠᠬᠤ ᠡᠰᠡᠬᠦ ᠶᠢ ᠲᠣᠭᠲᠠᠭᠠᠨ᠎ᠠ᠃      2 . ᠪᠠᠶᠢᠴᠠᠭᠠᠬᠤ ᠬᠠᠷᠢᠭᠤᠴᠠᠯᠭ᠎ᠠ᠄ ᠠᠶᠢᠮᠠᠭ ᠬᠤᠲᠠ ᠪᠤᠶᠤ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ  ᠤᠨ ᠰᠣᠷᠣᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠯ ᠢ ᠵᠥᠷᠢᠴᠡᠭᠰᠡᠨ ᠰᠢᠯᠭᠠᠭᠤᠯᠤᠭᠴᠢ ᠪᠤᠶᠤ ᠰᠢᠯᠭᠠᠯᠲᠠ ᠶᠢᠨ ᠠᠵᠢᠯᠲᠠᠨ ᠢ ᠮᠠᠭᠠᠳᠯᠠᠨ ᠲᠣᠭᠲᠠᠭᠠᠨ᠎ᠠ᠃      3 . ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠢ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ᠂ ᠬᠡᠷᠡᠭ ᠤᠨ ᠬᠠᠤᠯᠢ ᠠᠴᠠ ᠵᠥᠷᠢᠴᠡᠭᠰᠡᠨ ᠪᠣᠳᠠᠲᠤ ᠪᠠᠶᠢᠳᠠᠯ ᠂ ᠭᠡᠷᠡᠴᠢ ᠪᠠᠷᠢᠮᠲᠠ᠂ ᠪᠠᠶᠢᠴᠠᠭᠠᠯᠲᠠ ᠬᠢᠵᠦ ᠭᠡᠷᠡᠴᠢ ᠴᠤᠭᠯᠠᠭᠤᠯᠤᠭᠰᠠᠨ ᠶᠠᠪᠤᠴᠠ᠂ ᠬᠠᠤᠯᠢ ᠴᠠᠭᠠᠵᠠ ᠶᠢᠨ ᠬᠡᠷᠡᠭᠯᠡᠭᠡᠨ᠂ ᠰᠢᠢᠳᠬᠡᠯ ᠤᠨ ᠲᠥᠷᠥᠯ ᠵᠥᠢᠯ ᠪᠣᠯᠤᠨ ᠦᠷᠭᠡᠴᠡ᠂  ᠬᠡᠷᠡᠭ ᠲᠤ ᠬᠤᠯᠪᠤᠭᠳᠠᠭᠰᠠᠨ ᠬᠥᠮᠦᠨ ᠤ ᠲᠣᠭᠠᠴᠢᠯᠲᠠ ᠪᠠ ᠵᠥᠪᠲᠦᠭᠡᠬᠦ ᠤᠴᠢᠷ ᠰᠢᠯᠲᠠᠭᠠᠨ ᠵᠡᠷᠭᠡ ᠲᠠᠯ᠎ᠠ ᠪᠠᠷ ᠬᠢᠨᠠᠨ ᠪᠠᠶᠢᠴᠠᠭᠠᠵᠤ᠂ ᠰᠢᠢᠳᠪᠦᠷᠢᠯᠡᠬᠦ ᠰᠠᠨᠠᠯ ᠢᠶᠠᠨ ᠳᠣᠷᠠᠳᠣᠨ᠎ᠠ ︵ᠭᠤᠣᠯ ᠭᠡᠷᠡᠴᠢ ᠪᠠᠷᠢᠮᠲᠠ ᠨᠢ ᠭᠦᠢᠴᠡᠳ ᠪᠤᠰᠤ ᠪᠠᠶᠢᠬᠤ ᠦᠶ᠎ᠡ  ᠳᠤ᠂ ᠵᠦᠢ ᠵᠣᠬᠢᠰᠲᠠᠶ ᠠᠷᠭ᠎ᠠ ᠬᠡᠯᠪᠡᠷᠢ ᠪᠠᠷ ᠨᠥᠬᠦᠪᠥᠷᠢᠯᠡᠨ ᠪᠠᠶᠢᠴᠠᠭᠠᠨ᠎ᠠ︶᠃      4 . ᠲᠠᠰᠤᠯᠬᠤ ᠬᠠᠷᠢᠭᠤᠴᠠᠯᠭ᠎ᠠ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠲᠣᠭᠲᠠᠭᠠᠯ ᠢ ᠵᠥᠷᠢᠴᠡᠭᠰᠡᠨ ᠰᠢᠯᠭᠠᠭᠤᠯᠤᠭᠴᠢ ᠳᠤ ᠰᠢᠢᠳᠪᠦᠷᠢᠯᠡᠬᠦ ᠲᠣᠭᠲᠠᠭᠠᠯ ᠭᠠᠷᠭᠠᠨ᠎ᠠ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠣᠭᠲᠠᠭᠠᠯ ᠢ  ᠵᠦᠷᠢᠴᠡᠭᠰᠡᠨ ᠰᠢᠯᠭᠠᠯᠲᠠ ᠶᠢᠨ ᠠᠵᠢᠯᠲᠠᠨ ᠢ ᠰᠢᠢᠳᠪᠦᠷᠢᠯᠡᠬᠦ ᠲᠣᠭᠲᠠᠭᠠᠯ ᠭᠠᠷᠭᠠᠨ᠎ᠠ᠃      5 .  ᠮᠡᠳᠡᠭᠳᠡᠬᠦ ᠬᠠᠷᠢᠭᠤᠴᠠᠯᠭ᠎ᠠ᠄ ᠲᠣᠭᠲᠠᠭᠠᠯ ᠠᠴᠠ ᠵᠥᠷᠢᠴᠡᠭᠰᠡᠨ ᠰᠢᠯᠭᠠᠭᠤᠯᠤᠭᠴᠢ ᠶᠢᠨ ᠰᠢᠯᠭᠠᠭᠤᠯᠤᠭᠰᠠᠨ ᠨᠣᠮᠧᠷ᠂ ᠰᠢᠯᠭᠠᠯᠲᠠ ᠶᠢᠨ ᠭᠠᠵᠠᠷ ᠤᠨ ᠨᠡᠷ᠎ᠡ᠂ ᠰᠢᠯᠭᠠᠯᠲᠠ ᠶᠢᠨ ᠲᠠᠯᠠᠪᠤᠷ ᠤᠨ ᠳ᠋ᠤᠭᠠᠷ᠂  ᠰᠠᠭᠤᠳᠠᠯ ᠤᠨ ᠨᠣᠮᠧᠷ᠂ ᠲᠣᠭᠲᠠᠭᠠᠯ ᠠᠴᠠ ᠵᠥᠷᠢᠴᠡᠭᠰᠡᠨ ᠪᠠᠶᠢᠳᠠᠯ᠂ ᠰᠢᠢᠳᠪᠦᠷᠢᠯᠡᠬᠦ  ᠦᠨᠳᠦᠰᠦᠯᠡᠯ ᠪᠠ ᠰᠢᠢᠳᠪᠦᠷᠢᠯᠡᠬᠦ ᠲᠥᠰᠦᠪ ᠰᠠᠨᠠᠯ ᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠨᠡᠶᠢᠲᠡᠯᠡᠨ᠎ᠡ  ︔  ᠰᠠᠨᠠᠯ ᠦᠭᠡᠢ ᠪᠣᠯ ᠰᠢᠢᠳᠪᠦᠷᠢᠯᠡᠨ ᠲᠠᠰᠤᠯᠠᠬᠤ ᠪᠢᠴᠢᠭ ᠮᠠᠲ᠋ᠧᠷᠢᠶᠠᠯ ᠪᠠᠭᠤᠯᠭᠠᠨ᠎ᠠ᠃      6 . ᠰᠤᠷᠭᠠᠨ ᠬᠥᠮᠦᠵᠢᠯ ᠤᠨ ᠲᠢᠩᠬᠢᠮ ᠤᠨ ᠰᠢᠢᠳᠪᠦᠷᠢᠯᠡᠬᠦ ᠵᠠᠰᠠᠭ ᠵᠠᠬᠢᠷᠭᠠᠨ ᠤ ᠱᠠᠲᠤᠨ ᠳᠤ ᠬᠢ ᠠᠭᠤᠯᠭ᠎ᠠ᠄ ᠰᠢᠯᠭᠠᠭᠤᠯᠤᠭᠴᠢ ᠬᠡᠷᠪᠡ ᠮᠠᠭᠠᠳᠯᠠᠨ ᠲᠣᠭᠲᠠᠭᠠᠭᠰᠠᠨ ᠲᠣᠭᠲᠠᠭᠠᠯ ᠢ ᠵᠥᠷᠢᠴᠡᠭᠰᠡᠨ ᠪᠣᠳᠠᠲᠤ ᠬᠡᠷᠡᠭ ᠲᠤ ᠰᠠᠨᠠᠯ ᠲᠠᠢ ᠪᠠᠶᠢᠪᠠᠯ᠂ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 3 ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠥᠪᠡᠷ ᠢ ᠪᠠᠨ ᠥᠮᠥᠭᠯᠡᠬᠦ ᠰᠠᠨᠠᠯ ᠳᠤᠷᠠᠳᠤᠨ ᠭᠠᠷᠭᠠᠨ᠎ᠠ᠃      7 . ᠬᠦᠷᠭᠡᠵᠦ ᠲᠣᠰᠢᠶᠠᠬᠤ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠬᠤ ᠪᠢᠴᠢᠭ ᠢ ᠬᠠᠤᠯᠢ ᠴᠠᠭᠠᠵᠠ ᠶᠢᠨ ᠲᠣᠭᠲᠠᠭᠠᠯ ᠶᠣᠰᠤᠭᠠᠷ ᠬᠡᠷᠡᠭ ᠲᠤ ᠬᠤᠯᠪᠤᠭᠳᠠᠭᠰᠠᠨ ᠬᠥᠮᠦᠨ ᠳᠤ ᠬᠦᠷᠭᠡᠵᠦ ᠲᠣᠰᠢᠶᠠᠨ᠎ᠠ᠃      8 . ᠭᠦᠢᠴᠡᠳᠬᠡᠬᠦ ᠬᠠᠷᠢᠭᠤᠴᠠᠯᠭ᠎ᠠ᠄ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠶᠣᠰᠣᠭᠠᠷ᠂ ᠰᠢᠯᠭᠠᠯᠲᠠ ᠶᠢᠨ ᠬᠢᠷᠢ ᠪᠦᠲᠦᠮᠵᠢ ᠶᠢ ᠬᠦᠴᠦᠨ ᠦᠭᠡᠢ ᠪᠣᠯᠭᠠᠵᠤ᠂ ᠰᠢᠯᠭᠠᠯᠲᠠ ᠳᠤ ᠣᠷᠣᠯᠴᠠᠬᠤ ᠶᠢ ᠨᠢ ᠵᠣᠭᠰᠣᠭᠠᠬᠤ᠂ ᠲᠡᠭᠦᠰᠬᠦ ᠶᠢ ᠬᠤᠶᠢᠰᠢᠯᠠᠭᠤᠯᠬᠤ᠂ ᠦᠨᠡᠮᠯᠡᠯ ᠢ ᠨᠢ ᠬᠦᠴᠦᠨ ᠦᠭᠡᠢ ᠪᠣᠯᠭᠠᠬᠤ ᠪᠤᠶᠤ ᠬᠦᠴᠦᠨ ᠦᠭᠡᠢ ᠪᠣᠯᠭᠠᠬᠤ ᠪᠠᠷ ᠵᠠᠷᠯᠠᠨ᠎ᠠ᠃       9 . ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠭᠦᠢᠴᠡᠳᠬᠡᠬᠦ ᠶᠣᠰᠣᠲᠠᠶ ᠬᠠᠷᠢᠭᠤᠴᠠᠯᠭ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ᠄  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠲᠠᠪᠢᠨ ᠲᠠᠪᠤᠳᠤᠭᠠᠷ ᠵᠥᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠢᠳᠭᠡᠯ ᠢ ᠬᠡᠷᠡᠭᠵᠢᠬᠦᠯᠬᠦ ᠳᠤ ᠪᠠᠨ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠳᠡᠭᠡᠳᠦ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠭᠴᠢ ᠳᠤ ᠬᠠᠤᠯᠢ ᠶᠤᠰᠣᠭᠠᠷ ᠵᠠᠰᠠᠭ ᠵᠠᠬᠢᠷᠭᠠᠨ ᠤ ᠰᠢᠢᠳᠭᠡᠯ ᠦᠭᠴᠤ ᠪᠤᠯᠤᠨ᠎ᠠ᠄  ︵ᠨᠢᠭᠡ︶ ᠬᠠᠤᠯᠢ ᠪᠠᠷ ᠲᠤᠭᠳᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠥᠭᠬᠦ ᠦᠨᠳᠤᠰᠤᠯᠡᠯ ᠦᠭᠡᠢ︔ ︵ᠬᠤᠶᠠᠷ︶ ᠵᠠᠰᠠᠭ ᠵᠠᠬᠢᠷᠭᠠᠨ ᠤ ᠰᠢᠢᠳᠭᠡᠯ ᠤᠨ ᠲᠦᠷᠦᠯ ᠵᠥᠢᠯ᠂ ᠦᠷᠭᠡᠴᠡ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ︔ ︵ᠭᠤᠷᠪᠠ︶ ᠬᠠᠤᠯᠢ ᠪᠠᠷ ᠲᠤᠭᠳᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠤᠨ ᠶᠠᠪᠤᠴᠠ ᠶᠢ ᠵᠦᠷᠢᠴᠡᠭᠰᠡᠨ︔  ︵ᠲᠦᠷᠪᠡ︶ ᠲᠤᠰ ᠬᠠᠤᠯᠢ ᠶᠢᠨ ᠠᠷᠪᠠᠨ ᠨᠠᠢᠮᠠᠳᠤᠭᠠᠷ ᠵᠥᠢᠯ ᠤᠨ ᠨᠠᠶᠢᠳᠠᠵᠤ ᠰᠢᠢᠳᠭᠡᠯ ᠦᠭᠬᠦ ᠲᠤᠬᠠᠢ ᠲᠤᠭᠳᠠᠭᠠᠯ ᠢ ᠵᠦᠷᠢᠴᠡᠭᠰᠡᠨ᠃      ᠵᠡᠭᠦᠯᠲᠡ᠄
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map