ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠣᠷᠣᠭᠰᠠᠳ ᠤᠨ ᠰᠢᠯᠭᠠᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ ᠤᠨ ᠱᠠᠩᠨᠠᠯ ᠬᠥᠬᠢᠭᠦᠯᠦᠯ
ᠨᠡᠶᠢᠲᠡᠯᠡᠭᠰᠡᠨ ᠴᠠᠭ᠄
2018/11/8
     ᠡᠷᠬᠡ ᠶᠢᠨ ᠨᠡᠷᠡᠶᠢᠳᠦᠯ᠄ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠣᠷᠣᠭᠰᠠᠳ ᠤᠨ  ᠰᠢᠯᠭᠠᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ ᠤᠨ ᠱᠠᠩᠨᠠᠯ ᠬᠥᠬᠢᠭᠦᠯᠦᠯ     ᠡᠷᠬᠡ ᠶᠢᠨ ᠲᠥᠷᠥᠯ ᠵᠦᠢᠯ᠄ ᠵᠠᠰᠠᠭ ᠵᠠᠬᠢᠷᠭᠠᠨ ᠤ ᠬᠥᠬᠢᠭᠦᠯᠦᠯ     ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠲᠦᠯᠦᠪᠯᠡᠨ ᠲᠣᠭᠲᠠᠭᠠᠬᠤ ᠦᠨᠳᠦᠰᠦᠯᠡᠯ᠄  ︽ᠳᠡᠭᠡᠳᠦ ᠵᠡᠷᠭᠡ ᠶᠢᠨ ᠰᠤᠷᠭᠠᠨ ᠬᠥᠮᠦᠵᠢᠯ ‍ᠤᠨ‌ᠦᠪᠡᠷ ᠢᠶᠠᠨ ᠰᠣᠷᠣᠭᠰᠠᠳ ᠤᠨ ᠰᠢᠯᠭᠠᠯᠲᠠ ᠶᠢᠨ ᠲᠦᠷ ᠬᠡᠷᠡᠭᠵᠢᠭᠦᠯᠬᠦ ᠲᠦᠷᠢᠮ︾ ᠤᠨ ᠭᠤᠴᠢᠨ ᠵᠢᠷᠭᠤᠳᠤᠭᠠᠷ ᠵᠥᠢᠯ    ᠬᠤᠪᠢ ᠬᠥᠮᠦᠨ ᠪᠤᠶᠤ ᠪᠠᠶᠢᠭᠤᠯᠭ᠎ᠠ ᠨᠢᠭᠡᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠡᠯ᠂ ᠪᠦᠬᠦ ᠤᠯᠤᠰ ᠤᠨ ᠰᠢᠯᠭᠠᠯᠲᠠ ᠶᠢᠨ ᠵᠥᠪᠯᠡᠯ ᠪᠤᠶᠤ ᠮᠤᠵᠢ ᠶᠢᠨ ᠰᠢᠯᠭᠠᠯᠲᠠ ᠶᠢᠨ ᠵᠥᠪᠯᠡᠯ ᠠᠴᠠ ᠬᠥᠬᠢᠭᠦᠯᠦᠨ ᠱᠠᠩᠨᠠᠵᠤ ᠪᠣᠯᠤᠨ᠎ᠠ᠄ ︵ᠨᠢᠭᠡ︶ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠣᠷᠣᠭᠰᠠᠳ ᠤᠨ ᠰᠢᠯᠭᠠᠯᠲᠠ ᠶᠢᠨ ᠬᠢᠷᠢ ᠪᠦᠲᠦᠮᠵᠢ ᠨᠢ ᠣᠨᠴᠠᠭᠠᠶ ᠰᠢᠯᠢᠳᠡᠭ ᠪᠤᠶᠤ ᠲᠤᠪᠦ᠋ᠢᠮ᠎ᠠ ᠤᠢᠢᠯᠠ ᠠᠵᠢᠯᠯᠠᠭ᠎ᠠ ᠲᠠᠢ︔ ︵ᠬᠤᠶᠠᠷ︶ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠣᠷᠣᠭᠰᠠᠳ ᠤᠨ ᠰᠢᠯᠭᠠᠯᠲᠠ ᠶᠢᠨ ᠠᠵᠢᠯ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ︔  ︵ᠭᠤᠷᠪᠠ︶ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠣᠷᠣᠭᠰᠠᠳ ᠤᠨ ᠰᠢᠯᠭᠠᠯᠲᠠ ᠶᠢᠨ ᠨᠡᠶᠢᠭᠡᠮ ᠳᠤ ᠬᠢ ᠰᠤᠷᠤᠯᠭ᠎ᠠ ᠲᠡᠳᠭᠦᠭᠦ ᠠᠵᠢᠯ ᠢ ᠬᠢᠵᠤ ᠢᠯᠡᠳᠲᠡ ᠠᠮᠵᠢᠯᠲᠠ ᠣᠯᠤᠭᠰᠠᠨ  ᠵᠡᠷᠭᠡ  ᠃       ᠬᠠᠷᠢᠭᠤᠴᠠᠯᠭ᠎ᠠ ᠶᠢᠨ ᠵᠥᠢᠯ᠄      1 . ᠪᠡᠯᠡᠳᠬᠡᠯ ᠱᠠᠲᠤᠨ ᠳᠤ ᠬᠢ ᠬᠠᠷᠢᠭᠤᠴᠠᠯᠭ᠎ᠠ  ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠦᠯᠵᠢᠶ᠎ᠡ ᠪᠠᠷ ᠳᠠᠮᠵᠢᠭᠤᠯᠤᠨ᠂ ᠲᠣᠰ ᠵᠢᠯ ᠤᠨ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷ ᠢᠶᠠᠨ ᠰᠣᠷᠣᠭᠰᠠᠳ ᠤᠨ ᠰᠢᠯᠭᠠᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠨ︾ ᠢ ᠰᠢᠯᠭᠠᠷᠠᠭᠤᠯᠬᠤ ᠠᠵᠢᠯ ᠤᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠪᠠ ᠠᠵᠢᠯ ᠤᠨ ᠳᠤᠬᠢᠷᠠᠭᠤᠯᠤᠯᠳᠠ ᠶᠢ ᠨᠡᠶᠢᠲᠡᠯᠡᠨ᠎ᠡ᠃      2. ᠬᠢᠨᠠᠨ ᠪᠠᠶᠢᠴᠠᠭᠠᠬᠤ ᠱᠠᠲᠤᠨ ᠳᠤ ᠬᠢ ᠬᠠᠷᠢᠭᠤᠴᠠᠯᠭ᠎ᠠ᠄ ᠮᠡᠳᠡᠭᠦᠯᠦᠨ ᠳᠡᠪᠰᠢᠭᠦᠯᠦᠭᠰᠡᠨ ᠬᠦᠮᠦᠨ ᠤ ᠬᠢᠷᠢ ᠬᠡᠮ ᠢ ᠬᠢᠨᠠᠨ ᠬᠠᠷᠭᠤᠭᠤᠯᠬᠤ ᠬᠡᠷᠡᠭᠲᠡᠶ᠃ ᠬᠢᠷᠢ ᠬᠡᠮ ᠤᠨ ᠬᠢᠨᠠᠯᠲᠠ ᠳᠤ ᠬᠢᠷᠢ ᠬᠦᠷᠦᠭᠰᠡᠳ ᠤᠨ ᠮᠡᠳᠡᠭᠦᠯᠦᠭᠰᠡᠨ ᠮᠠᠲ᠋ᠧᠷᠢᠶᠠᠯ ᠢ  ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠬᠢᠨᠠᠨ ᠲᠣᠭᠲᠠᠭᠠᠨ᠎ᠠ᠃        3 . ᠨᠡᠶᠢᠲᠡᠯᠡᠬᠦ᠂  ᠮᠡᠳᠡᠭᠡᠯᠡᠬᠦ ᠱᠠᠲᠤᠨ ᠳᠤ ᠬᠢ ᠬᠠᠷᠢᠭᠤᠴᠠᠯᠭ᠎ᠠ᠄ ᠬᠢᠨᠠᠨ ᠲᠣᠭᠲᠠᠭᠠᠬᠤ ᠺᠣᠮᠢᠰ ᠠᠴᠠ ᠬᠢᠨᠠᠨ ᠲᠣᠭᠲᠠᠭᠠᠬᠤ ᠳᠤᠭᠤᠶᠢᠯᠠᠩ ᠤᠨ ᠳᠤᠷᠠᠳᠤᠭᠰᠠᠨ ᠵᠢᠱᠢᠭᠳᠡᠭᠴᠢ ᠪᠠᠭᠰᠢ ᠤᠨ ᠨᠡᠷᠡᠰ ᠢ ᠬᠢᠨᠠᠨ ᠰᠢᠯᠭᠠᠷᠠᠭᠤᠯᠵᠤ᠂ ᠱᠠᠩᠨᠠᠨ ᠬᠥᠬᠢᠭᠦᠯᠬᠦ ᠪᠠᠭᠰᠢ ᠨᠠᠷ ᠤᠨ ᠨᠡᠷᠡᠰ ᠢ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠦᠯᠵᠢᠶᠡᠨ ᠳᠡᠭᠡᠷ᠎ᠡ ᠨᠡᠶᠢᠲᠡᠯᠡᠨ᠎ᠡ᠃ ᠨᠡᠶᠢᠲᠡᠯᠡᠵᠦ ᠥᠩᠭᠡᠷᠡᠭᠰᠡᠨ ᠱᠠᠩᠨᠠᠨ ᠬᠥᠬᠢᠭᠦᠯᠬᠦ ᠪᠠᠭᠰᠢ ᠨᠠᠷ ᠤᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠵᠥᠪᠰᠢᠶᠡᠷᠡᠭᠦᠯᠦᠨ᠎ᠡ᠃      4 . ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄  ᠬᠤᠶᠢᠰᠢᠳᠠ ᠶᠢᠨ ᠶᠠᠪᠤᠴᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ  ᠃      5 . ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠭᠦᠢᠴᠡᠳᠭᠡᠬᠦ  ᠶᠣᠰᠣᠲᠠᠢ ᠬᠠᠷᠢᠭᠤᠴᠠᠯᠭ᠎ᠠ ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ᠄ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢᠨ ᠶᠢᠰᠦᠳᠦᠭᠡᠷ ᠪᠦᠯᠦᠭ ᠤᠨ ᠲᠠᠪᠢᠨ ᠭᠤᠷᠪᠠᠳᠤᠭᠠᠷ ᠵᠥᠢᠯ        ︵ᠨᠢᠭᠡ︶ ᠤᠯᠤᠰ ᠤᠨ ᠨᠡᠷ᠎ᠡ ᠲᠠᠢ ᠬᠠᠯᠳᠠᠭᠰᠠᠨ ᠴᠣᠣᠷᠬᠠᠯ ᠲᠠᠷᠬᠠᠭᠠᠵᠤ᠂ ᠤᠯᠤᠰ ᠢ ᠡᠰᠡᠷᠭᠦᠴᠡᠬᠦ ᠵᠤᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠭᠦ ᠵᠡᠷᠬᠡ ᠠᠵᠢᠯᠯᠠᠭ᠎ᠠ ᠶᠢ ᠵᠤᠬᠢᠶᠠᠨ  ᠪᠠᠶᠢᠭᠤᠯᠤᠭᠰᠠᠨ ᠪᠤᠶᠤ ᠲᠡᠭᠦᠨ ᠳᠤ ᠣᠷᠤᠯᠴᠠᠭᠰᠠᠨ︔      ︵ᠬᠤᠶᠠᠷ︶ ᠬᠠᠤᠯᠢ ᠪᠤᠰᠤ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠬᠤ᠂ ᠠᠵᠢᠯ ᠬᠠᠶᠠᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠭᠰᠠᠨ︔      ︵ᠭᠤᠷᠪᠠ︶ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠣᠵᠣ᠂ ᠠᠵᠢᠯ ᠶᠠᠪᠤᠳᠠᠯ ᠢ ᠰᠠᠭᠠᠲᠠᠭᠰᠠᠨ︔      ︵ᠲᠦᠷᠪᠡ︶ ᠲᠡᠭᠡᠳᠦ ᠱᠠᠳᠣᠨ ᠤ ᠬᠠᠤᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠢᠭᠠᠪᠤᠷᠢ ᠶᠢ ᠭᠡᠷᠡᠭᠵᠢᠭᠦᠯᠬᠦ ᠶᠢ  ᠲᠡᠪᠴᠢᠭᠰᠡᠨ︔      ︵ᠲᠠᠪᠤ︶ ᠰᠢᠭᠦᠮᠵᠢᠯᠡᠯ ᠢ ᠡᠰᠡᠷᠭᠦᠴᠡᠵᠦ᠂ ᠴᠣᠬᠢᠯᠳᠠ ᠦᠭᠴᠦ ᠬᠠᠷᠢᠭᠤ ᠠᠪᠤᠭᠰᠠᠨ  ︔      ︵ᠵᠢᠷᠭᠤᠭ᠎ᠠ︶ ᠤᠪ ᠮᠡᠭᠡ ᠭᠠᠷᠭᠠᠵᠤ᠂ ᠤᠳᠤᠷᠢᠳᠤᠯᠭ᠎ᠠ ᠪᠠ ᠤᠯᠠᠨ ᠲᠦᠮᠡᠨ ᠢ ᠪᠤᠷᠤᠭᠤ ᠪᠠᠷ ᠭᠦᠳᠦᠯᠬᠦ ᠪᠡ ᠮᠡᠬᠡᠯᠡᠭᠰᠡᠨ︔      ︵ᠲᠤᠯᠤᠭ᠎ᠠ︶  ᠱᠠᠮᠰᠢᠨ ᠪᠦᠷᠢᠯᠭᠡᠵᠦ᠂ ᠭᠡᠭᠡᠯᠢ ᠲᠦᠯᠬᠢᠨ᠂ ᠬᠠᠭ᠋ᠤᠤᠯᠢ ᠢᠳᠡᠵᠦ᠂ ᠲᠤᠰᠢᠶᠠᠯ ᠢᠶᠠᠨ ᠠᠰᠢᠭᠯᠠᠨ ᠬᠤᠪᠢᠨ ᠳᠤ ᠪᠠᠨ ᠪᠤᠶᠤ ᠪᠤᠰᠤᠳ ᠲᠤ ᠠᠰᠢᠭ ᠬᠤᠨᠵᠢᠪᠤᠷᠢ ᠣᠯᠭᠤᠬᠤ ᠶᠢ ᠬᠦᠭᠡᠭᠡᠴᠡᠯᠳᠦᠭᠰᠡᠨ︔      ︵ᠨᠠᠢᠮᠠ︶ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠵᠦᠷᠢᠴᠡᠵᠦ᠂ ᠤᠯᠤᠰ ᠤᠨ ᠡᠳ᠋ ᠮᠦᠩᠬᠦ ᠶᠢ ᠪᠦᠷᠢᠯᠭᠡᠭᠰᠡᠨ︔      ︵ᠶᠢᠰᠦ︶ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠨ ᠡᠷᠭᠡᠳᠦ ᠠᠷᠠᠳ᠂ ᠬᠠᠤᠯᠢ ᠶᠢᠨ ᠡᠷᠬᠡᠲᠡᠨ ᠪᠤᠶᠤ  ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ︔      ︵ᠠᠷᠪᠠ︶ ᠣᠯᠣᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠤᠭᠰᠠᠨ︔      ︵ᠠᠷᠪᠠᠨ ᠨᠢᠭᠡ︶ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠲᠤᠮᠳᠠ ᠤᠯᠤᠰ ᠤᠨ ᠨᠡᠷ᠎ᠡ ᠲᠦᠷᠦ ᠪᠠ ᠠᠰᠢᠭ ᠲᠤᠰᠠ ᠶᠢ ᠬᠤᠬᠢᠷᠠᠭᠤᠯᠤᠭᠰᠠᠨ︔      ︵ᠠᠷᠪᠠᠨ ᠬᠤᠶᠠᠷ︶ ᠱᠠᠯᠢᠭ ᠵᠠᠪᠬᠠᠢ᠂ ᠬᠤᠤᠷ ᠲᠠᠳᠠᠬᠤ᠂ ᠵᠤᠭᠤᠰ ᠮᠦᠷᠦ᠋ᠢᠴᠡᠬᠦ᠂ ᠮᠤᠬᠤᠷ ᠰᠦᠰᠦᠭ ᠵᠡᠷᠭᠡ ᠠᠵᠢᠯᠯᠠᠭ᠎ᠠ ᠳᠤ ᠣᠷᠤᠯᠴᠠᠭᠰᠠᠨ ᠪᠤᠶᠤ ᠲᠡᠭᠦᠨ ᠢ ᠳᠡᠮᠵᠢᠭᠰᠡᠨ︔      ︵ᠠᠷᠪᠠᠨ ᠭᠤᠷᠪᠠ︶ ᠠᠵᠢᠯ ᠤᠨ ᠶᠤᠰᠤ ᠮᠤᠷᠠᠯ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ ᠵᠦᠷᠢᠴᠡᠭᠰᠡᠨ︔      ︵ᠠᠷᠪᠠᠨ ᠲᠦᠷᠪᠡ︶ ᠠᠰᠢᠭ ᠬᠤᠨᠵᠢᠪᠤᠷᠢ ᠶᠢᠨ ᠴᠢᠨᠡᠷᠳᠡᠢ ᠠᠵᠢᠯᠯᠠᠭᠠᠨ ᠶᠢ ᠡᠷᠬᠢᠯᠡᠬᠦ ᠪᠤᠶᠤ ᠣᠷᠤᠯᠴᠠᠵᠤ᠂ ᠠᠵᠤ ᠠᠬᠤᠶᠢᠯᠠᠯ ᠪᠤᠶᠤ ᠪᠤᠰᠤᠳ ᠠᠰᠢᠭ ᠬᠤᠨᠵᠢᠪᠤᠷᠢ ᠶᠢᠨ  ᠴᠢᠨᠡᠷᠳᠡᠢ ᠵᠤᠬᠢᠶᠠᠨ ᠪᠠᠶᠢᠭᠤᠯᠤᠯᠳᠠ ᠳᠤ ᠲᠤᠰᠢᠶᠠᠯ ᠬᠠᠪᠰᠣᠷᠭᠠᠨ ᠡᠭᠦᠷᠭᠡᠯᠡᠭᠰᠡᠨ︔      ︵ᠠᠷᠪᠠᠨ ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠭᠡᠷᠡᠭ ᠢᠶᠠᠷ ᠭᠠᠳᠠᠭᠰᠢ ᠭᠠᠷᠬᠤ᠂ ᠴᠢᠯᠦᠭᠡ ᠭᠤᠶᠤᠭᠰᠠᠨ ᠬᠤᠭᠤᠴᠠᠭ᠎ᠠ ᠨᠢ ᠲᠤᠯᠤᠭᠰᠠᠨ ᠪᠠᠶᠢᠬᠤ ᠳᠤ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ ᠲᠤᠭᠳᠠᠭᠰᠠᠨ ᠬᠤᠭᠤᠴᠠᠭᠠᠨ ᠳᠤ ᠪᠠᠨ ᠦᠯᠦ ᠪᠤᠴᠠᠭᠰᠠᠳ︔      ︵ᠠᠷᠪᠠᠨ ᠵᠢᠷᠭᠤᠭ᠎ᠠ︶ ᠰᠠᠬᠢᠯᠭ᠎ᠠ ᠪᠠᠳᠣ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃     ᠵᠡᠬᠦᠯᠳᠠ᠄
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map