ᠰᠣᠷᠭᠠᠨ ᠬᠦᠮᠥᠵᠢᠯ ᠤᠨ ᠦᠢᠯᠡᠳᠦᠯ ᠪᠣᠯ ᠤᠷᠤᠯᠠᠭᠤᠯᠵᠥ ᠪᠤᠯᠤᠰᠢ ᠦᠭᠡᠢ
ᠨᠡᠶᠢᠲᠡᠯᠡᠭᠰᠡᠨ ᠴᠠᠭ᠄
2018/11/9
               — ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠲᠦ ᠰᠣᠷᠭᠠᠭᠤᠯᠢ ᠶᠢᠨ ᠠᠵᠢᠯ ᠤᠨ ᠬᠤᠷᠢᠶᠠᠨ ᠤ ᠱᠦᠵᠢ᠂ ᠰᠣᠷᠭᠠᠨ ᠬᠦᠮᠦᠵᠢᠯ ᠤᠨ ᠲᠢᠩᠬᠢᠮ ᠤᠨ ᠳᠠᠷᠤᠭ᠎ᠠ ᠡᠾᠸᠤ ᠶᠣᠸᠠᠨ ᠢ ᠰᠣᠷᠪᠣᠯᠵᠢᠯᠠᠭᠰᠠᠨ ᠨᠢ            ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠤᠭᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠠᠴᠠ ᠬᠢᠨᠠᠨ ᠵᠦᠪᠯᠡᠵᠥ ᠪᠠᠳᠤᠯᠠᠭᠰᠠᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠠᠷᠠᠳ ᠤᠨ ᠠᠵᠥ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠥᠪᠵᠢᠬᠦᠯᠬᠡ ᠶᠢ ᠲᠤᠭᠳᠠᠭᠠᠬᠤ ᠲᠤᠬᠠᠢ ᠰᠠᠨᠠᠭᠤᠯᠭ᠎ᠠ︾ ᠳᠤ ︽ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ︾ ᠶᠢ ᠬᠦᠭᠵᠢᠯᠳᠡ ᠶᠢ ᠬᠠᠮᠳᠤᠪᠡᠷ ᠡᠳ᠋ᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠲᠡᠭᠡᠭᠰᠢᠯᠡᠬᠦᠯᠬᠦ‍ ᠨᠢᠬᠡ ᠵᠦᠢᠯ ᠤᠨ ᠴᠢᠬᠤᠯᠠ ᠡᠬᠦᠷᠬᠡ ᠪᠤᠯᠭᠠᠨ᠎ᠠ ᠬᠡᠵᠥ ᠲᠤᠷᠠᠳᠪᠠ᠃ ᠤᠢᠢᠷ᠎ᠠ ᠶᠢᠨ ᠡᠳᠤᠷ᠂ ᠰᠤᠷᠪᠤᠯᠵᠢᠯᠠᠭᠴᠢ ᠪᠦᠬᠦ ᠬᠡᠰᠢᠬᠦᠳ ᠤᠨ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠤᠷᠭᠠᠨ ᠬᠦᠮᠥᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠤᠤᠯ ᠰᠡᠳᠤᠪ ᠤᠨ ᠲᠣᠭᠤᠷᠢᠨ ᠳᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠤᠷᠤᠨ ᠤ ᠰᠤᠷᠭᠠᠨ ᠬᠦᠮᠥᠵᠢᠯ ᠤᠨ ᠰᠢᠨᠵᠢᠯᠡᠬᠦ ᠤᠬᠠᠭᠠᠨᠴᠢ ᠬᠦᠭᠵᠢᠯᠳᠡ ᠶᠢ ᠬᠡᠷᠬᠢᠨ ᠠᠬᠢᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠭᠡᠳᠤ ᠰᠤᠷᠭᠠᠭᠤᠯᠢ ᠶᠢᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠦᠮᠥᠵᠢᠯ ᠤᠨ ᠲᠢᠩᠬᠢᠮ ᠤᠨ ᠲᠠᠷᠤᠭ᠎ᠠ ᠡᡁᠸᠥ ᠶᠤᠸᠠᠨ ᠢ ᠰᠤᠷᠪᠤᠯᠵᠢᠯᠠᠪᠠ᠃      ᠰᠤᠷᠪᠤᠯᠵᠢᠯᠠᠭᠴᠢ᠄ ᠤᠳᠤᠬᠠᠨ ᠤ ᠪᠠ ᠬᠤᠶᠢᠰᠢᠳᠠ ᠶᠢᠨ ᠨᠢᠬᠡ ᠬᠡᠰᠡᠭ ᠬᠤᠭᠤᠴᠠᠭᠠᠨ ᠳᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠥᠵᠢᠯ ᠤᠨ ᠰᠢᠰᠲ᠋ᠧᠮ ᠤᠨ ᠬᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠤᠭᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠰᠤᠷᠤᠯᠴᠠᠵᠥ ᠲᠤᠭᠤᠰᠢᠯᠠᠭᠤᠯᠬᠤ ᠪᠤᠢ︖      ᠡᡁᠸᠥ ᠶᠤᠸᠠᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠦᠭᠦ ᠭᠡᠰᠢᠭᠦᠳ ᠤᠨ ᠬᠤᠷᠠᠯ ᠨᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠬᠤ ᠰᠢᠢᠳᠪᠦᠷᠢᠲᠦ ᠱᠠᠲᠤᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂  ᠡᠨᠡ ᠨᠢ ᠰᠢᠨ᠎ᠡ ᠲᠡᠦᠬᠡᠨ ᠡᠬᠢᠯᠡᠯᠲᠡ ᠶᠢᠨ ᠴᠡᠭ ᠳᠡᠭᠡᠷ᠎ᠡ ᠣᠳᠣᠬᠢᠴᠢᠯᠠᠭᠰᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠶᠢ ᠲᠦᠷᠭᠡᠳᠬᠡᠬᠦ ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃      ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠰᠠᠨᠠᠭᠤᠯᠭ᠎ᠠ︾ ᠨᠢ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠣᠷᠣᠨ ᠤ ᠪᠣᠳᠠᠲᠤ ᠪᠠᠶᠢᠳᠠᠯ ᠪᠠ ᠣᠨᠴᠠᠯᠢᠭ ᠢ ᠣᠨᠣᠪᠴᠢᠲᠠᠶ ᠡᠵᠡᠮᠰᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠣᠷᠣᠨ ᠤ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠠᠷᠠᠯᠲᠠ ᠱᠠᠭᠠᠷᠳᠠᠯᠭ᠎ᠠ᠂ ᠦᠨᠳᠦᠰᠦᠨ ᠣᠶᠢᠯᠠᠭᠠᠭᠳᠠᠬᠤᠨ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠥᠪᠥᠷ ᠮᠣᠩᠭᠤᠯ ᠤᠨ ᠢᠷᠡᠭᠡᠳᠦᠢ ᠶᠢᠨ 5 ᠵᠢᠯ ᠤᠨ ᠬᠥᠭᠵᠢᠯᠲᠡ ᠶᠢᠨ ᠰᠢᠨ᠎ᠡ ᠪᠣᠷᠣ ᠲᠥᠰᠦᠪ᠂ ᠢᠷᠡᠭᠡᠳᠦᠶ ᠶᠢᠨ ᠰᠢᠨ᠎ᠡ ᠵᠢᠷᠤᠭ ᠢ ᠵᠢᠷᠤᠭᠯᠠᠵᠤ᠂ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠴᠢᠭᠯᠡᠯ ᠢ ᠲᠣᠳᠣᠷᠬᠠᠢ ᠵᠢᠭᠠᠨ ᠭᠠᠷᠭᠠᠭᠰᠠᠨ ᠪᠠᠶᠢᠨ᠎ᠠ᠃ ︽ᠰᠠᠨᠠᠭᠤᠯᠭ᠎ᠠ︾ ᠳᠤ ᠳᠤᠷᠠᠳᠤᠨ ᠭᠠᠷᠭᠠᠭᠰᠠᠨ ᠨᠢ᠂ ᠡᠷᠬᠡᠪᠰᠢ ︽ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠳᠡᠭᠡᠲᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠦᠨ᠎ᠡ᠃ ᠡᠨᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠦᠭᠦ ᠭᠡᠰᠢᠭᠦᠳ ᠤᠨ ᠬᠤᠷᠠᠯ ᠠᠴᠠ ᠮᠠᠨ ᠤ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠬᠥᠭᠵᠢᠯᠲᠡ ᠶᠢᠨ ᠪᠦᠬᠦ ᠲᠠᠯ᠎ᠠ ᠶᠢᠨ ᠦᠨᠳᠤᠷᠴᠡ ᠠᠴᠠ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ ᠴᠢᠩ ᠦᠨᠡᠨᠴᠢ ᠬᠦᠰᠡᠯ ᠡᠷᠡᠮᠡᠯᠵᠡᠯ ᠲᠠᠯᠪᠢᠵᠤ ᠪᠠᠶᠢᠬᠤ ᠶᠢ ᠢᠯᠡᠷᠡᠭᠦᠯᠵᠦ ᠪᠠᠶᠢᠨ᠎ᠠ  ᠃      ᠡᡁᠸᠥ ᠶᠤᠸᠠᠨ᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠤᠭᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠤᠯ ᠰᠤᠷᠭᠠᠨ ᠬᠦᠮᠥᠵᠢᠯ ᠤᠨ ᠰᠢᠰᠲ᠋ᠧᠮ ᠤᠨ ᠤᠳᠤᠬᠠᠨ ᠤ ᠪᠠ ᠬᠤᠶᠢᠰᠢᠳᠠ ᠶᠢᠨ ᠨᠢᠬᠡ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠮᠦᠨ᠃ ᠪᠢᠳᠡ ︽ᠲᠦᠷᠪᠡᠨ ᠤᠨᠤᠪᠴᠢᠳᠠᠢ ᠡᠵᠡᠮᠰᠢᠬᠦ︾ ᠶᠢ ᠬᠦᠢᠴᠡᠳᠭᠡᠵᠥ᠂ ᠦᠵᠡᠯ ᠰᠠᠨᠠᠭ᠎ᠠ ᠪᠠᠨ ᠦᠨᠡᠨᠬᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠲᠡᠭᠡᠷ᠎ᠡ ᠨᠢᠬᠡᠳᠭᠡᠬᠦ ᠬᠡᠷᠡᠭᠳᠡᠢ᠃ ᠨᠢᠬᠡ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠤᠷᠤᠨ ᠤ ᠬᠦᠭᠵᠢᠯᠳᠡ ᠶᠢᠨ ᠪᠠᠶᠢᠳᠠᠯ ᠤᠨ ᠲᠤᠬᠠᠢ ᠴᠢᠬᠤᠯᠠ ᠶᠡᠭᠡ ᠮᠠᠭᠠᠳᠯᠠᠯᠳᠠ ᠶᠢ ᠵᠦᠪ ᠡᠵᠡᠮᠰᠢᠵᠥ᠂ ︽ᠲᠦᠷᠪᠡᠨ ᠴᠢᠬᠤᠯᠠ ᠶᠡᠭᠡ ᠠᠵᠠ ᠲᠤᠬᠢᠶᠠᠯ︾᠂ ︽ᠵᠢᠷᠭᠤᠭᠠᠨ ᠶᠡᠭᠡ ᠬᠠᠳᠠᠭᠤᠵᠢᠯᠳᠠᠢ ᠬᠦᠨᠳᠦ ᠡᠬᠦᠷᠬᠡ︾ ᠵᠡᠷᠬᠡ ᠰᠢᠨᠵᠢᠯᠡᠬᠦ ᠤᠬᠠᠭᠠᠨᠴᠢ ᠮᠠᠭᠠᠳᠯᠠᠯᠳᠠ ᠶᠢ ᠬᠦᠨᠵᠡᠬᠡᠢ ᠤᠢᠢᠯᠠᠭᠠᠵᠥ᠂ ︽ᠵᠢᠷᠭᠤᠭ᠎ᠠ ᠶᠢ ᠪᠠᠷᠢᠮᠳᠠᠯᠠᠬᠤ︾ ᠵᠠᠷᠴᠢᠮ ᠶᠤᠰᠤᠭᠠᠷ᠂ ᠰᠤᠷᠭᠠᠨ ᠬᠦᠮᠥᠵᠢᠯ ᠢ ᠦᠪᠤᠷ ᠮᠤᠩᠭᠤᠯ ᠤᠨ ᠠᠵᠢᠯ ᠤᠨ ᠶᠡᠭᠡ ᠲᠠᠯ᠎ᠠ ᠳᠤ ᠤᠷᠤᠭᠤᠯᠤᠨ ᠠᠬᠢᠭᠤᠯᠵᠥ᠂ ᠦᠭᠡᠷᠡᠴᠢᠯᠡᠯᠳᠡ ᠬᠦᠭᠵᠢᠯᠳᠡ ᠶᠢᠨ ᠲᠡᠤᠬᠡ ᠶᠢᠨ ᠶᠠᠪᠤᠴᠠ ᠳᠤ ᠤᠷᠤᠭᠤᠯᠤᠨ ᠪᠤᠳᠤᠯᠬᠢᠯᠠᠬᠤ ᠬᠡᠷᠡᠭᠳᠡᠢ᠃ ᠬᠤᠶᠠᠷ ᠲᠤ᠂ ᠦᠪᠡᠷᠳᠡᠭᠡᠨ ᠵᠠᠰᠠᠬᠤ ᠤᠷᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠬᠤ ᠲᠡᠮᠡᠴᠡᠯ ᠤᠨ ᠬᠠᠷᠠᠯᠳᠡ ᠶᠢ ᠵᠦᠪ ᠡᠵᠡᠮᠰᠢᠵᠥ᠂ ︽ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠤ᠂ ᠬᠠᠮᠳᠤᠪᠡᠷ ᠡᠳ᠋ᠯᠡᠬᠦ︾ ᠬᠦᠭᠵᠢᠯᠳᠡ ᠶᠢᠨ ᠤᠢᠢᠯᠠᠭᠠᠭᠳᠠᠬᠤᠨ ᠢ ᠪᠠᠷᠢᠮᠳᠠᠯᠠᠵᠥ᠂ ᠬᠦᠭᠵᠢᠬᠦᠯᠬᠦ ᠪᠤᠯ ᠲᠡᠷᠢᠬᠦᠨ ᠴᠢᠬᠤᠯᠠ ᠡᠬᠦᠷᠬᠡ ᠭᠡᠳᠡᠭ ᠢ ᠪᠠᠷᠢᠮᠳᠠᠯᠠᠵᠥ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠥ᠂ ᠰᠤᠷᠭᠠᠨ ᠬᠦᠮᠥᠵᠢᠯ ᠤᠨ ᠬᠦᠭᠵᠢᠯᠳᠡ ᠶᠢᠨ ᠲᠤᠳᠠᠭᠤᠳᠠᠯ ᠢ ᠬᠦᠴᠦᠯᠡᠨ ᠨᠦᠬᠦᠪᠦᠷᠢᠯᠡᠵᠥ᠂ ᠲᠤᠭᠳᠠᠭᠰᠠᠠ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠤᠷᠭᠠᠨ ᠬᠦᠮᠥᠵᠢᠯ ᠤᠨ ᠰᠠᠭᠤᠷᠢ ᠴᠢᠨᠠᠷᠳᠠᠢ᠂ ᠤᠷᠢᠲᠠᠴᠢ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠦᠢᠯᠡᠳᠦᠯ ᠢ ᠪᠠᠳᠠᠷᠠᠭᠤᠯᠬᠤ ᠬᠡᠷᠡᠭᠳᠡᠢ᠃ ᠭᠤᠷᠪᠠ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠡᠨᠡᠬᠦ ᠦᠨᠳᠦᠰᠦᠨ ᠪᠠᠳᠤᠯᠠᠭ᠎ᠠ ᠶᠢ ᠵᠦᠪ ᠡᠵᠡᠮᠰᠢᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠲᠦᠷᠢᠮ ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠳᠠᠯᠠᠵᠥ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠡᠬᠦᠳᠦᠨ ᠪᠦᠳᠦᠭᠡᠬᠦ ᠬᠦᠴᠦᠨ᠂ ᠨᠢᠬᠳᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠡ ᠦᠭᠡᠢ ᠲᠡᠭᠡᠭᠰᠢᠯᠡᠬᠦᠯᠵᠥ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠥᠵᠢᠯ ᠤᠨ ᠦᠢᠯᠡᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠠᠷᠠᠯᠳᠡ ᠶᠢ ᠪᠡᠶᠡᠯᠡᠬᠦᠯᠬᠦ ᠳᠤ ᠦᠨᠳᠦᠰᠦᠨ ᠤᠯᠤᠰ ᠲᠦᠷᠦ ᠶᠢᠨ ᠪᠠᠳᠤᠯᠠᠭ᠎ᠠ ᠬᠠᠩᠭᠠᠬᠤ ᠬᠡᠷᠡᠭᠳᠡᠢ᠃ ᠲᠦᠷᠪᠡ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠣᠷᠠᠳᠤᠨ ᠭᠠᠷᠭᠠᠭᠰᠠᠠ ︽ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ︾ ᠴᠢᠬᠤᠯᠠ ᠶᠡᠭᠡ ᠪᠠᠶᠢᠷᠢᠯᠠᠭᠤᠯᠤᠯᠳᠠ ᠶᠢ ᠵᠦᠪ ᠡᠵᠡᠮᠰᠢᠵᠥ᠂ ᠶᠤᠰᠤ ᠰᠤᠷᠳᠠᠬᠤᠨ ᠢᠶᠠᠷ ᠬᠦᠮᠥᠨ ᠢ ᠬᠦᠮᠥᠵᠢᠬᠦᠯᠬᠦ ᠦᠨᠳᠦᠰᠦᠨ ᠡᠬᠦᠷᠬᠡ ᠶᠢ ᠨᠠᠶᠢᠳᠠᠪᠤᠷᠢᠵᠢᠭᠤᠯᠵᠥ᠂ ᠡᠷᠬᠡ ᠲᠡᠭᠰᠢ ᠶᠢ ᠠᠬᠢᠭᠤᠯᠬᠤ ᠪᠠᠷ ᠦᠨᠳᠦᠰᠦᠨ ᠡᠬᠦᠷᠬᠡ ᠪᠤᠯᠭᠠᠵᠥ᠂ ᠪᠦᠳᠦᠴᠡ ᠶᠢ ᠰᠢᠯᠢᠳᠡᠭᠵᠢᠬᠦᠯᠬᠦ ᠪᠠᠷ ᠭᠤᠤᠯ ᠰᠢᠪᠳᠤᠯᠬᠤ ᠴᠢᠭᠯᠡᠯ ᠪᠤᠯᠭᠠᠵᠥ᠂ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠦᠨᠳᠦᠰᠦᠨ ᠬᠦᠳᠡᠯᠭᠡᠬᠦ ᠬᠦᠴᠦᠨ ᠪᠤᠯᠭᠠᠵᠥ᠂ ᠰᠤᠷᠭᠠᠨ ᠬᠦᠮᠥᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ᠃      ᠰᠤᠷᠪᠤᠯᠵᠢᠯᠠᠭᠴᠢ᠄ ︽ᠰᠠᠨᠠᠭᠤᠯᠭ᠎ᠠ︾ ᠳᠤ᠂ ︽ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ︾ ᠪᠠᠷ ᠭᠤᠤᠯ ᠰᠡᠳᠤᠪ ᠪᠤᠯᠭᠠᠵᠥ᠂ ᠰᠤᠷᠭᠠᠨ ᠬᠦᠮᠥᠵᠢᠯ ᠢ ᠤᠷᠢᠳᠠᠪᠡᠷ ᠬᠦᠭᠵᠢᠬᠦᠯᠬᠦ ᠶᠢ ᠪᠠᠷᠢᠮᠳᠠᠯᠠᠵᠥ᠂ ᠶᠤᠰᠤ ᠰᠤᠷᠳᠠᠬᠤᠨ ᠢᠶᠠᠷ ᠬᠦᠮᠥᠨ ᠢ ᠬᠦᠮᠥᠵᠢᠬᠦᠯᠬᠦ ᠦᠨᠳᠦᠰᠦᠨ ᠡᠬᠦᠷᠬᠡ ᠶᠢ ᠨᠠᠶᠢᠳᠠᠪᠤᠷᠢᠵᠢᠭᠤᠯᠵᠥ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠲᠡᠩᠴᠡᠬᠦᠷᠢᠳᠡᠢ ᠬᠦᠭᠵᠢᠯᠳᠡ ᠶᠢ ᠠᠬᠢᠭᠤᠯᠵᠥ᠂ ᠲᠡᠭᠡᠳᠤ ᠰᠤᠷᠭᠠᠭᠤᠯᠢ ᠶᠢᠨ ᠵᠢᠭᠠᠨ ᠰᠤᠷᠭᠠᠯᠳᠡ ᠶᠢᠨ ᠲᠦᠪᠰᠢᠨ ᠪᠤᠯᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠵᠥ᠂ ᠰᠤᠷᠭᠠᠨ ᠬᠦᠮᠥᠵᠢᠯ ᠵᠢᠭᠠᠨ ᠰᠤᠷᠭᠠᠯᠳᠡ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠥᠨ᠎ᠡ ᠬᠡᠵᠥ ᠲᠤᠷᠠᠳᠪᠠ᠃ ᠲᠠ ᠮᠠᠨ ᠤ ᠤᠷᠤᠨ ᠤ ᠰᠤᠷᠭᠠᠨ ᠬᠦᠮᠥᠵᠢᠯ ᠤᠨ ᠠᠵᠢᠯ ᠲᠠᠢ ᠤᠶᠠᠯᠳᠤᠭᠤᠯᠵᠥ ᠪᠠᠶᠢᠭᠠᠳ ᠨᠠᠶᠢᠳᠠᠪᠤᠷᠢᠵᠢᠭᠤᠯᠤᠯᠳᠠ ᠶᠢ ᠬᠡᠷᠬᠢᠨ ᠠᠬᠢᠭᠤᠯᠬᠤ ᠲᠤᠬᠠᠢ ᠶᠠᠷᠢᠭᠠᠳ ᠦᠭᠬᠦᠨ᠎ᠡ ᠤᠤ︖              ᠡᡁᠸᠥ ᠶᠤᠸᠠᠨ᠄ ᠪᠦᠬᠦ ᠤᠷᠤᠨ ᠤ ᠰᠤᠷᠭᠠᠨ ᠬᠦᠮᠥᠵᠢᠯ ᠤᠨ ᠰᠢᠰᠲ᠋ᠧᠮ ᠤᠨ ᠬᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠤᠭᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠠᠭᠠᠨ ︽ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡᠳᠤ᠂ ᠬᠠᠮᠳᠤᠪᠡᠷ ᠡᠳ᠋ᠯᠡᠬᠦ︾ ᠬᠦᠭᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠥ᠂ ᠰᠤᠷᠭᠠᠨ ᠬᠦᠮᠥᠵᠢᠯ ᠢ ᠤᠷᠢᠳᠡᠪᠡᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠥ᠂ ᠶᠤᠰᠤ ᠰᠤᠷᠳᠠᠬᠤᠨ ᠢᠶᠠᠷ ᠬᠦᠮᠥᠨ ᠢ ᠬᠦᠮᠥᠵᠢᠬᠦᠯᠬᠦ ᠦᠨᠳᠦᠰᠦᠨ ᠡᠬᠦᠷᠬᠡ ᠶᠢ ᠪᠠᠷᠢᠮᠳᠠᠯᠠᠵᠥ᠂ ︽2020 ᠤᠨ ᠳᠤ ᠰᠤᠷᠭᠠᠨ ᠬᠦᠮᠥᠵᠢᠯ ᠤᠨ ᠤᠳᠤᠬᠢᠴᠢᠯᠠᠯᠳᠡ ᠶᠢ ᠦᠨᠳᠦᠰᠦᠨ ᠳᠡᠭᠡᠨ ᠪᠡᠶᠡᠯᠡᠬᠦᠯᠬᠦ︾ ᠡᠨᠡᠬᠦ ᠶᠡᠷᠤᠩᠬᠡᠢ ᠬᠠᠷᠠᠯᠳᠡ ᠶᠢᠨ ᠲᠤᠭᠤᠷᠢᠨ ᠳᠤ᠂ ᠰᠤᠷᠭᠠᠨ ᠬᠦᠮᠥᠵᠢᠯ ᠤᠨ ᠦᠢᠯᠡᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠥᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠥ᠂ ᠦᠪᠡᠷᠳᠡᠭᠡᠨ ᠵᠠᠰᠠᠬᠤ ᠤᠷᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠤᠷᠭᠠᠨ ᠬᠦᠮᠥᠵᠢᠯ ᠤᠨ ᠦᠢᠯᠡᠴᠢᠯᠡᠬᠦ ᠴᠢᠳᠠᠪᠤᠷᠢ ᠶᠢ ᠤᠯᠠᠮ ᠴᠢᠨᠠᠭᠰᠢᠳᠠ ᠲᠡᠭᠡᠭᠰᠢᠯᠡᠬᠦᠯᠵᠥ᠂ ᠮᠠᠨ ᠤ ᠤᠷᠤᠨ ᠤ ᠰᠤᠷᠭᠠᠨ ᠬᠦᠮᠥᠵᠢᠯ ᠤᠨ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ᠃      ᠪᠢᠳᠡ ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ ᠪᠠᠷ ᠭᠤᠤᠯ ᠰᠡᠳᠤᠪ ᠪᠤᠯᠭᠠᠵᠥ᠂ ᠲᠤᠤᠷᠠᠬᠢ ᠶᠢᠰᠦᠨ ᠲᠠᠯ᠎ᠠ ᠶᠢᠨ ᠠᠵᠢᠯ ᠢ ᠰᠠᠶᠢᠳᠤᠷ ᠬᠢᠨ᠎ᠠ᠃ ᠨᠢᠭᠡ ᠳᠤ᠂ ᠵᠠᠩᠬᠢᠯᠠᠭ᠎ᠠ ᠶᠢᠨ ᠭᠤᠭᠴᠤᠭ᠎ᠠ ᠪᠠᠷ ᠭᠤᠤᠯᠳᠠᠭᠤᠯᠵᠥ᠂ ᠰᠤᠷᠭᠠᠨ ᠬᠦᠮᠥᠵᠢᠯ ᠤᠨ ᠬᠦᠷᠢᠶᠡᠨ ᠤ ᠶᠡᠷᠤᠩᠬᠡᠶᠢᠯᠡᠭᠰᠡᠡ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠥᠨ᠎ᠡ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠢᠨ ᠶᠣᠰᠤᠭᠠᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢᠶᠠᠨ ᠨᠥᠬᠦᠪᠦᠷᠢᠯᠡᠬᠦ ᠳᠤ ᠰᠠᠭᠤᠷᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠢᠰᠲ᠋ᠧᠮ ᠲᠠᠢ ᠰᠦᠪᠡᠭᠴᠢᠯᠡᠬᠦ ᠪᠠ ᠠᠬᠢᠭᠤᠯᠤᠨ᠎ᠠ᠃ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠭᠡᠬᠦ ᠡᠨᠡ ᠬᠦ ᠲᠣᠯᠣᠭᠠᠶᠢᠯᠠᠭᠴᠢ ᠶᠢ ᠠᠳᠬᠤᠵᠤ᠂ ᠡᠯ᠎ᠡ ᠵᠦᠢᠯ ᠤᠨ ᠲᠥᠬᠦᠷᠴᠢᠯᠡᠭᠰᠡᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠠᠩᠬᠠᠷᠤᠨ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠬᠤᠶᠠᠷ ᠲᠤ᠂ ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠥᠵᠢᠯ ᠤᠨ ᠲᠦᠬᠡᠮᠡᠯᠵᠢᠯ ᠤᠨ ᠲᠦᠪᠰᠢᠨ ᠢ ᠤᠯᠠᠮ ᠴᠢᠨᠠᠭᠰᠢᠳᠠ ᠲᠡᠭᠡᠭᠰᠢᠯᠡᠬᠦᠯᠥᠨ᠎ᠡ᠃ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠢᠴᠢ ᠪᠤᠰᠤᠳ ᠬᠤᠯᠪᠣᠭᠳᠠᠯ ᠪᠦᠬᠦᠢ ᠢᠨᠵᠧᠨᠧᠷᠢᠩ ᠤᠨ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃  ᠭᠤᠷᠪᠠ ᠳᠤ᠂ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠢ ᠲᠡᠩᠴᠡᠬᠦᠷᠢᠳᠡᠢ ᠬᠦᠭᠵᠢᠬᠦᠯᠬᠦ ᠠᠯᠬᠤᠮ ᠢ ᠲᠦᠷᠭᠡᠳᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ︽ᠠᠷᠪᠠ ᠶᠢ ᠪᠥᠷᠬᠦᠭᠦᠯᠬᠦ︾ ᠢᠨᠵᠧᠨᠧᠷᠢᠩ ᠢᠶᠠᠷ ᠴᠢᠬᠤᠯᠠ ᠭᠠᠷᠳᠠᠴᠠ ᠪᠣᠯᠭᠠᠵᠤ᠂ ᠤᠯᠤᠰ ᠤᠨ ︽ᠪᠦᠬᠦ ᠲᠠᠯ᠎ᠠ ᠪᠠᠷ ᠪᠠᠭᠤᠷᠠᠢ ᠶᠢ ᠥᠭᠡᠷᠡᠴᠢᠯᠡᠬᠦ ᠲᠥᠯᠥᠪᠯᠡᠭᠡ︾ ᠪᠣᠯᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠵᠡᠷᠭᠡ ᠲᠦᠷᠦᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠳᠠ ᠬᠥᠳᠡᠭᠡ᠂ ᠣᠷᠣᠨ ᠨᠤᠲᠤᠭ᠂ ᠰᠤᠷᠭᠠᠭᠤᠯᠢ ᠶᠢᠨ ᠬᠤᠭᠤᠷᠣᠨᠳᠣᠬᠢ ᠰᠤᠷᠭᠠᠭᠤᠯᠢ ᠡᠷᠬᠢᠯᠡᠬᠦ ᠨᠥᠬᠦᠴᠡᠯ ᠤᠨ ᠵᠥᠷᠢᠶ᠎ᠡ ᠶᠢ ᠲᠦᠷᠭᠡᠳᠭᠡᠨ ᠪᠠᠭᠠᠰᠬᠠᠵᠤ᠂ 2020 ᠣᠨ ᠠᠴᠠ ᠡᠮᠦᠨ᠎ᠡ ᠪᠦᠬᠦ ᠲᠠᠯ᠎ᠠ ᠪᠠᠷ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠣᠯᠭᠠᠬᠤ ᠶᠢ ᠦᠨᠡᠨ ᠬᠦ ᠪᠠᠲᠤᠯᠠᠬᠤ ᠳᠤ ᠰᠠᠭᠤᠷᠢ ᠲᠠᠯᠪᠢᠵᠤ ᠥᠭᠬᠦ ᠬᠡᠷᠡᠭᠲᠡᠶ᠃ ᠲᠦᠷᠪᠡ ᠳᠤ᠂ ᠡᠩ ᠤᠨ ᠲᠡᠭᠡᠳᠤ ᠲᠤᠮᠳᠠᠳᠤ ᠶᠢᠨ ᠰᠤᠷᠭᠠᠨ ᠬᠦᠮᠥᠵᠢᠯ ᠤᠨ ᠤᠯᠠᠨ ᠶᠠᠩᠵᠤᠲᠤ  ᠣᠨᠴᠠᠯᠢᠭᠲᠤ ᠬᠦᠭᠵᠢᠯᠳᠡ ᠶᠢ ᠠᠬᠢᠭᠤᠯᠤᠨ᠎ᠠ᠃ ᠨᠢᠭᠡᠲᠤᠯᠲᠡᠢ ᠱᠠᠭᠠᠷᠳᠠᠯᠭ᠎ᠠ ᠪᠠ ᠤᠯᠠᠨ ᠶᠠᠩᠵᠤᠲᠤ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠤᠯᠤᠰ ᠠᠴᠠ ᠲᠣᠭᠲᠠᠭᠠᠭᠰᠠᠨ ᠬᠢᠴᠢᠶᠡᠯ ᠢ ᠪᠦᠷᠢᠨ ᠰᠠᠶᠢᠲᠤᠷ ᠨᠡᠭᠡᠭᠡᠵᠦ᠂ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠳᠠᠯᠢ ᠪᠤᠰᠤ ᠨᠢᠭᠤᠭᠳᠠᠮᠠᠯ ᠴᠢᠨᠠᠷ ᠲᠠᠢ ᠰᠤᠷᠤᠭᠴᠢᠳ ᠲᠤ ᠲᠣᠬᠢᠷᠠᠯᠴᠠᠭᠰᠠᠨ᠂ ᠠᠳᠠᠯᠢ ᠪᠤᠰᠤ ᠰᠤᠷᠤᠭᠴᠢᠳ ᠤᠨ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠴᠢᠳᠠᠪᠤᠷᠢᠲᠠᠨ ᠢ ᠬᠥᠮᠦᠵᠢᠭᠦᠯᠬᠦ ᠬᠡᠪ ᠵᠠᠭᠪᠤᠷ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠲᠠᠪᠤ ᠳᠤ᠂ ᠠᠵᠢᠯ ᠮᠡᠷᠬᠡᠵᠢᠯ ᠤᠨ ᠰᠤᠷᠭᠠᠨ ᠬᠦᠮᠥᠵᠢᠯ ᠤᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃ ᠳᠣᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ︽3 + 2︾᠂ ︽3 + 3︾ ᠶᠢᠨ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠨᠢᠭᠡ ᠴᠤᠭᠴᠠᠵᠢᠭᠤᠯᠤᠭᠰᠠᠨ ᠴᠢᠳᠠᠪᠤᠷᠢᠲᠠᠨ ᠤ ᠬᠦᠮᠦᠵᠢᠯ ᠢ ᠲᠦᠯᠬᠢᠨ ᠣᠷᠣᠭᠰᠢᠯᠠᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ᠂ ᠪᠦᠯᠦᠭᠯᠡᠯ ᠤᠨ ᠰᠤᠷᠭᠠᠭᠤᠯᠢ ᠡᠷᠭᠢᠯᠡᠬᠦ ᠶᠢ ᠳᠡᠮᠵᠢᠬᠦ ᠶᠢ ᠭᠦᠨᠵᠡᠭᠡᠶᠢᠷᠡᠭᠦᠯᠵᠦ᠂ ︽ᠬᠤᠣᠰ ᠡᠰᠢᠲᠦ ᠳᠦᠷᠢᠮ︾ ᠪᠣᠯᠤᠨ ︽ᠣᠳᠣ ᠦᠶ᠎ᠡ ᠶᠢᠨ ᠱᠠᠪᠢᠯᠠᠬᠤ ᠲᠦᠷᠢᠮ︾ ᠤᠨ ᠲᠤᠷᠰᠢᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠤᠷᠤᠭᠴᠢᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠶᠢ ᠨᠡᠩ  ᠴᠢᠬᠤᠯᠠᠴᠢᠯᠠᠬᠤ ᠬᠡᠷᠡᠭᠲᠡᠶ᠃  ᠵᠢᠷᠭᠤᠭ᠎ᠠ ᠳᠤ᠂ ᠲᠡᠭᠡᠳᠤ ᠰᠤᠷᠭᠠᠭᠤᠯᠢ ᠶᠢᠨ ᠵᠢᠭᠠᠨ ᠰᠤᠷᠭᠠᠯᠳᠡ ᠶᠢᠨ ᠬᠢᠷᠢ ᠲᠦᠪᠰᠢᠨ ᠪᠤᠯᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠥᠨ᠎ᠡ᠃ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ  ᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠢ ᠰᠠᠶᠢᠲᠤᠷ ᠡᠷᠬᠢᠯᠡᠨ᠎ᠡ᠃ ᠳᠡᠯᠡᠬᠡᠶ ᠶᠢᠨ ᠲᠡᠷᠢᠭᠦᠨ ᠲᠠᠰ ᠤᠨ ᠶᠡᠭᠡ ᠰᠤᠷᠭᠠᠭᠤᠯᠢ ᠪᠠ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠴᠢᠩᠭᠠᠳᠬᠠᠵᠤ᠂ ᠳᠡᠭᠡᠳᠦ ᠳᠡᠰ ᠤᠨ ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠰᠡᠭ ᠡᠩ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠲᠡᠶᠢᠰᠢ ᠬᠤᠪᠢᠷᠠᠬᠤ ᠶᠢ ᠵᠣᠷᠢᠭᠵᠢᠭᠤᠯᠵᠤ᠂ ᠠᠵᠤ ᠦᠢᠯᠡᠰ ᠰᠤᠷᠭᠠᠨ ᠬᠥᠮᠦᠵᠢᠯ ᠤᠨ ᠠᠭᠤᠰᠤᠯᠴᠠᠨ ᠬᠠᠮᠵᠢᠯᠴᠠᠵᠤ ᠬᠥᠮᠦᠨ ᠢ ᠬᠥᠮᠦᠵᠢᠭᠦᠯᠬᠦ ᠶᠢ ᠲᠦᠯᠬᠢᠨ ᠠᠬᠢᠭᠤᠯᠤᠨ᠎ᠠ᠃ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ᠂ ᠬᠦᠮᠦᠵᠢᠭᠦᠯᠬᠦ᠂ ᠦᠢᠯᠡᠰ ᠴᠣᠭᠴᠠᠯᠠᠨ ᠠᠵᠢᠯ ᠣᠯᠭᠤᠬᠤ ᠬᠤᠯᠪᠣᠭᠠᠯᠠᠨ ᠬᠥᠳᠡᠯᠦᠯᠴᠡᠬᠦ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠤᠶᠤᠲᠠᠳ ᠤᠨ ᠦᠢᠯᠡᠰ ᠴᠣᠭᠴᠠᠯᠠᠨ ᠠᠵᠢᠯ ᠤᠯᠬᠤ ᠴᠢᠳᠠᠪᠤᠷᠢ ᠤᠨ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠯᠤᠭ᠎ᠠ ᠠᠭᠤᠰᠤᠯᠴᠠᠬᠤ ᠶᠢ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ ᠶᠢᠨ ᠣᠷᠣᠰ ᠮᠣᠩᠭᠤᠯ ᠯᠤᠭ᠎ᠠ ᠬᠠᠮᠲᠤᠷᠠᠨ ᠰᠤᠷᠭᠠᠭᠤᠯᠢ ᠡᠷᠬᠢᠯᠡᠬᠦ ᠪᠠ ᠬᠠᠷᠢᠯᠴᠠᠨ ᠪᠠᠭᠰᠢ ᠲᠣᠮᠢᠯᠠᠬᠤ ᠵᠢᠴᠢ  ᠭᠠᠳᠠᠭᠠᠳᠤ ᠳᠤ ᠰᠤᠷᠤᠯᠴᠠᠬᠤ ᠰᠤᠷᠤᠬᠴᠢ ᠶᠢᠨ ᠬᠡᠪᠴᠢᠶ᠎ᠡ ᠶᠢ ᠦᠷᠭᠡᠳᠭᠡᠨ᠎ᠡ᠃  ᠲᠤᠯᠤᠭ᠎ᠠ ᠳᠤ᠂ ᠦᠨᠳᠦᠰᠦᠳᠡᠨ ᠤ ᠰᠤᠷᠭᠠᠨ ᠬᠦᠮᠥᠵᠢᠯ ᠢ ︽ᠤᠷᠢᠳᠡᠪᠡᠷ ᠭᠤᠤᠯᠳᠠᠯᠭ᠎ᠠ ᠲᠠᠢ︾ ᠬᠦᠭᠵᠢᠬᠦᠯᠥᠨ᠎ᠡ᠃ ᠪᠦᠬᠦ ᠤᠯᠤᠰ᠂ ᠪᠦᠬᠦ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠬᠤᠣᠰ ᠬᠡᠯᠡᠨ ᠤ ᠰᠤᠷᠭᠠᠨ ᠬᠥᠮᠦᠵᠢᠯ︾ ᠤᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ ᠪᠣᠯᠭᠠᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠲᠦᠷᠭᠡᠨ ᠬᠥᠭᠵᠢᠯᠲᠡ ᠶᠢ ᠲᠦᠯᠬᠢᠨ ᠣᠷᠣᠭᠰᠢᠯᠠᠭᠤᠯᠤᠨ᠎ᠠ᠃ ︽ᠦᠨᠳᠦᠰᠦᠲᠡᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ︾  ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠣᠩᠭᠤᠯ ᠬᠡᠯᠡ ᠪᠠᠷ ᠬᠢᠴᠢᠶᠡᠯᠯᠡᠬᠦ ᠤᠶᠤᠲᠠᠳ ᠤᠨ ᠠᠵᠢᠯ ᠤᠯᠬᠤ ᠪᠠ ᠦᠢᠯᠡᠰ ᠴᠣᠭᠴᠠᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃  ᠨᠠᠢᠮᠠ ᠳᠤ᠂ ᠤᠨᠴᠠᠭᠠᠢ ᠰᠤᠷᠭᠠᠨ ᠬᠦᠮᠥᠵᠢᠯ ᠤᠨ ᠬᠦᠭᠵᠢᠯᠳᠡ ᠶᠢ ᠴᠢᠬᠤᠯᠠᠴᠢᠯᠠᠨ᠎ᠡ᠃ ︽ᠣᠨᠴᠠᠭᠠᠢ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ︵2014 — 2016︶︾  ᠶᠢ ᠦᠷᠬᠦᠯᠵᠢᠯᠡᠨ ᠬᠡᠷᠡᠭᠵᠢᠭᠦᠯᠵᠦ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠣᠨᠴᠠᠭᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠵᠦ᠂ ᠣᠨᠴᠠᠭᠠᠶ ᠰᠤᠷᠭᠠᠨ ᠬᠥᠮᠦᠵᠢᠯ ᠤᠨ ᠲᠦᠭᠡᠮᠡᠯᠵᠢᠯᠲᠡ ᠶᠢᠨ ᠬᠢᠷᠢ ᠬᠡᠮᠵᠢᠶ᠎ᠡ ᠪᠣᠯᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠢᠰᠦ ᠳᠤ᠂ ᠰᠤᠷᠭᠠᠨ ᠬᠦᠮᠥᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠴᠢᠩᠭᠠᠳᠬᠠᠨ᠎ᠠ᠃ ᠲᠥᠪ ᠬᠤᠷᠢᠶᠠᠨ ᠤ ︽ᠰᠤᠷᠭᠠᠨ ᠬᠦᠮᠦᠵᠢᠯ ᠢᠶᠠᠷ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ︾ ᠱᠠᠭᠠᠷᠳᠠᠯᠭ᠎ᠠ ᠶᠣᠰᠣᠭᠠᠷ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠰᠠᠨ ᠣᠨᠴᠠᠯᠢᠭ ᠲᠠᠢ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠷ᠎ᠠ ᠮᠡᠷᠭᠡᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ ᠲᠡᠭᠦᠰᠦᠭᠡᠳ ᠠᠵᠢᠯ ᠣᠯᠤᠭᠠᠳᠤᠶ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠵᠤ᠂ ᠨᠠᠷᠢᠯᠢᠭ ᠤᠨᠤᠴᠠᠳᠤ ᠠᠵᠢᠯ ᠣᠯᠭᠤᠯᠲᠠ ᠶᠢᠨ ᠳᠡᠮᠵᠢᠯᠭᠡ ᠶᠢ ᠬᠠᠩᠭᠠᠬᠤ ᠬᠡᠷᠡᠭᠲᠡᠶ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠦᠷ᠎ᠡ ᠬᠡᠦᠬᠡᠳ ᠤᠨ ᠡᠩ ᠤᠨ ᠳᠡᠭᠡᠳᠦ ᠰᠤᠷᠭᠠᠭᠤᠯᠢ ᠳᠤ ᠣᠷᠣᠬᠤ ᠶᠢ ᠲᠡᠳᠭᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠡᠳᠬᠦᠨ ᠳᠡᠮᠵᠢᠬᠦ ᠲᠣᠭᠲᠠᠯᠴᠠᠭ᠎ᠠ ᠢ ᠲᠡᠭᠦᠯᠳᠡᠷᠵᠢᠭᠦᠯᠦᠨ᠎ᠡ᠃      ᠪᠠᠭᠰᠢ ᠶᠢᠨ ᠡᠩᠨᠡᠭᠡ ᠤᠨᠴᠠᠭᠠᠢᠢᠯᠠᠨ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠥ᠂ ᠤᠨᠴᠠᠭᠠᠢ ᠠᠵᠢᠯ ᠤᠨ ᠪᠠᠶᠢᠷᠢ ᠶᠢᠨ ᠲᠦᠯᠥᠪᠯᠡᠭᠡ᠂ ᠤᠯᠤᠰ ᠠᠴᠠ ᠬᠦᠮᠥᠵᠢᠬᠦᠯᠬᠦ ᠲᠦᠯᠥᠪᠯᠡᠭᠡ ᠶᠢ ᠶᠠᠳᠠᠭᠤ ᠬᠦᠴᠢᠷᠳᠡᠯᠳᠡᠢ ᠭᠠᠵᠠᠷ ᠤᠷᠤᠨ ᠲᠡᠶᠢᠰᠢ ᠬᠡᠯᠪᠠᠶᠢᠯᠬᠡᠨ᠎ᠡ᠃ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠥᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢᠨ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠢᠯᠡᠴᠢᠯᠡᠬᠦ ᠪᠠᠷ ᠬᠠᠷᠠᠯᠲᠠ ᠪᠠᠨ ᠪᠣᠯᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠰᠤᠷᠭᠠᠨ ᠬᠥᠮᠦᠵᠢᠯ ᠤᠨ ᠵᠠᠩᠬᠢᠴᠢᠯᠠᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠪᠠᠲᠤᠯᠠᠭ᠎ᠠ ᠪᠠᠨ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠢᠷ ᠪᠡᠷᠬᠡᠰᠢᠶᠡᠯ ᠢ ᠲᠤᠭᠤᠯᠤᠨ ᠳᠠᠪᠠᠵᠤ ᠰᠤᠷᠭᠠᠨ ᠬᠥᠮᠦᠵᠢᠯ ᠤᠨ ᠰᠢᠰᠲ᠋ᠧᠮ ᠤᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠬᠤ ᠳᠤ ᠬᠢᠪᠡᠰᠦ ᠵᠣᠬᠢᠬᠤ ᠰᠢᠨ᠎ᠡ ᠬᠤᠪᠢ ᠨᠡᠮᠡᠷᠢ ᠪᠠᠨ ᠡᠷᠭᠦᠬᠦ ᠬᠡᠷᠡᠭᠲᠡᠶ᠃                                     ︵ᠰᠤᠷᠪᠤᠯᠵᠢᠯᠠᠭᠴᠢ ᠵᠠᠩ ᠺᠦᠶ︶            
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map