ᠪᠦᠬᠦ ᠤᠷᠣᠨ ᠤ ᠮᠤᠩᠭᠤᠯ ᠦᠨᠳᠦᠰᠦᠲᠡᠨ ᠤ ᠳᠣᠮᠳᠠᠳᠦ ᠪᠠᠭ᠎ᠠ ᠰᠣᠷᠭᠠᠭᠤᠯᠢ ᠶᠢᠨ ᠪᠠᠭᠰᠢ ᠶᠢᠨ ᠪᠣᠯᠪᠠᠰᠤᠷᠠᠯ ᠠᠴᠠ ᠰᠡᠳᠭᠢᠭᠰᠡᠨ ᠨᠢ
ᠨᠡᠶᠢᠲᠡᠯᠡᠭᠰᠡᠨ ᠴᠠᠭ᠄
2019/1/11
                                                    ᠰ᠊ · ᠪᠣᠶᠠᠨᠲᠣᠭᠲᠠᠬᠤ      2016 ᠣᠨ 9 ᠰᠠᠷ᠎ᠠ ᠳᠤ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠰᠣᠷᠭᠠᠨ ᠬᠦᠮᠦᠵᠢᠯ ᠤᠨ ᠳᠦᠷᠢᠮ︾ ᠨᠡᠶᠢᠲᠡᠯᠡᠭᠳᠡᠭᠰᠡᠨ ᠠᠴᠠ ᠬᠤᠶᠢᠰᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠲᠢᠩᠬᠢᠮ ᠤᠨ ᠦᠨᠳᠦᠰᠣᠲᠡᠨ ᠤ ᠰᠤᠷᠭᠠᠨ ᠬᠥᠮᠥᠵᠢᠯ ᠤᠨ ᠭᠠᠵᠠᠷ ᠠᠴᠠ ︽ᠠᠷᠪᠠᠨ ᠭᠤᠷᠪᠠᠳᠣᠭᠠᠷ ᠲᠠᠪᠣᠨ ᠵᠢᠯ ᠤᠨ ᠠᠵᠢᠯ ᠤᠨ ᠲᠦᠯᠦᠪᠯᠡᠭᠡ︾ ᠳᠤ ᠪᠠᠨ ᠪᠦᠬᠦ ᠤᠷᠣᠨ ᠤ ᠮᠤᠩᠭᠤᠯ ᠢᠶᠠᠷ ᠬᠢᠴᠢᠶᠡᠯᠯᠡᠬᠦ ᠳᠣᠮᠳᠠᠳᠦ ᠪᠠᠭ᠎ᠠ ᠰᠤᠷᠭᠠᠭᠤᠯᠢ ᠶᠢᠨ ᠡᠯ᠎ᠡ ᠮᠡᠷᠭᠡᠵᠢᠯ ᠤᠨ ᠪᠠᠭᠰᠢ ᠨᠠᠷ ᠤᠨ ᠬᠢᠴᠢᠶᠠᠯᠯᠡᠭᠡ ᠶᠢᠨ ᠶᠠᠰᠣ ᠴᠢᠨᠠᠷ ᠢ ᠳᠡᠭᠡᠭᠰᠢᠯᠡᠭᠦᠯᠭᠦ ᠵᠣᠷᠢᠯᠭ᠎ᠠ ᠲᠠᠢ ᠪᠠᠭᠰᠢ ᠶᠢᠨ ᠪᠤᠯᠪᠠᠰᠣᠷᠠᠯ ᠤᠨ ᠠᠵᠢᠯ ᠢ ᠭᠤᠤᠯᠴᠢᠯᠠᠨ ᠴᠢᠩᠭᠠᠳᠬᠠᠪᠠ᠃      ᠤᠷᠣᠨ ᠤ ᠰᠣᠷᠭᠠᠨ ᠬᠦᠮᠦᠵᠢᠯ ᠤᠨ ᠳᠢᠩᠬᠢᠮ ᠠᠴᠠ ᠳᠠᠶᠢᠴᠢᠯᠠᠭᠰᠠᠨ ᠪᠦᠬᠦ ᠤᠷᠣᠨ ᠤ ᠮᠤᠩᠭᠤᠯ ᠢᠶᠠᠷ ᠬᠢᠴᠢᠶᠠᠯᠯᠠᠬᠦ ᠳᠤᠮᠳᠠᠳᠣ ᠪᠠᠭ᠎ᠠ ᠰᠣᠷᠭᠠᠭᠤᠯᠢ ᠶᠢᠨ ︽ᠪᠠᠭᠰᠢ ᠶᠢᠨ ᠪᠤᠯᠪᠠᠰᠣᠷᠠᠯ︾ ᠨᠢ 2011~2017 ᠣᠨ ᠪᠤᠯᠳᠠᠯᠠᠬᠢ ᠲᠤᠯᠤᠭᠠᠨ ᠵᠢᠯ ᠤᠨ ᠬᠤᠭᠤᠴᠠᠭᠠᠨ ᠳᠤ 15 ᠮᠡᠷᠭᠡᠵᠢᠯ᠂ 9 ᠲᠣᠰᠬᠠᠢ ᠵᠤᠷᠢᠭᠤᠯᠤᠯᠲᠠ ᠪᠠᠷ ︵ᠵᠠᠬᠢᠷᠤᠯ᠂ ᠠᠩᠭᠢ ᠶᠢᠨ ᠡᠷᠬᠢᠯᠡᠭᠴᠢ᠂ ᠠᠰᠠᠷᠠᠭᠴᠢ᠂ ᠰᠣᠷᠠᠭ ᠵᠠᠩᠭᠢ᠂ ᠠᠮᠤᠷ ᠲᠦᠪᠰᠢᠨ᠂ ᠰᠡᠳᠬᠢᠴᠡ ᠶᠢᠨ ᠡᠷᠡᠭᠦᠯᠵᠢᠯ᠂ ᠡᠳ᠋ ᠤᠨ ᠵᠠᠰᠠᠭ ᠬᠠᠮᠢᠶᠠᠷᠤᠬᠴᠢ ᠵᠡᠷᠭᠡ︶ 28690 ᠪᠠᠭᠰᠢ ᠶᠢ ︵ᠠᠶᠢᠮᠠᠭ ᠬᠤᠰᠢᠭᠤ ᠶᠢᠨ ᠪᠤᠯᠪᠠᠰᠤᠷᠠᠭᠤᠯᠣᠭᠰᠠᠨ ᠢ ᠪᠠᠭᠲᠠᠭᠠᠬᠤ ᠦᠭᠡᠢ︶ ᠲᠦᠯᠦᠪᠦᠷᠢ ᠦᠭᠡᠢ ᠪᠤᠯᠪᠠᠰᠣᠷᠠᠭᠤᠯᠪᠠ᠃ ︽ᠪᠠᠭᠰᠢ ᠶᠢᠨ ᠪᠤᠯᠪᠠᠰᠣᠷᠠᠯ︾ ᠢ ᠤᠷᠤᠨ ᠤ ᠰᠣᠷᠭᠠᠨ ᠬᠦᠮᠦᠵᠢᠯ ᠤᠨ ᠲᠢᠩᠬᠢᠮ ᠤᠨ ᠦᠨᠳᠦᠰᠣᠲᠡᠨ ᠤ ᠰᠤᠷᠭᠠᠨ ᠬᠥᠮᠥᠵᠢᠯ ᠤᠨ ᠭᠠᠵᠠᠷ ᠠᠴᠠ ᠡᠷᠬᠢᠯᠡᠵᠣ᠂ ᠤᠷᠤᠨ ᠤ ᠵᠢᠭᠠᠬᠤ ᠶᠢ ᠰᠤᠳᠤᠯᠬᠤ ᠲᠠᠰᠤᠬ᠂ ᠤᠷᠤᠨ ᠤ ᠰᠣᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠣᠳᠣᠯᠬᠤ ᠭᠠᠵᠠᠷ ᠪᠠ ᠬᠠᠮᠢᠶ᠎ᠠ ᠪᠦᠬᠦᠢ ᠶᠡᠭᠡ ᠰᠤᠷᠭᠠᠭᠤᠯᠢ ᠠᠴᠠ ᠠᠳᠠᠯᠢ ᠪᠤᠰᠤ ᠭᠡᠮᠵᠢᠶ᠎ᠠ ᠪᠠᠷ ᠬᠠᠷᠢᠭᠤᠴᠠᠨ ᠲᠠᠭᠠᠭᠠᠴᠢᠯᠠᠵᠤ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠥᠵᠢᠯ ᠤᠨ ᠲᠤᠪᠴᠢᠶ᠎ᠠ ᠬᠠᠮᠵᠢᠯᠴᠠᠨ ᠭᠦᠢᠴᠡᠳᠭᠡᠪᠡ᠃      2011 ᠣᠨ ᠤ ᠪᠠᠭᠰᠢ ᠶᠢᠨ ᠪᠣᠯᠪᠠᠰᠣᠷᠠᠯ ᠤᠨ ᠡᠬᠢᠨ ᠤ ᠬᠤᠭᠤᠴᠠᠭᠠᠨ ᠳᠤ ᠤᠷᠤᠨ ᠠᠴᠠ ᠭᠤᠤᠯᠳᠠᠭᠤ ︽ᠰᠢᠨ᠎ᠡ ᠬᠢᠴᠢᠶᠡᠯ ᠤᠨ ᠦᠭᠡᠷᠡᠴᠢᠯᠡᠯᠲᠠ︾ ᠶᠢ ᠬᠡᠷᠬᠢᠨ ᠤᠶᠢᠯᠠᠭᠠᠬᠤ᠂ ᠣᠯᠠᠮᠵᠢᠯᠠᠯᠲᠣ ᠵᠢᠭᠠᠬᠤ ᠠᠷᠭ᠎ᠠ ᠨᠢ ︽ᠰᠤᠷᠣᠭᠴᠢ ᠪᠠᠷ ᠭᠤᠤᠯᠳᠠᠬᠤ︾ ᠠᠰᠠᠭᠤᠳᠠᠯ ᠢ ᠬᠡᠷᠬᠢᠨ ᠰᠢᠢᠳᠪᠣᠷᠢᠯᠡᠬᠦ ᠦᠭᠡᠷᠡᠴᠢᠯᠡᠯᠲᠠ ᠶᠢᠨ ᠲᠣᠬᠠᠢ ᠠᠭᠤᠯᠭ᠎ᠠ ᠳᠤ ᠴᠢᠭᠯᠡᠭᠦᠯᠦᠨ᠂ ᠳᠤᠲᠣᠷ ᠭᠠᠵᠠᠷ ᠤᠨ ᠪᠠᠭᠰᠢ ᠨᠠᠷ ᠢ ᠵᠠᠯᠠᠵᠣ ︽ᠬᠠᠮᠲᠤ ᠶᠢᠨ ᠬᠢᠴᠢᠶᠡᠯ︾ ᠤᠨ ᠪᠤᠯᠪᠠᠰᠣᠷᠠᠯ ᠬᠢᠪᠡ᠃ ᠦᠨᠳᠦᠰᠦᠲᠡᠨ ᠤ ᠰᠣᠷᠭᠠᠨ ᠬᠦᠮᠦᠵᠢᠯ ᠢ ︽ᠤᠷᠢᠳᠠᠪᠠᠷ ᠭᠤᠤᠯᠳᠠᠯᠭ᠎ᠠ ᠲᠠᠢ ᠬᠦᠭᠵᠢᠭᠦᠯᠬᠦ︾ ᠠᠰᠠᠭᠤᠳᠠᠯ ᠢ ᠬᠡᠷᠬᠢᠨ ᠲᠠᠨᠢᠬᠤ᠂ ᠦᠪᠡᠷᠳᠡᠭᠡᠨ ᠵᠠᠰᠠᠬᠤ ᠤᠷᠣᠨ ᠤ ᠦᠪᠡᠷ ᠤᠨ ᠭᠡᠰᠡᠨ ᠰᠣᠷᠭᠠᠨ ᠬᠦᠮᠦᠵᠢᠯ᠂ ᠦᠨᠳᠦᠰᠦᠲᠡᠨ ᠤ ᠰᠤᠷᠭᠠᠨ ᠬᠦᠮᠦᠵᠢᠯ ᠤᠨ ᠱᠠᠭᠠᠷᠳᠠᠯᠭ᠎ᠠ ᠪᠠᠷ ᠪᠡᠶ᠎ᠡ ᠪᠠᠨ ᠳᠠᠭᠠᠭᠠᠵᠤ ᠬᠦᠭᠵᠢᠬᠦ ᠪᠤᠯᠣᠮᠵᠢ ᠪᠠᠶᠢᠬᠤ ᠡᠰᠡᠬᠦ︔ ᠦᠨᠳᠦᠰᠦᠲᠡᠨ ᠤ ᠰᠣᠷᠭᠠᠨ ᠬᠦᠮᠦᠵᠢᠯ ᠡᠴᠣᠰ ᠲᠤ ᠪᠠᠨ ᠶᠠᠮᠠᠷ ᠦᠷ᠎ᠡ ᠳ᠋ᠦᠩ ᠳᠤ ᠬᠦᠷᠬᠦ ᠲᠤᠬᠠᠢ ᠨᠡᠶᠢᠬᠡᠮ ᠳᠠᠶᠠᠭᠠᠷ ᠠᠩᠬᠠᠷᠣᠯ ᠳᠤ ᠪᠠᠨ ᠠᠪᠣᠭᠰᠠᠨ ᠲᠡᠤᠬᠡ ᠶᠢᠨ ᠴᠠᠭ ᠦᠶ᠎ᠡ ᠳᠤ ᠤᠷᠤᠭᠰᠠᠨ ᠪᠠᠶᠢᠪᠠ᠃ ᠦᠭᠡᠷ᠎ᠡ ᠪᠠᠷ ᠬᠡᠯᠡᠪᠡᠯ ︽ᠮᠤᠩᠭᠤᠯ ᠢᠶᠠᠷ ᠢᠶᠠᠨ ᠰᠣᠷᠣᠭᠠᠳ ᠠᠵᠢᠯ ᠤᠯᠬᠤ ᠦᠭᠡᠢ︾ ᠭᠡᠳᠡᠭ ᠪᠤᠳᠠᠲᠠᠢ ᠠᠰᠠᠭᠤᠳᠠᠯ ᠲᠣᠯᠭᠠᠷᠠᠬᠤ ᠶᠢᠨ ᠬᠠᠮᠲᠦ ᠶᠠᠭᠤᠨ ᠤ ᠲᠦᠯᠦᠭᠡ ᠮᠤᠩᠭᠤᠯ ᠬᠡᠯᠡ ᠦᠰᠦᠭ ᠪᠢᠴᠢᠭ ᠢᠶᠠᠨ ᠰᠤᠷᠬᠤ ᠪᠤᠢ︖ ︽ᠬᠤᠲᠠᠴᠢᠯᠠᠬᠤ ᠶᠢ ᠳᠠᠭᠠᠯᠳᠣᠭᠠᠳ᠂ ᠮᠤᠩᠭᠤᠯ ᠬᠡᠯᠡ ᠦᠰᠦᠭ ᠪᠢᠴᠢᠭ ᠢᠶᠠᠨ ᠰᠤᠷᠬᠤ ᠳᠣᠷ᠎ᠠ ᠦᠭᠡᠢ ᠬᠡᠣᠬᠡᠳ ᠡᠳᠦᠷ ᠠᠴᠠ ᠡᠳᠦᠷ ᠤᠯᠠᠰᠢᠷᠠᠪᠠ︾ ︵ᠲᠥᠩᠯᠢᠶᠤᠤ ᠬᠤᠲᠠ ᠶᠢᠨ ᠲᠧᠯᠸᠢᠰ ᠮᠡᠳᠡᠭᠡᠯᠡᠪᠡ︶ ᠮᠡᠲᠦ ᠶᠢᠨ ᠠᠰᠠᠭᠤᠳᠠᠯ ᠨᠡᠶᠢᠭᠡᠮ ᠳᠠᠶᠠᠭᠠᠷ ᠤᠨ ᠠᠩᠬᠠᠷᠤᠯ ᠢ ᠲᠠᠲᠠᠭᠰᠠᠨ ᠪᠠᠶᠢᠨ᠎ᠠ᠃ ᠡᠨᠡ ᠠᠰᠠᠭᠤᠳᠠᠯ ᠳᠤ ᠴᠢᠭᠯᠡᠭᠦᠯᠵᠦ ᠰᠤᠷᠭᠠᠨ ᠭᠦᠮᠦᠵᠢᠯ ᠤᠨ ᠲᠢᠩᠬᠢᠮ ᠠᠴᠠ᠄ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠳᠦᠷᠢᠮ︾ ᠢ ᠲᠤᠭᠲᠠᠭᠠᠬᠤ ᠠᠵᠢᠯ ᠳᠤ ᠱᠠᠯᠠᠪᠳᠠᠬᠤ ᠶᠢᠨ ᠵᠡᠷᠭᠡᠴᠡᠭᠡ ᠪᠦᠬᠦ ᠤᠷᠤᠨ ᠤ ᠬᠡᠪᠴᠢᠶᠡᠨ ᠳᠤ ᠤᠯᠠᠨ ᠤᠳᠠᠭᠠᠨ ᠤ ᠪᠠᠶᠢᠴᠠᠭᠠᠯᠲᠠ ᠬᠢᠪᠡ᠃ 2013 ᠣᠨ ᠳᠤ ᠦᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠣᠨ ᠠᠴᠠ᠄ ︽ᠡᠩ ᠤᠨ ᠶᠡᠭᠡ ᠰᠤᠷᠭᠠᠭᠤᠯᠢ ᠠᠴᠠ ᠲᠡᠭᠦᠰᠦᠭᠰᠡᠨ ᠤᠶᠤᠲᠠᠳ ᠲᠤ ᠠᠵᠢᠯ ᠤᠯᠭᠤᠬᠤ ᠲᠤᠬᠠᠢ︾  ︵[2013]4 ᠳ᠋ᠤᠭᠡᠷ ᠲᠤᠭᠠᠲᠦ︶ ᠮᠠᠲ᠋ᠧᠷᠢᠶᠠᠯ ᠢ ᠨᠡᠶᠢᠲᠡᠯᠡᠵᠦ᠂ ᠠᠵᠢᠯ ᠤᠯᠭᠤᠬᠤ ᠨᠤᠷᠮ᠎ᠠ ᠶᠢ 15% ᠳᠤ ᠬᠦᠷᠭᠡᠬᠦ ᠪᠠᠷᠢᠮᠵᠢᠶ᠎ᠠ ᠲᠤᠭᠲᠠᠭᠠᠪᠠ᠃ 2014 ᠣᠨ ᠳᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠣᠨ ᠤ ᠨᠠᠮ ᠤᠨ ᠬᠤᠷᠢᠶᠠᠨ ᠠᠴᠠ ︽ᠰᠢ ᠶᠢᠨ ᠫᠢᠩ ᠶᠡᠷᠦᠩᠬᠡᠢ ᠱᠦᠵᠢ ᠮᠠᠨ ᠤ ᠤᠷᠤᠨ ᠢ ᠪᠠᠶᠢᠴᠠᠭᠠᠭᠰᠠᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠣᠯᠴᠠᠬᠤ ᠲᠤᠬᠠᠢ ᠮᠡᠳᠡᠭᠳᠡᠯ︾ ︵[2014] 5 ᠳ᠋ᠤᠭᠠᠷ ᠲᠤᠭᠠᠲᠦ︶︔ 2014 ᠣᠨ ᠤ 10 ᠰᠠᠷ᠎ᠠ ᠶᠢᠨ 12 ᠤ ᠡᠳᠦᠷ ᠲᠥᠪ ᠠᠴᠠ ︽ᠰᠢᠨ᠎ᠡ ᠴᠠᠭ ᠦᠶ᠎ᠡ ᠳᠤ ᠥᠨᠳᠤᠰᠤᠳᠠᠨ ᠤ ᠠᠵᠢᠯ ᠢ ᠴᠢᠩᠭᠠᠳᠬᠠᠬᠤ ᠲᠣᠬᠠᠢ︾ ︵[2014] 9 ᠳ᠋ᠤᠭᠡᠷ ᠲᠤᠭᠠᠲᠦ︶︔ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠷᠠᠳ ᠤᠨ ᠵᠠᠰᠠᠭ ᠤᠨ ᠣᠷᠳᠣᠨ ᠠᠴᠠ ︽ᠰᠢᠨ᠎ᠡ ᠴᠠᠭ ᠦᠶ᠎ᠡ ᠳᠤ ᠥᠨᠳᠤᠰᠤᠳᠠᠨ ᠤ ᠠᠵᠢᠯ ᠢ ᠴᠢᠩᠭᠠᠳᠬᠠᠬᠤ ᠲᠣᠬᠠᠢ︾ ︵[2014] 28 ᠳ᠋ᠤᠭᠠᠷ ᠲᠤᠭᠠᠲᠦ︶ ᠮᠠᠲ᠋ᠧᠷᠢᠶᠠᠯ ᠨᠡᠶᠢᠲᠡᠯᠡᠭᠲᠡᠬᠦ ᠶᠢ ᠳᠠᠭᠠᠯᠳᠣᠨ ᠮᠤᠩᠭᠤᠯ ᠭᠡᠷ ᠤᠨ ᠠᠬᠠᠮᠠᠳ ᠬᠡᠣᠬᠡᠳ ᠢᠶᠠᠨ ᠮᠣᠩᠭᠤᠯ ᠰᠣᠷᠭᠠᠭᠤᠯᠢ ᠳᠤ ᠥᠭᠭᠦ ᠲᠤᠭ᠎ᠠ ᠨᠡᠮᠡᠭᠲᠡᠬᠦ ᠬᠠᠨᠳᠣᠰᠢ ᠲᠠᠢ ᠪᠣᠯᠪᠠ᠃ ᠬᠠᠷᠢᠴᠠᠩᠭᠤᠢ ᠪᠠᠷ ᠨᠠᠮ ᠵᠠᠰᠠᠭ᠂ ᠨᠡᠶᠢᠬᠡᠮ ᠨᠡᠶᠢᠲᠡ᠂ ᠭᠡᠷ ᠤᠨ ᠠᠬᠠᠮᠠᠳ ᠠᠴᠠ ᠰᠤᠷᠭᠠᠭᠤᠯᠢ ᠳᠤ ᠲᠠᠯᠪᠢᠬᠤ ᠱᠠᠭᠠᠷᠳᠠᠯᠭ᠎ᠠ ᠡᠳᠦᠷ ᠢᠷᠡᠭᠦᠶ᠎ᠡ ᠴᠢᠩᠭᠠᠷᠠᠵᠣ᠂ ᠰᠤᠷᠭᠠᠭᠤᠯᠢ ᠶᠢᠨ ᠵᠠᠬᠢᠷᠣᠯ᠂ ᠪᠠᠭᠰᠢ ᠶᠢᠨ ᠬᠠᠷᠢᠭᠤᠴᠠᠯᠭ᠎ᠠ᠂ ᠬᠢᠴᠢᠶᠡᠯ ᠤᠨ ᠡᠭᠦᠷᠭᠡ ᠳᠠᠷᠣᠭᠠᠰᠣ ᠨᠡᠮᠡᠭᠲᠡᠬᠦ ᠶᠢ ᠳᠠᠭᠠᠯᠳᠣᠨ᠂ ᠵᠠᠰᠠᠭ ᠲᠠᠮᠠᠭᠠᠨ ᠤ ᠭᠠᠵᠠᠷ ᠠᠴᠠ ᠬᠡᠷᠬᠢᠨ ᠵᠠᠬᠢᠷᠣᠯ ᠢᠶᠠᠨ ᠬᠠᠮᠵᠢᠵᠣ᠂ ᠪᠠᠭᠰᠢ ᠨᠠᠷ ᠢᠶᠠᠨ ᠳᠡᠮᠵᠢᠵᠣ᠂ ᠰᠤᠷᠤᠭᠴᠢ ᠪᠦᠬᠦᠨ ᠳᠤ ︽ᠨᠡᠩ ᠰᠠᠶᠢᠨ︾ ᠰᠣᠷᠭᠠᠨ ᠬᠦᠮᠦᠵᠢᠯ ᠢ ᠤᠯᠭᠤᠬᠤ ᠠᠰᠠᠭᠤᠳᠠᠯ ᠨᠢ ᠦᠨᠳᠦᠰᠦᠲᠡᠨ ᠤ ᠰᠤᠷᠭᠠᠨ ᠬᠦᠮᠦᠵᠢᠯ ᠤᠨ ᠬᠤᠶᠢᠰᠢᠬᠢ ᠨᠢᠭᠡᠨ ᠬᠤᠭᠤᠴᠠᠭᠠᠨ ᠤ ᠠᠵᠢᠯ ᠤᠨ ᠭᠤᠣᠯ ᠬᠠᠷᠠᠯᠲᠠ ᠪᠣᠯᠪᠠ᠃      2013 ᠣᠨ ᠠᠴᠠ ᠡᠬᠢᠯᠡᠵᠤ ᠮᠠᠨ ᠤ ᠣᠷᠣᠨ ᠨᠢ ︽ᠪᠠᠭᠰᠢ ᠶᠢᠨ ᠪᠤᠯᠪᠠᠰᠣᠷᠠᠯ︾ ᠤᠨ ᠪᠤᠯᠪᠠᠰᠣᠷᠠᠭᠤᠯᠬᠤ ᠠᠷᠭ᠎ᠠ ᠬᠡᠯᠪᠡᠷᠢ ᠶᠢ ᠦᠭᠡᠷᠠᠴᠢᠯᠡᠬᠦ ᠪᠠᠷ ᠴᠢᠷᠮᠠᠶᠢᠵᠤ᠂ ᠤᠷᠤᠨ ᠤ ᠵᠢᠭᠠᠬᠤ ᠶᠢ ᠰᠤᠳᠤᠯᠬᠤ ᠲᠠᠰᠤᠬ᠂ ᠤᠷᠤᠨ ᠤ ᠰᠣᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠣᠳᠣᠯᠬᠤ ᠭᠠᠵᠠᠷ ᠵᠡᠷᠭᠡ ᠬᠠᠮᠢᠶ᠎ᠠ ᠪᠦᠬᠦᠢ ᠨᠢᠭᠡᠴᠢ ᠶᠢᠨ ᠪᠠᠭᠰᠢ ᠨᠠᠷ ᠤᠨ ᠢᠲᠡᠪᠬᠢ ᠴᠢᠨᠠᠷ ᠢ ᠪᠠᠳᠠᠷᠠᠭᠤᠯᠵᠣ᠂ ᠨᠢᠭᠡ ᠲᠠᠯ᠎ᠠ ᠪᠠᠷ ᠭᠠᠵᠠᠷ ᠪᠦᠬᠦᠨ ᠠᠴᠠ ᠴᠢᠳᠠᠪᠤᠷᠢᠳᠠᠨ ᠢ ᠰᠢᠯᠢᠨ ᠰᠣᠩᠭᠤᠵᠤ᠂ ᠪᠠᠭᠰᠢ ᠶᠢᠨ ᠪᠤᠯᠪᠠᠰᠤᠷᠠᠯᠲᠠ ᠶᠢᠨ ᠰᠢᠨ᠎ᠡ ᠠᠷᠭ᠎ᠠ ᠵᠠᠮ ᠢ ᠬᠠᠶᠢᠪᠠ᠃ ᠪᠤᠯᠪᠠᠰᠤᠷᠠᠭᠤᠯᠬᠤ ᠠᠵᠢᠯ ᠤᠨ ᠲᠠᠯ᠎ᠠ ᠪᠠᠷ ᠦᠩᠭᠡᠷᠡᠭᠰᠡᠨ ᠤ ᠪᠤᠯᠪᠠᠰᠣᠷᠠᠭᠤᠯᠬᠤ ᠬᠡᠯᠪᠡᠷᠢ ᠶᠢ ᠦᠭᠡᠷᠠᠴᠢᠯᠡᠬᠦ ᠶᠢ ᠵᠤᠷᠢᠵᠤ᠂ ᠤᠳᠤᠬᠢ ᠨᠦᠬᠦᠴᠡᠯ ᠤᠨ ᠰᠠᠭᠤᠷᠢᠨ᠎ᠠ ᠮᠠᠨ ᠤ ᠤᠷᠤᠨ ᠳᠤ ᠪᠠᠨ ᠮᠡᠳᠡᠷᠡᠭᠳᠡᠭᠰᠡᠨ ᠰᠢᠯᠢᠳᠡᠭ ᠪᠠᠭᠰᠢ ᠨᠠᠷ ᠢ ᠲᠠᠶᠢᠴᠢᠯᠠᠬᠤ ᠶᠢᠨ ᠬᠠᠮᠲᠦ ᠨᠡᠭᠡᠭᠡᠯᠲᠡ ᠲᠠᠢ ᠬᠢᠴᠢᠶᠡᠯ ᠤᠷᠤᠭᠤᠯᠵᠣ᠂ ᠲᠤᠷᠰᠢᠯᠭ᠎ᠠ ᠰᠤᠯᠢᠯᠴᠠᠬᠤ ᠪᠠᠷ ᠭᠤᠤᠯᠴᠢᠯᠠᠪᠠ᠃ ᠨᠦᠬᠦᠭᠡ ᠲᠠᠯ᠎ᠠ ᠪᠠᠷ ᠰᠢ ᠶᠢᠨ ᠫᠢᠩ ᠱᠦᠵᠢ ᠶᠢᠨ ᠦᠪᠦᠷ ᠮᠤᠩᠭᠤᠯ ᠤᠨ ᠦᠨᠳᠦᠰᠣᠲᠡᠨ ᠤ ᠠᠵᠢᠯ ᠤᠨ ᠵᠢᠯᠣᠭᠤᠳᠣᠯᠭ᠎ᠠ ᠪᠠᠷ ︽ᠨᠢᠭᠡ ᠪᠦᠰᠠ ᠨᠢᠭᠡ ᠵᠠᠮ︾ ᠤᠨ ᠨᠡᠭᠡᠭᠡᠯᠲᠡ ᠶᠢ ᠠᠰᠢᠭᠯᠠᠵᠤ᠂ ᠤᠯᠤᠰ ᠤᠷᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠬᠦᠭᠵᠢᠯᠲᠡ ᠪᠠ ᠬᠤᠵᠢᠮ ᠢᠷᠡᠭᠡᠳᠦᠢ ᠶᠢᠨ ᠲᠦᠯᠦᠭᠡ᠂ ᠵᠣᠷᠢᠭ ᠲᠠᠢ ᠰᠡᠳᠬᠢᠵᠤ᠂ ᠵᠣᠷᠢᠭ ᠲᠠᠢ ᠠᠵᠢᠯᠯᠠᠬᠤ ᠪᠠᠷ ᠴᠢᠷᠮᠠᠶᠢᠭᠰᠠᠨ ᠪᠦᠭᠡᠳ ᠤᠯᠤᠰ ᠤᠷᠤᠨ ᠤ ᠰᠤᠶᠤᠯ ᠤᠨ ᠰᠤᠯᠢᠯᠴᠠᠭ᠎ᠠ ᠶᠢ ᠠᠬᠢᠭᠤᠯᠤᠨ᠂ ᠬᠠᠷᠢᠯᠴᠠᠨ ᠰᠤᠷᠤᠯᠴᠠᠵᠦ᠂ ᠲᠤᠷᠰᠢᠯᠭ᠎ᠠ ᠰᠤᠯᠢᠯᠴᠠᠬᠤ ᠵᠤᠷᠢᠯᠭ᠎ᠠ ᠪᠠᠷ ᠮᠤᠩᠭᠤᠯ ᠤᠯᠤᠰ ᠤᠨ ᠳᠣᠮᠳᠠᠳᠣ ᠪᠠᠭ᠎ᠠ ᠰᠣᠷᠭᠠᠭᠤᠯᠢ ᠶᠢᠨ ᠬᠡᠯᠡ ᠲᠣᠭᠠᠨ ᠤ ᠮᠡᠷᠭᠡᠵᠢᠯ ᠤᠨ ᠨᠡᠷ᠎ᠡ ᠬᠦᠨᠳᠦᠲᠦ ᠪᠠᠭᠰᠢ ᠨᠠᠷ ᠢ ᠤᠷᠢᠵᠣ᠂ ᠨᠡᠭᠡᠭᠡᠯᠲᠡ ᠲᠠᠢ ᠬᠢᠴᠢᠶᠡᠯ ᠬᠢᠯᠭᠡᠵᠣ ︽ᠤᠨᠤᠯ ᠪᠠ ᠦᠢᠯᠡᠳᠦᠯᠭᠡ︾ ᠶᠢ ᠬᠤᠤᠰᠯᠠᠭᠤᠯᠣᠨ᠂ ᠬᠢᠴᠢᠶᠡᠯ ᠤᠨ ᠲᠠᠩᠬᠢᠮ ᠤᠨ ᠰᠣᠷᠭᠠᠨ ᠭᠦᠮᠦᠵᠢᠯ ᠤᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ᠃ ᠡᠳᠡᠭᠡᠷ ᠪᠤᠯᠪᠠᠰᠣᠷᠠᠯ ᠤᠨ ᠠᠷᠭ᠎ᠠ ᠬᠡᠯᠪᠡᠷᠢ ᠪᠠᠷ ᠳᠠᠮᠵᠢᠭᠤᠯᠵᠣ᠂ ᠤᠷᠤᠨ ᠤ ᠳᠡᠰ ᠤᠨ ᠰᠢᠯᠢᠳᠡᠭ ᠪᠠᠭᠰᠢ ᠨᠠᠷ ᠢ ᠪᠤᠯᠪᠠᠰᠣᠷᠠᠭᠤᠯᠤᠭᠰᠠᠨ ᠢᠶᠠᠷ ᠦᠯᠦ ᠪᠠᠷᠠᠨ ᠠᠶᠢᠮᠠᠭ᠂ ᠬᠤᠰᠢᠭᠤ᠂ ᠰᠣᠷᠭᠠᠭᠤᠯᠢ ᠶᠢᠨ ᠨᠢᠭᠡᠴᠢ ᠶᠢᠨ ᠰᠤᠳᠣᠨ ᠪᠠᠭᠰᠢ ᠨᠠᠷ ᠢ ᠬᠦᠮᠦᠵᠢᠭᠦᠯᠵᠣ ᠴᠢᠳᠠᠭᠰᠠᠨ ᠶᠣᠮ᠃      ᠡᠨᠡ ᠰᠠᠭᠤᠷᠢᠨ ᠳᠡᠭᠡᠷ᠎ᠡ 2015 ᠣᠨ ᠠᠴᠠ ᠡᠭᠢᠯᠡᠵᠤ᠂ ᠰᠣᠷᠭᠠᠨ ᠬᠦᠮᠦᠵᠢᠯ ᠤᠨ ᠲᠢᠩᠬᠢᠮ ᠤᠨ ᠦᠨᠳᠦᠰᠣᠲᠡᠨ ᠤ ᠰᠤᠷᠭᠠᠨ ᠬᠥᠮᠥᠵᠢᠯ ᠤᠨ ᠭᠠᠵᠠᠷ ᠠᠴᠠ ᠦᠨᠳᠦᠰᠣᠲᠡᠨ ᠤ ᠲᠦᠷᠣ ᠶᠢᠨ ᠪᠤᠳᠣᠯᠭ᠎ᠠ᠂ ᠦᠨᠳᠦᠰᠦᠲᠡᠨ ᠤ ᠰᠤᠷᠭᠠᠨ ᠬᠥᠮᠥᠵᠢᠯ ᠤᠨ ᠬᠦᠭᠵᠢᠯᠲᠡ ᠳᠠᠪᠰᠢᠯᠲᠠ ᠶᠢᠨ ᠠᠬᠤᠢ ᠪᠠᠶᠢᠳᠠᠯ᠂ ᠦᠨᠳᠦᠰᠦᠲᠡᠨ ᠤ ᠰᠤᠷᠭᠠᠨ ᠬᠥᠮᠥᠵᠢᠯ ᠤᠨ ᠬᠤᠵᠢᠮ ᠢᠷᠡᠭᠡᠳᠣᠢ᠂ ᠪᠠᠭᠰᠢ ᠶᠢᠨ ᠡᠬᠦᠷᠭᠡ ᠬᠠᠷᠢᠭᠤᠴᠠᠯᠭ᠎ᠠ ᠳᠤ ᠤᠨᠣᠭᠳᠠᠬᠤ ᠠᠵᠢᠯᠯᠠᠭ᠎ᠠ ᠶᠢ ᠤᠬᠠᠭᠤᠯᠤᠨ ᠲᠠᠶᠢᠴᠢᠯᠠᠭᠰᠠᠨ ᠪᠦᠬᠡᠳ ᠦᠨᠳᠦᠰᠦᠲᠡᠨ ᠤ ᠰᠤᠷᠭᠠᠨ ᠬᠥᠮᠥᠵᠢᠯ ᠳᠤ ᠤᠷᠣᠰᠢᠵᠣ ᠪᠠᠶᠢᠭ᠎ᠠ ᠨᠡᠶᠢᠭᠡᠮ ᠨᠡᠶᠢᠲᠡ᠂ ᠪᠡᠶᠡᠴᠢ ᠲᠠᠯ᠎ᠠ ᠶᠢᠨ ᠳᠣᠲᠠᠭᠳᠠᠯ ᠢ ᠬᠠᠯᠠᠨ ᠰᠠᠶᠢᠵᠢᠷᠠᠭᠤᠯᠬᠤ ᠪᠠᠷ ᠴᠢᠷᠮᠠᠶᠢᠪᠠ᠃ ᠮᠠᠨ ᠤ ᠤᠷᠤᠨ ᠤ ᠮᠤᠩᠭᠤᠯ ᠢᠶᠠᠷ ᠰᠤᠷᠬᠤ ᠬᠡᠯᠡᠨ ᠤ ᠤᠷᠴᠢᠨ ᠲᠤᠭᠤᠷᠢᠨ ᠬᠢᠭᠡᠳ ᠪᠤᠳᠠᠳᠠᠢ ᠪᠠᠶᠢᠳᠠᠯ ᠳᠤ ᠲᠤᠬᠢᠷᠠᠭᠤᠯᠤᠨ᠂ ᠤᠷᠤᠨ ᠤ ᠵᠢᠭᠠᠬᠤ ᠶᠢ ᠰᠤᠳᠤᠯᠬᠤ ᠲᠠᠰᠤᠬ ᠠᠴᠠ ︽ᠪᠠᠭᠰᠢ ᠶᠢᠨ ᠴᠢᠨᠠᠷ ᠴᠢᠨᠰᠠᠭ᠎ᠠ ᠶᠠᠮᠠᠷ ᠪᠠᠶᠢᠬᠤ ᠲᠣᠬᠠᠢ︾ ᠲᠤᠰᠬᠠᠢ ᠦᠬᠦᠯᠡᠮᠵᠢ︔ ᠪᠠᠶᠢᠭᠠᠯᠢ ᠶᠢᠨ ᠰᠢᠨᠵᠢᠯᠡᠬᠦ ᠣᠬᠠᠭᠠᠨ ᠤ ᠬᠢᠴᠢᠶᠡᠯ ᠳᠤ ᠤᠷᠤᠯᠳᠣᠯᠭ᠎ᠠ ᠪᠠᠷ ᠰᠡᠳᠬᠢᠭᠦ᠂ ᠲᠥᠷᠢ ᠪᠠᠷ ᠰᠡᠳᠬᠢᠭᠦ᠂ ᠲᠡᠮᠳᠡᠭ ᠢᠶᠠᠷ ᠰᠡᠳᠬᠢᠭᠦ ︽ᠭᠤᠷᠪᠠᠨ ᠠᠯᠬᠤᠮᠲᠣ ᠵᠢᠭᠠᠬᠤ ᠠᠷᠭ᠎ᠠ︾︔ ᠬᠡᠯᠡ ᠪᠢᠴᠢᠭ ᠤᠨ ᠬᠢᠴᠢᠶᠡᠯ ᠳᠤ ᠬᠢ ︽ᠲᠦᠷᠪᠡᠨ ᠪᠤᠭᠤᠮᠲᠠ ᠶᠢ ᠳᠠᠪᠠᠭᠤᠯᠬᠤ ᠠᠷᠭ᠎ᠠ︾ ︵ᠰᠤᠨᠤᠰᠬᠤ᠂ ᠶᠠᠷᠢᠬᠤ᠂ ᠤᠩᠰᠢᠬᠤ᠂ ᠪᠢᠴᠢᠬᠦ︶ ᠪᠠ ᠰᠢᠯᠢᠳᠡᠭ ᠪᠠᠭᠰᠢ ᠶᠢᠨ ᠨᠡᠭᠡᠭᠡᠯᠲᠡ ᠲᠠᠢ ᠬᠢᠴᠢᠶᠡᠯ᠂ ᠨᠡᠷᠡᠳᠤ ᠪᠠᠭᠰᠢ ᠶᠢᠨ ᠠᠵᠢᠯ ᠤᠨ ᠬᠠᠮᠳᠤᠯᠢᠬ᠂ ᠪᠠᠭᠰᠢᠲᠠᠨ ᠤ ᠵᠦᠪᠯᠡᠯᠭᠡ ᠲᠠᠶᠢᠯᠤᠮᠵᠢ ᠁ ᠵᠡᠷᠭᠡ ᠤᠯᠠᠨ ᠶᠠᠩᠵᠤ ᠶᠢᠨ ᠠᠭᠤᠯᠭ᠎ᠠ ᠬᠡᠯᠪᠡᠷᠢ ᠪᠠᠷ ︽ᠪᠠᠭᠰᠢ ᠶᠢᠨ ᠪᠤᠯᠪᠠᠰᠣᠷᠠᠯ︾ ᠤᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠭᠰᠠᠨ ᠶᠤᠮ᠃ ᠡᠨᠡ ᠨᠢ ᠰᠤᠷᠭᠠᠨ ᠬᠥᠮᠥᠵᠢᠯ ᠤᠨ ᠲᠢᠩᠬᠢᠮ ᠤᠨ ᠲᠦᠯᠦᠪᠯᠡᠭᠡ ᠲᠤᠳᠠᠮᠠᠭ ᠪᠠᠭᠰᠢ ᠶᠢᠨ ᠪᠤᠯᠪᠠᠰᠤᠷᠠᠯᠲᠠ ᠳᠤ ︽ᠵᠠᠷᠣᠳᠠᠯ ᠤᠨ ᠬᠡᠮᠵᠢᠶ᠎ᠡ︾ ᠪᠠᠷ ᠠᠵᠢᠯ ᠢᠶᠠᠨ ᠦᠷᠨᠢᠭᠦᠯᠬᠦ ᠬᠡᠪᠰᠢᠮᠡᠯ ᠪᠠᠶᠢᠳᠠᠯ ᠳᠤ ᠪᠠᠷᠢᠭᠳᠠᠭᠰᠠᠨ ᠦᠭᠡᠢ᠂ ᠬᠠᠷᠢᠨ ᠬᠠᠮᠲᠦ ᠶᠢᠨ ᠴᠢᠷᠮᠠᠶᠢᠯᠭ᠎ᠠ ᠶᠢ ᠲᠦᠰᠢᠭᠯᠡᠵᠦ ᠪᠦᠲᠦᠭᠡᠯᠴᠢ ᠬᠥᠳᠡᠯᠮᠦᠷᠢ᠂ ᠤᠶᠤᠨ ᠰᠠᠨᠠᠭᠠᠨ ᠤ ᠤᠷ᠎ᠠ ᠴᠢᠳᠠᠪᠣᠷᠢ ᠲᠠᠢ ᠠᠵᠢᠯᠯᠠᠵᠤ᠂ ᠵᠤᠬᠢᠶᠠᠨ ᠪᠠᠶᠢᠭᠤᠯᠤᠯᠲᠠ ᠲᠠᠢ᠂ ᠲᠤᠳᠣᠷᠬᠠᠢ ᠬᠠᠷᠠᠯᠲᠠ ᠲᠠᠢ᠂ ᠮᠤᠩᠭᠤᠯ ᠦᠨᠳᠦᠰᠦᠲᠡᠨ ᠤ ᠰᠤᠷᠭᠠᠨ ᠬᠥᠮᠥᠵᠢᠯ ᠤᠨ ᠬᠦᠭᠵᠢᠯᠲᠡ ᠶᠢᠨ ᠱᠠᠭᠠᠷᠳᠠᠯᠭ᠎ᠠ ᠳᠤ ᠲᠤᠬᠢᠷᠡᠭᠤᠯᠵᠦ ᠠᠵᠢᠯᠯᠠᠪᠠ᠃      ᠪᠦᠬᠦ ᠣᠷᠣᠨ ᠤ ᠦᠨᠳᠦᠰᠦᠲᠡᠨ ᠤ ᠰᠣᠷᠭᠠᠨ ᠬᠦᠮᠦᠵᠢᠯ ᠤᠨ ᠪᠠᠭᠰᠢ ᠶᠢᠨ ᠪᠣᠯᠪᠠᠰᠣᠷᠠᠯ ᠤᠨ ᠠᠵᠢᠯ ᠳᠤ ᠵᠢᠳᠬᠦᠭᠰᠡᠨ ᠤᠷᠤᠨ ᠤ ᠵᠢᠭᠠᠬᠤ ᠶᠢ ᠰᠤᠳᠤᠯᠬᠤ ᠲᠠᠰᠤᠬ᠂ ᠤᠷᠤᠨ ᠤ ᠰᠣᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠣᠳᠣᠯᠬᠤ ᠭᠠᠵᠠᠷ᠂ ᠭᠠᠳᠠᠭᠠᠳᠣ ᠲᠣᠲᠣᠭᠠᠳᠣ ᠶᠢᠨ ᠬᠢᠴᠢᠶᠡᠯᠯᠡᠭᠴᠢ ᠪᠠᠭᠰᠢᠲᠠᠨ᠂ ᠡᠯ᠎ᠡ ᠠᠶᠢᠮᠠᠭ ᠬᠤᠲᠠ ᠶᠢᠨ ᠰᠣᠷᠭᠠᠨ ᠬᠦᠮᠦᠵᠢᠯ ᠤᠨ ᠲᠣᠪᠴᠢᠶᠠᠨ ᠤ ᠦᠨᠳᠦᠰᠦᠲᠡᠨ ᠤ ᠰᠣᠷᠭᠠᠨ ᠬᠦᠮᠦᠵᠢᠯ ᠤᠨ ᠭᠠᠵᠠᠷ ᠤᠨ ᠳᠠᠷᠤᠭ᠎ᠠ ᠠᠵᠢᠯᠲᠠᠳ ᠵᠢᠴᠢ ᠬᠠᠮᠢᠶ᠎ᠠ ᠪᠦᠬᠦᠢ ᠨᠢᠭᠡᠴᠢ ᠶᠢᠨ ᠴᠢᠷᠮᠠᠶᠢᠯᠭ᠎ᠠ ᠪᠠᠷ ᠳᠣᠯᠣᠭᠠᠨ ᠵᠢᠯ ᠶᠠᠪᠣᠭᠳᠠᠭᠰᠠᠨ ᠪᠠᠭᠰᠢ ᠶᠢᠨ ᠪᠤᠯᠪᠠᠰᠤᠷᠠᠯ ᠢ ᠳ᠋ᠥᠩᠨᠠᠪᠡᠯ ᠠᠮᠵᠢᠯᠲᠠ ᠲᠠᠢ ᠲᠠᠯ᠎ᠠ ᠭᠡᠪᠠᠯ᠄      ᠨᠢᠭᠡ᠂ ︽ᠪᠠᠭᠰᠢ ᠶᠢᠨ ᠪᠤᠯᠪᠠᠰᠤᠷᠠᠯ︾ ᠢᠶᠠᠷ ᠳᠠᠮᠵᠢᠵᠤ ᠪᠥᠭᠦ᠋ᠢᠯᠨ ᠰᠤᠷᠭᠠᠨ ᠬᠥᠮᠥᠵᠢᠯ ᠤᠨ ᠹᠷᠤᠨᠲ ᠲᠤ ᠰᠢᠨ᠎ᠡ ᠬᠢᠴᠢᠶᠡᠯ ᠤᠨ ᠦᠭᠡᠷᠠᠴᠢᠯᠡᠯᠲᠡ ᠦᠷᠨᠢᠬᠦ ᠶᠢ ᠳᠠᠭᠠᠭᠠᠳ᠂ ᠮᠤᠩᠭᠤᠯ ᠢᠶᠠᠷ ᠬᠢᠴᠢᠶᠡᠯᠯᠡᠬᠦ ᠳᠣᠮᠳᠠᠳᠦ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠬᠢᠴᠢᠶᠡᠯ ᠤᠨ ᠦᠭᠡᠷᠠᠴᠢᠯᠡᠯᠲᠡ ᠶᠢᠨ ᠲᠣᠬᠠᠢ ᠦᠵᠡᠯᠲᠡ ᠲᠠᠨᠢᠯᠲᠠ ᠳᠡᠭᠡᠭᠰᠢᠯᠡᠪᠡ ᠃ 2011 ᠣᠨ ᠠᠴᠠ ᠡᠮᠤᠨ᠎ᠡ ᠬᠡᠰᠡᠭ ᠬᠤᠭᠤᠴᠠᠭᠠᠨ ᠳᠤ ᠭᠡᠷ ᠤᠨ ᠠᠬᠠᠮᠠᠳ ᠬᠡᠣᠬᠡᠳ ᠢᠶᠠᠨ ᠮᠤᠩᠭᠤᠯ ᠦᠭᠡ ᠬᠡᠯᠡ ᠦᠰᠦᠭ ᠪᠢᠴᠢᠭ ᠰᠤᠷᠭᠠᠬᠤ ᠰᠤᠨᠢᠷᠬᠠᠯ ᠦᠭᠡᠢ᠂ ᠬᠢᠲᠠᠳ ᠰᠤᠷᠭᠠᠭᠤᠯᠢ ᠳᠤ ᠬᠦᠷᠭᠡᠬᠦ ᠦᠵᠡᠭᠳᠡᠯ ᠨᠡᠶᠢᠳᠡᠮ ᠤᠷᠤᠰᠢᠵᠤ ᠪᠠᠶᠢᠪᠠ᠃ ᠰᠤᠷᠭᠠᠭᠤᠯᠢ ᠳᠤ ᠤᠷᠤᠭᠰᠠᠨ ᠬᠡᠣᠬᠡᠳ ᠴᠦ ᠬᠡᠯᠡ ᠪᠢᠴᠢᠭ ᠤᠨ ᠬᠢᠴᠢᠶᠡᠯ ᠢ ᠰᠣᠷᠬᠤ ᠤᠷᠮᠠᠰ ᠤᠨ ᠲᠠᠯ᠎ᠠ ᠪᠠᠷ ᠬᠠᠷᠢᠴᠠᠩᠭᠤᠢ ᠪᠠᠷ ᠳᠤᠤᠷ᠎ᠠ ᠪᠠᠶᠢᠪᠠ᠃ ᠡᠨᠡ ᠨᠢ ᠭᠤᠣᠯᠲᠠᠭᠤ ᠮᠤᠩᠭᠤᠯ ᠦᠨᠳᠦᠰᠦᠲᠡᠨ ᠤ ᠰᠤᠷᠭᠠᠨ ᠬᠥᠮᠥᠵᠢᠯ ᠤᠨ ᠶᠠᠰᠣ ᠴᠢᠨᠠᠷ ᠤᠨ ᠠᠰᠠᠭᠤᠳᠠᠯ ᠭᠡᠵᠣ ᠪᠣᠷᠣᠭᠤ ᠤᠶᠢᠯᠠᠭᠠᠯᠲᠠ ᠲᠠᠢ ᠪᠠᠶᠢᠵᠠᠢ᠃ ᠲᠤᠬᠠᠢ ᠶᠢᠨ ᠦᠶ᠎ᠡ ᠳᠤ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠰᠣᠷᠭᠠᠨ ᠬᠦᠮᠦᠵᠢᠯ ᠳᠤ ︽ᠭᠤᠷᠪᠠᠨ ᠬᠡᠯᠡᠨ ᠤ ᠵᠢᠭᠠᠨ ᠰᠤᠷᠭᠠᠯᠲᠠ︾ ᠶᠢ ᠴᠢᠬᠤᠯᠠᠴᠢᠯᠠᠵᠣ᠂ ᠨᠢᠭᠡᠳᠦᠭᠡᠷ ᠣᠨ ᠳᠤ ᠮᠤᠩᠭᠤᠯ ᠬᠡᠯᠡᠨ ᠤ ᠴᠠᠭᠠᠨ ᠲᠣᠯᠣᠭᠠᠢ ᠶᠢᠨ ᠭᠤᠷᠪᠠᠨ ᠬᠤᠪᠢᠷᠠᠯ᠂ ᠬᠤᠶᠠᠳᠣᠭᠠᠷ ᠣᠨ ᠳᠤ ᠬᠢᠲᠠᠳ ᠦᠰᠦᠭ ᠪᠠ ᠭᠠᠯᠢᠭ᠂ ᠭᠤᠷᠪᠠᠳᠣᠭᠠᠷ ᠣᠨ ᠳᠤ ᠭᠠᠳᠠᠭᠠᠳᠣ ᠬᠡᠯᠡ ᠤ ᠭᠠᠯᠢᠭ ᠢ ᠬᠤᠶᠢᠨ᠎ᠠ ᠬᠤᠶᠢᠨ᠎ᠠ ᠠᠴᠠ ᠤᠭᠰᠠᠷᠠᠭᠤᠯᠤᠨ ᠵᠢᠭᠠᠳᠠᠭ ᠰᠢᠯᠲᠠᠭᠠᠨ ᠠᠴᠠ ᠪᠤᠯᠵᠤ ᠰᠤᠷᠣᠭᠴᠢ ᠶᠢᠨ ᠳᠠᠷᠣᠭᠠᠰᠣ ᠶᠡᠭᠡ᠂ ᠬᠡᠯᠡᠨ ᠤ ᠤᠷᠴᠢᠨ ᠲᠣᠭᠤᠷᠢᠨ ᠤ ᠨᠦᠯᠦᠭᠡ ᠠᠴᠠ ᠰᠡᠳᠬᠢᠬᠦᠢ ᠶᠢᠨ ᠲᠣᠭᠲᠠᠯᠴᠠᠭ᠎ᠠ ᠶᠢ ᠡᠪᠳᠡᠵᠤ ᠂ ᠶᠠᠮᠠᠷ ᠴᠦ ᠬᠡᠯᠡ ᠶᠢ ᠰᠤᠷᠴᠤ ᠲᠤᠭᠲᠠᠭᠠᠬᠤ ᠬᠢᠷᠢ ᠠᠴᠠ ᠨᠢ ᠬᠡᠲᠦᠷᠡᠭᠰᠡᠨ ᠰᠤᠷᠭᠠᠨ ᠬᠥᠮᠥᠵᠢᠯ ᠢ ᠬᠦᠯᠢᠶᠡᠭᠰᠡᠨ ᠪᠤᠯᠬᠤᠷ ᠮᠤᠩᠭᠤᠯ ᠬᠡᠯᠡ ᠪᠢᠴᠢᠭ ᠢ ᠰᠠᠶᠢᠨ ᠡᠵᠡᠮᠰᠢᠬᠦ ᠨᠦᠭᠦᠴᠡᠯ ᠢᠶᠠᠨ ᠠᠯᠳᠠᠪᠠ᠃ ᠢᠯᠠᠩᠭᠤᠶ᠎ᠠ ᠬᠤᠲᠠ᠂ ᠲᠠᠷᠢᠶᠠᠯᠠᠬᠤ ᠣᠷᠣᠨ ᠤ ᠬᠡᠦᠬᠡᠳ ᠡᠶᠢᠮᠦ ᠪᠠᠶᠢᠯ᠎ᠠ᠃ 15 ᠵᠢᠯ ᠤᠨ ᠬᠤᠭᠤᠴᠠᠭᠠᠨ ᠳᠤ ᠮᠤᠩᠭᠤᠯ ᠰᠤᠷᠤᠭᠴᠢᠳ ᠬᠢᠲᠠᠳ ᠰᠤᠷᠤᠭᠴᠢᠳ ᠠᠴᠠ ᠢᠯᠡᠭᠦᠣ 1171 ᠴᠠᠭ ᠤᠨ ᠬᠢᠴᠢᠶᠡᠯ ᠤᠷᠣᠵᠣ᠂ ᠭᠤᠷᠪᠠᠳᠠᠬᠢ ᠬᠡᠯᠡ ᠶᠢ ᠰᠣᠷᠣᠯᠴᠠᠪᠠ᠃ ᠵᠠᠰᠠᠭ ᠲᠠᠮᠠᠭᠠᠨ ᠠᠴᠠ᠂ ᠰᠤᠷᠭᠠᠭᠤᠯᠢ ᠨᠡᠶᠢᠲᠡ ᠠᠴᠠ ᠪᠠᠭᠰᠢ ᠶᠢ ᠵᠠᠪᠠᠯ ᠪᠤᠯᠪᠠᠰᠣᠷᠠᠭᠤᠯᠬᠤ ᠶᠢᠨ ᠳᠠᠭᠠᠣ᠂ ᠰᠢᠨ᠎ᠡ ᠬᠢᠴᠢᠶᠡᠯ ᠤᠨ ᠦᠭᠡᠷᠠᠴᠢᠯᠡᠯᠲᠡ ᠬᠢᠬᠦ ᠶᠢ ᠱᠠᠭᠠᠷᠳᠠᠪᠠ᠃ ᠡᠭᠦᠨ ᠤ ᠳ᠋ᠦᠩ ᠳᠤ ᠪᠠᠭᠰᠢ ᠨᠠᠷ ᠥᠨᠡᠨ ᠬᠦ ᠦᠨᠳᠦᠰᠦᠲᠡᠨ ᠤ ᠬᠢᠴᠢᠶᠡᠯ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠬᠦᠯᠬᠦ ᠲᠠᠯ᠎ᠠ ᠪᠠᠷ ᠢᠳᠡᠪᠬᠢᠲᠠᠢ ᠪᠠᠷ ᠦᠭᠡᠷᠠᠴᠢᠯᠡᠯᠲᠡ ᠳᠤ ᠤᠷᠤᠯᠴᠠᠪᠠ᠃ ᠪᠦᠬᠦ ᠤᠷᠣᠨ ᠤ ᠬᠡᠮᠵᠢᠶᠠᠨ ᠳᠤ ᠰᠢᠨ᠎ᠡ ᠬᠢᠴᠢᠶᠡᠯ ᠤᠨ ᠦᠭᠡᠷᠠᠴᠢᠯᠡᠯᠲᠡ ᠪᠣᠢ ᠪᠤᠯᠣᠭᠰᠠᠨ ᠢᠶᠠᠷ ᠪᠠᠷᠠᠬᠤ ᠦᠭᠡᠢ ᠤᠯᠠᠮᠵᠢᠯᠠᠯᠳᠤ ᠵᠢᠭᠠᠬᠤ ᠠᠷᠭ᠎ᠠ ᠪᠠ ᠰᠢᠨ᠎ᠡ ᠵᠢᠭᠠᠬᠤ ᠠᠷᠭ᠎ᠠ ᠶᠢ ᠬᠠᠷᠢᠴᠠᠭᠤᠯᠣᠨ ᠰᠣᠳᠣᠯᠬᠤ ᠪᠠᠭᠰᠢ ᠤᠯᠠᠰᠢᠷᠠᠭᠰᠠᠨ ᠪᠦᠭᠡᠳ ᠨᠢᠭᠡ ᠪᠦᠯᠦᠭ ᠪᠠᠭᠰᠢ ᠤᠯᠠᠮᠵᠢᠯᠠᠯᠲᠣ ᠵᠢᠭᠠᠬᠤ ᠠᠷᠭ᠎ᠠ ᠳᠤ ᠰᠡᠵᠢᠭᠯᠡᠬᠦ ᠣᠪᠤᠷ ᠲᠠᠢ ᠬᠠᠨᠳᠤᠬᠤ ᠪᠤᠯᠵᠠᠢ᠃ ᠪᠤᠳᠠᠳᠠᠢ ᠵᠢᠱᠢᠶᠡᠯᠡᠪᠠᠯ᠄ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠤ ︽ᠦᠭᠡᠴᠢᠯᠡᠵᠤ ᠣᠩᠰᠢᠬᠤ︾ ᠶᠢ ᠤᠷᠤᠬᠰᠢᠯᠠᠭᠤᠯᠵᠤ᠂ ᠴᠢᠨᠠᠭᠰᠢᠲᠠ ᠵᠠᠷᠢᠮ ᠭᠠᠵᠠᠷ ᠤᠷᠤᠨ ᠳᠤ ᠰᠢᠭᠤᠳ ︽ᠦᠭᠡᠴᠢᠯᠡᠵᠤ ᠣᠩᠰᠢᠬᠤ︾ ᠪᠤᠯᠪᠠᠰᠤᠷᠠᠯ ᠤᠨ ᠲᠤᠷᠰᠢᠯᠲᠠ ᠶᠢ ᠶᠠᠪᠣᠭᠳᠠᠭᠤᠯᠪᠠ᠃ ᠡᠨᠡᠬᠦ ᠲᠣᠷᠰᠢᠯᠲᠠ ᠪᠠ ᠦᠭᠡᠷᠠᠴᠢᠯᠡᠯᠲᠠ ᠶᠢᠨ ᠦᠷ᠎ᠡ ᠳ᠋ᠦᠩ ᠢ ᠠᠳᠠ ᠦᠭᠦᠯᠡᠬᠦ ᠦᠭᠡᠢ᠃ ᠶᠠᠭᠤ ᠴᠦ ᠭᠡᠰᠡᠨ ᠪᠦᠬᠦ ᠤᠷᠤᠨ ᠢᠶᠠᠷ ᠢᠶᠠᠨ ᠮᠤᠩᠭᠤᠯ ᠦᠨᠳᠦᠰᠦᠲᠡᠨ ᠤ ᠰᠤᠷᠭᠠᠨ ᠬᠥᠮᠥᠵᠢᠯ ᠤᠨ ᠶᠠᠰᠣ ᠴᠢᠨᠠᠷ ᠢ ᠳᠡᠭᠡᠭᠰᠢᠯᠡᠬᠦᠯᠬᠦ ᠠᠰᠠᠭᠤᠳᠠᠯ ᠳᠤ ᠠᠩᠬᠠᠷᠣᠯ ᠲᠠᠯᠪᠢᠵᠣ᠂ ᠮᠤᠩᠭᠤᠯ ᠦᠨᠳᠦᠰᠦᠲᠡᠨ ᠤ ᠰᠤᠷᠭᠠᠨ ᠬᠥᠮᠥᠵᠢᠯ ᠤᠨ ᠦᠭᠡᠷᠠᠴᠢᠯᠡᠯᠲᠡ ᠳᠤ ᠢᠳᠡᠪᠬᠢᠲᠠᠢ ᠬᠠᠨᠳᠣᠪᠠ᠃      ᠬᠤᠶᠠᠷ᠂ ︽ᠪᠠᠭᠰᠢ ᠶᠢᠨ ᠪᠤᠯᠪᠠᠰᠤᠷᠠᠯ︾ ᠢᠶᠠᠷ ᠳᠠᠮᠵᠢᠵᠤ ᠮᠤᠩᠭᠤᠯ ᠣᠯᠤᠰ ᠪᠠ ᠦᠪᠦᠷ ᠮᠤᠩᠭᠤᠯ ᠤᠷᠣᠨ ᠤ ᠬᠤᠭᠤᠷᠣᠨᠳᠣ᠂ ᠨᠠᠢᠮᠠᠨ ᠮᠤᠵᠢ ᠤᠷᠤᠨ ᠤ ᠬᠤᠭᠤᠷᠣᠨᠳᠦ᠂ ᠤᠷᠤᠨ ᠤ ᠳᠤᠲᠣᠭᠠᠳᠣ ᠳᠤ ᠬᠢ ᠡᠯ᠎ᠡ ᠠᠶᠢᠮᠠᠭ ᠬᠤᠰᠢᠭᠤᠨ ᠤ ᠮᠤᠩᠭᠤᠯ ᠢᠶᠠᠷ ᠬᠢᠴᠢᠶᠡᠯᠯᠡᠬᠦ ᠳᠣᠮᠳᠠᠳᠦ ᠪᠠᠭ᠎ᠠ ᠰᠤᠷᠭᠠᠭᠤᠯᠢ ᠶᠢᠨ ᠬᠤᠭᠤᠷᠤᠨᠳᠤᠬᠢ ᠰᠣᠶᠣᠯᠵᠢᠯ᠂ ᠰᠤᠷᠭᠠᠨ ᠬᠥᠮᠥᠵᠢᠯ ᠤᠨ ᠨᠦᠬᠦᠷᠰᠡᠭ ᠬᠠᠷᠢᠯᠴᠠᠭ᠎ᠠ ᠦᠷᠭᠡᠵᠢᠪᠡ᠃ ︵ᠨᠢᠭᠡ︶ ᠮᠤᠩᠭᠤᠯ ᠣᠯᠤᠰ ᠪᠠ ᠦᠪᠦᠷ ᠮᠤᠩᠭᠤᠯ ᠤᠷᠣᠨ ᠤ ᠬᠤᠭᠤᠷᠤᠨᠳᠤᠬᠢ ᠦᠭᠡ ᠬᠡᠯᠡ ᠦᠰᠦᠭ ᠪᠢᠴᠢᠭ᠂ ᠵᠠᠩ ᠰᠣᠶᠤᠯ᠂ ᠰᠣᠷᠭᠠᠨ ᠬᠦᠮᠦᠵᠢᠯ ᠤᠨ ᠰᠢᠨ᠎ᠡ ᠵᠠᠮ ᠨᠡᠭᠡᠭᠡᠭᠳᠡᠵᠦ᠂ ᠬᠠᠮᠲᠣᠷᠠᠨ ᠠᠵᠢᠯᠯᠠᠬᠤ ᠴᠢᠭᠯᠡᠯ ᠢᠶᠠᠷ ᠬᠠᠷᠢᠯᠴᠠᠨ ᠪᠠᠭᠰᠢ ᠲᠣᠮᠢᠯᠠᠵᠤ᠂ ᠲᠣᠷᠰᠢᠯᠭ᠎ᠠ ᠪᠠᠨ ᠰᠤᠯᠢᠯᠴᠠᠬᠤ᠂ ᠬᠠᠮᠲᠦ ᠪᠠᠷ ᠬᠢᠴᠢᠶᠡᠯ ᠪᠡᠯᠡᠳᠭᠡᠵᠣ᠂ ᠨᠡᠭᠡᠭᠡᠯᠲᠡ ᠲᠠᠢ ᠬᠢᠴᠢᠶᠡᠯ ᠤᠷᠤᠵᠤ᠂ ᠬᠠᠷᠢᠯᠴᠠᠨ ᠰᠣᠷᠣᠯᠴᠠᠬᠤ ᠵᠣᠷᠢᠯᠭ᠎ᠠ ᠳᠤ ᠬᠦᠷᠴᠦ ᠴᠢᠳᠠᠭᠰᠠᠨ ᠶᠤᠮ᠃ ᠡᠨᠡ ᠠᠵᠢᠯᠯᠠᠭᠠᠨ ᠳᠤ ᠬᠦᠬᠡᠬᠤᠲᠠ ᠳᠤ ᠬᠢ ᠮᠤᠩᠭᠤᠯ ᠳᠣᠮᠳᠠᠳᠣ ᠪᠠᠭ᠎ᠠ ᠰᠣᠷᠭᠠᠭᠤᠯᠢ ᠪᠠ ᠮᠤᠩᠭᠤᠯ ᠬᠡᠣᠬᠡᠳ ᠤᠨ ᠴᠡᠴᠡᠷᠯᠢᠭ︔ ᠰᠢᠯᠢ ᠶᠢᠨ ᠭᠤᠣᠯ ᠠᠶᠢᠮᠠᠭ ᠤᠨ ᠤᠯᠠᠩᠬᠢ ᠬᠤᠰᠢᠭᠤ ᠪᠠ ᠮᠤᠩᠭᠤᠯ ᠴᠡᠴᠡᠷᠯᠢᠭ︔ ᠡᠷᠢᠶᠡᠨ ᠬᠤᠲᠠ ᠶᠢᠨ ᠮᠣᠩᠭᠤᠯ ᠴᠡᠴᠡᠷᠯᠢᠭ ᠪᠠ ᠮᠤᠩᠭᠤᠯ ᠰᠣᠷᠭᠠᠭᠤᠯᠢ ᠤᠳ︔ ᠣᠯᠠᠭᠠᠠᠬᠠᠳᠠ ᠬᠤᠲᠠ ᠶᠢᠨ ᠠᠷᠣ ᠬᠤᠷᠴᠢᠨ᠂ ᠵᠡᠭᠦᠨ ᠪᠠᠷᠠᠭᠤᠨ ᠪᠠᠭᠠᠷᠢᠨ︔ ᠲᠦᠩᠯᠢᠶᠣᠣ ᠬᠤᠲᠠ︔ ᠣᠯᠠᠭᠠᠨᠴᠠᠪ ᠠᠶᠢᠮᠠᠭ ᠤᠨ ᠴᠠᠬᠠᠷ ᠪᠠᠷᠠᠭᠤᠨ ᠭᠠᠷᠤᠨ ᠬᠤᠶᠢᠲᠦ ᠬᠤᠰᠢᠭᠤ ᠶᠢᠨ ᠮᠤᠩᠭᠤᠯ ᠰᠣᠷᠭᠠᠭᠤᠯᠢ︔ ᠠᠯᠠᠱᠠ ᠠᠶᠢᠮᠠᠭ ᠤᠨ ᠭᠤᠷᠪᠠᠨ ᠬᠤᠰᠢᠭᠤ ᠳᠤ ᠬᠢ ᠮᠤᠩᠭᠤᠯ ᠰᠣᠷᠭᠠᠭᠤᠯᠢ ᠨᠤᠭᠤᠳ ᠤᠷᠤᠯᠴᠠᠵᠤ ᠮᠠᠰᠢ ᠢᠳᠡᠪᠬᠢᠲᠠᠢ ᠪᠠᠷ ᠠᠵᠢᠯᠯᠠᠵᠤ ᠪᠠᠶᠢᠨ᠎ᠠ᠃ ︵ᠬᠤᠶᠠᠷ︶ ᠨᠠᠢᠮᠠᠨ ᠮᠤᠵᠢ ᠤᠷᠤᠨ ᠤ ᠬᠤᠭᠤᠷᠤᠨᠳᠤᠬᠢ ᠦᠨᠳᠦᠰᠦᠲᠡᠨ ᠤ ᠰᠣᠷᠭᠠᠨ ᠬᠦᠮᠦᠵᠢᠯ ᠤᠨ ᠠᠵᠢᠯᠯᠠᠭ᠎ᠠ ᠢᠳᠡᠪᠬᠢᠲᠠᠢ ᠶᠠᠪᠣᠭᠳᠠᠵᠤ᠂ ᠤᠷᠢᠳ ᠬᠤᠵᠢᠳ ︽ᠦᠪᠦᠷ ᠮᠣᠩᠭᠤᠯ ᠳᠤ ᠬᠢ ᠨᠠᠢᠮᠠᠨ ᠮᠤᠵᠢ ᠤᠷᠤᠨ ᠤ ᠮᠤᠩᠭᠤᠯ ᠬᠡᠣᠬᠡᠳ ᠤᠨ ᠴᠡᠴᠡᠷᠯᠢᠭ ᠤᠨ ᠰᠣᠷᠭᠠᠨ ᠬᠦᠮᠦᠵᠢᠯ ᠤᠨ ᠨᠡᠶᠢᠭᠡᠮᠯᠢᠭ︾᠂ ︽ᠦᠪᠦᠷ ᠮᠣᠩᠭᠤᠯ ᠳᠤ ᠬᠢ ᠨᠠᠢᠮᠠᠨ ᠮᠤᠵᠢ ᠤᠷᠤᠨ ᠤ ᠮᠤᠩᠭᠤᠯ ᠢᠶᠠᠷ ᠬᠢᠴᠢᠶᠡᠯᠯᠡᠬᠦ ᠪᠠᠭ᠎ᠠ ᠰᠣᠷᠭᠠᠭᠤᠯᠢ ᠶᠢᠨ ᠰᠣᠷᠭᠠᠨ ᠬᠦᠮᠦᠵᠢᠯ ᠤᠨ ᠨᠡᠶᠢᠭᠡᠮᠯᠢᠭ︾ ᠪᠠᠶᠢᠭᠤᠯᠣᠭᠳᠠᠭᠰᠠᠨ ᠨᠢ ᠦᠨᠳᠦᠰᠣᠲᠡᠨ ᠤ ᠰᠤᠷᠭᠠᠨ ᠭᠦᠮᠦᠵᠢᠯ ᠤᠨ ᠬᠤᠶᠢᠰᠢᠳᠡᠬᠢ ᠬᠦᠭᠵᠢᠯᠲᠡ ᠳᠤ ᠠᠰᠤᠷᠤ ᠶᠡᠭᠡ ᠨᠦᠯᠦᠭᠡ ᠲᠣᠰᠬᠠᠯ ᠦᠵᠡᠬᠦᠯᠬᠦ ᠶᠣᠮ᠃ ︵ᠭᠤᠷᠪᠠ︶ ᠮᠠᠨ ᠤ ᠤᠷᠤᠨ ᠤ ᠡᠯ᠎ᠡ ᠠᠶᠢᠮᠠᠭ ᠬᠤᠰᠢᠭᠤᠨ ᠤ ᠮᠤᠩᠭᠤᠯ ᠢᠶᠠᠷ ᠬᠢᠴᠢᠶᠡᠯᠯᠡᠬᠦ ᠳᠣᠮᠳᠠᠳᠦ ᠪᠠᠭ᠎ᠠ ᠰᠤᠷᠭᠠᠭᠤᠯᠢ ᠶᠢᠨ ᠬᠤᠭᠤᠷᠤᠨᠳᠤᠬᠢ ᠰᠤᠷᠭᠠᠨ ᠬᠥᠮᠥᠵᠢᠯ ᠤᠨ ᠬᠠᠷᠢᠯᠴᠠᠭ᠎ᠠ ᠨᠢᠭᠲᠠᠷᠠᠬᠤ ᠶᠢ ᠳᠠᠭᠠᠯᠳᠣᠨ᠂ ᠦᠨᠳᠦᠰᠦᠲᠡᠨ ᠤ ᠰᠣᠶᠣᠯ ᠳᠤ ᠬᠤᠯᠪᠣᠭᠳᠠᠬᠤ ᠵᠠᠩ ᠵᠠᠩᠰᠢᠯ᠂ ᠤᠷᠣᠨ ᠨᠣᠲᠤᠭ ᠤᠨ ᠦᠭᠡ ᠠᠶᠠᠯᠭᠤ᠂ ᠰᠣᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠬᠢᠴᠢᠶᠡᠯ ᠬᠦᠮᠦᠵᠢᠯ ᠤᠨ ᠲᠣᠷᠰᠢᠯᠭ᠎ᠠ ᠰᠣᠷᠭᠠᠮᠵᠢ ᠵᠡᠷᠭᠡ ᠣᠯᠠᠨ ᠲᠠᠯ᠎ᠠ ᠪᠠᠷ ᠬᠠᠷᠢᠯᠴᠠᠨ ᠨᠡᠪᠲᠡᠷᠡᠯᠴᠡᠬᠦ ᠬᠠᠷᠢᠯᠴᠠᠨ ᠲᠦᠰᠢᠭᠯᠡᠯᠴᠡᠬᠦ ᠵᠠᠮ ᠮᠦᠷ ᠭᠠᠷᠴᠤ᠂ ᠬᠤᠶᠢᠰᠢᠲᠠ ᠨᠢᠭᠡ ᠰᠡᠳᠬᠢᠯ ᠪᠦᠬᠦ ᠵᠣᠷᠢᠭ ᠢᠶᠠᠷ ᠬᠠᠮᠲᠣᠷᠠᠨ ᠠᠵᠢᠯᠯᠠᠵᠤ ᠴᠢᠳᠠᠬᠤᠶᠢᠴᠠ ᠪᠤᠯᠣᠮᠵᠢ ᠶᠢ ᠪᠦᠷᠢᠳᠦᠭᠦᠯᠪᠡ᠃ ︵ᠲᠦᠷᠪᠡ︶ ᠪᠠᠭᠰᠢ ᠨᠠᠷ ᠤᠨ ᠮᠡᠷᠭᠡᠵᠢᠯ ᠳᠤ ᠬᠤᠯᠪᠣᠭᠳᠠᠭᠰᠠᠨ ᠸᠢᠴᠠᠲ ᠤᠨ ᠬᠤᠯᠪᠣᠭ᠎ᠠ ᠨᠡᠭᠡᠭᠡᠭᠳᠡᠵᠦ᠂ ᠮᠡᠳᠡᠬᠦ ᠦᠭᠡᠢ ᠴᠢᠳᠠᠬᠤ ᠦᠭᠡᠢ ᠪᠠᠨ ᠬᠤᠯᠪᠣᠭᠠᠨ ᠳᠤ ᠭᠠᠷᠴᠦ ᠬᠠᠷᠢᠯᠴᠠᠨ ᠰᠣᠷᠣᠯᠴᠠᠳᠠᠭ ᠪᠣᠯᠪᠠ᠃      ᠭᠤᠷᠪᠠ᠂ ︽ᠪᠠᠭᠰᠢ ᠶᠢᠨ ᠪᠤᠯᠪᠠᠰᠤᠷᠠᠯ︾ ᠢᠶᠠᠷ ᠳᠠᠮᠵᠢᠵᠤ ᠦᠨᠳᠦᠰᠦᠲᠡᠨ ᠤ ᠰᠣᠷᠭᠠᠨ ᠬᠦᠮᠦᠵᠢᠯ ᠤᠨ ᠲᠣᠬᠠᠢ ᠰᠢᠨ᠎ᠡ ᠰᠢᠨ᠎ᠡ ᠲᠦᠷᠣ ᠶᠢᠨ ᠪᠤᠳᠣᠯᠭ᠎ᠠ ᠨᠡᠶᠢᠲᠡᠯᠡᠭᠳᠡᠬᠦ ᠶᠢ ᠳᠠᠭᠠᠯᠳᠣᠨ ᠲᠠᠶᠢᠯᠣᠮᠵᠢ ᠦᠭᠴᠦ ᠤᠬᠠᠭᠤᠯᠤᠨ ᠲᠠᠶᠢᠴᠢᠯᠠᠭᠰᠠᠨ ᠠᠴᠠ ᠪᠠᠭᠰᠢ ᠨᠠᠷ᠂ ᠭᠡᠷ ᠤᠨ ᠠᠬᠠᠮᠠᠳ ᠤᠨ ᠳᠣᠮᠳᠠ ᠦᠨᠳᠦᠰᠦᠲᠡᠨ ᠤ ᠲᠥᠯᠥᠬᠡ ᠭᠡᠳᠡᠭ ᠨᠡᠶᠢᠲᠡᠴᠢ ᠦᠵᠡᠯᠲᠡ᠂ ᠬᠠᠶᠢᠷ᠎ᠠ ᠰᠡᠳᠭᠢᠯᠭᠡ᠂ ᠬᠠᠷᠢᠭᠤᠴᠠᠯᠭᠠᠲᠣ ᠤᠪᠣᠷ ᠰᠣᠷᠲᠠᠯ ᠡᠳᠦᠷ ᠢᠷᠡᠬᠦᠶ᠎ᠡ ᠳᠡᠭᠡᠭᠰᠢᠯᠡᠪᠡ᠃ ᠤᠶᠢᠷ᠎ᠠ ᠶᠢᠨ ᠵᠢᠯ ᠳᠤ ᠨᠠᠮ ᠵᠠᠰᠠᠭ᠂ ᠤᠯᠣᠰ ᠤᠷᠣᠨ ᠠᠴᠠ ᠦᠨᠳᠦᠰᠦᠲᠡᠨ ᠤ ᠰᠣᠷᠭᠠᠨ ᠬᠦᠮᠦᠵᠢᠯ ᠤᠨ ᠬᠦᠭᠵᠢᠯᠲᠡ ᠶᠢ ᠴᠢᠬᠤᠯᠠᠴᠢᠯᠠᠬᠤ ᠶᠢ ᠳᠠᠭᠠᠯᠳᠣᠨ᠂ ᠨᠡᠶᠢᠬᠡᠮ ᠨᠡᠶᠢᠲᠡ ᠪᠠᠷ ᠢᠶᠠᠨ ᠰᠣᠶᠣᠯ ᠢᠶᠠᠨ ᠬᠠᠶᠢᠷᠠᠯᠠᠬᠤ᠂ ᠰᠣᠶᠣᠯ ᠢᠶᠠᠨ ᠬᠦᠨᠳᠦᠳᠬᠡᠬᠦ ᠨᠡᠶᠢᠲᠡᠴᠢ ᠦᠵᠡᠯᠲᠡ ᠪᠤᠢ ᠪᠤᠯᠵᠤ᠂ ᠨᠡᠶᠢᠬᠡᠮ ᠨᠡᠶᠢᠲᠡ ᠭᠡᠷ ᠤᠨ ᠠᠬᠠᠮᠠᠳ ᠠᠴᠠ ᠰᠣᠷᠭᠠᠭᠤᠯᠢ ᠶᠢ ᠠᠩᠬᠠᠷᠬᠤ ᠲᠠᠯ᠎ᠠ ᠪᠠᠷ ᠬᠤᠪᠢᠷᠠᠯᠲᠠ ᠲᠠᠢ ᠪᠤᠯᠵᠤ᠂ ᠪᠠᠭᠰᠢ ᠨᠠᠷ ᠴᠦ ᠬᠤᠪᠢ ᠬᠤᠪᠢᠨ ᠤ ᠠᠵᠢᠯ ᠤᠨ ᠪᠠᠶᠢᠷᠢᠨ ᠳᠡᠭᠡᠷ᠎ᠡ ᠦᠨᠳᠦᠰᠦᠲᠡᠨ ᠤ ᠰᠣᠷᠭᠠᠨ ᠬᠦᠮᠦᠵᠢᠯ ᠳᠤ ᠬᠠᠨᠳᠣᠬᠤ ᠤᠪᠣᠷ ᠰᠡᠳᠭᠢᠯᠭᠡ ᠶᠢᠨ ᠬᠤᠪᠢᠷᠠᠯᠲᠠ ᠲᠠᠢ ᠪᠤᠯᠵᠣ ︽ᠬᠠᠶᠢᠷ᠎ᠠ︾ ᠪᠠ ︽ᠬᠠᠷᠢᠭᠤᠴᠠᠯᠭᠠᠲᠣ︾ ᠴᠢᠨᠠᠷ ᠨᠢ ᠳᠡᠭᠡᠭᠰᠢᠯᠡᠪᠡ᠃      ᠲᠦᠷᠪᠡ᠂ ︽ᠪᠠᠭᠰᠢ ᠶᠢᠨ ᠪᠤᠯᠪᠠᠰᠤᠷᠠᠯ︾ ᠢᠶᠠᠷ ᠳᠠᠮᠵᠢᠵᠤ ᠮᠤᠩᠭᠤᠯ ᠢᠶᠠᠷ ᠬᠢᠴᠢᠶᠡᠯᠯᠡᠬᠦ ᠳᠣᠮᠳᠠᠳᠦ ᠪᠠᠭ᠎ᠠ ᠰᠤᠷᠭᠠᠭᠤᠯᠢ ᠶᠢᠨ ᠪᠠᠭᠰᠢ ᠨᠠᠷ ︽ᠬᠢᠴᠢᠶᠡᠯ ᠤᠨ ᠪᠠᠷᠢᠮᠵᠢᠶ᠎ᠠ︾ ᠶᠢ ᠰᠠᠨᠠᠭᠠᠴᠢᠯᠠᠭ᠎ᠠ ᠲᠠᠢ ᠠᠩᠬᠠᠷᠴᠣ᠂ ᠬᠢᠴᠢᠶᠡᠯᠯᠡᠭᠡ ᠶᠢᠨ ᠶᠠᠪᠣᠴᠠ ᠳᠤ ᠲᠤᠬᠢᠶᠠᠯᠳᠤᠬᠰᠠᠨ ᠬᠦᠴᠢᠷᠳᠡᠯᠭᠡ ᠨᠦᠭᠦᠳ ᠢ ᠵᠦᠪ ᠢᠶᠠᠷ ᠲᠠᠨᠢᠵᠣ᠂ ᠵᠦᠪ ᠰᠡᠳᠭᠢᠵᠣ᠂ ᠵᠦᠪ ᠰᠢᠢᠳᠪᠣᠷᠢᠯᠡᠬᠦ ᠴᠢᠳᠠᠪᠣᠷᠢ ᠶᠢᠨ ᠲᠠᠯ᠎ᠠ ᠪᠠᠷ ᠳᠡᠭᠡᠭᠰᠢᠯᠡᠪᠡ᠃ ᠦᠬᠡᠷ᠎ᠡ ᠪᠠᠷ ᠬᠡᠯᠡᠪᠡᠯ᠂ ᠦᠩᠭᠡᠷᠡᠭᠰᠡᠨ ᠳᠤ ︽ᠬᠢᠴᠢᠶᠡᠯ ᠤᠨ ᠪᠠᠷᠢᠮᠵᠢᠶ᠎ᠠ︾ ᠶᠢ ᠠᠩᠬᠠᠷᠳᠠᠭ ᠦᠭᠡᠢ ᠪᠠᠶᠢᠭᠰᠠᠨ ᠠᠴᠠ ᠪᠠᠨ ᠠᠩᠬᠠᠷᠳᠠᠭ ᠪᠣᠯᠪᠠ ᠃ ᠪᠦᠬᠦ ᠣᠷᠣᠨ ᠤ ᠭᠡᠪᠴᠢᠶᠡᠨ ᠳᠤ ︽ᠬᠢᠴᠢᠶᠡᠯ ᠤᠨ ᠪᠠᠷᠢᠮᠵᠢᠶ᠎ᠠ︾ ᠪᠠᠷ ᠴᠢᠭ ᠪᠣᠯᠭᠠᠵᠣ᠂ ᠪᠦᠬᠦ᠋ᠢᠯᠡ ᠦᠨᠳᠦᠰᠦᠲᠡᠨ ᠤ ᠰᠤᠷᠭᠠᠨ ᠬᠥᠮᠥᠵᠢᠯ ᠤᠨ ᠬᠠᠨᠳᠣᠯᠭᠠᠲᠦ ᠴᠢᠨᠠᠷ ᠵᠢᠭᠳᠡ ᠪᠣᠯᠪᠠ᠃      ᠲᠠᠪᠤ᠂ ︽ᠪᠠᠭᠰᠢ ᠶᠢᠨ ᠪᠤᠯᠪᠠᠰᠤᠷᠠᠯ︾ ᠢᠶᠠᠷ ᠳᠠᠮᠵᠢᠵᠤ ᠪᠦᠬᠦ ᠤᠷᠤᠨ ᠳᠤ ᠪᠠᠭᠰᠢ ᠨᠠᠷ ᠬᠢᠴᠢᠶᠡᠯ ᠤᠨ ᠠᠭᠤᠯᠭ᠎ᠠ ᠪᠠᠨ ᠰᠣᠳᠣᠯᠬᠤ ᠠᠵᠢᠯ ᠤᠨ ᠲᠠᠯ᠎ᠠ ᠳᠤ ᠢᠳᠡᠪᠬᠢᠲᠠᠢ ᠪᠣᠯᠪᠠ᠃ ᠤᠶᠢᠷ᠎ᠠ ᠶᠢᠨ ᠵᠢᠯ ᠤᠳ ᠲᠤ ᠤᠷᠤᠨ ᠤ ᠵᠢᠭᠠᠬᠤ ᠶᠢ ᠰᠤᠳᠤᠯᠬᠤ ᠲᠠᠰᠤᠬ ᠦᠪᠡᠷ ᠤᠨ ᠰᠣᠳᠣᠯᠭᠠᠨ ᠤ ᠠᠵᠢᠯ ᠤᠨ ᠲᠠᠯ᠎ᠠ ᠪᠠᠷ ᠬᠦᠴᠦ ᠲᠠᠯᠪᠢᠬᠤ ᠶᠢᠨ ᠳᠠᠭᠠᠣ᠂ ᠪᠦᠬᠦ ᠤᠷᠤᠨ ᠤ ᠠᠶᠢᠮᠠᠭ ᠬᠤᠰᠢᠭᠤᠨ ᠤ ᠬᠢᠴᠢᠶᠡᠯ ᠬᠦᠮᠦᠵᠢᠯ ᠤᠨ ᠪᠠᠭᠰᠢ ᠨᠠᠷ ᠢ ᠳᠠᠶᠢᠴᠢᠯᠠᠵᠣ᠂ ᠮᠤᠩᠭᠤᠯ ᠢᠶᠠᠷ ᠬᠢᠴᠢᠶᠡᠯᠯᠡᠬᠦ ᠳᠣᠮᠳᠠᠳᠣ ᠪᠠᠭ᠎ᠠ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠬᠦᠯᠬᠦ ᠠᠵᠢᠯᠯᠠᠭ᠎ᠠ ᠳᠤ ᠭᠠᠷᠮᠠᠭᠠᠢ ᠵᠢᠳᠭᠦᠯ ᠦᠵᠡᠭᠦᠯᠪᠡ᠃ ᠢᠯᠠᠩᠭᠤᠶ᠎ᠠ ᠪᠣᠲᠠᠲᠠᠢ ᠬᠢᠴᠢᠶᠡᠯ ᠢᠶᠠᠷ ᠪᠠᠭᠰᠢ ᠨᠠᠷ ᠢ ᠵᠢᠭᠠᠨ ᠵᠢᠯᠣᠭᠤᠳᠴᠣ᠂ ᠲᠠᠶᠢᠯᠣᠮᠵᠢ ᠵᠦᠪᠯᠡᠭᠡ ᠦᠭᠬᠦ ᠶᠢᠨ ᠬᠠᠵᠠᠭᠤ ᠪᠠᠷ ᠭᠤᠷᠪᠠᠨ ᠳᠡᠰ ᠤᠨ ᠪᠠᠭᠰᠢ ᠶᠢ ᠰᠢᠯᠭᠠᠷᠠᠭᠤᠯᠬᠤ ᠪᠠᠷ ᠳᠠᠮᠵᠢᠵᠣ᠂ ᠠᠶᠢᠮᠠᠭ ᠬᠤᠰᠢᠭᠤ ᠱᠠᠲᠣᠨ ᠳᠤ ᠨᠢᠭᠡ ᠪᠦᠯᠦᠭ ᠭᠠᠷᠮᠠᠭᠠᠢ ᠪᠠᠭᠰᠢ ᠶᠢᠨ ᠡᠩᠨᠡᠭᠡ ᠪᠣᠢ ᠪᠣᠯᠪᠠ᠃ ᠡᠳᠡᠭᠡᠷ ᠪᠠᠭᠰᠢ ᠨᠠᠷ ᠦᠪᠡᠷ ᠦᠪᠡᠷ ᠤᠨ ᠠᠵᠢᠯ ᠤᠨ ᠤᠷᠴᠢᠨ ᠲᠣᠭᠤᠷᠢᠨ ᠳᠤ ᠲᠣᠯᠭᠠᠭᠤᠷᠢᠯᠠᠵᠣ᠂ ᠨᠠᠢᠮᠠᠨ ᠮᠤᠵᠢ ᠤᠷᠣᠨ ᠳᠤ ᠪᠤᠯᠵᠣ ᠦᠩᠭᠡᠷᠡᠭᠰᠡᠨ ︽ᠢᠨᠵᠠᠨᠨᠠᠰᠢ ᠬᠤᠨᠳᠠᠭᠠᠳᠤ︾᠂ ︽ᠮᠢᠩᠭᠠᠨᠳᠤ ᠬᠤᠨᠳᠠᠭᠠᠳᠤ︾᠂ ︽ᠨᠠᠢᠮᠠᠨ ᠰᠢᠷᠭ᠎ᠠ ᠶᠢᠨ ᠵᠤᠭᠢᠶᠠᠯ ᠤᠨ ᠤᠷᠣᠯᠳᠣᠭᠠᠨ︾ ︽ᠠᠷᠭᠠᠰᠤᠨ ᠬᠤᠨᠳᠠᠭᠠᠳᠤ ᠮᠠᠷᠭᠤᠭᠠᠨ ᠤ ᠤᠷᠣᠯᠳᠣᠭᠠᠨ︾᠂ ︽ᠵᠦᠪ ᠪᠢᠴᠢᠯᠭᠡ ᠶᠢᠨ ᠤᠷᠣᠯᠳᠣᠭᠠᠨ︾ ᠵᠡᠷᠭᠡ ᠬᠦᠳᠡᠯᠭᠡᠭᠡᠨ ᠢ ᠠᠮᠵᠢᠯᠲᠠ ᠳᠤ ᠬᠦᠷᠭᠡᠭᠰᠡᠨ ᠶᠤᠮ᠃ ᠡᠭᠦᠨ ᠠᠴᠠ ᠭᠠᠳᠠᠨ᠎ᠠ ᠰᠢᠯᠢᠨ ᠭᠤᠣᠯ ᠠᠶᠢᠮᠠᠭ᠂ ᠬᠦᠯᠦᠨ ᠪᠤᠶᠢᠷ ᠬᠤᠳᠠ᠂ ᠣᠯᠠᠭᠠᠠᠬᠠᠳᠠ ᠬᠤᠲᠠ᠂ ᠤᠷᠳᠣᠰ ᠬᠤᠳᠠ᠂ ᠠᠯᠠᠱᠠ ᠠᠶᠢᠮᠠᠭ ᠵᠡᠷᠭᠡ ᠤᠯᠠᠨ ᠣᠯᠠᠨ ᠭᠠᠵᠠᠷ ᠢᠶᠠᠷ ᠮᠤᠩᠭᠤᠯ ᠦᠨᠳᠦᠰᠣᠲᠡᠨ ᠤ ᠦᠪ ᠰᠤᠶᠤᠯ ᠳᠤ ᠬᠤᠯᠪᠤᠭᠳᠠᠭᠰᠠᠨ ᠵᠠᠩ ᠰᠤᠶᠣᠯ᠂ ᠳᠠᠭᠤᠣ ᠤᠷᠠᠯᠢᠭ᠂ ᠲᠠᠮᠢᠷ ᠲᠣᠭᠯᠠᠭᠠᠮ ᠤᠨ ᠬᠦᠳᠡᠯᠭᠡᠭᠡᠨ ᠪᠦᠬᠦ ᠤᠷᠤᠨ ᠳᠤ ᠪᠤᠯᠵᠣ ᠦᠷᠨᠢᠭᠰᠡᠨ ᠨᠢ ᠪᠠᠭᠰᠢ ᠨᠠᠷ ᠤᠨ ᠴᠢᠷᠮᠠᠶᠢᠯᠭ᠎ᠠ ᠲᠠᠢ ᠰᠢᠭᠤᠳ ᠬᠤᠯᠪᠣᠭ᠎ᠠ ᠲᠠᠢ ᠶᠤᠮ᠃      ᠵᠢᠷᠭᠤᠭ᠎ᠠ᠂ ᠰᠢᠨ᠎ᠡ ᠪᠠᠷ ᠠᠵᠢᠯ ᠤᠨ ᠪᠠᠶᠢᠷᠢ ᠳᠤ ᠭᠠᠷᠣᠭᠰᠠᠨ ᠪᠠᠭᠰᠢ ᠨᠠᠷ ᠤᠨ ︽ᠪᠠᠭᠰᠢᠯᠠᠬᠤ︾ ᠠᠵᠢᠯ ᠳᠤ ᠳᠦᠭᠦᠮ ᠦᠵᠡᠬᠦᠯᠪᠡ᠃ ᠤᠶᠢᠷ᠎ᠠ ᠶᠢᠨ ᠵᠢᠯ ᠤᠳ ᠲᠤ ᠤᠯᠠᠩᠬᠢ ᠰᠤᠷᠭᠠᠭᠤᠯᠢ ᠪᠠᠭᠰᠢ ᠡᠯᠰᠡᠬᠦ ᠳᠤ ᠤᠷᠣᠨ ᠤ ᠪᠣᠶᠦ ᠳᠣᠬᠠᠢ ᠶᠢᠨ ᠭᠠᠵᠠᠷ ᠤᠨ ᠨᠢᠭᠡᠳᠤᠯᠳᠠᠢ ᠰᠢᠯᠭᠠᠯᠲᠠ ᠪᠠᠷ ᠳᠠᠮᠵᠢᠵᠣ ᠪᠠᠭᠰᠢ ᠡᠯᠰᠡᠳᠡᠭ ᠪᠣᠯᠬᠤᠷ ᠰᠢᠨ᠎ᠡ ᠪᠠᠭᠰᠢ ᠶᠢᠨ ᠢᠷᠡᠯᠲᠡ ᠨᠢ ᠶᠡᠷᠣᠩᠬᠡᠢ ᠠᠩᠭᠢ ᠲᠡᠭᠦᠰᠦᠭᠰᠡᠨ ᠭᠡᠳᠡᠭ ᠪᠣᠯᠪᠠᠴᠣ ︽ᠲᠠᠳᠣᠯᠭ᠎ᠠ ᠶᠢᠨ ᠪᠣᠯᠪᠠᠰᠣᠷᠠᠯ︾ ᠦᠭᠡᠢ᠂ ᠮᠡᠷᠭᠡᠵᠢᠯ ᠤᠨ ᠪᠣᠰᠦ ᠪᠠᠭᠰᠢ ᠨᠠᠷ ᠪᠠᠭᠰᠢᠯᠠᠭᠰᠠᠨ ᠨᠢ ᠤᠯᠠᠨ ᠪᠣᠯᠵᠡᠢ᠃ ᠡᠳᠡᠭᠡᠷ ᠪᠠᠭᠰᠢ ᠨᠠᠷ ᠠᠵᠢᠯ ᠤᠨ ᠢᠳᠡᠪᠬᠢ ᠴᠢᠨᠠᠷ ᠰᠠᠶᠢᠨ ᠪᠠᠶᠢᠭᠰᠠᠨ ᠴᠦ ᠪᠠᠭᠰᠢ ᠶᠢᠨ ᠲᠣᠰᠬᠠᠢ ᠮᠡᠷᠭᠡᠵᠢᠯ ᠤᠨ ᠪᠣᠯᠪᠠᠰᠣᠷᠠᠯ ᠳᠣᠲᠠᠭᠤ ᠣᠴᠢᠷ ᠠᠴᠠ ᠵᠢᠭᠠᠨ ᠰᠣᠷᠭᠠᠯᠲᠠ ᠳᠤ ᠬᠥᠯ ᠢᠶᠠᠨ ᠤᠯᠬᠤ ᠦᠭᠡᠢ ᠪᠠᠶᠢᠳᠠᠯ ᠨᠡᠶᠢᠳᠡᠮ ᠣᠷᠣᠰᠢᠵᠣ ᠪᠠᠶᠢᠯ᠎ᠠ᠃ ᠪᠠᠭᠰᠢ ᠶᠢᠨ ᠪᠣᠯᠪᠠᠰᠣᠷᠠᠯ ᠢᠶᠠᠷ ᠳᠠᠮᠵᠢᠵᠣ ᠡᠳᠡᠭᠡᠷ ᠪᠠᠭᠰᠢ ᠶᠢᠨ ᠳᠠᠪᠰᠢᠯᠲᠠ ᠳᠤ ᠳᠦᠯᠬᠢᠬᠦ ᠤᠶᠢᠯᠡᠳᠣᠯ ᠦᠵᠡᠭᠦᠯᠪᠡ᠃       ᠰᠤᠳᠤᠯᠬᠤ ᠴᠢᠨᠠᠷ ᠲᠠᠢ ᠠᠰᠠᠭᠤᠳᠠᠯ ᠪᠠ ᠵᠦᠪᠯᠠᠯᠭᠡ᠄      ᠤᠯᠣᠰ ᠤᠨ ᠰᠣᠷᠭᠠᠨ ᠬᠦᠮᠦᠵᠢᠯ ᠤᠨ ᠶᠠᠮᠣᠨ ᠠᠴᠠ ᠲᠠᠶᠢᠴᠢᠯᠠᠭᠰᠠᠨ ︽ᠰᠢᠨ᠎ᠡ ᠬᠢᠴᠢᠶᠡᠯ ᠤᠨ ᠦᠭᠡᠷᠠᠴᠢᠯᠡᠯᠲᠡ︾ ᠶᠢ ᠤᠯᠠᠨ ᠵᠢᠯ ᠲᠤᠭᠤᠰᠢᠯᠠᠭᠤᠯᠤᠨ ᠬᠦᠢᠴᠡᠳᠭᠡᠪᠡ᠃ ᠤᠯᠣᠰ ᠪᠠ ᠣᠷᠣᠨ ᠤ ᠠᠵᠣ ᠠᠬᠤᠢ ᠶᠢᠨ ᠰᠡᠷᠭᠦᠯᠲᠡ ᠶᠢ ᠳᠠᠭᠠᠯᠳᠣᠨ᠂ ᠬᠤᠲᠠ ᠬᠦᠳᠡᠭᠡ ᠶᠢᠨ ᠵᠦᠷᠢᠶᠠᠨ ᠢ ᠪᠠᠭᠠᠰᠬᠠᠵᠣ ᠰᠣᠷᠭᠠᠭᠤᠯᠢ ᠶᠢᠨ ᠨᠦᠭᠦᠴᠡᠯ ᠢ ᠰᠠᠶᠢᠵᠢᠷᠠᠭᠤᠯᠬᠤ ᠶᠢᠨ ᠳᠠᠭᠠᠣ ︽ᠰᠣᠷᠣᠭᠴᠢ ᠨᠢᠭᠡᠪᠣᠷᠢ ᠳᠤ ᠲᠡᠩᠴᠡᠬᠦᠷᠢᠳᠠᠢ ᠰᠣᠷᠭᠠᠨ ᠬᠦᠮᠦᠵᠢᠯ ᠭᠦᠷᠳᠠᠭᠡᠭᠦ︾ ᠶᠢ ᠴᠢᠬᠤᠯᠠᠴᠢᠯᠠᠵᠣ᠂ ᠣᠯᠠᠮᠵᠢᠯᠠᠯᠲᠣ ᠵᠢᠭᠠᠨ ᠰᠣᠷᠭᠠᠬᠤ ᠠᠷᠭ᠎ᠠ ᠶᠢᠨ ᠣᠷᠢᠳᠠᠯ ᠳᠤ ︽ᠰᠢᠨ᠎ᠡ ᠬᠢᠴᠢᠶᠡᠯ ᠤᠨ ᠦᠭᠡᠷᠠᠴᠢᠯᠡᠯᠲᠡ︾ ᠶᠢ ᠤᠯᠠᠨ ᠵᠢᠯ ᠦᠷᠬᠦᠯᠵᠢᠯᠡᠭᠦᠯᠪᠡ᠃ ᠡᠩ ᠤᠨ ᠰᠣᠷᠭᠠᠨ ᠬᠦᠮᠦᠵᠢᠯ ᠤᠨ ︽ᠰᠢᠨ᠎ᠡ ᠬᠢᠴᠢᠶᠡᠯ ᠤᠨ ᠦᠭᠡᠷᠡᠴᠢᠯᠡᠯᠲᠡ︾ ᠶᠢᠨ ᠣᠬᠠᠭᠳᠠᠬᠤᠨ ᠠᠴᠠ ᠰᠢᠨᠵᠢᠪᠡᠯ᠄      ︵ᠨᠢᠭᠡ︶ ᠰᠢᠨ᠎ᠡ ᠬᠢᠴᠢᠶᠠᠯ ᠪᠤᠯᠤᠨ ᠪᠠᠭᠰᠢ ᠶᠢᠨ ᠬᠠᠷᠢᠴᠠᠭ᠎ᠠ ︵ᠲᠣᠪᠴᠢᠯᠠᠪᠠ︶᠄ ⑴ ᠬᠢᠴᠢᠶᠠᠯ ᠤᠨ ᠶᠠᠪᠤᠴᠠ ᠶᠢ ᠭᠥᠢᠴᠡᠥᠡᠭᠡᠳᠡᠭ ᠪᠠᠶᠢᠬᠰᠠᠨ ᠠᠴᠠ ᠪᠠᠨ ᠬᠢᠴᠢᠶᠠᠯ ᠢ ᠨᠡᠬᠡᠬᠡᠯᠳᠠ ᠳᠤ ᠭᠥᠷᠬᠡᠭᠦ ︵ᠬᠢᠴᠢᠶᠠᠯ ᠤᠨ ᠲᠥᠰᠥᠪ ᠂ ᠬᠠᠷᠠᠯᠲᠠ᠂ ᠰᠢᠨ᠎ᠡ ᠶᠢ ᠡᠭᠦᠥᠠᠭᠦ᠂ ᠲᠠᠶᠢᠯᠥᠮᠵᠢ ᠬᠢᠭᠦ︶ ⑵ ᠪᠠᠭᠰᠢ ᠬᠢᠴᠢᠶᠠᠯ ᠤᠨ ᠡᠷᠬᠢᠴᠡᠭᠦᠯᠥᠯ ᠢᠶᠠᠷ ᠲᠠᠮᠵᠢᠨ ᠮᠡᠳᠡᠯᠭᠡ ᠤᠯᠠᠮᠵᠢᠯᠠᠳᠠᠭ ᠪᠠᠶᠢᠬᠰᠠᠨ ᠠᠴᠠ ᠪᠠᠨ ᠰᠤᠷᠤᠬᠴᠢ ᠶᠢᠨ ᠵᠢᠯᠤᠭᠤᠳᠤᠭᠴᠢ ᠪᠤᠯᠬᠤ ᠪᠠᠷ ᠦᠯᠤ ᠪᠠᠷᠠᠨ ᠰᠤᠷᠤᠬᠴᠢ ᠶᠢᠨ ᠰᠢᠨ᠎ᠡ ᠰᠡᠥᠠᠬᠢᠭᠦᠢ ᠶᠢᠨ ᠭᠥᠭᠵᠢᠭᠦᠯᠥᠭᠴᠢ ᠪᠤᠯᠤᠬᠰᠠᠨ ⑶ ᠪᠠᠭᠰᠢ ᠡᠬᠢ ᠪᠠᠶᠠᠯᠢᠭ ᠢ ᠨᠠᠬᠡᠬᠡᠭᠦ ᠵᠤᠷᠢᠯᠳᠠ ᠠᠴᠠ ︽ᠬᠤᠪᠢ ᠶᠢᠨ ᠭᠥᠳᠡᠯᠮᠤᠷᠢᠴᠢ︾ ᠪᠠᠶᠢᠬᠰᠠᠨ ᠠᠴᠠ ᠪᠠᠨ ︽ᠶᠡᠭᠡ ᠰᠤᠷᠭᠠᠨ ᠭᠥᠮᠥᠵᠢᠭᠦᠯᠥᠭᠴᠢ︾ ᠤᠷᠤᠭᠤ ᠭᠥᠳᠤᠯᠥᠭᠴᠢ ᠪᠤᠯᠵᠤ᠂ ᠡᠬᠢ ᠪᠠᠶᠠᠯᠢᠭ ᠢ ᠨᠡᠭᠡᠭᠡᠭᠦ ᠳᠤ ᠥᠢᠯᠡᠴᠢᠯᠡᠭᠴᠢ ᠪᠤᠯᠤᠬᠰᠠᠨ ᠪᠠᠶᠢᠬᠤ ⑷ ᠪᠠᠭᠰᠢ ᠬᠢᠴᠢᠶᠠᠯ ᠤᠨ ᠲᠥᠰᠥᠪ ᠢ ᠭᠥᠢᠴᠡᠥᠡᠭᠡᠭᠴᠢ ᠪᠠᠶᠢᠬᠰᠠᠨ ᠠᠴᠠ ᠪᠠᠨ ᠬᠢᠴᠢᠶᠠᠯ ᠤᠨ ᠵᠤᠬᠢᠶᠠᠨ ᠪᠠᠶᠢᠭᠤᠯᠤᠬᠴᠢ ᠪᠠ ᠬᠠᠮᠵᠢᠯᠴᠠᠭᠠᠨ ᠤ ᠠᠵᠢᠯᠯᠠᠭ᠎ᠠ ᠶᠢ ᠤᠳᠤᠷᠢᠥᠠᠬᠤ ⑸ ᠪᠠᠭᠰᠢ ᠨᠢ ᠰᠤᠷᠤᠬᠴᠢ ᠶᠢᠨ ᠬᠠᠮᠢᠶᠠᠷᠤᠬᠴᠢ ᠪᠠᠶᠢᠬᠰᠠᠨ ᠠᠴᠠ ᠪᠠᠨ ᠭᠥᠭᠵᠢᠯᠳᠡ ᠶᠢᠨ ᠵᠢᠭᠠᠨ ᠵᠢᠯᠤᠭᠤᠳᠤᠬᠴᠢ ᠪᠤᠯᠤᠬᠰᠠᠨ ᠪᠠᠶᠢᠬᠤ ⑹ᠪᠠᠭᠰᠢ ᠨᠢ ᠰᠤᠷᠤᠬᠴᠢ ᠶᠢᠨ ᠬᠢᠷᠢ ᠬᠡᠮᠵᠢᠶ᠎ᠠ ᠶᠢ ᠥᠨᠡᠯᠡᠭᠴᠢ ᠪᠠᠶᠢᠬᠰᠠᠨ ᠠᠴᠠ ᠪᠠᠨ ᠬᠢᠷᠢ ᠬᠡᠮᠵᠢᠶ᠎ᠠ ᠶᠢ ᠲᠡᠭᠡᠭᠰᠢᠯᠠᠭᠦᠯᠭᠦ ᠭᠥᠳᠥᠯᠥᠭᠴᠢ ᠪᠤᠯᠤᠬᠰᠠᠨ ᠪᠠᠶᠢᠬᠤ ⑺ ᠪᠠᠭᠰᠢ ᠪᠣᠯ ᠰᠤᠷᠤᠬᠴᠢ ᠶᠢᠨ ᠰᠤᠷᠬᠤ ᠶᠢᠨ ᠠᠬᠢᠭᠤᠯᠤᠬᠴᠢ ︵ᠰᠤᠷᠤᠯᠴᠠᠬᠤ ᠴᠢᠳᠠᠪᠤᠷᠢ ᠶᠢ ᠭᠥᠭᠵᠢᠬᠡᠭᠴᠢ᠂ ᠰᠤᠷᠤᠬᠴᠢ ᠶᠢᠨ ᠭᠥᠮᠥᠨᠰᠢᠭᠦ ᠶᠢᠨ ᠭᠥᠳᠥᠯᠥᠭᠴᠢ︶ ᠪᠤᠯᠤᠬᠰᠠᠨ ᠪᠠᠶᠢᠬᠤ ⑻ ᠵᠢᠭᠠᠬᠤ ᠪᠠ ᠰᠤᠳᠤᠯᠬᠤ ᠬᠠᠷᠢᠴᠠᠭᠠᠨ ᠠᠴᠠ ᠪᠠᠭᠰᠢ ᠪᠣᠯ ᠭᠥᠮᠥᠨᠰᠢᠭᠦ ᠶᠢᠨ ᠰᠤᠳᠤᠯᠤᠬᠴᠢ ᠪᠤᠯᠤᠬᠰᠠᠨ ᠪᠠᠶᠢᠬᠤ ⑼ ᠬᠢᠴᠢᠶᠠᠯ ᠪᠠ ᠵᠢᠭᠠᠬᠤ ᠬᠠᠷᠢᠴᠠᠭᠠᠨ ᠳᠤ ᠪᠠᠭᠰᠢ ᠪᠣᠯ ᠬᠢᠴᠢᠶᠠᠯ ᠤᠨ ᠪᠥᠳᠥᠬᠡᠨ ᠪᠠᠶᠢᠭᠤᠯᠤᠬᠴᠢ ᠬᠢᠬᠡᠥᠨ ᠡᠭᠦᠳᠥᠭᠴᠢ ᠪᠤᠯᠤᠬᠰᠠᠨ ᠪᠠᠶᠢᠬᠤ ⑽ ᠪᠠᠭᠰᠢ ᠵᠢᠭᠠᠨ ᠰᠤᠷᠭᠠᠯᠳᠠ ᠪᠠ ᠬᠠᠮᠵᠢᠯᠴᠠᠭᠠᠨ ᠳᠤ ᠤᠷᠤᠯᠴᠠᠭᠴᠢ ᠪᠤᠯᠤᠬᠰᠠᠨ ᠪᠠᠶᠢᠬᠤ ⑾ᠪᠠᠭᠰᠢ ᠠᠴᠠ ᠰᠤᠷᠤᠬᠴᠢ ᠶᠢ ᠭᠥᠨᠳᠤᠥᠠᠬᠡᠭᠦ ᠪᠠ ᠵᠤᠷᠢᠬᠵᠢᠭᠤᠯᠤᠯ ᠢᠶᠠᠷ ᠭᠤᠤᠯᠳᠠᠭᠰᠠᠨ ᠪᠠᠶᠢᠬᠤ ⑿ᠪᠠᠭᠰᠢ ᠠᠴᠠ ᠬᠢᠴᠢᠶᠠᠯᠯᠡᠭᠡ ᠳᠤ ᠰᠤᠷᠤᠬᠴᠢ ᠶᠢ ᠲᠤᠰᠠᠯᠠᠬᠤ ᠪᠠᠷ ᠲᠠᠮᠵᠢᠵᠤ ᠰᠤᠷᠤᠬᠴᠢ ᠶᠢ ᠰᠤᠷᠬᠤ ᠠᠵᠢᠯᠯᠠᠭᠠᠨ ᠳᠤ ᠭᠥᠳᠡᠯᠥᠩᠭᠦᠢ ᠤᠷᠤᠯᠴᠠᠭᠤᠯᠬᠤ ⒀ ᠪᠠᠭᠰᠢ ᠬᠢᠴᠢᠶᠠᠯ ᠤᠨ ᠡᠮᠤᠨ᠎ᠡ᠂ ᠳᠤᠮᠳᠠ᠂ ᠡᠴᠤᠰ ᠲᠤ ᠡᠷᠬᠢᠴᠡᠭᠦᠯᠥᠨ ᠲᠤᠩᠭᠠᠬᠰᠠᠨ ᠢᠶᠠᠷ ᠭᠤᠤᠯᠳᠠᠭᠰᠠᠨ ᠪᠠᠶᠢᠬᠤ ⒁ᠪᠠᠭᠰᠢ ᠬᠠᠮᠳᠤᠷᠠᠯ ᠤᠨ ᠭᠥᠴᠤᠨ ᠳᠤ ᠲᠥᠰᠢᠭᠯᠡᠨ ᠵᠢᠭᠠᠨ ᠰᠤᠷᠭᠠᠬᠤ ᠠᠵᠢᠯᠯᠠᠭᠠᠨ ᠢᠶᠠᠨ ᠪᠡᠶᠡᠯᠡᠭᠦᠯᠥᠭᠰᠡᠨ ᠪᠠᠶᠢᠬᠤ ︵ᠭᠡᠷ ᠤᠨ ᠠᠬᠠᠮᠠᠥᠨ ᠪᠤᠯᠤᠨ ᠪᠤᠰᠤᠤᠨ ᠬᠢᠴᠢᠶᠠᠯ ᠲᠥᠷᠥᠯ ᠤᠨ ᠪᠠᠭᠰᠢ ᠨᠠᠷ ᠲᠠᠢ ᠬᠠᠮᠵᠢᠯᠴᠠᠬᠤ︶ ⒂ ᠪᠠᠭᠰᠢ ᠪᠣᠯ ᠰᠤᠶᠤᠯ ᠤᠨ ᠤᠬᠠᠭᠤᠯᠤᠬᠴᠢ᠂ ᠳᠠᠯᠳᠠ ᠭᠥᠴᠤᠨ ᠢ ᠨᠡᠭᠡᠭᠡᠭᠴᠢ ᠂ ᠰᠤᠷᠤᠯᠴᠠᠯᠭ᠎ᠠ ᠶᠢᠨ ᠠᠬᠢᠭᠤᠯᠤᠬᠴᠢ᠂ ᠰᠤᠷᠭᠠᠨ ᠭᠥᠮᠥᠵᠢᠯ ᠤᠨ ᠰᠤᠳᠤᠯᠤᠨ ᠨᠡᠭᠡᠭᠡᠭᠴᠢ ᠪᠤᠯᠤᠬᠰᠠᠨ ᠪᠠᠶᠢᠬᠤ᠃      ︵ᠬᠤᠶᠠᠷ︶ ᠰᠢᠨ᠎ᠡ ᠬᠢᠴᠢᠶᠠᠯ ᠳᠤ ᠪᠠᠶᠠᠯᠠᠭᠦᠯᠭᠦ ᠨᠢ᠄ ︵1︶ ᠰᠢᠨᠵᠢᠯᠠᠭᠦ ᠤᠬᠠᠭᠠᠨ ᠤ ᠬᠡᠪ ᠪᠤᠯᠪᠠᠰᠤᠷᠠᠯ ᠢ ᠲᠡᠬᠡᠭᠰᠢᠯᠠᠭᠦᠯᠭᠦ ︵2︶ ᠪᠥᠭᠦ ᠰᠤᠷᠤᠬᠴᠢ ᠳᠤ ᠬᠠᠨᠳᠤᠬᠤ  ︵3︶ ᠰᠦᠪᠡᠭᠴᠢᠯᠡᠨ ᠰᠤᠷᠬᠤ ᠶᠢ ᠰᠤᠷᠳᠠᠯᠴᠢᠯᠠᠬᠤ ︵4︶ ᠥᠨᠳᠤᠷ ᠥᠷ᠎ᠡ ᠪᠥᠳᠥᠮᠵᠢᠳᠤ ᠬᠢᠴᠢᠶᠠᠯᠯᠡᠭᠡ ᠶᠢ ᠡᠭᠦᠥᠠᠭᠦ      ︵ᠭᠤᠷᠪᠠ︶ ᠬᠢᠴᠢᠶᠠᠯ ᠤᠨ ᠥᠬᠡᠷᠡᠴᠢᠯᠠᠯᠳᠠ ᠶᠢᠨ ᠰᠢᠨ᠎ᠡ ᠤᠨᠤᠯᠵᠢᠬᠤᠨ ︵ᠲᠣᠪᠴᠢᠯᠠᠪᠠ︶᠄ ᠰᠢᠨ᠎ᠡ ᠬᠢᠴᠢᠶᠠᠯ ᠤᠨ ᠥᠬᠡᠷᠡᠴᠢᠯᠠᠯᠳᠠ ᠶᠢᠨ ᠭᠥᠨᠵᠡᠭᠡᠶᠢᠷᠠᠭᠦ ᠶᠢ ᠲᠠᠭᠠᠯᠳᠤᠨ ᠰᠢᠨ᠎ᠡ ᠬᠢᠴᠢᠶᠠᠯᠯᠡᠭᠡ ᠶᠢᠨ ᠤᠨᠤᠯ ᠨᠢ ᠰᠢᠨᠵᠢᠯᠠᠭᠦ ᠤᠬᠠᠭᠠᠨᠴᠢ ᠪᠠᠷ ᠬᠦᠭᠵᠢᠵᠦ᠂ ᠰᠤᠷᠤᠯᠴᠠᠬᠤ ᠪᠠ ᠰᠤᠷᠬᠤ ᠠᠷᠭ᠎ᠠ᠂ ᠬᠥᠮᠦᠯᠢᠭ ᠥᠵᠡᠯᠳᠠ᠂ ᠥᠷᠳᠡᠭ ᠤᠨ ᠥᠵᠡᠯᠳᠠ᠂ ᠥᠵᠠᠯᠳᠠ ᠲᠠᠨᠢᠯᠲᠠ ᠪᠠᠶᠢᠩᠭᠤ ᠬᠤᠪᠢᠷᠠᠯᠳᠠ ᠭᠠᠷᠳᠠᠭ ᠪᠤᠯᠬᠤᠷ ᠪᠠᠭᠰᠢ ᠵᠠᠪᠡᠯ ᠥᠩᠭᠡᠷᠡᠭᠰᠡᠨ ᠤ ᠤᠯᠠᠮᠵᠢᠯᠠᠯᠳᠤ ᠵᠢᠭᠠᠨ ᠰᠤᠷᠭᠠᠬᠤ ᠠᠷᠭ᠎ᠠ ᠶᠢᠨ ᠭᠥᠯᠢᠶᠠᠰᠤ ᠠᠴᠠ ᠲᠠᠶᠢᠯᠥᠬᠳᠠᠵᠤ᠂ ᠰᠢᠨ᠎ᠡ ᠬᠢᠴᠢᠶᠠᠯᠯᠡᠭᠡ ᠶᠢᠨ ᠥᠬᠡᠷᠡᠴᠢᠯᠠᠯᠳᠠ ᠶᠢᠨ ᠵᠣᠷᠢᠯᠭ᠎ᠠ ᠳᠤ ᠭᠥᠷᠭᠦ ᠪᠠᠷ ᠰᠤᠷᠤᠬᠴᠢ ᠶᠢᠨ ᠭᠥᠮᠦᠯᠢᠭ ᠥᠵᠡᠯᠳᠠ ᠶᠢᠨ ᠲᠥᠯᠥᠪᠰᠢᠨ ᠲᠤᠬᠳᠠᠬᠤ ᠶᠢ ᠰᠤᠳᠤᠯᠵᠤ᠂ ᠥᠷᠳᠡᠭ ᠤᠨ ᠥᠵᠡᠯᠳᠠ ᠪᠠ ᠥᠵᠠᠯᠳᠠ ᠲᠠᠨᠢᠯᠲᠠ ᠶᠢᠨ ᠬᠤᠪᠢᠷᠠᠯᠳᠠ ᠳᠤ ᠲᠤᠰᠠᠯᠠᠬᠤ ᠪᠠᠷ ᠰᠢᠨ᠎ᠡ ᠵᠢᠭᠠᠬᠤ ᠠᠷᠭ᠎ᠠ ᠶᠢ ᠬᠠᠶᠢᠬᠤ ᠬᠡᠷᠡᠭᠳᠡᠢ᠃      ᠡᠨᠡ ᠭᠤᠷᠪᠠᠨ ᠲᠠᠶᠢᠯᠣᠮᠵᠢ ᠠᠴᠠ ᠮᠦᠷᠳᠡᠪᠡᠯ᠂ ᠰᠢᠨ᠎ᠡ ᠬᠢᠴᠢᠶᠠᠯ ᠤᠨ ᠥᠬᠡᠷᠡᠴᠢᠯᠠᠯᠳᠠ ᠳᠤ ︽ᠰᠣᠷᠣᠭᠴᠢ ᠪᠠᠷ ᠭᠤᠣᠯ ᠴᠣᠭᠴᠠ︾ ᠪᠣᠯᠭᠠᠵᠣ᠂ ᠪᠠᠭᠰᠢ ᠶᠢᠨ ᠵᠢᠯᠣᠭᠤᠳᠣᠯᠭ᠎ᠠ ᠬᠢᠭᠡᠳ ᠰᠣᠷᠣᠭᠴᠢ ᠶᠢᠨ ᠲᠣᠰ ᠪᠡᠶ᠎ᠡ ᠶᠢᠨ ᠴᠢᠷᠮᠠᠶᠢᠯᠭ᠎ᠠ ᠶᠢ ᠲᠦᠰᠢᠭᠯᠡᠵᠦ ᠣᠷᠣᠯᠳᠣᠯᠭ᠎ᠠ ᠪᠠᠷ ︵ᠵᠢᠷᠤᠭ︶ ᠳᠦᠷᠰᠣ ᠪᠦᠳᠦᠭᠡᠬᠦ ᠠᠷᠭ᠎ᠠ ︵ᠬᠡᠯᠪᠡᠷᠢ︶ ᠶᠢ ᠬᠡᠷᠡᠭᠯᠡᠵᠦ᠂ ᠰᠣᠷᠣᠯᠴᠠᠬᠤ ᠵᠣᠷᠢᠯᠭ᠎ᠠ ᠳᠤ ᠬᠦᠷᠬᠦ ᠶᠢ ᠰᠠᠨᠠᠭᠠᠴᠢᠯᠠᠭᠰᠠᠨ ᠶᠤᠮ᠃ ︽ᠰᠢᠨ᠎ᠡ ᠬᠢᠴᠢᠶᠠᠯ ᠤᠨ ᠥᠬᠡᠷᠡᠴᠢᠯᠠᠯᠳᠠ︾ ᠨᠢ ᠪᠦᠷᠢᠮᠦᠰᠦᠨ ᠦᠪᠡᠷ ᠤᠨ ᠪᠡᠶ᠎ᠡ ᠪᠠᠨ ᠳᠠᠭᠠᠭᠠᠭᠰᠠᠨ ᠰᠢᠨ᠎ᠡ ᠦᠵᠡᠯᠲᠡ ᠰᠢᠨ᠎ᠡ ᠣᠨᠣᠯᠲᠠ ᠪᠢᠰᠢ ᠶᠤᠮ᠃ ᠰᠢᠯᠭᠠᠯᠲᠠ ᠶᠢᠨ ᠳᠦᠷᠢᠮ ᠢ ᠬᠡᠷᠡᠭᠯᠡᠵᠦ ᠪᠠᠶᠢᠭ᠎ᠠ ᠤᠳᠤᠬᠢ ᠨᠦᠭᠦᠴᠡᠯ ᠲᠣᠣᠷ᠎ᠠ ᠣᠯᠠᠮᠵᠢᠯᠠᠯᠲᠦ ᠵᠢᠭᠠᠬᠤ ᠠᠷᠭ᠎ᠠ ᠶᠢᠨ ᠰᠠᠭᠤᠷᠢᠨ ᠳᠡᠭᠡᠷ᠎ᠡ ᠪᠣᠢ ᠪᠣᠯᠣᠭᠰᠠᠨ ᠰᠣᠷᠭᠠᠨ ᠬᠦᠮᠦᠵᠢᠯ ᠤᠨ ᠬᠦᠭᠵᠢᠯᠲᠡ ᠶᠢᠨ ᠴᠠᠭ ᠦᠶ᠎ᠡ ᠶᠢᠨ ᠦᠭᠡᠷᠠᠴᠢᠯᠡᠯᠲᠡ ᠬᠢᠭᠡᠳ ᠰᠢᠨᠡᠴᠢᠯᠡᠯᠲᠠ ᠶᠤᠮ᠃ ᠡᠨᠡ ᠬᠤᠶᠠᠷ ᠵᠢᠭᠠᠬᠤ ᠠᠷᠭ᠎ᠠ ᠶᠢᠨ ᠠᠯᠢ ᠶᠢ ᠨᠢ ᠭᠤᠣᠯ ᠪᠣᠯᠭᠠᠭᠰᠠᠨ ᠴᠦ ᠬᠢᠴᠢᠶᠡᠯ ᠪᠦᠭᠦᠨ ᠦᠪᠡᠷ ᠤᠨ ᠬᠢᠨᠢ ᠵᠢᠭᠠᠬᠤ ᠪᠠ ᠰᠣᠷᠬᠤ ᠣᠨᠣᠴᠠ ᠪᠠᠶᠢᠳᠠᠭ᠂ ︽ᠰᠣᠷᠬᠤ︾ ᠠᠰᠠᠭᠤᠳᠠᠯ ᠳᠤ ᠰᠣᠷᠣᠭᠴᠢ ᠶᠢᠨ ᠲᠣᠰ ᠪᠠᠶ᠎ᠠ ᠶᠢᠨ ᠠᠵᠢᠯᠯᠠᠭ᠎ᠠ ᠪᠠᠷ ᠳᠠᠮᠵᠢᠵᠣ ᠰᠣᠷᠴᠣ ᠴᠢᠳᠠᠬᠤ ᠶᠢᠨ ᠵᠣᠷᠢᠯᠭ᠎ᠠ ᠳᠤ ᠬᠦᠷᠳᠡᠭ ᠪᠣᠯᠬᠤᠷ ᠶᠠᠭᠠᠬᠢᠪᠠᠯ ᠰᠠᠶᠢᠨ ᠰᠣᠷᠭᠠᠬᠤ ᠭᠡᠳᠡᠭ ᠨᠢ ᠪᠠᠭᠰᠢ ᠶᠢᠨ ᠵᠢᠭᠠᠬᠤ ᠲᠠᠢ ᠨᠦᠬᠦᠴᠡᠯᠳᠦᠵᠤ ᠪᠠᠶᠢᠳᠠᠭ ᠶᠤᠮ᠃ ᠵᠢᠭᠠᠬᠤ ᠪᠠ ᠰᠣᠷᠬᠤ ᠣᠷᠭᠠᠨᠢᠭ ᠬᠤᠯᠪᠣᠭ᠎ᠠ ᠲᠠᠢ ᠶᠤᠮ᠃ ᠲᠡᠶᠢᠮᠣ ᠠᠴᠠ ᠮᠠᠨ ᠤ ᠦᠩᠭᠡᠷᠡᠭᠰᠡᠨ ᠤ ᠬᠢᠭᠰᠡᠨ ᠠᠯᠢ ᠤᠯᠠᠨ ᠪᠣᠯᠪᠠᠰᠣᠷᠠᠯ ᠤᠨ ᠠᠷᠭ᠎ᠠ ᠬᠡᠯᠪᠡᠷᠢ᠂ ᠠᠭᠤᠯᠭ᠎ᠠ ᠨᠢ ᠪᠡᠶ᠎ᠡ ᠪᠠᠨ ᠳᠠᠭᠠᠭᠠᠭᠰᠠᠨ ᠰᠢᠨᠵᠢ ᠲᠠᠢ ᠪᠣᠯᠪᠠᠴᠦ ᠰᠢᠨ᠎ᠡ ᠬᠢᠴᠢᠶᠡᠯ ᠤᠨ ᠦᠭᠡᠷᠠᠴᠢᠯᠡᠯᠲᠠ ᠶᠢᠨ ᠱᠠᠭᠠᠷᠳᠠᠯᠭ᠎ᠠ ᠪᠠᠷ ᠮᠠᠨ ᠤ ᠣᠷᠣᠨ ᠤ ᠦᠨᠳᠦᠰᠦᠲᠡᠨ ᠤ ᠰᠤᠷᠭᠠᠨ ᠬᠥᠮᠥᠵᠢᠯ ᠤᠨ ᠦᠭᠡᠷᠠᠴᠢᠯᠡᠯᠲᠠ ᠶᠢᠨ ᠪᠣᠲᠠᠲᠠᠢ ᠪᠠᠶᠢᠳᠠᠯ ᠲᠠᠢ ᠵᠣᠬᠢᠴᠠᠭᠤᠯᠬᠤ ᠡᠭᠦᠳᠡᠨ ᠠᠴᠠ ᠦᠷᠨᠢᠬᠦᠯᠦᠭᠰᠡᠨ ᠪᠣᠯᠪᠠᠰᠣᠷᠠᠯ ᠶᠤᠮ᠃ ᠪᠣᠯᠪᠠᠰᠣᠷᠠᠯ ᠳᠤ ᠬᠡᠷᠡᠭᠯᠡᠭᠰᠡᠨ ᠠᠷᠭ᠎ᠠ ᠬᠡᠯᠪᠡᠷᠢ᠂ ᠠᠭᠤᠯᠭ᠎ᠠ ᠨᠢ ᠬᠤᠪᠢᠷᠠᠰᠢ ᠦᠭᠡᠢ ᠪᠢᠰᠢ ᠶᠤᠮ᠃ ᠪᠠᠭᠰᠢ ᠨᠠᠷ ᠪᠣᠯᠪᠠᠰᠣᠷᠠᠯ ᠢᠶᠠᠷ ᠲᠠᠮᠵᠢᠵᠣ ᠰᠤᠷᠣᠭᠰᠠᠨ ᠠᠷᠭ᠎ᠠ ᠬᠡᠯᠪᠡᠷᠢ ᠪᠠᠷ ᠦᠪᠡᠷ ᠤᠨ ᠬᠢᠴᠢᠶᠡᠯ ᠤᠨ ᠠᠭᠤᠯᠭ᠎ᠠ ᠳᠤ ᠲᠤᠬᠢᠷᠠᠭᠰᠠᠨ ᠵᠢᠭᠠᠬᠤ ᠠᠷᠭ᠎ᠠ ᠶᠢ ᠰᠢᠨ᠎ᠡ ᠪᠠᠷ ᠡᠭᠦᠳᠤᠨ ᠪᠦᠳᠦᠭᠡᠬᠦ ᠶᠤᠮ ᠦᠦ ᠡᠰᠡᠬᠦᠯ᠎ᠡ ᠲᠠᠭᠠᠨ ᠲᠠᠭᠤᠷᠢᠶᠠᠬᠤ ᠦᠨᠳᠦᠰᠣᠯᠡᠯ ᠪᠣᠯᠭᠠᠪᠠ᠃ ᠡᠨᠡ ᠰᠠᠭᠤᠷᠢᠨ ᠳᠡᠭᠡᠷ᠎ᠡ ᠪᠠᠭᠰᠢ ᠨᠢᠭᠡᠪᠣᠷᠢ ᠦᠪᠡᠷ ᠤᠨ ᠭᠡᠰᠡᠨ ᠵᠢᠭᠠᠨ ᠰᠤᠷᠭᠠᠬᠤ ᠤᠷ᠎ᠠ ᠮᠡᠷᠭᠡᠰᠢᠯ ᠲᠠᠢ ᠪᠣᠯᠵᠤ ᠴᠢᠲᠠᠬᠤ ᠨᠢ ᠮᠠᠨ ᠤ ᠪᠣᠯᠪᠠᠰᠣᠷᠠᠯ ᠤᠨ ᠵᠣᠷᠢᠯᠭ᠎ᠠ ᠶᠤᠮ᠃      ᠴᠠᠭ ᠦᠶ᠎ᠡ ᠬᠤᠪᠢᠷᠠᠯᠲᠠ ᠭᠠᠷᠪᠠ᠃ ᠰᠣᠷᠬᠤ ᠠᠭᠤᠯᠭ᠎ᠠ ᠠᠴᠠ ᠪᠠᠭᠰᠢ ᠳᠤ ᠦᠭᠬᠦ ᠱᠠᠭᠠᠷᠳᠠᠯᠭ᠎ᠠ᠂ ᠭᠡᠷ ᠤᠨ ᠠᠬᠠᠮᠠᠳ ᠪᠠ ᠰᠤᠷᠣᠭᠴᠢ ᠶᠢᠨ ᠱᠠᠭᠠᠷᠳᠠᠯᠭ᠎ᠠ ᠴᠦ ᠦᠨᠳᠦᠷ ᠪᠣᠯᠪᠠ᠃ ᠴᠠᠭ ᠦᠶ᠎ᠡ ᠶᠢᠨ ᠱᠠᠭᠠᠷᠳᠠᠯᠭ᠎ᠠ ᠳᠤ ᠲᠣᠬᠢᠷᠠᠭᠰᠠᠨ ᠰᠣᠷᠭᠠᠨ ᠬᠦᠮᠦᠵᠢᠯ ᠳᠡᠯᠡᠬᠡᠢ ᠶᠢᠨ ᠰᠣᠳᠣᠯᠭᠠᠨ ᠪᠣᠯᠬᠤ ᠳᠤ ᠮᠣᠩᠭᠤᠯ ᠦᠨᠳᠦᠰᠣᠲᠡᠨ ᠤ ᠣᠯᠠᠮᠵᠢᠯᠠᠯᠲᠦ ᠵᠢᠭᠠᠬᠤ ᠠᠷᠭ᠎ᠠ ᠪᠠ ︽ᠰᠢᠨ᠎ᠡ ᠬᠢᠴᠢᠶᠠᠯ ᠤᠨ ᠥᠬᠡᠷᠡᠴᠢᠯᠠᠯᠳᠠ︾ ᠶᠢ ᠬᠡᠷᠬᠢᠨ ᠵᠦᠪ ᠢᠶᠠᠷ ᠲᠠᠨᠢᠬᠤ ᠠᠰᠠᠭᠤᠳᠠᠯ ᠪᠣᠯ ᠰᠢᠨᠵᠢᠯᠡᠬᠦ ᠤᠬᠠᠭᠠᠨᠴᠢ ᠵᠠᠷᠴᠢᠮ ᠤᠨ ᠠᠰᠠᠭᠤᠳᠠᠯ ᠪᠤᠯᠬᠤ ᠶᠤᠮ᠃      ᠤᠶᠢᠭᠤᠷᠵᠢᠨ ᠮᠤᠩᠭᠤᠯ ᠦᠰᠥᠭ᠂ ᠬᠢᠳᠠᠥᠨ ᠲᠥᠷᠪᠡᠯᠵᠢᠨ ᠦᠰᠥᠭ᠂ ᠠᠩᠭ᠍ᠯᠢ ᠦᠰᠥᠭ ᠪᠦᠷ ᠥᠪᠡᠷ ᠥᠪᠡᠷ ᠤᠨ ᠲᠠᠥᠬᠡ ᠰᠤᠶᠤᠯ ᠤᠨ ᠭᠥᠷᠢᠶᠠᠨ ᠳᠤ ᠪᠠᠨ ᠲᠤᠬᠳᠠᠪᠤᠷᠢᠵᠢᠬᠰᠠᠨ ᠮᠥᠷᠳᠡᠬᠡᠨ ᠥᠪᠡᠷ ᠤᠨ ᠥᠨᠳᠤᠰᠤᠳᠠᠨ ᠤ ᠰᠤᠷᠭᠠᠨ ᠭᠥᠮᠥᠵᠢᠯ ᠤᠨ ᠥᠨᠳᠤᠰᠤᠨ ᠱᠠᠭᠠᠷᠳᠠᠯᠭ᠎ᠠ ᠶᠢᠨ ᠰᠤᠷᠴᠤ ᠬᠡᠷᠡᠭᠯᠡᠭᠳᠡᠬᠦ ︽ᠪᠠᠭᠠᠵᠢ︾ ᠪᠤᠯᠤᠨ ᠦᠯᠡᠳᠡᠵᠤ᠂ ᠲᠠᠯᠠᠬᠡᠢ ᠶᠢᠨ ᠢᠷᠬᠡᠨᠰᠢᠯ ᠤᠨ ᠰᠤᠶᠤᠯ ᠤᠨ ᠬᠡᠷᠡᠭᠴᠡᠭᠡ ᠱᠠᠭᠠᠷᠳᠠᠯᠭ᠎ᠠ ᠠᠴᠠ ᠪᠤᠯᠵᠤ ᠰᠡᠭᠦᠯ ᠤᠨ ᠬᠤᠭᠤᠴᠠᠭᠠᠨ ᠳᠤ ᠠᠩᠭ᠍ᠯᠢ ᠦᠭᠡ ᠬᠡᠯᠡ ᠦᠰᠥᠭ ᠪᠢᠴᠢᠭ᠂ ᠬᠢᠳᠠᠥᠨ ᠦᠭᠡ ᠬᠡᠯᠡ ᠦᠰᠥᠭ ᠪᠢᠴᠢᠭ ᠲᠠᠯᠠᠬᠡᠢ ᠨᠠᠶᠢᠳᠠ ᠳᠤ ᠴᠢᠬᠤᠯᠠᠴᠢᠯᠠᠭᠳᠠᠭᠰᠠᠨ ᠪᠤᠯᠪᠠᠴᠣ ᠪᠦᠷ ᠥᠪᠡᠷ ᠤᠨ ᠬᠡᠰᠡᠨ ᠬᠡᠯᠡ ᠰᠤᠶᠤᠯ ᠳᠤ ᠲᠣᠳᠣᠷᠬᠠᠢ ᠰᠣᠷᠭᠠᠨ ᠬᠦᠮᠦᠵᠢᠯ ᠥᠯᠡᠳᠡᠬᠡᠭᠰᠡᠨ ᠪᠥᠬᠡᠥᠨ ᠵᠢᠭᠠᠵᠤ ᠰᠤᠷᠭᠠᠬᠤ ᠠᠷᠭ᠎ᠠ ᠬᠡᠯᠪᠡᠷᠢ ᠨᠢ ᠲᠤᠬᠳᠠᠪᠤᠷᠢᠵᠢᠬᠰᠠᠨ ᠪᠠᠶᠢᠳᠠᠯ ᠳᠤ ᠤᠷᠤᠰᠢᠪᠡ᠃      ᠥᠨᠳᠤᠰᠤᠳᠠᠨ ᠤ ᠦᠭᠡ ᠬᠡᠯᠡ ᠦᠰᠥᠭ ᠪᠢᠴᠢᠭ ᠢ ᠰᠠᠶᠢᠨ ᠰᠤᠷᠴᠤ ᠬᠡᠷᠡᠭᠯᠠᠭᠦ ᠳᠤ ᠶᠠᠭᠤᠨ ᠤ ᠲᠠᠷᠢᠭᠦᠨ ᠳᠤ ᠦᠭᠡ ᠬᠡᠯᠡ ᠦᠰᠥᠭ ᠪᠢᠴᠢᠭ ᠠᠴᠠ ᠭᠠᠳᠠᠨ᠎ᠠ ᠤᠷᠴᠢᠨ ᠲᠤᠭᠤᠷᠢᠨ᠂ ᠠᠵᠤ ᠠᠬᠤᠢ ᠶᠢᠨ ᠰᠠᠭᠤᠷᠢ᠂ ᠤᠯᠤᠰ ᠲᠥᠷᠥ ᠶᠢᠨ ᠨᠥᠭᠦᠴᠠᠯ ᠪᠦᠷᠢᠯᠳᠦᠭᠰᠡᠨ ᠪᠠᠶᠢᠳᠠᠭ᠃ ᠬᠡᠭᠦ ᠳᠤ ᠪᠠᠨ ᠨᠢᠭᠡ ᠥᠨᠳᠤᠰᠤᠳᠠᠨ ᠤ ᠰᠤᠷᠭᠠᠨ ᠭᠥᠮᠥᠵᠢᠯ ᠤᠨ ᠬᠥᠭᠵᠢᠯᠳᠡ ᠨᠢ ᠥᠭᠡᠷ᠎ᠡ ᠥᠨᠳᠤᠰᠤᠳᠠᠨ ᠤ ᠰᠤᠷᠭᠠᠨ ᠭᠥᠮᠥᠵᠢᠯ ᠤᠨ ᠵᠢᠭᠠᠨ ᠰᠤᠷᠭᠠᠬᠤ ᠨᠦᠯᠦᠭᠡ ᠶᠢ ᠬᠦᠷᠲᠡᠵᠤ᠂ ᠠᠷᠭ᠎ᠠ ᠬᠡᠯᠪᠡᠷᠢ ᠶᠢᠨ ᠲᠠᠯ᠎ᠠ ᠪᠠᠷ ᠬᠤᠪᠢᠷᠠᠯᠲᠠ ᠭᠠᠷᠳᠠᠭ ᠪᠤᠯᠪᠠᠴᠣ ᠪᠦᠷᠢᠮᠦᠰᠦᠨ ᠤᠷᠤᠯᠠᠵᠤ ᠪᠣᠯᠬᠤ ᠦᠭᠡᠢ ᠭᠡᠳᠡᠭ ᠢ ᠲᠠᠷᠡ ᠬᠦ ᠥᠨᠳᠤᠰᠤᠳᠠᠨ ᠤ ᠰᠤᠶᠤᠯ ᠤᠨ ᠤᠨᠴᠠᠯᠢᠭ ᠠᠴᠠ ᠲᠤᠬᠳᠠᠭᠠᠬᠰᠠᠨ ᠶᠤᠮ᠃ ᠦᠨᠳᠦᠰᠣᠲᠡᠨ ᠤ ᠰᠣᠷᠭᠠᠨ ᠬᠦᠮᠦᠵᠢᠯ ᠨᠢ ᠦᠪᠡᠷ ᠤᠨ ᠦᠨᠳᠦᠰᠣᠲᠡᠨ ᠤ ᠰᠣᠶᠤᠯ ᠤᠨ ᠱᠠᠭᠠᠷᠳᠠᠯᠭ᠎ᠠ ᠪᠠᠷ ᠬᠦᠭᠵᠢᠳᠡᠭ ᠪᠤᠯᠬᠤᠷ ᠡᠭᠦᠨ ᠢ ᠬᠡᠨ ᠴᠤ ᠡᠪᠳᠠᠵᠤ ᠪᠣᠯᠬᠤ ᠦᠭᠡᠢ ᠭᠡᠳᠡᠭ ᠢ ᠤᠯᠠᠨ ᠵᠠᠭᠤᠨ ᠤ ᠲᠤᠷᠰᠢᠬᠢ ᠥᠨᠳᠤᠰᠤᠳᠠᠨ ᠨᠦᠭᠦᠳ ᠤᠨ ᠲᠡᠥᠬᠡ ᠰᠣᠶᠣᠯ ᠬᠡᠷᠡᠴᠢᠯᠡᠭᠰᠡᠨ ᠶᠤᠮ᠃ ᠰᠤᠷᠭᠠᠨ ᠭᠥᠮᠥᠵᠢᠯ ᠤᠨ ᠥᠬᠡᠷᠡᠴᠢᠯᠠᠯᠳᠠ ᠳᠤ ᠰᠤᠬᠤᠷ ᠪᠠᠯᠠᠢ ᠪᠠᠷ ᠬᠠᠨᠳᠤᠵᠤ ᠪᠣᠯᠬᠤ ᠦᠭᠡᠢ᠃      ᠰᠢᠨ᠎ᠡ ᠬᠢᠴᠢᠶᠠᠯ ᠤᠨ ᠥᠬᠡᠷᠡᠴᠢᠯᠠᠯᠳᠠ ᠶᠢ ᠳᠠᠭᠠᠯᠳᠣᠭᠠᠳ ᠦᠨᠳᠦᠰᠦᠲᠡᠨ ᠤ ᠰᠣᠷᠭᠠᠨ ᠬᠦᠮᠦᠵᠢᠯ ᠤᠨ ᠬᠢᠴᠢᠶᠡᠯᠯᠡᠭᠡ ᠶᠢᠨ ᠠᠷᠭ᠎ᠠ ᠬᠡᠯᠪᠡᠷᠢ ᠦᠭᠡᠷᠠᠴᠢᠯᠡᠵᠤ ᠡᠬᠢᠯᠡᠪᠡ᠃ ᠡᠬᠦᠨ ᠢ ᠳᠠᠭᠠᠭᠠᠳ ᠵᠦᠪ ᠪᠢᠴᠢᠯᠭᠡ ᠶᠢᠨ ᠳᠦᠷᠢᠮ ᠬᠤᠪᠢᠷᠠᠵᠣ ᠡᠬᠢᠯᠡᠪᠡ᠃ ᠦᠭᠡ ᠬᠡᠯᠡ ᠦᠰᠥᠭ ᠪᠢᠴᠢᠭ ᠪᠤᠢ ᠪᠤᠯᠤᠬᠰᠠᠨ ᠤ ᠲᠠᠷᠠᠭ᠎ᠠ ᠬᠡᠯᠠᠨ ᠵᠥᠢ ᠪᠤᠢ ᠪᠤᠯᠤᠬᠰᠠᠨ ᠶᠤᠮ ᠤᠤ︖ ᠡᠰᠠᠭᠦᠯ᠎ᠠ ᠬᠡᠯᠠᠨ ᠵᠥᠢ ᠪᠠᠶᠢᠬᠰᠠᠨ ᠤ ᠲᠠᠷᠠᠭ᠎ᠠ ᠦᠭᠡ ᠬᠡᠯᠡ ᠦᠰᠥᠭ ᠪᠢᠴᠢᠭ ᠪᠤᠢ ᠪᠤᠯᠤᠬᠰᠠᠨ ᠶᠤᠮ ᠤᠤ︖ ᠥᠨᠳᠤᠰᠤᠳᠠᠨ ᠶᠠᠰᠤᠳᠠᠨ᠂ ᠠᠶᠢᠮᠠᠭ ᠬᠤᠯᠪᠤᠭ᠎ᠠ ᠪᠤᠢ ᠪᠤᠯᠤᠬᠰᠠᠨ ᠤ ᠲᠠᠷᠠᠭ᠎ᠠ ᠵᠠᠩ ᠰᠤᠶᠤᠯ ᠪᠥᠷᠢᠯᠳᠤᠭ᠍ᠰᠡᠨ ᠶᠤᠮ ᠤᠤ︖ ᠡᠰᠡᠭᠦᠯ᠎ᠠ ᠵᠠᠩ ᠰᠤᠶᠤᠯ ᠪᠥᠷᠢᠯᠳᠤᠭ᠍ᠰᠡᠨ ᠤ ᠲᠠᠷᠠᠭ᠎ᠠ ᠥᠨᠳᠤᠰᠤᠳᠠᠨ ᠶᠠᠰᠤᠳᠠᠨ ᠪᠥᠷᠢᠯᠳᠤᠭ᠍ᠰᠡᠨ ᠶᠤᠮ ᠤᠤ︖ ᠦᠨᠳᠦᠰᠦᠲᠡᠨ ᠶᠠᠰᠣᠲᠠᠨ ᠬᠡᠳᠦ᠋ᠢᠪᠡᠷ ᠪᠤᠰᠣᠳ ᠰᠣᠶᠣᠯ ᠤᠨ ᠨᠦᠯᠦᠭᠡ ᠶᠢ ᠬᠦᠷᠲᠡᠳᠡᠭ ᠪᠣᠯᠪᠠᠴᠣ ᠪᠣᠰᠣᠳ ᠠᠴᠠ ᠢᠯᠭᠠᠭᠳᠠᠬᠤ ᠢᠮ ᠲᠠᠮᠠᠭ᠎ᠠ ᠴᠤ ᠪᠠᠶᠢᠳᠠᠭ ᠶᠤᠮ᠃ ᠭᠥᠮᠥᠨ ᠢᠷᠠᠬᠡᠨᠰᠢᠯ ᠤᠨ ᠰᠤᠶᠤᠯ ᠳᠤ ᠮᠠᠳᠠᠷᠠᠭᠦᠢ ᠪᠠ ᠰᠠᠷᠡᠯ ᠤᠨ ᠰᠤᠶᠤᠯ ᠲᠥᠰᠤᠬᠡᠳᠡᠢ ᠪᠤᠯᠪᠠᠴᠣ ᠥᠰᠴᠤ ᠲᠥᠷᠥᠭᠰᠡᠨ ᠭᠠᠵᠠᠷ ᠤᠷᠤᠨ᠂ ᠴᠠᠭ ᠠᠭᠠᠷ᠂ ᠤᠷᠤᠰᠢᠨ ᠲᠤᠬᠳᠠᠨᠢᠬᠰᠠᠨ ᠨᠠᠶᠢᠳᠡᠯᠢᠭ ᠥᠨᠳᠤᠰᠤᠳᠠᠨ ᠤ ᠰᠤᠶᠤᠯ ᠤᠨ ᠢᠯᠭᠠᠭ᠎ᠠ ᠠᠴᠠ ᠪᠤᠯᠵᠤ ᠠᠮᠢᠳᠤᠷᠠᠬᠤ ᠰᠤᠶᠤᠯ ᠴᠤ ᠬᠤᠪᠢ ᠬᠤᠪᠢᠨ ᠳᠤ ᠪᠠᠨ ᠢᠯᠭᠠᠭ᠎ᠠ ᠲᠠᠢ ᠪᠠᠶᠢᠳᠠᠭ᠃ ᠮᠢᠬ᠎ᠠ ᠰᠦ ᠪᠠᠷ ᠭᠤᠣᠯ ᠬᠤᠭᠤᠯᠠᠯᠠᠳᠠᠭ ᠥᠨᠳᠤᠰᠤᠳᠠᠨ ᠤ ᠰᠤᠶᠤᠯ ᠢ ᠳᠠᠩᠳᠡ ᠨᠤᠭᠤᠭ᠎ᠠ ᠪᠤᠶᠤ ᠲᠠᠯᠬ᠎ᠠ ᠪᠠᠷ ᠬᠤᠭᠤᠯᠠᠯᠠᠳᠠᠭ ᠰᠣᠶᠤᠯ ᠢᠶᠠᠷ ᠱᠠᠭᠠᠷᠳᠠᠵᠤ ᠪᠣᠯᠬᠤ ᠦᠭᠡᠢ᠃ ᠨᠤᠭᠤᠭ᠎ᠠ ᠪᠤᠶᠤ ᠲᠠᠯᠬ᠎ᠠ ᠪᠠᠷ ᠭᠤᠣᠯ ᠬᠤᠭᠤᠯᠠᠯᠠᠳᠠᠭ ᠥᠨᠳᠤᠰᠤᠳᠠᠨ ᠤ ᠰᠤᠶᠤᠯ ᠢ ᠳᠠᠩᠳᠡ ᠮᠢᠬ᠎ᠠ ᠰᠦ ᠪᠠᠷ ᠬᠤᠭᠤᠯᠠᠯᠠᠳᠠᠭ ᠰᠣᠶᠤᠯ ᠢᠶᠠᠷ ᠱᠠᠭᠠᠷᠳᠠᠵᠤ ᠪᠣᠯᠬᠤ ᠦᠭᠡᠢ᠃ ᠥᠭᠡᠷ᠎ᠡ ᠪᠠᠷ ᠬᠡᠯᠠᠪᠡᠯ ᠶᠠᠮᠠᠷᠪᠡ ᠨᠢᠭᠡᠨ ᠥᠨᠳᠤᠰᠤᠳᠠᠨ ᠤ ᠬᠦᠭᠵᠢᠯᠲᠡ ᠶᠢᠨ ᠱᠠᠭᠠᠷᠳᠠᠯᠭ᠎ᠠ ᠳᠤ ᠲᠤᠬᠢᠷᠠᠭᠰᠠᠨ ᠰᠤᠶᠤᠯ ᠤᠨ ᠥᠢᠯᠡᠴᠢᠯᠡᠭᠡ ᠶᠢ ᠬᠠᠩᠭᠠᠬᠤ ᠬᠡᠷᠡᠭᠳᠡᠢ᠃ ᠤᠯᠤᠰ ᠦᠨᠳᠦᠰᠦᠲᠡᠨ ᠤ ᠠᠶᠢᠮᠠᠭ ᠶᠠᠰᠣᠲᠠᠨ ᠤ ᠭᠥᠮᠥᠨ ᠨᠢᠬᠡᠪᠤᠷᠢ ᠳᠤ ︽ᠵᠢᠭᠳᠡ ᠰᠣᠷᠭᠠᠨ ᠬᠦᠮᠦᠵᠢᠯ︾ ᠤᠨ ᠠᠳᠠᠯᠢᠬᠠᠨ ᠱᠠᠭᠠᠷᠳᠠᠯᠭ᠎ᠠ ᠲᠠᠯᠪᠢᠵᠤ ᠪᠤᠯᠬᠤ ᠦᠭᠡᠢ᠃ ᠵᠢᠱᠢᠶᠠᠯᠠᠪᠡᠯ᠄ ᠭᠥᠮᠥᠨ ᠪᠥᠭᠦᠨ ᠢ ᠰᠣᠳᠣᠨ ᠲᠠᠭᠤᠴᠢᠨ ᠪᠤᠯᠭᠠᠵᠤ ᠭᠥᠮᠥᠵᠢᠭᠦᠯᠵᠤ ᠴᠢᠳᠠᠨ᠎ᠠ ᠤᠤ︖ ᠭᠥᠮᠥᠨ ᠪᠥᠭᠦᠨ ᠢ ᠪᠠ ᠶᠢᠨ᠂ ᠮᠦᠸᠧ ᠶᠠᠨ᠂ ᠠ᠊ · ᠤᠤᠠᠽᠠᠷ᠂ ᠮᠠᠯᠴᠢᠨᠬᠦᠦ᠂ ᠨᠠ᠊ · ᠰᠠᠶᠢᠨᠴᠤᠭᠲᠣ ᠠᠳᠠᠯᠢ ᠨᠡᠷᠡᠲᠦ ᠵᠤᠬᠢᠶᠠᠯᠴᠢ ᠪᠤᠯᠭᠠᠵᠤ ᠭᠥᠮᠥᠵᠢᠭᠦᠯᠵᠤ ᠴᠢᠳᠠᠨ᠎ᠠ ᠤᠤ︖ ᠬᠦᠮᠦᠨ ᠪᠦᠷᠢ ᠳᠤ ᠡᠩ ᠤᠨ ᠴᠢᠳᠠᠮᠵᠢ ᠪᠠᠶᠢᠬᠤ ᠠᠴᠠ ᠭᠠᠳᠠᠨ᠎ᠠ ᠲᠦᠷᠣᠯᠬᠢ ᠶᠢᠨ ︽ᠠᠪᠢᠶᠠᠰ ᠴᠢᠳᠠᠪᠣᠷᠢ︾ ᠬᠤᠪᠢᠨ ᠳᠤ ᠪᠠᠨ ᠦᠬᠡᠷ᠎ᠡ ᠪᠠᠶᠢᠳᠠᠭ ᠶᠤᠮ᠃ ᠶᠠᠮᠠᠷᠪᠡ ᠴᠠᠭ ᠡᠷᠡᠨ ᠳᠤ ᠨᠠᠶᠢᠬᠡᠮ ᠤᠨ ᠬᠤᠪᠢᠰᠤᠯᠳᠠ ᠳᠤ ᠲᠥᠷᠥᠯᠬᠢ ᠠᠪᠢᠶᠠᠰ᠂ ᠬᠤᠶᠢᠨᠠᠬᠢ ᠰᠤᠷᠭᠠᠨ ᠭᠥᠮᠥᠵᠢᠯ ᠤᠨ ᠥᠷ᠎ᠡ ᠳ᠋ᠥᠡᠭ ᠳᠤ ᠠᠮᠢᠳᠤᠷᠠᠯ ᠤᠨ ᠤᠬᠠᠭᠠᠨ ᠳᠤ ᠭᠥᠮᠥᠵᠢᠭᠳᠡᠭᠦ ᠪᠥᠳᠥᠬᠡᠭᠳᠡᠭᠦᠨ ᠪᠣᠯ ᠰᠤᠷᠤᠬᠴᠢ ᠶᠢᠨ ᠢᠷᠡᠬᠡᠳᠤᠢ ᠶᠤᠮ᠃ ᠡᠨᠡ ᠵᠠᠮᠨᠠᠯ ᠳᠤ ᠪᠠᠭᠰᠢ ᠶᠠᠭᠤ ᠬᠢᠳᠡᠭ ᠢᠶᠠᠨ ᠲᠤᠳᠤᠷᠬᠠᠢ ᠮᠡᠳᠡᠭᠰᠡᠨ ᠵᠢᠭᠠᠨ ᠰᠤᠷᠭᠠᠬᠴᠢ ᠶᠢ ᠵᠢᠩᠭᠢᠨᠢ ᠪᠠᠭᠰᠢ ᠭᠥᠮᠥᠨ ᠭᠡᠳᠡᠭ ᠢ ᠮᠡᠳᠡᠷᠠᠭᠦ ᠶᠤᠰᠤᠳᠠᠢ᠃ ᠥᠡᠭᠭᠡᠷᠡᠭᠰᠡᠨ ᠤ ᠵᠢᠭᠠᠨ ᠰᠤᠷᠭᠠᠯᠳᠠ ᠶᠢᠨ ᠤᠯᠠᠮᠵᠢᠯᠠᠯᠳᠤ ᠵᠢᠭᠠᠬᠤ ᠠᠷᠭ᠎ᠠ ᠶᠢᠨ ᠥᠷ᠎ᠡ ᠳ᠋ᠥᠡᠭ ᠳᠤ ᠮᠤᠩᠭᠤᠯ ᠬᠡᠥᠬᠡᠥᠨ ᠤᠳ ᠭᠡᠷ ᠢᠶᠠᠨ ᠪᠠᠷᠢᠵᠤ᠂ ᠮᠣᠷᠢ ᠪᠠᠨ ᠤᠨᠤᠵᠤ᠂ ᠰᠠᠭᠠᠯᠢ ᠪᠠᠨ ᠬᠢᠵᠤ ᠴᠢᠳᠠᠳᠠᠭ ᠪᠠᠶᠢᠬᠰᠠᠨ᠃ ᠥᠡᠭᠭᠡᠷᠡᠭᠰᠡᠨ ᠳᠤ ᠮᠠᠨ ᠤ ᠮᠤᠩᠭᠤᠯ ᠬᠡᠥᠬᠡᠥᠨ ᠪᠠᠶᠢᠬᠤ ᠶᠠᠭᠤᠮ᠎ᠠ ᠪᠠᠨ ᠬᠢᠵᠤ ᠴᠢᠳᠠᠭᠠᠥᠨ ᠪᠠᠶᠢᠬᠤ ᠦᠭᠡᠢ ᠶᠠᠭᠤᠮ᠎ᠠ ᠪᠠᠨ ᠰᠣᠷᠳᠠᠭ ᠪᠠᠶᠢᠬᠰᠠᠨ᠃ ᠣᠳᠤ ᠮᠠᠨ ᠤ ᠬᠡᠥᠬᠡᠥᠨ ᠤᠳ ᠪᠠᠶᠢᠬᠤ ᠶᠠᠭᠤᠮ᠎ᠠ ᠪᠠᠨ ᠬᠢᠵᠤ ᠴᠢᠳᠠᠬᠤ ᠦᠭᠡᠢ᠂ ᠪᠠᠶᠢᠬᠤ ᠦᠭᠡᠢ ᠶᠠᠭᠤᠮ᠎ᠠ ᠪᠠᠨ ᠰᠤᠷᠬᠤ ᠪᠠᠷ ᠴᠢᠷᠮᠠᠶᠢᠳᠠᠭ ᠨᠢ ᠴᠦ ᠴᠦᠭᠡᠷᠡᠵᠡᠢ᠃ ᠰᠤᠷᠤᠬᠴᠢ ᠶᠢ ᠪᠦᠦ ᠬᠡᠯᠡ᠂ ᠪᠠᠭᠰᠢ᠂ ᠭᠡᠷ ᠤᠨ ᠠᠬᠠᠮᠠᠥᠨ᠂ ᠨᠡᠶᠢᠬᠡᠮ ᠢᠶᠠᠷ ᠢᠶᠠᠨ ᠰᠣᠶᠣᠯ ᠠᠴᠠ ᠪᠠᠨ ᠬᠤᠯᠠᠳᠠᠵᠣ ᠡᠳᠡᠬᠡᠷ ᠢ ᠬᠢᠵᠤ ᠴᠢᠳᠠᠳᠠᠭ ᠬᠦᠮᠦᠰ ᠴᠦ ᠡᠳᠦᠷ ᠤᠨ ᠣᠳᠣ ᠪᠣᠯᠵᠠᠢ᠃ ᠬᠡᠳᠦ᠋ᠢᠪᠡᠷ ᠦᠨᠳᠦᠰᠦᠲᠡᠨ ᠤ ᠵᠠᠷᠢᠮ ᠶᠠᠭᠤᠮ᠎ᠠ ᠡᠳ᠋ᠯᠡᠯ ᠴᠠᠭ ᠦᠶ᠎ᠡ ᠠᠴᠠ ᠬᠤᠴᠣᠷᠴᠤ᠂ ᠦᠨᠦᠳᠦᠷ ᠤᠨ ᠠᠮᠢᠳᠦᠷᠠᠯ ᠤᠨ ᠬᠡᠷᠡᠭᠴᠡᠭᠡᠨ ᠳᠤ ᠲᠣᠳᠣᠷᠬᠠᠢ ᠱᠠᠭᠠᠷᠳᠠᠯᠭ᠎ᠠ ᠦᠭᠡᠢ ᠪᠣᠯᠣᠭᠰᠠᠨ ᠪᠣᠶᠣ ᠭᠡᠭᠡᠭᠳᠡᠵᠦ ᠡᠬᠢᠯᠡᠬᠦ ᠳᠤ ᠡᠳᠡᠭᠡᠷ ᠶᠠᠭᠤᠮ᠎ᠠ ᠡᠳ᠋ᠯᠡᠯ ᠲᠡᠷᠡ ᠯᠠ ᠦᠨᠳᠦᠰᠦᠲᠡᠨ ᠤ ᠰᠣᠶᠣᠯ ᠡᠷᠳᠡᠨᠢᠰ ᠤᠨ ᠰᠠᠩ ᠳᠤ ᠬᠤᠯᠪᠣᠭ᠎ᠠ ᠲᠠᠢ ᠪᠣᠯᠬᠤᠷ ᠪᠦᠬᠦᠨ ᠢ ᠣᠷᠬᠢᠭᠳᠠᠭᠤᠯᠬᠤ᠂ ᠪᠦᠬᠦᠨ ᠢ ᠰᠢᠨᠡᠴᠢᠯᠡᠨ ᠦᠭᠡᠷᠡᠴᠢᠯᠡᠬᠦ ᠨᠢ ᠪᠣᠷᠣᠭᠤ ᠶᠤᠮ᠃ ᠲᠡᠶᠢᠮᠣ ᠠᠴᠠ ᠣᠯᠠᠮᠵᠢᠯᠠᠬᠤ ᠪᠠ ᠰᠢᠨᠡᠴᠢᠯᠡᠬᠦ ᠠᠰᠠᠭᠤᠳᠠᠯ ᠳᠤ ︽ᠦᠭᠡᠷᠡᠴᠢᠯᠡᠯᠲᠡ︾ ᠶᠢ ᠶᠠᠭᠠᠬᠢᠵᠣ ᠵᠣᠬᠢᠴᠠᠭᠤᠯᠬᠤ ᠠᠰᠠᠭᠤᠲᠠᠯ ᠪᠣᠯ ᠬᠢᠯᠪᠠᠷ ᠢᠶᠠᠷ ᠬᠦᠢᠴᠡᠳᠭᠡᠬᠦ ᠠᠵᠢᠯᠯᠠᠭ᠎ᠠ ᠪᠢᠰᠢ ᠶᠤᠮ᠃      ᠤᠯᠤᠰ ᠤᠷᠤᠨ ᠠᠴᠠ ᠰᠢᠨ᠎ᠡ ᠬᠢᠴᠢᠶᠡᠯ ᠤᠨ ᠦᠭᠡᠷᠡᠴᠢᠯᠡᠯᠲᠡ ᠶᠢᠨ ᠠᠵᠢᠯᠯᠠᠭ᠎ᠠ ᠶᠢ ᠦᠷᠨᠢᠭᠦᠯᠬᠦ ᠶᠢᠨ ᠲᠣᠰᠠᠳᠠ ᠤᠨᠤᠯᠰᠢᠭᠤᠯᠬᠤ ᠶᠢᠨ ᠵᠡᠷᠭᠡᠴᠡᠭᠡ ︽ᠵᠢᠭᠠᠬᠤ ᠪᠠᠭᠠᠵᠢ︾ ᠶᠢ ᠰᠢᠨᠡᠴᠢᠯᠡᠪᠡ᠂ ᠬᠢᠴᠢᠶᠠᠯ ᠤᠨ ᠭᠡᠷ ᠤᠨ ᠵᠢᠭᠠᠨ ᠰᠤᠷᠭᠠᠬᠤ ᠲᠤᠨᠤᠭ ᠲᠦᠬᠦᠬᠡᠷᠦᠮᠵᠢ ᠶᠢ ᠪᠥᠷᠢᠨ ᠲᠦᠬᠦᠷ ᠪᠤᠯᠭᠠᠪᠠ᠃ ᠵᠢᠱᠢᠶᠠᠯᠠᠪᠡᠯ᠄ ᠬᠠᠷ᠎ᠠ ᠰᠠᠮᠪᠠᠷ᠎ᠠ ᠠᠴᠠ ᠴᠠᠭᠠᠨ ᠰᠠᠮᠪᠠᠷ᠎ᠠ᠂ ᠡᠯᠭᠦᠳᠡᠭ ᠰᠠᠮᠪᠠᠷ᠎ᠠ ᠠᠴᠠ ᠨᠡᠭᠦᠯᠬᠡᠳᠡᠭ ᠰᠠᠮᠪᠠᠷ᠎ᠠ᠂ ᠲᠧᠯᠧᠢᠰ᠂ ᠰᠢᠩᠭᠡᠭᠡᠯᠳᠠ ᠶᠢᠨ ᠮᠠᠰᠢᠨ ᠵᠠᠷᠬᠡ ᠶᠢ ᠰᠤᠷᠤᠭᠴᠢᠳ ᠲᠤ ᠵᠢᠭᠠᠬᠤ ᠨᠦᠭᠦᠴᠠᠯ ᠢ ᠰᠠᠶᠢᠵᠢᠷᠠᠭᠤᠯᠬᠤ ᠶᠢᠨ ᠲᠤᠰᠠᠳᠠ ᠪᠠᠯᠠᠳᠭᠡᠭᠰᠡᠨ ᠪᠠᠶᠢᠨ᠎ᠠ᠃ ᠤᠳᠤᠬᠠᠨ ᠤ ᠰᠤᠷᠤᠬᠴᠢ ᠪᠠᠷ ᠭᠤᠣᠯ ᠪᠤᠯᠭᠠᠬᠰᠠᠨ ᠰᠤᠷᠭᠠᠨ ᠭᠥᠮᠥᠵᠢᠯ ᠨᠢ ᠰᠤᠷᠤᠬᠴᠢᠥᠨ ᠲᠤ ᠶᠠᠮᠠᠷ ᠰᠤᠷᠭᠠᠨ ᠭᠥᠮᠥᠵᠢᠯ ᠢ ᠭᠦᠷᠳᠡᠭᠡᠭᠦ ᠭᠡᠳᠡᠭ ᠢ ᠠᠩᠬᠠᠷᠬᠤ ᠶᠤᠰᠤᠳᠠᠢ᠃ 40~45 ᠮᠢᠨᠥ᠋ᠲ ᠤᠨ ᠬᠢᠴᠢᠶᠠᠯ ᠤᠨ ᠴᠠᠭ ᠬᠤᠪᠢᠷᠠᠰᠢ ᠦᠭᠡᠢ ᠨᠥᠭᠦᠴᠠᠯ ᠲᠤᠤᠷ᠎ᠠ ᠪᠠᠭᠰᠢ ᠠᠴᠠ ︽ᠰᠤᠷᠤᠬᠴᠢ ᠶᠢ ᠰᠣᠷᠭᠠᠬᠤ᠂ ᠬᠡᠷᠡᠭᠯᠡᠬᠦ ᠪᠠᠭᠠᠵᠢ᠂ ᠵᠢᠭᠠᠬᠤ ᠠᠭᠤᠯᠭ᠎ᠠ᠂ ᠬᠡᠷᠡᠭᠯᠡᠬᠦ ᠠᠷᠭ᠎ᠠ︾ ᠲᠥᠷᠪᠡ ᠶᠢ ᠬᠡᠷᠬᠢᠨ ᠵᠤᠬᠢᠴᠠᠭᠤᠯᠬᠤ ᠠᠵᠢᠯᠯᠠᠭ᠎ᠠ ᠶᠢ ᠠᠩᠬᠠᠷᠬᠤ ᠬᠡᠷᠡᠭ ᠲᠠᠢ ᠶᠤᠮ ᠃ ᠰᠤᠷᠭᠠᠨ ᠭᠥᠮᠥᠵᠢᠯ ᠪᠣᠯ ᠬᠡᠥᠬᠡᠥᠨ ᠢ ᠨᠡᠶᠢᠬᠡᠮ ᠳᠤ ᠵᠤᠭᠢᠴᠠᠭᠤᠯᠬᠤ ᠵᠣᠷᠢᠯᠭ᠎ᠠ ᠲᠠᠢ ᠠᠵᠢᠯᠯᠠᠭ᠎ᠠ ᠶᠤᠮ᠃ ᠪᠠᠭᠰᠢ ᠬᠢᠴᠢᠶᠠᠯ ᠤᠨ ᠵᠢᠭᠠᠨ ᠰᠤᠷᠭᠠᠯᠳᠠ ᠳᠤ ᠤᠯᠠᠨ ᠠᠷᠭ᠎ᠠ ᠪᠠᠷᠢᠯ ᠢ ᠠᠮᠢᠳᠤᠯᠢᠭ ᠬᠡᠷᠡᠭᠯᠡᠵᠦ ᠴᠢᠳᠠᠬᠤ ᠬᠡᠷᠡᠭᠲᠡᠢ᠂ ᠭᠡᠬᠦ ᠳᠤ ᠪᠠᠨ ᠭᠤᠤᠯᠳᠠᠯᠭ᠎ᠠ ᠪᠠᠨ ᠤᠯᠬᠤ ᠦᠭᠡᠢ ᠴᠡᠴᠡᠭ ᠲᠠᠭᠦᠳᠡᠭ ᠡᠷᠪᠡᠬᠡᠢ ᠰᠢᠭ ᠪᠠᠭᠰᠢ ᠪᠢᠳᠡᠬᠡᠢ ᠪᠤᠯᠤᠭᠠᠷᠠᠢ︕ ᠪᠠᠭᠰᠢ ᠲᠥᠭᠦᠮ ᠲᠥᠳᠡ ᠲᠤᠳᠤᠷᠬᠠᠢ ᠵᠢᠭᠠᠵᠤ ᠴᠢᠳᠠᠬᠤ ᠪᠠᠷ ᠪᠠᠷᠠᠬᠤ ᠦᠭᠡᠢ᠂ ᠭᠥᠴᠢᠷ ᠠᠭᠤᠯᠭ᠎ᠠ ᠶᠢ ᠲᠤᠳᠤᠷᠬᠠᠢ ᠵᠢᠭᠠᠵᠤ ᠴᠢᠳᠠᠬᠤ ᠴᠢᠳᠠᠪᠤᠷᠢᠳᠠᠢ ᠪᠠᠶᠢᠬᠤ ᠬᠡᠷᠡᠭᠳᠡᠢ᠃ ᠪᠠᠭᠰᠢ ᠰᠤᠷᠭᠠᠨ ᠭᠥᠮᠥᠵᠢᠯ ᠢ ᠥᠬᠡᠷᠡᠴᠢᠯᠠᠭᠦ ᠬᠡᠯᠪᠡᠷᠢ ᠶᠢ ᠥᠷᠥᠬᠡᠰᠤᠯ ᠢᠶᠠᠷ ᠭᠥᠬᠡᠬᠡᠴᠡᠯᠳᠤᠵᠤ ᠪᠤᠯᠬᠤ ᠦᠭᠡᠢ᠃ ᠵᠠᠪᠠᠯ ᠣᠷᠣᠨ ᠨᠣᠳᠤᠭ ᠰᠣᠷᠣᠭᠴᠢ ᠶᠢᠨ ᠬᠢᠷᠢ ᠬᠡᠮᠵᠢᠶᠡᠨ ᠤ ᠪᠣᠳᠠᠲᠠᠢ ᠪᠠᠶᠢᠳᠠᠯ ᠠᠴᠠ ᠦᠨᠳᠦᠰᠦᠯᠡᠵᠦ ᠵᠢᠭᠠᠬᠤ ᠠᠷᠭ᠎ᠠ ᠬᠡᠯᠪᠡᠷᠢ ᠪᠠᠨ ᠲᠣᠭᠲᠠᠭᠠᠬᠤ ᠬᠡᠷᠡᠭᠲᠡᠢ᠃      2017 ᠣᠨ 9 ᠰᠠᠷ᠎ᠠ ᠠᠴᠠ ᠪᠦᠬᠦ ᠣᠷᠣᠨ ᠤ ᠲᠠᠪᠢ ᠭᠠᠷᠣᠢ ᠳᠣᠮᠳᠠᠳᠦ ᠪᠠᠭ᠎ᠠ ᠰᠣᠷᠭᠠᠭᠤᠯᠢ ᠶᠢᠨ 102 ᠪᠠᠭᠰᠢ ᠶᠢᠨ ᠬᠢᠴᠢᠶᠡᠯ ᠢ ᠰᠣᠨᠣᠰᠪᠠ᠃ ᠬᠢᠴᠢᠶᠡᠯ ᠰᠣᠨᠣᠰᠣᠭᠰᠠᠨ ᠪᠠᠶᠢᠳᠠᠯ ᠠᠴᠠ ᠦᠪᠡᠷ ᠤᠨ ᠪᠦᠷᠢᠨ ᠪᠣᠰᠦ ᠰᠠᠨᠠᠯ ᠵᠦᠪᠯᠡᠯᠭᠡ ᠪᠠᠨ ᠦᠭᠭᠦᠶ᠎ᠡ᠂ ᠬᠢᠨᠠᠯᠲᠠ ᠪᠣᠯᠭᠠᠮᠦ᠄      ︵ᠨᠢᠭᠡ︶ ᠬᠢᠴᠢᠶᠡᠯᠯᠡᠭᠡ ᠶᠢᠨ 40~45 ᠮᠢᠨᠦ᠋ᠲ ᠲᠤ ᠪᠠᠭᠰᠢ ᠪᠠ ᠰᠣᠷᠣᠭᠴᠢ ᠶᠢᠨ ᠣᠷᠣᠨ ᠪᠠᠶᠢᠷᠢ ᠶᠢ ᠲᠣᠭᠲᠠᠭᠠᠬᠤ ᠴᠢᠭ ᠤᠨ ᠠᠰᠠᠭᠤᠳᠠᠯ ᠢ ᠬᠡᠷᠬᠢᠨ ᠵᠦᠪ ᠲᠠᠨᠢᠬᠤ ᠪᠣᠯ ︽ᠵᠢᠭᠠᠬᠤ ᠪᠠ ᠰᠣᠷᠬᠤ︾ ᠶᠢᠨ ᠬᠠᠷᠢᠴᠠᠭᠠᠨ ᠤ ᠠᠰᠠᠭᠤᠳᠠᠯ ᠶᠤᠮ᠃ ᠪᠠᠭᠰᠢ ᠬᠢᠴᠢᠶᠡᠯ ᠤᠨ ᠵᠢᠭᠠᠬᠤ ᠠᠭᠤᠯᠭ᠎ᠠ ᠠᠴᠠ ︽ᠣᠯᠠᠨ ᠶᠠᠷᠢᠬᠤ︾ ︵ᠣᠯᠠᠮᠵᠢᠯᠠᠯᠲᠦ ᠵᠢᠭᠠᠬᠤ ᠠᠷᠭ᠎ᠠ︶᠂ ︽ᠪᠠᠭ᠎ᠠ ᠶᠠᠷᠢᠬᠤ︾ ︵ᠰᠢᠨ᠎ᠡ ᠬᠢᠴᠢᠶᠡᠯ ᠤᠨ ᠠᠷᠭ᠎ᠠ︶ ᠪᠠ ᠰᠣᠷᠣᠭᠴᠢ ︽ᠳᠣᠲᠠᠭᠤ ᠬᠦᠳᠡᠯᠬᠦ︾ ︵ᠣᠯᠠᠮᠵᠢᠯᠠᠯᠲᠣ ᠵᠢᠭᠠᠬᠤ ᠠᠷᠭ᠎ᠠ ᠶᠢᠨ ᠨᠦᠭᠦᠴᠡᠯ ᠳᠤ︶᠂ ︽ᠢᠯᠡᠭᠦᠣ ᠬᠦᠳᠡᠯᠬᠦ︾ ︵ᠰᠢᠨ᠎ᠡ ᠬᠢᠴᠢᠶᠡᠯ ᠤᠨ ᠵᠢᠭᠠᠬᠤ ᠠᠷᠭ᠎ᠠ ᠶᠢᠨ ᠨᠦᠭᠦᠴᠡᠯ ᠳᠤ︶ ᠨᠢ ᠤᠯᠠᠩᠬᠢ ᠳᠤ ᠪᠠᠨ ᠬᠡᠯᠪᠡᠷᠢ ᠦᠵᠡᠭᠳᠡᠯ ᠪᠤᠯᠳᠠᠭ᠃ ︽ᠵᠢᠭᠠᠬᠤ ᠪᠠ ᠰᠣᠷᠬᠤ︾ ᠶᠢᠨ ᠬᠠᠷᠢᠴᠠᠭᠠᠨ ᠠᠴᠠ ᠪᠠᠭᠰᠢ ᠪᠣᠯ ᠵᠦᠷᠢᠴᠡᠯ ᠤᠨ ᠭᠤᠣᠯ ᠰᠢᠢᠳᠪᠦᠷᠢᠯᠡᠭᠴᠢ ᠶᠤᠮ᠃ ᠪᠠᠭᠰᠢ ᠠᠴᠠ ᠪᠦᠬᠦ ᠰᠤᠷᠣᠭᠴᠢ ᠶᠢ ᠠᠩᠬᠠᠷᠣᠯ ᠳᠤ ᠪᠠᠨ ᠠᠪᠴᠣ ᠵᠢᠭᠠᠨ ᠰᠤᠷᠭᠠᠬᠤ ᠡᠭᠦᠷᠭᠡ ᠶᠢ ᠦᠷ᠎ᠠ ᠪᠦᠳᠤᠮᠵᠢ ᠲᠠᠢ ᠪᠠᠶᠠᠯᠠᠭᠦᠯᠭᠦ ᠶᠢ ᠠᠩᠬᠠᠷᠪᠠᠯ ᠵᠤᠬᠢᠨ᠎ᠠ᠃      ︵ᠬᠤᠶᠠᠷ︶ ᠦᠨᠦᠳᠦᠷ ᠤᠨ ᠪᠢᠳᠠᠨ ᠤ ᠬᠡᠯᠡᠳᠡᠭ ᠣᠷᠣᠯᠳᠣᠯᠭ᠎ᠠ ᠪᠠᠷ ᠲᠦᠷᠢ ᠪᠦᠲᠦᠭᠡᠨ᠎ᠡ ᠭᠡᠳᠡᠭ ᠴᠢᠨᠢ ᠣᠯᠠᠮᠵᠢᠯᠠᠯᠳᠦ ᠵᠢᠭᠠᠬᠤ ᠶᠠᠪᠣᠴᠠ ᠶᠢᠨ ︽ᠪᠣᠯᠪᠠᠰᠣᠷᠠᠯ︾ ᠶᠤᠮ᠃ ᠦᠩᠭᠡᠷᠡᠭᠰᠡᠨ ᠤ ᠣᠯᠠᠮᠵᠢᠯᠠᠯᠲᠣ ᠵᠢᠭᠠᠬᠤ ᠠᠷᠭ᠎ᠠ ᠶᠢᠨ ︽ᠪᠣᠯᠪᠠᠰᠣᠷᠠᠯ︾ ᠪᠣᠯ ᠰᠣᠷᠣᠭᠴᠢ ᠶᠢᠨ ᠪᠡᠶ᠎ᠡ ᠪᠠᠨ ᠳᠠᠭᠠᠭᠠᠭᠰᠠᠨ ᠭᠠᠭᠴᠠ ᠬᠦᠮᠦᠨ ᠤ ᠣᠷᠣᠯᠳᠣᠯᠭ᠎ᠠ ᠪᠠᠷ ᠳᠦᠷᠢ ᠪᠦᠲᠦᠭᠡᠬᠦ ᠠᠵᠢᠯᠯᠠᠭ᠎ᠠ ᠪᠠᠶᠢᠭᠰᠠᠨ ᠪᠣᠯ ᠦᠨᠦᠳᠦᠷ ᠤᠨ ᠰᠢᠨ᠎ᠡ ᠬᠢᠴᠢᠶᠡᠯ ᠤᠨ ᠦᠭᠡᠷᠠᠴᠢᠯᠡᠯᠲᠡ ᠶᠢᠨ ᠣᠷᠣᠯᠳᠣᠯᠭ᠎ᠠ ᠪᠠᠷ ︽ᠳᠦᠷᠢ ᠪᠦᠲᠦᠭᠡᠭᠦ︾ ᠨᠢ ᠳᠤᠭᠤᠶᠢᠯᠠᠩ ᠤᠨ ᠬᠠᠮᠲᠣᠷᠠᠯ ᠢᠶᠠᠷ ᠰᠠᠭᠤᠷᠢ ᠪᠣᠯᠭᠠᠭᠰᠠᠨ ᠨᠡᠶᠢᠲᠡ ᠶᠢᠨ ᠠᠵᠢᠯᠯᠠᠭᠠᠨ ᠤ ︽ᠪᠣᠯᠪᠠᠰᠣᠷᠠᠯ︾ ᠮᠦᠨ᠃ ᠲᠡᠶᠢᠮᠣ ᠠᠴᠠ ᠡᠨᠡ ᠪᠣᠯ ᠰᠣᠷᠭᠠᠨ ᠬᠦᠮᠦᠵᠢᠯ ᠤᠨ ᠦᠭᠡᠷᠠᠴᠢᠯᠡᠯᠲᠡ ᠶᠢᠨ ᠭᠡᠯᠪᠡᠷᠢ ᠶᠢᠨ ᠰᠢᠨᠡᠴᠢᠯᠡᠯ ᠶᠤᠮ᠃ ᠪᠡᠶ᠎ᠡ ᠪᠠᠨ ᠳᠠᠭᠠᠭᠠᠵᠣ ᠰᠣᠷᠣᠯᠴᠠᠬᠤ ᠪᠠ ᠬᠤᠷᠰᠢᠨ ᠰᠣᠷᠣᠯᠴᠠᠬᠤ ᠠᠷᠭ᠎ᠠ ᠬᠡᠯᠪᠡᠷᠢ ᠪᠣᠯ ᠲᠣᠰ ᠲᠣᠰ ᠤᠨ ᠳᠠᠪᠠᠭᠤᠯᠢᠭ ᠲᠠᠯ᠎ᠠ ᠲᠠᠢ ᠶᠤᠮ᠃      ︵ᠭᠤᠷᠪᠠ︶ ᠵᠠᠷᠢᠮ ᠪᠠᠭᠰᠢ ᠬᠢᠴᠢᠶᠡᠯ ᠤᠷᠣᠬᠤ ᠳᠤ ᠪᠠᠨ ᠬᠡᠯᠪᠡᠷᠢ ᠶᠢ ᠬᠦᠬᠡᠭᠡᠴᠡᠯᠳᠦᠭᠡᠳ᠂ ᠵᠢᠭᠠᠬᠤ ᠠᠷᠭ᠎ᠠ ᠪᠠᠨ ᠰᠣᠳᠣᠯᠬᠤ ᠦᠭᠡᠢ ᠪᠠᠶᠢᠨ᠎ᠠ᠃ ᠵᠢᠭᠠᠬᠤ ᠠᠷᠭ᠎ᠠ ᠪᠠ ᠬᠢᠴᠢᠶᠡᠯᠯᠡᠬᠦ ᠬᠡᠯᠪᠡᠷᠢ ᠪᠣᠯ ᠬᠠᠷᠢᠯᠴᠠᠨ ᠨᠥᠬᠦᠴᠡᠯᠳᠦᠬᠦ᠂ ᠬᠠᠷᠢᠯᠴᠠᠨ ᠲᠦᠰᠢᠭᠯᠡᠯᠴᠡᠬᠦ ᠬᠠᠷᠢᠴᠠᠭ᠎ᠠ ᠲᠠᠢ ᠠᠵᠢᠯᠯᠠᠭ᠎ᠠ ᠶᠤᠮ᠃ ᠵᠢᠭᠠᠬᠤ ᠠᠷᠭ᠎ᠠ ᠶᠢ ᠲᠤᠭᠳᠠᠭᠠᠭᠰᠠᠨ ᠤ ᠳᠠᠷᠠᠭ᠎ᠠ ᠰᠠᠶ᠋ᠢ ᠵᠢᠭᠠᠬᠤ ᠬᠡᠯᠪᠡᠷᠢ ᠲᠤᠭᠲᠠᠨ᠎ᠠ᠃ ᠦᠬᠡᠷ᠎ᠡ ᠪᠠᠷ ᠬᠡᠯᠡᠪᠡᠯ ᠵᠢᠭᠠᠬᠤ ᠠᠭᠤᠯᠭ᠎ᠠ ᠠᠴᠠ ᠱᠠᠭᠠᠷᠳᠠᠭᠰᠠᠨ ᠠᠷᠭ᠎ᠠ ᠶᠢ ᠲᠣᠭᠲᠠᠭᠠᠵᠣ᠂ ᠳᠠᠷᠠᠭ᠎ᠠ ᠨᠢ ᠰᠠᠶ᠋ᠢ ᠠᠷᠭ᠎ᠠ ᠳᠤ ᠪᠠᠨ ᠦᠢᠯᠡᠴᠢᠯᠠᠬᠦ ᠬᠡᠯᠪᠡᠷᠢ ᠶᠢ ᠬᠦᠭᠡᠭᠡᠴᠡᠯᠳᠦᠬᠦ ᠶᠤᠮ᠃ ᠪᠠᠭᠰᠢ ᠨᠠᠷ ᠤᠨ ᠬᠢᠴᠢᠶᠡᠯᠯᠡᠭᠡ ᠳᠤ ᠨᠡᠶᠢᠳᠡᠮ ᠬᠠᠷᠠᠭᠳᠠᠬᠤ ᠦᠵᠡᠭᠳᠡᠯ ︵ᠪᠢ ᠪᠠᠶᠢᠭᠠᠯᠢ ᠶᠢᠨ ᠬᠢᠴᠢᠶᠡᠯ ᠢ ᠤᠢᠢᠯᠠᠭᠠᠬᠤ ᠦᠭᠡᠢ ᠪᠣᠯᠬᠤᠷ ᠨᠡᠶᠢᠭᠡᠮ ᠤᠨ ᠬᠢᠴᠢᠶᠡᠯ ᠠᠴᠠ ᠭᠠᠷᠳᠠᠵᠣ ᠦᠬᠦᠯᠡᠨ᠎ᠡ︶ ᠪᠣᠯ ᠬᠢᠴᠢᠶᠡᠯ ᠤᠨ ᠪᠡᠯᠡᠳᠭᠡᠯ ᠰᠠᠶᠢᠨ᠂ ᠬᠢᠴᠢᠶᠡᠯ ᠤᠨ ᠶᠠᠪᠣᠴᠠ ᠬᠦᠭᠵᠢᠶᠡᠨ ᠲᠠᠢ᠂ ᠬᠢᠴᠢᠶᠡᠯ ᠤᠨ ᠠᠭᠤᠯᠭ᠎ᠠ ᠶᠢᠨ ᠬᠤᠯᠪᠣᠭᠠᠰᠣ ᠳᠤ ᠲᠣᠬᠢᠷᠠᠭᠰᠠᠨ ᠵᠢᠷᠤᠭ ᠳᠦᠷᠰᠦ ᠭᠦᠢᠴᠡᠳ ᠠᠰᠢᠭᠯᠠᠭᠳᠠᠨ᠎ᠠ᠃ ᠪᠦᠬᠦᠯᠢ ᠬᠢᠴᠢᠶᠡᠯ ᠤᠨ ᠶᠠᠪᠣᠴᠠ ᠳᠤ ᠪᠠᠭᠰᠢ ᠰᠣᠷᠣᠭᠴᠢ ᠶᠠᠭᠠᠷᠠᠯᠲᠠᠢ ᠪᠠᠶᠢᠵᠤ ᠣᠯᠠᠩᠬᠢ ᠴᠠᠭ ᠲᠤ ᠪᠠᠭᠰᠢ ᠵᠢᠭᠠᠬᠤ ᠠᠭᠤᠯᠭ᠎ᠠ ᠪᠠᠨ ᠲᠠᠭᠤᠰᠬᠠᠵᠣ ᠴᠢᠳᠠᠳᠠᠭ ᠦᠭᠡᠢ ᠭᠤᠣᠯ ᠰᠢᠯᠲᠠᠭᠠᠨ ᠪᠤᠯ ᠪᠠᠭᠰᠢ ᠬᠢᠴᠢᠶᠡᠯ ᠢᠶᠠᠨ ᠪᠡᠯᠡᠳᠭᠡᠬᠦ ᠶᠠᠪᠣᠴᠠ ᠳᠤ ᠬᠡᠯᠪᠡᠷᠢ ᠶᠢ ᠬᠦᠭᠡᠭᠡᠴᠡᠯᠳᠦᠭᠡᠳ᠂ ᠠᠷᠭ᠎ᠠ ᠪᠠᠨ ᠰᠣᠳᠣᠯᠣᠭᠰᠠᠨ ᠲᠠᠯ᠎ᠠ ᠪᠠᠷ ᠳᠣᠲᠠᠮᠠᠭ ᠪᠣᠯᠵᠤ᠂ ᠵᠢᠭᠠᠬᠤ ᠵᠤᠷᠢᠯᠲᠠ ᠳᠤ ᠪᠠᠨ ᠬᠦᠷᠴᠦ ᠴᠢᠳᠠᠳᠠᠭ ᠦᠭᠡᠢ ︽ᠰᠠᠶᠢᠬᠠᠨ ᠬᠠᠷᠠᠭᠳᠠᠪᠠᠴᠤ ᠦᠷ᠎ᠡ ᠪᠦᠳᠦᠮᠵᠢ ᠲᠤᠤᠷ᠎ᠠ︾ ᠬᠢᠴᠢᠶᠡᠯ ᠪᠣᠯᠳᠠᠭ᠂ ᠴᠢᠨᠠᠭᠰᠢᠲᠠ ᠦᠬᠡᠷ᠎ᠡ ᠴᠠᠭ ᠢ ᠠᠰᠢᠭᠯᠠᠵᠣ ᠬᠢᠴᠢᠶᠡᠯ ᠨᠦᠬᠦᠬᠦ ᠣᠴᠢᠷ ᠲᠤᠭᠢᠶᠠᠯᠳᠤᠨ᠎ᠠ᠃      ︵ᠳᠥᠷᠪᠡ︶ ᠳᠦᠭᠦᠮ ᠠᠭᠤᠯᠭ᠎ᠠ ᠶᠢ ᠬᠦᠴᠢᠷ ᠵᠢᠭᠠᠬᠤ᠂ ᠬᠦᠨᠳᠦ ᠠᠭᠤᠯᠭ᠎ᠠ ᠶᠢ ᠬᠦᠩᠭᠡᠪᠴᠢᠯᠡᠵᠣ ᠵᠢᠭᠠᠬᠤ ᠪᠠᠶᠢᠳᠠᠯ ᠤᠷᠤᠰᠢᠵᠤ ᠪᠤᠢ᠃ ︽ᠰᠡᠩᠬᠡᠷᠡᠭᠦᠯᠵᠣ ᠵᠢᠭᠠᠬᠤ︾ ᠠᠷᠭ᠎ᠠ ᠳᠤ ᠪᠠᠷᠢᠭᠳᠠᠵᠣ᠂ ︽ᠭᠠᠳᠠᠨ᠎ᠠ ᠠᠴᠠ ᠳᠤᠲᠣᠭᠰᠢ᠂ ᠳᠣᠳᠣᠨ᠎ᠠ ᠠᠴᠠ ᠭᠠᠳᠠᠭᠰᠢ︾ ᠵᠢᠭᠠᠬᠤ ᠠᠷᠭ᠎ᠠ ᠶᠢᠨ ᠶᠠᠪᠣᠴᠠ ᠳᠤ ᠰᠢᠭᠤᠳ ᠭᠤᠣᠯ ᠰᠡᠳᠦᠪ ᠲᠤ ᠪᠠᠨ ᠤᠷᠣᠵᠣ ᠴᠢᠳᠠᠬᠤ ᠦᠭᠡᠢ ᠲᠣᠭᠤᠷᠢᠵᠤ ᠲᠡᠨᠤᠬᠦ ︽ᠬᠠᠭᠤᠷᠮᠠᠭ ᠦᠵᠡᠭᠳᠡᠯ︾ ᠬᠠᠷᠠᠭᠳᠠᠵᠣ ᠪᠠᠶᠢᠨ᠎ᠠ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠳᠤ ᠰᠠᠭᠤᠷᠢ ᠪᠣᠯᠬᠤ ᠣᠬᠠᠭᠳᠠᠬᠤᠨ ᠤ ᠠᠰᠠᠭᠤᠳᠠᠯ ᠢ ᠲᠣᠳᠣᠷᠬᠠᠢ ᠰᠢᠢᠳᠪᠣᠷᠢᠯᠡᠵᠣ ᠴᠢᠳᠠᠬᠤ ᠦᠭᠡᠢ ︽ᠬᠦᠩᠭᠡᠪᠴᠢᠯᠡᠬᠦ ᠦᠵᠡᠭᠳᠡᠯ︾ ᠪᠠᠶᠢᠩᠭᠤ ᠤᠷᠣᠰᠢᠵᠤ ᠪᠠᠶᠢᠨ᠎ᠠ᠃      ︵ᠲᠠᠪᠤ︶ ᠪᠠᠭᠰᠢ ᠶᠢᠨ ᠪᠡᠶᠡᠴᠢ ᠲᠠᠯ᠎ᠠ ᠶᠢᠨ ᠮᠡᠳᠡᠯᠭᠡ ᠶᠢᠨ ᠬᠦᠷᠢᠶ᠎ᠡ ᠬᠡᠪᠴᠢᠶ᠎ᠡ ᠢᠪᠴᠣᠣ ᠠᠴᠠ ᠬᠠᠮᠢᠶ᠎ᠠ ᠪᠦᠬᠦᠢ ᠳᠡᠯᠭᠡᠷᠡᠩᠬᠦᠢ ᠮᠡᠳᠡᠯᠬᠡ ᠦᠭᠬᠦ ᠪᠠᠷ ᠭᠦᠢᠴᠠᠳ ᠪᠤᠰᠤ︔ ᠦᠭᠡᠰ ᠤᠨ ᠰᠠᠩ ᠶᠠᠳᠠᠭᠤ ᠠᠴᠠ ᠬᠡᠯᠡ ᠶᠠᠷᠢᠶ᠎ᠠ ᠬᠦᠰᠢᠬᠦᠨ︔ ᠨᠢᠭᠡ ᠬᠢᠴᠢᠶᠡᠯ ᠢᠶᠠᠷ ᠪᠠᠭᠰᠢ ᠠᠴᠠ ᠪᠦᠬᠦ ᠠᠪᠢᠶᠠᠰ ᠡᠷᠳᠡᠮ ᠢᠶᠠᠨ ᠭᠠᠷᠭᠠᠬᠤ ᠶᠢᠨ ᠲᠦᠯᠦᠭᠡ ︽ᠲᠠᠶᠢᠰᠠᠨ ᠤ ᠣᠷᠠᠯᠢᠭ︾ ᠪᠣᠯᠭᠠᠨ ᠬᠦᠢᠴᠡᠳᠭᠡᠵᠣ ᠪᠠᠶᠢᠭ᠎ᠠ ᠦᠵᠡᠭᠳᠠᠯ ᠴᠦ ᠪᠤᠢ᠃ ᠬᠡᠰᠡᠭ ᠵᠠᠯᠠᠭᠤ ᠪᠠᠭᠰᠢ ᠬᠢᠴᠢᠶᠡᠯ ᠤᠨ ᠠᠭᠤᠯᠭ᠎ᠠ ᠠᠴᠠ ᠰᠠᠯᠵᠤ ᠴᠢᠳᠠᠬᠤ ᠦᠭᠡᠢ ᠮᠧᠬᠠᠨᠢᠬᠴᠢᠯᠠᠨ ᠵᠢᠭᠠᠬᠤ ᠠᠷᠭ᠎ᠠ ᠶᠢ ᠬᠡᠷᠡᠭᠯᠡᠵᠦ ᠪᠠᠶᠢᠨ᠎ᠠ᠃      ᠡᠳᠡᠭᠡᠷ ᠲᠠᠪᠣᠨ ᠦᠵᠡᠭᠳᠡᠯ ᠪᠣᠯ ᠪᠠᠭᠰᠢ ᠶᠢᠨ ᠪᠡᠶᠡᠴᠢ ᠲᠠᠯ᠎ᠠ ᠶᠢᠨ ᠳᠣᠲᠠᠭᠳᠠᠯ ᠪᠣᠯᠵᠤ ᠬᠠᠷᠠᠭᠳᠠᠭᠰᠠᠨ ᠶᠤᠮ᠃ ᠡᠬᠦᠨ ᠠᠴᠠ ᠭᠠᠳᠠᠨ᠎ᠠ ᠤᠷᠣᠰᠢᠵᠤ ᠪᠠᠶᠢᠬᠤ ᠠᠰᠠᠭᠤᠳᠠᠯ ᠪᠣᠯ᠄      ︵ᠵᠢᠷᠭᠤᠭ᠎ᠠ︶ ᠤᠷᠣᠨ ᠤ ᠪᠠᠭᠰᠢ ᠶᠢᠨ ᠪᠣᠯᠪᠠᠰᠣᠷᠠᠯ ᠤᠨ ᠵᠢᠯᠣᠭᠤᠳᠣᠯᠭ᠎ᠠ ᠶᠢ ᠨᠠᠵᠠᠭᠠᠢ ᠪᠠᠷ ᠤᠶᠢᠯᠠᠭᠠᠵᠣ ᠪᠠᠶᠢᠬᠤ ᠰᠢᠬ ᠬᠠᠷᠠᠭᠳᠠᠭᠰᠠᠨ ᠣᠴᠢᠷ ᠭᠡᠪᠡᠯ ᠤᠷᠤᠨ ᠤ ᠵᠢᠭᠠᠬᠤ ᠰᠤᠳᠤᠯᠬᠤ ᠲᠠᠰᠤᠬ ᠠᠴᠠ ︽ᠪᠠᠭᠰᠢ ᠶᠢᠨ ᠪᠤᠯᠪᠠᠰᠣᠷᠠᠯ︾ ᠳᠤ ᠳᠠᠭᠠᠭᠤᠯᠣᠨ ᠵᠢᠯᠣᠭᠤᠳᠣᠭᠰᠠᠨ ᠲᠤᠰᠬᠠᠢ ᠦᠬᠦᠯᠡᠮᠵᠢ᠂ ᠪᠠᠶᠢᠭᠠᠯᠢ ᠶᠢᠨ ᠰᠢᠨᠵᠢᠯᠡᠬᠦ ᠣᠬᠠᠭᠠᠨ ᠤ ᠬᠢᠴᠢᠶᠡᠯ ᠳᠤ ᠤᠷᠤᠯᠳᠣᠯᠭ᠎ᠠ ᠪᠠᠷ ᠳᠦᠷᠢ ᠪᠦᠳᠦᠭᠡᠬᠦ ︽ᠭᠤᠷᠪᠠᠨ ᠠᠯᠬᠤᠮᠲᠣ ᠵᠢᠭᠠᠬᠤ ᠠᠷᠭ᠎ᠠ︾᠂ ᠬᠡᠯᠡ ᠪᠢᠴᠢᠭ ᠤᠨ ᠬᠢᠴᠢᠶᠡᠯ ᠳᠤ ᠬᠢ ︽ᠲᠦᠷᠪᠡᠨ ᠪᠤᠭᠤᠮᠲᠠ ᠶᠢ ᠳᠠᠪᠠᠭᠤᠯᠬᠤ ᠠᠷᠭ᠎ᠠ︾ ︵ᠰᠤᠨᠤᠰᠬᠤ᠂ ᠶᠠᠷᠢᠬᠤ᠂ ᠤᠩᠰᠢᠬᠤ᠂ ᠪᠢᠴᠢᠬᠦ︶᠂ ︽ᠰᠡᠳᠬᠢᠯᠭᠡ ᠶᠢᠨ ᠤᠷᠴᠢᠨ ᠢ ᠪᠦᠳᠦᠭᠡᠵᠤ ᠵᠤᠬᠢᠶᠠᠨ ᠪᠢᠴᠢᠭᠦᠯᠬᠦ︾᠂ ︽ᠵᠡᠷᠭᠡᠴᠡᠭᠡ ᠤᠩᠰᠢᠯᠭ᠎ᠠ︾᠂ ︽ᠦᠰᠦᠭᠯᠡᠯ ᠤᠨ ᠭᠥᠵᠥᠷ ᠲᠤᠭᠯᠠᠭᠠᠮ︾ ᠵᠡᠷᠭᠡ ᠤᠯᠠᠨ ᠶᠠᠩᠵᠤ ᠶᠢᠨ ᠵᠢᠯᠣᠭᠤᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠤᠶᠢᠯᠠᠭᠠᠵᠣ ᠪᠣᠯᠪᠠᠰᠣᠷᠠᠭ᠎ᠠ ᠦᠭᠡᠢ᠃ ᠵᠢᠱᠢᠶᠡᠯᠡᠪᠡᠯ᠄ ︽ᠵᠡᠷᠭᠡᠴᠡᠭᠡ ᠤᠩᠰᠢᠯᠭ᠎ᠠ︾᠂ ︽ᠦᠰᠦᠭᠯᠡᠯ ᠤᠨ ᠭᠥᠵᠥᠷ ᠲᠤᠭᠯᠠᠭᠠᠮ︾᠂ ︽ᠰᠡᠳᠬᠢᠯ ᠤᠨ ᠤᠷᠴᠢᠨ ᠢ ᠪᠦᠳᠦᠭᠡᠵᠤ ᠵᠤᠬᠢᠶᠠᠨ ᠪᠢᠴᠢᠭᠦᠯᠬᠦ︾ ᠠᠷᠭ᠎ᠠ ᠪᠣᠯ ᠣᠯᠠᠨ ᠳᠤ ᠵᠦᠪᠰᠢᠶᠡᠷᠡᠭᠳᠡᠭᠰᠡᠨ ᠲᠣᠷᠰᠢᠯᠭ᠎ᠠ ᠶᠤᠮ᠃ ᠪᠠᠭᠰᠢ ᠨᠠᠷ ᠦᠪᠡᠷ ᠤᠨ ᠰᠣᠷᠭᠠᠭᠤᠯᠢ ᠶᠢᠨ ᠣᠷᠴᠢᠨ ᠲᠣᠭᠤᠷᠢᠨ ︵ᠣᠷᠣᠨ︶ ᠤ ᠪᠠᠶᠢᠳᠠᠯ ᠠᠴᠠ ᠦᠭᠡ ᠬᠡᠯᠡ ᠪᠠᠷ ᠶᠠᠳᠠᠭᠤᠷᠠᠵᠣ ᠪᠠᠶᠢᠬᠤ᠂ ᠦᠰᠦᠭ ᠪᠢᠴᠢᠭ ᠢᠶᠠᠨ ᠵᠦᠪ ᠪᠢᠴᠢᠬᠦ ᠳᠤ ᠬᠦᠴᠢᠷᠳᠡᠵᠤ ᠪᠠᠶᠢᠬᠤ᠂ ᠦᠭᠦᠯᠡᠪᠣᠷᠢ ᠵᠤᠬᠢᠶᠠᠬᠤ ᠳᠤ ᠬᠦᠴᠢᠷᠳᠡᠵᠣ ᠪᠠᠶᠢᠬᠤ ᠰᠣᠷᠣᠭᠴᠢ ᠶᠢᠨ ᠪᠣᠲᠠᠳᠠᠢ ᠪᠠᠶᠢᠳᠠᠯ ᠠᠴᠠ ᠵᠢᠭᠠᠨ ᠵᠢᠯᠣᠭᠤᠳᠬᠤ ᠲᠣᠷᠰᠢᠯᠭ᠎ᠠ ᠪᠠᠨ ᠳ᠋ᠦᠩᠨᠡᠭᠡᠳ ᠣᠯᠣᠭᠰᠠᠨ ᠵᠢᠭᠠᠬᠤ ᠠᠷᠭ᠎ᠠ ᠶᠤᠮ᠃ ᠡᠭᠦᠨ ᠢ ᠪᠢᠳᠠ ᠦᠪᠡᠷ ᠤᠨ ᠰᠣᠷᠭᠠᠭᠤᠯᠢ ᠳᠤ ᠪᠠᠨ ᠰᠢᠭᠤᠳ ᠵᠢᠭᠠᠬᠤ ᠠᠷᠭ᠎ᠠ ᠪᠣᠯᠭᠠᠵᠣ ᠭᠡᠷᠡᠭᠯᠡᠬᠦ ᠳᠤ ᠬᠦᠷᠪᠡᠯ ᠵᠠᠷᠢᠮ ᠨᠦᠭᠦᠴᠡᠯ ᠳᠤ ᠲᠣᠬᠢᠷᠠᠬᠤ ᠦᠭᠡᠢ ᠮᠠᠭᠠᠳ᠂ ᠠᠮᠢᠳᠤᠯᠢᠭ ᠪᠦᠲᠦᠭᠡᠯᠴᠢ ᠪᠠᠷ ᠬᠡᠷᠡᠭᠯᠡᠵᠦ ᠴᠢᠳᠠᠬᠤ ᠨᠢ ᠮᠠᠨ ᠤ ᠪᠣᠯᠪᠠᠰᠣᠷᠠᠯ ᠤᠨ ᠵᠣᠷᠢᠯᠭ᠎ᠠ ᠶᠤᠮ᠃ ᠨᠦᠭᠦᠭᠡ ᠲᠠᠯ᠎ᠠ ᠪᠠᠷ ᠰᠤᠨᠤᠰᠬᠤ᠂ ᠶᠠᠷᠢᠬᠤ᠂ ᠤᠩᠰᠢᠵᠤ ᠪᠢᠴᠢᠬᠦ ᠪᠣᠯᠪᠠᠰᠣᠷᠠᠯ ᠢ ᠨᠡᠶᠢᠳᠡᠮ ᠣᠮᠳᠤᠭᠠᠶᠢᠯᠠᠬᠤ ᠦᠵᠡᠭᠳᠡᠯ ᠣᠷᠣᠰᠢᠵᠤ ᠪᠠᠶᠢᠬᠤ ᠪᠠᠷ ᠦᠯᠦ ᠪᠠᠷᠠᠨ ᠪᠠᠭᠰᠢ ᠨᠠᠷ ᠤᠨ ︽ᠲᠦᠷᠪᠡᠨ ᠴᠢᠳᠠᠪᠣᠷᠢ︾᠂ ︽ᠭᠤᠷᠪᠠᠨ ᠪᠢᠷ ᠪᠢᠴᠢᠯᠭᠡ︾ ᠶᠢ ᠳᠡᠭᠡᠭᠰᠢᠯᠡᠭᠦᠯᠬᠦ ᠠᠰᠠᠭᠤᠳᠠᠯ ᠢ ᠠᠩᠬᠠᠷᠣᠯ ᠳᠤ ᠪᠠᠨ ᠠᠪᠬᠤ ᠬᠡᠷᠡᠭᠲᠡᠢ᠃ ᠡᠨᠡ ᠲᠠᠯ᠎ᠠ ᠶᠢᠨ ᠠᠵᠢᠯ ᠳᠤ ᠱᠠᠳᠤ ᠱᠠᠲᠦ ᠪᠠᠷ ᠬᠠᠮᠵᠢᠯᠴᠠᠵᠣ᠂ ᠢᠯᠠᠩᠭᠤᠶ᠎ᠠ ᠠᠶᠢᠮᠠᠭ ᠬᠤᠰᠢᠭᠤ ᠰᠣᠷᠭᠠᠭᠤᠯᠢ ᠶᠢᠨ ᠲᠡᠰ ᠤᠨ ᠬᠢᠴᠢᠶᠡᠯ ᠬᠦᠮᠦᠵᠢᠯ ᠢ ᠰᠣᠳᠣᠯᠣᠨ ᠭᠦᠢᠴᠡᠳᠭᠡᠵᠤ ᠪᠠᠶᠢᠭ᠎ᠠ ᠪᠠᠭᠰᠢ ᠨᠠᠷ᠂ ︽ᠨᠡᠷᠡᠳᠤ ᠪᠠᠭᠰᠢ ᠶᠢᠨ ᠠᠵᠢᠯ ᠤᠨ ᠬᠠᠮᠳᠤᠯᠢᠬ︾ ᠠᠴᠠ ᠨᠢᠭᠲᠠᠷᠠᠨ ᠠᠵᠢᠯᠯᠠᠪᠠᠯ ︽ᠤᠨᠣᠯ ᠪᠠ ᠦᠢᠯᠡᠳᠦᠯᠭᠡ︾ ᠶᠢ ᠵᠤᠬᠢᠴᠠᠭᠤᠯᠬᠤ ᠠᠵᠢᠯ ᠤᠯᠠᠮ ᠠᠮᠵᠢᠯᠲᠠ ᠲᠠᠢ ᠪᠣᠯᠵᠤ ᠴᠢᠳᠠᠬᠤ ᠶᠤᠮ᠃                 ︵ᠦᠭᠡᠯᠠᠳ ᠪᠠᠭᠠᠳᠤᠷ ᠨᠠᠶᠢᠷᠠᠭᠤᠯᠪᠠ︶                  2018 ᠣᠨ ᠤ 2 ᠳ᠋ᠤᠭᠠᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map