ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠬᠢᠴᠢᠶᠡᠯ ᠲᠦᠷᠦᠯ ᠤᠨ ᠭᠤᠣᠯᠯᠠᠭᠴᠢ ᠪᠠᠭᠰᠢ ᠶᠢᠨ ᠲᠡᠭᠡᠳᠦ ᠵᠡᠷᠭᠡ ᠶᠢᠨ ᠪᠣᠯᠪᠠᠰᠤᠷᠠᠯ ᠳᠤ ᠣᠷᠤᠯᠴᠠᠭᠰᠠᠨ ᠣᠯᠤᠯᠲᠠ ᠲᠦᠷᠦᠭᠳᠡᠯ
ᠨᠡᠶᠢᠲᠡᠯᠡᠭᠰᠡᠨ ᠴᠠᠭ᠄
2019/1/11
                                                     ᠶᠢᠨ ᠷᠦᠩ      2017 ᠣᠨ ᠤ 12 ᠰᠠᠷ᠎ᠠ ᠶᠢᠨ 21 ᠤ ᠡᠳᠦᠷ ᠠᠴᠠ 12 ᠰᠠᠷ᠎ᠠ ᠶᠢᠨ 30 ᠤ ᠡᠳᠦᠷ ᠪᠣᠯᠲᠠᠯ᠎ᠠ ᠾᠧᠨᠠᠨ ᠮᠤᠵᠢ ᠶᠢᠨ ᠯᠦᠸᠧᠶᠠᠩ ᠬᠤᠲᠠ ᠳᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠬᠢᠴᠢᠶᠡᠯ ᠲᠦᠷᠦᠯ ᠤᠨ ᠭᠤᠣᠯᠯᠠᠭᠴᠢ ᠪᠠᠭᠰᠢ ᠶᠢᠨ ᠲᠡᠭᠡᠳᠦ ᠵᠡᠷᠭᠡ ᠶᠢᠨ ᠪᠣᠯᠪᠠᠰᠤᠷᠠᠯ ᠡᠬᠢᠯᠡᠨ᠂ ᠪᠣᠯᠪᠠᠰᠤᠷᠠᠯ ᠡᠬᠢᠯᠡᠬᠦ ᠲᠠᠶᠢᠴᠢᠯᠠᠯᠲᠠ ᠶᠢᠨ ᠬᠤᠷᠠᠯ᠂ ︽ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ︾ ᠪᠠᠶᠢᠭᠤᠯᠬᠤ᠂ ᠲᠤᠰᠬᠠᠢ ᠮᠡᠷᠭᠡᠵᠢᠯᠲᠡᠨ ᠤ ᠶᠠᠷᠢᠶ᠎ᠠ ᠲᠠᠶᠢᠯᠤᠮᠵᠢ ᠬᠢᠬᠦ᠂ ᠰᠢᠯᠢᠳᠡᠭ ᠬᠢᠴᠢᠶᠡᠯᠯᠡᠭᠡ ᠶᠢᠨ ᠲᠦᠰᠦᠪ ᠪᠢᠴᠢᠬᠦ᠂ ᠰᠢ ᠰᠢᠶᠠ ᡂᠢ ᠪᠠᠭ᠎ᠠ ᠰᠤᠷᠭᠠᠭᠤᠯᠢ ᠶᠢᠨ ︽ᠪᠣᠳᠠᠲᠤ ᠪᠡᠶᠡᠴᠢᠯᠡᠭᠰᠡᠨ ᠵᠢᠭᠠᠨ ᠰᠤᠷᠭᠠᠯᠲᠠ︾ ᠶᠢ ᠲᠤᠭᠤᠷᠢᠨ ᠰᠤᠷᠤᠯᠴᠠᠬᠤ᠂ ᠬᠠᠷᠢᠭᠤ ᠮᠡᠳᠡᠭᠦᠯᠦᠯᠲᠡ᠂ ᠳ᠋ᠦᠩᠨᠡᠯᠲᠡ ᠪᠠᠶᠢᠷᠢᠯᠠᠭᠤᠯᠤᠯᠲᠠ ᠬᠢᠬᠦ ᠵᠡᠷᠭᠡ ᠶᠠᠪᠤᠴᠠ ᠬᠡᠯᠪᠡᠷᠢ ᠪᠠᠷ ᠶᠠᠪᠤᠭᠳᠠᠭᠰᠠᠨ ᠪᠠᠶᠢᠨ᠎ᠠ᠃      ᠲᠤᠰ ᠪᠣᠯᠪᠠᠰᠤᠷᠠᠯ ᠢ ᠰᠤᠷᠤᠭᠴᠢ ᠶᠢᠨ ᠬᠦᠭᠵᠢᠯᠲᠡ ᠪᠠᠷ ᠲᠦᠪᠯᠡᠭᠰᠡᠨ᠂ ᠰᠢᠨ᠎ᠡ ᠬᠡᠯᠪᠡᠷᠢ ᠶᠢᠨ ᠵᠢᠭᠠᠨ ᠰᠤᠷᠭᠠᠬᠤ ᠬᠠᠷᠢᠴᠠᠭ᠎ᠠ ᠶᠢ ᠪᠠᠶᠢᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠵᠦ᠂ ᠨᠡᠶᠢᠭᠡᠮ ᠤᠨ ᠬᠡᠷᠡᠭᠴᠡᠭᠡ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠬᠢᠷᠢ ᠲᠡᠩᠴᠡᠭᠰᠡᠨ ᠡᠷᠬᠡᠲᠦ ᠠᠷᠠᠳ ᠢ ᠬᠦᠮᠦᠵᠢᠭᠦᠯᠬᠦ ᠵᠣᠷᠢᠯᠭ᠎ᠠ ᠠᠴᠠ ᠡᠷᠬᠢᠯᠡᠨ᠂ ᠪᠦᠬᠦ ᠣᠷᠤᠨ ᠤ 200 ᠰᠢᠬᠠᠮ ᠭᠤᠣᠯᠯᠠᠭᠴᠢ ᠪᠠᠭᠰᠢ ᠨᠠᠷ ᠢ ᠬᠢᠴᠢᠶᠡᠯ ᠲᠦᠷᠦᠯ ᠤᠨ ᠲᠤᠰᠬᠠᠢ ᠮᠡᠷᠭᠡᠵᠢᠯᠲᠡᠨ ᠪᠣᠯᠭᠠᠬᠤ᠂ ᠬᠢᠴᠢᠶᠡᠯᠯᠡᠭᠡ ᠶᠢᠨ ᠦᠭᠡᠷᠡᠴᠢᠯᠡᠯᠲᠡ ᠳᠤ ᠣᠷᠤᠯᠴᠠᠭᠤᠯᠬᠤ᠂ ᠵᠢᠭᠠᠨ ᠰᠤᠷᠭᠠᠯᠲᠠ ᠶᠢᠨ ᠰᠤᠳᠤᠯᠭᠠᠨ ᠬᠢᠯᠭᠡᠬᠦ ᠵᠡᠷᠭᠡ ᠬᠠᠷᠠᠯᠲᠠ ᠲᠠᠢ ᠪᠠᠷ ᠪᠣᠯᠪᠠᠰᠤᠷᠠᠭᠤᠯᠤᠭᠰᠠᠨ ᠶᠤᠮ᠃      ᠨᠢᠭᠡ᠂ ︽ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ︾ ᠤᠨ ᠠᠵᠢᠯ ᠤᠨ ᠲᠤᠬᠠᠢ      ︽ᠨᠠᠷᠠᠳᠤ ᠪᠠᠭᠰᠢ ᠶᠢᠨ ᠠᠵᠢᠯ ᠤᠨ ᠬᠠᠮᠳᠤᠯᠢᠬ︾ ᠪᠠᠭ᠎ᠠ ᠲᠤᠭᠤᠶᠢᠯᠠᠩ ᠤᠨ ᠬᠡᠯᠪᠡᠷᠢ ᠪᠠᠷ ᠬᠤᠷᠰᠢᠨ ᠠᠵᠢᠯᠯᠠᠳᠠᠭ᠂ ᠠᠳᠠᠯᠢ ᠪᠣᠰᠤ ᠭᠠᠵᠠᠷ ᠣᠷᠤᠨ ᠤ ᠡᠯ᠎ᠡ ᠬᠢᠴᠢᠶᠡᠯ ᠲᠦᠷᠦᠯ ᠤᠨ ᠨᠡᠷᠡᠲᠦ ᠰᠢᠯᠢᠳᠡᠭ ᠪᠠᠭᠰᠢᠨᠠᠷ ᠢᠶᠠᠷ ᠪᠦᠷᠢᠯᠳᠦᠭᠰᠡᠡ ᠵᠢᠭᠠᠨ ᠰᠤᠷᠭᠠᠯᠲᠠ᠂ ᠦᠭᠡᠷᠡᠴᠢᠯᠡᠯᠲᠡ ᠰᠢᠨᠡᠴᠢᠯᠡᠯᠲᠡ ᠶᠢᠨ ᠶᠠᠮᠠᠷ ᠨᠢᠭᠡᠨ ᠠᠰᠠᠭᠤᠳᠠᠯ ᠡᠭᠦᠷᠭᠡ ᠶᠢᠨ ᠲᠣᠭᠤᠷᠢᠨ ᠳᠤ ᠬᠠᠮᠲᠤᠷᠠᠨ ᠠᠵᠢᠯᠯᠠᠳᠠᠭ ᠵᠣᠬᠢᠶᠠᠨ ᠪᠠᠶᠢᠭᠤᠯᠤᠯᠲᠠ ᠪᠤᠯᠬᠤ ᠶᠤᠮ᠃ ᠬᠠᠮᠲᠤᠯᠢᠭ ᠤᠨ ᠬᠡᠰᠢᠭᠦᠨ ᠪᠠᠭᠰᠢᠨᠠᠷ ᠨᠢ ᠡᠷᠬᠡᠪᠰᠢ ᠲᠥᠷᠦ ᠶᠢᠨ ᠪᠣᠳᠤᠯᠭ᠎ᠠ ᠰᠤᠷᠭᠠᠨ ᠬᠦᠮᠦᠵᠢᠯ ᠤᠨ ᠬᠦᠭᠵᠢᠯ ᠬᠠᠨᠳᠤᠰᠢ ᠶᠢ ᠣᠶᠢᠯᠠᠭᠠᠳᠠᠭ᠂ ᠦᠨᠳᠦᠰᠦᠨ ᠬᠡᠪ ᠪᠣᠯᠪᠠᠰᠤᠷᠠᠯ ᠦᠨᠳᠦᠷ᠂ ᠬᠢᠴᠢᠶᠡᠯᠯᠡᠭᠡ ᠶᠢᠨ ᠦᠭᠡᠷᠡᠴᠢᠯᠡᠯᠲᠡ ᠳᠤ ᠣᠷᠤᠯᠴᠠᠨ᠂ ᠵᠢᠭᠠᠨ ᠰᠤᠷᠭᠠᠯᠲᠠ ᠳᠤ ᠭᠠᠪᠰᠢᠭᠠᠶᠢᠯᠠᠨ ᠠᠵᠢᠯᠯᠠᠳᠠᠭ᠂ ᠲᠠᠪᠰᠢᠵᠤ ᠲᠡᠭᠡᠭᠰᠢᠯᠡᠬᠦ ᠬᠦᠰᠡᠯ ᠡᠷᠡᠮᠠᠯᠵᠠᠯ ᠪᠦᠬᠦᠢ ᠣᠷᠤᠯᠳᠤᠯᠭ᠎ᠠ ᠴᠢᠷᠮᠠᠶᠢᠯᠭ᠎ᠠ ᠲᠠᠢ ᠬᠦᠮᠦᠰ ᠪᠠᠶᠢᠬᠤ ᠨᠦᠭᠦᠴᠡᠯ ᠲᠠᠢ ᠶᠤᠮ᠃ ᠲᠡᠭᠦᠨ ᠠᠴᠠ ᠬᠤᠶᠢᠰᠢ ᠪᠦᠬᠦ ᠣᠷᠤᠨ ᠳᠤ ᠤᠷᠢᠳ ᠬᠤᠵᠢᠳ 4 ᠤᠳᠠᠭᠠᠨ ᠤ ᠪᠣᠯᠪᠠᠰᠤᠷᠠᠯ ᠢ ᠡᠷᠬᠢᠯᠡᠵᠦ᠂ ᠦᠢᠯᠡᠳᠦᠯᠭᠡ ᠶᠢᠨ ᠵᠢᠯᠤᠭᠤᠳᠤᠯᠭ᠎ᠠ ᠶᠢ ᠲᠡᠷᠢᠭᠦᠨ ᠪᠠᠶᠢᠷᠢᠨ ᠳᠤ ᠲᠠᠯᠪᠢᠬᠤ᠂ ᠨᠢᠭᠡ ᠤᠳᠠᠭᠠᠨ ᠤ ᠪᠣᠯᠪᠠᠰᠤᠷᠠᠯ ᠳᠤ ᠨᠢᠭᠡ ᠵᠦᠢᠯ ᠤᠨ ᠮᠡᠷᠭᠡᠰᠢᠯ ᠡᠵᠡᠮᠰᠢᠬᠦ᠂ ᠰᠤᠷᠤᠭᠰᠠᠨ ᠮᠡᠳᠡᠯᠭᠡ ᠪᠠᠨ ᠪᠣᠰᠤᠳ ᠲᠤ ᠶᠠᠷᠢᠨ ᠣᠶᠢᠯᠠᠭᠠᠭᠤᠯᠵᠤ ᠴᠢᠳᠠᠬᠤ ᠶᠢᠨ ᠬᠠᠮᠲᠤ ᠦᠪᠡᠷ ᠢᠶᠠᠨ ᠲᠦᠷᠦᠭᠦᠯᠦᠨ ᠬᠢᠵᠦ᠂ ᠦᠷᠦᠭᠡᠯ ᠢ ᠨᠦᠯᠦᠭᠡᠯᠡᠨ ᠲᠠᠭᠠᠭᠤᠯᠵᠤ ᠲᠡᠶᠢᠯᠬᠦ ᠪᠠᠷᠢᠮᠵᠢᠶ᠎ᠠ ᠱᠠᠭᠠᠷᠳᠠᠯᠭ᠎ᠠ ᠪᠠᠷ ᠢᠶᠠᠨ ᠪᠣᠰᠤᠳ ᠪᠣᠯᠪᠠᠰᠤᠷᠠᠯ ᠠᠴᠠ ᠣᠨᠴᠠᠯᠠᠨ ᠢᠯᠭᠠᠭᠳᠠᠵᠤ ᠢᠷᠡᠵᠠᠢ᠃ ᠨᠡᠩ ᠢᠯᠠᠩᠭᠤᠶ᠎ᠠ ᠪᠣᠯᠪᠠᠰᠤᠷᠠᠯ ᠡᠷᠬᠢᠯᠡᠬᠦ ᠭᠠᠵᠠᠷ ᠢ ᠠᠷᠪᠠᠨ ᠭᠤᠷᠪᠠᠨ ᠬᠠᠭᠠᠳ ᠨᠣᠶᠠᠳ ᠤᠨ ᠰᠠᠭᠤᠷᠢᠯᠠᠨ ᠨᠡᠶᠢᠰᠯᠡᠭᠰᠡᠨ ᠲᠡᠥᠬᠡ ᠰᠤᠶᠤᠯ ᠤᠨ ᠡᠷᠲᠡᠨ ᠤ ᠬᠤᠲᠠ ᠯᠦᠸᠧᠶᠠᠩ ᠢ ᠰᠢᠯᠢᠵᠦ᠂ ᠪᠣᠯᠪᠠᠰᠤᠷᠠᠯ ᠳᠤ ᠣᠷᠤᠯᠴᠠᠭᠰᠠᠨ ᠪᠠᠭᠰᠢ ᠨᠠᠷ ᠲᠤ ᠪᠠᠨ ᠲᠡᠳᠡᠨ ᠤ ᠵᠢᠭᠠᠨ ᠰᠤᠷᠭᠠᠯᠲᠠ ᠶᠢᠨ ᠲᠠᠪᠰᠢᠩᠭᠤᠢ ᠪᠠᠶᠢᠳᠠᠯ᠂ ᠦᠭᠡᠷᠡᠴᠢᠯᠡᠯᠲᠡ ᠶᠢᠨ ᠵᠣᠷᠢᠭ ᠰᠠᠨᠠᠭ᠎ᠠ᠂ ᠪᠤᠳᠠᠲᠠᠢ ᠠᠷᠭ᠎ᠠ ᠠᠪᠴᠠᠯ ᠢ ᠨᠢᠳᠦ ᠪᠠᠷ ᠢᠶᠠᠨ ᠦᠵᠡᠵᠦ ᠠᠳᠠᠯᠢᠳᠬᠠᠨ ᠬᠠᠷᠢᠴᠠᠭᠤᠯᠵᠤ᠂ ᠦᠪᠡᠷ ᠢ ᠪᠠᠨ ᠲᠦᠢᠯᠪᠤᠷᠢᠲᠠᠢ ᠲᠠᠨᠢᠬᠤ ᠵᠠᠪᠰᠢᠶᠠᠨ ᠢ ᠤᠯᠭᠤᠵᠤ ᠪᠠᠶᠢᠭ᠎ᠠ ᠨᠢ ᠨᠢᠭᠡᠨ ᠵᠦᠢᠯ ᠤᠨ ᠬᠡᠮᠵᠢᠶᠡᠯᠡᠰᠢ ᠦᠭᠡᠢ ᠠᠴᠢ ᠬᠤᠯᠪᠤᠭᠳᠠᠯ ᠪᠦᠬᠦᠢ ᠠᠵᠢᠯᠯᠠᠭ᠎ᠠ ᠪᠣᠯᠬᠤ ᠶᠤᠮ᠃      ᠣᠬᠤᠷᠬᠠᠨ ᠬᠤᠶᠠᠷ ᠵᠢᠯ ᠤᠨ ᠬᠤᠭᠤᠴᠠᠭᠠᠨ ᠳᠤ ᠬᠠᠮᠲᠤᠯᠢᠭ ᠤᠨ ᠬᠡᠰᠢᠭᠦᠨ ᠨᠢᠭᠡᠪᠦᠷᠢ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠲᠣᠳᠤᠷᠬᠠᠢ ᠲᠠᠨᠢᠨ᠂ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯ ᠢᠶᠠᠨ ᠡᠷᠴᠢᠮᠵᠢᠭᠦᠯᠦᠨ᠂ ᠦᠪᠡᠷ ᠢ ᠪᠠᠨ ᠲᠡᠭᠦᠯᠳᠡᠷᠵᠢᠭᠦᠯᠬᠦ ᠶᠢᠨ ᠬᠠᠮᠲᠤ ᠪᠤᠰᠤᠳ ᠢ ᠨᠦᠯᠦᠭᠡᠯᠡᠨ ᠲᠠᠭᠠᠭᠤᠯᠵᠤ ᠵᠢᠯᠤᠭᠤᠳᠤᠨ ᠲᠡᠭᠡᠭᠰᠢᠯᠡᠭᠦᠯᠬᠦ ᠠᠵᠢᠯ ᠢ ᠴᠦ ᠮᠠᠰᠢ ᠰᠠᠶᠢᠨ ᠬᠢᠭᠰᠡᠭᠡᠷ ᠢᠷᠡᠭᠰᠡᠨ ᠪᠠ ᠵᠢᠭᠠᠬᠤ ᠮᠠᠲ᠋ᠧᠷᠢᠶᠠᠯ ᠬᠢᠴᠢᠶᠡᠯ ᠤᠨ ᠪᠢᠴᠢᠭ ᠤᠨ ᠵᠢᠭᠠᠬᠤ ᠲᠦᠰᠦᠪ᠂ ᠺᠣᠣᠷᠰᠸᠠᠶᠢᠷ ᠨᠠᠶᠢᠷᠠᠭᠤᠯᠤᠨ ᠡᠬᠢ ᠪᠠᠶᠠᠯᠢᠭ ᠤᠨ ᠬᠦᠮᠦᠷᠭᠡ ᠳᠤ ᠲᠡᠪᠰᠢᠭᠦᠯᠵᠦ ᠦᠷᠭᠡᠨ ᠣᠯᠠᠨ ᠪᠠᠭᠰᠢᠨᠠᠷ ᠲᠤ ᠬᠢᠨᠠᠨ ᠯᠠᠪᠯᠠᠬᠤ ᠮᠠᠲ᠋ᠧᠷᠢᠶᠠᠯ ᠬᠠᠩᠭᠠᠬᠤ ᠠᠵᠢᠯ ᠴᠦ ᠠᠮᠵᠢᠯᠲᠠ ᠲᠠᠢ ᠶᠠᠪᠤᠭᠳᠠᠭᠰᠠᠨ ᠶᠤᠮ᠃ ᠨᠡᠩ ᠢᠯᠠᠩᠭᠤᠶ᠎ᠠ ᠪᠠᠭ᠎ᠠ ᠰᠤᠷᠭᠠᠭᠤᠯᠢ ᠳᠤ ᠮᠣᠩᠭᠤᠯ ᠬᠡᠯᠡ ᠪᠢᠴᠢᠭ ᠤᠨ ᠲᠤᠭᠤᠶᠢᠯᠠᠩ ᠤᠨ ︽ᠲᠦᠷᠪᠡᠨ ᠪᠣᠭᠤᠮᠲᠠ ᠲᠠᠪᠠᠭᠤᠯᠬᠤ ᠰᠤᠳᠤᠯᠭᠠᠨ︾᠂ ᠲᠤᠭᠠᠨ ᠤ ᠤᠬᠠᠭᠠᠨ ᠤ ᠲᠤᠭᠤᠶᠢᠯᠠᠩ ᠤᠨ ︽ᠭᠤᠷᠪᠠᠨ ᠠᠯᠬᠤᠮᠲᠤ ᠵᠢᠭᠠᠬᠤ ᠠᠷᠭ᠎ᠠ︾ ᠶᠢᠨ ᠰᠤᠳᠤᠯᠭᠠᠨ ᠤ ᠠᠵᠢᠯ ᠨᠢ ᠨᠢᠭᠡᠨᠲᠡ ᠬᠡᠪ ᠵᠠᠭᠪᠤᠷ ᠢᠶᠠᠨ ᠣᠯᠵᠤ᠂ ᠲᠠᠰᠤᠷᠠᠯᠲᠠ ᠦᠭᠡᠢ ᠨᠠᠷᠢᠯᠢᠬᠵᠢᠭᠤᠯᠤᠨ ᠰᠢᠯᠢᠳᠡᠭᠵᠢᠭᠦᠯᠬᠦ ᠱᠠᠲᠤᠨ ᠳᠤ ᠪᠠᠨ ᠣᠷᠤᠭᠠᠳ ᠪᠠᠶᠢᠭ᠎ᠠ ᠶᠤᠮ᠃      ᠣᠷᠤᠨ ᠤ ᠵᠢᠭᠠᠬᠤ ᠶᠢ ᠰᠤᠳᠤᠯᠬᠤ ᠭᠡᠷ ᠤᠨ ᠡᠷᠳᠡᠮᠳᠡᠨ ᠪᠠᠭᠰᠢᠨᠠᠷ ᠤᠨ ᠴᠢᠷᠮᠠᠶᠢᠯᠭ᠎ᠠ ᠪᠠ ᠵᠢᠯᠤᠭᠤᠳᠤᠯᠭ᠎ᠠ ᠲᠣᠣᠷ᠎ᠠ ︽ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ︾ ᠤᠨ ᠠᠵᠢᠯ ᠨᠡᠩ ᠡᠷᠴᠢᠮᠲᠠᠢ ᠶᠠᠪᠤᠭᠳᠠᠵᠤ᠂ ᠬᠦᠭᠵᠢᠨ ᠪᠤᠵᠠᠭᠠᠶᠢᠷᠠᠭᠠᠳ᠂ ᠬᠢᠴᠢᠶᠡᠯ ᠤᠨ ᠲᠠᠩᠬᠢᠮ ᠤᠨ ᠠᠰᠠᠭᠤᠳᠠᠯ ᠢᠶᠠᠷ ᠭᠤᠣᠯᠯᠠᠵᠤ᠂ ᠵᠢᠭᠠᠨ ᠰᠤᠷᠭᠠᠬᠤ ᠠᠷᠭ᠎ᠠ ᠪᠠᠷ ᠲᠠᠭᠠᠭᠤᠯᠬᠤ ᠬᠢᠴᠢᠶᠡᠯᠯᠡᠭᠡ ᠶᠢᠨ ᠦᠭᠡᠷᠡᠴᠢᠯᠡᠯᠲᠡ ᠶᠢ ᠠᠬᠢᠭᠤᠯᠵᠤ᠂ ᠦᠨᠳᠦᠰᠦᠲᠡᠨ ᠤ ᠰᠤᠶᠤᠯ ᠰᠤᠷᠭᠠᠨ ᠬᠦᠮᠦᠵᠢᠯ ᠦᠷᠨᠢᠨ ᠬᠦᠭᠵᠢᠵᠦ᠂ ᠮᠣᠩᠭᠤᠯ ᠬᠡᠦᠬᠡᠳ ᠤᠳ ᠤᠨ ᠮᠢᠨᠢ ᠨᠠᠰᠤᠨ ᠲᠤᠷᠰᠢᠲᠠ ᠶᠢᠨ ᠬᠦᠭᠵᠢᠯᠲᠡ ᠳᠤ ᠲᠤᠰᠠᠯᠠᠮᠵᠢ ᠦᠵᠡᠭᠦᠯᠦᠨ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠵᠠᠩᠭᠢᠯᠠᠭ᠎ᠠ ᠶᠢᠨ ᠴᠢᠳᠠᠪᠤᠷᠢ ᠶᠢ ᠦᠨᠡᠨᠬᠦ ᠬᠦᠮᠦᠵᠢᠭᠦᠯᠬᠦ ᠨᠢ ᠯᠠᠪᠲᠠᠢ︕      ᠬᠤᠶᠠᠷ᠂ ︽ᠭᠤᠷᠪᠠᠨ ᠠᠯᠬᠤᠮᠲᠤ ᠵᠢᠭᠠᠬᠤ ᠠᠷᠭ᠎ᠠ︾ ᠬᠢᠭᠡᠳ ᠲᠡᠭᠦᠨ ᠤ ᠠᠴᠢ ᠬᠤᠯᠪᠤᠭᠳᠠᠯ ᠤᠨ ᠲᠤᠬᠠᠢ      ᠤᠯᠤᠰ ᠤᠨ ᠲᠣᠲᠤᠭᠠᠳᠤ ᠭᠠᠳᠠᠭᠠᠳᠤ ᠳᠤ ᠨᠡᠷ᠎ᠡ ᠠᠯᠳᠠᠷᠰᠢᠵᠤ ᠪᠠᠶᠢᠭ᠎ᠠ ᠬᠠᠨᠭ᠍ᠵᠸᠦ ᠬᠤᠲᠠ ᠶᠢᠨ ᠲᠢᠶᠠᠨ ᠴᠠᠩ ᠪᠠᠭ᠎ᠠ ᠰᠤᠷᠭᠠᠭᠤᠯᠢ ᠶᠢᠨ ︽ᠵᠦᠷᠢᠶᠡᠨᠲᠦ ᠬᠢᠴᠢᠶᠡᠯᠯᠡᠭᠡ︾ ᠶᠢᠨ ᠤᠶᠢᠯᠠᠭᠠᠭᠳᠠᠬᠤᠨ ᠠᠷᠭ᠎ᠠ ᠶᠠᠪᠤᠴᠠ᠂ ᠬᠡᠦᠬᠡᠳ ᠤᠨ ᠠᠳᠠᠯᠢ ᠪᠣᠰᠤ ᠤᠳᠤᠮᠰᠢᠯ ᠤᠨ ᠵᠦᠷᠢᠶ᠎ᠡ᠂ ᠴᠢᠳᠠᠪᠤᠷᠢ ᠶᠢᠨ ᠵᠦᠷᠢᠶ᠎ᠡ᠂ ᠬᠡᠷᠡᠭᠴᠡᠭᠡ ᠶᠢᠨ ᠵᠦᠷᠢᠶ᠎ᠡ ᠠᠴᠠ ᠡᠭᠦᠰᠬᠦ᠂ ᠲᠣᠭᠯᠠᠭᠠᠮ ᠨᠠᠭᠠᠳᠤᠮ ᠲᠤᠷᠰᠢᠯᠲᠠ ᠶᠢᠨ ᠬᠡᠯᠪᠡᠷᠢ ᠶᠢᠨ ᠵᠢᠭᠠᠨ ᠰᠤᠷᠭᠠᠯᠲᠠ ᠶᠢᠨ ᠰᠢᠯᠢᠳᠡᠭ ᠲᠠᠪᠠᠭᠤᠯᠢᠭ ᠪᠠ ᠾᠧᠨᠠᠨ ᠮᠤᠵᠢ ᠶᠢᠨ ᠯᠦᠸᠧᠶᠠᠩ ᠬᠤᠲᠠ ᠶᠢᠨ ᠰᠢ ᠰᠢᠶᠠ ᡂᠢ ᠪᠠᠭ᠎ᠠ ᠰᠤᠷᠭᠠᠭᠤᠯᠢ ᠶᠢᠨ ︽ᠪᠣᠳᠠᠲᠤ ᠪᠡᠶᠡᠴᠢᠯᠡᠭᠰᠡᠨ ᠵᠢᠭᠠᠨ ᠰᠤᠷᠭᠠᠯᠲᠠ︾ ᠶᠢᠨ ᠬᠢᠴᠢᠶᠡᠯ ᠢ ᠰᠣᠨᠤᠰᠴᠤ᠂ ᠲᠣᠭᠤᠷᠢᠨ ᠰᠤᠷᠤᠯᠴᠠᠭᠠᠳ ᠪᠠᠭ᠎ᠠ ᠰᠤᠷᠭᠠᠭᠤᠯᠢ ᠶᠢᠨ ᠬᠡᠦᠬᠡᠳ ᠣᠨᠴᠠᠭᠠᠶᠢᠯᠠᠨ ᠲᠣᠣᠷ᠎ᠠ ᠣᠨ ᠤ ᠬᠡᠦᠬᠡᠳ ᠤᠨ ᠰᠡᠷᠡᠯ ᠤᠨ ᠲᠠᠨᠢᠯᠲᠠ ᠶᠢᠨ ᠵᠢᠮ᠎ᠡ ᠶᠣᠰᠤ ᠶᠢ ᠠᠰᠢᠭᠯᠠᠨ ᠪᠣᠳᠠᠲᠣ ᠪᠡᠶ᠎ᠡ ᠪᠠᠷ ᠣᠷᠤᠯᠳᠤᠭᠤᠯᠤᠨ ᠪᠡᠶᠡᠴᠢᠯᠡᠨ ᠰᠡᠷᠡᠭᠦᠯᠬᠦ᠂ ᠳᠦᠷᠢ ᠪᠠ ᠰᠡᠷᠡᠯ ᠤᠨ ᠬᠤᠯᠪᠤᠭᠳᠠᠯ ᠤᠨ ᠵᠢᠭᠠᠨ ᠰᠤᠷᠭᠠᠯᠲᠠ ᠶᠢ ᠴᠢᠬᠤᠯᠠᠴᠢᠯᠠᠵᠤ ᠪᠠᠶᠢᠬᠤ ᠲᠤᠬᠠᠢ ᠬᠤᠪᠢ ᠬᠤᠪᠢᠨ ᠤ ᠬᠢᠨᠢ ᠦᠪᠡᠷᠮᠢᠴᠡ ᠲᠠᠪᠠᠭᠤᠯᠢᠭ ᠢ ᠤᠢᠢᠯᠠᠭᠠᠨ ᠮᠡᠳᠡᠯ᠎ᠡ᠃ ᠨᠡᠩ ᠢᠯᠠᠩᠭᠤᠶ᠎ᠠ ᠲᠤᠰ ᠰᠤᠷᠭᠠᠭᠤᠯᠢ ᠨᠢ ᠪᠠᠭᠰᠢ ᠰᠤᠷᠤᠭᠴᠢ ᠶᠢᠨ ᠰᠡᠳᠬᠢᠴᠡ ᠶᠢᠨ ᠬᠦᠮᠦᠵᠢᠯ ᠢ ᠴᠢᠬᠤᠯᠠᠴᠢᠯᠠᠨ ᠱᠠᠭᠠᠷᠳᠠᠵᠤ ᠪᠠᠶᠢᠭ᠎ᠠ ᠠᠴᠠ ᠰᠤᠷᠭᠠᠨ ᠬᠦᠮᠦᠵᠢᠯ ᠢ ᠠᠬᠢᠭᠤᠯᠬᠤ ᠪᠠᠰᠠ ᠨᠢᠭᠡᠨ ᠠᠮᠵᠢᠯᠲᠠ ᠶᠢᠨ ᠪᠠᠲᠤᠯᠠᠭ᠎ᠠ ᠪᠣᠯᠬᠤ ᠡᠴᠢᠨ᠎ᠡ ᠭᠦᠨ ᠳᠠᠯᠳᠠ ᠶᠣᠰᠤ ᠶᠢ ᠤᠬᠠᠯ᠎ᠠ︕      ᠬᠦᠭᠵᠢᠭᠰᠡᠨ ᠭᠠᠵᠠᠷ ᠣᠷᠤᠨ ᠤ ᠲᠠᠪᠰᠢᠩᠭᠤᠢ ᠵᠢᠭᠠᠨ ᠰᠤᠷᠭᠠᠯᠲᠠ ᠶᠢᠨ ᠣᠨᠤᠯᠵᠢᠬᠤᠨ᠂ ᠪᠣᠲᠠᠲᠠᠢ ᠠᠷᠭ᠎ᠠ ᠶᠠᠪᠤᠴᠠ ᠶᠢ ᠮᠠᠨ ᠤ ᠦᠪᠡᠷ ᠤᠨ ᠲᠤᠷᠰᠢᠨ ᠰᠤᠳᠤᠯᠵᠤ ᠪᠠᠶᠢᠭ᠎ᠠ ᠭᠤᠷᠪᠠᠨ ᠠᠯᠬᠤᠮᠲᠤ ᠵᠢᠭᠠᠬᠤ ᠠᠷᠭ᠎ᠠ ᠲᠠᠢ ᠪᠠᠨ ᠬᠠᠷᠢᠴᠠᠭᠤᠯᠤᠨ ᠠᠳᠠᠯᠢᠳᠬᠠᠬᠤ ᠪᠠᠷ ᠲᠠᠮᠵᠢᠭᠠᠳ ᠭᠤᠷᠪᠠᠨ ᠠᠯᠬᠤᠮᠲᠤ ᠵᠢᠭᠠᠬᠤ ᠠᠷᠭ᠎ᠠ ᠪᠣᠯ ᠲᠡᠳᠡᠨ ᠤ ᠵᠢᠭᠠᠨ ᠰᠤᠷᠭᠠᠯᠲᠠ ᠶᠢᠨ ᠣᠨᠤᠯᠵᠢᠬᠤᠨ ᠦᠵᠡᠯ ᠰᠠᠨᠠᠭ᠎ᠠ ᠲᠠᠢ ᠮᠦᠷᠦ ᠵᠡᠷᠭᠡᠴᠡᠨ ᠣᠷᠤᠰᠢᠵᠤ ᠪᠠᠶᠢᠬᠤ ᠪᠦᠭᠡᠳ ᠮᠣᠩᠭᠤᠯ ᠦᠨᠳᠦᠰᠦᠲᠡᠨ ᠤ ᠬᠡᠦᠬᠡᠳ ᠤᠨ ᠣᠨᠴᠠᠯᠢᠭ ᠲᠤ ᠪᠠᠨ ᠵᠣᠬᠢᠴᠠᠭᠰᠠᠨ᠂ ᠬᠦᠮᠦᠨ ᠤ ᠲᠠᠨᠢᠯᠲᠠ ᠶᠢᠨ ᠵᠢᠮ᠎ᠡ ᠶᠣᠰᠤᠨ ᠳᠤ ᠨᠡᠶᠢᠴᠡᠭᠰᠡᠨ᠂ ᠬᠢᠴᠢᠶᠡᠯ ᠤᠨ ᠪᠠᠷᠢᠮᠵᠢᠶ᠎ᠠ ᠱᠠᠭᠠᠷᠳᠠᠯᠭ᠎ᠠ ᠲᠠᠢ ᠨᠢᠭᠡᠳᠦᠭᠰᠡᠨ᠂ ᠬᠢᠴᠢᠶᠡᠯ ᠲᠦᠷᠦᠯ ᠢᠶᠠᠷ ᠢᠶᠠᠨ ᠰᠠᠭᠤᠷᠢᠯᠠᠭᠰᠠᠨ ᠦᠪᠡᠷᠮᠢᠴᠡ ᠲᠠᠪᠠᠭᠤᠯᠢᠭ ᠣᠨᠴᠠᠯᠢᠭ ᠪᠠ ᠬᠦᠭᠵᠢᠭᠦᠯᠦᠨ ᠠᠰᠢᠭᠯᠠᠬᠤ ᠣᠷᠤᠨ ᠵᠠᠢ ᠬᠡᠷᠡᠭᠯᠡᠭᠡᠨ ᠤ ᠦᠨ᠎ᠡ ᠦᠷᠲᠡᠭ ᠲᠠᠢ ᠪᠠᠶᠢᠬᠤ ᠶᠢ ᠨᠡᠩ ᠭᠦᠨᠵᠡᠭᠡᠢ ᠰᠡᠷᠡᠵᠦ ᠮᠡᠳᠡᠯ᠎ᠡ᠃      ᠭᠤᠷᠪᠠ᠂ ᠦᠪᠡᠷ ᠤᠨ ᠬᠤᠶᠢᠰᠢᠲᠠ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ      ᠲᠤᠰ ᠤᠳᠠᠭᠠᠨ ᠤ ᠪᠣᠯᠪᠠᠰᠤᠷᠠᠯ ᠳᠤ ᠬᠠᠮᠢᠶ᠎ᠠ ᠪᠦᠬᠦᠢ ᠤᠳᠤᠷᠢᠳᠤᠯᠭ᠎ᠠ ᠶᠢᠨ ᠶᠠᠷᠢᠶ᠎ᠠ ᠲᠠᠶᠢᠯᠤᠮᠵᠢ᠂ ᠲᠤᠰᠬᠠᠢ ᠮᠡᠷᠭᠡᠵᠢᠯᠲᠡᠨ ᠪᠠᠭᠰᠢ ᠨᠠᠷ ᠤᠨ ᠣᠨᠤᠯ ᠤᠨ ᠵᠢᠯᠤᠭᠤᠳᠤᠯᠭ᠎ᠠ ᠶᠢ ᠰᠣᠨᠤᠰᠬᠤ ᠪᠠ ᠰᠢ ᠰᠢᠶᠠ ᡂᠢ ᠪᠠᠭ᠎ᠠ ᠰᠤᠷᠭᠠᠭᠤᠯᠢ ᠳᠤ ᠲᠤᠭᠤᠷᠢᠨ ᠰᠤᠷᠤᠯᠴᠠᠬᠤ ᠪᠠᠷ ᠲᠠᠮᠵᠢᠭᠠᠳ ᠦᠪᠡᠷ ᠤᠨ ᠵᠢᠭᠠᠨ ᠰᠤᠷᠭᠠᠯᠲᠠ ᠶᠢᠨ ᠬᠦᠷᠦᠯᠴᠡᠬᠦ ᠦᠭᠡᠢ ᠵᠦᠢᠯᠡᠰ᠂ ᠵᠦᠷᠢᠶ᠎ᠡ ᠲᠦᠪᠰᠢᠨ ᠢᠶᠠᠨ ᠲᠣᠳᠣᠷᠬᠠᠢ ᠲᠠᠨᠢᠬᠤ ᠶᠢᠨ ᠬᠠᠮᠲᠤ ᠬᠤᠶᠢᠰᠢᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠡᠩ ᠲᠣᠳᠤᠷᠬᠠᠢ ᠮᠡᠳᠡᠯ᠎ᠡ᠃      1. ᠣᠷᠤᠯᠳᠤᠯᠭ᠎ᠠ ᠰᠦᠪᠡᠭᠴᠢᠯᠡᠯ ᠲᠤᠲᠠᠮᠠᠭ᠂ ᠡᠷᠭᠢᠴᠡᠭᠦᠯᠦᠯ ᠲᠤᠩᠭᠠᠯᠲᠠ ᠬᠤᠮᠰᠠ ᠪᠠᠶᠢᠨ᠎ᠠ᠃ ᠪᠢᠳᠡᠨ ᠤ ᠡᠴᠢᠨᠡᠨ ᠵᠢᠯ ᠤᠨ ᠵᠢᠭᠠᠨ ᠰᠤᠷᠭᠠᠯᠲᠠ ᠶᠢᠨ ᠶᠠᠪᠤᠴᠠ ᠳᠤ ᠬᠢᠬᠦ ᠠᠵᠢᠯ ᠢᠶᠠᠨ ᠰᠤᠳᠤᠯᠵᠤ᠂ ᠦᠪᠡᠷ ᠤᠨ ᠭᠡᠰᠡᠨ ᠵᠠᠭᠪᠤᠷ ᠢ ᠰᠦᠪᠡᠭᠴᠢᠯᠡᠬᠦ ᠪᠠ ᠬᠢᠭᠰᠡᠨ ᠠᠵᠢᠯ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ ᠬᠤᠷᠢᠶᠠᠩᠭᠤᠶᠢᠯᠠᠬᠤ ᠦᠵᠡᠯ ᠤᠬᠠᠮᠰᠠᠷ ᠲᠠᠳᠬᠠᠯ ᠪᠤᠯᠪᠠᠰᠤᠷᠠᠯ ᠲᠣᠯᠢᠮᠠᠭ ᠪᠠᠶᠢᠨ᠎ᠠ᠃ ︽ᠭᠤᠷᠪᠠᠨ ᠠᠯᠬᠤᠮᠲᠤ ᠵᠢᠭᠠᠬᠤ ᠠᠷᠭ᠎ᠠ︾ ᠨᠢ ᠮᠠᠨ ᠤ ᠬᠡᠦᠬᠡᠳ ᠤᠨ ᠲᠣᠭᠠᠨ ᠤ ᠤᠬᠠᠭᠠᠨ ᠰᠤᠷᠬᠤ ᠳᠤᠷ᠎ᠠ ᠦᠭᠡᠢ ᠪᠠᠶᠢᠳᠠᠬ ᠬᠦᠴᠢᠷ ᠠᠰᠠᠭᠤᠳᠠᠯ ᠢ ᠰᠢᠢᠳᠪᠦᠷᠢᠯᠡᠵᠦ ᠡᠵᠠᠨ ᠮᠠᠳᠠᠭᠦ ᠴᠢᠳᠠᠪᠤᠷᠢ᠂ ᠬᠤᠷᠰᠢᠨ ᠬᠠᠮᠳᠤᠷᠠᠬᠤ ᠴᠢᠳᠠᠪᠤᠷᠢ᠂ ᠰᠢᠨ᠎ᠠ ᠶᠢ ᠡᠭᠦᠳᠭᠦ ᠴᠢᠳᠠᠪᠤᠷᠢ ᠶᠢ ᠪᠤᠯᠪᠠᠰᠤᠷᠠᠭᠤᠯᠤᠨ ᠭᠦᠮᠦᠵᠢᠭᠦᠯᠵᠤ ᠴᠢᠳᠠᠬᠤ ᠶᠤᠮ᠃ ᠪᠢᠳᠡ ᠵᠠᠬᠢᠷᠬᠤ ᠬᠡᠯᠪᠡᠷᠢ ᠠᠴᠠ ᠰᠤᠳᠤᠯᠬᠤ ᠬᠡᠯᠪᠡᠷᠢ ᠵᠦᠭ᠂ ᠡᠵᠡᠮᠳᠡᠬᠦ ᠬᠡᠯᠪᠡᠷᠢ ᠠᠴᠠ ᠦᠢᠯᠡᠴᠢᠯᠡᠬᠦ ᠬᠡᠯᠪᠡᠷᠢ ᠲᠡᠶᠢᠰᠢ᠂ ᠵᠢᠭᠠᠬᠤ ᠶᠢ ᠰᠤᠳᠤᠯᠬᠤ ᠬᠡᠯᠪᠡᠷᠢ ᠠᠴᠠ ᠰᠤᠷᠬᠤ ᠶᠢ ᠰᠤᠳᠤᠯᠬᠤ ᠬᠡᠯᠪᠡᠷᠢ ᠤᠷᠤᠭᠤ ᠰᠢᠯᠵᠢᠵᠦ᠂ ᠡᠳᠦᠷ ᠲᠣᠲᠤᠮ ᠤᠨ ᠵᠢᠭᠠᠨ ᠰᠤᠷᠭᠠᠯᠲᠠ ᠲᠤᠮᠲᠠ ᠪᠠᠨ ᠰᠤᠷᠤᠭᠴᠢᠳ ᠲᠤ ᠰᠤᠷᠤᠯᠴᠠᠯᠭ᠎ᠠ ᠶᠢᠨ ᠡᠵᠡᠨ ᠤ ᠡᠷᠬᠡ ᠴᠢᠯᠦᠭᠡ ᠶᠢ ᠣᠯᠭᠤᠨ᠂ ᠡᠵᠡᠨ ᠮᠡᠳᠡᠨ ᠰᠦᠪᠡᠭᠴᠢᠯᠡᠬᠦ ᠴᠠᠭ ᠬᠢᠭᠡᠳ ᠣᠷᠤᠨ ᠵᠠᠢ ᠶᠢ ᠭᠦᠢᠴᠡᠳ ᠬᠠᠩᠭᠠᠨ ᠦᠭᠴᠦ᠂ ᠰᠤᠷᠤᠭᠴᠢ ᠶᠢᠨ ᠪᠡᠶᠡᠴᠢ ᠴᠢᠳᠠᠮᠠᠭᠠᠢ ᠣᠷᠤᠯᠳᠤᠯᠭ᠎ᠠ ᠶᠢ ᠴᠢᠬᠤᠯᠠᠴᠢᠯᠠᠨ ᠮᠡᠳᠡᠯᠭᠡ ᠶᠢᠨ ᠪᠦᠷᠢᠯᠳᠦᠯ ᠢ ᠪᠡᠶᠡᠴᠢᠯᠡᠨ ᠦᠩᠭᠡᠷᠡᠭᠦᠯᠬᠦ ᠪᠠᠷ ᠲᠠᠮᠵᠢᠭᠤᠯᠤᠨ ᠲᠡᠳᠡᠨ ᠤ ᠲᠠᠷᠢᠬᠢᠨ ᠳᠤ ᠳᠦᠷᠢ ᠪᠦᠲᠦᠭᠡᠯᠭᠡᠨ᠂ ᠲᠤᠭᠠᠨ ᠤ ᠤᠬᠠᠭᠠᠨ ᠢ ᠰᠤᠷᠤᠯᠴᠠᠬᠤ ᠤᠷᠮ᠎ᠠ ᠰᠣᠨᠢᠷᠬᠠᠯ ᠪᠠ ᠰᠤᠷᠤᠯᠴᠠᠯᠭ᠎ᠠ ᠶᠢᠨ ᠴᠢᠳᠠᠪᠤᠷᠢ ᠪᠣᠯᠪᠠᠰᠤᠷᠠᠯ ᠢ ᠲᠡᠭᠡᠭᠰᠢᠯᠡᠭᠦᠯᠵᠦ᠂ ︽ᠭᠤᠷᠪᠠᠨ ᠠᠯᠬᠤᠮᠲᠤ ᠵᠢᠭᠠᠬᠤ ᠠᠷᠭ᠎ᠠ︾ ᠶᠢ ᠲᠠᠰᠤᠷᠠᠯᠲᠠ ᠦᠭᠡᠢ ᠰᠤᠳᠤᠯᠤᠨ ᠲᠡᠭᠦᠯᠳᠡᠷᠵᠢᠭᠦᠯᠬᠦ ᠪᠣᠯ ᠨᠢᠳᠦᠨ ᠡᠮᠦᠨ᠎ᠡ ᠲᠤᠯᠭᠠᠮ᠎ᠠ ᠱᠠᠭᠠᠷᠳᠠᠭᠳᠠᠵᠤ ᠪᠠᠶᠢᠭ᠎ᠠ ᠡᠭᠦᠷᠭᠡ ᠪᠣᠯᠣᠭᠠᠳ ᠪᠠᠶᠢᠨ᠎ᠠ᠃      2. ᠵᠦᠪ ᠡᠨᠧᠷᠬᠢ ᠶᠢᠨ ᠴᠡᠨᠡᠭᠯᠡᠯ᠂ ᠲᠡᠰᠪᠦᠷᠢ ᠬᠠᠲᠠᠭᠤ ᠪᠠᠷᠢᠮᠲᠠᠯᠠᠯ ᠰᠤᠯᠠ ᠪᠠᠶᠢᠨ᠎ᠠ᠃ ᠵᠢᠭᠠᠨ ᠰᠤᠷᠭᠠᠯᠲᠠ ᠶᠢᠨ ᠠᠵᠢᠯ ᠪᠣᠯ ᠤᠷᠲᠤ ᠤᠳᠠᠭᠠᠨ ᠴᠢᠨᠠᠷ ᠲᠠᠢ ᠨᠠᠷᠢᠯᠢᠬ ᠠᠵᠢᠯ ᠶᠤᠮ᠃ ᠪᠢᠳᠡ ᠶᠠᠭᠤᠨ ᠤ ᠡᠮᠦᠨ᠎ᠡ ᠠᠵᠢᠯ ᠢᠶᠠᠨ ᠦᠢᠯᠡᠰ ᠬᠡᠮᠡᠨ ᠲᠡᠭᠡᠳᠦᠯᠡᠵᠦ᠂ ᠦᠨᠳᠦᠰᠦᠲᠡᠨ ᠤᠭᠰᠠᠭ᠎ᠠ᠂ ᠦᠷ᠎ᠡ ᠬᠤᠶᠢᠴᠢᠰ ᠢᠶᠠᠨ ᠬᠦᠭᠵᠢᠭᠦᠯᠦᠨ ᠮᠠᠨᠳᠤᠭᠤᠯᠬᠤ ᠪᠣᠶᠠᠨ ᠤ ᠦᠢᠯᠡᠰ ᠬᠢᠵᠦ ᠶᠠᠪᠤᠭ᠎ᠠ ᠳᠤ ᠪᠠᠨ ᠪᠠᠭ᠋ᠠᠷᠬᠠᠨ ᠣᠮᠤᠭᠰᠢᠬᠤ ᠬᠡᠷᠡᠭᠲᠠᠢ᠃ ᠦᠵᠡᠯ ᠰᠠᠨᠠᠭ᠎ᠠ ᠪᠠᠨ ᠴᠢᠯᠦᠭᠡᠯᠡᠨ᠂ ᠰᠡᠳᠬᠢᠴᠡ ᠵᠦᠢ ᠶᠢᠨ ᠣᠨᠤᠯ ᠤᠨ ᠲᠦᠪᠰᠢᠨ ᠢᠶᠠᠨ ᠦᠨᠳᠦᠷᠵᠢᠭᠦᠯᠵᠦ᠂ ᠵᠣᠯ ᠵᠢᠷᠭᠠᠯᠲᠤ ᠠᠷᠠᠳ ᠤᠨ ᠪᠠᠭᠰᠢ ᠪᠣᠯᠵᠤ ᠴᠢᠳᠠᠬᠤ ᠬᠡᠷᠡᠭᠲᠠᠢ᠃ ᠪᠠᠭᠰᠢ ᠪᠣᠯᠤᠭᠰᠠᠳ ᠭᠠᠭᠴᠠᠬᠦ ᠬᠠᠷᠢᠭᠤᠴᠠᠯᠭ᠎ᠠ᠂ ᠴᠢᠷᠮᠠᠶᠢᠯᠭ᠎ᠠ ᠳᠤ ᠲᠦᠰᠢᠭᠯᠡᠭᠡᠳ ᠪᠣᠯᠬᠤ ᠦᠭᠡᠢ ᠪᠠᠰᠠ ᠡᠷᠡᠭᠦᠯ ᠰᠡᠳᠬᠢᠴᠡ᠂ ᠡᠪ ᠬᠠᠮᠲᠤᠷᠠᠯ᠂ ᠡᠩ ᠲᠦᠬᠦᠷ ᠠᠷᠭ᠎ᠠ ᠠᠪᠴᠠᠯ ᠢ ᠤᠶᠠᠯᠳᠤᠭᠤᠯᠬᠤ ᠨᠢ ᠴᠢᠬᠤᠯᠠ ᠠᠴᠠ ᠴᠢᠬᠤᠯᠠ ᠭᠡᠳᠡᠭ ᠢ ᠨᠡᠩ ᠰᠠᠶᠢᠨ ᠣᠶᠢᠯᠠᠭᠠᠬᠤ ᠬᠡᠷᠡᠭᠲᠠᠢ᠃ ᠮᠦᠨᠴᠦ ᠲᠡᠭᠡᠵᠦ ᠠᠵᠢᠯᠯᠠᠵᠤ ᠴᠢᠳᠠᠬᠤ ᠬᠡᠷᠡᠭᠲᠠᠢ︕ ᠴᠢᠷᠮᠠᠶᠢᠯᠭ᠎ᠠ ᠪᠣᠯᠪᠠᠰᠤᠷᠠᠯ ᠢᠶᠠᠷ ᠲᠠᠮᠵᠢᠭᠤᠯᠤᠨ ᠢᠯᠡ ᠤᠬᠠᠮᠰᠠᠷ᠂ ᠳᠠᠯᠳᠠ ᠤᠬᠠᠮᠰᠠᠷ ᠤᠨ ᠴᠢᠭᠯᠡᠯ ᠱᠤᠭᠤᠮ ᠢᠶᠠᠨ ᠢᠵᠢᠯᠢᠰᠢᠭᠦᠯᠦᠨ᠂ ᠬᠢᠴᠢᠶᠡᠯ ᠲᠦᠷᠦᠯ ᠤᠨ ᠲᠤᠰᠬᠠᠢ ᠮᠡᠷᠭᠡᠵᠢᠯᠲᠡᠨ ᠪᠣᠯᠵᠤ᠂ ᠵᠢᠭᠠᠨ ᠰᠤᠷᠭᠠᠯᠲᠠ ᠳᠤ ᠪᠠᠨ ᠴᠠᠭᠠᠷᠠᠨ ᠨᠡᠪᠲᠡᠷᠡᠬᠦ ᠪᠠᠲᠤ ᠴᠢᠩᠭ᠎ᠠ ᠢᠲᠡᠭᠡᠯ ᠪᠢᠰᠢᠷᠡᠯ ᠢ ᠡᠪᠦᠷᠯᠡᠨ ᠦᠪᠡᠷ ᠢ ᠪᠠᠨ ᠲᠠᠰᠤᠷᠠᠯᠲᠠ ᠦᠭᠡᠢ ᠲᠡᠭᠦᠯᠲᠡᠷᠵᠢᠭᠦᠯᠦᠨ ᠲᠡᠭᠡᠭᠰᠢᠯᠡᠭᠦᠯᠵᠦ ᠴᠢᠷᠮᠡᠶᠢᠠ ᠠᠵᠢᠯᠯᠠᠬᠤ ᠬᠡᠷᠡᠭᠲᠠᠢ ᠪᠠᠶᠢᠨ᠎ᠠ᠃         ᠬᠠᠶ᠋ᠢᠬ᠄ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠮᠤᠩᠭᠤᠯ ᠦᠨᠳᠦᠰᠦᠲᠡᠨ ᠤ ᠪᠠᠭ᠎ᠠ ᠰᠤᠷᠭᠠᠭᠤᠯᠢ                    ︵ᠦᠭᠡᠯᠠᠳ ᠪᠠᠭᠠᠳᠤᠷ ᠨᠠᠶᠢᠷᠠᠭᠤᠯᠪᠠ︶                     2018 ᠣᠨ ᠤ 3 ᠳ᠋ᠤᠭᠠᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map