ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠣᠯᠲᠠ ᠲᠣᠮᠳᠠ ᠣᠷᠤᠰᠢᠵᠤ ᠪᠠᠶᠢᠭ᠎ᠠ ᠠᠰᠠᠭᠤᠳᠠᠯ ᠵᠢᠴᠢ ᠰᠢᠢᠳᠪᠤᠷᠢᠯᠡᠭᠦ ᠠᠷᠭ᠎ᠠ ᠪᠣᠳᠣᠯᠭ᠎ᠠ
ᠨᠡᠶᠢᠲᠡᠯᠡᠭᠰᠡᠨ ᠴᠠᠭ᠄
2019/1/11
                                                         ᠪᠣᠤ ᠬᠠᠢ ᠶᠠᠨ      ᠬᠢᠴᠢᠶᠡᠯ ᠲᠦᠷᠦᠯ ᠤᠨ ᠦᠢᠯᠡᠴᠢᠯᠡᠭᠡᠨ ᠭᠡᠳᠡᠭ ᠨᠢ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠪᠦᠲᠦᠭᠡᠨ ᠪᠠᠶᠢᠭᠤᠯᠣᠯᠲᠠ ᠶᠢᠨ ᠬᠦᠭᠵᠢᠯᠲᠡ ᠶᠢᠨ ᠬᠡᠷᠡᠭᠴᠡᠭᠡᠨ ᠳᠤ ᠰᠠᠭᠤᠷᠢᠯᠠᠵᠤ᠂ ᠬᠢᠴᠢᠶᠡᠯ ᠲᠦᠷᠦᠯ ᠤᠨ ᠨᠤᠮ ᠤᠨ ᠰᠠᠩᠴᠢ ᠪᠠᠷ ᠲᠦᠪ ᠪᠣᠯᠭᠠᠨ᠂ ᠲᠡᠭᠡᠳᠦ ᠰᠣᠷᠭᠠᠭᠤᠯᠢ ᠶᠢᠨ ᠨᠤᠮ ᠤᠨ ᠰᠠᠩ ᠤᠨ ᠡᠯ᠎ᠡ ᠲᠦᠷᠦᠯ ᠤᠨ ᠡᠬᠢ ᠰᠣᠷᠪᠤᠯᠵᠢ ᠪᠠᠷ ᠦᠢᠯᠡᠴᠢᠯᠡᠭᠡᠨ ᠤ ᠠᠴᠢᠶᠠᠯᠠᠭᠴᠢ ᠪᠣᠯᠭᠠᠵᠤ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠢᠶᠠᠷ ᠲᠦᠰᠢᠭ ᠪᠣᠯᠭᠠᠨ᠂ ᠬᠢᠴᠢᠶᠡᠯ ᠲᠦᠷᠦᠯ ᠤᠨ ᠬᠡᠷᠡᠭᠯᠡᠭᠴᠢᠳ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠭᠰᠠᠨ᠂ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠨ ᠬᠢᠴᠢᠶᠡᠯ ᠲᠦᠷᠦᠯ ᠤᠨ ᠬᠡᠷᠡᠭᠯᠡᠭᠴᠢᠳ ᠲᠤ ᠲᠣᠰᠬᠠᠶᠢᠵᠢᠭᠰᠠᠨ᠂ ᠦᠪᠡᠷᠮᠢᠴᠡ ᠪᠠ ᠮᠡᠳᠡᠯᠭᠡᠵᠢᠭᠰᠡᠨ ᠦᠢᠯᠡᠴᠢᠯᠡᠭᠡᠨ ᠬᠠᠩᠭᠠᠬᠤ ᠶᠢ ᠬᠡᠯᠡᠨ᠎ᠡ᠃ ᠬᠢᠴᠢᠶᠡᠯ ᠲᠦᠷᠦᠯ ᠤᠨ ᠦᠢᠯᠡᠴᠢᠯᠡᠭᠡᠨ ᠢ ᠦᠷᠨᠢᠭᠦᠯᠬᠦ ᠪᠤᠯ ᠲᠡᠭᠡᠳᠦ ᠰᠣᠷᠭᠠᠭᠤᠯᠢ ᠶᠢᠨ ᠨᠤᠮ ᠤᠨ ᠰᠠᠩ ᠤᠨ ᠦᠢᠯᠡᠴᠢᠯᠡᠭᠡᠨ ᠤ ᠰᠢᠨᠡᠴᠢᠯᠡᠯᠲᠡ ᠦᠭᠡᠷᠡᠴᠢᠯᠡᠯᠲᠡ ᠪᠦᠭᠡᠳ ᠲᠤᠰ ᠪᠡᠶ᠎ᠡ ᠶᠢᠨ ᠦᠨ᠎ᠡ ᠦᠷᠳᠡᠭ ᠢᠶᠠᠨ ᠲᠡᠭᠡᠭᠰᠢᠯᠡᠭᠦᠯᠬᠦ ᠴᠢᠬᠤᠯᠠ ᠴᠢᠭᠯᠡᠯ ᠮᠦᠨ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠪᠣᠯ ᠬᠢᠴᠢᠶᠡᠯ ᠲᠦᠷᠦᠯ ᠤᠨ ᠨᠤᠮ ᠤᠨ ᠰᠠᠩᠴᠢ ᠠᠴᠠ ᠬᠢᠴᠢᠶᠡᠯ ᠲᠦᠷᠦᠯ ᠤᠨ ᠦᠢᠯᠡᠴᠢᠯᠡᠭᠡᠨ ᠢ ᠶᠠᠪᠤᠭᠳᠠᠭᠤᠯᠬᠤ ᠲᠣᠣᠷ ᠰᠦᠯᠵᠢᠶᠡᠨ ᠤ ᠲᠠᠪᠴᠠᠩ ᠪᠠᠶᠢᠵᠤ ᠂ ᠬᠢᠴᠢᠶᠡᠯ ᠲᠦᠷᠦᠯ ᠤᠨ ᠨᠣᠮ ᠤᠨ ᠰᠠᠩᠴᠢ ᠪᠠ ᠬᠢᠴᠢᠶᠡᠯ ᠲᠦᠷᠦᠯ ᠤᠨ ᠬᠡᠷᠡᠭᠯᠡᠭᠴᠢᠳ ᠢ ᠬᠤᠯᠪᠤᠭᠠᠯᠠᠬᠤ ᠴᠢᠬᠤᠯᠠ ᠵᠠᠭᠤᠴᠢ ᠮᠦᠷᠳᠡᠭᠡᠨ ᠪᠠᠰᠠ ᠬᠢᠴᠢᠶᠡᠯ ᠲᠦᠷᠦᠯ ᠤᠨ ᠨᠤᠮ ᠤᠨ ᠰᠠᠩᠴᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠢ ᠦᠷᠨᠢᠭᠦᠯᠬᠦ ᠴᠢᠬᠤᠯᠠ ᠲᠦᠰᠢᠭ ᠲᠣᠯᠭᠠᠭᠤᠷᠢ ᠪᠣᠯᠤᠨ᠎ᠠ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠨᠢ ᠰᠣᠷᠭᠠᠭᠤᠯᠢ ᠶᠢᠨ ᠵᠢᠭᠠᠨ ᠰᠣᠷᠭᠠᠯᠲᠠ ᠪᠠ ᠰᠢᠨᠵᠢᠯᠡᠭᠡ ᠰᠣᠳᠣᠯᠭᠠᠨ ᠤ ᠬᠡᠷᠡᠭᠴᠡᠭᠡ ᠳᠤ ᠲᠣᠬᠢᠷᠠᠯᠴᠠᠬᠤ ᠶᠢᠨ ᠲᠣᠰᠠᠲᠠ ᠪᠠᠶᠢᠭᠤᠯᠤᠭᠰᠠᠨ ᠬᠢᠴᠢᠶᠡᠯ ᠲᠦᠷᠦᠯ ᠤᠨ ᠰᠣᠷᠠᠭ ᠵᠠᠩᠬᠢ ᠪᠣᠯᠤᠨ ᠦᠢᠯᠡᠴᠢᠯᠡᠭᠡᠨ ᠤ ᠰᠣᠯᠢᠯᠴᠠᠭ᠎ᠠ ᠶᠢᠨ ᠲᠠᠪᠴᠠᠩ ᠪᠠᠶᠢᠵᠤ᠂ ᠬᠢᠴᠢᠶᠡᠯ ᠲᠦᠷᠦᠯ ᠤᠨ ᠡᠬᠢ ᠰᠣᠷᠪᠣᠯᠵᠢ ᠶᠢ ᠨᠡᠯᠢᠶᠡᠳ ᠪᠦᠬᠦ ᠲᠠᠯ᠎ᠠ ᠪᠠᠷ ᠨᠢᠭᠡᠳᠭᠡᠭᠰᠡᠨ ᠪᠠ ᠬᠢᠴᠢᠶᠡᠯ ᠲᠦᠷᠦᠯ ᠤᠨ ᠮᠠᠲ᠋ᠧᠷᠢᠶᠠᠯ ᠮᠡᠳᠡᠭᠡ ᠶᠢ ᠭᠦᠢᠴᠡᠳ ᠨᠡᠪᠴᠢᠭᠦᠯᠵᠦ᠂ ᠰᠢᠨᠵᠢᠯᠡᠭᠡ ᠰᠣᠳᠣᠯᠭᠠᠨ ᠤ ᠦᠷ᠎ᠡ ᠪᠦᠲᠦᠭᠡᠯ ᠢ ᠴᠠᠭ ᠲᠣᠬᠠᠢ ᠳᠤ ᠨᠢ ᠲᠡᠯᠭᠡᠨ ᠦᠵᠡᠭᠦᠯᠦᠭᠰᠡᠨ ᠪᠦᠭᠡᠳ ᠲᠡᠭᠡᠳᠦ ᠰᠣᠷᠭᠠᠭᠤᠯᠢ ᠶᠢᠨ ᠪᠠᠭᠰᠢ ᠰᠣᠷᠣᠭᠴᠢᠳ ᠤᠨ ᠰᠣᠷᠣᠯᠭ᠎ᠠ ᠪᠠ ᠰᠢᠨᠵᠢᠯᠡᠭᠡ ᠰᠣᠳᠣᠯᠭᠠᠨ ᠢ ᠲᠡᠮᠵᠢᠬᠦ ᠶᠢᠨ ᠲᠣᠰᠠᠳᠠ᠂ ᠥᠪᠡᠷᠮᠢᠴᠡ ᠣᠨᠴᠠᠯᠢᠭ ᠪᠦᠬᠦᠢ ᠪᠦᠬᠦ ᠲᠠᠯ᠎ᠠ ᠶᠢᠨ ᠬᠢᠴᠢᠶᠡᠯ ᠲᠦᠷᠦᠯ ᠤᠨ ᠡᠬᠢ ᠰᠣᠷᠪᠣᠯᠵᠢ ᠶᠢ ᠬᠠᠩᠭᠠᠳᠠᠭ᠃      ᠨᠢᠭᠡ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠬᠦᠭᠵᠢᠯᠲᠡ ᠳᠤ ᠬᠢ ᠤᠳᠬ᠎ᠠ ᠠᠭᠤᠯᠭ᠎ᠠ      1. ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠪᠣᠯ ᠬᠢᠴᠢᠶᠡᠯ ᠲᠦᠷᠦᠯ ᠤᠨ ᠦᠢᠯᠡᠴᠢᠯᠡᠭᠡᠨ ᠤ ᠰᠠᠭᠤᠷᠢ ᠮᠦᠨ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠨᠢ ᠨᠣᠮ ᠤᠨ ᠰᠠᠩ ᠤᠨ ᠬᠢᠴᠢᠶᠡᠯ ᠲᠦᠷᠦᠯ ᠤᠨ ᠦᠢᠯᠡᠴᠢᠯᠡᠭᠡᠨ ᠦᠷᠨᠢᠭᠦᠯᠬᠦ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠬᠢᠴᠢᠶᠡᠯ ᠲᠦᠷᠦᠯ ᠤᠨ ᠬᠡᠷᠡᠭᠯᠡᠭᠴᠢ᠂ ᠬᠢᠴᠢᠶᠡᠯ ᠲᠦᠷᠦᠯ ᠤᠨ ᠨᠣᠮ ᠤᠨ ᠰᠠᠩᠴᠢ ᠪᠠ ᠬᠢᠴᠢᠶᠡᠯ ᠲᠦᠷᠦᠯ ᠤᠨ ᠡᠬᠢ ᠰᠣᠷᠪᠣᠯᠵᠢ ᠶᠢ ᠲᠤᠬᠢᠷᠠᠮᠵᠢᠲᠠᠢ ᠵᠤᠬᠢᠶᠠᠨ ᠪᠠᠶᠢᠭᠤᠯᠵᠤ᠂ ᠬᠢᠴᠢᠶᠡᠯ ᠲᠦᠷᠦᠯ ᠤᠨ ᠬᠡᠷᠡᠭᠯᠡᠭᠴᠢ ᠪᠣᠯᠤᠨ ᠨᠣᠮ ᠤᠨ ᠰᠠᠩᠴᠢ᠂ ᠬᠢᠴᠢᠶᠡᠯ ᠲᠦᠷᠦᠯ ᠤᠨ ᠬᠡᠷᠡᠭᠯᠡᠭᠴᠢ ᠪᠣᠯᠤᠨ ᠬᠢᠴᠢᠶᠡᠯ ᠲᠦᠷᠦᠯ ᠤᠨ ᠡᠬᠢ ᠪᠠᠶᠠᠯᠢᠭ᠂ ᠬᠢᠴᠢᠶᠡᠯ ᠲᠦᠷᠦᠯ ᠤᠨ ᠰᠠᠩᠴᠢ ᠪᠣᠯᠤᠨ ᠬᠢᠴᠢᠶᠡᠯ ᠲᠦᠷᠦᠯ ᠤᠨ ᠡᠬᠢ ᠪᠠᠶᠠᠯᠢᠭ ᠤᠨ ᠠᠭᠤᠰᠬᠤ ᠶᠢ ᠪᠡᠶᠡᠯᠡᠭᠦᠯᠵᠦ ᠴᠢᠳᠠᠳᠠᠭ᠃      2. ᠬᠢᠴᠢᠶᠡᠯ ᠲᠦᠷᠦᠯ ᠤᠨ ᠵᠠᠩᠬᠢ ᠶᠢᠨ ᠰᠣᠷᠪᠤᠯᠵᠢ ᠶᠢ ᠣᠷᠳᠤ ᠬᠤᠭᠤᠴᠠᠭ᠎ᠠ ᠪᠠᠷ ᠬᠠᠳᠠᠭᠠᠯᠠᠬᠤ ᠪᠠ ᠬᠠᠮᠢᠶᠠᠷᠴᠤ᠂ ᠬᠢᠴᠢᠶᠡᠯ ᠲᠦᠷᠦᠯ ᠤᠨ ᠮᠡᠳᠡᠯᠭᠡ ᠶᠢᠨ ᠬᠤᠷᠠᠮᠳᠣᠯ ᠤᠨ ᠲᠦᠪ ᠢ ᠪᠦᠷᠢᠯᠳᠦᠭᠦᠯᠦᠨ᠎ᠡ᠃ ᠬᠢᠴᠢᠶᠡᠯ ᠲᠦᠷᠦᠯ ᠤᠨ ᠲᠠᠪᠴᠠᠩ ᠤᠨ ᠲᠣᠳᠣᠷ᠎ᠠ ᠲᠡᠭᠡᠳᠦ ᠰᠣᠷᠭᠠᠭᠤᠯᠢ ᠯᠤᠭ᠎ᠠ ᠦᠪᠡᠷᠮᠢᠴᠡ ᠲᠤᠬᠢᠷᠠᠯᠴᠠᠬᠤ ᠬᠢᠴᠢᠶᠡᠯ ᠲᠦᠷᠦᠯ ᠤᠨ ᠲᠤᠭ᠎ᠠ ᠪᠠᠷᠢᠮᠲᠠ ᠶᠢᠨ ᠬᠦᠮᠦᠷᠭᠡ ᠶᠢ ᠪᠦᠳᠦᠭᠡᠨ ᠪᠠᠶᠢᠭᠤᠯᠣᠨ᠎ᠠ᠃ ᠨᠢᠭᠡ ᠲᠠᠯ᠎ᠠ ᠪᠠᠷ᠂ ᠲᠤᠭ᠎ᠠ ᠪᠠᠷᠢᠮᠲᠠ ᠶᠢᠨ ᠬᠦᠮᠦᠷᠭᠡ ᠶᠢᠨ ᠠᠷᠠᠯᠵᠢᠶᠠᠴᠢᠳ ᠤᠨ ᠡᠷᠳᠡᠮ ᠰᠢᠨᠵᠢᠯᠡᠭᠡᠨ ᠤ ᠡᠬᠢ ᠰᠣᠷᠪᠣᠯᠵᠢ ᠳᠤ ᠬᠢ ᠭᠠᠭᠴᠠᠭᠠᠷ ᠡᠵᠡᠮᠰᠢᠯ ᠢ ᠦᠭᠡᠶᠢᠰᠭᠡᠨ᠂ ᠬᠠᠳᠠᠭᠠᠯᠠᠭᠰᠠᠨ ᠬᠢᠴᠢᠶᠡᠯ ᠲᠦᠷᠦᠯ ᠤᠨ ᠰᠣᠷᠪᠣᠯᠵᠢ ᠪᠠᠨ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠬᠡᠷᠡᠭᠯᠡᠭᠴᠢᠳ ᠲᠤ ᠣᠷᠳᠣ ᠬᠤᠭᠤᠴᠠᠭ᠎ᠠ ᠪᠠᠷ ᠬᠡᠷᠡᠭᠯᠡᠭᠦᠯᠬᠦ ᠶᠢᠨ ᠣᠯᠠᠮ ᠢᠶᠠᠷ᠂ ᠲᠡᠭᠡᠳᠦ ᠰᠣᠷᠭᠠᠭᠤᠯᠢ ᠶᠢᠨ ᠨᠣᠮ ᠤᠨ ᠰᠠᠩ ᠤᠨ ᠶᠡᠭᠡ ᠬᠡᠮᠵᠢᠶᠡᠨ ᠤ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠬᠦ ᠶᠢ ᠠᠷᠪᠢᠯᠠᠭᠤᠯᠤᠨ᠎ᠠ︔ ᠨᠦᠭᠦᠭᠡ ᠲᠠᠯ᠎ᠠ ᠪᠠᠷ᠂ ᠬᠢᠴᠢᠶᠡᠯ ᠲᠦᠷᠦᠯ ᠤᠨ ᠵᠠᠩᠬᠢ ᠶᠢᠨ ᠰᠣᠷᠪᠣᠯᠵᠢ ᠶᠢᠨ ᠲᠦᠪᠯᠠᠷᠠᠩᠭᠦᠢ ᠬᠠᠮᠢᠶᠠᠷᠣᠯᠲᠠ ᠶᠢ ᠪᠡᠶᠠᠯᠡᠭᠦᠯᠬᠦ ᠶᠢᠨ ᠣᠯᠠᠮ ᠢᠶᠠᠷ᠂ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠰᠣᠷᠪᠣᠯᠵᠢ ᠶᠢᠨ ᠬᠤᠷᠠᠮᠳᠤᠯ ᠤᠨ ᠲᠦᠪ ᠢ ᠪᠦᠷᠢᠯᠳᠦᠭᠦᠯᠵᠦ᠂ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠤ ᠦᠨᠳᠦᠷ ᠠᠰᠢᠬᠲᠦ ᠦᠷᠨᠢᠯᠲᠡ ᠳᠤ ᠪᠠᠲᠤᠯᠠᠪᠤᠷᠢ ᠪᠠ ᠲᠡᠮᠵᠢᠯᠭᠡ ᠬᠠᠩᠭᠠᠬᠤ ᠮᠦᠷᠲᠡᠭᠡᠨ ᠡᠷᠳᠡᠮ ᠰᠢᠨᠵᠢᠯᠡᠭᠡᠨ ᠤ ᠰᠣᠷᠪᠣᠯᠵᠢ ᠶᠢᠨ ᠬᠡᠷᠡᠭᠯᠡᠯᠲᠡ ᠪᠠ ᠰᠣᠯᠢᠯᠴᠠᠭ᠎ᠠ ᠶᠢ ᠠᠬᠢᠭᠤᠯᠣᠨ᠂ ᠡᠷᠳᠡᠮ ᠰᠢᠨᠵᠢᠯᠡᠭᠡᠨ ᠤ ᠰᠣᠷᠪᠤᠯᠵᠢ ᠶᠢᠨ ᠨᠦᠯᠦᠭᠡᠯᠡᠬᠦ ᠴᠢᠳᠠᠪᠬᠢ ᠶᠢ ᠲᠡᠭᠡᠭᠰᠢᠯᠡᠭᠦᠯᠦᠨ᠎ᠡ᠃      3. ᠬᠢᠴᠢᠶᠡᠯ ᠲᠦᠷᠦᠯ ᠤᠨ ᠣᠨᠴᠠᠯᠢᠬᠵᠢᠭᠰᠠᠨ᠂ ᠨᠡᠶᠢᠳᠡᠮᠵᠢᠭᠰᠡᠨ ᠦᠢᠯᠡᠴᠢᠯᠡᠭᠡ ᠶᠢ ᠪᠣᠯᠣᠯᠴᠠᠭ᠎ᠠ ᠲᠠᠢ ᠪᠣᠯᠭᠠᠨ᠎ᠠ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠵᠤ᠂ ᠲᠣᠣᠷ ᠰᠦᠯᠵᠢᠶ᠎ᠡ ᠲᠡᠭᠡᠷᠡᠬᠢ ᠡᠯ᠎ᠡ ᠲᠦᠷᠦᠯ ᠤᠨ ᠡᠬᠢ ᠰᠣᠷᠪᠤᠯᠵᠢ ᠶᠢ ᠰᠢᠯᠢᠳᠡᠭᠵᠢᠭᠦᠯᠬᠦ ᠪᠠ ᠬᠠᠮᠳᠣᠴᠢᠯᠠᠬᠤ ᠳᠤ ᠲᠦᠭᠦᠮ ᠪᠤᠯᠭᠠᠵᠤ᠂ ᠬᠢᠴᠢᠶᠡᠯ ᠲᠦᠷᠦᠯ ᠤᠨ ᠡᠬᠢ ᠰᠣᠷᠪᠤᠯᠵᠢ ᠶᠢ ᠲᠡᠭᠡᠳᠦ ᠬᠡᠮᠵᠢᠶ᠎ᠡ ᠪᠠᠷ ᠨᠢᠭᠡᠳᠭᠡᠭᠰᠡᠨ ᠡᠬᠢ ᠰᠣᠷᠪᠣᠯᠵᠢ ᠶᠢ ᠪᠦᠷᠢᠯᠳᠦᠭᠦᠯᠬᠦ ᠶᠢᠨ ᠣᠯᠠᠮ ᠢᠶᠠᠷ᠂ ᠬᠡᠷᠡᠭᠯᠡᠭᠴᠢᠳ ᠤᠨ ᠬᠡᠷᠡᠭᠴᠡᠭᠡ ᠶᠢ ᠦᠨᠳᠦᠰᠦᠯᠡᠨ ᠡᠬᠢ ᠰᠣᠷᠪᠤᠯᠵᠢ ᠳᠤ ᠨᠢᠭᠡᠳᠦᠯᠳᠡᠢ ᠲᠣᠬᠢᠷᠠᠭᠤᠯᠣᠯᠲᠠ ᠬᠢᠵᠦ᠂ ᠮᠡᠳᠡᠯᠭᠡ ᠶᠢᠨ ᠬᠠᠮᠳᠤ ᠪᠠᠷ ᠡᠳ᠋ᠯᠡᠬᠦ ᠪᠠ ᠲᠠᠬᠢᠨᠲᠠ ᠬᠡᠷᠡᠭᠯᠡᠬᠦ ᠶᠢ ᠪᠡᠶᠡᠯᠡᠭᠦᠯᠬᠦ ᠪᠣᠯᠣᠨ᠎ᠠ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠵᠤ᠂ ᠬᠡᠷᠡᠭᠯᠡᠭᠴᠢᠳ ᠤᠨ ᠦᠢᠯᠡ ᠠᠵᠢᠯᠯᠠᠭ᠎ᠠ ᠶᠢ ᠠᠰᠢᠭᠲᠠᠢ ᠲᠡᠮᠳᠡᠭᠯᠡᠵᠦ᠂ ᠬᠡᠷᠡᠭᠯᠡᠭᠴᠢᠳ ᠤᠨ ᠲᠣᠷ᠎ᠠ ᠰᠣᠨᠢᠷᠬᠠᠯ ᠢ ᠵᠠᠳᠠᠯᠤᠨ᠂ ᠬᠡᠷᠡᠭᠯᠡᠭᠴᠢᠳ ᠤᠨ ᠬᠡᠷᠡᠭᠴᠡᠭᠡ ᠲᠠᠢ ᠣᠶᠠᠯᠳᠣᠭᠤᠯᠵᠤ᠂ ᠵᠢᠩᠬᠢᠨᠢ ᠣᠳᠬ᠎ᠠ ᠠᠭᠤᠯᠭ᠎ᠠ ᠲᠡᠭᠡᠷᠡᠬᠢ ᠬᠢᠴᠢᠶᠡᠯ ᠲᠦᠷᠦᠯ ᠤᠨ ᠬᠡᠷᠡᠭᠯᠡᠭᠴᠢᠳ ᠤᠨ ᠥᠪᠡᠷᠮᠢᠴᠡ ᠮᠡᠳᠡᠯᠭᠡ ᠶᠢᠨ ᠦᠢᠯᠡᠴᠢᠯᠡᠭᠡ ᠶᠢ ᠪᠡᠶᠡᠯᠡᠭᠦᠯᠦᠨ᠎ᠡ᠃      4. ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠦᠷᠢᠰᠦᠯᠳᠦᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠢᠶᠠᠷ ᠲᠠᠮᠵᠢᠨ ᠬᠡᠷᠡᠭᠴᠡᠭᠡ ᠪᠦᠬᠦᠢ ᠬᠢᠴᠢᠶᠡᠯ ᠲᠦᠷᠦᠯ ᠤᠨ ᠡᠬᠢ ᠰᠣᠷᠪᠤᠯᠵᠢ ᠪᠠ ᠮᠡᠳᠡᠯᠭᠡ ᠶᠢ ᠬᠤᠷᠳᠤᠨ ᠲᠦᠷᠭᠡᠨ ᠢᠶᠠᠷ ᠣᠯᠵᠤ ᠴᠢᠳᠠᠨ᠎ᠠ᠂ ᠡᠨᠡ ᠨᠢ ᠡᠬᠢ ᠰᠣᠷᠪᠣᠯᠵᠢ ᠪᠠ ᠮᠡᠳᠡᠯᠭᠡ ᠶᠢᠨ ᠬᠤᠷᠳᠣᠨ ᠲᠦᠷᠭᠡᠨ ᠢᠶᠠᠷ ᠲᠠᠮᠵᠢᠭᠳᠠᠵᠤ᠂ ᠰᠣᠯᠢᠯᠴᠠᠨ᠂ ᠬᠤᠪᠢᠷᠠᠯᠲᠠ ᠭᠠᠷᠬᠤ ᠵᠢᠴᠢ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠬᠠᠮᠳᠤ᠂ ᠪᠠᠰᠠ ᠲᠡᠭᠡᠳᠦ ᠰᠣᠷᠭᠠᠭᠤᠯᠢ ᠶᠢᠨ ᠨᠣᠮ ᠤᠨ ᠰᠠᠩ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠭᠦᠯᠬᠦ ᠶᠢᠨ ᠣᠯᠠᠮ ᠢᠶᠠᠷ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠦᠷᠢᠰᠦᠯᠳᠦᠭᠡᠨ ᠤ ᠴᠢᠳᠠᠪᠣᠷᠢ ᠶᠢ ᠲᠡᠭᠡᠭᠰᠢᠯᠡᠭᠦᠯᠵᠠᠢ᠃      ᠬᠤᠶᠠᠷ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠬᠦᠭᠵᠢᠯᠲᠡ ᠶᠢᠨ ᠣᠳᠣᠬᠢ ᠪᠠᠶᠢᠳᠠᠯvᠮᠠᠨ ᠤ ᠣᠯᠣᠰ ᠤᠨ ᠬᠡᠰᠡᠭ ᠲᠦᠯᠦᠭᠡᠯᠡᠬᠦ ᠴᠢᠨᠠᠷᠲᠠᠢ ᠲᠡᠭᠡᠳᠦ ᠰᠣᠷᠭᠠᠭᠤᠯᠢ ᠶᠢᠨ ᠨᠣᠮ ᠤᠨ ᠰᠠᠩ ᠤᠨ ᠲᠣᠭᠠᠴᠠᠯᠠᠭᠰᠠᠨ ᠨᠣᠮ ᠤᠨ ᠰᠠᠩ ᠤᠨ ᠨᠧᠲ ᠦᠷᠳᠡᠭᠡ᠂ ᠲᠠᠷᠣᠢ 2017 ᠤᠨ ᠤ ᠵᠦᠭᠡᠯᠡᠨ ᠰᠢᠨᠵᠢᠯᠡᠬᠦ ᠣᠬᠠᠭᠠᠨ ᠤ ᠳᠡᠯᠡᠬᠡᠢ ᠶᠢᠨ ᠶᠡᠭᠡ ᠰᠣᠷᠭᠠᠭᠤᠯᠢ ᠶᠢᠨ ᠡᠷᠳᠡᠮ ᠰᠢᠨᠵᠢᠯᠡᠭᠡᠨ ᠤ ᠲᠠᠷᠠᠭᠠᠯᠠᠯ ᠳᠤ ᠬᠢ ᠮᠠᠨ ᠤ ᠣᠯᠣᠰ ᠤᠨ ᠡᠮᠦᠨ᠎ᠡ 20 ᠨᠠᠷᠡᠰ ᠲᠤ ᠵᠢᠭᠰᠠᠭᠠᠭᠳᠠᠨ ᠲᠡᠭᠡᠳᠦ ᠰᠣᠷᠭᠠᠭᠤᠯᠢ ᠶᠢᠨ ᠨᠣᠮ ᠤᠨ ᠰᠠᠩ ᠤᠨ ᠨᠧᠲ ᠨᠢᠭᠤᠷ ᠲᠤ ᠦᠨᠳᠦᠰᠦᠨ ᠪᠠᠶᠢᠳᠠᠯ ᠤᠨ ᠪᠠᠶᠢᠴᠠᠭᠠᠯᠲᠠ ᠬᠢᠭᠡᠳ ᠢᠯᠡᠷᠡᠭᠦᠯᠦᠭᠰᠡᠨ ᠨᠢ ︵2017 ᠣᠨ ᠤ 3 ᠰᠠᠷ᠎ᠠ ᠶᠢᠨ 20 ᠤ ᠡᠳᠦᠷ ᠬᠦᠷᠳᠡᠯ᠎ᠡ︶᠄ ︵1︶ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠪᠠᠶᠢᠭᠤᠯᠣᠭᠰᠠᠨ ᠲᠡᠭᠡᠳᠦ ᠰᠣᠷᠭᠠᠭᠤᠯᠢ ᠨᠢ 13 ᠰᠠᠭᠤᠷᠢ᠂ 65 % ᠶᠢ ᠡᠵᠡᠯᠡᠵᠦ ᠪᠣᠢ᠂ ᠲᠣᠰᠪᠣᠷᠢ ᠪᠡᠭᠡᠵᠢᠩ ᠶᠡᠭᠡ ᠰᠣᠷᠭᠠᠭᠤᠯᠢ᠂ ᠴᠢᠩᠬᠤᠸᠠ ᠶᠡᠭᠡ ᠰᠣᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠣᠷᠭᠠᠭᠤᠯᠢ᠂ ᠬᠤᠸᠠ ᠵᠦᠩ ᠰᠢᠨᠵᠢᠯᠡᠭᠡ ᠲᠧᠭᠨᠢᠭ ᠤᠨ ᠶᠡᠭᠡ ᠰᠣᠷᠭᠠᠭᠤᠯᠢ᠂ ᠲᠦᠩ ᠵᠢᠢ ᠶᠡᠭᠡ ᠰᠣᠷᠭᠠᠭᠤᠯᠢ᠂ ᠵᠡᠭᠦᠨ ᠡᠮᠦᠨᠡᠳᠦ ᠶᠢᠨ ᠶᠡᠭᠡ ᠰᠣᠷᠭᠠᠭᠤᠯᠢ᠂ ᠦᠬᠠᠨ ᠶᠡᠭᠡ ᠰᠣᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠣᠷᠭᠠᠭᠤᠯᠢ᠂ ᠵᠧᠵᠢᠶᠠᠩ ᠶᠡᠭᠡ ᠰᠣᠷᠭᠠᠭᠤᠯᠢ᠂ ᠹᠦ᠋ ᠳ᠋ᠠᠨ ᠶᠡᠭᠡ ᠰᠣᠷᠭᠠᠭᠤᠯᠢ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠣᠷᠭᠠᠭᠤᠯᠢ᠂ ᠰᠧᠴᠤᠸᠠᠨ ᠶᠡᠭᠡ ᠰᠣᠷᠭᠠᠭᠤᠯᠢ᠂ ᠨᠠᠨ ᠺᠠᠢ ᠶᠡᠭᠡ ᠰᠣᠷᠭᠠᠭᠤᠯᠢ ︵2︶ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠪᠠᠶᠢᠭᠤᠯᠣᠭᠰᠠᠨ ᠦᠭᠡᠢ ᠰᠣᠷᠭᠠᠭᠤᠯᠢ ᠨᠢ 7 ᠪᠠᠶᠢᠵᠤ᠂ 35% ᠶᠢ ᠡᠵᠡᠯᠡᠨ᠎ᠡ᠃      ᠳᠡᠭᠡᠷᠡᠬᠢ ᠰᠣᠷᠭᠠᠭᠤᠯᠢ ᠨᠤᠭᠤᠳ ᠠᠴᠠ ᠲᠠᠬᠢᠨᠲᠠ ᠪᠡᠭᠡᠵᠢᠩ ᠶᠡᠭᠡ ᠰᠣᠷᠭᠠᠭᠤᠯᠢ᠂ ᠴᠢᠩᠬᠤᠸᠠ ᠶᠡᠭᠡ ᠰᠣᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠣᠷᠭᠠᠭᠤᠯᠢ᠂ ᠹᠦ᠋ ᠳ᠋ᠠᠨ ᠶᠡᠭᠡ ᠰᠣᠷᠭᠠᠭᠤᠯᠢ᠂ ᠬᠤᠸᠠ ᠵᠦᠩ ᠰᠢᠨᠵᠢᠯᠡᠭᠡ ᠲᠧᠭᠨᠢᠭ ᠤᠨ ᠶᠡᠭᠡ ᠰᠣᠷᠭᠠᠭᠤᠯᠢ᠂ ᠲᠦᠩ ᠵᠢᠢ ᠶᠡᠭᠡ ᠰᠣᠷᠭᠠᠭᠤᠯᠢ᠂ ᠵᠡᠭᠦᠨ ᠡᠮᠦᠨᠡᠳᠦ ᠶᠢᠨ ᠶᠡᠭᠡ ᠰᠣᠷᠭᠠᠭᠤᠯᠢ᠂ ᠦᠬᠠᠨ ᠶᠡᠭᠡ ᠰᠣᠷᠭᠠᠭᠤᠯᠢ᠂ ᠨᠠᠨ ᠺᠠᠢ ᠶᠡᠭᠡ ᠰᠣᠷᠭᠠᠭᠤᠯᠢ ᠵᠡᠷᠭᠡ 10 ᠰᠠᠭᠤᠷᠢ ᠨᠡᠶᠢᠳᠡᠯᠢᠭ ᠰᠣᠷᠭᠠᠭᠤᠯᠢ ᠶᠢ ᠰᠣᠩᠭᠤᠨ᠂ ᠡᠯ᠎ᠡ ᠰᠣᠷᠭᠠᠭᠤᠯᠢ ᠤᠳ ᠤᠨ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠳᠤ ᠨᠠᠷᠢᠯᠢᠬ ᠪᠠᠶᠢᠴᠠᠭᠠᠯᠲᠠ ᠬᠢᠬᠡᠳ ᠲᠣᠣᠷᠠᠬᠢ ᠦᠷ᠎ᠡ ᠳ᠋ᠦᠩ ᠢ ᠣᠯᠵᠠᠢ᠄ ︵1︶ 10 ᠰᠠᠭᠤᠷᠢ ᠨᠡᠶᠢᠳᠡᠯᠢᠭ ᠲᠡᠭᠡᠳᠦ ᠰᠣᠷᠭᠠᠭᠤᠯᠢ ᠶᠢᠨ ᠲᠣᠮᠳᠠ᠂ ᠡᠯ᠎ᠡ ᠰᠣᠷᠭᠠᠭᠤᠯᠢ ᠨᠤᠭᠤᠳ ᠬᠢᠴᠢᠶᠡᠯ ᠲᠦᠷᠦᠯ ᠤᠨ ᠲᠣᠬᠢᠷᠠᠭᠤᠯᠣᠯᠲᠠ ᠪᠠᠨ ᠦᠨᠳᠦᠰᠦᠯᠡᠨ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠣᠯᠲᠠ ᠬᠢᠵᠦ᠂ ᠲᠠᠪᠴᠠᠩ ᠤᠨ ᠲᠤᠭ᠎ᠠ ᠬᠡᠮᠵᠢᠶ᠎ᠡ ᠨᠢ ᠠᠷᠪᠢᠨ᠂ ᠬᠠᠮᠤᠷᠣᠭᠰᠠᠨ ᠬᠢᠴᠢᠶᠡᠯ ᠲᠦᠷᠦᠯ ᠤᠨ ᠬᠦᠷᠢᠶ᠎ᠡ ᠬᠡᠪᠴᠢᠶ᠎ᠡ ᠨᠢ ᠦᠷᠭᠡᠨ ᠪᠠᠶᠢᠨ᠎ᠠ᠃ ︵2︶ ᠳᠡᠭᠡᠷᠡᠬᠢ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠪᠠᠶᠢᠭᠤᠯᠣᠭᠰᠠᠨ ᠠᠷᠭ᠎ᠠ ᠬᠡᠯᠪᠡᠷᠢ ᠠᠴᠠ ᠨᠢ ᠦᠵᠡᠪᠡᠯ᠂ ᠶᠡᠭᠡ ᠲᠦᠯᠦᠪ ᠠᠷᠠᠯᠵᠢᠶᠠᠨ ᠤ ᠲᠣᠰᠬᠠᠢ ᠮᠡᠷᠭᠡᠵᠢᠯ ᠤᠨ ᠬᠢᠴᠢᠶᠡᠯ ᠲᠦᠷᠦᠯ ᠤᠨ ᠠᠶᠠᠯᠠᠯ ᠤᠨ ᠵᠠᠯᠠᠭᠤᠷ ᠲᠠᠪᠴᠠᠩ᠂ ᠥᠪᠡᠷᠮᠢᠴᠡ ᠲᠤᠭ᠎ᠠ ᠪᠠᠷᠢᠮᠲᠠ ᠶᠢᠨ ᠬᠦᠮᠦᠷᠭᠡ ᠶᠢᠨ ᠬᠡᠯᠪᠡᠷᠢ ᠪᠠᠷ ᠥᠪᠡᠷᠳᠡᠭᠡᠨ ᠪᠠᠶᠢᠭᠤᠯᠤᠭᠰᠠᠨ᠂ ᠣᠯᠠᠨ ᠲᠦᠷᠦᠯ ᠤᠨ ᠬᠡᠯᠪᠡᠷᠢ ᠪᠠᠷ ᠬᠤᠯᠢᠯᠳᠣᠨ ᠪᠠᠶᠢᠭᠤᠯᠤᠭᠰᠠᠨ ᠵᠡᠷᠭᠡ ᠲᠦᠷᠦᠯ ᠬᠤᠪᠢᠶᠠᠵᠤ ᠪᠣᠯᠣᠨ᠎ᠠ᠃ ᠡᠭᠦᠨ ᠤ ᠲᠤᠮᠳᠠ᠂ ᠡᠯ᠎ᠡ ᠲᠡᠭᠡᠳᠦ ᠰᠣᠷᠭᠠᠭᠤᠯᠢ ᠶᠢᠨ ᠪᠠᠶᠢᠭᠤᠯᠤᠭᠰᠠᠨ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠨᠢ ᠠᠮᠧᠷᠢᠺᠠ ᠣᠯᠣᠰ ᠤᠨ Spring Share ᠺᠣᠮᠫᠠᠨᠢ ᠶᠢᠨ ᠬᠠᠩᠭᠠᠭᠰᠠᠨ Lib Guides ᠠᠷᠠᠯᠵᠢᠶᠠᠨ ᠤ ᠲᠣᠰᠬᠠᠢ ᠮᠡᠷᠭᠡᠵᠢᠯ ᠤᠨ ᠬᠢᠴᠢᠶᠡᠯ ᠲᠦᠷᠦᠯ ᠤᠨ ᠠᠶᠠᠯᠠᠯ ᠤᠨ ᠵᠠᠯᠠᠭᠤᠷ ᠤᠨ ᠲᠠᠪᠴᠠᠩ ᠢᠶᠠᠷ ᠭᠤᠣᠯ ᠪᠣᠯᠭᠠᠵᠠᠢ᠃ ︵3︶ ᠬᠢᠴᠢᠶᠡᠯ ᠲᠦᠷᠦᠯ ᠤᠨ ᠦᠢᠯᠡᠴᠢᠯᠡᠭᠡᠨ ᠤ ᠬᠤᠪᠢᠶᠠᠷᠢ ᠲᠠᠪᠴᠠᠩ ᠤᠨ ᠰᠣᠷᠪᠣᠯᠵᠢᠯᠠᠬᠤ ᠬᠡᠮᠵᠢᠶ᠎ᠡ ᠪᠣᠯᠤᠨ ᠰᠢᠨᠡᠴᠢᠯᠡᠭᠰᠡᠨ ᠴᠠᠭ ᠨᠢ ᠬᠠᠷᠢᠯᠴᠠᠨ ᠨᠦᠯᠦᠭᠡᠯᠡᠵᠦ᠂ ᠬᠠᠷᠢᠯᠴᠠᠨ ᠬᠤᠯᠪᠣᠭ᠎ᠠ ᠬᠠᠷᠢᠴᠠᠭ᠎ᠠ ᠣᠷᠣᠰᠢᠵᠤ᠂ ᠲᠠᠷᠣᠢ ᠭᠤᠣᠯ ᠠᠭᠤᠯᠭ᠎ᠠ ᠶᠢᠨ ᠰᠢᠨᠡᠴᠢᠯᠡᠬᠦ ᠬᠤᠷᠳᠣᠴᠠ ᠨᠢ ᠬᠠᠷᠢᠴᠠᠩᠭᠤᠢ ᠬᠤᠷᠳᠣᠨ ᠬᠤᠪᠢᠶᠠᠷᠢ ᠲᠠᠪᠴᠠᠩ ᠤᠨ ᠰᠣᠷᠪᠣᠯᠵᠢᠯᠠᠬᠤ ᠬᠡᠮᠵᠢᠶ᠎ᠡ ᠨᠢ ᠠᠳᠠᠯᠢ ᠨᠢᠭᠡ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠲᠣᠮᠳᠠᠬᠢ ᠬᠤᠪᠢᠶᠠᠷᠢ ᠲᠠᠪᠴᠠᠩ ᠤᠨ ᠰᠣᠷᠪᠤᠯᠵᠢᠯᠠᠬᠤ ᠬᠡᠮᠵᠢᠶᠡᠨ ᠤ ᠲᠠᠷᠠᠭᠠᠯᠠᠯ ᠤᠨ ᠡᠮᠦᠨᠡᠭᠦᠷ ᠨᠢ ᠪᠠᠶᠢᠳᠠᠭ᠃      ᠭᠤᠷᠪᠠ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠠᠰᠠᠭᠤᠳᠠᠯ ᠵᠢᠴᠢ ᠠᠷᠭ᠎ᠠ ᠪᠣᠳᠣᠯᠭ᠎ᠠ      1. ᠬᠢᠴᠢᠶᠡᠯ ᠲᠦᠷᠦᠯ ᠤᠨ ᠬᠤᠭᠤᠷᠣᠨᠳᠣᠬᠢ ᠣᠶᠠᠯᠳᠣᠬᠤ ᠬᠡᠮᠵᠢᠶ᠎ᠡ ᠪᠠ ᠬᠦᠷᠢᠶ᠎ᠡ ᠬᠡᠪᠴᠢᠶ᠎ᠡ ᠨᠢ ᠬᠦᠷᠦᠯᠴᠡᠬᠦ ᠦᠭᠡᠢ ᠪᠦᠭᠡᠳ ᠠᠭᠤᠯᠭ᠎ᠠ ᠶᠢᠨ ᠰᠢᠨᠡᠴᠢᠯᠡᠯᠲᠡ ᠨᠢ ᠴᠠᠭ ᠲᠣᠬᠠᠢ ᠳᠤ ᠨᠢ ᠪᠢᠰᠢ᠂ ᠡᠶᠢᠮᠦ ᠠᠴᠠ ︽ᠰᠢᠮᠡᠳᠭᠡᠨ ᠣᠷᠣᠭᠤᠯᠬᠤ ᠬᠢᠴᠢᠶᠡᠯ ᠲᠦᠷᠦᠯ︾ ᠤᠨ ᠡᠬᠢ ᠰᠣᠷᠪᠤᠯᠵᠢ ᠶᠢᠨ ᠪᠠᠶᠢᠭᠤᠯᠣᠯᠲᠠ ᠶᠢ ᠴᠢᠩᠭᠠᠳᠬᠠᠪᠠᠯ ᠵᠣᠬᠢᠨ᠎ᠠ᠃      ᠬᠢᠴᠢᠶᠡᠯ ᠲᠦᠷᠦᠯ ᠤᠨ ᠨᠣᠮ ᠤᠨ ᠰᠠᠩᠴᠢ ᠶᠢᠨ ᠬᠦᠮᠦᠨ ᠤ ᠲᠣᠭᠠᠨ ᠤ ᠬᠢᠵᠠᠭᠠᠷᠯᠠᠯ ᠠᠴᠠ ᠪᠣᠯᠵᠤ᠂ ᠣᠳᠤᠬᠠᠨ ᠤ ᠰᠢᠮᠡᠳᠭᠡᠨ ᠣᠷᠣᠭᠤᠯᠬᠤ ᠬᠡᠯᠪᠡᠷᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠨᠢ ᠵᠦᠪᠬᠡᠨ ᠨᠢᠭᠡ ᠪᠦᠯᠦᠭ ᠭᠤᠣᠯᠳᠠᠯᠭ᠎ᠠ ᠲᠠᠢ ᠬᠢᠴᠢᠶᠡᠯ ᠲᠦᠷᠦᠯ ᠳᠤ ᠬᠢᠵᠠᠭᠠᠷᠯᠠᠭᠳᠠᠵᠤ᠂ ᠦᠷᠭᠡᠨ ᠬᠡᠪᠴᠢᠶᠡᠨ ᠤ ᠬᠢᠴᠢᠶᠡᠯ ᠲᠦᠷᠦᠯ ᠤᠨ ᠦᠢᠯᠡᠴᠢᠯᠡᠭᠡᠨ ᠢ ᠬᠠᠩᠭᠠᠵᠤ ᠴᠢᠳᠠᠬᠤ ᠦᠭᠡᠢ ᠪᠠᠶᠢᠳᠠᠭ᠃ ᠵᠠᠷᠢᠮ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠭᠤᠣᠯ ᠠᠭᠤᠯᠭ᠎ᠠ ᠨᠢ ᠪᠣᠰᠣᠳ ᠤᠨ ᠬᠢ ᠶᠢ ᠤᠤᠯ ᠬᠡᠪ ᠢᠶᠠᠷ ᠨᠢ ᠬᠠᠭᠤᠯᠤᠨ ᠪᠠᠭᠤᠯᠭᠠᠭᠰᠠᠨ ᠪᠠ ᠴᠠᠭ ᠲᠣᠬᠠᠢ ᠳᠤ ᠨᠢ ᠰᠢᠨᠡᠴᠢᠯᠡᠯᠲᠡ ᠬᠢᠬᠦ ᠦᠭᠡᠢ ᠵᠡᠷᠭᠡ ᠠᠰᠠᠭᠤᠳᠠᠯ ᠨᠡᠶᠢᠳᠡᠮ ᠣᠷᠤᠰᠢᠵᠤ᠂ ᠴᠢᠭᠯᠡᠯᠲᠦ ᠴᠢᠨᠠᠷ ᠲᠠᠢ ᠬᠢᠴᠢᠶᠡᠯ ᠲᠦᠷᠦᠯ ᠤᠨ ᠦᠢᠯᠡᠴᠢᠯᠡᠭᠡᠨ ᠢ ᠬᠠᠩᠭᠠᠵᠤ ᠴᠢᠳᠠᠬᠤ ᠦᠭᠡᠢ᠃ ᠡᠶᠢᠮᠦ ᠠᠴᠠ᠂ ᠬᠢᠴᠢᠶᠡᠯ ᠲᠦᠷᠦᠯ ᠳᠤ ᠰᠢᠮᠡᠳᠭᠡᠨ ᠣᠷᠣᠭᠤᠯᠬᠤ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠪᠠᠯ ᠲᠠᠭᠠᠷᠠᠨ᠎ᠠ᠃ ︽ᠰᠢᠮᠡᠳᠭᠡᠨ ᠣᠷᠣᠭᠤᠯᠬᠤ ᠬᠢᠴᠢᠶᠡᠯ ᠲᠦᠷᠦᠯ︾ ᠤᠨ ᠡᠬᠢ ᠪᠠᠶᠠᠯᠢᠭ ᠤᠨ ᠪᠠᠶᠢᠭᠤᠯᠤᠯᠲᠠ ᠭᠡᠳᠡᠭ ᠨᠢ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠡᠬᠢ ᠪᠠᠶᠠᠯᠢᠭ ᠢ ᠲᠣᠰᠬᠠᠢ ᠮᠡᠷᠭᠡᠵᠢᠯ ᠤᠨ ᠵᠢᠭᠠᠨ ᠰᠣᠷᠭᠠᠯᠲᠠ ᠳᠤ ᠰᠢᠮᠡᠳᠭᠡᠨ ᠣᠷᠣᠭᠤᠯᠬᠤ ᠶᠢ ᠬᠡᠯᠡᠵᠦ ᠪᠠᠶᠢᠨ᠎ᠠ᠃ ᠰᠢᠮᠡᠳᠭᠡᠨ ᠣᠷᠣᠭᠤᠯᠬᠤ ᠬᠡᠯᠪᠡᠷᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠪᠣᠯ ᠬᠡᠷᠡᠭᠯᠡᠭᠴᠢ ᠶᠢᠨ ᠬᠡᠷᠡᠭᠴᠡᠭᠡ ᠪᠠᠷ ᠲᠦᠪ ᠪᠣᠯᠭᠠᠵᠤ᠂ ᠬᠡᠷᠡᠭᠯᠡᠭᠴᠢᠳ ᠲᠤ ᠲᠣᠰᠬᠠᠶᠢᠵᠢᠭᠰᠠᠨ᠂ ᠦᠪᠡᠷᠮᠢᠴᠡ᠂ ᠬᠠᠨᠳᠤᠯᠭᠠᠲᠤ ᠴᠢᠨᠠᠷ ᠲᠠᠢ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠳᠣ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠠᠭᠤᠯᠭ᠎ᠠ ᠶᠢᠨ ᠰᠢᠨᠡᠴᠢᠯᠡᠯᠲᠡ ᠶᠢ ᠴᠢᠩᠭᠠᠳᠬᠠᠬᠤ ᠶᠢᠨ ᠣᠯᠠᠮ ᠢᠶᠠᠷ᠂ ᠨᠡᠩ ᠢᠯᠡᠭᠦᠦ ᠬᠡᠷᠡᠭᠯᠡᠭᠴᠢᠳ ᠤᠨ ᠲᠠᠪᠴᠠᠩ ᠢ ᠬᠡᠷᠡᠭᠯᠡᠵᠦ ᠰᠣᠷᠣᠯᠴᠠᠬᠤ ᠪᠠ ᠰᠢᠨᠵᠢᠯᠡᠭᠡ ᠰᠣᠳᠤᠯᠭᠠᠨ ᠬᠢᠬᠦ ᠶᠢ ᠣᠷᠮᠠᠰᠢᠭᠤᠯᠣᠨ᠎ᠠ᠃      2. ᠬᠢᠴᠢᠶᠡᠯ ᠲᠦᠷᠦᠯ ᠤᠨ ᠨᠣᠮ ᠤᠨ ᠰᠠᠩᠴᠢ ᠶᠢᠨ ᠮᠡᠳᠡᠯᠭᠡ ᠶᠢᠨ ᠬᠢᠷᠢ ᠲᠦᠪᠰᠢᠨ᠂ ᠬᠡᠪ ᠪᠣᠯᠪᠠᠰᠣᠷᠠᠯ ᠢ ᠲᠡᠭᠡᠭᠰᠢᠯᠡᠭᠦᠯᠬᠦ ᠴᠢᠬᠤᠯᠠᠲᠠᠢ᠃      ᠣᠳᠤᠬᠠᠨ ᠳᠤ᠂ ᠡᠯ᠎ᠡ ᠲᠡᠭᠡᠳᠦ ᠰᠣᠷᠭᠠᠭᠤᠯᠢ ᠶᠢᠨ ᠬᠢᠴᠢᠶᠡᠯ ᠲᠦᠷᠦᠯ ᠤᠨ ᠦᠢᠯᠡᠴᠢᠯᠡᠭᠡᠨ ᠢ ᠦᠨᠳᠦᠰᠦᠨ ᠳᠤ ᠪᠠᠨ ᠨᠣᠮ ᠤᠨ ᠰᠠᠩ ᠤᠨ ᠬᠢᠴᠢᠶᠡᠯ ᠲᠦᠷᠦᠯ ᠤᠨ ᠰᠠᠩᠴᠢ ᠲᠠᠭᠠᠭᠠᠴᠢᠯᠠᠳᠠᠭ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠭᠦᠨᠵᠡᠭᠡᠢ ᠬᠦᠭᠵᠢᠯᠲᠡ ᠳᠤ ᠵᠠᠪᠠᠯ ᠬᠢᠴᠢᠶᠡᠯ ᠲᠦᠷᠦᠯ ᠤᠨ ᠰᠠᠩᠴᠢ ᠶᠢᠨ ᠬᠡᠪ ᠴᠢᠨᠠᠷ ᠢ ᠲᠡᠭᠡᠭᠰᠢᠯᠡᠭᠦᠯᠬᠦ ᠠᠰᠠᠭᠤᠳᠠᠯ ᠲᠤᠯᠭᠠᠮ᠎ᠠ ᠱᠠᠭᠠᠷᠳᠠᠭᠳᠠᠵᠤ ᠪᠤᠢ᠃ ᠲᠡᠭᠡᠳᠦ ᠰᠣᠷᠭᠠᠭᠤᠯᠢ ᠣᠳᠣ ᠪᠠᠶᠢᠭ᠎ᠠ ᠪᠠᠭᠰᠢ ᠶᠢᠨ ᠡᠩᠨᠡᠭᠡᠨ ᠤ ᠪᠣᠯᠪᠠᠰᠣᠷᠠᠭᠤᠯᠣᠯ᠂ ᠴᠢᠳᠠᠪᠣᠷᠢᠲᠠᠨ ᠣᠷᠢᠬᠤ ᠠᠴᠠ ᠭᠠᠷᠳᠠᠨ᠂ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠎ᠡ᠃ ᠨᠢᠭᠡ ᠲᠠᠯ᠎ᠠ ᠪᠠᠷ᠂ ᠪᠠᠭᠰᠢᠨᠠᠷ ᠤᠨ ᠢᠳᠡᠪᠬᠢᠲᠠᠢ ᠪᠣᠯᠪᠠᠰᠣᠷᠠᠭᠤᠯᠣᠯ ᠪᠠ ᠲᠠᠪᠲᠠᠨ ᠪᠣᠯᠪᠠᠰᠣᠷᠠᠬᠤ ᠳᠤ ᠣᠷᠤᠯᠴᠠᠵᠤ᠂ ᠡᠷᠳᠡᠮ ᠰᠢᠨᠵᠢᠯᠡᠭᠡᠨ ᠤ ᠬᠠᠷᠠᠭ᠎ᠠ ᠪᠠᠨ ᠦᠷᠭᠡᠳᠭᠡᠨ᠂ ᠪᠠᠭᠰᠢᠨᠠᠷ ᠪᠣᠯᠤᠨ ᠣᠯᠣᠰ ᠤᠨ ᠲᠣᠳᠣᠨ᠎ᠠ ᠭᠠᠳᠠᠨᠠᠬᠢ ᠡᠯ᠎ᠡ ᠶᠡᠭᠡ ᠲᠡᠭᠡᠳᠦ ᠰᠣᠷᠭᠠᠭᠤᠯᠢ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠶᠢ ᠵᠣᠷᠢᠬᠵᠢᠭᠤᠯᠵᠤ᠂ ᠣᠯᠣᠰ ᠤᠨ ᠲᠣᠳᠣᠨ᠎ᠠ ᠭᠠᠳᠠᠨᠠᠬᠢ ᠡᠷᠳᠡᠮ ᠰᠢᠨᠵᠢᠯᠡᠭᠡᠨ ᠤ ᠬᠤᠰᠢᠭᠤᠷᠠᠯ ᠴᠢᠮᠡᠭᠡ ᠵᠠᠩᠬᠢ ᠶᠢ ᠴᠠᠭ ᠲᠣᠬᠠᠢ ᠳᠤ ᠨᠢ ᠡᠵᠡᠮᠰᠢᠨ᠎ᠡ︔ ᠨᠦᠭᠦᠭᠡ ᠲᠠᠯ᠎ᠠ ᠪᠠᠷ᠂ ᠦᠨᠳᠦᠷ ᠰᠣᠷᠣᠯᠭ᠎ᠠ ᠶᠢᠨ ᠨᠠᠮᠲᠠᠷ ᠲᠠᠢ ᠴᠢᠳᠠᠪᠣᠷᠢᠲᠠᠨ ᠣᠷᠢᠨ ᠣᠷᠤᠭᠤᠯᠬᠤ ᠶᠢ ᠴᠢᠩᠭᠠᠳᠬᠠᠵᠤ᠂ ᠪᠠᠭᠰᠢ ᠶᠢᠨ ᠡᠩᠨᠡᠭᠡᠨ ᠤ ᠦᠨᠳᠦᠷ ᠰᠣᠷᠤᠯᠭ᠎ᠠ ᠶᠢᠨ ᠨᠠᠮᠲᠠᠷ ᠤᠨ ᠬᠠᠷᠢᠴᠠᠯ ᠢ ᠲᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠪᠠᠭᠰᠢ ᠶᠢᠨ ᠡᠩᠨᠡᠭᠡᠨ ᠤ ᠬᠡᠪ ᠴᠢᠨᠠᠷ ᠢ ᠰᠠᠶᠢᠵᠢᠷᠠᠭᠤᠯᠣᠨ᠎ᠠ᠃ ᠡᠭᠦᠨ ᠠᠴᠠ ᠭᠠᠳᠠᠨ᠎ᠠ᠂ ᠨᠣᠮ ᠤᠨ ᠰᠠᠩ ᠨᠢ ᠬᠠᠮᠢᠶ᠎ᠠ ᠪᠦᠬᠦᠢ ᠣᠷᠮᠠᠰᠢᠭᠤᠯᠤᠨ ᠵᠣᠷᠢᠬᠵᠢᠭᠤᠯᠬᠤ ᠲᠣᠭᠲᠠᠴᠠ ᠪᠠ ᠦᠨᠡᠯᠡᠬᠦ ᠪᠠᠷᠢᠮᠵᠢᠶ᠎ᠠ ᠲᠣᠭᠳᠠᠭᠠᠵᠤ᠂ ᠬᠢᠴᠢᠶᠡᠯ ᠲᠦᠷᠦᠯ ᠤᠨ ᠰᠠᠩᠴᠢ ᠶᠢᠨ ᠰᠢᠨ᠎ᠡ ᠶᠢ ᠡᠭᠦᠳᠬᠦ ᠶᠢ ᠵᠣᠷᠢᠬᠵᠢᠭᠤᠯᠣᠨ᠂ ᠠᠵᠢᠯ ᠤᠨ ᠢᠳᠡᠪᠬᠢᠵᠢᠯ ᠢ ᠨᠢ ᠲᠡᠭᠡᠭᠰᠢᠯᠡᠭᠦᠯᠦᠨ᠎ᠡ᠃ ᠦᠨᠳᠦᠷ ᠬᠡᠪ ᠪᠣᠯᠪᠠᠰᠣᠷᠠᠯ ᠲᠠᠢ ᠬᠢᠴᠢᠶᠡᠯ ᠲᠦᠷᠦᠯ ᠤᠨ ᠰᠠᠩᠴᠢ ᠶᠢᠨ ᠡᠩᠨᠡᠭᠡ᠂ ᠦᠨᠳᠦᠷ ᠬᠢᠷᠢ ᠲᠦᠪᠰᠢᠨ ᠲᠠᠢ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠬᠡᠷᠡᠭᠯᠡᠭᠴᠢᠳ ᠤᠨ ᠬᠡᠷᠡᠭᠴᠡᠭᠡ ᠳᠤ ᠨᠡᠶᠢᠴᠡᠭᠰᠡᠨ ᠦᠢᠯᠡᠴᠢᠯᠡᠭᠡ ᠬᠠᠩᠭᠠᠨ᠎ᠠ᠃      3. ᠰᠢᠨ᠎ᠡ ᠵᠠᠭᠤᠴᠢ ᠶᠢᠨ ᠬᠤᠭᠤᠷᠣᠨᠳᠣᠬᠢ ᠣᠶᠠᠯᠳᠣᠯ ᠤᠨ ᠬᠡᠮᠵᠢᠶ᠎ᠡ ᠭᠦᠢᠴᠡᠳ ᠦᠭᠡᠢ᠂ ᠰᠢᠨ᠎ᠡ ᠵᠠᠭᠤᠴᠢ ᠯᠤᠭ᠎ᠠ ᠶᠢᠨ ᠬᠠᠷᠢᠯᠴᠠᠨ ᠣᠶᠠᠯᠳᠣᠯ ᠢ ᠬᠦᠨᠳᠦᠳᠭᠡᠪᠡᠯ ᠵᠣᠬᠢᠨ᠎ᠠ᠃      ᠲᠣᠣᠷ ᠰᠦᠯᠵᠢᠶᠡᠨ ᠤ ᠮᠡᠷᠭᠡᠵᠢᠯ ᠤᠨ ᠬᠦᠭᠵᠢᠯᠲᠡ ᠠᠴᠠ ᠸᠢᠴᠠᠲ᠂ ᠪᠢᠴᠢᠯ ᠪᠦᠷᠬᠡ ᠵᠡᠷᠭᠡ ᠰᠢᠨ᠎ᠡ ᠵᠠᠭᠤᠴᠢ ᠲᠠᠯᠭᠡᠷᠡᠨ ᠬᠦᠭᠵᠢᠵᠦ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠠᠷᠭ᠎ᠠ ᠬᠡᠷᠡᠭᠯᠡᠭᠦᠷ ᠢ ᠰᠢᠨᠡᠴᠢᠯᠡᠵᠠᠢ᠃ ᠣᠳᠤᠬᠠᠨ ᠳᠤ᠂ ᠸᠢᠴᠠᠲ᠂ ᠪᠢᠴᠢᠯ ᠪᠦᠷᠬᠡ ᠵᠡᠷᠭᠡ ᠰᠢᠨ᠎ᠡ ᠵᠠᠭᠤᠴᠢ ᠨᠢ ᠰᠠᠶ᠎ᠠ ᠳ᠋ᠦᠩᠰᠢᠭᠤᠷ ᠲᠣᠭᠠᠨ ᠤ ᠬᠡᠷᠡᠭᠯᠡᠭᠴᠢ ᠲᠠᠢ ᠪᠣᠯᠵᠤ᠂ ᠲᠡᠷᠡ ᠨᠢ ᠣᠯᠠᠮᠵᠢᠯᠠᠯᠲᠣ ᠵᠠᠭᠤᠴᠢ ᠲᠠᠢ ᠬᠠᠷᠢᠴᠠᠭᠤᠯᠪᠠᠯ ᠬᠡᠷᠡᠭᠯᠡᠭᠴᠢᠳ ᠤᠨ ᠤᠷᠮᠠᠰᠢᠯ ᠤᠨ ᠬᠡᠮᠵᠢᠶ᠎ᠡ ᠨᠢ ᠨᠡᠩ ᠦᠨᠳᠦᠷ ᠪᠠᠶᠢᠳᠠᠭ᠃ ᠸᠢᠴᠠᠲ ᠢᠶᠠᠷ ᠵᠢᠱᠢᠶᠡᠯᠡᠪᠡᠯ᠂ ᠲᠡᠭᠦᠨ ᠤ ᠲᠡᠯᠭᠡᠷᠡᠭᠦᠯᠦᠭᠰᠡᠨ ᠣᠯᠠᠨ ᠨᠡᠶᠢᠲᠡ ᠶᠢᠨ ᠲᠠᠪᠴᠠᠩ ᠨᠢ ᠴᠠᠭ ᠲᠣᠬᠠᠢ ᠳᠤ ᠨᠢ ᠬᠠᠷᠢᠯᠴᠠᠨ ᠰᠣᠯᠢᠯᠴᠠᠬᠤ ᠴᠢᠳᠠᠪᠬᠢ ᠲᠠᠢ᠂ ᠪᠠᠰᠠ ᠰᠦᠷᠦᠭᠯᠡᠨ ᠲᠠᠷᠬᠠᠭᠠᠬᠤ ᠴᠢᠳᠠᠪᠬᠢ᠂ ᠲᠦᠯᠭᠡᠨ ᠬᠦᠷᠭᠡᠬᠦ ᠴᠢᠳᠠᠪᠬᠢ᠂ ᠦᠪᠡᠷᠳᠡᠭᠡᠨ ᠬᠠᠷᠢᠭᠤᠯᠲᠠ ᠦᠭᠬᠦ ᠵᠡᠷᠭᠡ ᠲᠠᠮᠵᠢᠭᠤᠯᠬᠤ ᠴᠢᠳᠠᠪᠬᠢ ᠲᠠᠢ ᠪᠠᠶᠢᠳᠠᠭ᠃ ᠬᠡᠷᠡᠭᠯᠡᠭᠴᠢᠳ ᠰᠢᠯᠵᠢᠮᠡᠯ ᠰᠦᠯᠵᠢᠶ᠎ᠡ ᠪᠠᠷ ᠲᠠᠮᠵᠢᠨ ᠬᠠᠷᠢᠯᠴᠠᠨ ᠰᠣᠯᠢᠯᠴᠠᠭ᠎ᠠ ᠬᠢᠬᠦ ᠶᠢ ᠪᠡᠶᠡᠯᠡᠭᠦᠯᠵᠦ ᠪᠣᠯᠣᠨ᠎ᠠ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠨᠢ ᠸᠢᠴᠠᠲ᠂ ᠪᠢᠴᠢᠯ ᠪᠦᠷᠬᠡ ᠵᠡᠷᠭᠡ ᠰᠢᠨ᠎ᠡ ᠵᠠᠭᠤᠴᠢ ᠲᠠᠢ ᠣᠶᠠᠯᠳᠣᠵᠤ᠂ ᠬᠢᠴᠢᠶᠡᠯ ᠲᠦᠷᠦᠯ ᠤᠨ ᠵᠠᠩᠬᠢ ᠶᠢᠨ ᠠᠶᠠᠯᠠᠯ ᠤᠨ ᠵᠠᠯᠠᠭᠤᠷ᠂ ᠭᠤᠣᠯ ᠠᠭᠤᠯᠭ᠎ᠠ ᠶᠢᠨ ᠬᠠᠮᠢᠶᠠᠷᠣᠯᠲᠠ ᠪᠠᠨ ᠬᠡᠷᠡᠭᠯᠡᠭᠴᠢᠳ ᠤᠨ ᠦᠵᠦᠭᠦᠷ ᠰᠢᠰᠲ᠋ᠧᠮ ᠬᠦᠷᠲᠡᠯ᠎ᠡ ᠦᠷᠭᠡᠳᠭᠡᠪᠡᠯ ᠲᠠᠭᠠᠷᠠᠨ᠎ᠠ᠃ ᠰᠢᠨ᠎ᠡ ᠵᠠᠭᠤᠴᠢ ᠳᠤ ᠰᠠᠭᠤᠷᠢᠯᠠᠭᠰᠠᠨ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠨᠢ ᠭᠤᠣᠯ ᠠᠭᠤᠯᠭ᠎ᠠ ᠶᠢᠨ ᠨᠡᠭᠡᠭᠡᠯᠲᠡ ᠶᠢ ᠴᠢᠬᠤᠯᠠᠴᠢᠯᠠᠨ᠂ ᠠᠳᠠᠯᠢ ᠪᠣᠰᠤ ᠬᠢᠴᠢᠶᠡᠯ ᠲᠦᠷᠦᠯ ᠤᠨ ᠬᠡᠷᠡᠭᠯᠡᠭᠴᠢᠳ ᠤᠨ ᠡᠩᠨᠡᠭᠡ ᠳᠤ ᠬᠠᠨᠳᠣᠭᠤᠯᠵᠤ᠂ ᠣᠯᠠᠨ ᠡᠰᠢᠴᠢᠯᠡᠭᠰᠡᠨ ᠵᠠᠩᠬᠢ ᠶᠢᠨ ᠬᠡᠯᠪᠡᠷᠢ ᠶᠢ ᠠᠪᠴᠦ᠂ ᠥᠪᠡᠷᠮᠢᠴᠡ ᠬᠢᠴᠢᠶᠡᠯ ᠲᠦᠷᠦᠯ ᠤᠨ ᠦᠢᠯᠡᠴᠢᠯᠡᠭᠡᠨ ᠬᠦᠷᠭᠡᠨ᠂ ᠪᠠᠶᠠᠯᠢᠭ ᠠᠮᠢᠳᠤᠯᠢᠭ ᠭᠤᠣᠯ ᠠᠭᠤᠯᠭ᠎ᠠ ᠪᠠᠷ ᠬᠡᠷᠡᠭᠯᠡᠭᠴᠢᠳ ᠢ ᠲᠠᠲᠠᠬᠤ ᠬᠦᠴᠦᠨ ᠢ ᠴᠢᠩᠭᠠᠳᠬᠠᠨ᠎ᠠ᠃      4. ᠬᠡᠷᠡᠭᠯᠡᠭᠴᠢᠳ ᠤᠨ ᠬᠢᠴᠢᠶᠡᠯ ᠲᠦᠷᠦᠯ ᠤᠨ ᠠᠰᠠᠭᠤᠨ ᠯᠠᠪᠯᠠᠯᠲᠠ ᠶᠢᠨ ᠦᠢᠯᠡᠴᠢᠯᠡᠭᠡᠨ ᠤ ᠲᠠᠪᠳᠠᠮᠵᠢ ᠶᠢ ᠨᠡᠮᠡᠭᠳᠡᠭᠦᠯᠭᠦ ᠶᠢ ᠠᠩᠬᠠᠷᠴᠤ ᠬᠡᠷᠡᠭᠯᠡᠭᠴᠢᠳ ᠲᠠᠢ ᠬᠠᠷᠢᠯᠴᠠᠭ᠎ᠠ ᠪᠠᠨ ᠴᠢᠩᠭᠠᠳᠬᠠᠪᠠᠯ ᠵᠣᠬᠢᠨ᠎ᠠ᠃      2011 ᠣᠨ ᠤ 6 ᠰᠠᠷ᠎ᠠ ᠳᠤ᠂ OCLC ᠶᠢᠨ ᠮᠡᠳᠡᠭᠡᠯᠡᠭᠰᠡᠨ ᠨᠢᠭᠡᠨ ᠰᠣᠳᠣᠯᠭᠠᠨ ᠤ ᠮᠡᠳᠡᠭᠦᠯᠦᠯᠲᠡ — ︽ᠢᠵᠢᠯ ᠠᠯᠬᠤᠮᠲᠣ ᠴᠢᠨᠠᠷ ᠢ ᠠᠬᠢᠭᠤᠯᠬᠤ᠄ ᠬᠡᠶᠢᠰᠪᠦᠷᠢ ᠠᠰᠠᠭᠤᠨ ᠯᠠᠪᠯᠠᠯᠲᠠ ᠶᠢᠨ ᠰᠡᠩᠭᠡᠷᠡᠭᠦᠯᠦᠯ ᠪᠣᠯᠤᠨ ᠰᠠᠨᠠᠭᠤᠯᠭ᠎ᠠ︾ ᠳᠤ ᠪᠠᠶᠢᠴᠠᠭᠠᠨ ᠰᠣᠳᠣᠯᠣᠯᠲᠠ ᠬᠢᠭᠡᠳ ᠮᠡᠳᠡᠭᠰᠡᠨ ᠨᠢ᠄ ᠨᠣᠮ ᠤᠨ ᠰᠠᠩᠴᠢ ᠠᠰᠠᠭᠤᠨ ᠯᠠᠪᠯᠠᠬᠤ ᠲᠠᠯ᠎ᠠ ᠪᠠᠷ ᠭᠤᠣᠯᠳᠠᠭᠤ ᠰᠣᠳᠣᠯᠭᠠᠨ ᠤ ᠡᠮᠤᠨᠡᠬᠢ ᠬᠤᠭᠤᠴᠠᠭᠠᠨ ᠳᠤ ᠠᠷᠪᠢᠨ ᠣᠷᠣᠯᠴᠠᠳᠠᠭ᠂ ᠬᠠᠷᠢᠨ ᠦᠩᠭᠡᠷᠡᠯᠲᠠ ᠪᠣᠯᠤᠨ ᠰᠡᠭᠦᠯᠴᠢ ᠬᠤᠭᠤᠴᠠᠭᠠᠨ ᠳᠤ ᠳᠡᠮᠡᠢ ᠣᠷᠣᠯᠴᠠᠳᠠᠭ ᠦᠭᠡᠢ᠃ ᠪᠠᠰᠠ ᠬᠡᠶᠢᠰᠪᠦᠷᠢ ᠠᠰᠠᠭᠤᠨ ᠯᠠᠪᠯᠠᠯᠲᠠ ᠶᠢᠨ ᠠᠮᠵᠢᠯᠲᠠ ᠣᠯᠣᠭᠰᠠᠨ ᠦᠭᠡᠢ ᠴᠢᠬᠤᠯᠠ ᠰᠢᠯᠳᠠᠭᠠᠨ ᠨᠢ ᠬᠡᠷᠡᠭᠯᠡᠭᠴᠢᠳ ᠤᠨ ᠠᠰᠠᠭᠤᠯᠲᠠ ᠪᠠ ᠨᠣᠮ ᠤᠨ ᠰᠠᠩᠴᠢ ᠶᠢᠨ ᠠᠰᠠᠭᠤᠨ ᠯᠠᠪᠯᠠᠯᠲᠠ ᠨᠢ ᠠᠳᠠᠯᠢ ᠨᠢᠭᠡᠨ ᠲᠦᠷᠦᠯ ᠤᠨ ᠪᠢᠰᠢ ᠭᠡᠰᠡᠨ ᠢ ᠮᠡᠳᠡᠵᠡᠢ᠃ ᠡᠶᠢᠮᠦ ᠠᠴᠠ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠣᠯᠲᠠ ᠶᠢᠨ ᠶᠠᠪᠣᠴᠠ ᠳᠤ᠂ ᠬᠡᠷᠡᠭᠯᠡᠭᠴᠢ ᠲᠠᠢ ᠴᠠᠭ ᠢᠮᠠᠭᠲᠠ ᠶᠢᠨ ᠬᠠᠷᠢᠯᠴᠠᠭ᠎ᠠ ᠪᠠᠨ ᠴᠢᠩᠭᠠᠳᠬᠠᠨ᠎ᠠ᠃ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠵᠤ᠂ ᠶᠡᠭᠡ ᠬᠡᠮᠵᠢᠶᠡᠨ ᠤ ᠬᠡᠷᠡᠭᠯᠡᠭᠴᠢᠳ ᠤᠨ ᠵᠠᠩᠬᠢ ᠣᠯᠵᠤ᠂ ᠲᠠᠪᠴᠠᠩ ᠤᠨ ᠰᠤᠯᠢᠯᠴᠠᠭᠠᠨ ᠤ ᠴᠢᠳᠠᠪᠬᠢ ᠪᠠᠷ ᠲᠠᠮᠵᠢᠭᠤᠯᠵᠤ᠂ ᠬᠡᠷᠡᠭᠯᠡᠭᠴᠢᠳ ᠤᠨ ᠬᠤᠭᠤᠷᠣᠨᠳᠣᠬᠢ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠴᠢᠩᠭᠠᠳᠬᠠᠨ᠎ᠠ᠃ ᠡᠭᠦᠨ ᠠᠴᠠ ᠭᠠᠳᠠᠨ᠎ᠠ᠂ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠨᠢ ᠪᠠᠰᠠ ᠬᠡᠷᠡᠭᠯᠡᠭᠴᠢᠳ ᠤᠨ ᠨᠡᠭᠡᠭᠡᠯᠲᠡ ᠶᠢ ᠴᠢᠬᠤᠯᠠᠴᠢᠯᠠᠨ᠂ ᠲᠡᠭᠦᠪᠡᠷ ᠲᠠᠮᠵᠢᠨ ᠬᠡᠷᠡᠭᠯᠡᠭᠴᠢᠳ ᠤᠨ ᠬᠤᠭᠤᠷᠣᠨᠳᠣᠬᠢ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠠᠬᠢᠭᠤᠯᠣᠨ᠎ᠠ᠃      ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠨᠢ ᠮᠠᠨ ᠤ ᠣᠯᠣᠰ ᠲᠤ ᠨᠢᠭᠡᠨᠲᠡ ᠠᠷᠪᠠᠭᠠᠳ ᠵᠢᠯ ᠤᠨ ᠬᠦᠭᠵᠢᠯᠲᠡ ᠶᠢ ᠦᠩᠭᠡᠷᠡᠭᠡᠭᠰᠡᠨ ᠪᠠᠶᠢᠨ᠎ᠠ᠃ ᠭᠡᠳᠡᠯ᠎ᠡ᠂ ᠣᠷᠣᠰᠢᠵᠣ ᠪᠠᠶᠢᠭ᠎ᠠ ᠠᠰᠠᠭᠤᠳᠠᠯ ᠤᠳ ᠨᠢ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠤᠨ ᠬᠦᠭᠵᠢᠯᠲᠡ ᠶᠢ ᠬᠦᠯᠢᠶᠡᠰᠦᠯᠡᠵᠦ᠂ ᠬᠡᠷᠡᠭᠯᠡᠭᠴᠢᠳ ᠤᠨ ᠲᠠᠪᠴᠠᠩ ᠢ ᠬᠡᠷᠡᠭᠯᠡᠬᠦ ᠲᠠᠪᠳᠠᠮᠵᠢ ᠨᠢ ᠨᠡᠯᠢᠶᠡᠳ ᠲᠣᠣᠷ᠎ᠠ ᠪᠠᠶᠢᠵᠦ᠂ ᠢᠳᠡᠪᠬᠢᠵᠢᠯ ᠦᠨᠳᠦᠷ ᠪᠢᠰᠢ ᠪᠠᠶᠢᠨ᠎ᠠ᠃ ᠡᠭᠦᠨ ᠤ ᠲᠣᠰᠠᠳᠠ ᠂ ︽ᠬᠢᠴᠢᠶᠡᠯ ᠲᠦᠷᠦᠯ ᠳᠤ ᠰᠢᠮᠡᠳᠭᠡᠨ ᠣᠷᠣᠭᠤᠯᠬᠤ︾ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠠᠭᠤᠯᠭ᠎ᠠ ᠪᠠᠨ ᠴᠠᠭ ᠲᠣᠬᠠᠢ ᠳᠤ ᠨᠢ ᠰᠢᠨᠡᠳᠭᠡᠨ᠎ᠡ︔ ᠬᠢᠴᠢᠶᠡᠯ ᠲᠦᠷᠦᠯ ᠤᠨ ᠨᠣᠮ ᠤᠨ ᠰᠠᠩᠴᠢ ᠶᠢᠨ ᠬᠡᠪ ᠴᠢᠨᠠᠷ ᠢ ᠲᠡᠭᠡᠭᠰᠢᠯᠡᠭᠦᠯᠵᠦ᠂ ᠦᠨᠳᠦᠷ ᠬᠢᠷᠢ ᠲᠦᠪᠰᠢᠨ ᠲᠠᠢ ᠬᠢᠴᠢᠶᠡᠯ ᠲᠦᠷᠦᠯ ᠤᠨ ᠰᠠᠩᠴᠢ ᠶᠢᠨ ᠪᠦᠯᠬᠦᠮ ᠨᠡᠶᠢᠲᠡ ᠶᠢ ᠪᠠᠶᠢᠭᠤᠯᠣᠨ᠎ᠠ︔ ᠰᠢᠨ᠎ᠠ ᠵᠠᠭᠤᠴᠢ ᠯᠤᠭ᠎ᠠ ᠶᠢᠨ ᠣᠶᠠᠯᠳᠣᠯ ᠢᠶᠠᠨ ᠴᠢᠩᠭᠠᠳᠬᠠᠵᠤ᠂ ᠰᠢᠯᠵᠢᠮᠡᠯ ᠰᠦᠯᠵᠢᠶᠡᠨ ᠤ ᠦᠵᠦᠭᠦᠷ ᠤᠨ ᠬᠡᠷᠡᠭᠯᠡᠭᠴᠢᠳ ᠤᠨ ᠡᠩᠨᠡᠭᠡ ᠪᠠᠨ ᠦᠷᠭᠡᠳᠭᠡᠨ᠎ᠡ︔ ᠬᠡᠷᠡᠭᠯᠡᠭᠴᠢᠳ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠠᠬᠢᠭᠤᠯᠬᠤ ᠵᠡᠷᠭᠡ ᠠᠷᠭ᠎ᠠ ᠪᠣᠳᠣᠯᠭ᠎ᠠ ᠠᠴᠠ ᠭᠠᠷᠳᠠᠨ᠂ ᠦᠨᠳᠦᠷ ᠬᠢᠷᠢ ᠲᠦᠪᠰᠢᠨ ᠲᠠᠢ᠂ ᠦᠨᠳᠦᠷ ᠴᠢᠨᠠᠷ ᠴᠢᠨᠰᠠᠭ᠎ᠠ ᠲᠠᠢ ᠬᠢᠴᠢᠶᠡᠯ ᠲᠦᠷᠦᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠣᠨ᠎ᠠ᠃      ᠬᠠᠶ᠋ᠢᠬ᠄ ᠥᠪᠦᠷ ᠮᠣᠩᠭᠤᠯ ᠤᠨ ᠠᠨᠠᠭᠠᠬᠤ ᠣᠬᠠᠭᠠᠨ ᠤ ᠶᠡᠭᠡ ᠰᠣᠷᠭᠠᠭᠤᠯᠢ                    ︵ᠮᠦᠡᠭᠭᠦᠨᠴᠢᠮᠡᠭ ᠨᠠᠶᠢᠷᠠᠭᠤᠯᠪᠠ︶                    2018 ᠣᠨ ᠤ 6 ᠳ᠋ᠤᠭᠠᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map