︽ᠰᠤᠷᠭᠠᠭᠤᠯᠢ ᠶᠢᠨ ᠲᠡᠰ ᠤᠨ ᠵᠠᠯᠠᠭᠤ ᠪᠠᠭᠰᠢ︾ ᠶᠢ ᠪᠤᠯᠪᠠᠰᠤᠷᠠᠭᠤᠯᠬᠤ ᠠᠵᠢᠯᠯᠠᠭᠠᠨ ᠤ ᠡᠷᠭᠢᠴᠡᠭᠦᠯᠦᠯ
ᠨᠡᠶᠢᠲᠡᠯᠡᠭᠰᠡᠨ ᠴᠠᠭ᠄
2019/1/11
                                             ᠴᠠᠭᠠᠨᠬᠦᠦ   ᠵᠢᠶᠠᠨ ᠭᠦᠸᠧ      2016 ᠤᠨ ᠤ ᠨᠠᠮᠤᠷ ᠰᠤᠷᠭᠠᠭᠤᠯᠢ ᠡᠭᠢᠯᠡᠮᠡᠭᠴᠡ ᠮᠠᠨ ᠤ ᠰᠤᠷᠭᠠᠭᠤᠯᠢ ᠨᠢ ᠰᠤᠷᠭᠠᠭᠤᠯᠢ ᠶᠢᠨ ᠲᠡᠰ ᠤᠨ ᠵᠠᠯᠠᠭᠤ ᠪᠠᠭᠰᠢ ᠶᠢ ᠪᠤᠯᠪᠠᠰᠤᠷᠠᠭᠤᠯᠬᠤ ᠭᠠᠵᠠᠷ ᠭᠠᠷᠭᠠᠵᠤ᠂ ᠪᠢᠳᠠ ᠬᠤᠶᠠᠷ ᠢᠶᠠᠷ ᠵᠠᠯᠠᠭᠤ ᠪᠠᠭᠰᠢ ᠶᠢ ᠪᠤᠯᠪᠠᠰᠤᠷᠠᠭᠤᠯᠬᠤ ᠠᠵᠢᠯ ᠢ ᠲᠤᠰᠬᠠᠢ ᠬᠠᠷᠢᠭᠤᠴᠠᠭᠤᠯᠪᠠ᠃ ᠪᠢᠳᠠ ᠬᠤᠶᠠᠷ ᠲᠤᠰ ᠲᠤᠰ ᠲᠤ ᠪᠠᠨ ᠠᠩᠭᠢ ᠡᠷᠬᠢᠯᠡᠭᠦ ᠶᠢᠨ ᠲᠠᠭᠠᠤ ᠭᠢᠴᠢᠶᠡᠯ ᠵᠢᠭᠠᠵᠤ᠂ ᠰᠢᠨ᠎ᠠ ᠡᠭᠦᠷᠭᠡ ᠨᠢ ᠤᠷᠢᠳ ᠡᠮᠤᠨ᠎ᠡ ᠭᠢᠵᠤ ᠦᠵᠡᠭᠡ ᠦᠭᠡᠢ ᠠᠵᠢᠯ ᠪᠠᠶᠢᠭᠰᠠᠨ ᠪᠤᠯᠪᠠᠴᠤ ᠵᠠᠭᠢᠷᠤᠯ ᠭᠤᠸᠠᠢ ᠶᠢᠨ ᠢᠳᠡᠭᠡᠯ ᠨᠠᠶᠢᠳᠠᠯᠭ᠎ᠠ ᠶᠢ ᠭᠦᠯᠢᠶᠠᠵᠤ ᠡᠨᠡᠭᠦ ᠠᠵᠢᠯ ᠢ ᠬᠠᠷᠢᠭᠤᠴᠠᠭᠰᠠᠨ ᠶᠤᠮ᠃      ︽ᠵᠠᠯᠠᠭᠤ ᠪᠠᠭᠰᠢ ᠶᠢ ᠪᠤᠯᠪᠠᠰᠤᠷᠠᠭᠤᠯᠬᠤ ᠭᠠᠵᠠᠷ ᠤᠨ ᠡᠭᠦᠷᠭᠡ ᠪᠤᠯ ᠰᠤᠷᠭᠠᠭᠤᠯᠢ ᠶᠢᠨ ᠪᠦᠭᠦ ᠵᠠᠯᠠᠭᠤ ᠪᠠᠭᠰᠢ ᠨᠠᠷ ᠲᠤ ᠬᠠᠮᠤᠭ ᠤᠨ ᠪᠦᠳᠦᠮᠵᠢᠳᠡᠢ ᠵᠢᠯᠤᠭᠤᠳᠤᠯᠭ᠎ᠠ ᠪᠤᠯᠪᠠᠰᠤᠷᠠᠯ ᠭᠢᠵᠤ᠂ ᠬᠠᠮᠤᠭ ᠤᠨ ᠤᠬᠤᠷ ᠬᠤᠭᠤᠴᠠᠭᠠᠨ ᠳᠤ ᠵᠠᠯᠠᠭᠤ ᠪᠠᠭᠰᠢ ᠨᠠᠷ ᠤᠨ ᠠᠵᠢᠯᠯᠠᠬᠤ ᠤᠪᠤᠷ ᠰᠤᠷᠳᠠᠯ᠂ ᠲᠤᠬᠠᠶᠢᠯᠠᠭᠰᠠᠨ ᠠᠵᠢᠯ ᠤᠨ ᠮᠡᠳᠡᠯᠭᠡ ᠮᠡᠳᠡᠴᠡ ᠪᠠ ᠵᠢᠭᠠᠨ ᠰᠤᠷᠭᠠᠬᠤ ᠦᠨᠳᠤᠰᠤᠨ ᠴᠢᠳᠠᠪᠤᠷᠢ ᠴᠢᠳᠠᠪᠭᠢ ᠶᠢᠨ ᠲᠠᠯ᠎ᠠ ᠪᠠᠷ ᠪᠤᠯᠪᠠᠰᠤᠷᠠᠭᠤᠯᠤᠨ ᠲᠠᠰᠬᠠᠯᠵᠢᠭᠤᠯᠵᠤ᠂ ᠰᠤᠷᠭᠠᠭᠤᠯᠢ ᠶᠢᠨ ᠰᠤᠷᠭᠠᠨ ᠭᠦᠮᠦᠵᠢᠯ᠂ ᠵᠢᠭᠠᠨ ᠰᠤᠷᠭᠠᠯᠳᠠ ᠶᠢᠨ ᠭᠤᠤᠯ ᠭᠦᠴᠦᠨ ᠪᠤᠯᠭᠠᠨ ᠭᠦᠮᠦᠵᠢᠭᠦᠯᠦᠨ᠎ᠡ︾ ᠭᠡᠵᠤ ᠵᠠᠬᠢᠷᠤᠯ ᠠᠴᠠ ᠲᠤᠳᠤᠷᠬᠠᠢ ᠲᠤᠰᠢᠶᠠᠭᠰᠠᠨ ᠪᠦᠭᠡᠳ ᠭᠠᠷᠠᠭ ᠤᠨ ᠨᠢᠭᠡᠨ ᠪᠤᠯᠭᠠᠨ ᠤ ᠵᠢᠷᠭᠤᠭ᠎ᠠ᠂ ᠲᠤᠯᠤᠳᠤᠭᠠᠷ ᠭᠢᠴᠢᠶᠡᠯ ᠤᠨ ᠴᠠᠭ ᠪᠠ ᠭᠠᠷᠠᠭ ᠤᠨ ᠭᠤᠷᠪᠡᠨ ᠤ ᠵᠢᠷᠭᠤᠭ᠎ᠠ᠂ ᠲᠤᠯᠤᠳᠤᠭᠠᠷ ᠭᠢᠴᠢᠶᠡᠯ ᠤᠨ ᠴᠠᠭ ᠢ ᠵᠠᠯᠠᠭᠤ ᠪᠠᠭᠰᠢ ᠶᠢᠨ ᠲᠤᠰᠬᠠᠢ ᠪᠤᠯᠪᠠᠰᠤᠷᠠᠯ ᠤᠨ ᠴᠠᠭ ᠢᠶᠠᠷ ᠲᠤᠭᠳᠠᠭᠠᠵᠠᠢ᠃      ᠲᠤᠬᠠᠢ ᠶᠢᠨ ᠦᠶ᠎ᠡ ᠳᠤ ᠮᠡᠨ ᠤ ᠰᠤᠷᠭᠠᠭᠤᠯᠢ ᠶᠢᠨ ᠭᠡᠤᠭᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠪᠠ ᠲᠤᠮᠳᠠᠳᠤ ᠰᠤᠷᠭᠠᠭᠤᠯᠢ ᠶᠢᠨ ᠵᠠᠯᠠᠭᠤ ᠪᠠᠭᠰᠢ ᠨᠡᠶᠢᠯᠡᠭᠡᠳ 42 ᠨᠠᠷ᠎ᠠ ᠪᠠᠶᠢᠵᠠᠢ᠃ ᠵᠠᠯᠠᠭᠤ ᠪᠠᠭᠰᠢ ᠶᠢᠨ ᠲᠤᠭ᠎ᠠ ᠤᠯᠠᠨ᠂ ᠦᠨᠳᠤᠰᠤᠨ ᠪᠠᠶᠢᠳᠠᠯ ᠢ ᠨᠢ ᠲᠡᠮᠡᠢ ᠤᠶᠢᠯᠠᠭᠠᠬᠤ ᠦᠭᠡᠢ᠂ ᠬᠠᠮᠤᠷᠬᠤ ᠭᠦᠷᠢᠶ᠎ᠡ ᠭᠡᠪᠴᠢᠶ᠎ᠡ ᠦᠷᠭᠡᠨ᠂ ᠮᠡᠳᠡᠯᠭᠡ ᠮᠡᠷᠭᠡᠵᠢᠯ ᠤᠨ ᠱᠠᠭᠠᠷᠳᠠᠯᠭ᠎ᠠ ᠶᠡᠭᠡ ᠶᠢᠨ ᠲᠡᠭᠡᠷ᠎ᠡ ᠡᠶᠢᠮᠤᠷᠬᠦᠤ ᠠᠵᠢᠯ ᠢ ᠠᠩᠬ᠎ᠠ ᠭᠢᠬᠦ ᠪᠤᠯᠤᠭᠰᠠᠨ ᠢᠶᠠᠷ ᠪᠢᠳᠡ ᠬᠠᠮᠢᠭ᠎ᠠ ᠠᠴᠠ ᠨᠢ ᠶᠠᠭᠠᠭᠢᠵᠤ ᠭᠢᠵᠤ ᠪᠠᠨ ᠤᠯᠵᠤ ᠶᠠᠳᠠᠯ᠎ᠠ᠃ ᠡᠴᠤᠰ ᠲᠤ ᠪᠠᠨ᠄      1. ᠵᠠᠯᠠᠭᠤ ᠪᠠᠭᠰᠢ ᠨᠠᠷ ᠤᠨ ᠦᠨᠳᠤᠰᠤᠨ ᠪᠠᠶᠢᠳᠠᠯ ᠢ ᠤᠶᠢᠯᠠᠭᠠᠬᠤ      2. ᠨᠡᠶᠢᠳᠡᠯᠢᠭ ᠠᠰᠠᠭᠤᠳᠠᠯ ᠢ ᠢᠯᠡᠷᠡᠭᠦᠯᠵᠦ᠂ ᠬᠠᠮᠳᠤ ᠶᠢᠨ ᠵᠢᠯᠤᠭᠤᠳᠤᠯᠭ᠎ᠠ ᠭᠢᠬᠦ      3. ᠬᠤᠪᠢ ᠭᠦᠮᠦᠨ ᠤ ᠦᠪᠡᠷᠮᠢᠴᠡ ᠠᠰᠠᠭᠤᠳᠠᠯ ᠢ ᠪᠠᠶᠢᠳᠠᠯ ᠳᠤ ᠨᠢ ᠲᠤᠭᠢᠷᠠᠭᠤᠯᠵᠤ ᠲᠤᠰᠠᠭᠠᠷ ᠵᠢᠭᠠᠨ ᠵᠢᠯᠤᠭᠤᠳᠬᠤ      4. ᠵᠠᠯᠠᠭᠤ ᠪᠠᠭᠰᠢ ᠨᠠᠷ ᠤᠨ ᠰᠠᠨᠠᠯ ᠢ ᠰᠤᠨᠤᠰᠬᠤ ᠵᠡᠷᠭᠡ ᠲᠦᠭᠦᠮ ᠲᠦᠳᠡ ᠠᠵᠢᠯ ᠤᠨ ᠲᠦᠰᠦᠪ ᠢᠶᠠᠷ ᠵᠠᠯᠠᠭᠤ ᠪᠠᠭᠰᠢ ᠶᠢᠨ ᠪᠤᠯᠪᠠᠰᠤᠷᠠᠯ ᠤᠨ ᠠᠵᠢᠯᠯᠠᠭᠠᠨ ᠢ ᠡᠭᠢᠯᠡᠭᠦᠯᠦᠭᠰᠡᠨ ᠶᠤᠮ᠃ ᠠᠵᠢᠯ ᠤᠨ ᠲᠦᠰᠦᠪ ᠭᠡᠳᠦ᠋ᠢᠪᠡᠷ ᠲᠦᠭᠦᠮ ᠪᠤᠯᠪᠠᠴᠦ᠂ ᠪᠤᠳᠠᠳᠠᠢ ᠠᠵᠢᠯᠯᠠᠭᠠᠨ ᠢᠶᠠᠨ ᠦᠷᠨᠢᠬᠦᠯᠬᠦ ᠳᠤ ᠠᠯᠬᠤᠮ ᠪᠦᠷᠢ ᠳᠤ ᠠᠰᠠᠭᠤᠳᠠᠯ ᠲᠤᠯᠭᠠᠷᠠᠵᠤ ᠪᠠᠶᠢᠭᠰᠠᠨ ᠶᠤᠮ᠃      ᠨᠢᠭᠡ᠂ ᠪᠠᠭᠰᠢ ᠨᠠᠷ ᠤᠨ ᠦᠨᠳᠤᠰᠤᠨ ᠪᠠᠶᠢᠳᠠᠯ ᠢ ᠤᠶᠢᠯᠠᠭᠠᠭᠰᠠᠨ ᠠᠷᠭ᠎ᠠ      1. ᠦᠨᠳᠤᠰᠤᠨ ᠪᠠᠶᠢᠳᠠᠯ ᠢ ᠤᠶᠢᠯᠠᠭᠠᠬᠤ ᠭᠦᠰᠦᠨᠦᠭᠳᠤ ᠵᠤᠭᠢᠶᠠᠵᠤ᠂ ᠠᠩᠬᠠᠨ ᠤ ᠤᠢᠢᠯᠠᠭᠠᠯᠳᠠ ᠲᠠᠢ ᠪᠤᠯᠪᠠ      2. ᠵᠠᠯᠠᠭᠤ ᠪᠠᠭᠰᠢ ᠨᠠᠷ ᠤᠨ ᠭᠢᠴᠢᠶᠡᠯ ᠢ ᠨᠡᠶᠢᠳᠡᠮ ᠳᠤ ᠨᠢ ᠨᠢᠭᠡ ᠮᠦᠷ ᠰᠤᠨᠤᠰᠴᠦ᠂ ᠲᠦᠷᠰᠤ ᠰᠢᠩᠭᠡᠭᠡᠯᠳᠡ ᠭᠢᠵᠤ᠂ ᠬᠤᠪᠢ ᠭᠦᠮᠦᠨ ᠤ ᠡᠬᠢᠯᠡᠯᠳᠡ ᠶᠢᠨ ᠴᠡᠭ ᠢ ᠲᠡᠮᠳᠡᠭᠯᠡᠵᠤ᠂ ᠭᠢᠴᠢᠶᠡᠯᠯᠡᠭᠡ ᠳᠤ ᠤᠷᠤᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠵᠦ᠂ ᠬᠠᠮᠳᠤ ᠶᠢᠨ ᠵᠢᠯᠤᠭᠤᠳᠤᠯᠭ᠎ᠠ ᠪᠠ ᠲᠤᠰᠬᠠᠢ ᠵᠢᠯᠤᠭᠤᠳᠤᠯᠭ᠎ᠠ ᠶᠢᠨ ᠪᠠᠷᠢᠮᠳᠠ ᠴᠤᠭᠯᠠᠭᠤᠯᠪᠠ᠃      3. ᠵᠠᠯᠠᠭᠤ ᠪᠠᠭᠰᠢ ᠨᠠᠷ ᠢᠶᠠᠷ ᠲᠠᠪᠤᠨ ᠵᠢᠯ ᠤᠨ ᠭᠦᠭᠵᠢᠯᠳᠡ ᠶᠢᠨ ᠲᠦᠯᠦᠪᠯᠡᠭᠡ ᠵᠤᠭᠢᠶᠠᠯᠭᠠᠵᠤ᠂ ᠲᠡᠳᠡᠨ ᠤ ᠦᠪᠡᠷ ᠢ ᠪᠠᠨ ᠭᠢᠷᠢ ᠵᠡᠷᠭᠡ ᠲᠠᠨᠢᠵᠤ ᠮᠡᠳᠡᠵᠤ ᠪᠠᠶᠢᠬᠤ᠂ ᠠᠵᠢᠯ ᠦᠢᠯᠡᠰ ᠢᠶᠠᠨ ᠭᠡᠷᠭᠢᠨ ᠲᠠᠨᠢᠵᠤ ᠪᠠᠶᠢᠬᠤ᠂ ᠶᠠᠮᠠᠷ ᠬᠠᠷᠠᠯᠳᠠ ᠲᠠᠢ ᠪᠠᠶᠢᠬᠤ᠂ ᠪᠡᠶ᠎ᠡ ᠳᠤ ᠪᠠᠨ ᠶᠠᠮᠠᠷ ᠵᠡᠷᠭᠡ ᠱᠠᠭᠠᠷᠳᠠᠯᠭ᠎ᠠ ᠲᠠᠯᠪᠢᠵᠤ ᠪᠠᠶᠢᠭ᠎ᠠ ᠵᠡᠷᠭᠡ ᠲᠠᠯ᠎ᠠ ᠪᠠᠷ ᠤᠶᠢᠯᠠᠭᠠᠪᠠ᠃      4. ᠵᠠᠯᠠᠭᠤ ᠪᠠᠭᠰᠢ ᠨᠠᠷ ᠤᠨ ᠰᠤᠷᠤᠭᠴᠢᠳ ᠲᠤ ᠬᠠᠨᠳᠤᠬᠤ᠂ ᠠᠵᠢᠯ ᠳᠤ ᠪᠠᠨ ᠬᠠᠨᠳᠤᠬᠤ ᠤᠪᠤᠷ ᠪᠠᠶᠢᠳᠠᠯ ᠤᠨ ᠲᠠᠯ᠎ᠠ ᠪᠠᠷ ᠠᠩᠬᠠᠷᠤᠨ ᠤᠶᠢᠯᠠᠭᠠᠯ᠎ᠠ᠃      ᠬᠤᠶᠠᠷ᠂ ᠵᠠᠯᠠᠭᠤ ᠪᠠᠭᠰᠢ ᠶᠢᠨ ᠦᠨᠳᠤᠰᠤᠨ ᠪᠠᠶᠢᠳᠠᠯ ᠢ ᠤᠶᠢᠯᠠᠭᠠᠬᠤ ᠶᠠᠪᠤᠴᠠ ᠶᠢᠨ ᠲᠤᠮᠳᠠ ᠢᠯᠡᠷᠡᠭᠰᠡᠨ ᠨᠡᠶᠢᠳᠡᠯᠢᠭ ᠠᠰᠠᠭᠤᠳᠠᠯ ᠤᠳ      1. ᠵᠠᠯᠠᠭᠤ ᠪᠠᠭᠰᠢ ᠨᠠᠷ ᠤᠨ ᠰᠤᠷᠤᠯᠭ᠎ᠠ ᠶᠢᠨ ᠨᠠᠮᠳᠠᠷ ᠬᠠᠷᠢᠴᠠᠩᠭᠤᠢ ᠦᠨᠳᠤᠷ᠃ ᠤᠯᠠᠩᠭᠢ ᠨᠢ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ ᠪᠠᠶᠢᠵᠤ᠂ ᠰᠤᠳᠤᠯᠬᠤ ᠰᠤᠷᠤᠭᠴᠢ ᠶᠢᠨ ᠰᠤᠷᠤᠯᠭ᠎ᠠ ᠶᠢᠨ ᠨᠠᠮᠳᠠᠷ ᠲᠠᠢ ᠨᠢ ᠴᠤ ᠴᠦᠭᠡᠨ ᠪᠤᠰᠤ ᠪᠠᠶᠢᠨ᠎ᠠ᠃ ᠭᠡᠪᠡᠴᠦ ᠵᠠᠷᠢᠮ ᠪᠠᠭᠰᠢ ᠨᠠᠷ ᠨᠢ ᠤᠩᠰᠢᠭᠰᠠᠨ ᠨᠤᠮ ᠴᠦᠭᠡᠨ᠂ ᠲᠦᠷᠦᠯ ᠵᠦᠢᠯ ᠢᠶᠠᠷ ᠲᠠᠩ ᠴᠤᠯᠭᠤᠢ᠂ ᠬᠤᠷᠠᠮᠳᠤᠭᠤᠯᠤᠯ ᠪᠠᠭ᠎ᠠ ᠪᠠᠶᠢᠳᠠᠯ ᠲᠠᠢ᠃      2. ᠵᠠᠯᠠᠭᠤ ᠪᠠᠭᠰᠢ ᠨᠠᠷ ᠤᠨ ᠤ ᠶᠢᠨ ᠪᠢᠷ᠂ ᠪᠤᠯᠤᠳ ᠪᠢᠷ᠂ ᠦᠰᠦᠨ ᠪᠢᠷ ᠤᠨ ᠪᠢᠴᠢᠯᠭᠡ ᠬᠠᠷᠢᠴᠠᠩᠭᠤᠢ ᠪᠤᠯᠪᠠᠰᠤᠷᠠᠩᠭᠤᠢ ᠪᠤᠰᠤ᠃      3. ᠵᠠᠷᠢᠮ ᠪᠠᠭᠰᠢ ᠨᠠᠷ ᠤᠨ ᠪᠡᠶ᠎ᠡ ᠮᠠᠬᠠᠪᠤᠳ ᠬᠠᠷᠢᠴᠠᠩᠭᠤᠢ ᠰᠤᠯᠠᠬᠠᠨ᠂ ᠭᠢᠮᠤᠷᠠᠭ᠎ᠠ ᠲᠠᠭᠰᠢᠭᠤᠷ ᠵᠢᠯ ᠲᠤᠷᠰᠢ ᠲᠡᠳᠡᠨ ᠤ ᠲᠤᠮᠳᠠ ᠲᠠᠮᠵᠢᠭᠳᠠᠵᠤ᠂ ᠶᠡᠭᠡ ᠪᠠᠭ᠎ᠠ ᠪᠦᠮᠪᠦᠭᠡ ᠲᠤᠭᠯᠠᠵᠤ᠂ ᠭᠡᠷ ᠤᠨ ᠭᠠᠳᠠᠨᠠᠬᠢ ᠲᠠᠮᠢᠷ ᠤᠨ ᠭᠦᠳᠡᠯᠭᠡᠭᠡᠨ ᠳᠤ ᠢᠳᠡᠪᠭᠢᠯᠡᠨ ᠤᠷᠤᠯᠴᠠᠬᠤ ᠤᠷᠮᠠᠰ ᠠᠨᠠᠢ᠃      4. ᠭᠢᠴᠢᠶᠡᠯ ᠤᠨ ᠪᠠᠷᠢᠮᠵᠢᠶ᠎ᠠ ᠪᠡ ᠵᠢᠭᠠᠬᠤ ᠠᠭᠤᠯᠭ᠎ᠠ ᠶᠢᠨ ᠰᠤᠷᠤᠯᠴᠠᠯᠭ᠎ᠠ ᠤᠶᠢᠯᠠᠭᠠᠯᠳᠠ ᠲᠤᠳᠠᠮᠠᠬ ᠰᠢᠬ ᠪᠠᠶᠢᠨ᠎ᠠ᠃      5. ᠦᠨᠳᠤᠰᠤᠳᠡᠨ ᠤ ᠢᠵᠠᠭᠤᠷ ᠰᠤᠶᠤᠯ ᠪᠠ ᠲᠡᠤᠭᠡ ᠶᠢᠨ ᠮᠡᠳᠡᠯᠭᠡ ᠬᠠᠷᠢᠴᠠᠩᠭᠤᠢ ᠭᠦᠢᠭᠡᠨ ᠪᠠᠶᠢᠭ᠎ᠠ ᠨᠢ ᠬᠢᠴᠢᠶᠠᠯᠯᠡᠭᠡ ᠳᠤ ᠮᠠᠳᠡᠭᠳᠠᠵᠤ ᠪᠠᠶᠢᠨ᠎ᠠ᠃      6. ᠭᠢᠴᠢᠶᠡᠯ ᠲᠦᠷᠦᠯ ᠤᠨ ᠭᠡᠯᠡ ᠭᠡᠯᠡᠯᠭᠡ ᠪᠠ ᠪᠠᠭᠰᠢ ᠶᠢᠨ ᠭᠡᠯᠡ ᠶᠢᠨ ᠪᠤᠯᠪᠠᠰᠤᠷᠠᠯ ᠲᠠᠰᠬᠠᠯᠵᠢᠭᠤᠯᠤᠯ ᠲᠤᠳᠠᠮᠠᠭ᠃      7. ᠵᠠᠯᠠᠭᠤ ᠪᠠᠭᠰᠢ ᠨᠠᠷ ᠤᠨ ᠭᠢᠴᠢᠶᠡᠯ ᠤᠯᠠᠨ᠂ ᠠᠵᠢᠯ ᠤᠨ ᠲᠠᠷᠤᠭᠠᠰᠤ ᠭᠦᠨᠳᠤ      ᠭᠤᠷᠪᠠ᠂ ᠤᠷᠤᠰᠢᠵᠤ ᠪᠦᠬᠦᠢ ᠠᠰᠠᠭᠤᠳᠠᠯ ᠳᠤ ᠴᠢᠭᠯᠡᠭᠦᠯᠵᠦ ᠬᠠᠨᠳᠤᠯᠭᠠᠳᠤ ᠪᠤᠯᠪᠠᠰᠤᠷᠠᠯ ᠭᠢᠭᠰᠡᠨ ᠨᠢ      1. ᠵᠠᠯᠠᠭᠤ ᠪᠠᠭᠰᠢ ᠨᠠᠷ ᠤᠨ ᠦᠰᠦᠨ ᠪᠤᠶᠢᠵᠢᠯᠳᠡ ᠳᠤ ᠲᠤᠰᠠ ᠪᠤᠯᠬᠤᠶᠢᠴᠠ ᠨᠤᠮ ᠪᠢᠴᠢᠭ ᠢ ᠲᠠᠨᠢᠯᠴᠠᠭᠤᠯᠤᠨ ᠤᠩᠰᠢᠭᠤᠯᠵᠤ᠂ ᠭᠠᠷᠠᠭ ᠪᠦᠷᠢ ᠨᠢᠭᠡ ᠬᠠᠭᠤᠳᠠᠰᠤ ᠨᠤᠮ ᠤᠩᠰᠢᠭᠰᠠᠨ ᠲᠡᠮᠳᠡᠭᠯᠡᠯ ᠬᠤᠷᠢᠶᠠᠨ ᠬᠠᠳᠠᠭᠠᠯᠠᠪᠠ᠃      2. ᠲᠤᠷᠰᠢᠯᠭ᠎ᠠ ᠲᠠᠢ ᠪᠠᠭᠰᠢ ᠨᠠᠷ ᠢ ᠤᠷᠢᠵᠤ ᠪᠤᠯᠤᠳ ᠪᠢᠷ ᠤᠨ ᠪᠢᠴᠢᠯᠭᠡ᠂ ᠦᠰᠤᠨ ᠪᠢᠷ ᠤᠨ ᠪᠢᠴᠢᠯᠭᠡ ᠶᠢᠨ ᠵᠢᠯᠤᠭᠤᠳᠤᠯᠭ᠎ᠠ ᠬᠢᠯᠭᠡᠪᠠ᠃      ᠵᠠᠯᠠᠭᠤ ᠪᠠᠭᠰᠢ ᠪᠤᠯᠭᠠᠨ ᠳᠤ ᠨᠢᠭᠡ ᠵᠢᠵᠢᠭ ᠰᠠᠮᠪᠠᠷ᠎ᠠ ᠠᠪᠴᠦ ᠦᠭᠭᠦᠨ᠂ ᠤ ᠶᠢᠨ ᠪᠢᠷ ᠤᠨ ᠪᠢᠴᠢᠯᠭᠡ ᠶᠢ ᠠᠯᠪᠠᠨ ᠭᠡᠷ ᠲᠤ ᠪᠠᠨ ᠦᠪᠡᠷᠳᠡᠭᠡᠨ ᠪᠤᠯᠪᠠᠰᠤᠷᠠᠬᠤ ᠶᠢ ᠵᠤᠷᠢᠬᠵᠢᠭᠤᠯᠵᠤ᠂ ᠡᠳᠤᠷ ᠪᠦᠷᠢ ᠨᠢᠭᠡ ᠬᠤᠪᠢ ᠰᠠᠮᠪᠠᠷ᠎ᠠ ᠶᠢᠨ ᠪᠢᠴᠢᠯᠭᠡ ᠶᠢᠨ ᠰᠡᠭᠦᠳᠡᠷ ᠲᠤᠰᠢᠶᠠᠬᠤ ᠶᠢ ᠱᠠᠭᠠᠷᠳᠠᠭᠰᠠᠨ ᠠᠴᠠ ᠤ ᠶᠢᠨ ᠪᠢᠷ ᠤᠨ ᠪᠢᠴᠢᠯᠭᠡ ᠶᠡᠭᠡᠭᠡᠨ ᠲᠡᠭᠡᠭᠰᠢᠯᠡᠯᠳᠡ ᠲᠠᠢ ᠪᠤᠯᠵᠤ ᠴᠢᠳᠠᠵᠠᠢ᠃ ᠬᠠᠮᠳᠤ ᠠᠯᠪᠠᠯᠠᠵᠤ ᠪᠠᠶᠢᠭ᠎ᠠ ᠠᠬᠠᠮᠠᠳ ᠪᠠᠭᠰᠢ ᠨᠠᠷ ᠤᠨ ᠭᠤᠶᠢᠳᠠ ᠰᠠᠶᠢᠬᠠᠨ ᠰᠠᠮᠪᠠᠷ᠎ᠠ ᠶᠢᠨ ᠪᠢᠴᠢᠯᠭᠡ ᠪᠠ ᠬᠠᠷᠠᠮ ᠦᠭᠡᠢ ᠵᠢᠯᠤᠭᠤᠳᠤᠯᠭ᠎ᠠ ᠨᠢ ᠵᠠᠯᠠᠭᠤ ᠪᠠᠭᠰᠢ ᠨᠠᠷ ᠤᠨ ᠰᠠᠮᠪᠠᠷ᠎ᠠ ᠶᠢᠨ ᠪᠢᠴᠢᠯᠭᠡ ᠶᠢᠨ ᠲᠡᠭᠡᠭᠰᠢᠯᠡᠯᠳᠡ ᠶᠢ ᠠᠭᠢᠭᠤᠯᠬᠤ ᠳᠤ ᠴᠤ ᠴᠢᠬᠤᠯᠠ ᠦᠢᠯᠠᠳᠤᠯ ᠢ ᠦᠵᠡᠭᠦᠯᠦᠭᠰᠡᠨ ᠪᠠᠶᠢᠨ᠎ᠠ᠃      3. ︽ᠢᠨᠢᠶᠡᠳᠤ ᠪᠠᠷ ᠮᠢᠯᠢᠶᠠᠭᠰᠠᠨ ᠦᠪᠡᠷᠮᠢᠴᠡ ᠭᠢᠴᠢᠶᠡᠯᠯᠡᠭᠡ ᠶᠢ ᠡᠭᠦᠳᠦᠶ᠎ᠡ︾ ᠭᠡᠮᠡᠬᠦ ᠲᠤᠰᠬᠠᠢ ᠨᠡᠷᠡᠶᠢᠳᠤᠯᠳᠤ ᠭᠢᠴᠢᠶᠡᠯ ᠤᠨ ᠲᠠᠩᠭᠢᠮ ᠤᠨ ᠤᠷ᠎ᠠ ᠮᠡᠷᠭᠡᠰᠢᠯ ᠤᠨ ᠰᠢᠷᠢᠰ ᠪᠤᠯᠪᠠᠰᠤᠷᠠᠯ ᠢ ᠲᠤᠬᠢᠷᠠᠭᠤᠯᠪᠠ᠃      ︵1︶ ᠢᠨᠢᠶᠡᠮᠰᠦᠭ ᠴᠢᠷᠠᠶᠢᠯᠠᠵᠤ ᠭᠢᠴᠢᠶᠡᠯ ᠤᠷᠤᠬᠤ ᠪᠠᠷ ᠤᠷᠢᠳᠡᠯ ᠪᠤᠯᠭᠠᠵᠤ᠂ ᠭᠢᠴᠢᠶᠡᠯᠯᠡᠭᠡ ᠶᠢ ᠡᠮᠬᠢᠯᠡᠵᠤ ᠤᠳᠤᠷᠢᠳᠬᠤ — ᠭᠤᠤᠯ ᠭᠡᠰᠡᠭ — ᠪᠠᠳᠤᠳᠬᠠᠯ ᠦᠷᠭᠡᠳᠭᠡᠯ — ᠳ᠋ᠦᠩᠨᠡᠯᠳᠡ ᠵᠡᠷᠭᠡ ᠲᠦᠷᠪᠡᠨ ᠭᠡᠰᠡᠭ ᠬᠤᠪᠢᠶᠠᠨ᠂ ︽ᠵᠢᠱᠢᠶ᠎ᠡ ᠦᠵᠡᠭᠦᠯᠭᠦ — ᠵᠢᠯᠤᠭᠤᠳᠤᠯᠭ᠎ᠠ ᠭᠢᠭᠦ — ᠦᠢᠯᠡᠳᠦᠯᠭᠡᠵᠢᠬᠦᠯᠬᠦ︾ ᠭᠤᠷᠪᠠᠨ ᠠᠯᠬᠤᠮ ᠢᠶᠠᠷ ᠪᠤᠯᠪᠠᠰᠤᠷᠠᠯ ᠲᠠᠰᠬᠠᠯᠵᠢᠭᠤᠯᠤᠯ ᠭᠢᠭᠰᠡᠨ ᠪᠠᠶᠢᠨ᠎ᠠ᠃      ᠮᠠᠨ ᠤ ᠰᠤᠷᠭᠠᠭᠤᠯᠢ ᠶᠢᠨ ᠤᠷᠤᠨ ᠤ ᠲᠡᠰ ᠤᠨ ᠵᠢᠭᠠᠨ ᠰᠤᠷᠭᠠᠬᠤ ᠴᠢᠳᠠᠪᠤᠷᠢᠳᠡᠨ᠂ ᠭᠢᠴᠢᠶᠡᠯ ᠲᠦᠷᠦᠯ ᠤᠨ ᠲᠠᠭᠠᠭᠤᠯᠤᠭᠴᠢ ᠬᠠᠰᠳᠠᠯᠭᠡᠷ ᠪᠠᠭᠰᠢ ᠶᠢ ᠤᠷᠢᠵᠤ᠂ ᠵᠠᠯᠠᠭᠤ ᠪᠠᠭᠰᠢ ᠨᠠᠷ ᠲᠤ ᠭᠢᠴᠢᠶᠡᠯᠯᠡᠭᠡ ᠶᠢᠨ ᠵᠢᠱᠢᠶ᠎ᠡ ᠦᠵᠡᠭᠦᠯᠵᠦ᠂ ᠲᠠᠷᠠᠭ᠎ᠠ ᠨᠢ ᠨᠢᠭᠡᠳᠤᠯᠳᠡᠢ ᠵᠢᠯᠤᠭᠤᠳᠤᠯᠭ᠎ᠠ ᠭᠢᠵᠤ᠂ ᠰᠠᠭᠦᠯ ᠳᠤ ᠵᠠᠯᠠᠭᠤ ᠪᠠᠭᠰᠢ ᠠᠴᠠ ᠭᠢᠴᠢᠶᠡᠯ ᠤᠷᠤᠵᠤ ᠦᠢᠯᠡᠳᠦᠯᠭᠡᠵᠢᠨ ᠪᠤᠯᠪᠠᠰᠤᠷᠠᠭᠰᠠᠨ ᠪᠠᠶᠢᠨ᠎ᠠ᠃ ᠡᠭᠦᠨ ᠤ ᠲᠠᠭᠠᠤ ᠭᠢᠴᠢᠶᠡᠯᠯᠡᠭᠡ ᠶᠢᠨ ᠡᠷᠭᠢᠴᠡᠭᠦᠯᠦᠯ ᠢ ᠭᠠᠷᠠᠭ ᠪᠤᠯᠭᠠᠨ ᠭᠤᠷᠪᠠᠨ ᠬᠠᠭᠤᠳᠠᠰᠤ ︵ᠬᠠᠭᠠᠰ ᠵᠢᠯ ᠤᠨ ᠲᠠᠷᠠᠭ᠎ᠠ ᠭᠠᠷᠠᠭ ᠪᠤᠯᠭᠠᠨ ᠨᠢᠭᠡ ᠬᠤᠪᠢ ᠪᠢᠴᠢᠬᠦ ᠪᠤᠯᠭᠠᠪᠠ︶ ᠪᠢᠴᠢᠵᠤ᠂ ᠦᠪᠡᠷ ᠤᠨ ᠢᠶᠠᠨ ᠠᠮᠵᠢᠯᠳᠠ ᠲᠠᠢ ᠲᠠᠯ᠎ᠠ᠂ ᠰᠤᠷᠤᠭᠴᠢ ᠶᠢᠨ ᠤᠪᠤᠷ ᠪᠠᠶᠢᠳᠠᠯ᠂ ᠦᠭᠡ ᠶᠠᠷᠢᠶ᠎ᠠ᠂ ᠦᠢᠯᠡ ᠭᠦᠳᠡᠯᠭᠡᠭᠡᠨ ᠢ ᠨᠠᠷᠢᠯᠢᠬ ᠪᠢᠴᠢᠭᠦᠯᠤᠨ ᠦᠪᠡᠷ ᠤᠨ ᠬᠢᠨᠢ ᠰᠤᠯᠡ ᠲᠠᠯ᠎ᠠ ᠶᠢ ᠨᠢᠭᠡᠯᠡ ᠵᠤᠷᠪᠤᠰ ᠪᠢᠴᠢᠬᠦ ᠶᠢ ᠰᠠᠨᠠᠭᠠᠴᠢᠯᠠᠵᠤ ᠲᠠᠷᠠᠭᠠᠴᠢ ᠪᠠᠷ ᠪᠠᠳᠤᠳᠠᠢ ᠬᠠᠯᠠᠬᠤ ᠶᠢ ᠰᠠᠨᠠᠭᠤᠯᠤᠭᠰᠠᠨ ᠶᠤᠮ᠃      ︵2︶ ᠮᠠᠨ ᠤ ᠰᠤᠷᠭᠠᠭᠤᠯᠢ ᠶᠢᠨ ᠠᠬᠠᠮᠠᠳ ᠪᠠᠭᠰᠢ ᠠ᠊ · ᠦᠯᠵᠡᠶᠢᠪᠠᠶᠠᠷ ᠪᠠᠭᠰᠢ ᠶᠢ ᠤᠷᠢᠵᠤ᠂ ︽ᠵᠦᠪ ᠪᠢᠴᠢᠯᠭᠡ ᠶᠢᠨ ᠮᠡᠳᠡᠯᠭᠡ︾ ᠪᠠ ︽ᠵᠢᠭᠠᠨ ᠰᠤᠷᠭᠠᠯᠳᠠ ᠶᠢᠨ ᠦᠭᠦᠯᠡᠯ ᠢ ᠭᠡᠷᠭᠢᠨ ᠪᠢᠴᠢᠭᠦ ᠲᠤᠬᠠᠢ︾ ᠵᠢᠯᠤᠭᠤᠳᠤᠯᠭ᠎ᠠ ᠭᠢᠯᠭᠡᠪᠠ᠃      ︵3︶ ᠯᠢᠩ ᡁᠢ ᠬᠤᠸᠠ ᠪᠠᠭᠰᠢ ᠶᠢ ᠤᠷᠢᠵᠤ᠂ ︽ᠲᠦᠯᠦᠪᠯᠡᠭᠡ᠂ ᠳ᠋ᠦᠩᠨᠡᠯᠳᠡ ᠪᠠ ᠺᠤᠨᠰᠫᠧᠺᠲ ᠶᠢ ᠭᠡᠷᠭᠢᠨ ᠪᠢᠴᠢᠬᠦ ᠲᠤᠬᠠᠢ︾ ᠵᠢᠯᠤᠭᠤᠳᠤᠯᠭ᠎ᠠ ᠭᠢᠯᠭᠡᠵᠤ᠂ ᠵᠢᠭᠠᠨ ᠰᠤᠷᠭᠠᠯᠳᠠ ᠶᠢᠨ ᠲᠦᠯᠦᠪᠯᠡᠭᠡ᠂ ᠳ᠋ᠦᠩᠨᠡᠯᠳᠡ ᠪᠠ ᠺᠤᠨᠰᠫᠧᠺᠲ ᠪᠢᠴᠢᠬᠦ ᠶᠢ ᠲᠦᠷᠢᠮᠵᠢᠬᠦᠯᠪᠠ᠃      ︵4︶ ᠮᠠᠨ ᠤ ᠰᠤᠷᠭᠠᠭᠤᠯᠢ ᠶᠢᠨ ᠠᠬᠠᠮᠠᠳ ᠪᠠᠭᠰᠢ ᠬᠠᠰᠳᠠᠯᠭᠡᠷ ᠪᠠ ᠴᠠᠭᠠᠨᠪᠠᠭᠠᠳᠤᠷ ᠪᠠᠭᠰᠢ ᠶᠢ ᠤᠷᠢᠵᠤ᠂ ︽ᠪᠠᠭᠰᠢ ᠶᠢᠨ ᠲᠤᠰᠬᠠᠢ ᠮᠡᠷᠭᠡᠵᠢᠯ ᠤᠨ ᠭᠡᠯᠡ︾ ᠵᠢᠴᠢ ︽ᠦᠭᠡ ᠶᠢᠨ ᠤᠳᠬ᠎ᠠ ᠪᠠ ᠦᠭᠡ ᠶᠢᠨ ᠢᠳᠡ ᠭᠦᠴᠦ︾ ᠭᠡᠭᠦ ᠮᠠᠳᠤ ᠶᠢᠨ ᠲᠤᠰᠬᠠᠢ ᠰᠡᠳᠦᠪᠳᠦ ᠵᠢᠯᠤᠭᠤᠳᠤᠯᠭ᠎ᠠ ᠬᠢᠯᠭᠡᠭᠰᠡᠨ ᠪᠠᠶᠢᠨ᠎ᠠ᠃      ︵5︶ ︽ᠵᠠᠯᠠᠭᠤ ᠪᠠᠭᠰᠢ ᠨᠠᠷ ᠤᠨ ᠭᠢᠴᠢᠶᠡᠯᠯᠡᠭᠡ ᠶᠢᠨ ᠡᠷᠭᠢᠴᠡᠭᠦᠯᠦᠯ ᠤᠨ ᠶᠠᠷᠢᠶᠠᠨ ᠤ ᠤᠷᠤᠯᠳᠤᠭᠠᠨ︾ ᠢ ᠵᠤᠭᠢᠶᠠᠨ ᠪᠠᠶᠢᠭᠤᠯᠵᠤ᠂ ᠤᠷᠤᠯᠳᠤᠭᠠᠨ ᠤ ᠠᠬᠤᠢ ᠲᠠᠯᠠᠪᠠᠢ ᠳᠤ ᠠᠬᠠᠮᠠᠳ ᠪᠠᠭᠰᠢ ᠵᠤᠷᠢᠭᠪᠠᠭᠠᠳᠤᠷ ᠭᠤᠸᠠᠢ ᠶᠢ ᠤᠷᠢᠵᠤ᠂ ᠶᠠᠷᠢᠶ᠎ᠠ ᠢᠯᠡᠳᠭᠡᠯ ᠤᠨ ᠲᠤᠬᠠᠢ ᠵᠢᠯᠤᠭᠤᠳᠤᠯᠭ᠎ᠠ ᠭᠢᠯᠭᠡᠭᠰᠡᠨ ᠶᠤᠮ᠃      ︵6︶ ᠵᠠᠯᠠᠭᠤ ᠪᠠᠭᠰᠢ ᠨᠠᠷ ᠤᠨ ᠭᠠᠳᠠᠭᠰᠢ ᠭᠠᠷᠴᠦ ᠪᠤᠯᠪᠠᠰᠤᠷᠠᠯ ᠳᠤ ᠤᠷᠤᠯᠴᠠᠬᠤ ᠶᠢ ᠵᠤᠷᠢᠬᠵᠢᠭᠤᠯᠵᠤ᠂ ᠪᠤᠯᠪᠠᠰᠤᠷᠠᠯ ᠠᠴᠠ ᠪᠤᠴᠠᠵᠤ ᠢᠷᠡᠭᠰᠡᠨ ᠤ ᠰᠡᠭᠦᠯᠡᠷ ᠰᠤᠷᠤᠯᠴᠠᠯᠭ᠎ᠠ ᠶᠢᠨ ᠬᠠᠷᠢᠭᠤ ᠮᠡᠳᠡᠭᠦᠯᠦᠯᠳᠡ ᠭᠢᠭᠦ ᠶᠢ ᠪᠠᠷᠢᠮᠳᠠᠯᠠᠭᠰᠠᠨ ᠠᠴᠠ ᠭᠠᠳᠠᠭᠰᠢ ᠭᠠᠷᠴᠦ ᠪᠤᠯᠪᠠᠰᠤᠷᠠᠯ ᠳᠤ ᠤᠷᠤᠯᠴᠠᠭᠰᠠᠨ ᠪᠠᠭᠰᠢ ᠨᠠᠷ ᠤᠨ ᠲᠠᠬᠢᠨᠳᠠ ᠡᠷᠬᠢᠴᠠᠭᠦᠯᠦᠨ ᠲᠤᠩᠭᠠᠯᠳᠠ ᠬᠢᠭᠦ ᠪᠠ ᠬᠠᠮᠳᠤ ᠶᠢᠨ ᠲᠡᠭᠡᠭᠰᠢᠯᠡᠯᠳᠡ ᠶᠢ ᠠᠬᠢᠭᠤᠯᠬᠤ ᠨᠦᠬᠦᠴᠡᠯ ᠪᠤᠯᠤᠮᠵᠢ ᠶᠢ ᠪᠦᠷᠢᠳᠦᠭᠦᠯᠦᠭᠰᠡᠨ ᠪᠠᠶᠢᠨ᠎ᠠ᠃      ︵7︶ ᠮᠠᠨ ᠤ ᠰᠤᠷᠭᠠᠭᠤᠯᠢ ᠶᠢᠨ ᠠᠬᠠᠮᠠᠳ ᠪᠠᠭᠰᠢ ᠲᠠᠯᠠᠩᠭᠤᠷᠪᠠ ᠪᠠᠭᠰᠢ ᠶᠢ ᠤᠷᠢᠵᠤ᠂ ︽ᠭᠢᠴᠢᠶᠡᠯ ᠤᠨ ᠪᠠᠷᠢᠮᠵᠢᠶ᠎ᠠ ᠪᠠ ᠵᠢᠭᠠᠬᠤ ᠠᠷᠭ᠎ᠠ ᠶᠢᠨ ᠲᠠᠶᠢᠯᠤᠮᠵᠢ︾ ᠭᠢᠯᠭᠡᠵᠤ᠂ ᠵᠠᠯᠠᠭᠤ ᠪᠠᠭᠰᠢ ᠨᠠᠷ ᠤᠨ ᠭᠢᠴᠢᠶᠡᠯ ᠤᠨ ᠪᠠᠷᠢᠮᠵᠢᠶ᠎ᠠ ᠶᠢ ᠰᠤᠷᠤᠯᠴᠠᠵᠤ — ᠤᠶᠢᠯᠠᠭᠠᠵᠤ — ᠦᠢᠯᠡᠳᠦᠯᠭᠡᠵᠢᠬᠦᠯᠬᠦ ᠪᠠ ᠵᠢᠭᠠᠬᠤ ᠠᠷᠭ᠎ᠠ ᠶᠢᠨ ᠲᠠᠯ᠎ᠠ ᠪᠠᠷ ᠰᠦᠪᠡᠭᠴᠢᠯᠠᠯ ᠭᠢᠭᠦ ᠳᠤ ᠲᠤᠰᠠ ᠲᠡᠮᠵᠢᠯᠭᠡ ᠬᠠᠩᠭᠠᠪᠠ᠃      ︵8︶ PPT ᠰᠤᠹᠲ ᠳᠤ ᠺᠤᠤᠷᠰᠧᠠᠶᠢᠷ ᠦᠢᠯᠡᠳᠪᠡᠯ ᠶᠡᠷᠦ ᠨᠢ ᠪᠤᠰᠤᠳ ᠺᠤᠮᠫᠢᠦ᠋ᠲ᠋ᠧᠷ ᠪᠤᠶᠦ ᠠᠩᠭᠢ ᠶᠢᠨ ᠲᠤᠮᠤ ᠲᠡᠯᠭᠡᠴᠡ ᠳᠤ ᠲᠠᠭᠢᠨ ᠢᠯᠡᠷᠡᠭᠦᠯᠭᠦ ᠳᠤ ᠮᠤᠩᠭᠤᠯ ᠦᠰᠦᠭ ᠤᠨ ᠲᠢᠭ ᠬᠤᠪᠢᠷᠠᠵᠤ ᠡᠷᠦᠢ ᠬᠤᠷᠦᠢ ᠦᠭᠡᠢ ᠲᠡᠮᠳᠡᠭ ᠪᠤᠯᠵᠤ ᠬᠤᠪᠢᠷᠠᠳᠠᠭ ᠪᠠᠶᠢᠳᠠᠯ ᠠᠴᠠ ᠵᠠᠶᠢᠯᠠᠰᠭᠢᠵᠤ᠂ ᠮᠠᠨ ᠤ ᠰᠤᠷᠭᠠᠭᠤᠯᠢ ᠶᠢᠨ ᠠᠬᠠᠮᠠᠳ ᠪᠠᠭᠰᠢ ᠨ᠊ · ᠰᠡᠷᠭᠦᠯᠡᠩ ᠢ ᠤᠷᠢᠵᠤ᠂ FLASH ᠰᠤᠹᠲ ᠳᠤ ᠺᠤᠤᠷᠰᠧᠠᠶᠢᠷ ᠵᠤᠭᠢᠶᠠᠬᠤ ᠪᠤᠯᠪᠠᠰᠤᠷᠠᠯ ᠢ ᠵᠤᠭᠢᠶᠠᠨ ᠪᠠᠶᠢᠭᠤᠯᠵᠤ ᠂ ᠵᠠᠯᠠᠭᠤ ᠪᠠᠭᠰᠢ ᠨᠠᠷ ᠤᠨ ᠤᠯᠠᠨ ᠵᠠᠭᠤᠴᠢᠳᠤ ᠶᠢ ᠠᠰᠢᠭᠯᠠᠬᠤ ᠴᠢᠳᠠᠮᠵᠢ ᠶᠢ ᠲᠡᠭᠡᠭᠰᠢᠯᠡᠭᠦᠯᠦᠭᠰᠡᠨ ᠪᠠᠶᠢᠨ᠎ᠠ᠃      4. ᠵᠠᠯᠠᠭᠤ ᠪᠠᠭᠰᠢ ᠨᠠᠷ ᠲᠤ ︽ᠰᠡᠳᠭᠢᠴᠡ ᠶᠢᠨ ᠭᠦᠮᠦᠵᠢᠯ — ᠰᠡᠳᠭᠢᠯ ᠤᠨ ᠠᠷᠢᠭᠤᠰᠬᠠᠯ︾ ᠭᠢᠵᠤ᠂ ᠪᠤᠰᠤᠳ ᠤᠨ ᠰᠠᠶᠢᠨ ᠰᠠᠶᠢᠬᠠᠨ ᠢ ᠪᠠᠭ᠋ᠠᠷᠬᠠᠨ᠂ ᠪᠤᠰᠤᠳ ᠤᠨ ᠰᠠᠶᠢᠨ ᠰᠠᠶᠢᠬᠠᠨ ᠳᠤ ᠲᠠᠭᠠᠨ ᠪᠠᠶᠠᠰᠴᠦ᠂ ᠪᠤᠰᠤᠳ ᠤᠨ ᠲᠠᠪᠠᠭᠤᠯᠢᠭ ᠲᠠᠯ᠎ᠠ ᠶᠢ ︽ᠠᠮᠢᠳᠤᠷᠠᠯ ᠭᠠᠷᠠᠭ ᠤᠨ ᠡᠷᠭᠢᠴᠡᠭᠦᠯᠦᠯ︾ ᠲᠡᠭᠡᠷ᠎ᠡ ᠪᠠᠨ ᠲᠡᠮᠳᠡᠭᠯᠡᠵᠦ᠂ ᠪᠤᠳᠠᠳᠠᠶᠢᠵᠢᠭᠤᠯᠬᠤ ᠶᠢ ᠰᠠᠨᠠᠭᠠᠴᠢᠯᠠᠭᠰᠠᠨ ᠪᠠ ᠮᠠᠨ ᠤ ᠰᠤᠷᠭᠠᠭᠤᠯᠢ ᠶᠢᠨ ᠰᠡᠳᠭᠢᠴᠡ ᠶᠢᠨ ᠪᠠᠭᠰᠢ ᠯᠢ ᠭᠦᠸᠧ ᠯᠦᠩ ᠢ ᠤᠷᠢᠵᠤ᠂ ᠵᠠᠯᠠᠭᠤ ᠪᠠᠭᠰᠢ ᠨᠠᠷ ᠲᠤ ︽ᠠᠵᠠ ᠵᠢᠷᠭᠠᠯᠳᠦ ᠠᠮᠢᠳᠤᠷᠠᠯ ᠤᠨ ᠲᠤᠬᠠᠢ︾ ᠰᠡᠳᠭᠢᠴᠡ ᠵᠦᠢ ᠶᠢᠨ ᠵᠢᠯᠤᠭᠤᠳᠤᠯᠭ᠎ᠠ ᠭᠢᠯᠭᠡᠭᠰᠡᠨ ᠪᠠᠶᠢᠨ᠎ᠠ᠃      5. ︽ᠦᠪᠡᠷ ᠪᠤᠰᠤᠳ ᠢᠶᠠᠷ ᠲᠤᠯᠢ ᠪᠤᠯᠭᠠᠵᠤ᠂ ᠦᠪᠡᠷ ᠢ ᠪᠠᠨ ᠦᠪᠡᠰᠤᠪᠡᠨ ᠬᠠᠮᠢᠶᠡᠷᠬᠤ︾ ᠰᠤᠷᠤᠭᠴᠢ ᠶᠢᠨ ᠬᠠᠮᠢᠶᠡᠷᠦᠯᠳᠡ ᠶᠢᠨ ᠠᠷᠭ᠎ᠠ ᠶᠢ ᠵᠠᠯᠠᠭᠤ ᠪᠠᠭᠰᠢ ᠨᠠᠷ ᠲᠤ ᠤᠢᠢᠯᠠᠭᠠᠭᠤᠯᠤᠨ᠂ ᠰᠤᠷᠤᠭᠴᠢ ᠪᠠᠨ ᠭᠦᠨᠳᠤᠳᠭᠡᠵᠤ᠂ ᠰᠤᠷᠤᠭᠴᠢ ᠪᠠᠨ ᠬᠠᠶᠢᠷᠠᠯᠠᠵᠤ᠂ ᠰᠤᠷᠤᠭᠴᠢ ᠳᠤ ᠦᠰᠦᠨ ᠪᠤᠶᠢᠵᠢᠬᠤ ᠬᠠᠩᠭᠠᠮᠵᠢᠳᠠᠢ ᠤᠷᠤᠨ ᠵᠠᠢ ᠤᠯᠭᠤᠬᠤ ᠶᠢ ᠤᠬᠠᠭᠤᠯᠤᠨ ᠵᠤᠷᠢᠬᠵᠢᠭᠤᠯᠪᠠ᠃      6. ᠵᠠᠯᠠᠭᠤ ᠪᠠᠭᠰᠢ ᠨᠠᠷ ᠤᠨ ᠰᠤᠷᠭᠠᠭᠤᠯᠢ ᠶᠢᠨ ᠭᠦᠷᠢᠶᠡᠨ ᠳᠤ ᠬᠢ ᠠᠮᠢᠳᠤᠷᠠᠯ ᠢ ᠪᠠᠶᠠᠯᠢᠬᠵᠢᠭᠤᠯᠵᠤ᠂ ᠪᠡᠶ᠎ᠡ ᠮᠠᠬᠠᠪᠤᠳ ᠢᠶᠠᠨ ᠲᠡᠪᠳᠡᠨ ᠪᠤᠯᠪᠠᠰᠤᠷᠠᠬᠤ ᠶᠢ ᠠᠭᠢᠭᠤᠯᠬᠤ ᠶᠢᠨ ᠲᠦᠯᠦᠭᠡ ᠰᠠᠭᠰᠤᠨ ᠪᠦᠮᠪᠦᠭᠡᠨ ᠠᠩᠭᠢ᠂ ᠠᠯᠠᠭᠠᠳᠠᠬᠤ ᠪᠦᠮᠪᠦᠭᠡᠨ ᠠᠩᠭᠢ ᠶᠢ ᠵᠤᠭᠢᠶᠠᠨ ᠪᠠᠶᠢᠭᠤᠯᠵᠤ᠂ ᠤᠷᠤᠯᠳᠤᠭᠠᠨ ᠮᠦᠷᠦ᠋ᠢᠴᠡᠭᠡᠨ ᠢ ᠦᠷᠨᠢᠭᠦᠯᠦᠭᠰᠡᠨ ᠪᠠᠶᠢᠨ᠎ᠠ᠃      ᠲᠦᠷᠪᠡ᠂ ᠠᠵᠢᠯ ᠤᠨ ᠪᠦᠳᠦᠮᠵᠢ ᠪᠠᠶᠢᠳᠠᠯ      1. ᠮᠠᠨ ᠤ ᠰᠤᠷᠭᠠᠭᠤᠯᠢ ᠶᠢᠨ ᠵᠠᠯᠠᠭᠤ ᠪᠠᠭᠰᠢ ᠶᠢ ᠪᠤᠯᠪᠠᠰᠤᠷᠠᠭᠤᠯᠬᠤ ᠭᠠᠵᠠᠷ ᠤᠨ ᠬᠢᠨ ᠪᠤᠳᠤᠵᠤ ᠤᠯᠬᠤ ᠶᠢᠨ ᠴᠢᠨᠡᠭᠡ ᠪᠠᠷ ᠢᠶᠠᠨ ᠰᠤᠷᠭᠠᠭᠤᠯᠢ ᠶᠢᠨ ᠨᠦᠭᠦᠴᠡᠯ ᠪᠤᠯᠤᠯᠴᠠᠭᠠᠨ ᠤ ᠭᠢᠷᠢ ᠪᠠᠷ ᠵᠠᠯᠠᠭᠤ ᠪᠠᠭᠰᠢ ᠶᠢ ᠪᠤᠯᠪᠠᠰᠤᠷᠠᠭᠤᠯᠬᠤ ᠠᠵᠢᠯᠯᠠᠭᠠᠨ ᠢ ᠦᠷᠨᠢᠭᠦᠯᠦᠭᠡᠳ ᠬᠤᠶᠠᠷ ᠵᠢᠯ ᠤᠨ ᠨᠢᠭᠤᠷ ᠢ ᠦᠵᠡᠵᠤ᠂ ᠭᠦᠮᠦᠨ ᠴᠦᠭᠡᠨ ᠭᠦᠴᠦᠨ ᠮᠡᠭᠦᠰ ᠪᠠᠶᠢᠭᠰᠠᠨ ᠠᠴᠠ ᠪᠠᠨ ᠡᠩᠨᠡᠭᠡ ᠴᠦ ᠦᠷᠭᠡᠵᠢᠪᠠ᠃      2. ᠵᠠᠯᠠᠭᠤ ᠪᠠᠭᠰᠢ ᠶᠢ ᠪᠤᠯᠪᠠᠰᠤᠷᠠᠭᠤᠯᠬᠤ ᠠᠷᠭ᠎ᠠ ᠶᠢ ᠪᠦᠷᠢᠨᠰᠢᠭᠦᠯᠭᠦ ᠪᠠᠷ ᠴᠢᠷᠮᠠᠶᠢᠪᠠ᠃ ᠮᠠᠨ ᠤ ᠲᠤᠷᠰᠢᠭᠰᠠᠨ ᠢ ᠵᠢᠭᠰᠠᠭᠠᠪᠠᠯ᠄      ︵1︶ ᠨᠡᠶᠢᠳᠡᠯᠢᠭ ᠠᠰᠠᠭᠤᠳᠠᠯ ᠳᠤ ᠴᠢᠭᠯᠡᠭᠦᠯᠵᠦ ᠨᠢᠭᠡᠳᠤᠯᠳᠡᠢ ᠵᠢᠯᠤᠭᠤᠳᠤᠯᠭ᠎ᠠ ᠭᠢᠬᠦ ᠠᠷᠭ᠎ᠠ      ︵2︶ ᠭᠠᠳᠠᠭᠰᠢ ᠭᠠᠷᠴᠦ ᠲᠡᠷᠢᠬᠦᠨ ᠤ ᠲᠤᠷᠰᠢᠯᠭ᠎ᠠ ᠶᠢ ᠰᠤᠷᠤᠯᠴᠠᠬᠤ ᠠᠷᠭ᠎ᠠ      ︵3︶ ᠲᠤᠰᠬᠠᠢ ᠮᠡᠷᠭᠡᠵᠢᠯᠳᠡᠨ ᠤᠷᠢᠵᠤ᠂ ᠵᠢᠯᠤᠭᠤᠳᠤᠯᠭ᠎ᠠ ᠭᠢᠯᠭᠡᠭᠦ ᠠᠷᠭ᠎ᠠ      ︵4︶ ᠤᠷᠤᠯᠳᠤᠭᠠᠨ ᠮᠦᠷᠦ᠋ᠢᠴᠡᠭᠡᠨ ᠢ ᠵᠤᠭᠢᠶᠠᠨ ᠪᠠᠶᠢᠭᠤᠯᠬᠤ ᠠᠷᠭ᠎ᠠ      ︵5︶ ︽ᠵᠢᠱᠢᠶ᠎ᠡ ᠦᠵᠡᠭᠦᠯᠭᠦ — ᠵᠢᠯᠤᠭᠤᠳᠤᠯᠭ᠎ᠠ ᠭᠢᠭᠦ — ᠦᠢᠯᠡᠳᠦᠯᠭᠡᠵᠢᠬᠦᠯᠬᠦ︾ ᠠᠷᠭ᠎ᠠ      ︵6︶ ᠵᠢᠵᠢᠭ ᠵᠦᠢᠯ ᠢ ᠪᠠᠷᠢᠮᠳᠠᠯᠠᠬᠤ ᠠᠷᠭ᠎ᠠ      ︵7︶ ᠵᠠᠯᠠᠭᠤ ᠪᠠᠭᠰᠢ ᠶᠢᠨ ᠦᠪᠡᠷ ᠤᠨ ᠤᠨᠴᠠᠯᠢᠭᠳᠤ ᠠᠵᠢᠯᠯᠠᠭᠠᠨ ᠢ ᠵᠤᠷᠢᠬᠵᠢᠭᠤᠯᠬᠤ ᠠᠷᠭ᠎ᠠ      ︵8︶ ᠠᠬᠠᠮᠠᠳ ᠪᠠᠭᠰᠢ ᠨᠠᠷ ᠤᠨ ᠭᠢᠴᠢᠶᠡᠯ ᠢ ᠰᠤᠨᠤᠰᠬᠠᠵᠤ᠂ ᠲᠦᠷᠦᠭᠳᠡᠯ ᠢ ᠨᠢ ᠶᠠᠷᠢᠭᠤᠯᠬᠤ ᠠᠷᠭ᠎ᠠ      ︵9︶ ᠲᠤᠰᠬᠠᠢ ᠰᠡᠳᠤᠪ ᠤᠨ ᠰᠤᠳᠤᠯᠭᠠᠨ ᠳᠤ ᠤᠷᠤᠯᠴᠠᠭᠤᠯᠬᠤ ᠠᠷᠭ᠎ᠠ      ︵10︶ ︽ᠤᠷᠮᠠᠰᠢᠭᠤᠯᠤᠨ ᠵᠤᠷᠢᠬᠵᠢᠭᠤᠯᠵᠤ — ᠬᠠᠪᠰᠤᠷᠤᠨ ᠬᠠᠮᠵᠢᠯᠴᠠᠨ — ᠬᠠᠮᠳᠤᠪᠠᠷ ᠲᠡᠭᠡᠭᠰᠢᠯᠡᠬᠦ︾ ᠠᠷᠭ᠎ᠠ      ︵11︶ ᠲᠡᠯᠭᠡᠨ ᠦᠵᠡᠬᠦᠯᠬᠦ ᠠᠷᠭ᠎ᠠ      ︵12︶ ᠪᠤᠭᠤᠮᠳᠠ ᠲᠠᠪᠠᠭᠤᠯᠬᠤ ᠠᠷᠭ᠎ᠠ      3. ᠬᠤᠶᠠᠷ ᠶᠡᠭᠡ ᠭᠢᠴᠢᠶᠡᠯ ᠤᠨ ᠪᠤᠯᠪᠠᠰᠤᠷᠠᠯ ᠢ ᠦᠨᠳᠤᠰᠤᠨ ᠳᠤ ᠨᠢ ᠵᠢᠷᠤᠮᠵᠢᠭᠤᠯᠪᠠ᠃      ᠭᠠᠷᠠᠭ ᠤᠨ ᠨᠢᠭᠡᠨ ᠪᠤᠯᠭᠠᠨ ᠪᠤᠯᠪᠠᠰᠤᠷᠠᠯ ᠤᠨ ᠴᠠᠭ ᠲᠤ ᠬᠠᠮᠳᠤ ᠶᠢᠨ ᠰᠤᠷᠤᠯᠴᠠᠯᠭ᠎ᠠ ᠵᠢᠯᠤᠭᠤᠳᠤᠯᠭ᠎ᠠ ᠭᠢᠵᠤ ᠂ ᠭᠠᠷᠠᠭ ᠤᠨ ᠭᠤᠷᠪᠠᠨ ᠪᠤᠯᠭᠠᠨ ᠤ ᠪᠤᠯᠪᠠᠰᠤᠷᠠᠯ ᠤᠨ ᠴᠠᠭ ᠲᠤ ᠭᠤᠷᠪᠠᠨ ᠪᠢᠷ ᠤᠨ ᠪᠢᠴᠢᠯᠭᠡ ᠶᠢᠨ ᠠᠬᠤᠢ ᠲᠠᠯᠠᠪᠠᠢ ᠶᠢᠨ ᠵᠢᠯᠤᠭᠤᠳᠤᠯᠭ᠎ᠠ ᠪᠤᠯᠪᠠᠰᠤᠷᠠᠯ ᠢ ᠵᠤᠭᠢᠶᠠᠨ ᠪᠠᠶᠢᠭᠤᠯᠬᠤ ᠪᠤᠯᠤᠯ᠎ᠠ᠃ ᠤᠤᠯ ᠤᠨ ᠭᠠᠷᠠᠭ ᠤᠨ ᠭᠤᠷᠪᠠᠨ ᠤ ᠵᠢᠷᠭᠤᠭ᠎ᠠ᠂ ᠲᠤᠯᠤᠳᠤᠭᠠᠷ ᠭᠢᠴᠢᠶᠡᠯ ᠤᠨ ᠴᠠᠭ ᠢ ᠨᠢᠭᠡ᠂ ᠬᠤᠶᠠᠳᠤᠭᠠᠷ ᠭᠢᠴᠢᠶᠡᠯ ᠤᠨ ᠴᠠᠭ ᠲᠤ ᠰᠢᠯᠵᠢᠬᠦᠯᠵᠦ᠂ ᠨᠡᠩ ᠤᠯᠠᠨ ᠵᠠᠯᠠᠭᠤ ᠲᠠᠮᠢᠷ ᠤᠨ ᠪᠠᠭᠰᠢ ᠨᠠᠷ ᠤᠨ ᠪᠤᠯᠪᠠᠰᠤᠷᠠᠯ ᠳᠤ ᠤᠷᠤᠯᠴᠠᠬᠤ ᠳᠤ ᠨᠦᠭᠦᠴᠡᠯ ᠪᠤᠯᠤᠮᠵᠢ ᠶᠢ ᠬᠠᠨᠭ᠍ᠭᠠᠪᠠ᠃      4. ᠵᠠᠯᠠᠭᠤ ᠪᠠᠭᠰᠢ ᠨᠠᠷ ᠢ ᠪᠤᠯᠪᠠᠰᠤᠷᠠᠭᠤᠯᠬᠤ ᠠᠭᠤᠯᠭ᠎ᠠ ᠶᠢ ᠲᠦᠷᠢᠮᠵᠢᠭᠦᠯᠭᠦ ᠪᠠᠷ ᠴᠢᠷᠮᠠᠶᠢᠪᠠ᠃      ︵1︶ ᠭᠤᠷᠪᠠᠨ ᠪᠢᠷ ᠤᠨ ᠪᠢᠴᠢᠯᠭᠡ      ︵2︶ ᠭᠢᠴᠢᠶᠡᠯᠯᠡᠭᠡ ᠶᠢᠨ ᠦᠨᠳᠤᠰᠤᠨ ᠮᠡᠷᠭᠡᠰᠢᠯ      ᠢᠨᠢᠶᠡᠮᠰᠦᠭ ᠴᠢᠷᠠᠶᠢᠯᠠᠬᠤ ᠪᠠᠷ ᠤᠷᠢᠳᠠᠯ ᠪᠤᠯᠭᠠᠨ᠎ᠠ᠂ ᠲᠠᠷᠠᠭ᠎ᠠ ᠨᠢ ᠲᠤᠤᠷᠠᠬᠢ ᠮᠠᠳᠤ ᠲᠠᠯ᠎ᠠ ᠪᠠᠷ ᠠᠩᠬᠠᠷᠤᠨ᠎ᠠ      ① ᠡᠮᠬᠢᠯᠡᠵᠤ ᠤᠳᠤᠷᠢᠳᠬᠤ      ② ᠭᠤᠤᠯ ᠭᠡᠰᠡᠭ      ③ ᠪᠠᠳᠤᠳᠬᠠᠯ ᠦᠷᠭᠡᠳᠭᠡᠯ      ④ ᠳ᠋ᠦᠩᠨᠡᠯᠳᠡ      ⑤ ᠪᠠᠭᠰᠢ ᠶᠢᠨ ᠭᠡᠯᠡ      ︵3︶ ᠪᠡᠶ᠎ᠡ ᠮᠠᠬᠠᠪᠤᠳ ᠤᠨ ᠲᠠᠪᠳᠠᠨ ᠪᠤᠯᠪᠠᠰᠤᠷᠠᠯ      ︵4︶ ᠰᠡᠳᠭᠢᠯ ᠤᠨ ᠠᠷᠢᠭᠤᠰᠬᠠᠯ      ︵5︶ ᠤᠯᠠᠨ ᠵᠠᠭᠤᠴᠢᠳᠤ ᠶᠢ ᠠᠰᠢᠭᠯᠠᠬᠤ      ︵6︶ ᠰᠤᠷᠤᠭᠴᠢ ᠶᠢᠨ ᠬᠠᠮᠢᠶᠠᠷᠤᠯᠳᠠ ᠶᠢᠨ ᠤᠬᠠᠭᠠᠨ      5. ᠪᠢᠴᠢᠭ ᠪᠠᠷᠢᠮᠳᠠ ᠶᠢ ᠬᠤᠷᠢᠶᠠᠨ ᠴᠤᠭᠯᠠᠭᠤᠯᠪᠠ᠃      ︵1︶ ᠦᠨᠦᠳᠤᠷ ᠤᠨ ᠭᠡᠮᠨᠡᠯ — 2 ᠡᠳᠤᠷ ᠲᠤ 1 ᠬᠠᠭᠤᠳᠠᠰᠤ      ︵2︶ ᠪᠤᠯᠤᠳ ᠪᠢᠷ ᠤᠨ ᠪᠢᠴᠢᠯᠭᠡ — ᠪᠤᠭᠤᠮᠳᠠ ᠲᠠᠪᠠᠭᠰᠠᠨ ᠨᠢ ᠭᠠᠷᠠᠭ ᠪᠤᠯᠭᠠᠨ 1 ᠬᠠᠭᠤᠳᠠᠰᠤ᠂ ᠪᠤᠭᠤᠮᠳᠠ ᠲᠠᠪᠠᠭ᠎ᠠ ᠦᠭᠡᠢ ᠨᠢ ᠡᠳᠤᠷ ᠪᠤᠯᠭᠠᠨ 1 ᠬᠠᠭᠤᠳᠠᠰᠤ      ︵3︶ ᠤ ᠶᠢᠨ ᠪᠢᠷ ᠤᠨ ᠪᠢᠴᠢᠯᠭᠡ — ᠡᠳᠤᠷ ᠪᠤᠯᠭᠠᠨ 1 ᠬᠤᠪᠢ᠂ ᠰᠡᠭᠦᠳᠡᠷ — ᠭᠠᠷᠠᠭ ᠲᠤ ᠨᠢᠭᠡ ᠬᠤᠪᠢ ᠶᠢ ᠲᠠᠷᠤᠮᠠᠯᠯᠠᠵᠤ ᠲᠤᠰᠢᠶᠠᠬᠤ      ︵4︶ ᠦᠰᠦᠨ ᠪᠢᠷ ᠤᠨ ᠪᠢᠴᠢᠯᠭᠡ — ᠪᠤᠯᠪᠠᠰᠤᠷᠠᠭᠰᠠᠨ ᠭᠢᠷᠢ ᠪᠠᠷ      ︵5︶ ᠭᠠᠷᠠᠭ ᠤᠨ ᠡᠷᠭᠢᠴᠡᠭᠦᠯᠦᠯ — ᠭᠠᠷᠠᠭ ᠪᠤᠯᠭᠠᠨ 1 ᠬᠠᠭᠤᠳᠠᠰᠤ      ︵6︶ ᠭᠢᠴᠢᠶᠡᠯᠯᠡᠭᠡ ᠶᠢᠨ ᠡᠷᠭᠢᠴᠡᠭᠦᠯᠦᠯ — ᠭᠠᠷᠠᠭ ᠪᠤᠯᠭᠠᠨ 1 ᠬᠠᠭᠤᠳᠠᠰᠤ      ︵7︶ ᠲᠤᠬᠠᠶᠢᠯᠠᠭᠰᠠᠨ ᠠᠵᠢᠯ ᠤᠨ ᠨᠤᠮ ᠤᠩᠰᠢᠭᠰᠠᠨ ᠲᠡᠮᠳᠡᠭᠯᠡᠯ — ᠭᠠᠷᠠᠭ ᠪᠤᠯᠭᠠᠨ 1 ᠬᠠᠭᠤᠳᠠᠰᠤ      ᠲᠡᠭᠡᠷᠡᠭᠢ ᠵᠦᠢᠯᠡᠰ ᠢ ᠭᠠᠷᠠᠭ ᠪᠤᠯᠭᠠᠨ ᠤ ᠰᠡᠭᠦᠯᠴᠢ ᠪᠠᠷ ᠵᠠᠯᠠᠭᠤ ᠪᠠᠭᠰᠢ ᠶᠢᠨ ᠪᠤᠯᠪᠠᠰᠤᠷᠠᠯ ᠤᠨ ᠬᠤᠯᠪᠤᠭᠠᠯᠠᠯ ᠲᠡᠭᠡᠷ᠎ᠡ ᠪᠠᠨ ᠡᠯᠧᠺᠲᠷᠤᠨ ᠵᠢᠷᠤᠭᠳᠤ ᠲᠡᠪᠳᠡᠷ ᠤᠨ ᠭᠡᠯᠪᠡᠷᠢ ᠪᠠᠷ ᠲᠤᠰᠢᠶᠠᠵᠤ᠂ ᠴᠠᠭᠠᠰᠤᠨ ᠭᠡᠪ ᠢ ᠪᠡᠶᠡᠨ ᠳᠤ ᠪᠠᠨ ᠦᠯᠡᠳᠡᠭᠡᠵᠤ᠂ ᠬᠤᠭᠤᠴᠠᠭᠠᠨ ᠲᠤᠮᠳᠠ ᠪᠠ ᠬᠤᠭᠤᠴᠠᠭᠠᠨ ᠡᠴᠤᠰ ᠲᠤ ᠴᠠᠭ ᠵᠠᠢ ᠶᠢ ᠦᠵᠡᠵᠤ᠂ ᠪᠢᠴᠢᠭ ᠪᠠᠷᠢᠮᠳᠠ ᠶᠢ ᠬᠤᠷᠢᠶᠠᠨ ᠴᠤᠭᠯᠠᠭᠤᠯᠵᠤ ᠬᠠᠳᠠᠭᠠᠯᠠᠪᠠ᠃      ︵8︶ ᠭᠢᠴᠢᠶᠡᠯ ᠤᠨ ᠲᠦᠷᠰᠦ ᠰᠢᠩᠭᠡᠭᠡᠯᠳᠡ — ᠬᠤᠭᠤᠴᠠᠭ᠎ᠠ ᠪᠦᠷᠢ 1 ᠬᠤᠪᠢ ᠦᠯᠡᠳᠡᠭᠡᠬᠦ      6. ᠵᠠᠯᠠᠭᠤ ᠪᠠᠭᠰᠢ ᠨᠠᠷ ᠤᠨ ᠪᠤᠯᠪᠠᠰᠤᠷᠠᠯ ᠤᠨ ᠦᠷ᠎ᠡ ᠪᠦᠳᠦᠮᠵᠢ ᠶᠢ ᠭᠢᠨᠠᠨ ᠦᠨᠡᠯᠡᠬᠦ ᠠᠷᠭ᠎ᠠ ᠶᠢ ᠲᠦᠯᠦᠪᠰᠢᠷᠠᠭᠦᠯᠪᠠ᠃      ︵1︶ ᠭᠤᠷᠪᠠᠨ ᠪᠢᠷ ᠤᠨ ᠪᠢᠴᠢᠯᠭᠡ ᠶᠢᠨ ᠪᠤᠯᠪᠠᠰᠤᠷᠠᠯ ᠢ ᠪᠠᠷᠢᠮᠳᠠᠯᠠᠬᠤ ᠪᠠᠷ ᠴᠢᠷᠮᠠᠶᠢᠪᠠ᠃      ︵2︶ ᠭᠢᠴᠢᠶᠡᠯᠯᠡᠭᠡ ᠶᠢᠨ ᠦᠨᠳᠤᠰᠤᠨ ᠪᠤᠯᠪᠠᠰᠤᠷᠠᠯ ᠢ ᠤᠷᠤᠯᠳᠤᠭᠠᠨ ᠮᠦᠷᠦ᠋ᠢᠴᠡᠭᠡᠨ ᠤ ᠭᠡᠯᠪᠡᠷᠢ ᠪᠠᠷ ᠭᠢᠨᠠᠨ ᠦᠨᠡᠯᠡᠵᠤ᠂ ᠬᠠᠷᠢᠯᠴᠠᠨ ᠰᠤᠷᠤᠯᠴᠠᠵᠤ᠂ ᠬᠠᠮᠳᠤ ᠶᠢᠨ ᠲᠡᠭᠡᠭᠰᠢᠯᠡᠯᠳᠡ ᠶᠢ ᠠᠭᠢᠭᠤᠯᠪᠠ᠃      ᠬᠠᠶ᠋ᠢᠬ᠄ ᠤᠩᠨᠢᠭᠤᠳ ᠬᠤᠰᠢᠭᠤᠨ ᠤ ᠬᠠᠶᠢᠯᠠᠰᠤ ᠮᠤᠩᠭᠤᠯ ᠲᠤᠮᠳᠠᠳᠤ ᠰᠤᠷᠭᠠᠭᠤᠯᠢ               ᠤᠩᠨᠢᠭᠤᠳ ᠬᠤᠰᠢᠭᠤᠨ ᠤ ᠠᠰᠢᠬᠠᠨ ᠭᠤᠤᠯ ᠪᠠᠭ᠎ᠠ ᠰᠤᠷᠭᠠᠭᠤᠯᠢ                     ︵ᠮᠦᠡᠭᠭᠦᠨᠴᠢᠮᠡᠭ ᠨᠠᠶᠢᠷᠠᠭᠤᠯᠪᠠ︶                     2018 ᠣᠨ ᠤ 6 ᠳ᠋ᠤᠭᠠᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map